2018 ᠣᠨ ᠤ 3 ᠳ᠋ᠤᠭᠠᠷ ᠰᠠᠷ᠎ᠠ ᠶᠢᠨ 2 ᠤᠨ ᠡᠳᠦᠷ᠂ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ | ᠶᠠᠮᠤᠨ ᠤ ᠳᠠᠷᠤᠭ᠎ᠠ ᠵᠢᠶᠠᠩ ᠳ᠋ᠠ ᠮᠢᠩ 80 ᠳ᠋ᠤᠭᠠᠷ ᠲᠣᠭᠠᠲᠤ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ | ᠶᠠᠮᠤᠨ ᠤ ᠵᠠᠷᠯᠢᠭ ᠳᠡᠭᠡᠷ᠎ᠡ ᠭᠠᠷ ᠤᠨ ᠦᠰᠦᠭ ᠵᠢᠷᠤᠵᠤ᠂ ︽ᠥᠯᠥ ᠬᠥᠳᠡᠯᠬᠦ ᠬᠥᠷᠥᠩᠭᠡ ᠶᠢ ᠳᠠᠩᠰᠠᠯᠠᠨ | ᠲᠡᠮᠳᠡᠭᠯᠡᠭᠰᠡᠨ ᠮᠠᠲ᠋ᠧᠷᠢᠶᠠᠯ ᠢ ᠬᠠᠶᠢᠨ ᠯᠠᠪᠯᠠᠬᠤ ᠲᠦᠷ ᠬᠡᠷᠡᠭᠵᠢᠭᠦᠯᠬᠦ ᠠᠷᠭ᠎ᠠ︾ ︵ᠳᠣᠷᠣᠭᠰᠢ ︽ᠠᠷᠭ᠎ᠠ︾ ᠭᠡᠵᠦ | ᠲᠣᠪᠴᠢᠯᠠᠨ᠎ᠠ︶ ᠶᠢ ᠨᠡᠶᠢᠲᠡᠯᠡᠵᠦ᠂ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠪᠡ᠃ ᠡᠨᠡ ᠪᠣᠯ ᠨᠠᠮ ᠤᠨ | ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠠᠳ | ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠦᠨ᠂ ᠤᠯᠤᠰ ᠤᠨ | ᠭᠠᠵᠠᠷ ᠰᠢᠷᠣᠢ ᠶᠢ ᠬᠠᠤᠯᠢ ᠪᠠᠷ ᠵᠠᠰᠠᠬᠤ ᠦᠢᠯᠡᠳᠦᠯᠭᠡ ᠶᠢ ᠭᠦᠨᠵᠡᠭᠡᠶᠢᠷᠡᠭᠦᠯᠦᠭᠰᠡᠨ ᠪᠠᠰᠠ ᠨᠢᠭᠡᠨ ᠴᠢᠬᠤᠯᠠ ᠠᠷᠭ᠎ᠠ | ᠬᠡᠮᠵᠢᠶ᠎ᠡ ᠪᠣᠯᠣᠨ᠎ᠠ᠃ ︽ᠠᠷᠭ᠎ᠠ︾ ᠶᠢᠨ ᠨᠡᠶᠢᠲᠡᠯᠡᠭᠳᠡᠭᠰᠡᠨ ᠠᠬᠤᠢ ᠪᠠᠶᠢᠳᠠᠯ ᠪᠠ ᠭᠤᠣᠯ ᠠᠭᠤᠯᠭ᠎ᠠ ᠨᠢ ᠶᠠᠭᠤ ᠪᠣᠢ︖ | ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠶᠠᠮᠤᠨ ᠤ ᠲᠥᠷᠥ ᠶᠢᠨ ᠪᠣᠳᠣᠯᠭ᠎ᠠ ᠬᠠᠤᠯᠢ ᠳᠦᠷᠢᠮ ᠤᠨ | ᠵᠤᠷᠭᠠᠨ ᠤ ᠳᠠᠷᠤᠭ᠎ᠠ ᠸᠧᠢ ᠯᠢ ᠬᠤᠸᠠ ᠡᠭᠦᠨ ᠤ ᠲᠤᠬᠠᠢ ᠲᠠᠶᠢᠯᠤᠮᠵᠢ ᠬᠢᠭᠰᠡᠨ ᠪᠠᠶᠢᠨ᠎ᠠ᠃ | ︽ᠠᠷᠭ᠎ᠠ︾ ᠶᠢ ᠨᠡᠶᠢᠲᠡᠯᠡᠭᠰᠡᠨ ᠨᠢ ᠥᠯᠥ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠭᠰᠡᠨ | ᠮᠠᠲ᠋ᠧᠷᠢᠶᠠᠯ ᠢ ᠬᠠᠶᠢᠨ ᠯᠠᠪᠯᠠᠬᠤ ᠶᠢ ᠤᠯᠠᠮ ᠨᠢᠭᠡ ᠠᠯᠬᠤᠮ ᠴᠢᠩᠭ᠎ᠠ ᠵᠢᠷᠤᠮᠵᠢᠭᠤᠯᠬᠤ ᠶᠢᠨ ᠲᠤᠯᠭᠠᠮ᠎ᠠ ᠱᠠᠭᠠᠷᠳᠠᠯᠭ᠎ᠠ | ᠪᠣᠯᠣᠨ᠎ᠠ᠃ | ᠥᠯᠥ ᠬᠥᠳᠡᠯᠬᠦ ᠬᠥᠷᠥᠩᠭᠡ ᠶᠢ ᠨᠢᠭᠡᠳᠦᠯᠲᠡᠢ ᠳᠠᠩᠰᠠᠯᠠᠨ ᠲᠡᠮᠳᠡᠭᠯᠡᠬᠦ ᠪᠣᠯ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶ᠎ᠠ ᠠᠴᠠ ᠲᠣᠭᠲᠠᠭᠠᠭᠰᠠᠨ ᠴᠢᠬᠤᠯᠠ ᠶᠡᠭᠡ ᠥᠭᠡᠷᠡᠴᠢᠯᠡᠯᠲᠡ ᠶᠢᠨ ᠵᠦᠢᠯᠡᠰ | ᠪᠣᠯᠣᠨ᠎ᠠ᠃ 2014 ᠣᠨ ᠤ 11 ᠳ᠋ᠦ᠋ᠭᠡᠷ ᠰᠠᠷ᠎ᠠ ᠶᠢᠨ 24 ᠤ ᠡᠳᠦᠷ ︽ᠥᠯᠥ ᠬᠥᠳᠡᠯᠬᠦ ᠬᠥᠷᠥᠩᠭᠡ ᠶᠢ | ᠳᠠᠩᠰᠠᠯᠠᠨ ᠲᠡᠮᠳᠡᠭᠯᠡᠬᠦ ᠳᠦᠷᠢᠮ︾ ᠢ ᠨᠡᠶᠢᠲᠡᠯᠡᠭᠰᠡᠨ ᠠᠴᠠ ᠨᠠᠭᠠᠰᠢ᠂ ᠡᠯ᠎ᠡ ᠭᠠᠵᠠᠷ ᠤᠨ ᠬᠢᠨ ᠥᠯᠥ ᠬᠥᠳᠡᠯᠬᠦ | ᠬᠥᠷᠥᠩᠭᠡ ᠶᠢ ᠳᠠᠩᠰᠠᠯᠠᠨ ᠲᠡᠮᠳᠡᠭᠯᠡᠬᠦ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠥᠯᠥ ᠬᠥᠳᠡᠯᠬᠦ | ᠬᠥᠷᠥᠩᠭᠡ ᠶᠢᠨ ᠡᠷᠬᠡ ᠠᠰᠢᠭᠲᠤ ᠬᠥᠮᠥᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠳᠤ ᠴᠢᠬᠤᠯᠠ | ᠦᠢᠯᠡᠳᠦᠯ ᠦᠵᠡᠭᠦᠯᠪᠡ᠃ ᠥᠯᠥ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠭᠰᠡᠨ ᠮᠠᠲ᠋ᠧᠷᠢᠶᠠᠯ ᠢ ᠬᠠᠶᠢᠨ | ᠯᠠᠪᠯᠠᠬᠤ ᠪᠣᠯ ᠥᠷᠭᠡᠨ ᠣᠯᠠᠨ ᠠᠷᠠᠳ ᠲᠦᠮᠡᠨ ᠤ ᠥᠯᠥ ᠬᠥᠳᠡᠯᠬᠦ ᠬᠥᠷᠥᠩᠭᠡ ᠪᠠᠨ ᠬᠤᠳᠠᠯᠳᠤᠭᠠᠯᠠᠬᠤ᠂ | ᠵᠠᠯᠭᠠᠮᠵᠢᠯᠠᠬᠤ ᠵᠡᠷᠭᠡ ᠠᠵᠢᠯᠯᠠᠭ᠎ᠠ ᠳᠤᠮᠳᠠᠬᠢ ᠰᠠᠭᠤᠷᠢᠯᠠᠬᠤ ᠴᠢᠨᠠᠷᠲᠠᠢ ᠴᠢᠬᠤᠯᠠ ᠲᠤᠯᠭᠠᠭᠤᠷᠢᠯᠠᠯ ᠪᠠᠶᠢᠵᠤ᠂ ᠥᠯᠥ | ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠬᠦ ᠪᠠᠶᠢᠭᠤᠯᠤᠮᠵᠢ ᠶᠢᠨ ᠴᠢᠬᠤᠯᠠ ᠦᠢᠯᠡᠴᠢᠯᠡᠭᠡᠨ ᠤ ᠵᠦᠢᠯᠡᠰ ᠪᠥᠭᠡᠳ | ᠥᠯᠥ ᠬᠥᠳᠡᠯᠬᠦ ᠬᠥᠷᠥᠩᠭᠡ ᠶᠢ ᠨᠢᠭᠡᠳᠦᠯᠲᠡᠢ ᠳᠠᠩᠰᠠᠯᠠᠨ ᠲᠡᠮᠳᠡᠭᠯᠡᠬᠦ ᠬᠠᠤᠯᠢ ᠴᠠᠭᠠᠵᠠ ᠳᠦᠷᠢᠮ ᠤᠨ ᠴᠢᠬᠤᠯᠠ | ᠪᠦᠷᠢᠯᠳᠦᠬᠦᠨ ᠬᠡᠰᠡᠭ ᠪᠣᠯᠣᠨ᠎ᠠ᠃ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠨᠢ ᠰᠢᠨ᠎ᠡ ᠴᠠᠭ | ᠦᠶ᠎ᠡ ᠳᠤ ᠣᠷᠣᠬᠤ ᠶᠢ ᠳᠠᠭᠠᠯᠳᠤᠨ᠂ ᠥᠯᠥ ᠬᠥᠳᠡᠯᠬᠦ ᠬᠥᠷᠥᠩᠭᠡ ᠶᠢᠨ ᠰᠣᠯᠢᠯᠴᠠᠭᠠᠨ ᠤ ᠠᠮᠤᠷ ᠲᠦᠪᠰᠢᠨ ᠢ | ᠬᠠᠮᠠᠭᠠᠯᠠᠵᠤ᠂ ᠥᠯᠥ ᠬᠥᠳᠡᠯᠬᠦ ᠬᠥᠷᠥᠩᠭᠡ ᠶᠢᠨ ᠡᠷᠬᠡ ᠠᠰᠢᠭᠲᠤ ᠬᠥᠮᠥᠨ ᠤ ᠬᠠᠤᠯᠢ ᠶᠣᠰᠣᠨ ᠤ ᠡᠷᠬᠡ ᠠᠰᠢᠭ ᠢ | ᠬᠠᠮᠠᠭᠠᠯᠠᠬᠤ ᠲᠤᠬᠠᠢ ᠪᠦᠬᠦ ᠨᠡᠶᠢᠭᠡᠮ ᠤᠨ ᠬᠦᠰᠡᠯ ᠱᠠᠭᠠᠷᠳᠠᠯᠭ᠎ᠠ ᠡᠳᠦᠷ ᠢᠷᠡᠬᠦᠶ᠎ᠡ ᠳᠡᠭᠡᠭᠰᠢᠯᠡᠵᠦ᠂ ᠥᠯᠥ ᠬᠥᠳᠡᠯᠬᠦ | ᠬᠥᠷᠥᠩᠭᠡ ᠶᠢ ᠳᠠᠩᠰᠠᠯᠠᠨ ᠲᠡᠮᠳᠡᠭᠯᠡᠭᠰᠡᠨ ᠮᠠᠲ᠋ᠧᠷᠢᠶᠠᠯ ᠢ ᠬᠠᠶᠢᠨ ᠯᠠᠪᠯᠠᠬᠤ ᠥᠷᠭᠡᠨ ᠣᠯᠠᠨ ᠠᠷᠠᠳ ᠲᠦᠮᠡᠨ ᠤ | ᠬᠡᠷᠡᠭᠴᠡᠭᠡ ᠱᠠᠭᠠᠷᠳᠠᠯᠭ᠎ᠠ ᠴᠤ ᠡᠳᠦᠷ ᠢᠷᠡᠬᠦᠶ᠎ᠡ ᠨᠡᠮᠡᠭᠳᠡᠪᠡ᠃ ᠦᠢᠯᠡᠳᠦᠯᠭᠡ ᠶᠢᠨ ᠶᠠᠪᠤᠴᠠ ᠳᠤ᠂ ᠥᠯᠥ ᠬᠥᠳᠡᠯᠬᠦ | ᠬᠥᠷᠥᠩᠭᠡ ᠶᠢ ᠳᠠᠩᠰᠠᠯᠠᠨ ᠲᠡᠮᠳᠡᠭᠯᠡᠭᠰᠡᠨ ᠮᠠᠲ᠋ᠧᠷᠢᠶᠠᠯ ᠢ ᠬᠠᠶᠢᠨ ᠯᠠᠪᠯᠠᠬᠤ ᠳᠤ ᠮᠥᠨ ᠵᠠᠷᠢᠮ ᠪᠠᠴᠢᠮ ᠰᠢᠢᠳᠪᠦᠷᠢᠯᠡᠬᠦ | ᠴᠢᠬᠤᠯᠠᠲᠠᠢ ᠠᠰᠠᠭᠤᠳᠠᠯ ᠣᠷᠣᠰᠢᠵᠤ ᠪᠠᠶᠢᠨ᠎ᠠ᠄ ᠨᠢᠭᠡ ᠳᠤ᠂ ᠣᠳᠣ ᠶᠢᠨ ᠪᠠᠶᠢᠭ᠎ᠠ ᠲᠣᠭᠲᠠᠭᠠᠯ ᠨᠢ ᠰᠢᠰᠲ᠋ᠧᠮ ᠢᠶᠠᠷ | ᠠᠨᠠᠢ᠃ ᠥᠯᠥ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠭᠰᠡᠨ ᠮᠠᠲ᠋ᠧᠷᠢᠶᠠᠯ ᠢ ᠬᠠᠶᠢᠨ ᠯᠠᠪᠯᠠᠬᠤ ᠪᠠ ᠵᠢᠷᠤᠮᠯᠠᠨ | ᠳᠠᠭᠤᠷᠢᠶᠠᠬᠤ ᠲᠣᠭᠲᠠᠭᠠᠯ ᠨᠢ ︽ᠪᠣᠳᠠᠰ ᠤᠨ ᠡᠷᠬᠡ ᠶᠢᠨ ᠬᠠᠤᠯᠢ︾᠂ ︽ᠥᠯᠥ ᠬᠥᠳᠡᠯᠬᠦ ᠬᠥᠷᠥᠩᠭᠡ ᠶᠢ | ᠳᠠᠩᠰᠠᠯᠠᠨ ᠲᠡᠮᠳᠡᠭᠯᠡᠬᠦ ᠲᠦᠷ ᠬᠡᠷᠡᠭᠵᠢᠭᠦᠯᠬᠦ ᠳᠦᠷᠢᠮ︾᠂ ︽ᠥᠯᠥ ᠬᠥᠳᠡᠯᠬᠦ ᠬᠥᠷᠥᠩᠭᠡ ᠶᠢ ᠳᠠᠩᠰᠠᠯᠠᠨ | ᠲᠡᠮᠳᠡᠭᠯᠡᠬᠦ ᠲᠦᠷ ᠬᠡᠷᠡᠭᠵᠢᠭᠦᠯᠬᠦ ᠳᠦᠷᠢᠮ ᠤᠨ ᠬᠡᠷᠡᠭᠵᠢᠭᠦᠯᠬᠦ ᠨᠠᠷᠢᠨ ᠳᠦᠷᠢᠮ︾ ᠳᠤ ᠬᠡᠰᠡᠭ ᠪᠤᠰᠠᠭ ᠢᠯᠡᠷᠡᠵᠦ᠂ | ᠨᠢᠭᠡᠨ ᠰᠢᠰᠲ᠋ᠧᠮᠵᠢ ᠪᠣᠯᠣᠨ ᠪᠦᠷᠢᠯᠳᠦᠭᠰᠡᠨ ᠦᠭᠡᠢ ᠪᠣᠯᠬᠤᠷ᠂ ᠠᠷᠠᠳ ᠣᠯᠠᠨ ᠤ ᠬᠠᠶᠢᠨ ᠯᠠᠪᠯᠠᠬᠤ ᠭᠤᠶᠤᠴᠢᠯᠠᠯᠲᠠ | ᠭᠠᠷᠭᠠᠬᠤ ᠳᠤ ᠳᠥᠭᠦᠮ ᠦᠭᠡᠢ ᠪᠣᠯᠭᠠᠭᠰᠠᠨ ᠮᠥᠷᠲᠡᠭᠡᠨ ᠣᠷᠣᠨ ᠨᠤᠲᠤᠭ ᠢ ᠵᠢᠯᠣᠭᠤᠳᠤᠨ ᠬᠠᠶᠢᠨ ᠯᠠᠪᠯᠠᠬᠤ ᠠᠵᠢᠯ | ᠥᠷᠨᠢᠭᠦᠯᠬᠦ ᠳᠤ ᠴᠤ ᠠᠰᠢᠭ ᠦᠭᠡᠢ ᠪᠣᠯᠭᠠᠪᠠ᠃ ᠬᠤᠶᠠᠷ ᠲᠤ᠂ ᠬᠠᠮᠢᠶ᠎ᠠ ᠪᠦᠬᠦᠢ ᠲᠣᠭᠲᠠᠭᠠᠯ ᠨᠢ ᠲᠣᠳᠣᠷᠬᠠᠢ | ᠪᠤᠰᠤ᠃ ᠲᠣᠭᠲᠠᠭᠠᠯ ᠢ ᠦᠨᠳᠦᠰᠦᠯᠡᠪᠡᠯ᠂ ᠠᠰᠢᠭ ᠬᠤᠣᠷ ᠤᠨ ᠬᠠᠷᠢᠴᠠᠭ᠎ᠠ ᠲᠠᠢ ᠬᠥᠮᠥᠨ ᠥᠯᠥ ᠬᠥᠳᠡᠯᠬᠦ | ᠬᠥᠷᠥᠩᠭᠡ ᠶᠢ ᠳᠠᠩᠰᠠᠯᠠᠨ ᠲᠡᠮᠳᠡᠭᠯᠡᠭᠰᠡᠨ ᠮᠠᠲ᠋ᠧᠷᠢᠶᠠᠯ ᠢ ᠬᠠᠶᠢᠨ ᠯᠠᠪᠯᠠᠵᠤ᠂ ᠵᠢᠷᠤᠮᠯᠠᠨ ᠳᠠᠭᠤᠷᠢᠶᠠᠵᠤ ᠪᠣᠯᠣᠨ᠎ᠠ᠃ | ᠭᠡᠲᠡᠯ᠎ᠡ᠂ ᠬᠡᠨ ᠬᠥᠮᠥᠨ ᠨᠢ ᠴᠣᠬᠤᠮ ᠠᠰᠢᠭ ᠬᠤᠣᠷ ᠤᠨ ᠬᠠᠷᠢᠴᠠᠭ᠎ᠠ ᠲᠠᠢ ᠬᠥᠮᠥᠨ ᠪᠣᠯᠬᠤ ᠪᠠ ᠠᠰᠢᠭ | ᠬᠤᠣᠷ ᠤᠨ ᠬᠠᠷᠢᠴᠠᠭ᠎ᠠ ᠲᠠᠢ ᠬᠥᠮᠥᠨ ᠨᠢ ᠶᠠᠮᠠᠷ ᠮᠠᠲ᠋ᠧᠷᠢᠶᠠᠯ ᠢ ᠬᠠᠩᠭᠠᠪᠠᠯ ᠵᠣᠬᠢᠬᠤ ᠲᠤᠬᠠᠢ ᠬᠠᠤᠯᠢ ᠴᠠᠭᠠᠵᠠ | ᠳᠦᠷᠢᠮ ᠳᠤ ᠲᠣᠭᠲᠠᠭᠠᠭᠰᠠᠨ ᠦᠭᠡᠢ ᠪᠥᠭᠡᠳ ᠣᠷᠣᠨ ᠨᠤᠲᠤᠭ ᠤᠨ ᠬᠢᠨ ᠬᠡᠷᠡᠭᠵᠢᠭᠦᠯᠬᠦ ᠳᠤ ᠴᠤ ᠨᠢᠭᠡᠳᠦᠯᠲᠡᠢ | ᠪᠠᠷᠢᠮᠵᠢᠶ᠎ᠠ ᠦᠭᠡᠢ ᠪᠣᠯᠬᠤᠷ᠂ ᠳᠠᠷᠤᠢ ᠲᠣᠳᠣᠷᠬᠠᠶᠢᠯᠠᠬᠤ ᠪᠠ ᠨᠠᠷᠢᠯᠢᠭᠵᠢᠭᠤᠯᠬᠤ ᠬᠡᠷᠡᠭᠲᠡᠢ᠃ ᠭᠤᠷᠪᠠ ᠳᠤ᠂ ︽ | ᠭᠠᠵᠠᠷ ᠰᠢᠷᠣᠢ ᠶᠢ ᠳᠠᠩᠰᠠᠯᠠᠨ ᠲᠡᠮᠳᠡᠭᠯᠡᠭᠰᠡᠨ ᠮᠠᠲ᠋ᠧᠷᠢᠶᠠᠯ ᠢ ᠢᠯᠡ ᠪᠠᠷ ᠬᠠᠶᠢᠨ ᠯᠠᠪᠯᠠᠬᠤ ᠠᠷᠭ᠎ᠠ︾ ᠨᠢ ︽ | ᠪᠣᠳᠠᠰ ᠤᠨ ᠡᠷᠬᠡ ᠶᠢᠨ ᠬᠠᠤᠯᠢ︾᠂ ︽ᠥᠯᠥ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠬᠦ ᠲᠦᠷ ᠬᠡᠷᠡᠭᠵᠢᠭᠦᠯᠬᠦ | ᠳᠦᠷᠢᠮ︾ ᠤᠨ ᠲᠣᠭᠲᠠᠭᠠᠯ ᠲᠠᠢ ᠨᠢᠭᠡᠳᠦᠯ ᠦᠭᠡᠢ ᠲᠤᠯᠠ ᠳᠠᠷᠤᠢ ᠬᠦᠴᠦᠨ ᠦᠭᠡᠢ ᠪᠣᠯᠭᠠᠬᠤ ᠬᠡᠷᠡᠭᠲᠡᠢ᠃ ᠥᠯᠥ | ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠭᠰᠡᠨ ᠮᠠᠲ᠋ᠧᠷᠢᠶᠠᠯ ᠢ ᠬᠠᠶᠢᠨ ᠯᠠᠪᠯᠠᠬᠤ ᠠᠵᠢᠯᠯᠠᠭ᠎ᠠ ᠶᠢ | ᠳᠦᠷᠢᠮᠵᠢᠭᠦᠯᠵᠦ᠂ ᠥᠯᠥ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠬᠦ ᠪᠣᠳᠠᠰ ᠤᠨ ᠡᠷᠬᠡ ᠶᠢ ᠵᠠᠷᠯᠠᠨ ᠨᠡᠶᠢᠲᠡᠯᠡᠬᠦ | ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠡᠷᠬᠡ ᠠᠰᠢᠭᠲᠤ ᠬᠥᠮᠥᠨ ᠤ ᠬᠠᠤᠯᠢ ᠶᠣᠰᠣᠨ ᠤ ᠡᠷᠬᠡ | ᠠᠰᠢᠭ ᠢ ᠬᠠᠮᠠᠭᠠᠯᠠᠬᠤ᠂ ᠰᠣᠯᠢᠯᠴᠠᠭᠠᠨ ᠤ ᠠᠮᠤᠷ ᠲᠦᠪᠰᠢᠨ ᠢ ᠬᠠᠮᠠᠭᠠᠯᠠᠬᠤ ᠶᠢᠨ ᠬᠠᠮᠲᠤ᠂ ᠬᠤᠪᠢ ᠬᠥᠮᠥᠨ ᠤ | ᠨᠢᠭᠤᠴᠠ ᠶᠢ ᠨᠡᠩ ᠴᠢᠩᠭ᠎ᠠ ᠬᠠᠮᠠᠭᠠᠯᠠᠬᠤ ᠶᠢᠨ ᠲᠥᠯᠥᠭᠡ᠂ ᠲᠤᠰᠬᠠᠢ ᠰᠠᠯᠠᠭ᠎ᠠ ᠮᠥᠴᠢᠷ ᠤᠨ ᠳᠦᠷᠢᠮ ᠲᠣᠭᠲᠠᠭᠠᠯ ᠢ | ᠨᠡᠶᠢᠲᠡᠯᠡᠵᠦ ᠵᠢᠷᠤᠮᠵᠢᠭᠤᠯᠬᠤ ᠴᠢᠬᠤᠯᠠᠲᠠᠢ ᠪᠣᠯᠣᠭᠠᠳ ᠪᠣᠢ᠃ | ︽ᠠᠷᠭ᠎ᠠ︾ ᠨᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠠ | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠱᠠᠭᠠᠷᠳᠠᠯᠭ᠎ᠠ ᠪᠠᠷ ᠵᠢᠯᠣᠭᠤᠳᠤᠯᠭ᠎ᠠ ᠪᠣᠯᠭᠠᠬᠤ ᠶᠢ | ᠪᠠᠷᠢᠮᠲᠠᠯᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠣᠶᠢᠷ᠎ᠠ ᠶᠢᠨ ᠵᠢᠯ ᠤᠳ ᠤᠨ ᠥᠯᠥ | ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠭᠰᠡᠨ ᠮᠠᠲ᠋ᠧᠷᠢᠶᠠᠯ ᠢ ᠬᠠᠶᠢᠨ ᠯᠠᠪᠯᠠᠬᠤ ᠠᠵᠢᠯ ᠤᠨ ᠦᠢᠯᠡᠳᠦᠯᠭᠡ ᠶᠢᠨ | ᠲᠤᠷᠰᠢᠯᠭ᠎ᠠ ᠶᠢ ᠭᠦᠨᠵᠡᠭᠡᠢ ᠳ᠋ᠦᠩᠨᠡᠭᠰᠡᠨ ᠰᠠᠭᠤᠷᠢᠨ ᠳᠡᠭᠡᠷ᠎ᠡ᠂ ᠥᠯᠥ ᠬᠥᠳᠡᠯᠬᠦ ᠬᠥᠷᠥᠩᠭᠡ ᠶᠢ ᠳᠠᠩᠰᠠᠯᠠᠨ | ᠲᠡᠮᠳᠡᠭᠯᠡᠭᠰᠡᠨ ᠮᠠᠲ᠋ᠧᠷᠢᠶᠠᠯ ᠢ ᠬᠠᠶᠢᠨ ᠯᠠᠪᠯᠠᠬᠤ ᠭᠤᠣᠯ ᠴᠣᠭᠴᠠ᠂ ᠳᠡᠰ ᠳᠠᠷᠠᠭᠠᠯᠠᠯ᠂ ᠴᠢᠬᠤᠯᠠ ᠮᠠᠲ᠋ᠧᠷᠢᠶᠠᠯ ᠵᠢᠴᠢ | ᠳᠠᠩᠰᠠᠯᠠᠨ ᠲᠡᠮᠳᠡᠭᠯᠡᠭᠰᠡᠨ ᠮᠠᠲ᠋ᠧᠷᠢᠶᠠᠯ ᠢ ᠬᠠᠮᠠᠭᠠᠯᠠᠬᠤ ᠵᠡᠷᠭᠡ ᠴᠢᠬᠤᠯᠠ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ | ᠥᠯᠥ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠭᠰᠡᠨ ᠮᠠᠲ᠋ᠧᠷᠢᠶᠠᠯ ᠢ ᠬᠠᠶᠢᠨ ᠯᠠᠪᠯᠠᠬᠤ ᠠᠵᠢᠯ ᠢ ᠤᠯᠠᠮ ᠨᠢᠭᠡ | ᠠᠯᠬᠤᠮ ᠵᠢᠷᠤᠮᠵᠢᠭᠤᠯᠬᠤ ᠳᠤ ᠬᠠᠤᠯᠢ ᠴᠠᠭᠠᠵᠠ ᠶᠢᠨ ᠦᠨᠳᠦᠰᠦᠯᠡᠯ ᠬᠠᠩᠭᠠᠵᠤ᠂ ᠥᠯᠥ ᠬᠥᠳᠡᠯᠬᠦ ᠬᠥᠷᠥᠩᠭᠡ ᠶᠢ | ᠳᠠᠩᠰᠠᠯᠠᠨ ᠲᠡᠮᠳᠡᠭᠯᠡᠬᠦ ᠡᠯ᠎ᠡ ᠵᠦᠢᠯ ᠤᠨ ᠲᠥᠬᠦᠷᠵᠢᠭᠰᠡᠨ ᠳᠦᠷᠢᠮ ᠢ ᠤᠯᠠᠮ ᠨᠢᠭᠡ ᠠᠯᠬᠤᠮ ᠪᠦᠷᠢᠨᠰᠢᠭᠦᠯᠦᠨ | ᠲᠡᠭᠦᠯᠳᠡᠷᠵᠢᠭᠦᠯᠦᠭᠰᠡᠨ ᠪᠠᠶᠢᠨ᠎ᠠ᠃ | ︽ᠠᠷᠭ᠎ᠠ︾ ᠶᠢᠨ ᠠᠩᠬᠠᠷᠤᠭᠤᠰᠢᠲᠠᠢ ᠳᠥᠷᠪᠡᠨ ᠶᠡᠭᠡ ᠭᠢᠯᠠᠰ ᠴᠡᠭ | ︽ᠠᠷᠭ᠎ᠠ︾ ᠨᠢ ᠥᠯᠥ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠭᠰᠡᠨ ᠮᠠᠲ᠋ᠧᠷᠢᠶᠠᠯ ᠢ ᠬᠠᠶᠢᠨ | ᠯᠠᠪᠯᠠᠬᠤ ᠳᠤ ᠣᠯᠠᠨ ᠵᠦᠢᠯ ᠤᠨ ᠳᠦᠷᠢᠮ ᠲᠣᠭᠲᠠᠭᠠᠯ ᠲᠣᠭᠲᠠᠭᠠᠵᠤ᠂ ᠲᠡᠳᠡᠭᠡᠷ ᠤᠨ ᠳᠣᠲᠣᠷ᠎ᠠ ᠠᠩᠬᠠᠷᠤᠭᠤᠰᠢᠲᠠᠢ | ᠳᠥᠷᠪᠡᠨ ᠶᠡᠭᠡ ᠭᠢᠯᠠᠰ ᠴᠡᠭ ᠪᠣᠢ᠄ | ᠨᠢᠭᠡ ᠳᠤ᠂ ᠬᠠᠤᠯᠢ ᠪᠠᠷ ᠲᠣᠭᠲᠠᠭᠠᠭᠰᠠᠨ ᠬᠠᠶᠢᠨ ᠯᠠᠪᠯᠠᠬᠤ ᠭᠤᠣᠯ ᠴᠣᠭᠴᠠ ᠶᠢ ᠤᠯᠠᠮ ᠨᠢᠭᠡ ᠠᠯᠬᠤᠮ | ᠨᠠᠷᠢᠯᠢᠭᠵᠢᠭᠤᠯᠵᠤ᠂ ︽ᠬᠡᠨ ᠬᠠᠶᠢᠨ ᠯᠠᠪᠯᠠᠵᠤ ᠪᠣᠯᠬᠤ︾ ᠠᠰᠠᠭᠤᠳᠠᠯ ᠢ ᠲᠣᠳᠣᠷᠬᠠᠶᠢᠯᠠᠪᠠ᠃ ︽ᠪᠣᠳᠠᠰ ᠤᠨ | ᠡᠷᠬᠡ ᠶᠢᠨ ᠬᠠᠤᠯᠢ︾ ᠪᠠ ︽ᠥᠯᠥ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠬᠦ ᠲᠦᠷ ᠬᠡᠷᠡᠭᠵᠢᠭᠦᠯᠬᠦ ᠳᠦᠷᠢᠮ︾ | ᠳᠤ᠄ ᠡᠷᠬᠡ ᠠᠰᠢᠭᠲᠤ ᠬᠥᠮᠥᠨ᠂ ᠠᠰᠢᠭ ᠬᠤᠣᠷ ᠤᠨ ᠬᠠᠷᠢᠴᠠᠭ᠎ᠠ ᠲᠠᠢ ᠬᠥᠮᠥᠨ ᠥᠯᠥ ᠬᠥᠳᠡᠯᠬᠦ ᠬᠥᠷᠥᠩᠭᠡ ᠶᠢ | ᠳᠠᠩᠰᠠᠯᠠᠨ ᠲᠡᠮᠳᠡᠭᠯᠡᠭᠰᠡᠨ ᠮᠠᠲ᠋ᠧᠷᠢᠶᠠᠯ ᠢ ᠬᠠᠶᠢᠨ ᠯᠠᠪᠯᠠᠵᠤ᠂ ᠵᠢᠷᠤᠮᠯᠠᠨ ᠳᠠᠭᠤᠷᠢᠶᠠᠬᠤ ᠪᠠᠷ ᠭᠤᠶᠤᠴᠢᠯᠠᠵᠤ ᠪᠣᠯᠣᠨ᠎ᠠ | ᠂ ᠳᠠᠩᠰᠠᠯᠠᠨ ᠲᠡᠮᠳᠡᠭᠯᠡᠬᠦ ᠪᠠᠶᠢᠭᠤᠯᠤᠮᠵᠢ ᠮᠠᠲ᠋ᠧᠷᠢᠶᠠᠯ ᠢ ᠬᠠᠩᠭᠠᠬᠤ ᠬᠡᠷᠡᠭᠲᠡᠢ ᠭᠡᠵᠦ ᠲᠣᠭᠲᠠᠭᠠᠵᠠᠢ᠃ ︽ᠠᠷᠭ᠎ᠠ︾ | ᠨᠢ ︽ᠪᠣᠳᠠᠰ ᠤᠨ ᠡᠷᠬᠡ ᠶᠢᠨ ᠬᠠᠤᠯᠢ︾ ᠪᠠ ︽ᠥᠯᠥ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠬᠦ ᠲᠦᠷ | ᠬᠡᠷᠡᠭᠵᠢᠭᠦᠯᠬᠦ ᠳᠦᠷᠢᠮ︾ ᠤᠨ ᠬᠤᠯᠪᠣᠭᠳᠠᠯ ᠪᠦᠬᠦᠢ ᠲᠣᠭᠲᠠᠭᠠᠯ ᠢ ᠬᠢᠨᠠᠮᠠᠭᠠᠢ ᠨᠠᠶᠢᠳᠠᠪᠤᠷᠢᠵᠢᠭᠤᠯᠵᠤ᠂ ᠳᠣᠣᠷᠠᠬᠢ | ᠬᠡᠳᠦᠨ ᠲᠥᠷᠥᠯ ᠤᠨ ᠭᠤᠣᠯ ᠴᠣᠭᠴᠠ ᠨᠢ ᠥᠯᠥ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠭᠰᠡᠨ | ᠮᠠᠲ᠋ᠧᠷᠢᠶᠠᠯ ᠢ ᠬᠠᠶᠢᠨ ᠯᠠᠪᠯᠠᠵᠤ᠂ ᠵᠢᠷᠤᠮᠯᠠᠨ ᠳᠠᠭᠤᠷᠢᠶᠠᠵᠤ ᠪᠣᠯᠬᠤ ᠶᠢ ᠲᠣᠳᠣᠷᠬᠠᠶᠢᠯᠠᠪᠠ᠂ ᠡᠭᠦᠨ ᠳᠤ᠄ ᠥᠯᠥ | ᠬᠥᠳᠡᠯᠬᠦ ᠬᠥᠷᠥᠩᠭᠡ ᠶᠢᠨ ᠡᠷᠬᠡ ᠠᠰᠢᠭᠲᠤ ᠬᠥᠮᠥᠨ᠂ ᠠᠰᠢᠭ ᠬᠤᠣᠷ ᠤᠨ ᠬᠠᠷᠢᠴᠠᠭ᠎ᠠ ᠲᠠᠢ ᠬᠥᠮᠥᠨ ᠵᠢᠴᠢ | ᠲᠡᠭᠦᠨ ᠤ ᠨᠠᠶᠢᠳᠠᠭᠰᠠᠨ ᠬᠠᠤᠯᠢᠴᠢ ᠪᠤᠶᠤ ᠪᠤᠰᠤᠳ ᠲᠥᠯᠥᠭᠡᠨ ᠤ ᠬᠥᠮᠥᠨ ᠢ ᠪᠠᠭᠲᠠᠭᠠᠨ᠎ᠠ᠃ ᠡᠭᠦᠨ ᠤ ᠬᠠᠮᠲᠤ᠂ | ᠨᠠᠷᠢᠪᠴᠢᠯᠠᠨ ᠲᠣᠭᠠᠴᠠᠬᠤ ᠳᠤᠭᠤᠶᠢᠯᠠᠩ᠂ ᠳᠠᠮᠫᠤᠷᠠᠭᠰᠠᠨ ᠢ ᠬᠠᠮᠢᠶᠠᠷᠤᠭᠴᠢ᠂ ᠡᠳ᠋ ᠬᠥᠷᠥᠩᠭᠡ ᠶᠢ ᠣᠷᠣᠯᠠᠨ | ᠬᠠᠮᠢᠶᠠᠷᠤᠭᠴᠢ᠂ ᠬᠢᠨᠠᠨ ᠬᠠᠮᠢᠶᠠᠷᠤᠭᠴᠢ ᠵᠡᠷᠭᠡ ᠥᠯᠥ ᠬᠥᠳᠡᠯᠬᠦ ᠬᠥᠷᠥᠩᠭᠡ ᠶᠢᠨ ᠡᠷᠬᠡ ᠠᠰᠢᠭ ᠢ ᠬᠠᠤᠯᠢ ᠶᠣᠰᠣᠭᠠᠷ | ᠬᠠᠮᠢᠶᠠᠷᠬᠤ ᠪᠠ ᠰᠢᠢᠳᠪᠦᠷᠢᠯᠡᠬᠦ ᠡᠷᠬᠡ ᠲᠠᠢ ᠭᠤᠣᠯ ᠴᠣᠭᠴᠠ᠂ ᠡᠷᠬᠡ ᠠᠰᠢᠭᠲᠤ ᠬᠥᠮᠥᠨ ᠬᠠᠶᠢᠨ ᠯᠠᠪᠯᠠᠬᠤ | ᠲᠣᠭᠲᠠᠭᠠᠯ ᠢᠶᠠᠷ ᠯᠠᠪᠯᠠᠯᠲᠠ ᠪᠣᠯᠭᠠᠵᠤ ᠬᠠᠶᠢᠨ ᠯᠠᠪᠯᠠᠵᠤ ᠪᠣᠯᠬᠤ ᠶᠢ ᠲᠣᠭᠲᠠᠭᠠᠵᠠᠢ᠃ ᠡᠭᠦᠨ ᠠᠴᠠ ᠭᠠᠳᠠᠨ᠎ᠠ᠂ ᠲᠤᠰ | ︽ᠠᠷᠭ᠎ᠠ︾ ᠶᠢ ᠨᠡᠶᠢᠲᠡᠯᠡᠭᠰᠡᠨ ᠨᠢ ᠭᠤᠣᠯᠳᠠᠭᠤ ᠠᠷᠠᠳ ᠢᠷᠭᠡᠳ ᠲᠤ ᠬᠠᠩᠭᠠᠬᠤ ᠬᠠᠶᠢᠨ ᠯᠠᠪᠯᠠᠬᠤ | ᠦᠢᠯᠡᠴᠢᠯᠡᠭᠡ ᠶᠢ ᠵᠢᠷᠤᠮᠵᠢᠭᠤᠯᠬᠤ ᠶᠢᠨ ᠲᠥᠯᠥᠭᠡ ᠪᠠᠶᠢᠵᠤ᠂ ᠬᠤᠯᠪᠣᠭᠳᠠᠯ ᠪᠦᠬᠦᠢ ᠤᠯᠤᠰ ᠤᠨ ᠪᠠᠶᠢᠭᠤᠯᠭ᠎ᠠ ᠶᠢᠨ | ᠬᠢᠨ ᠤ ᠥᠯᠥ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠭᠰᠡᠨ ᠮᠠᠲ᠋ᠧᠷᠢᠶᠠᠯ ᠢ ᠬᠠᠶᠢᠨ ᠯᠠᠪᠯᠠᠵᠤ ᠵᠢᠷᠤᠮᠯᠠᠨ | ᠳᠠᠭᠤᠷᠢᠶᠠᠬᠤ ᠵᠢᠴᠢ ᠤᠯᠤᠰ ᠤᠨ ᠪᠠᠶᠢᠭᠤᠯᠭ᠎ᠠ ᠨᠤᠭᠤᠳ ᠤᠨ ᠬᠤᠭᠤᠷᠣᠨᠳᠤ ᠪᠠᠨ ᠥᠯᠥ ᠬᠥᠳᠡᠯᠬᠦ ᠬᠥᠷᠥᠩᠭᠡ ᠶᠢ | ᠳᠠᠩᠰᠠᠯᠠᠨ ᠲᠡᠮᠳᠡᠭᠯᠡᠭᠰᠡᠨ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠶᠢ ᠲᠤᠰ ᠲᠤᠨᠢ ᠲᠣᠭᠲᠠᠭᠠᠪᠠ᠃ | ᠬᠤᠶᠠᠷ ᠲᠤ᠂ ᠬᠠᠤᠯᠢ ᠶᠣᠰᠣᠭᠠᠷ ᠠᠷᠠᠳ ᠲᠤ ᠳᠥᠭᠦᠮ ᠦᠵᠡᠭᠦᠯᠬᠦ ᠥᠨᠳᠥᠷ ᠪᠦᠲᠦᠮᠵᠢᠲᠡᠢ ᠪᠠᠶᠢᠯᠭᠠᠬᠤ | ᠦᠨᠳᠦᠰᠦᠨ ᠵᠠᠷᠴᠢᠮ ᠢ ᠲᠣᠳᠣᠷᠬᠠᠶᠢᠯᠠᠵᠤ᠂ ᠬᠠᠶᠢᠨ ᠯᠠᠪᠯᠠᠬᠤ ᠠᠵᠢᠯ ᠤᠨ ︽ᠶᠠᠭᠤ ᠶᠢ ᠵᠢᠷᠤᠮᠯᠠᠬᠤ︾ ᠠᠰᠠᠭᠤᠳᠠᠯ ᠢ | ᠰᠢᠢᠳᠪᠦᠷᠢᠯᠡᠵᠡᠢ᠃ ᠬᠠᠤᠯᠢ ᠶᠢ ᠵᠢᠷᠤᠮᠯᠠᠬᠤ᠂ ᠠᠷᠠᠳ ᠲᠤ ᠳᠥᠭᠦᠮ ᠦᠵᠡᠭᠦᠯᠬᠦ᠂ ᠥᠨᠳᠥᠷ ᠪᠦᠲᠦᠮᠵᠢᠲᠡᠢ | ᠪᠠᠶᠢᠯᠭᠠᠬᠤ ᠵᠠᠷᠴᠢᠮ ᠶᠣᠰᠣᠭᠠᠷ᠂ ︽ᠠᠷᠭ᠎ᠠ︾ ᠨᠢ ᠲᠥᠷᠥᠯ ᠬᠤᠪᠢᠶᠠᠵᠤ ᠬᠠᠶᠢᠨ ᠯᠠᠪᠯᠠᠬᠤ ᠶᠢ ᠴᠢᠬᠤᠯᠠᠴᠢᠯᠠᠵᠤ᠂ | ᠬᠠᠶᠢᠨ ᠯᠠᠪᠯᠠᠬᠤ ᠠᠳᠠᠯᠢ ᠪᠤᠰᠤ ᠶᠢᠨ ᠭᠤᠣᠯ ᠴᠣᠭᠴᠠ ᠳᠤ ᠬᠠᠶᠢᠨ ᠯᠠᠪᠯᠠᠬᠤ ᠠᠳᠠᠯᠢ ᠪᠤᠰᠤ ᠶᠢᠨ ᠡᠷᠬᠡ ᠶᠢᠨ | ᠬᠢᠵᠠᠭᠠᠷ ᠲᠣᠬᠢᠷᠠᠭᠤᠯᠵᠤ᠂ ᠡᠷᠬᠡ ᠠᠰᠢᠭᠲᠤ ᠬᠥᠮᠥᠨ ᠬᠠᠶᠢᠨ ᠯᠠᠪᠯᠠᠬᠤ ᠬᠠᠮᠤᠭ ᠤᠨ ᠶᠡᠭᠡ ᠡᠷᠬᠡ ᠶᠢᠨ ᠬᠢᠵᠠᠭᠠᠷ ᠢ | ᠡᠳ᠋ᠯᠡᠨ᠎ᠡ ᠭᠡᠵᠡᠢ᠃ ᠠᠰᠢᠭ ᠬᠤᠣᠷ ᠤᠨ ᠬᠠᠷᠢᠴᠠᠭ᠎ᠠ ᠲᠠᠢ ᠬᠥᠮᠥᠨ ᠳᠤ ᠵᠥᠪᠬᠡᠨ ᠥᠯᠥ ᠬᠥᠳᠡᠯᠬᠦ ᠬᠥᠷᠥᠩᠭᠡ ᠶᠢ | ᠬᠠᠶᠢᠨ ᠯᠠᠪᠯᠠᠵᠤ ᠪᠣᠯᠬᠤᠶᠢᠴᠠ ᠲᠡᠮᠳᠡᠭᠯᠡᠯ ᠤᠨ ᠳᠡᠪᠲᠡᠷ ᠲᠤ ᠲᠡᠮᠳᠡᠭᠯᠡᠭᠰᠡᠨ ᠳᠠᠩᠰᠠᠯᠠᠨ ᠲᠡᠮᠳᠡᠭᠯᠡᠭᠦᠯᠦᠭᠰᠡᠨ ᠦᠷ᠎ᠡ | ᠳ᠋ᠦᠩ ᠢ ᠯᠡ ᠬᠠᠩᠭᠠᠨ᠎ᠠ᠃ ᠡᠭᠦᠨ ᠤ ᠬᠠᠮᠲᠤ᠂ ︽ᠠᠷᠭ᠎ᠠ︾ ᠬᠢᠭᠡᠳ ︽ᠥᠯᠥ ᠬᠥᠳᠡᠯᠬᠦ ᠬᠥᠷᠥᠩᠭᠡ ᠶᠢ | ᠳᠠᠩᠰᠠᠯᠠᠨ ᠲᠡᠮᠳᠡᠭᠯᠡᠬᠦ ᠲᠦᠷ ᠬᠡᠷᠡᠭᠵᠢᠭᠦᠯᠬᠦ ᠳᠦᠷᠢᠮ︾ ᠳᠤ ᠲᠣᠭᠲᠠᠭᠠᠭᠰᠠᠨ ︽ᠬᠠᠷᠢᠶᠠᠯᠠᠭᠳᠠᠬᠤ ᠭᠠᠵᠠᠷ ᠢᠶᠠᠷ | ᠳᠠᠩᠰᠠᠯᠠᠨ ᠲᠡᠮᠳᠡᠭᠯᠡᠬᠦ︾ ᠵᠠᠷᠴᠢᠮ ᠲᠠᠢ ᠵᠣᠯᠭᠠᠭᠤᠯᠵᠤ᠂ ︽ᠬᠠᠷᠢᠶᠠᠯᠠᠭᠳᠠᠬᠤ ᠭᠠᠵᠠᠷ ᠲᠤ ᠬᠠᠶᠢᠨ ᠯᠠᠪᠯᠠᠬᠤ︾ ᠶᠢ | ᠬᠡᠷᠡᠭᠵᠢᠭᠦᠯᠵᠦ᠂ ᠠᠷᠠᠳ ᠣᠯᠠᠨ ᠳᠤ ᠳᠥᠭᠦᠮ ᠦᠵᠡᠭᠦᠯᠦᠨ᠎ᠡ᠃ ᠡᠭᠦᠨ ᠤ ᠰᠠᠭᠤᠷᠢᠨ ᠳᠡᠭᠡᠷ᠎ᠡ᠂ ︽ᠠᠷᠭ᠎ᠠ︾ ᠳᠤ | ᠪᠠᠰᠠ ᠥᠯᠥ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠬᠦ ᠪᠠᠶᠢᠭᠤᠯᠤᠮᠵᠢ ᠨᠢ ᠥᠯᠥ ᠬᠥᠳᠡᠯᠬᠦ ᠬᠥᠷᠥᠩᠭᠡ ᠶᠢ | ᠳᠠᠩᠰᠠᠯᠠᠨ ᠲᠡᠮᠳᠡᠭᠯᠡᠬᠦ ᠮᠡᠳᠡᠭᠡ ᠵᠠᠩᠭᠢᠴᠢᠯᠠᠭᠰᠠᠨ ᠪᠠᠶᠢᠭᠤᠯᠤᠯᠲᠠ ᠪᠠᠨ ᠴᠢᠩᠭᠠᠳᠬᠠᠵᠤ᠂ ᠥᠯᠥ ᠬᠥᠳᠡᠯᠬᠦ | ᠬᠥᠷᠥᠩᠭᠡ ᠶᠢ ᠳᠠᠩᠰᠠᠯᠠᠨ ᠲᠡᠮᠳᠡᠭᠯᠡᠭᠰᠡᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠠᠭᠤᠷᠢ ᠲᠠᠪᠴᠠᠩ ᠳᠤ | ᠰᠠᠭᠤᠷᠢᠯᠠᠵᠤ᠂ ᠢᠨᠲ᠋ᠧᠷ ᠰᠦᠯᠵᠢᠶᠡᠨ ᠤ ᠮᠡᠷᠭᠡᠵᠢᠯ ᠢ ᠬᠡᠷᠡᠭᠯᠡᠬᠦ᠂ ᠠᠦ᠋ᠲ᠋ᠣᠴᠢᠯᠠᠭᠰᠠᠨ ᠬᠠᠶᠢᠨ ᠯᠠᠪᠯᠠᠬᠤ ᠲᠡᠭᠦᠰᠬᠡᠯ | ᠦᠵᠦᠭᠦᠷ ᠢ ᠲᠣᠬᠢᠷᠠᠭᠤᠯᠬᠤ᠂ ᠬᠠᠮᠢᠶ᠎ᠠ ᠪᠦᠬᠦᠢ ᠲᠠᠯᠠᠪᠤᠷ ᠲᠤ ᠳᠠᠩᠰᠠᠯᠠᠨ ᠲᠡᠮᠳᠡᠭᠯᠡᠭᠰᠡᠨ ᠮᠡᠳᠡᠭᠡ ᠵᠠᠩᠭᠢ ᠶᠢ ᠬᠠᠶᠢᠨ | ᠯᠠᠪᠯᠠᠬᠤ ᠦᠵᠦᠭᠦᠷ ᠲᠣᠬᠢᠷᠠᠭᠤᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠵᠤ᠂ ᠬᠠᠶᠢᠨ ᠯᠠᠪᠯᠠᠭᠴᠢ ᠳᠤ ᠳᠥᠭᠦᠮ | ᠦᠵᠡᠭᠦᠯᠬᠦ ᠬᠡᠷᠡᠭᠲᠡᠢ ᠭᠡᠵᠦ ᠲᠣᠭᠲᠠᠭᠠᠭᠰᠠᠨ ᠪᠠᠶᠢᠨ᠎ᠠ᠃ | ᠭᠤᠷᠪᠠ ᠳᠤ᠂ ᠠᠰᠢᠭ ᠬᠤᠣᠷ ᠤᠨ ᠬᠠᠷᠢᠴᠠᠭ᠎ᠠ ᠲᠠᠢ ᠬᠥᠮᠥᠨ ᠤ ᠤᠬᠠᠭᠳᠠᠬᠤᠨ ᠢ ᠠᠩᠬ᠎ᠠ ᠤᠳᠠᠭ᠎ᠠ ᠢᠯᠭᠠᠨ | ᠲᠣᠳᠣᠯᠠᠵᠤ᠂ ︽ᠶᠠᠮᠠᠷ ᠠᠰᠢᠭ ᠬᠤᠣᠷ ᠤᠨ ᠬᠠᠷᠢᠴᠠᠭ᠎ᠠ ᠲᠠᠢ ᠬᠥᠮᠥᠨ ᠬᠠᠶᠢᠨ ᠯᠠᠪᠯᠠᠵᠤ ᠪᠣᠯᠬᠤ︾ ᠪᠠ ︽ᠶᠠᠮᠠᠷ | ᠬᠡᠮᠵᠢᠶ᠎ᠡ ᠬᠦᠷᠲᠡᠯ᠎ᠡ ᠬᠠᠶᠢᠨ ᠯᠠᠪᠯᠠᠵᠤ ᠪᠣᠯᠬᠤ︾ ᠠᠰᠠᠭᠤᠳᠠᠯ ᠢ ᠲᠣᠳᠣᠷᠬᠠᠶᠢᠯᠠᠪᠠ᠃ ︽ᠪᠣᠳᠠᠰ ᠤᠨ ᠡᠷᠬᠡ ᠶᠢᠨ | ᠬᠠᠤᠯᠢ︾ ᠪᠠ ︽ᠥᠯᠥ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠬᠦ ᠲᠦᠷ ᠬᠡᠷᠡᠭᠵᠢᠭᠦᠯᠬᠦ ᠳᠦᠷᠢᠮ︾ ᠳᠤ | ᠠᠰᠢᠭ ᠬᠤᠣᠷ ᠤᠨ ᠬᠠᠷᠢᠴᠠᠭ᠎ᠠ ᠲᠠᠢ ᠬᠥᠮᠥᠨ ᠬᠠᠶᠢᠨ ᠯᠠᠪᠯᠠᠵᠤ ᠪᠣᠯᠬᠤ ᠪᠣᠯᠪᠠᠴᠤ ᠬᠡᠨ ᠬᠥᠮᠥᠨ ᠨᠢ ᠴᠣᠬᠤᠮ | ᠠᠰᠢᠭ ᠬᠤᠣᠷ ᠤᠨ ᠬᠠᠷᠢᠴᠠᠭ᠎ᠠ ᠲᠠᠢ ᠬᠥᠮᠥᠨ ᠪᠣᠯᠬᠤ ᠶᠢ ᠲᠣᠳᠣᠷᠬᠠᠢ ᠲᠣᠭᠲᠠᠭᠠᠭᠰᠠᠨ ᠦᠭᠡᠢ ᠪᠣᠯᠬᠤᠷ᠂ ᠣᠷᠣᠨ | ᠨᠤᠲᠤᠭ ᠤᠨ ᠬᠢᠨ ᠬᠠᠶᠢᠨ ᠯᠠᠪᠯᠠᠬᠤ ᠦᠢᠯᠡᠴᠢᠯᠡᠭᠡ ᠥᠷᠨᠢᠭᠦᠯᠬᠦ ᠦᠶ᠎ᠡ ᠳᠤ ᠰᠠᠶᠢᠲᠤᠷ ᠡᠵᠡᠮᠳᠡᠵᠦ ᠳᠡᠶᠢᠯᠬᠦ ᠦᠭᠡᠢ | ᠪᠠᠶᠢᠯ᠎ᠠ᠃ ᠡᠭᠦᠨ ᠳᠤ᠂ ︽ᠠᠷᠭ᠎ᠠ︾ ᠨᠢ ᠡᠯ᠎ᠡ ᠭᠠᠵᠠᠷ ᠤᠨ ᠦᠢᠯᠡᠳᠦᠯᠭᠡ ᠶᠢ ᠳ᠋ᠦᠩᠨᠡᠭᠰᠡᠨ ᠰᠠᠭᠤᠷᠢᠨ ᠳᠡᠭᠡᠷ᠎ᠡ᠂ | ᠨᠡᠶᠢᠭᠡᠮ ᠤᠨ ᠠᠮᠤᠷ ᠲᠣᠭᠲᠠᠭᠤᠨ ᠢ ᠬᠠᠮᠠᠭᠠᠯᠠᠨ᠂ ᠰᠣᠯᠢᠯᠴᠠᠭᠠᠨ ᠤ ᠠᠮᠤᠷ ᠲᠦᠪᠰᠢᠨ ᠢ ᠬᠠᠮᠠᠭᠠᠯᠠᠵᠤ᠂ ᠡᠷᠬᠡ | ᠠᠰᠢᠭᠲᠤ ᠬᠥᠮᠥᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠬᠠᠷᠠᠭᠠᠰᠤ ᠠᠴᠠ ᠡᠭᠦᠰᠴᠦ᠂ ᠠᠰᠢᠭ | ᠬᠤᠣᠷ ᠤᠨ ᠬᠠᠷᠢᠴᠠᠭ᠎ᠠ ᠲᠠᠢ ᠬᠥᠮᠥᠨ ᠳᠤ ᠬᠤᠪᠢᠶᠠᠷᠢᠯᠠᠯᠲᠠ ᠪᠠ ᠨᠠᠷᠢᠯᠢᠭᠵᠢᠭᠤᠯᠤᠯᠲᠠ ᠬᠢᠪᠡ᠄ ᠥᠯᠥ ᠬᠥᠳᠡᠯᠬᠦ | ᠬᠥᠷᠥᠩᠭᠡ ᠪᠠᠨ ᠬᠤᠳᠠᠯᠳᠤᠭᠰᠠᠨ᠂ ᠬᠠᠷᠢᠯᠴᠠᠨ ᠰᠣᠯᠢᠭᠰᠠᠨ᠂ ᠪᠡᠯᠡᠭᠯᠡᠭᠰᠡᠨ᠂ ᠲᠦᠷᠢᠶᠡᠰᠦᠯᠡᠭᠰᠡᠨ᠂ | ᠪᠠᠷᠢᠴᠠᠭᠠᠯᠠᠭᠰᠠᠨ ᠠᠴᠠ ᠪᠣᠯᠣᠭᠰᠠᠨ᠂ ᠵᠢᠴᠢ ᠥᠯᠥ ᠬᠥᠳᠡᠯᠬᠦ ᠬᠥᠷᠥᠩᠭᠡ ᠳᠤ ᠢᠷᠭᠡᠨ ᠤ ᠬᠡᠷᠡᠭ ᠤᠨ ᠮᠠᠷᠭᠤᠭᠠᠨ | ᠣᠷᠣᠰᠢᠵᠤ ᠪᠠᠶᠢᠬᠤ ᠪᠠᠷ ᠪᠠᠷᠠᠬᠤ ᠦᠭᠡᠢ ᠨᠢᠭᠡᠨᠲᠡ ᠵᠠᠷᠭᠤᠯᠳᠤᠭᠠᠨ ᠬᠢᠭᠰᠡᠨ᠂ ᠬᠥᠨᠳᠡᠯᠡᠨ ᠠᠴᠠ | ᠲᠠᠰᠤᠯᠤᠭᠰᠠᠨ ᠠᠴᠠ ᠪᠣᠯᠵᠤ ᠠᠰᠢᠭ ᠬᠤᠣᠷ ᠤᠨ ᠬᠠᠷᠢᠴᠠᠭ᠎ᠠ ᠡᠭᠦᠰᠦᠭᠰᠡᠨ ᠠᠰᠢᠭ ᠬᠤᠣᠷ ᠤᠨ ᠬᠠᠷᠢᠴᠠᠭ᠎ᠠ ᠲᠠᠢ | ᠬᠥᠮᠥᠨ ᠨᠢ ᠥᠯᠥ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠭᠦᠯᠦᠭᠰᠡᠨ ᠦᠷ᠎ᠡ ᠳ᠋ᠦᠩ ᠢᠶᠠᠨ ᠬᠠᠶᠢᠨ ᠯᠠᠪᠯᠠᠵᠤ | ᠪᠣᠯᠬᠤ ᠶᠢ ᠲᠣᠭᠲᠠᠭᠠᠪᠠ︔ ᠥᠯᠥ ᠬᠥᠳᠡᠯᠬᠦ ᠬᠥᠷᠥᠩᠭᠡ ᠪᠠᠨ ᠬᠤᠳᠠᠯᠳᠤᠬᠤ᠂ ᠲᠦᠷᠢᠶᠡᠰᠦᠯᠡᠬᠦ᠂ ᠪᠠᠷᠢᠴᠠᠭᠠᠯᠠᠬᠤ | ᠰᠠᠨᠠᠭ᠎ᠠ ᠲᠠᠢ᠂ ᠡᠰᠡᠬᠦᠯ᠎ᠡ ᠥᠯᠥ ᠬᠥᠳᠡᠯᠬᠦ ᠬᠥᠷᠥᠩᠭᠡ ᠳᠤ ᠵᠠᠷᠭᠤᠯᠳᠤᠭᠠᠨ ᠬᠢᠬᠦ ᠪᠤᠶᠤ ᠬᠥᠨᠳᠡᠯᠡᠨ ᠠᠴᠠ | ᠲᠠᠰᠤᠯᠬᠤ ᠪᠠᠷ ᠲᠥᠯᠥᠪᠯᠡᠵᠦ ᠪᠠᠶᠢᠪᠠᠴᠤ᠂ ᠠᠰᠢᠭ ᠬᠤᠣᠷ ᠤᠨ ᠬᠠᠷᠢᠴᠠᠭ᠎ᠠ ᠶᠢ ᠭᠡᠷᠡᠴᠢᠯᠡᠬᠦ ᠮᠠᠲ᠋ᠧᠷᠢᠶᠠᠯ ᠬᠠᠩᠭᠠᠵᠤ | ᠳᠡᠶᠢᠯᠬᠦ ᠦᠭᠡᠢ ︽ᠠᠰᠢᠭ ᠬᠤᠣᠷ ᠤᠨ ᠬᠠᠷᠢᠴᠠᠭ᠎ᠠ ᠭᠠᠷᠴᠤ ᠮᠡᠳᠡᠬᠦ ᠬᠥᠮᠥᠨ︾᠂ ᠥᠯᠥ ᠬᠥᠳᠡᠯᠬᠦ ᠬᠥᠷᠥᠩᠭᠡ ᠶᠢᠨ | ᠪᠠᠶᠢᠭᠠᠯᠢᠯᠢᠭ ᠪᠠᠶᠢᠳᠠᠯ᠂ ᠬᠠᠮᠲᠤ ᠪᠠᠷ ᠥᠮᠴᠢᠯᠡᠬᠦ ᠪᠠᠶᠢᠳᠠᠯ ᠵᠢᠴᠢ ᠳᠠᠩᠰᠠᠯᠠᠨ ᠲᠡᠮᠳᠡᠭᠯᠡᠭᠰᠡᠨ ᠪᠤᠰᠤᠳ ᠪᠠᠶᠢᠳᠠᠯ | ᠪᠠᠶᠢᠬᠤ ᠡᠰᠡᠬᠦ ᠵᠡᠷᠭᠡ ᠶᠢ ᠬᠠᠶᠢᠨ ᠯᠠᠪᠯᠠᠵᠤ ᠪᠣᠯᠬᠤ ᠶᠢ ᠲᠣᠭᠲᠠᠭᠠᠪᠠ᠃ ᠡᠭᠦᠨ ᠤ ᠬᠠᠮᠲᠤ᠂ ︽ᠬᠠᠤᠯᠢᠴᠢ ᠶᠢᠨ | ᠬᠠᠤᠯᠢ︾ ᠳᠤ ᠬᠠᠤᠯᠢᠴᠢ ᠶᠢᠨ ᠪᠠᠶᠢᠴᠠᠭᠠᠬᠤ ᠡᠷᠬᠡ ᠶᠢᠨ ᠠᠰᠠᠭᠤᠳᠠᠯ ᠢ ᠲᠣᠭᠲᠠᠭᠠᠭᠰᠠᠨ ᠢ ᠪᠣᠳᠣᠯᠬᠢᠯᠠᠵᠤ᠂ ︽ | ᠠᠷᠭ᠎ᠠ︾ ᠳᠤ ᠪᠠᠰᠠ ᠬᠠᠤᠯᠢᠴᠢ ᠨᠢ ︽ᠠᠰᠢᠭ ᠬᠤᠣᠷ ᠤᠨ ᠬᠠᠷᠢᠴᠠᠭ᠎ᠠ ᠭᠠᠷᠴᠤ ᠮᠡᠳᠡᠬᠦ ᠬᠥᠮᠥᠨ︾ ᠤ | ᠨᠠᠶᠢᠳᠠᠯᠭ᠎ᠠ ᠶᠢ ᠬᠦᠯᠢᠶᠡᠵᠦ᠂ ᠨᠠᠶᠢᠳᠠᠭᠴᠢ ᠠᠴᠠ ᠥᠯᠥ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠭᠰᠡᠨ ᠨᠡᠩ | ᠣᠯᠠᠨ ᠮᠡᠳᠡᠭᠡ ᠵᠠᠩᠭᠢ ᠶᠢ ᠬᠠᠶᠢᠨ ᠯᠠᠪᠯᠠᠵᠤ᠂ ᠬᠠᠮᠢᠶ᠎ᠠ ᠪᠦᠬᠦᠢ ᠬᠡᠷᠡᠭ ᠢ ᠭᠦᠢᠴᠡᠳᠬᠡᠬᠦ ᠲᠤᠬᠠᠢ ᠬᠠᠤᠯᠢᠴᠢ ᠶᠢᠨ | ᠵᠠᠷᠭᠤᠯᠳᠤᠭᠠᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ ᠪᠣᠯᠣᠨ᠎ᠠ ᠭᠡᠵᠦ ᠲᠣᠭᠲᠠᠭᠠᠵᠠᠢ᠃ | ᠳᠥᠷᠪᠡ ᠳᠤ᠂ ᠥᠯᠥ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠭᠰᠡᠨ ᠮᠡᠳᠡᠭᠡ ᠵᠠᠩᠭᠢ ᠶᠢᠨ | ᠮᠠᠲ᠋ᠧᠷᠢᠶᠠᠯ ᠤᠨ ᠠᠮᠤᠷ ᠲᠦᠪᠰᠢᠨ ᠢ ᠪᠠᠲᠤᠯᠠᠬᠤ ᠠᠷᠭ᠎ᠠ ᠬᠡᠮᠵᠢᠶ᠎ᠡ ᠶᠢ ᠲᠣᠭᠲᠠᠭᠠᠵᠤ᠂ ︽ᠬᠤᠪᠢ ᠬᠥᠮᠥᠨ ᠤ | ᠮᠡᠳᠡᠭᠡ ᠵᠠᠩᠭᠢ ᠶᠢᠨ ᠵᠠᠳᠠᠷᠠᠬᠤ ᠠᠴᠠ ᠬᠡᠷᠬᠢᠨ ᠰᠡᠷᠭᠡᠶᠢᠯᠡᠬᠦ︾ ᠠᠰᠠᠭᠤᠳᠠᠯ ᠢ ᠲᠣᠳᠣᠷᠬᠠᠶᠢᠯᠠᠪᠠ᠃ ᠥᠯᠥ ᠬᠥᠳᠡᠯᠬᠦ | ᠬᠥᠷᠥᠩᠭᠡ ᠶᠢ ᠳᠠᠩᠰᠠᠯᠠᠨ ᠲᠡᠮᠳᠡᠭᠯᠡᠭᠰᠡᠨ ᠮᠡᠳᠡᠭᠡ ᠵᠠᠩᠭᠢ ᠶᠢᠨ ᠠᠮᠤᠷ ᠲᠦᠪᠰᠢᠨ ᠢ ᠬᠠᠮᠠᠭᠠᠯᠠᠬᠤ ᠪᠣᠯ ᠥᠯᠥ | ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠬᠦ ᠬᠠᠤᠯᠢ ᠴᠠᠭᠠᠵᠠ ᠳᠦᠷᠢᠮ ᠤᠨ ᠪᠠᠶᠢᠭᠤᠯᠤᠯᠲᠠ ᠶᠢᠨ ᠴᠢᠬᠤᠯᠠ | ᠬᠠᠷᠠᠯᠲᠠ ᠶᠢᠨ ᠨᠢᠭᠡ ᠪᠣᠯᠣᠨ᠎ᠠ᠃ ᠰᠢᠨ᠎ᠡ ᠴᠠᠭ ᠤᠨ ᠪᠠᠶᠢᠳᠠᠯ ᠤᠨ ᠱᠠᠭᠠᠷᠳᠠᠯᠭ᠎ᠠ ᠲᠠᠢ ᠵᠣᠬᠢᠴᠠᠯᠳᠤᠵᠤ᠂ ᠳᠠᠩᠰᠠᠯᠠᠨ | ᠲᠡᠮᠳᠡᠭᠯᠡᠭᠰᠡᠨ ᠮᠠᠲ᠋ᠧᠷᠢᠶᠠᠯ ᠤᠨ ᠮᠡᠳᠡᠭᠡ ᠵᠠᠩᠭᠢ ᠶᠢᠨ ᠠᠮᠤᠷ ᠲᠦᠪᠰᠢᠨ ᠤ ᠬᠠᠮᠠᠭᠠᠯᠠᠯᠲᠠ ᠶᠢ ᠴᠢᠩᠭᠠᠳᠬᠠᠬᠤ ᠶᠢᠨ | ᠲᠥᠯᠥᠭᠡ᠂ ︽ᠠᠷᠭ᠎ᠠ︾ ᠳᠤ ᠥᠯᠥ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠬᠦ ᠪᠠᠶᠢᠭᠤᠯᠤᠮᠵᠢ ᠨᠢ ᠮᠡᠳᠡᠭᠡ | ᠵᠠᠩᠭᠢ ᠶᠢᠨ ᠠᠮᠤᠷ ᠲᠦᠪᠰᠢᠨ ᠢ ᠬᠠᠮᠠᠭᠠᠯᠠᠬᠤ ᠠᠵᠢᠯ ᠢ ᠴᠢᠩᠭᠠᠳᠬᠠᠵᠤ᠂ ᠠᠮᠤᠷ ᠲᠦᠪᠰᠢᠨ ᠤ ᠬᠥᠮᠥᠵᠢᠯ | ᠪᠣᠯᠪᠠᠰᠤᠷᠠᠭᠤᠯᠤᠯ ᠬᠢᠬᠦ᠂ ᠬᠡᠷᠡᠭᠯᠡᠭᠴᠢ ᠶᠢᠨ ᠡᠷᠬᠡ ᠶᠢᠨ ᠬᠢᠵᠠᠭᠠᠷ ᠢ ᠲᠣᠬᠢᠷᠠᠭᠤᠯᠬᠤ᠂ ᠰᠡᠷᠭᠡᠶᠢᠯᠡᠯᠲᠡ | ᠬᠠᠮᠢᠶᠠᠷᠤᠯᠲᠠ ᠶᠢ ᠴᠢᠩᠭᠠᠷᠠᠭᠤᠯᠬᠤ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠭᠤᠯᠵᠤ᠂ ᠮᠡᠳᠡᠭᠡ | ᠵᠠᠩᠭᠢ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠡᠭᠦᠨ ᠤ ᠬᠠᠮᠲᠤ᠂ ᠲᠣᠷᠭᠠᠬᠤ ᠳᠦᠷᠢᠮ ᠳᠤ ᠬᠠᠶᠢᠨ | ᠯᠠᠪᠯᠠᠭᠴᠢ᠂ ᠥᠯᠥ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠬᠦ ᠪᠠᠶᠢᠭᠤᠯᠤᠮᠵᠢ ᠵᠢᠴᠢ ᠪᠠᠶᠢᠭᠤᠯᠤᠮᠵᠢ ᠶᠢᠨ | ᠠᠵᠢᠯᠲᠠᠨ ᠵᠡᠷᠭᠡ ᠶᠢ ᠪᠠᠭᠲᠠᠭᠠᠭᠰᠠᠨ ᠡᠯ᠎ᠡ ᠲᠥᠷᠥᠯ ᠤᠨ ᠭᠤᠣᠯ ᠴᠣᠭᠴᠠ ᠶᠢᠨ ᠬᠠᠤᠯᠢ ᠶᠢ ᠵᠥᠷᠢᠴᠡᠨ ᠥᠯᠥ | ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠭᠰᠡᠨ ᠮᠡᠳᠡᠭᠡ ᠵᠠᠩᠭᠢ ᠶᠢ ᠵᠠᠳᠠᠷᠠᠭᠤᠯᠬᠤ ᠶᠢᠨ ᠬᠠᠤᠯᠢ ᠴᠠᠭᠠᠵᠠ ᠶᠢᠨ | ᠬᠠᠷᠢᠭᠤᠴᠠᠯᠭ᠎ᠠ ᠶᠢ ᠲᠣᠳᠣᠷᠬᠠᠶᠢᠯᠠᠭᠰᠠᠨ ᠪᠠᠶᠢᠨ᠎ᠠ᠃ | ᠠᠷᠭ᠎ᠠ ᠬᠡᠮᠵᠢᠶ᠎ᠡ ᠠᠪᠴᠤ ︽ᠠᠷᠭ᠎ᠠ︾ ᠶᠢᠨ ᠪᠦᠲᠦᠮᠵᠢᠲᠡᠢ ᠬᠡᠷᠡᠭᠵᠢᠭᠦᠯᠦᠯᠲᠡ ᠶᠢ ᠪᠠᠲᠤᠯᠠᠨ᠎ᠠ | ᠬᠠᠤᠯᠢ ᠴᠠᠭᠠᠵᠠ ᠳᠦᠷᠢᠮ ᠤᠨ ᠠᠮᠢᠵᠢᠷᠠᠯ ᠤᠨ ᠬᠦᠴᠦᠨ ᠨᠢ ᠬᠡᠷᠡᠭᠵᠢᠭᠦᠯᠬᠦ ᠳᠤ ᠪᠠᠶᠢᠵᠤ᠂ ᠡᠷᠬᠡ ᠰᠦᠷ ᠨᠢ | ᠴᠤ ᠬᠡᠷᠡᠭᠵᠢᠭᠦᠯᠬᠦ ᠳᠤ ᠪᠠᠶᠢᠳᠠᠭ᠃ ︽ᠠᠷᠭ᠎ᠠ︾ ᠶᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠵᠦ᠂ ᠠᠷᠭ᠎ᠠ | ᠬᠡᠮᠵᠢᠶ᠎ᠡ ᠠᠪᠴᠤ ᠲᠤᠤᠱᠲᠠᠢ ᠬᠡᠷᠡᠭᠵᠢᠭᠦᠯᠬᠦ ᠶᠢ ᠪᠠᠲᠤᠯᠠᠬᠤ ᠬᠡᠷᠡᠭᠲᠡᠢ᠃ ᠨᠢᠭᠡ ᠳᠤ ︽ᠠᠷᠭ᠎ᠠ︾ ᠶᠢ ᠰᠤᠷᠤᠯᠴᠠᠬᠤ᠂ | ᠤᠬᠠᠭᠤᠯᠬᠤ ᠪᠠ ᠪᠣᠯᠪᠠᠰᠤᠷᠠᠭᠤᠯᠬᠤ ᠠᠵᠢᠯ ᠢ ᠬᠢᠨᠠᠮᠠᠭᠠᠢ ᠰᠠᠶᠢᠲᠤᠷ ᠵᠣᠬᠢᠶᠠᠨ ᠪᠠᠶᠢᠭᠤᠯᠵᠤ᠂ ᠥᠯᠥ ᠬᠥᠳᠡᠯᠬᠦ | ᠬᠥᠷᠥᠩᠭᠡ ᠶᠢ ᠳᠠᠩᠰᠠᠯᠠᠨ ᠲᠡᠮᠳᠡᠭᠯᠡᠬᠦ ᠪᠠᠶᠢᠭᠤᠯᠤᠮᠵᠢ ᠶᠢᠨ ᠥᠷᠭᠡᠨ ᠣᠯᠠᠨ ᠠᠵᠢᠯᠲᠠᠨ ᠳᠤ ︽ᠠᠷᠭ᠎ᠠ︾ ᠶᠢᠨ | ᠵᠣᠷᠢᠭ ᠰᠠᠨᠠᠭ᠎ᠠ ᠪᠠ ᠱᠠᠭᠠᠷᠳᠠᠯᠭ᠎ᠠ ᠶᠢ ᠣᠶᠢᠯᠠᠭᠠᠭᠤᠯᠵᠤ᠂ ︽ᠠᠷᠭ᠎ᠠ︾ ᠶᠢᠨ ᠡᠯ᠎ᠡ ᠵᠦᠢᠯ ᠤᠨ ᠲᠣᠭᠲᠠᠭᠠᠯ ᠢ | ᠨᠡᠪᠲᠡᠷᠬᠡᠢ ᠮᠡᠳᠡᠭᠦᠯᠦᠨ᠂ ᠪᠣᠯᠪᠠᠰᠤᠷᠠᠩᠭᠤᠢ ᠡᠵᠡᠮᠰᠢᠭᠦᠯᠵᠦ᠂ ᠴᠢᠳᠠᠮᠠᠭᠠᠢ ᠬᠡᠷᠡᠭᠯᠡᠭᠦᠯᠦᠨ᠎ᠡ᠃ ︽ᠠᠷᠭ᠎ᠠ︾ ᠲᠠᠢ | ᠬᠠᠷᠭᠤᠭᠤᠯᠵᠤ ᠥᠯᠥ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠭᠰᠡᠨ ᠮᠠᠲ᠋ᠧᠷᠢᠶᠠᠯ ᠢ ᠬᠠᠶᠢᠨ ᠯᠠᠪᠯᠠᠬᠤ | ᠠᠵᠢᠯ ᠤᠨ ᠠᠯᠬᠤᠮ ᠳᠠᠷᠠᠭᠠᠯᠠᠯ ᠢ ᠡᠮᠬᠢᠯᠡᠨ ᠳᠢᠭᠯᠡᠵᠦ᠂ ᠬᠠᠮᠢᠶ᠎ᠠ ᠪᠦᠬᠦᠢ ᠠᠵᠢᠯᠯᠠᠭᠠᠨ ᠢ ᠨᠠᠷᠢᠯᠢᠭᠵᠢᠭᠤᠯᠤᠨ᠂ | ᠠᠵᠢᠯ ᠤᠨ ᠴᠢᠳᠠᠪᠤᠷᠢ ᠪᠠ ᠬᠢᠷᠢ ᠲᠦᠪᠰᠢᠨ ᠢ ᠨᠢ ᠦᠨᠡᠨ ᠬᠦ ᠳᠡᠭᠡᠭᠰᠢᠯᠡᠭᠦᠯᠦᠨ᠎ᠡ᠃ ᠬᠤᠶᠠᠷ ᠲᠤ᠂ ᠪᠦᠬᠦ | ᠨᠡᠶᠢᠭᠡᠮ ᠳᠤ ︽ᠠᠷᠭ᠎ᠠ︾ ᠶᠢ ᠶᠡᠭᠡ ᠪᠠᠷ ᠤᠬᠠᠭᠤᠯᠵᠤ᠂ ᠥᠷᠭᠡᠨ ᠣᠯᠠᠨ ᠲᠦᠮᠡᠨ ᠳᠤ ᠥᠯᠥ ᠬᠥᠳᠡᠯᠬᠦ | ᠬᠥᠷᠥᠩᠭᠡ ᠶᠢ ᠳᠠᠩᠰᠠᠯᠠᠨ ᠲᠡᠮᠳᠡᠭᠯᠡᠭᠰᠡᠨ ᠮᠠᠲ᠋ᠧᠷᠢᠶᠠᠯ ᠢ ᠬᠠᠶᠢᠨ ᠯᠠᠪᠯᠠᠬᠤ ᠳᠤ ᠶᠠᠮᠠᠷ ᠪᠠᠶᠢᠳᠠᠯ ᠳᠣᠣᠷ᠎ᠠ ᠬᠠᠶᠢᠨ | ᠯᠠᠪᠯᠠᠵᠤ ᠪᠣᠯᠬᠤ᠂ ᠶᠠᠭᠤ ᠶᠢ ᠬᠠᠶᠢᠨ ᠯᠠᠪᠯᠠᠵᠤ ᠳᠡᠶᠢᠯᠬᠦ᠂ ᠶᠠᠭᠠᠬᠢᠵᠤ ᠬᠠᠶᠢᠨ ᠯᠠᠪᠯᠠᠬᠤ᠂ ᠶᠠᠭᠠᠬᠢᠵᠤ ᠬᠡᠷᠡᠭᠯᠡᠬᠦ ᠵᠢᠴᠢ | ᠡᠭᠦᠷᠭᠡᠯᠡᠬᠦ ᠴᠢᠬᠤᠯᠠᠲᠠᠢ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠮᠡᠳᠡᠭᠦᠯᠵᠦ᠂ ᠡᠷᠬᠡ ᠪᠠ ᠡᠭᠦᠷᠭᠡ ᠶᠢ ᠦᠨᠡᠨ ᠬᠦ | ᠣᠶᠢᠯᠠᠭᠠᠭᠤᠯᠤᠨ᠎ᠠ᠃ ᠭᠤᠷᠪᠠ ᠳᠤ᠂ ︽ᠠᠷᠭ᠎ᠠ︾ ᠶᠢ ᠬᠡᠷᠡᠭᠵᠢᠭᠦᠯᠦᠭᠰᠡᠨ ᠪᠠᠶᠢᠳᠠᠯ ᠢ ᠮᠥᠷᠳᠡᠨ ᠡᠵᠡᠮᠰᠢᠬᠦ ᠶᠢ | ᠬᠢᠨᠠᠮᠠᠭᠠᠢ ᠰᠠᠶᠢᠲᠤᠷ ᠬᠢᠵᠦ᠂ ᠠᠰᠠᠭᠤᠳᠠᠯ ᠢ ᠴᠠᠭ ᠲᠤᠬᠠᠢ ᠳᠤ ᠨᠢ ᠢᠯᠡᠷᠡᠭᠦᠯᠦᠨ᠂ ᠲᠤᠷᠰᠢᠯᠭ᠎ᠠ ᠪᠠᠨ ᠳ᠋ᠦᠩᠨᠡᠵᠦ᠂ | ᠳᠦᠷᠢᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠥᠯᠥ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠭᠰᠡᠨ | ᠮᠠᠲ᠋ᠧᠷᠢᠶᠠᠯ ᠢ ᠬᠠᠶᠢᠨ ᠯᠠᠪᠯᠠᠬᠤ ᠠᠵᠢᠯ ᠢ ᠡᠳᠦᠷ ᠢᠷᠡᠬᠦᠶ᠎ᠡ ᠵᠢᠷᠤᠮᠵᠢᠭᠤᠯᠬᠤ ᠪᠠ ᠠᠷᠠᠳ ᠲᠤ ᠳᠥᠭᠦᠮ ᠦᠵᠡᠭᠦᠯᠬᠦ᠂ | ᠥᠨᠳᠥᠷ ᠪᠦᠲᠦᠮᠵᠢᠲᠡᠢ ᠪᠠᠶᠢᠯᠭᠠᠬᠤ ᠶᠢ ᠠᠬᠢᠭᠤᠯᠤᠨ᠎ᠠ᠃ | | |