ᠤᠯᠤᠰ ᠤᠨ ᠭᠠᠶᠢᠯᠢ ᠶᠢᠨ ᠶᠡᠷᠦᠩᠬᠡᠢ ᠲᠤᠪᠴᠢᠶ᠎ᠠ ᠶᠢᠨ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠭᠠᠶᠢᠯᠢ ᠶᠢᠨ ᠲᠤᠪᠴᠢᠶ᠎ᠠ ᠵᠢᠩᠬᠢᠨᠢ ᠪᠠᠷ ᠢᠯᠡᠷᠬᠡᠶᠢᠯᠡᠯ ᠡᠯᠬᠦᠨ ᠪᠠᠶᠢᠭᠤᠯᠤᠭᠳᠠᠵᠤ  ᠵᠠᠩ ᠵᠢᠶᠠᠨ ᠮᠢᠨ ᠤᠷᠤᠯᠴᠠᠵᠤ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2018/6/19
      6 ᠰᠠᠷ᠎ᠠ ᠶᠢᠨ 15᠎ ᠤ ᠡᠳᠦᠷ ᠤᠨ ᠦᠳᠡ ᠶᠢᠨ ᠡᠮᠦᠨᠡᠬᠢ 10 ᠴᠠᠭ ᠲᠤ᠂ ᠤᠯᠤᠰ ᠤᠨ ᠭᠠᠶᠢᠯᠢ ᠶᠢᠨ ᠶᠡᠷᠦᠩᠬᠡᠢ ᠲᠤᠪᠴᠢᠶ᠎ᠠ ᠶᠢᠨ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠭᠠᠶᠢᠯᠢ ᠶᠢᠨ ᠲᠤᠪᠴᠢᠶ᠎ᠠ ᠵᠢᠩᠬᠢᠨᠢ ᠪᠠᠷ ᠢᠯᠡᠷᠬᠡᠶᠢᠯᠡᠯ ᠡᠯᠬᠦᠨ ᠪᠠᠶᠢᠭᠤᠯᠤᠭᠳᠠᠪᠠ᠃      ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠨ᠂ ᠦᠪᠡᠷᠳᠡᠬᠡᠨ ᠵᠠᠰᠠᠬᠤ ᠤᠷᠤᠨ ᠤ ᠪᠠᠶᠢᠩᠭᠤ ᠶᠢᠨ ᠲᠡᠳ᠋ ᠲᠡᠷᠢᠬᠦᠯᠡᠭᠴᠢ ᠵᠠᠩ ᠵᠢᠶᠠᠨ ᠮᠢᠨ ᠪᠤᠯᠤᠨ ᠤᠯᠤᠰ ᠤᠨ ᠭᠠᠶᠢᠯᠢ ᠶᠢᠨ ᠶᠡᠷᠦᠩᠬᠡᠢ ᠲᠤᠪᠴᠢᠶ᠎ᠠ ᠶᠢᠨ ᠲᠠᠪᠤᠳᠤᠭᠠᠷ ᠬᠠᠷᠢᠯᠴᠠᠬᠤ ︵ᠬᠢᠨᠡᠨ ᠵᠢᠯᠤᠭᠤᠤᠨᠬᠤ︶ ᠳᠤᠭᠤᠶᠢᠯᠠᠩ ᠤᠨ ᠪᠠᠶᠢᠩᠭᠤ ᠶᠢᠨ ᠲᠡᠳ᠋ ᠲᠠᠷᠤᠭ᠎ᠠ ᠰᠢᠶᠧ ᠪᠢᠨ ᠢᠯᠡᠷᠬᠡᠶᠢᠯᠡᠯ ᠡᠯᠬᠦᠬᠦ ᠶᠤᠰᠤᠯᠠᠯ ᠳᠤ ᠤᠷᠤᠯᠴᠠᠵᠦ ᠶᠠᠷᠢᠶ᠎ᠠ ᠲᠠᠯᠪᠢᠵᠠᠢ᠃      ᠵᠠᠩ ᠵᠢᠶᠠᠨ ᠮᠢᠨ ᠵᠢᠭᠠᠭᠰᠠᠨ ᠨᠢ᠂ ᠤᠯᠤᠰ ᠤᠨ ᠭᠠᠶᠢᠯᠢ ᠶᠢᠨ ᠶᠡᠷᠦᠩᠬᠡᠢ ᠲᠤᠪᠴᠢᠶ᠎ᠠ ᠶᠢᠨ ᠦᠪᠦᠷ ᠮᠤᠩᠭᠤᠯ ᠎ ᠤᠨ ᠦᠪᠡᠷᠳᠡᠬᠡᠨ ᠵᠠᠰᠠᠬᠤ ᠤᠷᠤᠨ ᠤ ᠭᠠᠶᠢᠯᠢ ᠶᠢᠨ ᠲᠤᠪᠴᠢᠶ᠎ᠠ ᠶᠢᠨ ᠢᠯᠡᠷᠬᠡᠶᠢᠯᠡᠯ ᠡᠯᠬᠦᠵᠦ ᠪᠠᠶᠢᠭᠤᠯᠤᠭᠳᠠᠭᠰᠠᠨ ᠨᠢ ᠦᠪᠡᠷᠳᠡᠬᠡᠨ ᠵᠠᠰᠠᠬᠤ ᠤᠷᠤᠨ ᠤ ᠤᠯᠤᠰ ᠤᠨ ᠭᠠᠶᠢᠯᠢ ᠤᠷᠤᠨ ᠨᠤᠳᠤᠬ ᠤᠨ ᠭᠠᠶᠢᠯᠢ ᠶᠢ ᠲᠠᠲᠠᠪᠤᠷᠢᠯᠠᠬᠤ ᠬᠠᠮᠢᠶᠠᠷᠬᠤ ᠪᠠᠶᠢᠭᠤᠯᠤᠮᠵᠢ ᠶᠢᠨ ᠦᠬᠡᠷᠡᠴᠢᠯᠡᠯᠳᠡ ᠶᠢᠨ ᠠᠵᠢᠯ ᠪᠤᠳᠠᠳᠤ ᠠᠬᠢᠬᠤ ᠴᠢᠨᠠᠷᠳᠠᠢ ᠱᠠᠳᠤᠨ ᠳᠤ ᠤᠷᠤᠬᠰᠠᠨ ᠢ ᠬᠠᠷᠠᠭᠤᠯᠵᠦ᠂ ᠪᠦᠬᠦ ᠤᠷᠤᠨ ᠤ ᠪᠠᠶᠢᠭᠤᠯᠤᠮᠵᠢ ᠶᠢᠨ ᠦᠬᠡᠷᠡᠴᠢᠯᠡᠯᠳᠡ ᠶᠢᠨ ᠠᠬᠢᠴᠠ ᠲᠤᠮᠳᠠᠬᠢ ᠪᠡᠯᠬᠡ ᠲᠡᠮᠳᠡᠭ ᠤᠨ ᠴᠢᠨᠠᠷᠳᠠᠢ ᠤᠳᠬ᠎ᠠ ᠠᠭᠤᠯᠭ᠎ᠠ ᠪᠦᠬᠦᠢ ᠨᠢᠬᠡ ᠲᠤᠮᠤ ᠶᠠᠪᠤᠳᠠᠯ ᠮᠦᠨ᠃ ᠰᠢᠨ᠎ᠠ ᠪᠠᠷ ᠪᠠᠶᠢᠭᠤᠯᠤᠭᠳᠠᠭᠰᠠᠨ ᠭᠠᠶᠢᠯᠢ ᠶᠢᠨ ᠪᠠᠶᠢᠭᠤᠯᠤᠮᠵᠢ ᠨᠢ ᠪᠦᠬᠦ ᠤᠷᠤᠨ ᠤ ᠭᠠᠶᠢᠯᠢ ᠶᠢᠨ ᠦᠬᠡᠷᠡᠴᠢᠯᠡᠯᠳᠡ ᠬᠦᠭᠵᠢᠯᠳᠡ ᠶᠢᠨ ᠠᠵᠢᠯ ᠤᠨ ᠡᠬᠦᠷᠬᠡ ᠬᠠᠷᠢᠭᠤᠴᠠᠯᠭ᠎ᠠ ᠪᠠᠨ ᠦᠨᠡᠨᠬᠦ ᠡᠬᠦᠷᠬᠡᠯᠡᠨ᠂ ᠤᠬᠠᠮᠰᠠᠷ ᠠᠴᠠ ᠪᠠᠨ ᠶᠡᠭᠡ ᠲᠠᠯ᠎ᠠ ᠶᠢ ᠲᠠᠭᠠᠵᠦ ᠶᠡᠭᠡ ᠲᠠᠯ᠎ᠠ ᠳᠤ ᠦᠢᠯᠡᠴᠢᠯᠡᠨ᠂ ᠠᠵᠢᠯ ᠤᠨ ᠰᠠᠨᠠᠭᠠᠴᠢᠯᠠᠭᠠᠳᠤ ᠡᠷᠬᠡ ᠶᠢ ᠪᠠᠳᠤ ᠡᠵᠡᠮᠳᠡᠨ᠂ ᠦᠪᠡᠷᠳᠡᠬᠡᠨ ᠵᠠᠰᠠᠬᠤ ᠤᠷᠤᠨ ᠤ ᠠᠵᠦ ᠠᠬᠤᠢ ᠶᠢᠨ ᠬᠦᠭᠵᠢᠯᠳᠡ ᠪᠠ ᠠᠷᠠᠳ ᠤᠨ ᠠᠮᠢᠳᠤᠷᠠᠯ ᠤᠨ ᠰᠠᠶᠢᠵᠢᠷᠠᠯᠲᠠ ᠶᠢ ᠪᠦᠬᠦ ᠬᠦᠴᠦᠨ ᠢᠶᠠᠷ ᠢᠶᠠᠨ ᠲᠤᠰᠠᠯᠠᠨ ᠠᠬᠢᠭᠤᠯᠬᠤ ᠬᠡᠷᠡᠭᠳᠡᠢ᠃ ᠰᠢᠨ᠎ᠠ ᠤᠨᠤᠯᠵᠢᠬᠤᠨ ᠰᠡᠳᠬᠢᠬᠦᠢ ᠶᠢ ᠪᠠᠳᠤ ᠪᠤᠢ ᠪᠤᠯᠭᠠᠵᠤ᠂ ᠲᠤᠳᠤᠭᠠᠳᠤ ᠳᠠᠬᠢ ᠬᠠᠮᠢᠶᠠᠷᠤᠯᠳᠠ ᠪᠠᠨ ᠦᠨᠡᠨᠬᠦ ᠴᠢᠩᠭᠠᠳᠬᠠᠨ᠂ ᠭᠠᠶᠢᠯᠢ ᠲᠤᠰᠢᠶᠠᠬᠤ ᠳᠤ ᠦᠢᠯᠡᠴᠢᠯᠡᠬᠦ ᠪᠠᠨ ᠲᠠᠰᠤᠷᠠᠯᠳᠠ ᠦᠬᠡᠢ ᠰᠢᠯᠢᠳᠡᠭᠵᠢᠬᠦᠯᠦᠨ᠂ ᠭᠠᠶᠢᠯᠢ ᠲᠠᠲᠠᠪᠤᠷᠢᠯᠠᠬᠤ ᠬᠤᠳᠠᠯᠳᠤᠭᠠᠨ ᠤ ᠡᠵᠡᠩᠨᠡᠯᠳᠡ ᠶᠢᠨ ᠤᠷᠴᠢᠨ ᠲᠤᠭᠤᠷᠢᠨ ᠢ ᠴᠢᠷᠮᠠᠶᠢᠨ ᠰᠠᠶᠢᠵᠢᠷᠠᠭᠤᠯᠬᠤ ᠬᠡᠷᠡᠭᠳᠡᠢ᠃ ᠦᠬᠡᠷᠡᠴᠢᠯᠡᠯᠳᠡ ᠪᠠᠷ ᠭᠠᠶᠢᠯᠢ ᠶᠢ ᠬᠦᠴᠦᠷᠭᠡᠭᠵᠢᠬᠦᠯᠬᠦ ᠵᠠᠮ ᠢᠶᠠᠷ ᠵᠠᠮᠨᠠᠬᠤ ᠶᠢ ᠪᠠᠷᠢᠮᠳᠠᠯᠠᠨ᠂ ᠦᠬᠡᠷᠡᠴᠢᠯᠡᠯᠳᠡ ᠬᠦᠭᠵᠢᠯᠳᠡ ᠶᠢᠨ ᠠᠰᠢᠭ ᠢ ᠬᠦᠢᠴᠡᠳ ᠪᠠᠳᠠᠷᠠᠭᠠᠬᠤ ᠬᠡᠷᠡᠭᠳᠡᠢ ᠭᠡᠵᠡᠢ᠃ ᠲᠡᠷᠡ ᠱᠠᠭᠠᠷᠳᠠᠭᠰᠠᠨ ᠨᠢ᠂ ᠤᠯᠤᠰ ᠤᠨ ᠭᠠᠶᠢᠯᠢ ᠶᠢᠨ ᠶᠡᠷᠦᠩᠬᠡᠢ ᠲᠤᠪᠴᠢᠶ᠎ᠠ ᠶᠢᠨ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠭᠠᠶᠢᠯᠢ ᠶᠢᠨ ᠲᠤᠪᠴᠢᠶ᠎ᠠ ᠪᠠᠶᠢᠭᠤᠯᠤᠭᠳᠠᠭᠰᠠᠨ ᠢᠶᠠᠷ ᠠᠵᠠ ᠲᠤᠬᠢᠶᠠᠯ ᠪᠤᠯᠭᠠᠵᠦ᠂ ᠦᠵᠡᠯ ᠲᠠᠨᠢᠯᠲᠠ ᠪᠠᠨ ᠤᠯᠠᠮ ᠨᠢᠭᠡ ᠠᠯᠬᠤᠮ ᠨᠢᠭᠡᠳᠬᠡᠵᠦ᠂ ᠠᠵᠢᠯ ᠤᠨ ᠨᠡᠶᠢᠯᠡᠯ ᠬᠦᠴᠦᠨ ᠢᠶᠠᠨ ᠨᠢᠬᠳᠠᠷᠠᠭᠤᠯᠤᠨ᠂ ︽ᠲᠦᠷᠪᠡ ᠶᠢ ᠪᠠᠳᠤᠯᠠᠬᠤ︾ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠂ ︽ᠬᠤᠶᠠᠷ ᠢ ᠰᠠᠭᠠᠳᠠᠭᠠᠬᠤ ᠦᠬᠡᠢ᠂ ᠬᠤᠶᠠᠷ ᠢ ᠠᠬᠢᠭᠤᠯᠬᠤ︾᠎ ᠶᠢ ᠪᠡᠶᠡᠯᠡᠬᠦᠯᠵᠦ᠂ ᠪᠦᠬᠦ ᠤᠷᠤᠨ ᠤ ᠪᠠᠶᠢᠭᠤᠯᠤᠮᠵᠢ ᠶᠢᠨ ᠦᠬᠡᠷᠡᠴᠢᠯᠡᠯᠳᠡ ᠶᠢᠨ ᠠᠵᠢᠯ ᠳᠤ ᠵᠢᠱᠢᠶ᠎ᠠ ᠦᠵᠡᠬᠦᠯᠵᠦ ᠬᠦᠲᠦᠯᠦᠨ ᠲᠠᠭᠠᠭᠤᠯᠬᠤ ᠦᠢᠯᠡᠳᠦᠯ ᠢᠶᠠᠨ ᠪᠠᠳᠠᠷᠠᠭᠤᠯᠬᠤ ᠬᠡᠷᠡᠭᠳᠡᠢ ᠭᠡᠵᠡᠢ᠃      ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠲᠠᠪᠤᠳᠤᠭᠠᠷ ᠬᠠᠷᠢᠯᠴᠠᠬᠤ ︵ᠬᠢᠨᠠᠨ ᠵᠢᠯᠣᠭᠤᠳᠬᠤ︶ ᠳᠤᠭᠤᠶᠢᠯᠠᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭᠠᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠤᠯᠤᠰ ᠤᠨ ᠦᠮᠴᠢᠯᠡᠯ ᠤᠨ ᠡᠳ᠋ ᠬᠦᠷᠦᠩᠭᠡ ᠶᠢᠨ ᠵᠦᠪᠯᠡᠯ᠂ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ᠂ ᠨᠢᠭᠤᠴᠠ ᠶᠢ ᠬᠠᠮᠠᠭᠠᠯᠠᠬᠤ ᠲᠤᠪᠴᠢᠶ᠎ᠠ᠂ ᠳᠠᠩᠰᠠ ᠡᠪᠬᠡᠮᠡᠯ ᠤᠨ ᠲᠣᠪᠴᠢᠶᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ ᠪᠠ ᠠᠯᠪᠠᠨ ᠪᠠᠶᠢᠭᠤᠯᠭ᠎ᠠ ᠶᠢᠨ ᠺᠠᠳ᠋ᠷ ᠨᠠᠷ ᠢᠯᠡᠷᠬᠡᠶᠢᠯᠡᠯ ᠡᠯᠭᠦᠬᠦ ᠶᠣᠰᠣᠯᠠᠯ ᠳᠤ ᠣᠷᠣᠯᠴᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号