| 6 ᠳ᠋ᠤᠭᠠᠷ ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ | ᠲᠣᠪᠴᠢᠶ᠎ᠠ ᠭᠤᠣᠯᠯᠠᠨ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠪᠡᠶ᠎ᠡ ᠶᠢᠨ ᠲᠠᠮᠢᠷ ᠤᠨ | ᠦᠢᠯᠡᠴᠢᠯᠡᠭᠡᠨ ᠤ ᠲᠥᠪ᠂ ᠲᠦᠩᠯᠢᠶᠣᠤ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠷᠴᠢᠨ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠳᠠᠭᠠᠭᠠᠴᠢᠯᠠᠨ ᠡᠷᠭᠢᠯᠡᠭᠰᠡᠨ ︽ᠪᠠᠶᠠᠰᠬᠤᠯᠠᠩᠲᠤ ᠲᠠᠯ᠎ᠠ ᠨᠤᠲᠤᠭ · | ᠡᠷᠡᠭᠦᠯ ᠮᠡᠨᠳᠦ ᠥᠪᠥᠷ ᠮᠣᠩᠭᠤᠯ︾ ᠠᠷᠪᠠᠳᠤᠭᠠᠷ ᠬᠤᠭᠤᠴᠠᠭᠠᠨ ᠤ ᠪᠦᠬᠦ ᠣᠷᠣᠨ ᠤ ᠠᠷᠠᠳ ᠨᠡᠶᠢᠲᠡ ᠶᠢᠨ ᠪᠡᠶ᠎ᠡ | ᠮᠠᠬᠠᠪᠣᠳ ᠢ ᠴᠢᠭᠢᠷᠠᠭᠵᠢᠭᠤᠯᠬᠤ ᠪᠡᠶ᠎ᠡ ᠶᠢᠨ ᠲᠠᠮᠢᠷ ᠤᠨ ᠴᠤᠭᠯᠠᠭᠠᠨ ᠤ ᠳᠤᠭᠤᠶ ᠲᠡᠷᠭᠡᠨ ᠤ ᠤᠷᠤᠯᠳᠤᠭᠠᠨ ᠵᠢᠴᠢ ︽ | ᠰᠢ ᠳ᠋ᠧ ᠱᠧᠩ︾ ᠲᠡᠮᠳᠡᠭᠲᠦ ᠭᠤᠷᠪᠠᠳᠤᠭᠠᠷ ᠬᠤᠭᠤᠴᠠᠭᠠᠨ ᠤ ᠮᠣᠷᠢᠨ ᠰᠦᠮ᠎ᠡ ᠨᠠᠭᠤᠷ ᠢ ᠲᠣᠭᠤᠷᠢᠬᠤ ᠳᠤᠭᠤᠢ | ᠲᠡᠷᠭᠡ ᠶᠢᠨ ᠵᠠᠰᠠᠮᠠᠯ ᠵᠠᠮ ᠤᠨ ᠥᠷᠢᠰᠥᠯᠳᠦᠬᠦ ᠤᠷᠤᠯᠳᠤᠭᠠᠨ ᠲᠦᠩᠯᠢᠶᠣᠤ ᠬᠤᠲᠠ ᠶᠢᠨ ᠮᠣᠷᠢᠨ ᠰᠦᠮ᠎ᠡ ᠨᠠᠭᠤᠷ ᠢ | ᠲᠣᠭᠤᠷᠢᠭᠰᠠᠨ ᠤᠷᠤᠯᠳᠤᠭᠠᠨ ᠤ ᠵᠠᠰᠠᠮᠠᠯ ᠵᠠᠮ ᠳᠡᠭᠡᠷ᠎ᠡ ᠶᠠᠪᠤᠭᠳᠠᠪᠠ᠃ | ᠲᠤᠰ ᠤᠳᠠᠭᠠᠨ ᠤ ᠳᠤᠭᠤᠶ ᠲᠡᠷᠭᠡ ᠶᠢᠨ ᠤᠷᠤᠯᠳᠤᠭᠠᠨ ᠳᠤ ᠺᠯᠦ᠋ᠪ ᠨᠡᠶᠢᠭᠡᠮᠯᠢᠭ ᠤᠨ ᠡᠷᠡᠭᠲᠡᠶ ᠶᠢᠨ | ᠵᠠᠯᠠᠭᠤᠴᠤᠳ ᠤᠨ ᠳᠤᠭᠤᠶᠢᠯᠠᠩ᠂ ᠡᠷᠡᠭᠲᠡᠶ ᠶᠢᠨ ᠢᠳᠡᠷ ᠨᠠᠰᠤᠨ ᠤ ᠳᠤᠭᠤᠶᠢᠯᠠᠩ᠂ ᠡᠮᠡᠭᠲᠡᠶ ᠶᠢᠨ ᠳᠤᠭᠤᠶᠢᠯᠠᠩ ᠪᠠ | ᠬᠤᠯᠢᠮᠠᠭ ᠳᠤᠭᠤᠶᠢᠯᠠᠩ᠂ ᠪᠠᠶᠢᠭᠤᠯᠭ᠎ᠠ ᠨᠢᠭᠡᠴᠡ ᠶᠢᠨ ᠡᠷᠡᠭᠲᠡᠶ ᠶᠢᠨ ᠵᠠᠯᠠᠭᠤᠴᠤᠳ ᠤᠨ ᠳᠤᠭᠤᠶᠢᠯᠠᠩ᠂ ᠡᠷᠡᠭᠲᠡᠶ ᠶᠢᠨ | ᠢᠳᠡᠷ ᠨᠠᠰᠤᠨ ᠤ ᠳᠤᠭᠤᠶᠢᠯᠠᠩ᠂ ᠡᠮᠡᠭᠲᠡᠶ ᠶᠢᠨ ᠳᠤᠭᠤᠶᠢᠯᠠᠩ ᠭᠡᠵᠦ ᠳᠣᠯᠣᠭᠠᠨ ᠳᠤᠭᠤᠶᠢᠯᠠᠩ ᠬᠤᠪᠢᠶᠠᠵᠠᠷ᠃ | ᠤᠷᠤᠯᠳᠤᠭᠠᠨ ᠤ ᠪᠦᠬᠦ ᠶᠠᠪᠤᠴᠠ ᠨᠢ 28 ᠺᠢᠯᠣᠮᠧᠲᠷ᠂ ᠬᠠᠷᠠᠮᠥ᠋ᠷᠡᠨ᠂ ᠯᠢᠶᠣᠤᠨᠢᠩ᠂ ᠬᠥᠯᠥᠨ ᠪᠦᠢᠷ᠂ | ᠰᠢᠯᠢᠩᠬᠤᠲᠠ ᠵᠢᠴᠢ ᠲᠦᠩᠯᠢᠶᠣᠤ ᠬᠤᠲᠠ ᠶᠢᠨ 22 ᠲᠡᠷᠭᠡᠨ ᠠᠩᠭᠢ ᠶᠢᠨ 180 ᠨᠡᠷᠡᠰ ᠳᠤᠭᠤᠢ ᠲᠡᠷᠭᠡ ᠶᠢᠨ | ᠪᠠᠭ᠋ᠠᠲᠠᠳ ᠣᠷᠣᠯᠴᠠᠵᠠᠢ᠃ | | |