ᠠᠷᠪᠠᠳᠤᠭᠠᠷ ᠬᠤᠭᠤᠴᠠᠭᠠᠨ ᠤ ᠪᠦᠬᠦ ᠣᠷᠣᠨ ᠤ ᠠᠷᠠᠳ ᠨᠡᠶᠢᠲᠡ ᠶᠢᠨ ᠪᠡᠶ᠎ᠡ ᠮᠠᠬᠠᠪᠣᠳ ᠢ ᠴᠢᠭᠢᠷᠠᠭᠵᠢᠭᠤᠯᠬᠤ ᠪᠡᠶ᠎ᠡ ᠶᠢᠨ ᠲᠠᠮᠢᠷ ᠤᠨ ᠴᠤᠭᠯᠠᠭᠠᠨ ᠤ ᠰᠤᠷ ᠬᠠᠷᠪᠤᠬᠤ᠂ ᠮᠣᠩᠭᠤᠯ ᠰᠢᠲᠠᠷ᠎ᠠ᠂ ᠲᠡᠮᠡᠭᠡ ᠤᠷᠤᠯᠳᠤᠬᠤ ᠤᠷᠤᠯᠳᠤᠭᠠᠨ ᠶᠠᠪᠤᠭᠳᠠᠪᠠ
ᠨᠡᠶᠢᠲᠡᠯᠡᠭᠰᠡᠨ ᠴᠠᠭ᠄
2018/6/20
     6 ᠳ᠋ᠤᠭᠠᠷ ᠰᠠᠷ᠎ᠠ ᠶᠢᠨ 16᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠭᠤᠣᠯᠯᠠᠨ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠲᠥᠪ᠂ ᠲᠦᠩᠯᠢᠶᠣᠤ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ᠂ ᠨᠠᠢᠮᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠠᠭᠠᠭᠠᠴᠢᠯᠠᠨ ᠡᠷᠭᠢᠯᠡᠭᠰᠡᠨ ︽ᠪᠠᠶᠠᠷ ᠪᠠᠶᠠᠰᠬᠤᠯᠠᠩᠲᠤ ᠲᠠᠯ᠎ᠠ ᠨᠤᠲᠤᠭ · ᠡᠷᠡᠭᠦᠯ ᠮᠡᠨᠳᠦ ᠥᠪᠥᠷ ᠮᠣᠩᠭᠤᠯ︾ ᠠᠷᠪᠠᠳᠤᠭᠠᠷ ᠬᠤᠭᠤᠴᠠᠭᠠᠨ ᠤ ᠪᠦᠬᠦ ᠣᠷᠣᠨ ᠤ ᠠᠷᠠᠳ ᠨᠡᠶᠢᠲᠡ ᠶᠢᠨ ᠪᠡᠶ᠎ᠡ ᠮᠠᠬᠠᠪᠣᠳ ᠢ ᠴᠢᠭᠢᠷᠠᠭᠵᠢᠭᠤᠯᠬᠤ ᠪᠡᠶ᠎ᠡ ᠶᠢᠨ ᠲᠠᠮᠢᠷ ᠤᠨ ᠴᠤᠭᠯᠠᠭᠠᠨ ᠤ ᠰᠤᠷ ᠬᠠᠷᠪᠤᠬᠤ᠂ ᠮᠣᠩᠭᠤᠯ ᠰᠢᠲᠠᠷ᠎ᠠ᠂ ᠲᠡᠮᠡᠭᠡ ᠤᠷᠤᠯᠳᠤᠬᠤ ᠤᠷᠤᠯᠳᠤᠭᠠᠨ ᠵᠢᠴᠢ ᠥᠪᠥᠷ ᠮᠣᠩᠭᠤᠯ ᠤᠨ ᠡᠯᠡᠰᠦᠨ ᠴᠦᠯ ᠤᠨ ᠨᠠᠭᠠᠳᠤᠮ ᠲᠦᠩᠯᠢᠶᠣᠤ ᠬᠤᠲᠠ ᠶᠢᠨ ᠨᠠᠢᠮᠠᠨ ᠬᠤᠰᠢᠭᠤ ᠶᠢᠨ ᠪᠤᠭᠳᠤ ᠳᠠᠬᠢ ᠡᠯᠡᠰᠦ ᠮᠠᠩᠬᠠᠨ ᠤ ᠵᠢᠭᠤᠯᠴᠢᠯᠠᠯ ᠤᠨ ᠤᠷᠤᠨ ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶᠠᠨ ᠤ ᠳᠡᠳ᠋ ᠳᠠᠷᠤᠭ᠎ᠠ ᠱᠢ ᠯᠢ ᠮᠢᠩ᠂ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠲᠥᠪ᠂ ᠲᠦᠩᠯᠢᠶᠣᠤ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ᠂ ᠨᠠᠢᠮᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠵᠡᠷᠭᠡ ᠨᠢᠭᠡᠴᠡ ᠶᠢᠨ ᠬᠠᠮᠢᠶ᠎ᠠ ᠪᠦᠬᠦᠢ ᠤᠳᠤᠷᠢᠳᠤᠯᠭ᠎ᠠ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ ᠣᠷᠣᠨ ᠤ ᠳᠣᠲᠣᠷ᠎ᠠ ᠭᠠᠳᠠᠨ᠎ᠠ ᠠᠴᠠ ᠢᠷᠡᠭᠰᠡᠨ 1200 ᠭᠠᠷᠤᠶ ᠲᠠᠮᠢᠷᠴᠢᠨ ᠤᠷᠤᠯᠳᠤᠭᠠᠨ ᠳᠤ ᠣᠷᠣᠯᠴᠠᠵᠠᠶ᠂ ᠬᠡᠳᠦᠨ ᠲᠦᠮᠡᠨ ᠪᠦᠬᠦ ᠤᠯᠤᠰ ᠤᠨ ᠡᠯ᠎ᠡ ᠭᠠᠵᠠᠷ ᠤᠨ ᠵᠢᠭᠤᠯᠴᠢᠯᠠᠭᠴᠢᠳ᠂ ᠭᠡᠷ ᠤᠨ ᠭᠠᠳᠠᠨᠠᠬᠢ ᠲᠠᠮᠢᠷ ᠤᠨ ᠬᠥᠳᠡᠯᠭᠡᠭᠡᠨ ᠳᠤ ᠪᠠᠭ᠋ᠠᠲᠠᠢ ᠬᠥᠮᠦᠰ ᠪᠣᠯᠤᠨ ᠲᠤᠬᠠᠶ ᠶᠢᠨ ᠭᠠᠵᠠᠷ ᠤᠨ ᠣᠯᠠᠨ ᠲᠦᠮᠡᠨ ᠲᠤᠰ ᠤᠳᠠᠭᠠᠨ ᠤ ᠠᠵᠢᠯᠯᠠᠭ᠎ᠠ ᠳᠤ ᠣᠷᠣᠯᠴᠠᠭᠰᠠᠨ ᠪᠠᠶᠢᠨ᠎ᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号