ᠥᠪᠥᠷ ᠮᠣᠩᠭᠤᠯ ᠵᠤᠨ ᠤ ᠤᠯᠠᠷᠢᠯ ᠤᠨ ᠢᠳᠡᠭᠡᠨ ᠪᠣᠯᠣᠨ ᠡᠮ ᠤᠨ ᠵᠦᠢᠯ ᠤᠨ ᠠᠮᠤᠷ ᠲᠥᠪᠰᠢᠨ ᠤ ᠲᠤᠰᠬᠠᠶ ᠵᠠᠰᠠᠯᠲᠠ ᠥᠷᠨᠢᠭᠦᠯᠵᠦ  ᠵᠢᠭᠰᠠᠭᠠᠨ ᠪᠠᠶᠢᠴᠠᠭᠠᠬᠤ ᠰᠢᠮᠳᠠᠭᠤᠯᠤᠨ ᠪᠠᠶᠢᠴᠠᠭᠠᠬᠤ ᠰᠤᠭᠤᠴᠢᠨ ᠪᠠᠶᠢᠴᠠᠭᠠᠬᠤ ᠵᠡᠷᠭᠡ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ ᠪᠣᠢ
ᠨᠡᠶᠢᠲᠡᠯᠡᠭᠰᠡᠨ ᠴᠠᠭ᠄
2018/6/21
     ᠵᠤᠨ ᠤ ᠤᠯᠠᠷᠢᠯ ᠤᠨ ᠢᠳᠡᠭᠡᠨ ᠪᠠ ᠡᠮ ᠤᠨ ᠵᠦᠢᠯ ᠤᠨ ᠠᠮᠤᠷ ᠲᠥᠪᠰᠢᠨ ᠤ ᠬᠢᠨᠠᠯᠲᠠ ᠬᠠᠮᠢᠶᠠᠷᠤᠯᠲᠠ ᠶᠢ ᠥᠨᠡᠨᠬᠦ ᠴᠢᠩᠭᠠᠳᠬᠠᠵᠤ᠂ ᠢᠳᠡᠭᠡᠨ ᠪᠠ ᠡᠮ ᠤᠨ ᠵᠦᠢᠯ ᠤᠨ ᠠᠮᠤᠷ ᠲᠥᠪᠰᠢᠨ ᠤ ᠬᠡᠷᠡᠭ ᠭᠠᠷᠬᠤ ᠶᠢ ᠪᠦᠲᠦᠮᠵᠢᠲᠡᠶ ᠎ ᠪᠠᠷ ᠰᠡᠷᠭᠡᠶᠢᠯᠡᠬᠦ ᠶᠢᠨ ᠲᠤᠰᠠᠳᠠ᠂ 6 ᠳ᠋ᠤᠭᠠᠷ ᠰᠠᠷ᠎ᠠ ᠶᠢᠨ ᠳᠤᠮᠳᠠᠴᠢ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠪᠥᠬᠦ ᠣᠷᠣᠨ ᠤ ᠬᠡᠪᠴᠢᠶᠡᠨ ᠳᠤ ᠢᠳᠡᠭᠡᠨ ᠪᠠ ᠡᠮ ᠤᠨ ᠵᠦᠢᠯ ᠤᠨ ᠠᠮᠤᠷ ᠲᠥᠪᠰᠢᠨ ᠤ ᠲᠤᠰᠬᠠᠶ ᠵᠠᠰᠠᠯᠲᠠ ᠥᠷᠨᠢᠭᠦᠯᠪᠠ᠃      ᠢᠳᠡᠭᠡᠨ ᠤ ᠵᠦᠢᠯ ᠤᠨ ᠠᠮᠤᠷ ᠲᠥᠪᠰᠢᠨ ᠤ ᠲᠠᠯ᠎ᠠ ᠪᠠᠷ᠂ ᠬᠤᠳᠠ ᠬᠥᠳᠡᠭᠡ ᠶᠢᠨ ᠠᠭᠤᠯᠵᠠᠷ ᠬᠡᠰᠡᠭ᠂ ᠮᠠᠯᠵᠢᠬᠤ ᠲᠠᠷᠢᠶᠠᠯᠠᠬᠤ ᠣᠷᠣᠨ᠂ ᠲᠣᠮᠣ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ᠂ ᠰᠤᠷᠭᠠᠭᠤᠯᠢ ᠶᠢᠨ ᠬᠦᠷᠢᠶ᠎ᠡ ᠵᠢᠴᠢ ᠲᠡᠭᠦᠨ ᠤ ᠡᠷᠬᠢᠨ ᠲᠣᠭᠤᠷᠢᠨ ᠤ ᠢᠳᠡᠭᠡᠨ ᠪᠣᠷᠣᠯᠠᠭᠤᠯᠬᠤ ᠳᠡᠯᠭᠡᠭᠦᠷ᠂ ᠵᠢᠭᠤᠯᠴᠢᠯᠠᠯ ᠤᠨ ᠦᠵᠡᠮᠵᠢᠲᠦ ᠣᠷᠣᠨ ᠪᠣᠯᠣᠨ ᠳᠡᠭᠡᠳᠦ ᠬᠤᠷᠳᠤ ᠶᠢᠨ ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ ᠢᠶᠠᠷ ᠭᠤᠣᠯᠳᠠᠯᠭ᠎ᠠ ᠲᠠᠢ ᠣᠷᠣᠨ ᠪᠦᠰᠡ ᠪᠣᠯᠭᠠᠵᠤ᠂ ᠰᠦ ᠵᠢᠴᠢ ᠰᠦᠨ ᠢᠳᠡᠭᠡᠨ᠂ ᠮᠢᠬ᠎ᠠ ᠵᠢᠴᠢ ᠮᠢᠬᠠᠨ ᠪᠦᠲᠦᠭᠡᠭᠳᠡᠬᠦᠨ᠂ ᠥᠨᠳᠡᠭᠡ ᠵᠢᠴᠢ ᠪᠦᠲᠦᠭᠡᠭᠳᠡᠬᠦᠨ᠂ ᠢᠳᠡᠰᠢᠨ ᠲᠤᠰᠦ᠂ ᠠᠷᠢᠬᠢᠨ ᠤ ᠵᠦᠢᠯ᠂ ᠨᠣᠭᠤᠭ᠎ᠠ ᠵᠢᠮᠢᠰ ᠵᠡᠷᠭᠡ ᠪᠠᠷ ᠭᠤᠣᠯᠳᠠᠯᠭ᠎ᠠ ᠲᠠᠢ ᠲᠦᠷᠦᠯ ᠵᠦᠢᠯ ᠪᠣᠯᠭᠠᠨ᠂ ᠡᠯ᠎ᠡ ᠡᠵᠡᠩᠨᠡᠯᠲᠡ ᠶᠢᠨ ᠨᠢᠭᠡᠴᠡ ᠶᠢᠨ ᠢᠳᠡᠭᠡᠨ ᠪᠣᠷᠣᠯᠠᠭᠤᠯᠬᠤ ᠡᠵᠡᠩᠨᠡᠭᠴᠢ ᠶᠢᠨ ᠵᠠᠬ᠎ᠠ ᠳᠡᠯᠭᠡᠭᠦᠷ ᠲᠤ ᠣᠷᠣᠭᠤᠯᠬᠤ ᠬᠠᠷᠢᠭᠤᠴᠠᠯᠭ᠎ᠠ ᠪᠠᠨ ᠭᠦᠢᠴᠡᠳᠬᠡᠵᠦ ᠪᠠᠶᠢᠬᠤ ᠡᠰᠡᠬᠦ᠂ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ᠂ ᠭᠡᠷᠡᠴᠢ ᠪᠣᠯᠤᠨ ᠪᠠᠷᠢᠮᠲᠠ ᠠᠪᠬᠤ ᠵᠡᠷᠭᠡ ᠬᠤᠯᠪᠣᠭᠳᠠᠯ ᠪᠦᠬᠦᠢ ᠳᠦᠷᠢᠮ ᠢ ᠪᠠᠶᠢᠭᠤᠯᠤᠨ ᠭᠦᠢᠴᠡᠳᠬᠡᠵᠦ ᠪᠠᠶᠢᠬᠤ ᠡᠰᠡᠬᠦ᠂ ᠢᠳᠡᠭᠡᠨ ᠬᠠᠳᠠᠭᠠᠯᠠᠬᠤ ᠪᠠ ᠲᠡᠭᠡᠭᠡᠪᠦᠷᠢᠯᠡᠬᠦ ᠭᠤᠭᠴᠤᠭ᠎ᠠ ᠶᠢᠨ ᠬᠠᠷᠢᠭᠤᠴᠠᠯᠭ᠎ᠠ ᠶᠢ ᠭᠦᠢᠴᠡᠳᠬᠡᠵᠦ ᠪᠠᠶᠢᠬᠤ ᠡᠰᠡᠬᠦ᠂ ᠢᠳᠡᠭᠡᠨ ᠢ ᠵᠠᠬ᠎ᠠ ᠳᠡᠯᠭᠡᠭᠦᠷ ᠠᠴᠠ ᠭᠠᠷᠭᠠᠬᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠭᠦᠢᠴᠡᠳᠬᠡᠵᠦ ᠪᠠᠶᠢᠬᠤ ᠡᠰᠡᠬᠦ ᠵᠡᠷᠭᠡ ᠶᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠨ᠎ᠠ᠃      ᠡᠮ ᠤᠨ ᠵᠦᠢᠯ ᠤᠨ ᠠᠮᠤᠷ ᠲᠥᠪᠰᠢᠨ ᠤ ᠲᠠᠯ᠎ᠠ ᠪᠠᠷ᠂ ᠡᠮ ᠤᠨ ᠵᠦᠢᠯ ᠢ ᠦᠢᠯᠡᠳᠪᠦᠷᠢᠯᠡᠬᠦ ᠠᠵᠤ ᠠᠬᠤᠶᠢᠯᠠᠯ ᠤᠨ ᠵᠥᠪᠰᠢᠶᠡᠷᠡᠯ ᠤᠨ ᠵᠦᠢᠯᠡᠰ᠂ ᠦᠢᠯᠡᠳᠪᠦᠷᠢᠯᠡᠯ ᠤᠨ ᠤᠷ᠎ᠠ ᠮᠡᠷᠭᠡᠰᠢᠯ ᠤᠨ ᠪᠠᠷᠢᠮᠵᠢᠶ᠎ᠠ ᠶᠢᠨ ᠬᠡᠷᠡᠭᠵᠢᠭᠦᠯᠦᠯᠲᠡ᠂ ᠶᠠᠰᠤ ᠴᠢᠨᠠᠷ ᠤᠨ ᠡᠵᠡᠮᠰᠢᠯ᠂ ᠲᠦᠭᠦᠬᠡᠶ ᠡᠳ᠋ ᠪᠣᠯᠣᠨ ᠲᠤᠰᠠᠯᠠᠬᠤ ᠮᠠᠲ᠋ᠧᠷᠢᠶᠠᠯ ᠤᠨ ᠬᠠᠮᠢᠶᠠᠷᠤᠯᠲᠠ᠂ ᠡᠮ ᠤᠨ ᠬᠠᠮᠢᠶᠠᠷᠤᠯᠲᠠ ᠵᠢᠴᠢ ᠠᠶᠤᠯ ᠦᠭᠡᠢ ᠦᠢᠯᠡᠳᠪᠦᠷᠢᠯᠡᠯ ᠤᠨ ᠬᠤᠯᠪᠣᠭᠳᠠᠯ ᠪᠦᠬᠦᠢ ᠲᠣᠭᠲᠠᠭᠠᠯ ᠢ ᠬᠡᠷᠡᠭᠵᠢᠭᠦᠯᠵᠦ ᠪᠠᠶᠢᠭ᠎ᠠ ᠵᠡᠷᠭᠡ ᠪᠠᠶᠢᠳᠠᠯ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠨ᠎ᠠ᠃ ᠵᠠᠩᠭᠢᠯᠠᠭ᠎ᠠ ᠶᠢᠨ ᠠᠵᠢᠯᠲᠠᠳ ᠤᠨ ᠠᠵᠢᠯ ᠤᠨ ᠪᠠᠶᠢᠷᠢ ᠳᠠᠭᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠪᠠᠶᠢᠳᠠᠯ᠂ ᠵᠠᠩᠭᠢᠯᠠᠭ᠎ᠠ ᠶᠢᠨ ᠠᠵᠢᠯᠲᠠᠳ ᠵᠢᠴᠢ ᠲᠣᠨᠤᠭ ᠲᠥᠬᠦᠭᠡᠷᠦᠮᠵᠢ ᠶᠢᠨ ᠬᠤᠪᠢᠷᠠᠭᠤᠯᠤᠯᠲᠠ ᠨᠢ ᠳᠡᠰ ᠳᠠᠷᠠᠭᠠᠯᠠᠯ ᠤᠨ ᠱᠠᠭᠠᠷᠳᠠᠯᠭ᠎ᠠ ᠳᠤ ᠨᠡᠶᠢᠴᠡᠵᠦ ᠪᠠᠶᠢᠬᠤ ᠡᠰᠡᠬᠦ᠂ ᠲᠦᠭᠦᠬᠡᠶ ᠡᠳ᠋᠂ ᠲᠤᠰᠠᠯᠠᠬᠤ ᠮᠠᠲ᠋ᠧᠷᠢᠶᠠᠯ᠂ ᠡᠮ ᠤᠨ ᠪᠣᠭᠤᠯᠲᠠ ᠮᠠᠲ᠋ᠧᠷᠢᠶᠠᠯ ᠤᠨ ᠢᠷᠡᠯᠲᠡ ᠨᠢ ᠬᠠᠤᠯᠢ ᠶᠣᠰᠣᠨ ᠳᠤ ᠨᠡᠶᠢᠴᠡᠵᠦ ᠪᠠᠶᠢᠬᠤ ᠡᠰᠡᠬᠦ᠂ ᠶᠠᠰᠤ ᠴᠢᠨᠠᠷ ᠤᠨ ᠡᠵᠡᠮᠳᠡᠯ ᠤᠨ ᠰᠠᠯᠠᠭ᠎ᠠ ᠮᠥᠴᠢᠷ ᠲᠦᠭᠦᠬᠡᠶ ᠡᠳ᠋ ᠪᠠ ᠲᠤᠰᠠᠯᠠᠬᠤ ᠮᠠᠲ᠋ᠧᠷᠢᠶᠠᠯ᠂ ᠵᠠᠪᠰᠠᠷ ᠤᠨ ᠦᠢᠯᠡᠳᠬᠦᠨ᠂ ᠪᠦᠲᠦᠭᠡᠭᠳᠡᠬᠦᠨ ᠳᠠᠬᠢ ᠰᠢᠯᠭᠠᠨ ᠪᠠᠶᠢᠴᠠᠭᠠᠯᠲᠠ ᠬᠢᠵᠦ ᠪᠠᠶᠢᠭ᠎ᠠ ᠪᠠᠶᠢᠳᠠᠯ᠂ ᠦᠢᠯᠡᠳᠬᠦᠨ ᠤ ᠦᠢᠯᠡᠳᠪᠦᠷᠢᠯᠡᠯ ᠤᠨ ᠤᠷ᠎ᠠ ᠮᠡᠷᠭᠡᠰᠢᠯ ᠨᠢ ᠵᠥᠪᠰᠢᠶᠡᠷᠡᠭᠰᠡᠨ ᠤᠷ᠎ᠠ ᠮᠡᠷᠭᠡᠰᠢᠯ ᠲᠠᠢ ᠨᠢᠭᠡᠳᠦᠯᠲᠡᠶ ᠪᠠᠶᠢᠬᠤ ᠡᠰᠡᠬᠦ᠂ ᠪᠦᠯᠦᠭ ᠤᠨ ᠲᠡᠮᠳᠡᠭᠯᠡᠯ ᠤᠨ ᠠᠭᠤᠯᠭ᠎ᠠ ᠨᠢ ᠦᠨᠡᠨ ᠪᠣᠳᠠᠲᠠᠶ᠂ ᠪᠦᠷᠢᠨ ᠲᠡᠭᠦᠯᠳᠡᠷ ᠪᠠᠶᠢᠬᠤ ᠡᠰᠡᠬᠦ᠂ ᠪᠦᠲᠦᠭᠡᠭᠳᠡᠬᠦᠨ ᠢ ᠱᠠᠭᠠᠷᠳᠠᠯᠭ᠎ᠠ ᠶᠣᠰᠣᠭᠠᠷ ᠬᠠᠳᠠᠭᠠᠯᠠᠵᠦ ᠵᠥᠭᠡᠭᠡᠪᠦᠷᠢᠯᠡᠭᠰᠡᠨ ᠡᠰᠡᠬᠦ ᠵᠡᠷᠭᠡ ᠶᠢ ᠭᠤᠣᠯᠳᠠᠯᠭ᠎ᠠ ᠲᠠᠢ ᠪᠠᠶᠢᠴᠠᠭᠠᠨ᠎ᠠ᠃      ᠡᠨᠡ ᠤᠳᠠᠭ᠎ᠠ ᠶᠢᠨ ᠲᠤᠰᠬᠠᠶ ᠵᠠᠰᠠᠯᠲᠠ ᠨᠢ ᠬᠤᠰᠢᠭᠤ ᠰᠢᠶᠠᠨ ︵ᠬᠤᠳᠠ᠂ ᠲᠣᠭᠤᠷᠢᠭ︶᠎ ᠢᠶᠠᠷ ᠨᠢᠭᠡᠴᠡ ᠪᠣᠯᠭᠠᠨ ᠵᠢᠭᠰᠠᠭᠠᠨ ᠪᠠᠶᠢᠴᠠᠭᠠᠬᠤ᠂ ᠠᠶᠢᠮᠠᠭ ᠬᠤᠲᠠ ᠰᠢᠮᠳᠠᠭᠤᠯᠤᠨ ᠪᠠᠶᠢᠴᠠᠭᠠᠬᠤ᠂ ᠥᠪᠡᠷᠲᠡᠭᠡᠨ ᠵᠠᠰᠠᠬᠤ ᠣᠷᠣᠨ ᠰᠤᠭᠤᠴᠢᠨ ᠪᠠᠶᠢᠴᠠᠭᠠᠬᠤ ᠠᠷᠭ᠎ᠠ ᠬᠡᠯᠪᠡᠷᠢ ᠪᠠᠷ ᠶᠠᠪᠤᠭᠳᠠᠵᠤ᠂ ᠳᠣᠰ ᠰᠠᠷ᠎ᠠ ᠶᠢᠨ ᠡᠴᠦᠰ ᠲᠤ ᠳᠠᠭᠤᠰᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号