ᠤᠯᠠᠭᠠᠨᠮᠦ᠋ᠴᠢᠷ ᠤᠨ ᠶᠠᠷᠢᠯᠴᠠᠬᠤ ᠬᠤᠷᠠᠯ ᠬᠦᠬᠡᠬᠤᠳᠠ ᠳᠤ ᠶᠠᠪᠤᠭᠳᠠᠪᠠ ᠪᠦ᠋ ᠰᠢᠶᠤᠤ ᠯᠢᠨ ᠪᠢᠴᠢᠭ ᠢᠶᠠᠷ ᠶᠠᠷᠢᠶ᠎ᠠ ᠳᠠᠯᠪᠢᠪᠠ
ᠨᠡᠶᠢᠲᠡᠯᠡᠭᠰᠡᠨ ᠴᠠᠭ᠄
2018/6/25
     6 ᠳ᠋ᠤᠭᠠᠷ ᠰᠠᠷ᠎ᠠ ᠶᠢᠨ 22᠎ ᠤᠨ ᠡᠳᠤᠷ᠂ ᠤᠯᠠᠭᠠᠨᠮᠦ᠋ᠴᠢᠷ ᠤᠨ ᠶᠠᠷᠢᠯᠴᠠᠬᠤ ᠬᠤᠷᠠᠯ ᠬᠦᠬᠡᠬᠤᠳᠠ ᠳᠤ ᠶᠠᠪᠤᠭᠳᠠᠪᠠ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠳᠡᠷᠢᠭᠦᠯᠡᠭᠴᠢ ᠪᠦ᠋ ᠰᠢᠶᠤᠤ ᠯᠢᠨ ᠪᠢᠴᠢᠭ ᠢᠶᠠᠷ ᠶᠠᠷᠢᠶ᠎ᠠ ᠳᠠᠯᠪᠢᠪᠠ᠃ ᠤᠯᠤᠰ ᠤᠨ ᠰᠤᠶᠤᠯ ᠬᠢᠬᠡᠳ ᠵᠤᠭᠠᠴᠠᠯ ᠤᠨ ᠶᠠᠮᠤᠨ ᠤ ᠳᠡᠳ᠋ ᠰᠠᠶᠢᠳ ᠯᠢ ᠴᠢᠶᠦ᠋ᠨ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠤᠬᠠᠭᠤᠯᠬᠤ ᠬᠡᠯᠳᠡᠰ ᠤᠨ ᠳᠠᠷᠤᠭ᠎ᠠ ᠪᠠᠢ ᠢᠦᠢ ᠭᠠᠩ ᠶᠠᠷᠢᠶ᠎ᠠ ᠳᠠᠯᠪᠢᠪᠠ᠃ ᠳᠤᠮᠳᠠᠳᠤ ᠤᠯᠤᠰ ᠤᠨ ᠤᠷᠠᠯᠢᠭ ᠰᠤᠳᠤᠯᠭᠠᠨ ᠤ ᠬᠦᠷᠢᠶᠡᠯᠡᠩ ᠤᠨ ᠳᠠᠷᠤᠭ᠎ᠠ᠂ ᠳᠤᠮᠳᠠᠳᠤ ᠤᠯᠤᠰ ᠤᠨ ᠪᠤᠳᠠᠰ ᠤᠨ ᠪᠤᠰᠤ ᠰᠤᠶᠤᠯ ᠤᠨ ᠦᠪ ᠤᠨ ᠬᠠᠮᠠᠭᠠᠯᠠᠯᠳᠠ ᠶᠢᠨ ᠲᠦᠪ ᠤᠨ ᠡᠷᠬᠢᠯᠡᠭᠴᠢ ᠯᠢᠶᠠᠨ ᠵᠢᠢ ᠲᠤᠰᠬᠠᠢ ᠰᠡᠳᠦᠪᠳᠤ ᠶᠠᠷᠢᠶ᠎ᠠ ᠳᠠᠯᠪᠢᠪᠠ᠃ ᠦᠪᠡᠷᠳᠡᠭᠡᠨ ᠵᠠᠰᠠᠬᠤ ᠤᠷᠤᠨ ᠤ ᠳᠡᠳ᠋ ᠳᠡᠷᠢᠭᠦᠯᠡᠭᠴᠢ ᠠᠢ ᠯᠢ ᠬᠤᠸᠠ ᠬᠤᠷᠠᠯ ᠡᠷᠬᠢᠯᠡᠪᠡ᠃ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠳᠡᠳ᠋ ᠳᠡᠷᠢᠭᠦᠯᠡᠭᠴᠢ ᠸᠠᠩ ᠵᠦᠩ ᠡᡁᠧ ᠬᠤᠷᠠᠯ ᠳᠤ ᠤᠷᠤᠯᠴᠠᠪᠠ᠃      ᠪᠦ᠋ ᠰᠢᠶᠤᠤ ᠯᠢᠨ ᠪᠢᠴᠢᠭ ᠤᠨ ᠶᠠᠷᠢᠶᠠᠨ ᠳᠠᠭᠠᠨ ᠵᠢᠭᠠᠭᠰᠠᠨ ᠨᠢ᠂ ᠤᠯᠠᠭᠠᠨᠮᠦ᠋ᠴᠢᠷ ᠪᠤᠯ ᠨᠠᠮ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ᠂ ᠤᠳᠬ᠎ᠠ ᠤᠷᠠᠯᠢᠭ ᠤᠨ ᠤᠨᠤᠯ ᠢ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠤᠳᠠᠳᠤ ᠪᠠᠶᠢᠳᠠᠯ ᠲᠠᠢ ᠤᠶᠠᠯᠳᠤᠭᠤᠯᠤᠭᠰᠠᠨ ᠪᠦᠳᠦᠭᠡᠭᠳᠡᠭᠦᠨ ᠪᠠᠶᠢᠵᠤ᠂ ᠨᠡᠶᠢᠭᠡᠮ ᠵᠢᠷᠤᠮ ᠤᠨ ᠰᠤᠶᠤᠯ ᠤᠨ ᠪᠠᠶᠢᠭᠤᠯᠤᠯᠲᠠ ᠶᠢᠨ ᠨᠢᠭᠡᠨ ᠠᠭᠤᠤ ᠶᠡᠭᠡ ᠡᠭᠦᠳᠦᠯᠳᠡ ᠪᠤᠯᠤᠨ᠎ᠠ᠃ ᠠᠷᠠᠳ ᠲᠦᠮᠡᠨ ᠳᠤ ᠦᠢᠯᠡᠴᠢᠯᠡᠵᠤ᠂ ᠨᠡᠶᠢᠭᠡᠮ ᠵᠢᠷᠤᠮ ᠳᠤ ᠦᠢᠯᠡᠴᠢᠯᠡᠬᠦ ᠦᠢᠯᠡᠳᠦᠯᠭᠡ ᠳᠤᠮᠳᠠ ᠪᠤᠢ ᠪᠤᠯᠤᠭᠰᠠᠨ ᠤᠯᠠᠭᠠᠨᠮᠦ᠋ᠴᠢᠷ ᠤᠨ ᠵᠤᠷᠢᠭ ᠰᠠᠨᠠᠭ᠎ᠠ ᠨᠢ ᠪᠦᠬᠦ ᠤᠯᠤᠰ ᠤᠨ ᠦᠨᠳᠦᠰᠦᠲᠡᠨ ᠨᠦᠭᠦᠳ ᠤᠨ ᠡᠷᠬᠢᠮ ᠨᠠᠨᠳᠢᠨ ᠡᠳ᠋ ᠪᠠᠶᠠᠯᠢᠭ ᠪᠤᠯᠬᠤ ᠶᠤᠮ᠃ ᠰᠢᠨ᠎ᠡ ᠴᠠᠭ ᠦᠶ᠎ᠡ ᠳᠤ ᠶᠡᠷᠦᠩᠬᠡᠢ ᠱᠦᠵᠢ ᠰᠢ ᠶᠢᠨ ᠫᠢᠩ ᠤᠯᠠᠭᠠᠨᠮᠦ᠋ᠴᠢᠷ ᠢ ᠦᠨᠢ ᠡᠭᠦᠷᠢᠳᠡ ᠳᠠᠯ᠎ᠠ ᠨᠤᠳᠤᠭ ᠤᠨ ︽ᠬᠤᠪᠢᠰᠬᠠᠯᠳᠤ ᠤᠳᠬ᠎ᠠ ᠤᠷᠠᠯᠢᠭ ᠤᠨ ᠬᠦᠩᠬᠡᠨ ᠮᠤᠷᠢᠳᠤ ᠴᠡᠷᠢᠭ︾ ᠪᠤᠯᠰᠤᠭᠠᠢ ᠬᠡᠵᠤ ᠴᠢᠩ ᠰᠡᠳᠬᠢᠯ ᠠᠴᠠ ᠪᠠᠨ ᠬᠦᠰᠡᠨ ᠨᠠᠶᠢᠳᠠᠭᠰᠠᠨ ᠪᠠᠶᠢᠨ᠎ᠠ᠃ ᠪᠢᠳᠡ ᠡᠷᠬᠡᠪᠰᠢ ᠤᠯᠠᠭᠠᠨᠮᠦ᠋ᠴᠢᠷ ᠤᠨ ᠬᠤᠪᠢᠰᠬᠠᠯ ᠤᠨ ᠤᠳᠤᠮᠰᠢᠯ ᠢ ᠦᠨᠢ ᠡᠭᠦᠷᠢᠳᠡ ᠬᠤᠪᠢᠷᠠᠭᠤᠯᠬᠤ ᠦᠭᠡᠢ᠂ ᠳᠠᠯ᠎ᠠ ᠨᠤᠲᠤᠭ ᠲᠤ ᠦᠨᠳᠦᠰᠦᠯᠡᠭᠦᠯᠵᠤ᠂ ᠤᠯᠠᠨ ᠲᠦᠮᠡᠨ ᠎ ᠳᠤ ᠦᠢᠯᠡᠴᠢᠯᠡᠬᠦ ᠰᠢᠯᠢᠳᠡᠭ ᠤᠯᠠᠮᠵᠢᠯᠠᠯ ᠢᠶᠠᠨ ᠡᠭᠦᠷᠢᠳᠡ ᠬᠤᠪᠢᠷᠠᠭᠤᠯᠬᠤ ᠦᠭᠡᠢ᠂ ᠤᠯᠠᠭᠠᠨᠮᠦ᠋ᠴᠢᠷ ᠤᠨ ᠨᠢᠭᠡ ᠳᠤ ᠴᠠᠭᠠᠷᠠᠵᠤ ᠤᠯᠠᠨ ᠳᠤ ᠮᠡᠷᠭᠡᠰᠢᠬᠦ ᠶᠢ ᠡᠭᠦᠷᠢᠳᠡ ᠪᠠᠷᠢᠮᠳᠠᠯᠠᠨ᠂ ᠬᠤᠷᠴᠠ ᠭᠠᠪᠰᠢᠭᠠᠢ ᠤᠶᠠᠨ ᠬᠠᠳᠠᠨ ᠴᠢᠨᠠᠷ ᠢᠶᠠᠨ ᠠᠯᠳᠠᠬᠤ ᠦᠭᠡᠢ ᠪᠠᠷ ᠤᠯᠠᠭᠠᠨᠮᠦ᠋ᠴᠢᠷ ᠤᠨ ᠵᠤᠷᠢᠭ ᠰᠠᠨᠠᠭ᠎ᠠ ᠶᠢ ᠦᠷᠭᠦᠯᠵᠢᠯᠡᠨ ᠤᠯᠠᠮᠵᠢᠯᠠᠵᠤ᠂ ᠤᠳᠬ᠎ᠠ ᠤᠷᠠᠯᠢᠭ ᠎ ᠤᠨ ᠰᠢᠨ᠎ᠠ ᠡᠭᠦᠲᠦᠯᠲᠡ ᠶᠢ ᠠᠬᠢᠭᠤᠯᠵᠦ᠂ ᠤᠯᠠᠠ ᠲᠦᠮᠡᠡ ᠲᠠᠢ ᠤᠢᠢᠷᠠᠲᠤᠭᠰᠠᠠ᠂ ᠤᠯᠠᠨ ᠲᠦᠮᠡᠨ ᠤ ᠲᠤᠮᠳᠠ ᠲᠡᠯᠭᠡᠷᠡᠵᠦ ᠲᠠᠭᠠᠰᠢᠶᠠᠭᠳᠠᠭᠰᠠᠨ ᠰᠢᠯᠢᠲᠡᠭ ᠪᠦᠲᠦᠭᠡᠯ ᠢ ᠨᠡᠩ ᠤᠯᠠᠠ ᠵᠤᠬᠢᠶᠠᠨ ᠪᠦᠲᠦᠭᠡᠬᠦ ᠪᠠᠷ ᠴᠢᠷᠮᠠᠶᠢᠵᠦ᠂ ᠦᠪᠦᠷ ᠮᠤᠩᠭᠤᠯ ᠤᠨ ᠤᠳᠬ᠎ᠠ ᠤᠷᠠᠯᠢᠭ ᠤᠨ ᠵᠤᠬᠢᠶᠠᠨ ᠪᠦᠳᠦᠭᠡᠯᠭᠡ ᠶᠢ ︽ᠦᠨᠳᠦᠷᠯᠢᠭ︾᠎ ᠠᠴᠠ ︽ᠤᠷᠬᠢᠯ︾᠎ ᠳᠤ ᠬᠦᠷᠬᠦ ᠳᠠᠪᠠᠯᠳᠠ ᠶᠢ ᠪᠡᠶᠡᠯᠡᠭᠦᠯᠦᠨ᠂ ᠤᠯᠠᠭᠠᠨᠮᠦ᠋ᠴᠢᠷ ᠤᠨ ᠡᠨᠡᠬᠦ ᠤᠯᠠᠭᠠᠨ ᠲᠤᠭ ᠢ ᠮᠠᠨ ᠤ ᠤᠯᠤᠰ ᠤᠨ ᠨᠡᠶᠢᠬᠡᠮ ᠵᠢᠷᠤᠮ ᠤᠨ ᠤᠳᠬ᠎ᠠ ᠤᠷᠠᠯᠢᠭ ᠤᠨ ᠹᠷᠤᠨᠲ ᠳᠡᠭᠡᠷ᠎ᠡ ᠦᠨᠳᠤᠷ ᠮᠠᠨᠳᠤᠭᠤᠯᠤᠶ᠎ᠠ ᠭᠡᠵᠡᠢ᠃      ᠯᠢ ᠴᠢᠶᠦ᠋ᠨ ᠶᠠᠷᠢᠶᠠᠨ ᠳᠠᠭᠠᠨ᠂ ᠤᠯᠠᠭᠠᠨᠮᠦ᠋ᠴᠢᠷ ᠤᠨ ᠶᠠᠷᠢᠯᠴᠠᠬᠤ ᠬᠤᠷᠠᠯ ᠢ ᠵᠤᠬᠢᠶᠠᠨ ᠪᠠᠶᠢᠭᠤᠯᠤᠭᠰᠠᠨ ᠨᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠬᠦᠨᠵᠡᠭᠡᠢ ᠤᠢᠢᠯᠠᠭᠠᠵᠤ ᠲᠤᠤᠱᠯᠠᠭᠤᠯᠤᠨ ᠨᠠᠶᠢᠳᠠᠪᠤᠷᠢᠵᠢᠭᠤᠯᠵᠤ ᠪᠠᠶᠢᠭ᠎ᠠ ᠴᠢᠬᠤᠯᠠ ᠨᠢᠭᠡᠨ ᠠᠵᠢᠯᠯᠠᠭ᠎ᠠ ᠪᠤᠯᠬᠤ ᠶᠤᠮ᠃ ᠬᠤᠷᠠᠯ ᠢᠶᠠᠷ ᠳᠠᠮᠵᠢᠵᠤ᠂ ᠨᠠᠮ ᠠᠴᠠ ᠤᠯᠠᠭᠠᠨᠮᠦ᠋ᠴᠢᠷ ᠤᠨ ᠦᠢᠯᠡᠰ ᠢ ᠤᠳᠤᠷᠢᠳᠬᠤ ᠶᠢ ᠴᠢᠩᠭᠠᠳᠬᠠᠨ᠂ ᠰᠢᠯᠢᠳᠡᠭ ᠤᠯᠠᠮᠵᠢᠯᠠᠯ ᠢᠶᠠᠨ ᠴᠢᠨᠠᠭᠰᠢᠳᠠ ᠪᠠᠳᠠᠷᠠᠭᠤᠯᠵᠤ᠂ ᠦᠨᠳᠦᠰᠦᠲᠡᠨ ᠤ ᠤᠨᠴᠠᠯᠢᠭ ᠢ ᠳᠤᠪᠤᠶᠢᠯᠭᠠᠨ᠂ ᠤᠷᠤᠨ ᠨᠤᠳᠤᠭ ᠎ ᠤᠨ ᠤᠨᠴᠠᠯᠢᠭ ᠢ ᠬᠠᠷᠠᠭᠤᠯᠵᠤ᠂ ᠴᠠᠭ ᠦᠶ᠎ᠡ ᠶᠢᠨ ᠱᠠᠭᠠᠷᠳᠠᠯᠭ᠎ᠠ ᠶᠢ ᠳᠤᠳᠤᠷᠬᠠᠢᠢᠯᠠᠵᠤ᠂ ᠠᠵᠢᠯ ᠤᠨ ᠬᠡᠯᠪᠡᠷᠢ ᠪᠠᠨ ᠳᠡᠭᠦᠯᠳᠡᠷᠵᠢᠭᠦᠯᠤᠨ᠂ ᠦᠢᠯᠡᠴᠢᠯᠡᠭᠡ ᠶᠢᠨ ᠠᠷᠭ᠎ᠠ ᠬᠢᠳᠡᠯ ᠢᠶᠠᠨ ᠦᠷᠬᠡᠳᠭᠡᠵᠤ᠂ ᠤᠯᠠᠭᠠᠨᠮᠦ᠋ᠴᠢᠷ ᠤᠨ ᠬᠦᠭᠵᠢᠯᠳᠡ ᠪᠠᠷ ᠰᠢᠨ᠎ᠡ ᠴᠠᠭ ᠦᠶ᠎ᠡ ᠶᠢᠨ ᠠᠷᠠᠳ ᠲᠦᠮᠡᠨ ᠤ ᠡᠳᠤᠷ ᠢᠷᠡᠭᠦᠶ᠎ᠡ ᠨᠡᠮᠡᠭᠳᠡᠵᠤ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠬᠡᠷᠡᠭᠲᠡᠢ ᠬᠡᠪᠡ᠃      ᠪᠠᠢ ᠢᠦᠢ ᠭᠠᠩ ᠶᠠᠷᠢᠶᠠᠨ ᠳᠠᠭᠠᠨ᠂ ᠤᠯᠠᠭᠠᠨᠮᠦ᠋ᠴᠢᠷ ᠤᠨ ᠵᠤᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠬᠤ ᠳᠤ ᠬᠤᠪᠢᠰᠬᠠᠯ ᠤᠨ ᠤᠳᠤᠮᠰᠢᠯ ᠢ ᠡᠷᠬᠡᠪᠰᠢ ᠤᠯᠠᠮᠵᠢᠯᠠᠬᠤ ᠬᠡᠷᠡᠭᠳᠠᠢ᠂ ᠠᠮᠢᠳᠤᠷᠠᠯ ᠤᠨ ᠰᠢᠮᠡᠯᠢᠭ ᠬᠦᠷᠦᠰᠦᠨ ᠳᠤ ᠬᠠᠳᠬᠤᠬᠤ ᠬᠡᠷᠡᠭᠳᠠᠢ᠂ ᠠᠷᠠᠳ ᠲᠦᠮᠡᠨ ᠳᠤ ᠦᠢᠯᠡᠴᠢᠯᠡᠬᠦ ᠬᠡᠷᠡᠭᠳᠠᠢ᠂ ᠤᠳᠬ᠎ᠠ ᠤᠷᠠᠯᠢᠭ ᠤᠨ ᠰᠢᠨ᠎ᠡ ᠡᠭᠦᠳᠦᠯᠳᠡ ᠶᠢ ᠲᠦᠯᠬᠢᠨ ᠠᠬᠢᠭᠤᠯᠬᠤ ᠬᠡᠷᠡᠭᠳᠠᠢ᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠠᠭᠠᠨᠮᠦ᠋ᠴᠢᠷ ᠬᠡᠬᠦ ᠡᠨᠡᠬᠦ ︽ᠬᠤᠪᠢᠰᠬᠠᠯᠳᠤ ᠤᠳᠬ᠎ᠠ ᠤᠷᠠᠯᠢᠭ ᠤᠨ ᠬᠦᠩᠬᠡᠨ ᠮᠤᠷᠢᠳᠤ ᠴᠡᠷᠢᠭ︾᠎ ᠢᠶᠠᠷ ᠨᠠᠮ ᠤᠨ ᠳᠠᠭᠤᠨ ᠢ ᠨᠡᠩ ᠰᠠᠶᠢᠳᠤᠷ ᠳᠠᠮᠵᠢᠭᠤᠯᠤᠨ᠂ ᠳᠠᠯ᠎ᠠ ᠨᠤᠳᠤᠭ ᠤᠨ ᠪᠤᠯᠪᠠᠰᠤᠨ ᠢ ᠨᠡᠩ ᠰᠠᠶᠢᠳᠤᠷ ᠤᠯᠠᠮᠵᠢᠯᠠᠵᠤ᠂ ᠦᠨᠳᠦᠰᠦᠨ ᠱᠠᠳᠤᠨ ᠤ ᠠᠷᠠᠳ ᠤᠯᠠᠨ ᠳᠤ ᠦᠢᠯᠡᠴᠢᠯᠡᠵᠤ᠂ ᠡᠷᠡᠯᠭᠡᠭᠯᠡᠨ ᠳᠡᠮᠡᠴᠡᠬᠦ ᠵᠤᠷᠢᠭ ᠰᠠᠨᠠᠭ᠎ᠠ ᠶᠢ ᠤᠯᠠᠮᠵᠢᠯᠠᠨ᠂ ᠰᠤᠶᠤᠯ ᠴᠡᠴᠡᠭᠯᠡᠨ ᠬᠦᠭᠵᠢᠭᠰᠡᠨ ᠦᠵᠡᠰᠭᠦᠯᠡᠩᠳᠤ ᠰᠠᠶᠢᠬᠠᠨ ᠦᠵᠡᠮᠵᠢ ᠶᠢ ᠪᠤᠢ ᠪᠤᠯᠭᠠᠨ᠂ ᠦᠨᠳᠦᠰᠦᠲᠡᠨ ᠤ ᠪᠦᠯᠬᠦᠮᠳᠡᠯ ᠢ ᠯᠠᠪᠳᠠᠭᠤᠨ ᠪᠠᠳᠤᠳᠠᠢ ᠲᠦᠯᠬᠢᠨ ᠠᠬᠢᠭᠤᠯᠵᠤ᠂ ᠬᠢᠯᠢ ᠬᠢᠵᠠᠭᠠᠷ ᠤᠷᠤᠨ ᠢ ᠠᠮᠤᠷ ᠳᠤᠭᠳᠠᠭᠤᠨ ᠪᠠᠶᠢᠯᠭᠠᠬᠤ ᠪᠤᠯᠤᠳ ᠳᠡᠮᠦᠷ ᠤᠨ ᠤᠷᠳᠤ ᠴᠠᠭᠠᠨ ᠬᠡᠷᠡᠮ ᠢ ᠪᠠᠶᠢᠭᠤᠯᠬᠤ ᠬᠡᠷᠡᠭᠲᠡᠢ ᠬᠡᠪᠡ᠃      ᠤᠯᠠᠭᠠᠨᠮᠦ᠋ᠴᠢᠷ ᠤᠨ ᠶᠠᠷᠢᠯᠴᠠᠬᠤ ᠬᠤᠷᠠᠯ ᠢ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠠᠴᠠ ᠭᠤᠤᠯᠯᠠᠨ ᠡᠷᠬᠢᠯᠡᠵᠤ᠂ ᠳᠤᠮᠳᠠᠳᠤ ᠤᠯᠤᠰ ᠤᠨ ᠤᠷᠠᠯᠢᠭ ᠰᠤᠳᠤᠯᠭᠠᠨ ᠤ ᠬᠦᠷᠢᠶᠡᠯᠡᠩ ᠬᠢᠬᠡᠳ ᠦᠪᠡᠷᠳᠡᠭᠡᠨ ᠵᠠᠰᠠᠬᠤ ᠤᠷᠤᠨ ᠤ ᠰᠤᠶᠤᠯ ᠤᠨ ᠲᠢᠩᠬᠢᠮ ᠠᠴᠠ ᠳᠠᠭᠠᠭᠠᠴᠢᠯᠠᠨ ᠡᠷᠬᠢᠯᠡᠪᠡ᠃ ᠶᠠᠷᠢᠯᠴᠠᠬᠤ ᠬᠤᠷᠠᠯ ᠳᠡᠭᠡᠷ᠎ᠡ ᠹᠧᠩ ᠱᠤᠸᠠᠩ ᠪᠠᠢ᠂ ᠯᠢ ᠴᠧᠨ᠂ ᠯᠦᠸᠧ ᠸᠧᠢ᠂ ᠮᠠᠶᠢᠯᠠᠰᠦ᠂ ᠶᠠᠩ ᠹᠸᠢ ᠶᠦᠨ᠂ ᠴᠤᠭ᠂ ᠴᠢ᠊ · ᠪᠤᠯᠠᠭ᠂ ᠯᡁᠠᠰᠦ᠋ᠷᠦᠩ᠂ ᠮᠦᠩᠬᠡᠵᠢᠷᠭᠠᠯ ᠵᠡᠷᠭᠡ ᠨᠡᠷᠡᠳᠦ ᠡᠷᠳᠡᠮᠳᠡᠨ ᠮᠡᠷᠭᠡᠵᠢᠯᠳᠡᠳ ᠬᠢᠬᠡᠳ ᠠᠬᠠᠮᠠᠳ ᠵᠠᠯᠠᠭᠤ ᠤᠷᠠᠯᠢᠭᠴᠢᠳ ᠲᠤᠰᠬᠠᠢ ᠰᠡᠳᠦᠪᠳᠤ ᠶᠠᠷᠢᠶ᠎ᠠ ᠢᠯᠡᠳᠭᠡᠯ ᠬᠢᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号