ᠦᠢᠯᠡᠳᠪᠦᠷᠢᠯᠡᠯ ᠤᠨ ᠴᠢᠳᠠᠪᠤᠷᠢ ᠶᠢ ᠦᠭᠡᠶᠢᠰᠬᠡᠬᠦ ᠲᠠᠯ᠎ᠠ ᠪᠠᠷ᠂ 1 — 5 ᠳ᠋ᠤᠭᠠᠷ ᠰᠠᠷ᠎ᠠ ᠳᠤ᠂ | ᠼᠧᠮᠧᠨ᠋ᠲ ᠤᠨ ᠦᠢᠯᠡᠳᠪᠦᠷᠢᠯᠡᠯ ᠠᠳᠠᠯᠢ ᠬᠤᠭᠤᠴᠠᠭᠠᠨ ᠤ ᠬᠢ ᠠᠴᠠ 13.1% ᠪᠠᠭᠤᠷᠠᠵᠤ᠂ ᠢᠳᠡᠮᠡᠬᠡᠢ | ᠱᠦᠯᠲᠦ ᠶᠢᠨ ᠦᠢᠯᠡᠳᠪᠦᠷᠢᠯᠡᠯ ᠠᠳᠠᠯᠢ ᠬᠤᠭᠤᠴᠠᠭᠠᠨ ᠤ ᠬᠢ ᠠᠴᠠ 4.7% ᠪᠠᠭᠤᠷᠠᠵᠤ᠂ ᠴᠠᠬᠢᠯᠠᠭᠤᠷ | ᠴᠢᠯᠠᠭᠤ ᠶᠢᠨ ᠦᠢᠯᠡᠳᠪᠦᠷᠢᠯᠡᠯ ᠠᠳᠠᠯᠢ ᠬᠤᠭᠤᠴᠠᠭᠠᠨ ᠤ ᠬᠢ ᠠᠴᠠ 0.9% ᠪᠠᠭᠤᠷᠠᠪᠠ᠃ ᠬᠥᠮᠥᠷᠭᠡᠯᠡᠯᠲᠡ ᠶᠢ | ᠦᠭᠡᠶᠢᠰᠬᠡᠬᠦ ᠲᠠᠯ᠎ᠠ ᠪᠠᠷ᠂ 5 ᠳ᠋ᠤᠭᠠᠷ ᠰᠠᠷ᠎ᠠ ᠶᠢᠨ ᠡᠴᠦᠰ ᠲᠤ᠂ ᠬᠤᠳᠠᠯᠳᠤᠬᠤ ᠪᠠᠷ ᠪᠡᠯᠡᠳᠬᠡᠵᠦ ᠪᠠᠶᠢᠭ᠎ᠠ | ᠲᠠᠸᠠᠷ ᠤᠨ ᠣᠷᠣᠨ ᠰᠠᠭᠤᠴᠠ ᠶᠢᠨ ᠲᠠᠯᠠᠪᠠᠢ 1284.7 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠠᠳᠠᠯᠢ | ᠬᠤᠭᠤᠴᠠᠭᠠᠨ ᠤ ᠬᠢ ᠠᠴᠠ 1.5% ᠪᠠᠭᠤᠷᠠᠪᠠ᠃ ᠬᠥᠰᠢᠭᠦᠷᠭᠡ ᠶᠢ ᠦᠭᠡᠶᠢᠰᠬᠡᠬᠦ ᠲᠠᠯ᠎ᠠ ᠪᠠᠷ᠂ 1 — 4 ᠳ᠋ᠦ᠋ᠭᠡᠷ | ᠰᠠᠷ᠎ᠠ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢᠯᠡᠯ ᠤᠨ ᠠᠵᠤ ᠠᠬᠤᠶᠢᠯᠠᠯ ᠤᠨ ᠬᠥᠷᠥᠩᠭᠡ ᠶᠢᠨ | ᠥᠷᠢ ᠶᠢᠨ ᠨᠤᠷᠮ᠎ᠠ ᠠᠳᠠᠯᠢ ᠬᠤᠭᠤᠴᠠᠭᠠᠨ ᠤ ᠬᠢ ᠠᠴᠠ 1.7 ᠵᠠᠭᠤᠨ ᠤ ᠴᠡᠭ ᠪᠠᠭᠤᠷᠠᠪᠠ᠃ ᠥᠷᠲᠡᠭ ᠢ | ᠪᠠᠭᠤᠷᠠᠭᠤᠯᠬᠤ ᠲᠠᠯ᠎ᠠ ᠪᠠᠷ᠂ 1 — 4 ᠳ᠋ᠦ᠋ᠭᠡᠷ ᠰᠠᠷ᠎ᠠ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢᠯᠡᠯ ᠤᠨ ᠠᠵᠤ ᠠᠬᠤᠶᠢᠯᠠᠯ ᠤᠨ ᠵᠠᠭᠤᠨ ᠲᠥᠭᠦᠷᠢᠭ ᠪᠦᠷᠢ ᠶᠢᠨ ᠭᠤᠣᠯᠯᠠᠨ ᠡᠵᠡᠩᠨᠡᠬᠦ ᠠᠵᠢᠯ ᠤᠨ | ᠣᠷᠣᠯᠭ᠎ᠠ ᠶᠢᠨ ᠥᠪᠡᠷ ᠤᠨ ᠥᠷᠲᠡᠭ ᠨᠢ ᠪᠦᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ 7.7 ᠲᠥᠭᠦᠷᠢᠭ | ᠳᠣᠣᠷ᠎ᠠ ᠪᠣᠯᠵᠤ᠂ ᠠᠳᠠᠯᠢ ᠬᠤᠭᠤᠴᠠᠭᠠᠨ ᠤ ᠬᠢ ᠠᠴᠠ 1.7 ᠲᠥᠭᠦᠷᠢᠭ ᠪᠠᠭᠤᠷᠠᠪᠠ᠃ ᠳᠤᠲᠠᠭᠤᠳᠠᠯ ᠢ | ᠨᠥᠬᠦᠪᠦᠷᠢᠯᠡᠬᠦ ᠲᠠᠯ᠎ᠠ ᠪᠠᠷ᠂ 1 — 5 ᠳ᠋ᠤᠭᠠᠷ ᠰᠠᠷ᠎ᠠ ᠳᠤ᠂ ᠮᠡᠳᠡᠭᠡ ᠵᠠᠩᠭᠢ ᠳᠠᠮᠵᠢᠭᠤᠯᠬᠤ ᠵᠥᠭᠡᠯᠡᠨ ᠲᠣᠨᠤᠭ ᠪᠠ | ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠣᠷᠤᠭᠤᠯᠤᠯᠲᠠ ᠠᠳᠠᠯᠢ ᠬᠤᠭᠤᠴᠠᠭᠠᠨ ᠤ ᠬᠢ | ᠠᠴᠠ 45.6% ᠨᠡᠮᠡᠭᠳᠡᠪᠡ᠃ |