6 ᠳ᠋ᠤᠭᠠᠷ ᠰᠠᠷ᠎ᠠ ᠶᠢᠨ 25 ᠤ ᠡᠳᠦᠷ᠂ ᠲᠦᠪ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢᠨ | ᠬᠤᠶᠠᠳᠤᠭᠠᠷ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠳᠤ | ᠠᠷᠪᠠ ᠶᠢᠰᠦᠳᠦᠬᠡᠷ ᠪᠦᠯᠦᠭ ᠤᠨ ᠤᠷᠴᠢᠨ ᠲᠤᠭᠤᠷᠢᠨ ᠤ ᠵᠠᠬᠢᠳᠠᠯ ᠰᠤᠷᠪᠤᠯᠵᠢᠯᠠᠯ ᠤᠨ ᠢᠯᠡᠴᠢᠯᠡᠨ ᠮᠡᠳᠡᠭᠦᠯᠦᠭᠰᠡᠨ | 82 ᠭᠡᠷᠡᠭ ︵ᠤᠳᠠᠰᠤ ᠪᠠᠷ ᠢᠯᠡᠴᠢᠯᠡᠨ ᠮᠡᠳᠡᠬᠦᠯᠦᠭᠰᠡᠨ 62 ᠭᠡᠷᠡᠭ᠂ ᠵᠠᠬᠢᠳᠠᠯ ᠢᠶᠠᠷ ᠢᠯᠡᠴᠢᠯᠡᠨ ᠮᠡᠳᠡᠬᠦᠯᠦᠭᠰᠡᠨ | 20 ᠭᠡᠷᠡᠭ︶ ᠢ ᠲᠤᠰᠢᠶᠠᠨ ᠦᠭᠴᠦ ᠬᠦᠢᠴᠡᠳᠭᠡᠬᠦᠯᠬᠦ ᠪᠠᠷ ᠪᠤᠯᠪᠠ᠃ ᠲᠠᠪᠬᠤᠴᠠᠵᠦ ᠢᠯᠡᠴᠢᠯᠡᠨ ᠮᠡᠳᠡᠬᠦᠯᠦᠭᠰᠡᠨ 2 | ᠭᠡᠷᠡᠭ ᠢ ᠭᠠᠷᠭᠠᠪᠠᠯ ᠪᠤᠳᠠᠳᠠᠢ ᠢᠯᠡᠴᠢᠯᠡᠨ ᠮᠡᠳᠡᠬᠦᠯᠦᠭᠰᠡᠨ ᠨᠢ 80 ᠭᠡᠷᠡᠭ ᠪᠤᠢ᠃ ᠤᠷᠤᠨ ᠪᠦᠰᠡ ᠶᠢᠨ | ᠳᠠᠷᠬᠠᠯᠳᠠ ᠪᠠᠷ ᠬᠤᠪᠢᠶᠠᠪᠠᠯ᠄ ᠬᠦᠬᠡᠬᠤᠳᠠ ᠶᠢᠨ 19 ᠭᠡᠷᠡᠭ᠂ ᠪᠤᠭᠤᠳᠤ ᠬᠤᠲᠠ ᠶᠢᠨ 10 ᠬᠡᠷᠡᠭ᠂ ᠬᠦᠯᠦᠨ | ᠪᠤᠶᠢᠷ ᠬᠤᠲᠠ ᠶᠢᠨ 5 ᠬᠡᠷᠡᠭ᠂ ᠬᠢᠩᠭᠠᠨ ᠠᠶᠢᠮᠠᠭ ᠤᠨ 3 ᠬᠡᠷᠡᠭ᠂ ᠲᠦᠩᠯᠢᠶᠤᠤ ᠬᠤᠲᠠ ᠶᠢᠨ 8 ᠬᠡᠷᠡᠭ᠂ | ᠤᠯᠠᠭᠠᠨᠬᠠᠳᠠ ᠬᠤᠳᠠ ᠶᠢᠨ 5 ᠭᠡᠷᠡᠭ᠂ ᠰᠢᠯᠢ ᠶᠢᠨ ᠭᠤᠤᠯ ᠠᠶᠢᠮᠠᠭ ᠤᠨ 8 ᠬᠡᠷᠡᠭ᠂ ᠤᠯᠠᠭᠠᠨᠴᠠᠪ ᠬᠤᠲᠠ ᠶᠢᠨ 6 | ᠬᠡᠷᠡᠭ᠂ ᠤᠷᠳᠤᠰ ᠬᠤᠲᠠ ᠶᠢᠨ 9 ᠬᠡᠷᠡᠭ᠂ ᠪᠠᠶᠠᠨᠨᠠᠭᠤᠷ ᠬᠤᠲᠠ ᠶᠢᠨ 5 ᠭᠡᠷᠡᠭ᠂ ᠦᠬᠠᠢ ᠬᠤᠳᠠ ᠶᠢᠨ 2 ᠬᠡᠷᠡᠭ᠂ | ᠠᠯᠠᠱᠠ ᠠᠶᠢᠮᠠᠬ ᠤᠨ 2 ᠭᠡᠷᠡᠭ ᠪᠠᠶᠢᠨ᠎ᠠ᠃ ᠪᠤᠬᠢᠷᠳᠤᠯ ᠤᠨ ᠲᠦᠷᠦᠯ ᠢᠶᠠᠷ ᠵᠠᠳᠠᠯᠪᠠᠯ ︵ᠭᠡᠰᠡᠭ ᠢᠯᠡᠴᠢᠯᠡᠨ | ᠮᠡᠳᠡᠬᠦᠯᠦᠭᠰᠡᠨ ᠨᠢ ᠤᠯᠠᠨ ᠲᠦᠷᠦᠯ ᠤᠨ ᠪᠤᠬᠢᠷᠳᠤᠯ ᠳᠤ ᠬᠤᠯᠪᠤᠭᠳᠠᠪᠠ︶᠄ ᠠᠭᠠᠷ ᠮᠠᠨᠳᠠᠯ ᠤᠨ ᠪᠤᠬᠢᠷᠳᠤᠯ ᠤᠨ | 38 ᠭᠡᠷᠡᠭ᠂ ᠤᠰᠤᠨ ᠤ ᠪᠤᠬᠢᠷᠳᠤᠯ ᠤᠨ 12 ᠭᠡᠷᠡᠭ᠂ ᠱᠤᠤᠬᠢᠶ᠎ᠠ ᠳᠠᠭᠤ ᠶᠢᠨ ᠪᠤᠬᠢᠷᠳᠤᠯ ᠤᠨ 25 ᠭᠡᠷᠡᠭ᠂ | ᠬᠦᠷᠦᠰᠦ ᠰᠢᠷᠤᠢ ᠶᠢᠨ ᠪᠤᠬᠢᠷᠳᠤᠯ ᠤᠨ 23 ᠭᠡᠷᠡᠭ᠂ ᠠᠮᠢ ᠠᠬᠤᠢ ᠶᠢ ᠡᠪᠳᠡᠭᠰᠡᠨ 22 ᠭᠡᠷᠡᠭ᠂ ᠪᠤᠰᠤᠳ | ᠪᠤᠬᠢᠷᠳᠤᠯ ᠤᠨ 6 ᠭᠡᠷᠡᠭ ᠪᠤᠢ᠃ | ᠲᠤᠬᠢᠷᠠᠭᠤᠯᠭ᠎ᠠ ᠶᠢ ᠦᠨᠳᠦᠰᠦᠯᠡᠪᠡᠯ᠂ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠤᠶᠠᠳᠤᠭᠠᠷ | ᠰᠢᠮᠳᠠᠭᠤᠯᠤᠨ ᠪᠠᠶᠢᠴᠠᠭᠠᠬᠤ ᠲᠤᠭᠤᠶᠢᠯᠠᠩ ᠤᠨ ᠰᠢᠮᠳᠠᠭᠤᠯᠤᠨ ᠪᠠᠶᠢᠴᠠᠭᠠᠵᠤ ᠰᠠᠭᠤᠬᠤ ᠴᠠᠬ ᠬᠤᠭᠤᠴᠠᠭ᠎ᠠ ᠪᠤᠯ | ᠨᠢᠭᠡ ᠰᠠᠷ᠎ᠠ ᠪᠤᠯᠤᠨ᠎ᠠ᠃ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠱᠠᠭᠠᠷᠳᠠᠯᠭ᠎ᠠ | ᠪᠤᠯᠤᠨ ᠰᠢᠮᠳᠠᠭᠤᠯᠤᠨ ᠪᠠᠶᠢᠴᠠᠭᠠᠬᠤ ᠲᠤᠭᠤᠶᠢᠯᠠᠩ ᠤᠨ ᠡᠭᠦᠷᠭᠡ ᠬᠠᠷᠢᠭᠤᠴᠠᠯᠭ᠎ᠠ ᠶᠢ ᠦᠨᠳᠦᠰᠦᠯᠡᠵᠤ᠂ ᠲᠦᠪ ᠤᠨ | ᠤᠷᠴᠢᠨ ᠲᠤᠭᠤᠷᠢᠨ ᠤ ᠬᠠᠮᠠᠭᠠᠯᠠᠯᠳᠠ ᠶᠢᠨ ᠰᠢᠮᠳᠠᠭᠤᠯᠤᠨ ᠪᠠᠶᠢᠴᠠᠭᠠᠬᠤ ᠲᠤᠭᠤᠶᠢᠯᠠᠩ ᠤᠨ ᠬᠢᠨ ᠭᠤᠤᠯᠳᠠᠭᠤ | ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ | ᠲᠠᠯ᠎ᠠ ᠪᠠᠷ ᠬᠢ ᠵᠠᠬᠢᠳᠠᠯ ᠪᠠ ᠤᠳᠠᠰᠤ ᠶᠢᠨ ᠢᠯᠡᠴᠢᠯᠡᠨ ᠮᠡᠳᠡᠭᠦᠯᠤᠯᠳᠡ ᠶᠢ ᠬᠦᠯᠢᠶᠡᠨ ᠠᠪᠤᠨ᠎ᠠ᠃ ᠬᠦᠯᠢᠶᠡᠨ ᠠᠪᠬᠤ | ᠬᠡᠪᠴᠢᠶᠡᠨ ᠳᠤ ᠦᠯᠦ ᠪᠠᠭᠳᠠᠬᠤ ᠪᠤᠰᠤᠳ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠲᠤᠬᠳᠠᠭᠠᠯ ᠶᠤᠰᠤᠭᠠᠷ | ᠰᠢᠮᠳᠠᠭᠤᠯᠤᠨ ᠪᠠᠶᠢᠴᠠᠭᠠᠬᠳᠠᠵᠤ ᠪᠠᠶᠢᠭ᠎ᠠ ᠭᠠᠵᠠᠷ ᠤᠷᠤᠨ᠂ ᠨᠢᠭᠡᠴᠡ ᠪᠤᠯᠤᠨ ᠬᠠᠮᠢᠶ᠎ᠠ ᠪᠦᠬᠦᠢ ᠰᠠᠯᠠᠭ᠎ᠠ ᠮᠦᠴᠢᠷ ᠲᠤ | ᠲᠤᠰᠢᠶᠠᠨ ᠦᠭᠴᠤ ᠰᠢᠢᠳᠪᠤᠷᠢᠯᠡᠭᠦᠯᠬᠦ ᠪᠤᠯᠤᠨ᠎ᠠ᠃ |