︵2008 ᠤᠨ ᠤ 1 ᠳ᠋ᠤᠬᠡᠷ ᠰᠠᠷ᠎ᠠ ᠶᠢᠨ 7 ᠤ ᠡᠳᠦᠷ ᠦᠪᠡᠷᠳᠡᠬᠡᠨ ᠵᠠᠰᠠᠬᠤ ᠤᠷᠤᠨ ᠤ ᠠᠷᠠᠳ ᠤᠨ | ᠵᠠᠰᠠᠭ ᠤᠨ ᠤᠷᠳᠤᠨ ᠤ ᠵᠠᠷᠯᠢᠭ 155 ᠳ᠋ᠤᠭᠠᠷ ᠲᠤᠭᠠᠳᠤ ᠪᠠᠷ ᠨᠡᠶᠢᠳᠡᠯᠡᠪᠡ 2018 ᠤᠨ ᠤ 1 ᠳ᠋ᠤᠬᠡᠷ | ᠰᠠᠷ᠎ᠠ ᠶᠢᠨ 16 ᠤ ᠡᠳᠦᠷ ︽ᠵᠠᠰᠠᠭ ᠤᠨ ᠤᠷᠳᠤᠨ ᠤ ᠬᠡᠰᠡᠭ ᠲᠦᠷᠢᠮ ᠲᠤᠨᠨᠳᠠᠭᠠᠯ ᠳᠤ ᠵᠠᠰᠠᠪᠤᠷᠢ ᠤᠷᠤᠭᠤᠯᠬᠤ | ᠲᠤᠬᠠᠢ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠲᠤᠨᠨᠳᠠᠭᠠᠯ︾ | ᠢ ᠦᠨᠳᠦᠰᠦᠯᠡᠵᠦ ᠵᠠᠰᠠᠪᠤᠷᠢ ᠤᠷᠤᠭᠤᠯᠪᠠ︶ | | | ᠨᠢᠬᠡᠳᠦᠬᠡᠷ ᠪᠦᠯᠦᠭ ᠶᠡᠷᠦᠩᠬᠡᠢ ᠲᠦᠷᠢᠮ | | ᠨᠢᠬᠡᠳᠦᠬᠡᠷ ᠵᠦᠢᠯ ᠤᠰᠤᠨ ᠤ ᠡᠬᠢ ᠰᠤᠷᠪᠤᠯᠵᠢ ᠶᠢ ᠵᠦᠢ ᠵᠤᠬᠢᠰᠳᠠᠢ ᠪᠠᠷ ᠨᠡᠬᠡᠬᠡᠨ ᠠᠰᠢᠨᠨᠯᠠᠬᠤ᠂ | ᠰᠢᠯᠢᠳᠡᠭᠵᠢᠬᠦᠯᠦᠨ ᠲᠤᠬᠢᠷᠠᠭᠤᠯᠬᠤ ᠪᠠ ᠦᠷᠭᠦᠯᠵᠢᠯᠡᠨ ᠠᠰᠢᠨᠨᠯᠠᠵᠦ᠂ ᠤᠰᠤᠨ ᠤ ᠡᠬᠢ ᠰᠤᠷᠪᠤᠯᠵᠢ ᠶᠢ ᠠᠷᠪᠢᠯᠠᠨ | ᠭᠠᠮᠨᠠᠬᠤ ᠪᠠ ᠬᠠᠮᠠᠭᠠᠯᠠᠬᠤ ᠶᠢ ᠠᠬᠢᠭᠤᠯᠬᠤ ᠶᠢ ᠪᠡᠶᠡᠯᠡᠬᠦᠯᠬᠦ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠲᠤᠮᠳᠠᠳᠤ | ᠠᠷᠠᠳ ᠤᠯᠤᠰ ᠤᠨ ᠤᠰᠤᠨ ᠤ ᠬᠠᠤᠯᠢ︾ ᠪᠠ ᠲᠦᠷᠦ ᠶᠢᠨ ᠶᠠᠪᠤᠳᠠᠯ ᠤᠨ ᠬᠤᠷᠢᠶ᠎ᠠ ᠶᠢᠨ ︽ᠤᠰᠤ ᠲᠠᠳᠠᠬᠤ ᠶᠢ | ᠵᠦᠪᠰᠢᠶᠡᠷᠡᠬᠦ ᠪᠠ ᠤᠰᠤᠨ ᠤ ᠡᠬᠢ ᠰᠤᠷᠪᠤᠯᠵᠢ ᠶᠢᠨ ᠰᠦᠢᠳᠬᠡᠯ ᠲᠠᠳᠠᠪᠤᠷᠢᠯᠠᠬᠤ ᠬᠠᠮᠢᠶᠠᠷᠤᠯᠳᠠ ᠶᠢᠨ ᠲᠦᠷᠢᠮ︾ | ︵ᠲᠤᠷᠤᠨᠨᠰᠢ ︽ᠲᠦᠷᠢᠮ︾ ᠬᠡᠵᠦ ᠲᠤᠪᠴᠢᠯᠠᠨ᠎ᠠ︶ ᠵᠡᠷᠬᠡ ᠬᠠᠤᠯᠢ ᠴᠠᠭᠠᠵᠠ ᠬᠠᠤᠯᠢ ᠲᠤᠨᠨᠳᠠᠭᠠᠯ ᠢ | ᠦᠨᠳᠦᠰᠦᠯᠡᠵᠦ᠂ ᠦᠪᠡᠷᠳᠡᠬᠡᠨ ᠵᠠᠰᠠᠬᠤ ᠤᠷᠤᠨ ᠤ ᠪᠤᠳᠠᠳᠠᠢ ᠲᠠᠢ ᠤᠶᠠᠯᠳᠤᠭᠤᠯᠤᠨ᠂ ᠲᠤᠰ ᠠᠷᠭ᠎ᠠ ᠶᠢ | ᠲᠤᠨᠨᠳᠠᠭᠠᠪᠠ᠃ | ᠬᠤᠶᠠᠳᠤᠭᠠᠷ ᠵᠦᠢᠯ ᠦᠪᠡᠷᠳᠡᠬᠡᠨ ᠵᠠᠰᠠᠬᠤ ᠤᠷᠤᠨ ᠤ ᠬᠢᠯᠢ ᠲᠤᠳᠤᠷ᠎ᠠ ᠤᠰᠤ ᠲᠠᠳᠠᠬᠤ ᠪᠠᠷᠢᠯᠭ᠎ᠠ ᠪᠤᠶᠤ | ᠪᠡᠯᠡᠳᠬᠡᠮᠵᠢ ᠶᠢ ᠠᠰᠢᠨᠨᠯᠠᠵᠦ ᠪᠠᠶᠢᠭᠠᠳ ᠭᠤᠤᠯ ᠮᠦᠷᠡᠨ᠂ ᠨᠠᠭᠤᠷ ᠤᠰᠤ ᠪᠤᠶᠤ ᠭᠠᠵᠠᠷ ᠲᠤᠤᠷ᠎ᠠ ᠠᠴᠠ ᠰᠢᠭᠤᠳ | ᠤᠰᠤᠨ ᠤ ᠡᠬᠢ ᠰᠤᠷᠪᠤᠯᠵᠢ ᠶᠢ ᠲᠠᠳᠠᠵᠦ ᠬᠡᠷᠡᠭᠯᠡᠬᠦ ᠨᠢᠬᠡᠴᠡ ᠪᠠ ᠬᠤᠪᠢ ᠭᠦᠮᠦᠨ᠂ ᠲᠤᠰ ᠠᠷᠭ᠎ᠠ ᠶᠢᠨ | ᠵᠢᠷᠭᠤᠳᠤᠭᠠᠷ ᠵᠦᠢᠯ ᠳᠤ ᠲᠤᠨᠨᠳᠠᠭᠠᠨᠨᠰᠠᠨ ᠪᠠᠶᠢᠳᠠᠯ ᠢ ᠭᠠᠷᠭᠠᠪᠠᠯ ᠴᠦᠮ ᠤᠰᠤ ᠲᠠᠳᠠᠬᠤ ᠵᠦᠪᠰᠢᠶᠡᠷᠡᠯ ᠤᠨ ᠦᠨᠡᠮᠯᠡᠯ | ᠠᠪᠬᠤ ᠪᠠᠷ ᠭᠤᠶᠤᠴᠢᠯᠠᠬᠤ ᠶᠢᠨ ᠬᠠᠮᠳᠤ ᠤᠰᠤᠨ ᠤ ᠡᠬᠢ ᠰᠤᠷᠪᠤᠯᠵᠢ ᠶᠢᠨ ᠰᠦᠢᠳᠬᠡᠯ ᠲᠤᠰᠢᠶᠠᠬᠤ ᠬᠡᠷᠡᠭᠳᠡᠢ᠃ | ᠭᠤᠷᠪᠠᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠲᠡᠬᠡᠭᠰᠢᠬᠢ ᠠᠷᠠᠳ ᠤᠨ ᠵᠠᠰᠠᠭ ᠤᠨ | ᠤᠷᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠳ ᠱᠠᠳᠤ ᠬᠤᠪᠢᠶᠠᠨ | ᠬᠠᠮᠢᠶᠠᠷᠬᠤ ᠡᠷᠬᠡ ᠮᠡᠳᠡᠯ ᠤᠨ ᠶᠤᠰᠤᠭᠠᠷ᠂ ᠲᠤᠰ ᠵᠠᠰᠠᠭ ᠵᠠᠬᠢᠷᠭᠠᠨ ᠤ ᠤᠷᠤᠨ ᠤ ᠪᠠᠨ ᠲᠤᠳᠤᠷᠠᠬᠢ ᠤᠰᠤ ᠲᠠᠳᠠᠬᠤ | ᠶᠢ ᠵᠦᠪᠰᠢᠶᠡᠷᠡᠬᠦ ᠲᠦᠷᠢᠮ ᠤᠨ ᠵᠤᠬᠢᠶᠠᠨ ᠪᠠᠶᠢᠭᠤᠯᠤᠨ ᠬᠡᠷᠡᠭᠵᠢᠬᠦᠯᠬᠦ ᠪᠠ ᠬᠢᠨᠠᠯᠳᠠ ᠲᠠᠯᠪᠢᠵᠦ ᠬᠠᠮᠢᠶᠠᠷᠬᠤ ᠶᠢ | ᠬᠠᠷᠢᠭᠤᠴᠠᠬᠤ ᠬᠡᠷᠡᠭᠳᠡᠢ᠃ | ᠲᠦᠷᠪᠡᠳᠦᠬᠡᠷ ᠵᠦᠢᠯ ᠤᠰᠤ ᠲᠠᠳᠠᠬᠤ ᠵᠦᠪᠰᠢᠶᠡᠷᠡᠯ ᠢ ᠬᠡᠷᠡᠭᠵᠢᠬᠦᠯᠬᠦ ᠳᠤ ᠤᠰᠤᠨ ᠤ ᠬᠡᠮᠵᠢᠶ᠎ᠡ | ᠤᠰᠤᠨ ᠤ ᠴᠢᠨᠠᠷ᠂ ᠭᠠᠵᠠᠷ ᠲᠡᠬᠡᠷᠡᠬᠢ ᠪᠠ ᠭᠠᠵᠠᠷ ᠲᠤᠤᠷᠠᠬᠢ ᠤᠰᠤ᠂ ᠠᠮᠢᠳᠤᠷᠠᠯ ᠦᠢᠯᠡᠳᠪᠦᠷᠢᠯᠡᠯ ᠠᠮᠢ ᠠᠬᠤᠢ | ᠶᠢᠨ ᠬᠡᠷᠡᠭᠯᠡᠬᠦ ᠤᠰᠤ ᠶᠢ ᠵᠠᠪᠠᠯ ᠨᠢᠬᠡᠳᠦᠯᠳᠡᠢ ᠲᠦᠯᠦᠪᠵᠢᠬᠦᠯᠦᠨ᠂ ᠤᠰᠤᠨ ᠰᠤᠷᠪᠤᠯᠵᠢ ᠶᠢ ᠨᠡᠬᠡᠬᠡᠬᠦ ᠬᠢᠬᠡᠳ ᠤᠰᠤ | ᠤᠷᠤᠰᠴᠤ ᠬᠡᠬᠡᠭᠳᠡᠬᠦ ᠶᠢ ᠬᠤᠷᠢᠨᠨᠯᠠᠬᠤ᠂ ᠶᠡᠷᠦᠩᠬᠡᠢ ᠬᠡᠮᠵᠢᠶ᠎ᠡ ᠶᠢ ᠡᠵᠡᠮᠳᠡᠬᠦ ᠬᠢᠬᠡᠳ ᠨᠤᠷᠮ᠎ᠠ ᠲᠤᠨᠨᠳᠠᠭᠠᠨ | ᠬᠠᠮᠢᠶᠠᠷᠬᠤ ᠶᠢ ᠤᠶᠠᠯᠳᠤᠭᠤᠯᠬᠤ ᠵᠠᠷᠴᠢᠮ ᠢ ᠪᠠᠷᠢᠮᠳᠠᠯᠠᠨ᠂ ᠲᠠᠬᠢᠯᠳᠠ ᠤᠰᠤ᠂ ᠨᠡᠭᠦᠷᠡᠰᠦᠨ ᠲᠠᠪᠬᠤᠷᠭ᠎ᠠ ᠶᠢᠨ ᠤᠰᠤ᠂ | ᠪᠤᠷᠤᠭᠠᠨ ᠤ ᠪᠠ ᠦᠶᠡᠷ ᠤᠨ ᠤᠰᠤ᠂ ᠭᠠᠰᠢᠭᠤᠨ ᠱᠤᠷᠪᠤᠭ ᠤᠰᠤ ᠵᠡᠷᠬᠡ ᠵᠤᠷᠰᠢᠯ ᠤᠨ ᠪᠤᠰᠤ ᠤᠰᠤᠨ ᠰᠤᠷᠪᠤᠯᠵᠢ | ᠬᠡᠷᠡᠭᠯᠡᠬᠦ ᠶᠢ ᠵᠤᠷᠢᠨᠨᠵᠢᠭᠤᠯᠬᠤ ᠬᠡᠷᠡᠭᠳᠡᠢ᠃ | ᠤᠰᠤᠨ ᠤ ᠡᠬᠢ ᠰᠤᠷᠪᠤᠯᠵᠢ ᠶᠢ ᠠᠷᠪᠢᠯᠠᠨ ᠭᠠᠮᠨᠠᠬᠤ ᠪᠠ ᠬᠠᠮᠠᠭᠠᠯᠠᠬᠤ ᠳᠤ ᠲᠤᠪᠤᠶᠢᠮ᠎ᠠ ᠬᠤᠪᠢ ᠨᠡᠮᠡᠷᠢ | ᠦᠵᠡᠬᠦᠯᠦᠭᠰᠡᠨ ᠨᠢᠬᠡᠴᠡ ᠪᠠ ᠬᠤᠪᠢ ᠭᠦᠮᠦᠨ ᠢ ᠬᠤᠰᠢᠭᠤ ᠰᠢᠶᠠᠨ ᠤ ᠱᠠᠳᠤᠨ ᠠᠴᠠ ᠲᠡᠬᠡᠭᠰᠢᠬᠢ ᠠᠷᠠᠳ ᠤᠨ | ᠵᠠᠰᠠᠭ ᠤᠨ ᠤᠷᠳᠤᠨ ᠠᠴᠠ ᠭᠦᠬᠢᠭᠦᠯᠦᠨ ᠰᠠᠶᠢᠰᠢᠶᠠᠬᠤ ᠪᠠ ᠱᠠᠩᠨᠠᠬᠤ ᠬᠡᠷᠡᠭᠳᠡᠢ᠃ | | ᠬᠤᠶᠠᠳᠤᠭᠠᠷ ᠪᠦᠯᠦᠭ ᠤᠰᠤ ᠲᠠᠳᠠᠬᠤ ᠪᠠᠷ ᠭᠤᠶᠤᠴᠢᠯᠠᠬᠤ | ᠪᠠ ᠭᠦᠯᠢᠶᠡᠨ ᠠᠪᠴᠤ ᠰᠶᠢᠳᠪᠦᠷᠢᠯᠡᠬᠦ | | ᠲᠠᠪᠤᠳᠤᠭᠠᠷ ᠵᠦᠢᠯ ᠤᠰᠤ ᠲᠠᠳᠠᠠᠬᠤ ᠪᠠᠷ ᠭᠤᠶᠤᠴᠢᠯᠠᠬᠤ ᠨᠢᠬᠡᠴᠡ ᠪᠤᠶᠤ ᠬᠤᠪᠢ ᠭᠦᠮᠦᠨ ︵ᠲᠤᠷᠤᠨᠨᠰᠢ | ᠭᠤᠶᠤᠴᠢᠯᠬᠠᠴᠢ ᠬᠡᠵᠦ ᠲᠤᠪᠴᠢᠯᠠᠨ᠎ᠠ︶ ᠨᠢ ᠵᠠᠪᠠᠯ ᠬᠢᠨᠠᠨ ᠵᠦᠪᠰᠢᠶᠡᠷᠡᠬᠦ ᠡᠷᠬᠡ ᠮᠡᠳᠡᠯ ᠲᠠᠢ ᠬᠤᠰᠢᠭᠤ ᠰᠢᠶᠠᠨ ᠤ | ᠱᠠᠳᠤᠨ ᠠᠴᠠ ᠲᠡᠬᠡᠭᠰᠢᠬᠢ ᠠᠷᠠᠳ ᠤᠨ ᠵᠠᠰᠠᠭ ᠤᠨ ᠤᠷᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ | ᠬᠠᠮᠢᠶᠠᠷᠬᠤ ᠰᠠᠯᠠᠭ᠎ᠠ ᠮᠦᠴᠢᠷ ᠲᠤ ᠤᠰᠤ ᠲᠠᠳᠠᠬᠤ ᠭᠤᠶᠤᠴᠢᠯᠠᠯ ᠢᠶᠠᠨ ᠲᠤᠷᠠᠳᠬᠤ ᠬᠡᠷᠡᠭᠳᠡᠢ᠂ ᠡᠭᠦᠨ ᠳᠤ ᠤᠰᠤ | ᠲᠠᠳᠠᠬᠤ ᠵᠦᠪᠰᠢᠶᠡᠷᠡᠯ ᠢ ᠬᠢᠨᠠᠨ ᠵᠦᠪᠰᠢᠶᠡᠷᠡᠬᠦ ᠡᠷᠬᠡ ᠮᠡᠳᠡᠯ ᠨᠢ ᠰᠠᠪᠠ ᠭᠠᠵᠠᠷ ᠤᠨ ᠬᠠᠮᠢᠶᠠᠷᠤᠯᠳᠠ ᠶᠢᠨ | ᠪᠠᠶᠢᠭᠤᠯᠤᠮᠵᠢ ᠳᠤ ᠬᠠᠷᠢᠶᠠᠯᠬᠠᠳᠠᠵᠦ ᠪᠠᠶᠢᠪᠠᠯ ᠵᠠᠪᠠᠯ ᠦᠪᠡᠷᠳᠡᠬᠡᠨ ᠵᠠᠰᠠᠬᠤ ᠤᠷᠤᠨ ᠤ ᠤᠰᠤᠨ ᠤ ᠵᠠᠰᠠᠭ ᠵᠠᠬᠢᠷᠭᠠᠨ ᠤ | ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠤ ᠭᠤᠶᠤᠴᠢᠯᠠᠯ ᠢᠶᠠᠨ ᠲᠤᠷᠠᠳᠬᠤ ᠬᠡᠷᠡᠭᠳᠡᠢ᠃ | ᠤᠯᠠᠨ ᠵᠦᠢᠯ ᠤᠨ ᠤᠰᠤᠨ ᠰᠤᠷᠪᠤᠯᠵᠢ ᠲᠠᠳᠠᠬᠤ ᠪᠠᠷ ᠭᠤᠶᠤᠴᠢᠯᠠᠬᠤ ᠮᠦᠷᠳᠡᠬᠡᠨ ᠡᠯ᠎ᠡ ᠵᠦᠢᠯ ᠤᠨ ᠤᠰᠤᠨ | ᠰᠤᠷᠪᠤᠯᠵᠢ ᠠᠴᠠ ᠤᠰᠤ ᠲᠠᠳᠠᠬᠤ ᠵᠦᠪᠰᠢᠶᠡᠷᠡᠯ ᠢ ᠬᠢᠨᠠᠨ ᠵᠦᠪᠰᠢᠶᠡᠷᠡᠬᠦ ᠪᠠᠶᠢᠭᠤᠯᠭ᠎ᠠ ᠨᠢ ᠠᠳᠠᠯᠢ ᠪᠤᠰᠤ ᠪᠤᠯ ᠵᠠᠪᠠᠯ | ᠲᠡᠭᠦᠨ ᠤ ᠲᠤᠳᠤᠷᠠᠬᠢ ᠬᠠᠮᠤᠭ ᠤᠨ ᠦᠨᠳᠦᠷ ᠲᠡᠰ ᠤᠨ ᠬᠢᠨᠠᠨ ᠵᠦᠪᠰᠢᠶᠡᠷᠡᠬᠦ ᠪᠠᠶᠢᠭᠤᠯᠭ᠎ᠠ ᠳᠤ ᠭᠤᠶᠤᠴᠢᠯᠠᠯ ᠢᠶᠠᠨ | ᠲᠤᠷᠠᠳᠬᠤ ᠬᠡᠷᠡᠭᠳᠡᠢ᠃ | ᠵᠠᠰᠠᠭ ᠵᠠᠬᠢᠷᠭᠠᠨ ᠤ ᠤᠷᠤᠨ ᠠᠯᠤᠰᠯᠠᠬᠤ ᠪᠤᠶᠤ ᠬᠢᠯᠢ ᠵᠠᠭᠠᠭ ᠤᠨ ᠭᠤᠤᠯ ᠠᠴᠠ ᠤᠰᠤ ᠲᠠᠳᠠᠬᠤ ᠳᠤ | ᠭᠤᠶᠤᠴᠢᠯᠬᠠᠴᠢ ᠨᠢ ᠵᠠᠪᠠᠯ ᠤᠰᠤ ᠲᠠᠳᠠᠬᠤ ᠶᠢ ᠬᠢᠨᠠᠨ ᠵᠦᠪᠰᠢᠶᠡᠷᠡᠬᠦ ᠬᠠᠮᠳᠤ ᠶᠢᠨ ᠡᠷᠬᠡ ᠮᠡᠳᠡᠯ ᠲᠠᠢ ᠲᠡᠬᠡᠳᠦ ᠨᠢᠬᠡ | ᠱᠠᠳᠤᠨ ᠤ ᠠᠷᠠᠳ ᠤᠨ ᠵᠠᠰᠠᠭ ᠤᠨ ᠤᠷᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ | ᠮᠦᠴᠢᠷ ᠲᠤ ᠤᠰᠤ ᠲᠠᠳᠠᠬᠤ ᠭᠤᠶᠤᠴᠢᠯᠠᠯ ᠢᠶᠠᠨ ᠲᠤᠷᠠᠳᠬᠤ ᠬᠡᠷᠡᠭᠳᠡᠢ᠃ | ᠤᠰᠤ ᠲᠠᠳᠠᠬᠤ ᠶᠢ ᠬᠢᠨᠠᠨ ᠵᠦᠪᠰᠢᠶᠡᠷᠡᠬᠦ ᠪᠠᠶᠢᠭᠤᠯᠭ᠎ᠠ ᠨᠢ ᠵᠠᠪᠠᠯ ︽ᠲᠦᠷᠢᠮ︾ ᠤᠨ ᠲᠤᠨᠨᠳᠠᠭᠠᠯ ᠶᠤᠰᠤᠭᠠᠷ | ᠭᠦᠯᠢᠶᠠᠨ ᠠᠪᠴᠤ ᠰᠶᠢᠳᠪᠦᠷᠢᠯᠡᠬᠦ ᠪᠤᠶᠤ ᠭᠦᠯᠢᠶᠡᠨ ᠠᠪᠬᠤ ᠦᠬᠡᠢ ᠪᠠᠶᠢᠬᠤ ᠬᠡᠷᠡᠭᠳᠡᠢ᠃ | ᠵᠢᠷᠭᠤᠳᠤᠭᠠᠷ ᠵᠦᠢᠯ ᠲᠤᠤᠷᠠᠬᠢ ᠪᠠᠶᠢᠳᠠᠯ ᠲᠠᠢ ᠪᠤᠯ ᠤᠰᠤ ᠲᠠᠳᠠᠬᠤ ᠵᠦᠪᠰᠢᠶᠡᠷᠡᠯ ᠤᠨ ᠦᠨᠡᠮᠯᠡᠯ | ᠠᠪᠬᠤ ᠪᠠᠷ ᠭᠤᠶᠤᠴᠢᠯᠠᠬᠤ ᠴᠢᠬᠤᠯᠠ ᠦᠬᠡᠢ᠄ | ︵ᠨᠢᠬᠡ︶ ᠭᠦᠮᠦᠨ ᠤ ᠭᠦᠴᠦ ᠪᠤᠶᠤ ᠭᠦᠯᠦᠰᠢ ᠶᠢᠨ ᠭᠦᠴᠦ ᠵᠡᠷᠬᠡ ᠮᠠᠰᠢᠨ ᠴᠠᠬᠢᠯᠭᠠᠨ ᠤ ᠪᠤᠰᠤ ᠠᠷᠭ᠎ᠠ | ᠬᠡᠯᠪᠡᠷᠢ ᠪᠠᠷ ᠤᠰᠤ ᠲᠠᠳᠠᠬᠤ︔ | ︵ᠬᠤᠶᠠᠷ︶ ᠬᠡᠷ ᠪᠦᠯᠢ ᠶᠢᠨ ᠠᠮᠢᠳᠤᠷᠠᠯ ᠪᠤᠶᠤ ᠬᠡᠰᠡᠭ ᠪᠤᠰᠠᠭ ᠢᠶᠠᠷ ᠲᠠᠷᠠᠬᠠᠢ ᠮᠠᠯᠯᠠᠬᠤ ᠪᠠ ᠬᠠᠰᠢᠶᠠᠯᠠᠨ | ᠮᠠᠯᠯᠠᠬᠤ ᠮᠠᠯ ᠵᠢᠬᠦᠷᠳᠡᠨ ᠳᠤ ᠬᠡᠷᠡᠭᠯᠡᠬᠦ ᠵᠢᠯ ᠤᠨ ᠲᠠᠳᠠᠬᠤ ᠤᠰᠤ ᠨᠢ 1000 ᠪᠤᠰᠤᠭ᠎ᠠ ᠲᠦᠷᠪᠡᠯᠵᠢᠨ ᠮᠧᠲᠷ ᠠᠴᠠ | ᠲᠤᠷᠤᠨᠨᠰᠢ ᠪᠠᠶᠢᠬᠤ︔ | ᠲᠤᠯᠤᠳᠤᠭᠠᠷ ᠵᠦᠢᠯ ᠭᠤᠶᠤᠴᠢᠯᠬᠠᠴᠢ ᠨᠢ ᠵᠠᠪᠠᠯ ︽ᠲᠦᠷᠢᠮ︾ ᠤᠨ ᠲᠤᠨᠨᠳᠠᠭᠠᠯ ᠶᠤᠰᠤᠭᠠᠷ ᠤᠰᠤ | ᠲᠠᠳᠠᠬᠤ ᠶᠢ ᠵᠦᠪᠰᠢᠶᠡᠷᠡᠬᠦᠯᠬᠦ ᠭᠤᠶᠤᠴᠢᠯᠠᠯ ᠤᠨ ᠪᠢᠴᠢᠭ ᠢᠶᠠᠨ ᠲᠬᠠᠯᠠᠨ ᠪᠢᠴᠢᠬᠦ ᠶᠢᠨ ᠬᠠᠮᠳᠤ ᠬᠤᠯᠪᠤᠨᠨᠳᠠᠯ ᠪᠦᠭᠦᠢ | ᠮᠠᠲ᠋ᠧᠷᠢᠶᠠᠯ ᠢᠶᠠᠨ ᠲᠤᠰᠢᠶᠠᠬᠤ ᠬᠡᠷᠡᠭᠳᠡᠢ᠃ | ᠪᠦᠳᠦᠬᠡᠨ ᠪᠠᠶᠢᠭᠤᠯᠤᠯᠳᠠ ᠶᠢᠨ ᠲᠦᠷᠦᠯ ᠵᠦᠢᠯ ᠤᠨ ᠤᠰᠤᠨ ᠤ ᠡᠬᠢ ᠰᠤᠷᠪᠤᠯᠵᠢ ᠶᠢᠨ ᠨᠤᠳᠠᠯᠠᠯ ᠤᠨ | ᠮᠡᠳᠡᠭᠦᠯᠦᠯᠳᠡ ᠶᠢᠨ ᠪᠢᠴᠢᠭ ᠢ ᠨᠠᠶᠢᠷᠠᠭᠤᠯᠤᠨ ᠪᠢᠴᠢᠬᠦ ᠴᠢᠬᠤᠯᠠ ᠲᠠᠢ ᠪᠤᠯ ᠭᠤᠶᠤᠴᠢᠯᠬᠠᠴᠢ ᠨᠢ ᠵᠠᠪᠠᠯ ᠪᠠᠰᠠ | ᠪᠦᠳᠦᠬᠡᠨ ᠪᠠᠶᠢᠭᠤᠯᠤᠯᠳᠠ ᠶᠢᠨ ᠲᠦᠷᠦᠯ ᠵᠦᠢᠯ ᠤᠨ ᠤᠰᠤᠨ ᠤ ᠡᠬᠢ ᠰᠤᠷᠪᠤᠯᠵᠢ ᠶᠢᠨ ᠨᠤᠳᠠᠯᠠᠯ ᠤᠨ ᠮᠡᠳᠡᠬᠦᠯᠦᠯᠳᠡ | ᠶᠢᠨ ᠪᠢᠴᠢᠭ ᠢ ᠲᠤᠰᠢᠶᠠᠬᠤ ᠬᠡᠷᠡᠭᠳᠡᠢ᠃ ᠮᠡᠳᠡᠬᠦᠯᠦᠯᠳᠡ ᠶᠢᠨ ᠪᠢᠴᠢᠭ ᠲᠤ ᠤᠰᠤ ᠲᠠᠳᠠᠬᠤ ᠤᠰᠤᠨ ᠰᠤᠷᠪᠤᠯᠵᠢ᠂ | ᠬᠡᠷᠡᠭᠯᠡᠬᠦ ᠤᠰᠤᠨ ᠤ ᠵᠦᠢ ᠵᠤᠬᠢᠰᠳᠠᠢ ᠴᠢᠨᠠᠷ ᠤᠨ ᠵᠠᠳᠠᠯᠤᠯᠳᠠ ᠵᠢᠴᠢ ᠠᠮᠢ ᠠᠬᠤᠢ ᠬᠢᠬᠡᠳ ᠤᠷᠴᠢᠨ ᠲᠤᠭᠤᠷᠢᠨ ᠳᠤ | ᠨᠦᠯᠦᠬᠡ ᠪᠤᠯᠬᠤ ᠵᠡᠷᠬᠡ ᠠᠭᠤᠯᠭ᠎ᠠ ᠶᠢ ᠪᠠᠭᠳᠠᠭᠠᠬᠤ ᠬᠡᠷᠡᠭᠳᠡᠢ᠃ | ᠨᠠᠢᠮᠠᠳᠤᠭᠠᠷ ᠵᠦᠢᠯ ᠤᠰᠤ ᠲᠠᠳᠠᠬᠤ ᠪᠠᠷ ᠭᠤᠶᠤᠴᠢᠯᠠᠬᠤ ᠶᠢᠨ ᠬᠠᠮᠳᠤ ᠭᠤᠤᠯ ᠳᠤ ᠤᠷᠤᠭᠤᠯᠬᠤ ᠪᠤᠬᠢᠷ | ᠪᠤᠳᠠᠰ ᠭᠠᠳ᠋ᠬᠠᠰᠢᠯᠠᠭᠤᠯᠬᠤ ᠠᠮᠠᠰᠠᠷ ᠲᠤᠬᠢᠷᠠᠭᠤᠯᠬᠤ ᠴᠢᠬᠤᠯᠠ ᠲᠠᠢ ᠪᠤᠯ ᠭᠤᠶᠤᠴᠢᠯᠬᠠᠴᠢ ᠨᠢ ᠤᠰᠤ ᠲᠠᠳᠠᠬᠤ ᠶᠢ | ᠵᠦᠪᠰᠢᠶᠡᠷᠡᠬᠦᠯᠬᠦ ᠭᠤᠶᠤᠴᠢᠯᠠᠯ ᠢᠶᠠᠨ ᠭᠦᠢᠴᠡᠳᠬᠡᠬᠦ ᠦᠶᠡᠰ᠂ ᠵᠠᠪᠠᠯ ᠤᠯᠤᠰ ᠤᠨ ᠬᠤᠯᠪᠤᠨᠨᠳᠠᠯ ᠪᠦᠭᠦᠢ ᠲᠤᠨᠨᠳᠠᠭᠠᠯ | ᠶᠤᠰᠤᠭᠠᠷ ᠭᠤᠤᠯ ᠳᠤ ᠤᠷᠤᠭᠤᠯᠬᠤ ᠪᠤᠬᠢᠷ ᠪᠤᠳᠠᠰ ᠭᠠᠳ᠋ᠬᠠᠰᠢᠯᠠᠭᠤᠯᠬᠤ ᠠᠮᠠᠰᠠᠷ ᠲᠤᠬᠢᠷᠠᠭᠤᠯᠬᠤ ᠭᠤᠶᠤᠴᠢᠯᠠᠯ ᠢᠶᠠᠨ | ᠲᠤᠷᠠᠳᠬᠤ ᠶᠢᠨ ᠬᠠᠮᠳᠤ ᠬᠠᠮᠢᠶ᠎ᠠ ᠪᠦᠭᠦᠢ ᠮᠠᠲ᠋ᠧᠷᠢᠶᠠᠯ ᠢᠶᠠᠨ ᠲᠤᠰᠢᠶᠠᠬᠤ ᠬᠡᠷᠡᠭᠳᠡᠢ᠃ | ᠶᠢᠰᠦᠳᠦᠬᠡᠷ ᠵᠦᠢᠯ ᠬᠢᠨᠠᠨ ᠵᠦᠪᠰᠢᠶᠡᠷᠡᠬᠦ᠂ ᠬᠠᠷᠭᠤᠭᠤᠯᠤᠨ ᠬᠢᠨᠠᠬᠤ᠂ ᠪᠦᠷᠢᠳᠬᠡᠨ ᠲᠠᠩᠰᠠᠯᠠᠬᠤ | ᠲᠦᠷᠢᠮ ᠢ ᠬᠡᠷᠡᠭᠵᠢᠬᠦᠯᠵᠦ ᠪᠠᠶᠢᠭ᠎ᠠ ᠪᠦᠳᠦᠬᠡᠨ ᠪᠠᠶᠢᠭᠤᠯᠤᠯᠳᠠ ᠶᠢᠨ ᠲᠦᠷᠦᠯ ᠵᠦᠢᠯ ᠳᠤ ᠪᠤᠯ ᠤᠰᠤ ᠲᠠᠳᠠᠬᠤ ᠶᠢ | ᠭᠤᠶᠤᠴᠢᠯᠬᠠᠴᠢ ᠨᠢ ᠵᠠᠪᠠᠯ ᠪᠦᠳᠦᠬᠡᠨ ᠪᠠᠶᠢᠭᠤᠯᠤᠯᠳᠠ ᠶᠢᠨ ᠡᠯ᠎ᠡ ᠲᠦᠷᠦᠯ ᠵᠦᠢᠯ ᠤᠨ ᠠᠳᠠᠯᠢ ᠪᠤᠰᠤ ᠲᠡᠰ | ᠲᠠᠷᠠᠭᠠᠯᠠᠯ ᠤᠨ ᠱᠠᠭᠠᠷᠳᠠᠯᠭ᠎ᠠ ᠶᠤᠰᠤᠭᠠᠷ᠂ ᠬᠢᠨᠠᠨ ᠵᠦᠪᠰᠢᠶᠡᠷᠡᠬᠦ ᠡᠷᠬᠡ ᠮᠡᠳᠡᠯ ᠲᠠᠢ ᠬᠤᠰᠢᠭᠤ ᠰᠢᠶᠠᠨ ᠤ | ᠱᠠᠳᠤᠨ ᠠᠴᠠ ᠲᠡᠬᠡᠭᠰᠢᠬᠢ ᠠᠷᠠᠳ ᠤᠨ ᠵᠠᠰᠠᠭ ᠤᠨ ᠤᠷᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ | ᠬᠠᠮᠢᠶᠠᠷᠬᠤ ᠰᠠᠯᠠᠭ᠎ᠠ ᠮᠦᠴᠢᠷ ᠲᠤ ᠤᠰᠤ ᠲᠠᠳᠠᠬᠤ ᠭᠤᠶᠤᠴᠢᠯᠠᠯ ᠢᠶᠠᠨ ᠲᠤᠷᠠᠳᠬᠤ ᠬᠡᠷᠡᠭᠳᠡᠢ᠃ | | ᠭᠤᠷᠪᠠᠳᠤᠭᠠᠷ ᠪᠦᠯᠦᠭ ᠤᠰᠤ ᠲᠠᠳᠠᠬᠤ ᠵᠦᠪᠰᠢᠶᠡᠷᠡᠯ ᠢ ᠬᠢᠨᠠᠨ ᠵᠦᠪᠰᠢᠶᠡᠷᠡᠬᠦ | | ᠠᠷᠪᠠᠳᠤᠭᠠᠷ ᠵᠦᠢᠯ ᠦᠪᠡᠷᠳᠡᠬᠡᠨ ᠵᠠᠰᠠᠬᠤ ᠤᠷᠤᠨ ᠤ ᠵᠠᠰᠠᠭ ᠵᠠᠬᠢᠷᠭᠠᠨ ᠤ ᠤᠷᠤᠨ ᠤ ᠲᠤᠳᠤᠷ᠎ᠠ ᠤᠰᠤ | ᠲᠠᠳᠠᠬᠤ ᠵᠦᠪᠰᠢᠶᠡᠷᠡᠯ ᠳᠤ ᠱᠠᠳᠤ ᠬᠤᠪᠢᠶᠠᠨ ᠬᠢᠨᠠᠨ ᠵᠦᠪᠰᠢᠶᠡᠷᠡᠬᠦ ᠶᠢ ᠬᠡᠷᠡᠭᠵᠢᠬᠦᠯᠦᠨ᠎ᠠ᠃ ᠤᠯᠤᠰ ᠠᠴᠠ | ᠲᠤᠨᠨᠳᠠᠭᠠᠯ ᠲᠠᠢ ᠪᠤᠯ ᠲᠡᠷᠡ ᠲᠤᠨᠨᠳᠠᠭᠠᠯ ᠢᠶᠠᠷ ᠶᠠᠪᠤᠭᠤᠯᠤᠨ᠎ᠠ᠃ | ︵ᠨᠢᠬᠡ︶ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠪᠡᠯᠡ ᠤᠷᠤᠭᠤᠯᠤᠯᠳᠠ | ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠨ ᠬᠢᠨᠠᠨ ᠵᠦᠪᠰᠢᠶᠡᠷᠡᠬᠦ᠂ ᠬᠠᠷᠭᠤᠭᠤᠯᠤᠨ ᠬᠢᠨᠠᠬᠤ ᠪᠠ | ᠪᠦᠷᠢᠳᠬᠡᠨ ᠲᠠᠩᠰᠠᠯᠠᠬᠤ ᠪᠦᠳᠦᠬᠡᠨ ᠪᠠᠶᠢᠭᠤᠯᠤᠯᠳᠠ ᠶᠢᠨ ᠲᠦᠷᠦᠯ ᠵᠦᠢᠯ ᠳᠤ᠂ ᠠᠵᠦ ᠦᠢᠯᠡᠳᠪᠦᠷᠢ ᠶᠢᠨ ᠬᠡᠷᠡᠭᠯᠡᠬᠦ | ᠤᠰᠤᠨ ᠤ ᠵᠢᠯ ᠤᠨ ᠲᠠᠳᠠᠬᠤ ᠤᠰᠤ ᠨᠢ 300 ᠲᠦᠮᠡᠨ ᠪᠤᠰᠤᠭ᠎ᠠ ᠲᠦᠷᠪᠡᠯᠵᠢᠨ ᠮᠧᠲᠷ ᠠᠴᠠ ᠲᠡᠬᠡᠭᠰᠢ᠂ | ᠲᠠᠷᠢᠶᠠᠯᠠᠩ᠂ ᠠᠮᠢ ᠠᠬᠤᠢ ᠳᠤ ᠬᠡᠷᠡᠭᠯᠡᠬᠦ ᠤᠰᠤᠨ ᠤ ᠵᠢᠯ ᠤᠨ ᠲᠠᠳᠠᠬᠤ ᠭᠠᠵᠠᠷ ᠲᠤᠤᠷᠠᠬᠢ ᠤᠰᠤ ᠨᠢ 1000 | ᠲᠦᠮᠡᠨ ᠪᠤᠰᠤᠭ᠎ᠠ ᠲᠦᠷᠪᠡᠯᠵᠢᠨ ᠮᠧᠲᠷ ᠠᠴᠠ ᠲᠡᠬᠡᠭᠰᠢ ᠪᠤᠶᠤ ᠭᠠᠵᠠᠷ ᠲᠡᠬᠡᠷᠡᠬᠢ ᠤᠰᠤ ᠨᠢ 3000 ᠲᠦᠮᠡᠨ | ᠪᠤᠰᠤᠭ᠎ᠠ ᠲᠦᠷᠪᠡᠯᠵᠢᠨ ᠮᠧᠲᠷ ᠠᠴᠠ ᠲᠡᠬᠡᠭᠰᠢ ᠪᠠᠶᠢᠪᠠᠯ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ | ᠤᠷᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠠᠴᠠ ᠬᠢᠨᠠᠨ | ᠵᠦᠪᠰᠢᠶᠡᠷᠡᠨ᠎ᠠ᠃ ᠠᠵᠦ ᠦᠢᠯᠡᠳᠪᠦᠷᠢ ᠶᠢᠨ ᠬᠡᠷᠡᠭᠯᠡᠬᠦ ᠤᠰᠤᠨ ᠤ ᠵᠢᠯ ᠤᠨ ᠲᠠᠳᠠᠬᠤ ᠤᠰᠤ ᠨᠢ 300 ᠲᠦᠮᠡᠨ | ᠪᠤᠰᠤᠭ᠎ᠠ ᠲᠦᠷᠪᠡᠯᠵᠢᠨ ᠮᠧᠲᠷ ᠭᠦᠷᠬᠦ ᠦᠬᠡᠢ᠂ ᠲᠠᠷᠢᠶᠠᠯᠠᠩ᠂ ᠠᠮᠢ ᠠᠬᠤᠢ ᠶᠢᠨ ᠬᠡᠷᠡᠭᠯᠡᠬᠦ ᠤᠰᠤᠨ ᠤ ᠵᠢᠯ ᠤᠨ | ᠲᠠᠳᠠᠬᠤ ᠭᠠᠵᠠᠷ ᠲᠤᠤᠷᠠᠬᠢ ᠤᠰᠤ ᠨᠢ 1000 ᠲᠦᠮᠡᠨ ᠪᠤᠰᠤᠭ᠎ᠠ ᠲᠦᠷᠪᠡᠯᠵᠢᠨ ᠮᠧᠲᠷ ᠪᠤᠶᠤ ᠭᠠᠵᠠᠷ ᠲᠡᠬᠡᠷᠡᠬᠢ | ᠤᠰᠤ ᠨᠢ 3000 ᠲᠦᠮᠡᠨ ᠪᠤᠰᠤᠭ᠎ᠠ ᠲᠦᠷᠪᠡᠯᠵᠢᠨ ᠮᠧᠲᠷ ᠭᠦᠷᠬᠦ ᠦᠬᠡᠢ ᠪᠠᠶᠢᠪᠠᠯ ᠠᠶᠢᠮᠠᠭ ᠤᠨ ᠵᠠᠬᠢᠷᠭ᠎ᠠ᠂ | ᠲᠤᠭᠤᠷᠢᠭ ᠲᠤᠬᠢᠷᠠᠭᠤᠯᠤᠨᠨᠰᠠᠨ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠤᠰᠤᠨ ᠤ ᠵᠠᠰᠠᠭ ᠵᠠᠬᠢᠷᠭᠠᠨ ᠤ | ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠠᠴᠠ ᠬᠢᠨᠠᠨ ᠵᠦᠪᠰᠢᠶᠡᠷᠡᠨ᠎ᠠ᠃ | ︵ᠬᠤᠶᠠᠷ︶ ᠠᠶᠢᠮᠠᠭ ᠤᠨ ᠵᠠᠬᠢᠷᠭ᠎ᠠ᠂ ᠲᠤᠭᠤᠷᠢᠭ ᠪᠠᠶᠢᠭᠤᠯᠤᠨᠨᠰᠠᠨ ᠬᠤᠳᠠ ᠶᠢᠨ ᠠᠷᠠᠳ ᠤᠨ ᠵᠠᠰᠠᠭ ᠤᠨ | ᠤᠷᠳᠤᠨ ᠪᠠ ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠤ ᠪᠡᠯᠡ ᠤᠷᠤᠭᠤᠯᠤᠯᠳᠠ ᠶᠢᠨ | ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠨ ᠬᠢᠨᠠᠨ ᠵᠦᠪᠰᠢᠶᠡᠷᠡᠬᠦ᠂ ᠬᠠᠷᠭᠤᠭᠤᠯᠤᠨ ᠬᠢᠨᠠᠬᠤ ᠪᠠ ᠪᠦᠷᠢᠳᠬᠡᠨ | ᠲᠠᠩᠰᠠᠯᠠᠬᠤ ᠪᠦᠳᠦᠬᠡᠨ ᠪᠠᠶᠢᠭᠤᠯᠤᠯᠳᠠ ᠶᠢᠨ ᠲᠦᠷᠦᠯ ᠵᠦᠢᠯ ᠪᠤᠯ᠂ ᠠᠳᠠᠯᠢ ᠱᠠᠳᠤᠨ ᠤ ᠠᠷᠠᠳ ᠤᠨ ᠵᠠᠰᠠᠭ ᠤᠨ | ᠤᠷᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠠᠴᠠ ᠤᠰᠤ ᠲᠠᠳᠠᠬᠤ | ᠵᠦᠪᠰᠢᠶᠡᠷᠡᠯ ᠢ ᠬᠢᠨᠠᠨ ᠵᠦᠪᠰᠢᠶᠡᠷᠡᠬᠦ ᠶᠢ ᠬᠠᠷᠢᠭᠤᠴᠠᠨ᠎ᠠ᠃ | ︵ᠭᠤᠷᠪᠠ︶ ᠠᠶᠢᠮᠠᠭ ᠤᠨ ᠵᠠᠬᠢᠷᠭ᠎ᠠ᠂ ᠲᠤᠭᠤᠷᠢᠭ ᠪᠠᠶᠢᠭᠤᠯᠤᠨᠨᠰᠠᠨ ᠬᠤᠳᠠ ᠶᠢᠨ ᠠᠷᠠᠳ ᠤᠨ ᠵᠠᠰᠠᠭ ᠤᠨ | ᠤᠷᠳᠤᠨ ᠤ ᠪᠠᠶᠢᠭ᠎ᠠ ᠭᠠᠵᠠᠷ ᠤᠨ ᠬᠤᠳᠠ ᠶᠢᠨ ᠠᠮᠢᠳᠤᠷᠠᠯ ᠳᠤ ᠬᠡᠷᠡᠭᠯᠡᠬᠦ ᠤᠰᠤ ᠶᠢ ᠪᠤᠯ᠂ ᠠᠶᠢᠮᠠᠭ ᠤᠨ ᠵᠠᠬᠢᠷᠭ᠎ᠠ᠂ | ᠲᠤᠭᠤᠷᠢᠭ ᠪᠠᠶᠢᠭᠤᠯᠤᠨᠨᠰᠠᠨ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠤᠰᠤᠨ ᠤ ᠵᠠᠰᠠᠭ ᠵᠠᠬᠢᠷᠭᠠᠨ ᠤ | ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠠᠴᠠ ᠬᠢᠨᠠᠨ ᠵᠦᠪᠰᠢᠶᠡᠷᠡᠨ᠎ᠠ︔ ᠬᠤᠰᠢᠭᠤ ᠰᠢᠶᠠᠨ ᠤ ᠱᠠᠳᠤᠨ ᠤ | ᠠᠷᠠᠳ ᠤᠨ ᠵᠠᠰᠠᠭ ᠤᠨ ᠤᠷᠳᠤᠨ ᠤ ᠪᠠᠶᠢᠭ᠎ᠠ ᠭᠠᠵᠠᠷ ᠪᠤᠶᠤ ᠲᠦᠪᠯᠡᠷᠡᠬᠦᠯᠦᠨ ᠨᠢᠬᠡᠳᠦᠯᠳᠡᠢ ᠤᠰᠤ ᠬᠠᠩᠭᠠᠬᠤ ᠶᠢ | ᠬᠡᠷᠡᠭᠵᠢᠬᠦᠯᠵᠦ ᠪᠠᠶᠢᠭ᠎ᠠ ᠰᠢᠶᠠᠩ ᠪᠠᠯᠭᠠᠰᠤ ᠶᠢᠨ ᠠᠮᠢᠳᠤᠷᠠᠯ ᠳᠤ ᠬᠡᠷᠡᠭᠯᠡᠬᠦ ᠤᠰᠤ ᠶᠢ ᠪᠤᠯ᠂ ᠬᠤᠰᠢᠭᠤ ᠰᠢᠶᠠᠨ ᠤ | ᠱᠠᠳᠤᠨ ᠤ ᠠᠷᠠᠳ ᠤᠨ ᠵᠠᠰᠠᠭ ᠤᠨ ᠤᠷᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ | ᠮᠦᠴᠢᠷ ᠠᠴᠠ ᠬᠢᠨᠠᠨ ᠵᠦᠪᠰᠢᠶᠡᠷᠡᠨ᠎ᠠ᠃ | ᠠᠷᠪᠠᠨ ᠨᠢᠬᠡᠳᠦᠬᠡᠷ ᠵᠦᠢᠯ ᠭᠠᠵᠠᠷ ᠲᠤᠤᠷᠠᠬᠢ ᠤᠰᠤ ᠶᠢ ᠨᠡᠬᠡᠬᠡᠨ ᠮᠠᠯᠳᠠᠬᠤ ᠶᠢ ᠬᠢᠵᠠᠭᠠᠷᠯᠠᠵᠦ ᠪᠠᠶᠢᠭ᠎ᠠ | ᠤᠷᠤᠨ ᠨᠤᠭᠤᠳ ᠭᠠᠵᠠᠷ ᠲᠤᠤᠷᠠᠬᠢ ᠤᠰᠤ ᠶᠢ ᠨᠡᠬᠡᠬᠡᠨ ᠮᠠᠯᠳᠠᠬᠤ ᠬᠡᠮᠵᠢᠶ᠎ᠡ ᠶᠢᠨ ᠰᠢᠨ᠎ᠠ ᠪᠠᠷ ᠨᠡᠮᠡᠭᠳᠡᠬᠦᠯᠬᠦ ᠤᠰᠤ | ᠲᠠᠳᠠᠬᠤ ᠭᠤᠶᠤᠴᠢᠯᠠᠯ ᠢ ᠬᠢᠨᠠᠨ ᠵᠦᠪᠰᠢᠶᠡᠷᠡᠬᠦ ᠶᠢ ᠵᠠᠪᠠᠯ ᠴᠢᠩᠭ᠎ᠠ ᠬᠢᠵᠠᠭᠠᠷᠯᠠᠬᠤ ᠬᠡᠷᠡᠭᠳᠡᠢ︔ ᠭᠠᠵᠠᠷ ᠲᠤᠤᠷᠠᠬᠢ | ᠤᠰᠤ ᠶᠢ ᠨᠡᠬᠡᠬᠡᠨ ᠮᠠᠯᠳᠠᠬᠤ ᠶᠢ ᠴᠠᠭᠠᠵᠠᠯᠠᠵᠦ ᠪᠠᠶᠢᠭ᠎ᠠ ᠤᠷᠤᠨ ᠤ ᠭᠠᠵᠠᠷ ᠲᠤᠤᠷᠠᠬᠢ ᠤᠰᠤ ᠲᠠᠳᠠᠬᠤ ᠪᠠᠷᠢᠯᠭ᠎ᠠ ᠶᠢ | ᠰᠢᠨ᠎ᠠ ᠪᠠᠷ ᠪᠠᠶᠢᠭᠤᠯᠬᠤ ᠶᠢ ᠬᠢᠨᠠᠨ ᠵᠦᠪᠰᠢᠶᠡᠷᠡᠬᠦ ᠶᠢ ᠴᠢᠩᠭ᠎ᠠ ᠴᠠᠭᠠᠵᠠᠯᠠᠵᠦ᠂ ᠨᠢᠬᠡᠨᠳᠡ ᠪᠠᠶᠢᠭᠤᠯᠤᠨᠨᠰᠠᠨ ᠭᠠᠵᠠᠷ | ᠲᠤᠤᠷᠠᠬᠢ ᠤᠰᠤ ᠶᠢ ᠲᠠᠳᠠᠵᠦ ᠬᠡᠷᠡᠭᠯᠡᠬᠦ ᠲᠦᠷᠦᠯ ᠵᠦᠢᠯ ᠳᠤ ᠭᠠᠵᠠᠷ ᠲᠤᠤᠷᠠᠬᠢ ᠤᠰᠤ ᠶᠢ ᠨᠡᠬᠡᠬᠡᠨ ᠠᠰᠢᠨᠨᠯᠠᠬᠤ | ᠲᠦᠯᠦᠪᠵᠢᠬᠦᠯᠬᠡ ᠶᠢ ᠦᠨᠳᠦᠰᠦᠯᠡᠵᠦ᠂ ᠤᠰᠤ ᠠᠷᠪᠢᠯᠠᠬᠤ ᠲᠦᠭᠦᠷ ᠠᠷᠭ᠎ᠠ ᠬᠡᠮᠵᠢᠶ᠎ᠡ ᠪᠠᠨ ᠴᠢᠩᠭᠠᠳᠬᠠᠵᠦ᠂ | ᠤᠰᠤᠨ ᠤ ᠡᠬᠢ ᠰᠤᠷᠪᠤᠯᠵᠢ ᠶᠢᠨ ᠰᠦᠢᠳᠬᠡᠯ ᠲᠠᠳᠠᠪᠤᠷᠢᠯᠠᠬᠤ ᠪᠠᠷᠢᠮᠵᠢᠶ᠎ᠠ ᠶᠢ ᠵᠦᠢ ᠵᠤᠬᠢᠰᠳᠠᠢ ᠲᠤᠨᠨᠳᠠᠭᠠᠨ᠂ | ᠨᠢᠬᠡᠨᠳᠡ ᠬᠢᠨᠠᠨ ᠵᠦᠪᠰᠢᠶᠡᠷᠡᠭᠰᠡᠨ ᠤᠰᠤ ᠲᠠᠳᠠᠬᠤ ᠬᠡᠮᠵᠢᠶ᠎ᠡ ᠶᠢ ᠲᠦᠯᠦᠪᠯᠡᠭᠡ ᠲᠠᠢ ᠪᠠᠷ ᠠᠯᠬᠤᠮ ᠠᠯᠬᠤᠮ ᠢᠶᠠᠷ | ᠬᠠᠰᠤᠵᠦ ᠪᠠᠭᠠᠰᠬᠠᠬᠤ ᠬᠡᠷᠡᠭᠳᠡᠢ᠃ | ᠭᠠᠵᠠᠷ ᠲᠤᠤᠷᠠᠬᠢ ᠤᠰᠤ ᠶᠢ ᠨᠡᠬᠡᠬᠡᠨ ᠮᠠᠯᠳᠠᠬᠤ ᠶᠢ ᠴᠠᠭᠠᠵᠠᠯᠠᠵᠦ ᠪᠠᠶᠢᠭ᠎ᠠ ᠤᠷᠤᠨ ᠪᠤᠯᠤᠨ ᠨᠡᠬᠡᠬᠡᠨ | ᠮᠠᠯᠳᠠᠬᠤ ᠶᠢ ᠬᠢᠵᠠᠭᠠᠷᠯᠠᠵᠦ ᠪᠠᠶᠢᠭ᠎ᠠ ᠤᠷᠤᠨ ᠢ ᠪᠤᠯ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ | ᠤᠷᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠠᠴᠠ ᠬᠠᠷᠢᠭᠤᠴᠠᠵᠦ | ᠬᠤᠪᠢᠶᠠᠷᠢᠯᠠᠨ ᠲᠤᠨᠨᠳᠠᠭᠠᠵᠦ᠂ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠳᠤ ᠮᠡᠳᠡᠬᠦᠯᠵᠦ | ᠵᠦᠪᠰᠢᠶᠡᠷᠡᠬᠦᠯᠦᠭᠰᠡᠨ ᠤ ᠲᠠᠷᠠᠭ᠎ᠠ ᠵᠠᠷᠯᠠᠨ ᠨᠡᠶᠢᠳᠡᠯᠡᠬᠦ ᠬᠡᠷᠡᠭᠳᠡᠢ᠃ | ᠠᠷᠪᠠᠨ ᠬᠤᠶᠠᠳᠤᠭᠠᠷ ᠵᠦᠢᠯ ᠤᠰᠤ ᠲᠠᠳᠠᠬᠤ ᠭᠤᠶᠤᠴᠢᠯᠠᠯ ᠢ ᠬᠢᠨᠠᠨ ᠵᠦᠪᠰᠢᠶᠡᠷᠡᠬᠦ ᠪᠠᠶᠢᠭᠤᠯᠭ᠎ᠠ ᠪᠠᠷ | ᠵᠦᠪᠰᠢᠶᠡᠷᠡᠬᠦᠯᠦᠭᠰᠡᠨ ᠤ ᠲᠠᠷᠠᠭ᠎ᠠ᠂ ᠭᠤᠶᠤᠴᠢᠯᠬᠠᠴᠢ ᠨᠢ ᠤᠰᠤ ᠲᠠᠳᠠᠬᠤ ᠪᠠᠷᠢᠯᠭ᠎ᠠ ᠪᠤᠶᠤ ᠪᠡᠯᠡᠳᠬᠡᠮᠵᠢ ᠪᠠᠶᠢᠭᠤᠯᠵᠦ | ᠪᠤᠯᠤᠨ᠎ᠠ᠃ | ᠠᠷᠪᠠᠨ ᠭᠤᠷᠪᠠᠳᠤᠭᠠᠷ ᠵᠦᠢᠯ ᠤᠰᠤ ᠲᠠᠳᠠᠬᠤ ᠪᠤᠴᠠᠭᠠᠬᠤ ᠪᠠᠷᠢᠯᠭ᠎ᠠ ᠪᠤᠶᠤ ᠪᠡᠯᠡᠳᠬᠡᠮᠵᠢ ᠶᠢᠨ ᠠᠵᠢᠯ | ᠲᠠᠭᠤᠰᠤᠨᠨᠰᠠᠨ ᠤ ᠲᠠᠷᠠᠭ᠎ᠠ᠂ ᠭᠤᠶᠤᠴᠢᠯᠬᠠᠴᠢ ᠨᠢ ᠲᠤᠨᠨᠳᠠᠭᠠᠯ ᠶᠤᠰᠤᠭᠠᠷ ᠤᠰᠤ ᠲᠠᠳᠠᠬᠤ ᠶᠢ ᠬᠢᠨᠠᠨ ᠵᠦᠪᠰᠢᠶᠡᠷᠡᠬᠦ | ᠪᠠᠶᠢᠭᠤᠯᠭ᠎ᠠ ᠳᠤ ᠵᠤᠬᠢᠶᠠᠨ ᠪᠠᠶᠢᠭᠤᠯᠵᠦ ᠰᠢᠯᠭᠠᠨ ᠠᠪᠬᠤ ᠶᠢ ᠭᠤᠶᠤᠴᠢᠯᠠᠬᠤ ᠶᠢᠨ ᠬᠠᠮᠳᠤ ᠲᠤᠤᠷᠠᠬᠢ ᠮᠠᠲ᠋ᠧᠷᠢᠶᠠᠯ ᠢ | ᠲᠤᠰᠢᠶᠠᠬᠤ ᠬᠡᠷᠡᠭᠳᠡᠢ᠄ | ︵ᠨᠢᠬᠡ︶ ᠵᠦᠪᠰᠢᠶᠡᠷᠡᠬᠦᠯᠦᠭᠰᠡᠨ ᠤᠰᠤ ᠲᠠᠳᠠᠬᠤ ᠪᠤᠴᠠᠭᠠᠬᠤ ᠪᠠᠷᠢᠯᠭ᠎ᠠ ᠪᠤᠶᠤ ᠪᠡᠯᠡᠳᠬᠡᠮᠵᠢ ᠶᠢᠨ ᠵᠢᠷᠤᠭ | ᠲᠦᠯᠦᠪᠯᠡᠭᠡ ᠶᠢᠨ ᠮᠡᠳᠡᠬᠦᠯᠦᠯᠳᠡ︔ | ︵ᠬᠤᠶᠠᠷ︶ ᠪᠦᠳᠦᠬᠡᠨ ᠪᠠᠶᠢᠭᠤᠯᠤᠯᠳᠠ ᠶᠢᠨ ᠲᠦᠷᠦᠯ ᠵᠦᠢᠯ ᠤᠨ ᠵᠦᠪᠰᠢᠶᠡᠷᠡᠭᠰᠡᠨ ᠪᠤᠶᠤ ᠬᠠᠷᠭᠤᠭᠤᠯᠤᠨ | ᠵᠦᠪᠰᠢᠶᠡᠷᠡᠭᠰᠡᠨ ᠪᠢᠴᠢᠭ ᠮᠠᠲ᠋ᠧᠷᠢᠶᠠᠯ︔ | ︵ᠭᠤᠷᠪᠠ︶ ᠤᠰᠤ ᠲᠠᠳᠠᠬᠤ ᠪᠤᠴᠠᠭᠠᠬᠤ ᠪᠠᠷᠢᠯᠭ᠎ᠠ ᠪᠤᠯᠤᠨ ᠬᠡᠮᠵᠢᠬᠦᠷ ᠤᠨ ᠪᠡᠯᠡᠳᠬᠡᠮᠵᠢ ᠶᠢᠨ ᠲᠤᠷᠰᠢᠨ | ᠠᠵᠢᠯᠯᠠᠭᠤᠯᠤᠨᠨᠰᠠᠨ ᠪᠠᠶᠢᠳᠠᠯ︔ | ︵ᠲᠦᠷᠪᠡ︶ ᠪᠦᠳᠦᠬᠡᠨ ᠪᠠᠶᠢᠭᠤᠯᠤᠯᠳᠠ ᠶᠢᠨ ᠲᠦᠷᠦᠯ ᠵᠦᠢᠯ ᠢ ᠲᠤᠷᠰᠢᠨ ᠠᠵᠢᠯᠯᠠᠭᠤᠯᠤᠨᠨᠰᠠᠨ | ᠬᠤᠭᠤᠴᠠᠭᠠᠨ ᠳᠠᠬᠢ ᠤᠰᠤᠨ ᠤ ᠬᠡᠮᠵᠢᠶ᠎ᠡ ᠪᠤᠯᠤᠨ ᠤᠰᠤᠨ ᠤ ᠴᠢᠨᠠᠷ ᠤᠨ ᠪᠠᠶᠢᠳᠠᠯ︔ | ︵ᠲᠠᠪᠤ︶ ᠲᠤᠰᠢᠶᠠᠬᠤ ᠴᠢᠬᠤᠯᠠ ᠲᠠᠢ ᠪᠤᠰᠤᠳ ᠮᠠᠲ᠋ᠧᠷᠢᠶᠠᠯ᠃ | ᠤᠰᠤ ᠲᠠᠳᠠᠬᠤ ᠶᠢ ᠬᠢᠨᠠᠨ ᠵᠦᠪᠰᠢᠶᠡᠷᠡᠬᠦ ᠪᠠᠶᠢᠭᠤᠯᠭ᠎ᠠ ᠨᠢ ᠲᠡᠬᠡᠷ᠎ᠡ ᠲᠤᠷᠠᠳᠤᠨᠨᠰᠠᠨ ᠮᠠᠲ᠋ᠧᠷᠢᠶᠠᠯ ᠤᠳ ᠢ | ᠭᠠᠷᠳᠠᠭᠠᠳ 20 ᠠᠵᠢᠯᠯᠠᠬᠤ ᠡᠳᠦᠷ ᠤᠨ ᠲᠤᠳᠤᠷ᠎ᠠ᠂ ᠲᠤᠬᠠᠢ ᠶᠢᠨ ᠲᠠᠯᠠᠪᠠᠢ ᠳᠤ ᠬᠢᠨᠠᠨ ᠰᠢᠯᠭᠠᠯᠳᠠ ᠬᠢᠬᠦ ᠬᠡᠷᠡᠭᠳᠡᠢ᠃ | ᠰᠢᠯᠭᠠᠨ ᠠᠪᠬᠤ ᠳᠤ ᠬᠢᠷᠢ ᠲᠡᠩᠴᠡᠭᠰᠡᠨ ᠪᠤᠯ ᠰᠢᠯᠭᠠᠨ ᠠᠪᠤᠨᠨᠰᠠᠨ ᠰᠠᠨᠠᠯ ᠢᠶᠠᠨ ᠭᠠᠷᠭᠠᠬᠤ ᠶᠢᠨ ᠬᠠᠮᠳᠤ ᠤᠰᠤ | ᠲᠠᠳᠠᠬᠤ ᠵᠦᠪᠰᠢᠶᠡᠷᠡᠯ ᠤᠨ ᠦᠨᠡᠮᠯᠡᠯ ᠬᠢᠨᠠᠨ ᠤᠯᠭᠤᠬᠤ ᠬᠡᠷᠡᠭᠳᠡᠢ᠃ | ᠠᠷᠪᠠᠨ ᠲᠦᠷᠪᠡᠳᠦᠬᠡᠷ ᠵᠦᠢᠯ ᠤᠰᠤ ᠲᠠᠳᠠᠬᠤ ᠵᠦᠪᠰᠢᠶᠡᠷᠡᠯ ᠤᠨ ᠦᠨᠡᠮᠯᠡᠯ ᠤᠨ ᠭᠦᠴᠦᠨ ᠲᠠᠢ | ᠬᠤᠭᠤᠴᠠᠭ᠎ᠠ ᠨᠢ 5 ᠵᠢᠯ ᠪᠤᠯᠤᠨ᠎ᠠ᠂ ᠭᠦᠴᠦᠨ ᠲᠠᠢ ᠬᠤᠭᠤᠴᠠᠭ᠎ᠠ ᠨᠢ ᠲᠦᠭᠦᠷᠦᠭᠰᠡᠨ ᠤ ᠲᠠᠷᠠᠭ᠎ᠠ ᠤᠷᠳᠤᠳᠬᠠᠬᠤ | ᠴᠢᠬᠤᠯᠠ ᠲᠠᠢ ᠪᠤᠯ᠂ ᠤᠰᠤ ᠲᠠᠳᠠᠬᠤ ᠨᠢᠬᠡᠴᠡ ᠪᠤᠶᠤ ᠬᠤᠪᠢ ᠭᠦᠮᠦᠨ ᠨᠢ ᠭᠦᠴᠦᠨ ᠲᠠᠢ ᠬᠤᠭᠤᠴᠠᠭ᠎ᠠ ᠨᠢ | ᠲᠦᠭᠦᠷᠬᠦ ᠠᠴᠠ 45 ᠡᠳᠦᠷ ᠤᠨ ᠡᠮᠤᠨ᠎ᠠ ᠤᠤᠯ ᠤᠨ ᠤᠰᠤ ᠲᠠᠳᠠᠬᠤ ᠶᠢ ᠬᠢᠨᠠᠨ ᠵᠦᠪᠰᠢᠶᠡᠷᠡᠭᠰᠡᠨ ᠪᠠᠶᠢᠭᠤᠯᠭ᠎ᠠ ᠳᠤ | ᠭᠤᠶᠤᠴᠢᠯᠠᠯ ᠢᠶᠠᠨ ᠲᠤᠷᠠᠳᠬᠤ ᠶᠢᠨ ᠬᠠᠮᠳᠤ ᠲᠤᠤᠷᠠᠬᠢ ᠮᠠᠲ᠋ᠧᠷᠢᠶᠠᠯ ᠤᠳ ᠢ ᠲᠤᠰᠢᠶᠠᠬᠤ ᠬᠡᠷᠡᠭᠳᠡᠢ᠄ | ︵ᠨᠢᠬᠡ︶ ᠤᠰᠤᠨ ᠤ ᠲᠡᠩᠴᠡᠬᠦᠷᠢ ᠶᠢ ᠬᠡᠮᠵᠢᠨ ᠰᠢᠯᠭᠠᠨᠨᠰᠠᠨ ᠮᠡᠳᠡᠬᠦᠯᠦᠯᠳᠡ ᠪᠤᠶᠤ ᠤᠰᠤ ᠲᠠᠳᠠᠬᠤ ᠶᠢᠨ | ᠵᠦᠢ ᠵᠤᠬᠢᠰᠳᠠᠢ ᠴᠢᠨᠠᠷ ᠤᠨ ᠵᠠᠳᠠᠯᠤᠯᠳᠠ ᠶᠢᠨ ᠮᠡᠳᠡᠬᠦᠯᠦᠯᠳᠡ ᠵᠢᠴᠢ ᠬᠢᠨᠠᠨ ᠪᠠᠶᠢᠴᠠᠭᠠᠨᠨᠰᠠᠨ ᠰᠠᠨᠠᠯ︔ | ︵ᠬᠤᠶᠠᠷ︶ ᠤᠰᠤ ᠲᠠᠳᠠᠬᠤ ᠪᠤᠴᠠᠭᠠᠬᠤ ᠪᠠ ᠤᠰᠤᠨ ᠤ ᠡᠬᠢ ᠰᠤᠷᠪᠤᠯᠵᠢ ᠶᠢᠨ ᠰᠦᠢᠳᠬᠡᠯ ᠲᠤᠰᠢᠶᠠᠭᠰᠠᠨ | ᠪᠠᠶᠢᠳᠠᠯ︔ | ︵ᠭᠤᠷᠪᠠ︶ ᠤᠰᠤ ᠠᠷᠪᠢᠯᠠᠬᠤ ᠪᠡᠯᠡᠳᠬᠡᠮᠵᠢ᠂ ᠪᠤᠬᠢᠷ ᠤᠰᠤ ᠰᠶᠢᠳᠪᠦᠷᠢᠡᠯᠬᠦ ᠪᠡᠯᠡᠳᠬᠡᠮᠵᠢ ᠶᠢᠨ | ᠠᠵᠢᠯᠯᠠᠭᠠᠨ ᠤ ᠪᠠᠶᠢᠳᠠᠯ︔ | ︵ᠲᠦᠷᠪᠡ︶ ᠤᠤᠯ ᠤᠨ ᠤᠰᠤ ᠲᠠᠳᠠᠬᠤ ᠶᠢ ᠵᠦᠪᠰᠢᠶᠡᠷᠡᠭᠦᠯᠦᠭᠰᠡᠨ ᠵᠦᠢᠯᠡᠰ ᠤᠨ ᠬᠤᠪᠢᠷᠠᠯᠳᠠ ᠶᠢᠨ | ᠲᠤᠳᠤᠷᠬᠠᠶᠢᠯᠠᠯᠳᠠ︔ | ︵ᠲᠠᠪᠤ︶ ᠤᠰᠤ ᠲᠠᠳᠠᠬᠤ ᠵᠦᠪᠰᠢᠶᠡᠷᠡᠯ ᠢᠶᠠᠨ ᠤᠷᠳᠤᠳᠬᠠᠬᠤ ᠯᠤᠭ᠎ᠠ ᠬᠤᠯᠪᠤᠨᠨᠳᠠᠬᠤ ᠪᠤᠰᠤᠳ | ᠮᠠᠲ᠋ᠧᠷᠢᠶᠠᠯ᠃ | ᠤᠰᠤ ᠲᠠᠳᠠᠬᠤ ᠶᠢ ᠬᠢᠨᠠᠨ ᠵᠦᠪᠰᠢᠶᠡᠷᠡᠬᠦ ᠪᠠᠶᠢᠭᠤᠯᠭ᠎ᠠ ᠨᠢ ᠲᠡᠬᠡᠷ᠎ᠡ ᠲᠤᠷᠠᠳᠤᠨᠨᠰᠠᠨ ᠮᠠᠲ᠋ᠧᠷᠢᠶᠠᠯ ᠤᠳ ᠲᠤ | ᠦᠨᠡᠯᠡᠨ ᠵᠢᠱᠢᠯᠳᠠ ᠬᠢᠭᠰᠡᠨ ᠤ ᠲᠠᠷᠠᠭ᠎ᠠ᠂ ᠤᠰᠤ ᠲᠠᠳᠠᠬᠤ ᠵᠦᠪᠰᠢᠶᠡᠷᠡᠯ ᠤᠨ ᠦᠨᠡᠮᠯᠡᠯ ᠤᠨ ᠬᠤᠭᠤᠴᠠᠭ᠎ᠠ ᠨᠢ | ᠲᠦᠭᠦᠷᠬᠦ ᠠᠴᠠ ᠡᠮᠤᠨ᠎ᠠ ᠤᠷᠳᠤᠳᠬᠠᠬᠤ ᠪᠤᠶᠤ ᠤᠷᠳᠤᠳᠬᠠᠬᠤ ᠦᠬᠡᠢ ᠶᠢ ᠲᠤᠨᠨᠳᠠᠭᠠᠬᠤ ᠬᠡᠷᠡᠭᠳᠡᠢ᠃ | ᠠᠷᠪᠠᠨ ᠲᠠᠪᠤᠳᠤᠭᠠᠷ ᠵᠦᠢᠯ ᠤᠰᠤ ᠲᠠᠳᠠᠬᠤ ᠵᠦᠪᠰᠢᠶᠡᠷᠡᠯ ᠤᠨ ᠦᠨᠡᠮᠯᠡᠯ ᠤᠨ ᠭᠦᠴᠦᠨ ᠲᠠᠢ | ᠬᠤᠭᠤᠴᠠᠭᠠᠨ ᠲᠤᠳᠤᠷ᠎ᠠ ᠲᠤᠤᠷᠠᠬᠢ ᠪᠠᠶᠢᠳᠠᠯ ᠤᠨ ᠨᠢᠬᠡ ᠨᠢ ᠭᠠᠷᠪᠠᠯ ᠤᠰᠤ ᠲᠠᠳᠠᠬᠤ ᠨᠢᠬᠡᠴᠡ ᠪᠤᠶᠤ ᠬᠤᠪᠢ | ᠭᠦᠮᠦᠨ ᠨᠢ ᠤᠤᠯ ᠤᠨ ᠤᠰᠤ ᠲᠠᠳᠠᠬᠤ ᠶᠢ ᠬᠢᠨᠠᠨ ᠵᠦᠪᠰᠢᠶᠡᠷᠡᠭᠰᠡᠨ ᠪᠠᠶᠢᠭᠤᠯᠭ᠎ᠠ ᠳᠤ ᠭᠤᠶᠤᠴᠢᠯᠠᠯ ᠢᠶᠠᠨ | ᠲᠤᠷᠠᠳᠴᠤ᠂ ᠵᠦᠪᠰᠢᠶᠡᠷᠡᠭᠦᠯᠦᠭᠰᠡᠨ ᠤ ᠲᠠᠷᠠᠭ᠎ᠠ ᠬᠤᠯᠪᠤᠨᠨᠳᠠᠯ ᠪᠦᠭᠦᠢ ᠬᠤᠪᠢᠷᠠᠭᠤᠯᠬᠤ ᠭᠠᠷᠳᠠᠮ ᠢ ᠭᠦᠢᠴᠡᠳᠬᠡᠬᠦ | ᠬᠡᠷᠡᠭᠳᠡᠢ᠃ | ︵ᠨᠢᠬᠡ︶ ᠤᠰᠤ ᠲᠠᠳᠠᠬᠤ ᠤᠰᠤᠨ ᠰᠤᠷᠪᠤᠯᠵᠢ᠂ ᠤᠰᠤ ᠲᠠᠳᠠᠬᠤ ᠠᠷᠭ᠎ᠠ ᠬᠡᠯᠪᠡᠷᠢ ᠪᠤᠶᠤ ᠤᠰᠤ ᠲᠠᠳᠠᠬᠤ | ᠭᠠᠵᠠᠷ ᠨᠢ ᠨᠡᠯᠢᠶᠡᠳ ᠶᠡᠭᠡ ᠬᠤᠪᠢᠷᠠᠯᠳᠠ ᠭᠠᠷᠤᠨᠨᠰᠠᠨ︔ | ︵ᠬᠤᠶᠠᠷ︶ ᠤᠰᠤ ᠲᠠᠳᠠᠬᠤ ᠬᠡᠮᠵᠢᠶ᠎ᠡ ᠳᠤ ᠨᠡᠯᠢᠶᠡᠳ ᠶᠡᠭᠡ ᠬᠤᠪᠢᠷᠠᠯᠳᠠ ᠭᠠᠷᠤᠨᠨᠰᠠᠨ︔ | ︵ᠭᠤᠷᠪᠠ︶ ᠤᠰᠤ ᠲᠠᠳᠠᠬᠤ ᠬᠡᠷᠡᠭᠴᠡᠭᠡ ᠳᠤ ᠨᠡᠯᠢᠶᠡᠳ ᠶᠡᠭᠡ ᠬᠤᠪᠢᠷᠠᠯᠳᠠ ᠭᠠᠷᠤᠨᠨᠰᠠᠨ︔ | ︵ᠲᠦᠷᠪᠡ︶ ᠤᠰᠤ ᠪᠤᠴᠠᠭᠠᠬᠤ ᠭᠠᠵᠠᠷ᠂ ᠤᠰᠤ ᠪᠤᠴᠠᠭᠠᠬᠤ ᠠᠷᠭ᠎ᠠ ᠬᠡᠯᠪᠡᠷᠢ ᠪᠤᠶᠤ ᠤᠰᠤ ᠪᠤᠴᠠᠭᠠᠬᠤ | ᠬᠡᠮᠵᠢᠶᠡᠨ ᠳᠤ ᠨᠡᠯᠢᠶᠡᠳ ᠶᠡᠭᠡ ᠬᠤᠪᠢᠷᠠᠯᠳᠠ ᠭᠠᠷᠤᠨᠨᠰᠠᠨ︔ | ︵ᠲᠠᠪᠤ︶ ᠪᠤᠴᠠᠭᠠᠬᠤ ᠤᠰᠤᠨ ᠤ ᠪᠤᠬᠢᠷ ᠪᠤᠳᠠᠰ ᠤᠨ ᠲᠦᠷᠦᠯ ᠪᠤᠶᠤ ᠭᠠᠳ᠋ᠬᠠᠰᠢᠯᠠᠭᠤᠯᠬᠤ ᠦᠳᠬᠡᠴᠡ ᠶᠢᠨ | ᠬᠡᠮᠵᠢᠶ᠎ᠡ ᠳᠤ ᠨᠡᠯᠢᠶᠡᠳ ᠶᠡᠭᠡ ᠬᠤᠪᠢᠷᠠᠯᠳᠠ ᠭᠠᠷᠤᠨᠨᠰᠠᠨ᠃ | | ᠲᠦᠷᠪᠡᠳᠦᠬᠡᠷ ᠪᠦᠯᠦᠭ ᠤᠰᠤᠨ ᠤ ᠡᠬᠢ ᠰᠤᠷᠪᠤᠯᠵᠢ ᠶᠢᠨ ᠰᠦᠢᠳᠬᠡᠯ | ᠲᠠᠳᠠᠪᠤᠷᠢᠯᠠᠬᠤ ᠪᠠ ᠬᠡᠷᠡᠭᠯᠡᠯᠳᠡ ᠶᠢᠨ ᠬᠠᠮᠢᠶᠠᠷᠤᠯᠳᠠ | | ᠠᠷᠪᠠᠨ ᠵᠢᠷᠭᠤᠳᠤᠭᠠᠷ ᠵᠦᠢᠯ ᠤᠰᠤ ᠲᠠᠳᠠᠬᠤ ᠨᠢᠬᠡᠴᠡ ᠪᠤᠶᠤ ᠬᠤᠪᠢ ᠭᠦᠮᠦᠨ ᠤᠰᠤ ᠲᠠᠳᠠᠬᠤ ᠬᠡᠮᠵᠢᠶ᠎ᠡ | ᠪᠠ ᠤᠰᠤᠨ ᠤ ᠡᠬᠢ ᠰᠤᠷᠪᠤᠯᠵᠢ ᠶᠢᠨ ᠰᠦᠢᠳᠬᠡᠯ ᠲᠠᠳᠠᠪᠤᠷᠢᠯᠠᠬᠤ ᠪᠠᠷᠢᠮᠵᠢᠶ᠎ᠠ ᠶᠢᠨ ᠶᠤᠰᠤᠭᠠᠷ ᠤᠰᠤᠨ ᠤ ᠡᠬᠢ | ᠰᠤᠷᠪᠤᠯᠵᠢ ᠶᠢᠨ ᠰᠦᠢᠳᠬᠡᠯ ᠲᠤᠰᠢᠶᠠᠬᠤ ᠬᠡᠷᠡᠭᠳᠡᠢ᠃ | ᠮᠠᠯᠵᠢᠬᠤ ᠲᠠᠷᠢᠶᠠᠯᠠᠬᠤ ᠤᠷᠤᠨ ᠤ ᠮᠠᠯᠴᠢᠨ ᠲᠠᠷᠢᠶᠠᠴᠢᠳ ᠤᠨ ᠤᠰᠤ ᠬᠡᠷᠡᠭᠯᠡᠬᠦ ᠲᠦᠯᠦᠪᠯᠡᠭᠡ ᠲᠤᠳᠤᠷ᠎ᠠ ᠪᠠᠨ | ᠪᠤᠶᠤ ᠲᠤᠨᠨᠳᠠᠭᠠᠨᠨᠰᠠᠨ ᠨᠤᠷᠮ᠎ᠠ ᠶᠢᠨ ᠲᠤᠳᠤᠷᠠᠬᠢ ᠲᠠᠷᠢᠶᠠᠯᠠᠩ ᠤᠨ ᠤᠰᠤᠯᠠᠯᠳᠠ ᠳᠤ ᠬᠡᠷᠡᠭᠯᠡᠬᠦ ᠤᠰᠤ ᠪᠠ ᠤᠤᠭᠤᠬᠤ | ᠤᠰᠤᠨ ᠠᠴᠠ ᠤᠰᠤᠨ ᠤ ᠡᠬᠢ ᠰᠤᠷᠪᠤᠯᠵᠢ ᠶᠢᠨ ᠰᠦᠢᠳᠬᠡᠯ ᠲᠠᠳᠠᠪᠤᠷᠢᠯᠠᠬᠤ ᠦᠬᠡᠢ᠃ | ᠠᠷᠪᠠᠨ ᠲᠤᠯᠤᠳᠤᠭᠠᠷ ᠵᠦᠢᠯ ᠤᠰᠤᠨ ᠤ ᠡᠬᠢ ᠰᠤᠷᠪᠤᠯᠵᠢ ᠶᠢᠨ ᠰᠦᠢᠳᠬᠡᠯ ᠢ ᠪᠤᠯ ᠤᠰᠤ ᠲᠠᠳᠠᠬᠤ ᠶᠢ | ᠬᠢᠨᠠᠨ ᠵᠦᠪᠰᠢᠶᠡᠷᠡᠭᠰᠡᠨ ᠪᠠᠶᠢᠭᠤᠯᠭ᠎ᠠ ᠬᠠᠷᠢᠭᠤᠴᠠᠨ ᠲᠠᠳᠠᠪᠤᠷᠢᠯᠠᠨ᠎ᠠ᠃ ᠡᠭᠦᠨ ᠳᠤ ᠰᠠᠪᠠ ᠭᠠᠵᠠᠷ ᠤᠨ ᠬᠠᠮᠢᠶᠠᠷᠤᠯᠳᠠ | ᠶᠢᠨ ᠪᠠᠶᠢᠭᠤᠯᠤᠮᠵᠢ ᠶᠢᠨ ᠬᠢᠨᠠᠨ ᠵᠦᠪᠰᠢᠶᠡᠷᠡᠭᠰᠡᠨ ᠪᠠᠶᠢᠪᠠᠯ ᠤᠰᠤᠨ ᠤ ᠡᠬᠢ ᠰᠤᠷᠪᠤᠯᠵᠢ ᠶᠢᠨ ᠰᠦᠢᠳᠬᠡᠯ ᠢ ᠪᠤᠯ | ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ | ᠬᠠᠮᠢᠶᠠᠷᠬᠤ ᠰᠠᠯᠠᠭ᠎ᠠ ᠮᠦᠴᠢᠷ ᠤᠷᠤᠯᠠᠨ ᠲᠠᠳᠠᠪᠤᠷᠢᠯᠠᠨ᠎ᠠ᠃ | ᠤᠰᠤ ᠲᠠᠳᠠᠬᠤ ᠶᠢ ᠬᠢᠨᠠᠨ ᠵᠦᠪᠰᠢᠶᠡᠷᠡᠭᠰᠡᠨ ᠪᠠᠶᠢᠭᠤᠯᠭ᠎ᠠ ᠨᠢ ᠬᠠᠷᠢᠶ᠎ᠠ ᠪᠦᠭᠦᠢ ᠤᠰᠤᠨ ᠤ ᠶᠠᠪᠤᠳᠠᠯ ᠤᠨ | ᠬᠢᠨᠠᠨ ᠪᠠᠶᠢᠴᠠᠭᠠᠬᠤ ᠪᠠᠶᠢᠭᠤᠯᠤᠮᠵᠢ ᠪᠤᠶᠤ ᠤᠰᠤ ᠲᠠᠳᠠᠬᠤ ᠠᠮᠠᠰᠠᠷ ᠤᠨ ᠪᠠᠶᠢᠭ᠎ᠠ ᠭᠠᠵᠠᠷ ᠤᠨ ᠤᠰᠤᠨ ᠤ ᠵᠠᠰᠠᠭ | ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠤ ᠨᠠᠶᠢᠳᠠᠵᠦ ᠤᠰᠤᠨ ᠤ ᠡᠬᠢ ᠰᠤᠷᠪᠤᠯᠵᠢ ᠶᠢᠨ | ᠰᠦᠢᠳᠬᠡᠯ ᠢ ᠲᠠᠳᠠᠪᠤᠷᠢᠯᠠᠭᠤᠯᠵᠦ ᠪᠤᠯᠤᠨ᠎ᠠ᠃ | ᠠᠷᠪᠠᠨ ᠨᠠᠢᠮᠠᠳᠤᠭᠠᠷ ᠵᠦᠢᠯ ᠤᠰᠤᠨ ᠤ ᠡᠬᠢ ᠰᠤᠷᠪᠤᠯᠵᠢ ᠶᠢᠨ ᠰᠦᠢᠳᠬᠡᠯ ᠳᠤ ᠱᠠᠳᠤ ᠬᠤᠪᠢᠶᠠᠨ ᠰᠠᠷ᠎ᠠ | ᠰᠠᠷ᠎ᠠ ᠪᠠᠷ ᠲᠠᠳᠠᠪᠤᠷᠢᠯᠠᠬᠤ ᠶᠢ ᠬᠡᠷᠡᠭᠵᠢᠬᠦᠯᠵᠦ᠂ ᠲᠠᠳᠠᠪᠤᠷᠢᠯᠠᠬᠤ ᠪᠠᠶᠢᠭᠤᠯᠭ᠎ᠠ ᠨᠢ ᠤᠰᠤ ᠲᠠᠳᠠᠬᠤ ᠨᠢᠬᠡᠴᠡ ᠪᠤᠶᠤ | ᠬᠤᠪᠢ ᠭᠦᠮᠦᠨ ᠳᠤ ᠤᠰᠤᠨ ᠤ ᠡᠬᠢ ᠰᠤᠷᠪᠤᠯᠵᠢ ᠶᠢᠨ ᠰᠦᠢᠳᠬᠡᠯ ᠲᠤᠰᠢᠶᠠᠬᠤ ᠮᠡᠳᠡᠭᠳᠡᠯ ᠤᠨ ᠬᠠᠭᠤᠳᠠᠰᠤ ᠶᠢ | ᠰᠠᠷ᠎ᠠ ᠰᠠᠷ᠎ᠠ ᠪᠠᠷ ᠭᠦᠷᠬᠡᠬᠦ ᠬᠡᠷᠡᠭᠳᠡᠢ᠃ | ᠠᠷᠪᠠ ᠶᠢᠰᠦᠳᠦᠬᠡᠷ ᠵᠦᠢᠯ ᠤᠰᠤᠨ ᠤ ᠡᠬᠢ ᠰᠤᠷᠪᠤᠯᠵᠢ ᠶᠢᠨ ᠰᠦᠢᠳᠬᠡᠯ ᠢ ᠬᠠᠤᠯᠢ ᠶᠢᠨ ᠡᠷᠬᠡᠳᠡᠨ ᠢᠶᠠᠷ | ᠲᠠᠳᠠᠪᠤᠷᠢᠯᠠᠬᠤ ᠨᠢᠬᠡᠴᠢ ᠪᠤᠯᠭᠠᠨ ᠪᠤᠳᠤᠵᠦ ᠨᠢᠬᠡᠳᠦᠯᠳᠡᠢ ᠲᠤᠰᠢᠶᠠᠬᠤ ᠬᠡᠷᠡᠭᠳᠡᠢ᠃ ᠬᠠᠤᠯᠢ ᠶᠢᠨ ᠡᠷᠬᠡᠳᠡᠨ ᠤ ᠬᠢᠷᠢ | ᠬᠡᠮ ᠦᠬᠡᠢ ᠪᠤᠯ ᠡᠳ᠋ ᠤᠨ ᠶᠠᠪᠤᠳᠠᠯ ᠤᠨ ᠲᠤᠰᠠᠭᠠᠷ ᠲᠤᠭᠠᠴᠠᠭ᠎ᠠ ᠬᠢᠵᠦ ᠪᠦᠭᠦᠢ ᠵᠤᠬᠢᠶᠠᠨ ᠪᠠᠶᠢᠭᠤᠯᠤᠯᠳᠠ ᠪᠤᠶᠤ | ᠬᠤᠪᠢ ᠭᠦᠮᠦᠨ ᠢᠶᠠᠷ ᠲᠠᠳᠠᠪᠤᠷᠢᠯᠠᠬᠤ ᠨᠢᠬᠡᠴᠢ ᠪᠤᠯᠭᠠᠨ ᠪᠤᠳᠤᠵᠦ ᠤᠰᠤᠨ ᠤ ᠡᠬᠢ ᠰᠤᠷᠪᠤᠯᠵᠢ ᠶᠢᠨ ᠰᠦᠢᠳᠬᠡᠯ | ᠲᠤᠰᠢᠶᠠᠬᠤ ᠬᠡᠷᠡᠭᠳᠡᠢ᠃ | ᠮᠠᠯᠴᠢᠨ ᠲᠠᠷᠢᠶᠠᠴᠢᠳ ᠤᠨ ᠲᠠᠷᠢᠶᠠᠯᠠᠩ ᠤᠨ ᠤᠰᠤᠯᠠᠯᠳᠠ ᠳᠤ ᠬᠡᠷᠡᠭᠯᠡᠬᠦ ᠤᠰᠤ ᠨᠢ ᠲᠦᠯᠦᠪᠯᠡᠭᠡ ᠠᠴᠠ | ᠬᠡᠳᠦᠷᠡᠭᠰᠡᠨ ᠪᠤᠶᠤ ᠲᠤᠨᠨᠳᠠᠭᠠᠨᠨᠰᠠᠨ ᠨᠤᠷᠮ᠎ᠠ ᠶᠢᠨ ᠤᠰᠤᠨ ᠤ ᠬᠡᠮᠵᠢᠶ᠎ᠡ ᠠᠴᠠ ᠬᠡᠳᠦᠷᠡᠭᠰᠡᠨ ᠤᠰᠤᠨ ᠤ ᠡᠬᠢ | ᠰᠤᠷᠪᠤᠯᠵᠢ ᠶᠢᠨ ᠰᠦᠢᠳᠬᠡᠯ ᠢ ᠪᠤᠯ ᠤᠰᠤ ᠬᠠᠩᠭᠠᠬᠤ ᠪᠠᠷᠢᠯᠭ᠎ᠠ ᠶᠢᠨ ᠨᠢᠬᠡᠴᠡ ᠪᠤᠶᠤ ᠤᠰᠤᠯᠠᠯᠳᠠ ᠶᠢᠨ ᠤᠷᠤᠨ ᠤ | ᠬᠠᠮᠢᠶᠠᠷᠤᠯᠳᠠ ᠶᠢᠨ ᠨᠢᠬᠡᠴᠡ ᠨᠢ ᠤᠰᠤᠨ ᠤ ᠰᠦᠢᠳᠬᠡᠯ ᠢ ᠲᠠᠳᠠᠪᠤᠷᠢᠯᠠᠬᠤ ᠳᠠᠭᠠᠨ ᠬᠠᠮᠳᠤ ᠳᠤᠨᠢ ᠲᠠᠳᠠᠪᠤᠷᠢᠯᠠᠵᠦ᠂ | ᠤᠰᠤᠨ ᠤ ᠡᠬᠢ ᠰᠤᠷᠪᠤᠯᠵᠢ ᠶᠢᠨ ᠰᠦᠢᠳᠬᠡᠯ ᠲᠠᠳᠠᠪᠤᠷᠢᠯᠠᠬᠤ ᠪᠠᠶᠢᠭᠤᠯᠭ᠎ᠠ ᠳᠤ ᠨᠢᠬᠡᠳᠦᠯᠳᠡᠢ ᠲᠤᠰᠢᠶᠠᠬᠤ ᠬᠡᠷᠡᠭᠳᠡᠢ᠃ | | ᠬᠤᠳᠠ ᠪᠠᠯᠭᠠᠰᠤ ᠶᠢᠨ ᠤᠯᠠᠨ ᠨᠡᠶᠢᠳᠡ ᠶᠢᠨ ᠬᠠᠩᠭᠠᠬᠤ ᠤᠰᠤᠨ ᠤ ᠦᠨ᠎ᠠ ᠬᠠᠩᠰᠢ ᠳᠤ ᠤᠰᠤᠨ ᠤ ᠡᠬᠢ | ᠰᠤᠷᠪᠤᠯᠵᠢ ᠶᠢᠨ ᠰᠦᠢᠳᠬᠡᠯ ᠢ ᠪᠠᠭᠳᠠᠭᠠᠵᠦ᠂ ᠤᠰᠤ ᠬᠠᠩᠭᠠᠬᠤ ᠬᠠᠮᠢᠶᠠᠷᠤᠯᠳᠠ ᠶᠢᠨ ᠨᠢᠬᠡᠴᠡ ᠨᠢ ᠤᠰᠤᠨ ᠤ ᠡᠬᠢ | ᠰᠤᠷᠪᠤᠯᠵᠢ ᠶᠢᠨ ᠰᠦᠢᠳᠬᠡᠯ ᠲᠠᠳᠠᠪᠤᠷᠢᠯᠠᠬᠤ ᠪᠠᠶᠢᠭᠤᠯᠭ᠎ᠠ ᠳᠤ ᠨᠢᠬᠡᠳᠦᠯᠳᠡᠢ ᠲᠤᠰᠢᠶᠠᠬᠤ ᠬᠡᠷᠡᠭᠳᠡᠢ᠃ | ᠬᠤᠷᠢᠳᠤᠭᠠᠷ ᠵᠦᠢᠯ ᠠᠵᠦ ᠠᠬᠤᠶᠢᠯᠠᠯ ᠤᠨ ᠲᠤᠰᠢᠶᠠᠬᠤ ᠤᠰᠤᠨ ᠤ ᠡᠬᠢ ᠰᠤᠷᠪᠤᠯᠵᠢ ᠶᠢᠨ ᠰᠦᠢᠳᠬᠡᠯ ᠢ | ᠦᠢᠯᠡᠳᠪᠦᠷᠢᠯᠡᠯ᠂ ᠡᠵᠡᠩᠨᠡᠯᠳᠡ ᠶᠢᠨ ᠦᠪᠡᠷ ᠤᠨ ᠦᠷᠳᠡᠭ ᠪᠤᠶᠤ ᠵᠠᠷᠤᠳᠠᠯ ᠳᠤ ᠪᠤᠳᠤᠵᠦ ᠤᠷᠤᠭᠤᠯᠤᠨ᠂ ᠵᠠᠰᠠᠭ | ᠵᠠᠬᠢᠷᠭᠠᠨ ᠠᠵᠢᠯ ᠦᠢᠯᠡᠰ ᠤᠨ ᠨᠢᠬᠡᠴᠡ ᠶᠢᠨ ᠲᠤᠰᠢᠶᠠᠬᠤ ᠤᠰᠤᠨ ᠤ ᠡᠬᠢ ᠰᠤᠷᠪᠤᠯᠵᠢ ᠶᠢᠨ ᠰᠦᠢᠳᠬᠡᠯ ᠢ ᠵᠠᠰᠠᠭ | ᠵᠠᠬᠢᠷᠭᠠᠨ ᠠᠵᠢᠯ ᠦᠢᠯᠡᠰ ᠤᠨ ᠰᠦᠢᠳᠬᠡᠯ ᠲᠤᠳᠤᠷ᠎ᠠ ᠠᠴᠠ ᠭᠠᠷᠭᠠᠬᠤ ᠬᠡᠷᠡᠭᠳᠡᠢ᠃ ᠬᠡᠬᠦ ᠳᠡᠭᠡᠨ ᠤᠰᠤ ᠲᠠᠳᠠᠬᠤ | ᠨᠢᠬᠡᠴᠡ ᠶᠢᠨ ᠲᠦᠯᠦᠪᠯᠡᠭᠡ ᠠᠴᠠ ᠪᠠᠨ ᠬᠡᠳᠦᠷᠡᠭᠦᠯᠦᠭᠰᠡᠨ ᠪᠤᠶᠤ ᠲᠤᠨᠨᠳᠠᠭᠠᠨᠨᠰᠠᠨ ᠨᠤᠷᠮ᠎ᠠ ᠠᠴᠠ ᠬᠡᠳᠦᠷᠡᠬᠦᠯᠦᠨ | ᠤᠰᠤ ᠬᠡᠷᠡᠭᠯᠡᠭᠰᠡᠨ ᠤᠰᠤᠨ ᠤ ᠡᠬᠢ ᠰᠤᠷᠪᠤᠯᠵᠢ ᠶᠢᠨ ᠰᠦᠢᠳᠬᠡᠯ ᠪᠤᠶᠤ ᠬᠤᠭᠤᠴᠠᠭ᠎ᠠ ᠰᠠᠭᠠᠳ᠋ᠬᠠᠰᠠᠨ ᠮᠦᠩᠭᠦ ᠶᠢ | ᠦᠪᠡᠷ ᠤᠨ ᠦᠷᠳᠡᠭ ᠪᠤᠶᠤ ᠵᠠᠷᠤᠳᠠᠯ ᠳᠤ ᠪᠤᠳᠤᠨ ᠤᠷᠤᠭᠤᠯᠵᠦ ᠪᠤᠯᠬᠤ ᠦᠬᠡᠢ᠃ | ᠬᠤᠷᠢᠨ ᠨᠢᠬᠡᠳᠦᠬᠡᠷ ᠵᠦᠢᠯ ᠶᠠᠮᠠᠷᠪᠠ ᠨᠢᠬᠡᠴᠡ ᠪᠤᠶᠤ ᠬᠤᠪᠢ ᠭᠦᠮᠦᠨ ᠬᠡᠳ ᠤᠰᠤ ᠬᠡᠷᠡᠭᠯᠡᠬᠦ ᠨᠢᠬᠡᠴᠡ | ᠪᠠ ᠬᠤᠪᠢ ᠭᠦᠮᠦᠨ ᠤ ᠤᠰᠤᠨ ᠤ ᠡᠬᠢ ᠰᠤᠷᠪᠤᠯᠵᠢ ᠶᠢᠨ ᠰᠦᠢᠳᠬᠡᠯ ᠢ ᠬᠠᠰᠤᠵᠦ ᠬᠤᠷᠢᠶᠠᠬᠤ ᠪᠤᠶᠤ | ᠬᠡᠯᠳᠦᠷᠢᠬᠦᠯᠵᠦ ᠪᠤᠯᠬᠤ ᠦᠬᠡᠢ᠃ ᠤᠰᠤᠨ ᠤ ᠡᠬᠢ ᠰᠤᠷᠪᠤᠯᠵᠢ ᠶᠢᠨ ᠰᠦᠢᠳᠬᠡᠯ ᠢ ᠲᠤᠷ᠎ᠠ ᠪᠠᠷ ᠢᠶᠠᠨ ᠬᠠᠰᠤᠵᠦ | ᠬᠡᠯᠳᠦᠷᠢᠬᠦᠯᠦᠭᠰᠡᠨ ᠪᠤᠯ ᠲᠡᠬᠡᠳᠦ ᠨᠢᠬᠡ ᠱᠠᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ | ᠰᠠᠯᠠᠭ᠎ᠠ ᠮᠦᠴᠢᠷ ᠰᠢᠭᠤᠳ ᠲᠠᠳᠠᠪᠤᠷᠢᠯᠠᠬᠤ ᠶᠢᠨ ᠬᠠᠮᠳᠤ ᠠᠳᠠᠯᠢ ᠱᠠᠳᠤᠨ ᠤ ᠤᠯᠤᠰ ᠤᠨ ᠭᠦᠮᠦᠷᠬᠡ ᠳᠤ | ᠲᠤᠰᠢᠶᠠᠬᠤ ᠬᠡᠷᠡᠭᠳᠡᠢ᠃ | ᠬᠤᠷᠢᠨ ᠬᠤᠶᠠᠳᠤᠭᠠᠷ ᠵᠦᠢᠯ ᠤᠰᠤᠨ ᠤ ᠡᠬᠢ ᠰᠤᠷᠪᠤᠯᠵᠢ ᠶᠢᠨ ᠰᠦᠢᠳᠬᠡᠯ ᠲᠠᠳᠠᠪᠤᠷᠢᠯᠠᠬᠤ ᠳᠤ ᠵᠠᠪᠠᠯ | ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠤᠨ | ᠨᠢᠬᠡᠳᠦᠯᠳᠡᠢ ᠲᠠᠷᠤᠮᠠᠯᠯᠠᠨ ᠵᠤᠬᠢᠶᠠᠭᠰᠠᠨ ᠲᠤᠰᠬᠠᠢ ᠬᠡᠷᠡᠭᠯᠡᠬᠦ ᠪᠠᠷᠢᠮᠳᠠ ᠶᠢ ᠬᠡᠷᠡᠭᠯᠡᠬᠦ ᠬᠡᠷᠡᠭᠳᠡᠢ᠃ ᠲᠠᠳᠠᠪᠤᠷᠢᠯᠬᠠᠰᠠᠨ | ᠤᠰᠤᠨ ᠤ ᠡᠬᠢ ᠰᠤᠷᠪᠤᠯᠵᠢ ᠶᠢᠨ ᠰᠦᠢᠳᠬᠡᠯ ᠢ ᠵᠠᠪᠠᠯ ᠠᠳᠠᠯᠢ ᠱᠠᠳᠤᠨ ᠤ ᠤᠯᠤᠰ ᠤᠨ ᠭᠦᠮᠦᠷᠬᠡ ᠳᠤ ᠪᠦᠭᠦ | ᠲᠤᠭ᠎ᠠ ᠪᠠᠷ ᠨᠢ ᠲᠤᠰᠢᠶᠠᠨ ᠤᠷᠤᠭᠤᠯᠵᠦ᠂ ᠡᠳ᠋ ᠤᠨ ᠵᠠᠰᠠᠭ ᠤᠨ ᠲᠦᠰᠦᠪ ᠢᠶᠠᠷ ᠬᠠᠮᠢᠶᠠᠷᠬᠤ᠂ ᠲᠤᠰᠬᠠᠢ ᠲᠠᠩᠰᠠ | ᠡᠷᠦᠬᠡ ᠪᠠᠷ ᠨᠢ ᠬᠠᠳᠠᠭᠠᠯᠠᠬᠤ᠂ ︽ᠤᠷᠤᠯᠭ᠎ᠠ ᠵᠠᠷᠤᠯᠭ᠎ᠠ ᠶᠢ ᠠᠰ ᠠᠰ ᠲᠤᠨᠢ ᠪᠠᠶᠢᠯᠭᠠᠬᠤ︾ ᠬᠠᠮᠢᠶᠠᠷᠤᠯᠳᠠ ᠶᠢ | ᠬᠡᠷᠡᠭᠵᠢᠬᠦᠯᠵᠦ᠂ ᠵᠦᠪᠰᠢᠶᠡᠷᠡᠭᠰᠡᠨ ᠰᠠᠯᠠᠭ᠎ᠠ ᠮᠦᠴᠢᠷ ᠤᠨ ᠡᠳ᠋ ᠤᠨ ᠵᠠᠰᠠᠭ ᠤᠨ ᠲᠦᠰᠦᠪ ᠤᠨ ᠶᠤᠰᠤᠭᠠᠷ ᠡᠳ᠋ ᠤᠨ | ᠵᠠᠰᠠᠭ ᠤᠨ ᠰᠠᠯᠠᠭ᠎ᠠ ᠮᠦᠴᠢᠷ ᠠᠴᠠ ᠨᠢᠬᠡᠳᠦᠯᠳᠡᠢ ᠲᠦᠯᠦᠪᠯᠡᠨ ᠲᠤᠬᠢᠷᠠᠭᠤᠯᠬᠤ ᠬᠡᠷᠡᠭᠳᠡᠢ᠃ | ᠬᠤᠷᠢᠨ ᠭᠤᠷᠪᠠᠳᠤᠭᠠᠷ ᠵᠦᠢᠯ ᠤᠰᠤᠨ ᠤ ᠡᠬᠢ ᠰᠤᠷᠪᠤᠯᠵᠢ ᠶᠢᠨ ᠰᠦᠢᠳᠬᠡᠯ ᠢ ᠭᠤᠤᠯᠳᠠᠭᠤ ᠤᠰᠤᠨ ᠤ | ᠡᠬᠢ ᠰᠤᠷᠪᠤᠯᠵᠢ ᠶᠢ ᠠᠷᠪᠢᠯᠠᠬᠤ᠂ ᠬᠠᠮᠠᠭᠠᠯᠠᠬᠤ ᠪᠠ ᠬᠠᠮᠢᠶᠠᠷᠬᠤ ᠳᠤ ᠬᠡᠷᠡᠭᠯᠡᠨ᠎ᠡ᠂ ᠪᠠᠰᠠ ᠤᠰᠤᠨ ᠤ ᠡᠬᠢ | ᠰᠤᠷᠪᠤᠯᠵᠢ ᠶᠢ ᠵᠦᠢ ᠵᠤᠬᠢᠰᠳᠠᠢ ᠨᠡᠬᠡᠬᠡᠬᠦ ᠳᠤ ᠬᠡᠷᠡᠭᠯᠡᠭᠰᠡᠨ ᠴᠤ ᠪᠤᠯᠤᠨ᠎ᠠ᠃ ᠪᠤᠳᠠᠳᠠᠢ ᠬᠡᠷᠡᠭᠯᠡᠬᠦ ᠬᠡᠪᠴᠢᠶ᠎ᠡ ᠨᠢ | ᠲᠤᠤᠷᠠᠬᠢ ᠮᠡᠳᠦ᠄ | ︵ᠨᠢᠬᠡ︶ ᠤᠰᠤᠨ ᠤ ᠡᠬᠢ ᠰᠤᠷᠪᠤᠯᠵᠢ ᠶᠢ ᠪᠠᠶᠢᠴᠠᠭᠠᠨ ᠦᠨᠡᠯᠡᠬᠦ᠂ ᠮᠡᠳᠡᠭᠡ ᠵᠠᠩᠬᠢ ᠴᠤᠨᠨᠯᠠᠭᠤᠯᠬᠤ᠂ | ᠤᠷᠳᠤ ᠪᠠ ᠤᠷᠳᠤᠪᠳᠤᠷ ᠬᠤᠭᠤᠴᠠᠭᠠᠨ ᠤ ᠤᠰᠤᠨ ᠤ ᠬᠠᠩᠭᠠᠯᠭ᠎ᠠ ᠬᠡᠷᠡᠭᠴᠡᠬᠡᠨ ᠤ ᠲᠦᠯᠦᠪᠵᠢᠬᠦᠯᠬᠡ ᠵᠢᠴᠢ ᠲᠦᠷᠦ | ᠶᠢᠨ ᠪᠤᠳᠤᠯᠭ᠎ᠠ ᠬᠠᠤᠯᠢ ᠲᠤᠨᠨᠳᠠᠭᠠᠯ ᠢ ᠰᠤᠳᠤᠯᠬᠤ︔ | ︵ᠬᠤᠶᠠᠷ︶ ᠤᠰᠤᠨ ᠤ ᠡᠬᠢ ᠰᠤᠷᠪᠤᠯᠵᠢ ᠶᠢᠨ ᠬᠢᠨᠠᠯᠳᠠ ᠬᠠᠮᠢᠶᠠᠷᠤᠯᠳᠠ ᠶᠢᠨ ᠴᠢᠳᠠᠪᠤᠷᠢ ᠶᠢᠨ | ᠪᠠᠶᠢᠭᠤᠯᠤᠯᠳᠠ ᠵᠢᠴᠢ ᠠᠵᠢᠯᠯᠠᠭᠠᠨ ᠤ ᠬᠠᠮᠠᠭᠠᠯᠠᠯᠳᠠ︔ | ︵ᠭᠤᠷᠪᠠ︶ ᠤᠰᠤᠨ ᠤ ᠡᠬᠢ ᠰᠤᠷᠪᠤᠯᠵᠢ ᠶᠢᠨ ᠬᠠᠮᠢᠶᠠᠷᠤᠯᠳᠠ ᠪᠠ ᠮᠡᠷᠬᠡᠵᠢᠯ ᠤᠨ ᠠᠵᠢᠯᠳᠠᠨ ᠤ | ᠪᠤᠯᠪᠠᠰᠤᠷᠠᠭᠤᠯᠤᠯ ᠵᠢᠴᠢ ᠤᠰᠤᠨ ᠤ ᠬᠠᠤᠯᠢ ᠲᠤᠨᠨᠳᠠᠭᠠᠯ ᠤᠨ ᠤᠬᠠᠭᠤᠯᠭ᠎ᠠ ᠭᠦᠮᠦᠵᠢᠯ︔ | ︵ᠲᠦᠷᠪᠡ︶ ᠤᠰᠤᠨ ᠤ ᠡᠬᠢ ᠰᠤᠷᠪᠤᠯᠵᠢ ᠶᠢ ᠠᠷᠪᠢᠯᠠᠨ ᠭᠠᠮᠨ᠋ᠬᠠᠰᠠᠨ᠂ ᠬᠠᠮᠠᠭᠠᠯᠬᠠᠰᠠᠨ ᠪᠠ | ᠬᠠᠮᠢᠶᠠᠷᠤᠨᠨᠰᠠᠨ ᠤ ᠱᠠᠩᠨᠠᠯ ᠵᠢᠴᠢ ᠤᠰᠤᠨ ᠤ ᠡᠬᠢ ᠰᠤᠷᠪᠤᠯᠵᠢ ᠶᠢᠨ ᠰᠦᠢᠳᠬᠡᠯ ᠲᠠᠳᠠᠪᠤᠷᠢᠯᠠᠬᠤ ᠶᠢᠨ ᠵᠠᠷᠤᠳᠠᠯ ᠤᠨ | ᠨᠦᠭᠦᠪᠦᠷᠢ︔ | ︵ᠲᠠᠪᠤ︶ ᠤᠰᠤ ᠲᠠᠳᠠᠬᠤ ᠠᠮᠠᠰᠠᠷ ᠤᠨ ᠪᠠᠶᠢᠭ᠎ᠠ ᠭᠠᠵᠠᠷ ᠤᠨ ᠤᠰᠤᠨ ᠤ ᠡᠬᠢ ᠰᠤᠷᠪᠤᠯᠵᠢ ᠶᠢ ᠬᠢᠨᠠᠨ | ᠬᠡᠮᠵᠢᠬᠦ ᠪᠠ ᠤᠰᠤᠨ ᠰᠤᠷᠪᠤᠯᠵᠢ ᠶᠢᠨ ᠭᠠᠵᠠᠷ ᠢ ᠬᠠᠮᠠᠭᠠᠯᠠᠬᠤ︔ | ︵ᠵᠢᠷᠭᠤᠭ᠎ᠠ︶ ᠤᠯᠤᠰ ᠠᠴᠠ ᠲᠤᠨᠨᠳᠠᠭᠠᠨᠨᠰᠠᠨ ᠪᠤᠰᠤᠳ ᠬᠡᠷᠡᠭᠯᠡᠬᠦ ᠬᠡᠪᠴᠢᠶ᠎ᠡ᠃ | ᠬᠤᠷᠢᠨ ᠲᠦᠷᠪᠡᠳᠦᠬᠡᠷ ᠵᠦᠢᠯ ᠤᠰᠤᠨ ᠤ ᠡᠬᠢ ᠰᠤᠷᠪᠤᠯᠵᠢ ᠶᠢᠨ ᠬᠡᠷᠡᠭᠯᠡᠯᠳᠡ ᠳᠤ ᠤᠰᠤᠨ ᠤ ᠵᠠᠰᠠᠭ | ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠠᠴᠠ ᠤᠨ ᠤ ᠬᠡᠷᠡᠭᠯᠡᠬᠦ ᠲᠦᠯᠦᠪᠯᠡᠭᠡ ᠪᠠᠨ ᠨᠠᠶᠢᠷᠠᠭᠤᠯᠤᠨ | ᠵᠤᠬᠢᠶᠠᠵᠦ᠂ ᠠᠳᠠᠯᠢ ᠱᠠᠳᠤᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠲᠤ ᠮᠡᠳᠡᠬᠦᠯᠵᠦ ᠬᠢᠨᠠᠨ | ᠲᠤᠨᠨᠳᠠᠭᠠᠯᠭᠠᠨᠨᠰᠠᠨ ᠤ ᠲᠠᠷᠠᠭ᠎ᠠ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠠᠴᠠ | ᠡᠳ᠋ ᠤᠨ ᠵᠠᠰᠠᠭ ᠤᠨ ᠰᠠᠯᠠᠭ᠎ᠠ ᠮᠦᠴᠢᠷ ᠤᠨ ᠪᠠᠭᠤᠯᠭᠠᠨᠨᠰᠠᠨ ᠲᠦᠯᠦᠪᠯᠡᠭᠡ ᠶᠤᠰᠤᠭᠠᠷ ᠬᠡᠷᠡᠭᠯᠡᠬᠦ ᠬᠡᠷᠡᠭᠳᠡᠢ᠃ | | ᠲᠠᠪᠤᠳᠤᠭᠠᠷ ᠪᠦᠯᠦᠭ ᠬᠢᠨᠠᠯᠳᠠ ᠬᠠᠮᠢᠶᠠᠷᠤᠯᠳᠠ | | ᠬᠤᠷᠢᠨ ᠲᠠᠪᠤᠳᠤᠭᠠᠷ ᠵᠦᠢᠯ ᠤᠰᠤ ᠲᠠᠳᠠᠬᠤ ᠶᠢ ᠬᠢᠨᠠᠨ ᠵᠦᠪᠰᠢᠶᠡᠷᠡᠬᠦ ᠪᠠᠶᠢᠭᠤᠯᠭ᠎ᠠ ᠨᠢ ᠤᠰᠤ ᠲᠠᠳᠠᠬᠤ | ᠶᠢ ᠵᠦᠪᠰᠢᠶᠡᠷᠡᠬᠦ ᠶᠢᠨ ᠬᠢᠨᠠᠯᠳᠠ ᠪᠠᠶᠢᠴᠠᠭᠠᠯᠳᠠ ᠶᠢᠨ ᠲᠦᠷᠢᠮ ᠢ ᠪᠠᠶᠢᠭᠤᠯᠵᠦ᠂ ᠬᠢᠨᠠᠨ ᠵᠦᠪᠰᠢᠶᠡᠷᠡᠭᠰᠡᠨ ᠤᠰᠤ | ᠲᠠᠳᠠᠬᠤ ᠵᠦᠪᠰᠢᠶᠡᠷᠡᠯ ᠵᠢᠴᠢ ᠲᠤᠤᠷᠠᠳᠤ ᠱᠠᠳᠤᠨ ᠤ ᠤᠰᠤ ᠲᠠᠳᠠᠬᠤ ᠵᠦᠪᠰᠢᠶᠡᠷᠡᠯ ᠤᠨ ᠲᠦᠷᠢᠮ ᠢ ᠬᠡᠷᠡᠭᠵᠢᠬᠦᠯᠵᠦ | ᠪᠠᠶᠢᠭ᠎ᠠ ᠪᠠᠶᠢᠳᠠᠯ ᠳᠤ ᠬᠢᠨᠠᠯᠳᠠ ᠲᠠᠯᠪᠢᠵᠦ ᠬᠠᠮᠢᠶᠠᠷᠬᠤ ᠬᠡᠷᠡᠭᠳᠡᠢ᠃ | ᠬᠤᠷᠢᠨ ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠲᠡᠬᠡᠭᠰᠢᠬᠢ ᠠᠷᠠᠳ ᠤᠨ ᠵᠠᠰᠠᠭ ᠤᠨ | ᠤᠷᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠤᠰᠤ ᠲᠠᠳᠠᠬᠤ | ᠨᠢᠬᠡᠴᠡ ᠪᠤᠶᠤ ᠬᠤᠪᠢ ᠭᠦᠮᠦᠨ ᠤ ᠤᠯᠤᠰ ᠪᠠ ᠦᠪᠡᠷᠳᠡᠬᠡᠨ ᠵᠠᠰᠠᠬᠤ ᠤᠷᠤᠨ ᠤ ᠮᠡᠷᠬᠡᠵᠢᠯ ᠤᠨ ᠪᠠᠷᠢᠮᠵᠢᠶ᠎ᠠ | ᠶᠤᠰᠤᠭᠠᠷ ᠤᠰᠤᠨ ᠤ ᠲᠡᠩᠴᠡᠬᠦᠷᠢ ᠶᠢᠨ ᠬᠡᠮᠵᠢᠨ ᠰᠢᠯᠭᠠᠯᠳᠠ ᠬᠢᠬᠦ ᠶᠢ ᠲᠦᠯᠦᠪᠯᠡᠭᠡ ᠲᠠᠢ ᠪᠠᠷ ᠵᠢᠭᠠᠨ ᠵᠢᠯᠤᠭᠤᠳᠴᠤ᠂ | ᠤᠰᠤ ᠬᠡᠷᠡᠭᠯᠡᠬᠦ ᠤᠷ᠎ᠠ ᠮᠡᠷᠬᠡᠰᠢᠯ ᠢ ᠨᠢ ᠰᠠᠶᠢᠵᠢᠷᠠᠭᠤᠯᠵᠦ᠂ ᠤᠰᠤ ᠶᠢ ᠡᠷᠬᠢᠯᠳᠦᠬᠦᠯᠦᠨ ᠠᠰᠢᠨᠨᠯᠠᠬᠤ ᠨᠤᠷᠮ᠎ᠠ ᠪᠠ | ᠬᠠᠶᠠᠭᠳᠠᠮᠠᠯ ᠪᠤᠬᠢᠷ ᠤᠰᠤ ᠶᠢ ᠡᠬᠡᠬᠦᠯᠦᠨ ᠬᠡᠷᠡᠭᠯᠡᠬᠦ ᠨᠤᠷᠮ᠎ᠠ ᠶᠢ ᠲᠡᠬᠡᠭᠰᠢᠯᠡᠬᠦᠯᠬᠦ ᠬᠡᠷᠡᠭᠳᠡᠢ᠃ | ᠬᠤᠷᠢᠨ ᠲᠤᠯᠤᠳᠤᠭᠠᠷ ᠵᠦᠢᠯ ᠤᠯᠠᠨ ᠨᠡᠶᠢᠳᠡ ᠶᠢᠨ ᠪᠠ ᠠᠷᠠᠳ ᠤᠨ ᠬᠡᠷᠡᠭᠯᠡᠬᠡᠨ ᠤ ᠪᠠᠷᠢᠯᠭ᠎ᠠ ᠵᠡᠷᠬᠡ | ᠪᠦᠳᠦᠬᠡᠨ ᠪᠠᠶᠢᠭᠤᠯᠤᠯᠳᠠ ᠶᠢᠨ ᠲᠦᠷᠦᠯ ᠵᠦᠢᠯ ᠨᠢ ᠤᠰᠤ ᠠᠷᠪᠢᠯᠠᠬᠤ ᠪᠡᠯᠡᠳᠬᠡᠮᠵᠢ ᠶᠢ ᠲᠦᠭᠦᠷᠵᠢᠬᠦᠯᠦᠨ | ᠪᠠᠶᠢᠭᠤᠯᠵᠦ᠂ ᠤᠰᠤ ᠠᠷᠪᠢᠯᠠᠬᠤ ᠪᠠᠭᠠᠵᠢ ᠬᠡᠷᠡᠭᠯᠡᠬᠦᠷ ᠤᠨᠨᠰᠠᠷᠠᠵᠦ᠂ ᠪᠠᠷᠢᠯᠭ᠎ᠠ ᠶᠢᠨ ᠠᠵᠢᠯ ᠲᠠᠭᠤᠰᠤᠨᠨᠰᠠᠨ ᠤ | ᠲᠠᠷᠠᠭ᠎ᠠ ᠲᠦᠷᠦᠯ ᠵᠦᠢᠯ ᠤᠨ ᠪᠠᠶᠢᠭ᠎ᠠ ᠭᠠᠵᠠᠷ ᠤᠨ ᠤᠰᠤ ᠠᠷᠪᠢᠯᠠᠨ ᠬᠡᠷᠡᠭᠯᠡᠬᠦ ᠶᠢᠨ ᠭᠤᠤᠯᠴᠢᠯᠠᠨ ᠬᠠᠮᠢᠶᠠᠷᠬᠤ | ᠰᠠᠯᠠᠭ᠎ᠠ ᠮᠦᠴᠢᠷ ᠠᠴᠠ ᠤᠰᠤ ᠠᠷᠪᠢᠯᠠᠬᠤ ᠲᠤᠰᠬᠠᠢ ᠵᠦᠢᠯ ᠤᠨ ᠰᠢᠯᠭᠠᠨ ᠠᠪᠬᠤ ᠶᠢ ᠵᠤᠬᠢᠶᠠᠨ ᠪᠠᠶᠢᠭᠤᠯᠬᠤ | ᠬᠡᠷᠡᠭᠳᠡᠢ᠃ | ᠬᠤᠷᠢᠨ ᠨᠠᠢᠮᠠᠳᠤᠭᠠᠷ ᠵᠦᠢᠯ ᠤᠰᠤ ᠲᠠᠳᠠᠬᠤ ᠨᠢᠬᠡᠴᠡ ᠪᠤᠶᠤ ᠬᠤᠪᠢ ᠭᠦᠮᠦᠨ ᠨᠢ ᠪᠤᠴᠠᠭᠠᠬᠤ ᠤᠰᠤᠨ ᠤ | ᠴᠢᠨᠠᠷ ᠲᠤ ᠲᠤᠨᠨᠳᠠᠭᠠᠯ ᠶᠤᠰᠤᠭᠠᠷ ᠬᠢᠨᠠᠨ ᠬᠡᠮᠵᠢᠯᠳᠡ ᠬᠢᠬᠦ ᠦᠬᠡᠢ ᠪᠤᠯ᠂ ᠤᠰᠤ ᠲᠠᠳᠠᠬᠤ ᠶᠢ ᠬᠢᠨᠠᠨ ᠵᠦᠪᠰᠢᠶᠡᠷᠡᠬᠦ | ᠪᠠᠶᠢᠭᠤᠯᠭ᠎ᠠ ᠠᠴᠠ ᠬᠢᠷᠢ ᠬᠡᠮ ᠤᠨ ᠱᠠᠭᠠᠷᠳᠠᠯᠭ᠎ᠠ ᠳᠤ ᠨᠡᠶᠢᠴᠡᠬᠦ ᠬᠢᠨᠠᠨ ᠬᠡᠮᠵᠢᠬᠦ ᠨᠢᠬᠡᠴᠡ ᠶᠢ ᠵᠢᠭᠠᠨ ᠲᠤᠨᠨᠳᠠᠭᠠᠵᠦ | ᠬᠢᠨᠠᠨ ᠬᠡᠮᠵᠢᠯᠳᠡ ᠬᠢᠯᠬᠡᠵᠦ᠂ ᠵᠠᠷᠤᠳᠠᠯ ᠢ ᠨᠢ ᠤᠰᠤ ᠲᠠᠳᠠᠬᠤ ᠨᠢᠬᠡᠴᠡ ᠪᠤᠶᠤ ᠬᠤᠪᠢ ᠭᠦᠮᠦᠨ ᠡᠭᠦᠷᠬᠡᠯᠡᠬᠦ | ᠬᠡᠷᠡᠭᠳᠡᠢ᠃ | ᠬᠤᠷᠢ ᠶᠢᠰᠦᠳᠦᠬᠡᠷ ᠵᠦᠢᠯ ᠤᠰᠤ ᠲᠠᠳᠠᠬᠤ ᠨᠢᠬᠡᠴᠡ ᠪᠤᠶᠤ ᠬᠤᠪᠢ ᠭᠦᠮᠦᠨ ᠨᠢ ᠤᠯᠤᠰ ᠤᠨ | ᠮᠡᠷᠬᠡᠵᠢᠯ ᠤᠨ ᠪᠠᠷᠢᠮᠵᠢᠶ᠎ᠠ ᠳᠤ ᠨᠡᠶᠢᠴᠡᠭᠰᠡᠨ ᠤᠰᠤ ᠲᠠᠳᠠᠬᠤ ᠬᠡᠮᠵᠢᠬᠦᠷ ᠤᠨ ᠪᠡᠯᠡᠳᠬᠡᠮᠵᠢ ᠤᠨᠨᠰᠠᠷᠠᠬᠤ ᠶᠢᠨ ᠬᠠᠮᠳᠤ᠂ | ᠲᠤᠨᠨᠳᠠᠮᠠᠯ ᠬᠤᠭᠤᠴᠠᠭ᠎ᠠ ᠲᠠᠢ ᠪᠠᠷ ᠪᠠᠶᠢᠴᠠᠭᠠᠬᠤ ᠪᠤᠶᠤ ᠬᠢᠨᠠᠨ ᠰᠢᠯᠭᠠᠵᠦ᠂ ᠤᠰᠤ ᠲᠠᠳᠠᠬᠤ ᠬᠡᠮᠵᠢᠬᠦᠷ ᠤᠨ | ᠪᠡᠯᠡᠳᠬᠡᠮᠵᠢ ᠶᠢᠨ ᠬᠡᠪ ᠤᠨ ᠬᠡᠷᠡᠭᠯᠡᠯᠳᠡ ᠬᠢᠬᠡᠳ ᠰᠢᠨᠵᠢᠯᠡᠬᠦ ᠤᠬᠠᠭᠠᠨᠴᠢ ᠪᠠᠷ ᠬᠡᠮᠵᠢᠬᠦ ᠶᠢ ᠪᠠᠳᠤᠯᠠᠬᠤ ᠬᠡᠷᠡᠭᠳᠡᠢ᠂ | ᠤᠰᠤ ᠲᠠᠳᠠᠬᠤ ᠬᠡᠮᠵᠢᠬᠦᠷ ᠤᠨ ᠪᠡᠯᠡᠳᠬᠡᠮᠵᠢ ᠶᠢ ᠲᠤᠷ᠎ᠠ ᠪᠠᠷ ᠢᠶᠠᠨ ᠰᠠᠯᠭᠠᠬᠤ ᠪᠤᠶᠤ ᠰᠤᠯᠢᠵᠦ ᠪᠤᠯᠬᠤ ᠦᠬᠡᠢ᠃ | ᠭᠤᠴᠢᠳᠤᠭᠠᠷ ᠵᠦᠢᠯ ᠲᠤᠤᠷᠠᠬᠢ ᠪᠠᠶᠢᠳᠠᠯ ᠤᠨ ᠨᠢᠬᠡ ᠨᠢ ᠪᠠᠶᠢᠪᠠᠯ ᠤᠰᠤ ᠲᠠᠳᠠᠬᠤ ᠶᠢ ᠬᠢᠨᠠᠨ | ᠵᠦᠪᠰᠢᠶᠡᠷᠡᠬᠦ ᠪᠠᠶᠢᠭᠤᠯᠭ᠎ᠠ ᠨᠢ ᠤᠰᠤ ᠲᠠᠳᠠᠬᠤ ᠪᠡᠯᠡᠳᠬᠡᠮᠵᠢ ᠶᠢᠨ ᠵᠢᠷᠤᠨᠨᠯᠠᠨ ᠲᠦᠯᠦᠪᠯᠡᠭᠰᠡᠨ ᠤᠰᠤ ᠲᠠᠳᠠᠬᠤ | ᠬᠠᠮᠤᠭ ᠤᠨ ᠶᠡᠭᠡ ᠴᠢᠳᠠᠪᠤᠷᠢ ᠪᠠᠷ ᠤᠰᠤ ᠲᠠᠳᠠᠬᠤ ᠬᠡᠮᠵᠢᠶ᠎ᠡ ᠶᠢ ᠪᠤᠳᠤᠵᠦ ᠪᠤᠯᠤᠨ᠎ᠠ᠄ | ︵ᠨᠢᠬᠡ︶ ᠤᠰᠤ ᠲᠠᠳᠠᠬᠤ ᠬᠡᠮᠵᠢᠬᠦᠷ ᠤᠨ ᠪᠡᠯᠡᠳᠬᠡᠮᠵᠢ ᠤᠨᠨᠰᠠᠷᠠᠭᠠᠳᠤᠢ ᠪᠤᠶᠤ ᠤᠰᠤ ᠲᠠᠳᠠᠬᠤ | ᠬᠡᠮᠵᠢᠭᠦᠷ ᠤᠨ ᠪᠡᠯᠡᠳᠬᠡᠮᠵᠢ ᠨᠢ ᠬᠡᠪ ᠤᠨ ᠶᠤᠰᠤᠭᠠᠷ ᠠᠵᠢᠯᠯᠠᠵᠦ ᠲᠡᠶᠢᠯᠬᠦ ᠦᠬᠡᠢ ᠪᠤᠯᠤᠨᠨᠰᠠᠨ︔ | ︵ᠬᠤᠶᠠᠷ︶ ᠤᠰᠤ ᠲᠠᠳᠠᠬᠤ ᠨᠢᠬᠡᠴᠡ ᠪᠤᠶᠤ ᠬᠤᠪᠢ ᠭᠦᠮᠦᠨ ᠨᠢ ᠤᠰᠤ ᠲᠠᠳᠠᠬᠤ ᠬᠡᠮᠵᠢᠬᠦᠷ ᠤᠨ ᠲᠤᠭ᠎ᠠ | ᠪᠠᠷᠢᠮᠳᠠ ᠶᠢᠨ ᠮᠠᠲ᠋ᠧᠷᠢᠶᠠᠯ ᠢᠶᠠᠨ ᠬᠠᠩᠭᠠᠬᠤ ᠶᠢ ᠲᠡᠪᠴᠢᠭᠰᠡᠨ ᠪᠤᠶᠤ ᠬᠤᠳᠠᠯ ᠬᠠᠭᠤᠷᠮᠠᠭ ᠢᠶᠠᠷ ᠵᠤᠬᠢᠶᠠᠭᠰᠠᠨ᠃ | ᠭᠤᠴᠢᠨ ᠨᠢᠬᠡᠳᠦᠬᠡᠷ ᠵᠦᠢᠯ ᠬᠤᠰᠢᠭᠤ ᠰᠢᠶᠠᠨ ᠤ ᠱᠠᠳᠤᠨ ᠠᠴᠠ ᠲᠡᠬᠡᠭᠰᠢᠬᠢ ᠤᠷᠤᠨ ᠨᠤᠳᠤᠭ ᠤᠨ | ᠠᠷᠠᠳ ᠤᠨ ᠵᠠᠰᠠᠭ ᠤᠨ ᠤᠷᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ | ᠮᠦᠴᠢᠷ ᠨᠢ ᠤᠰᠤ ᠲᠠᠳᠠᠬᠤ ᠶᠢ ᠲᠠᠩᠰᠠᠯᠠᠨ ᠲᠡᠮᠳᠡᠭᠯᠡᠬᠦ ᠲᠦᠷᠢᠮ ᠪᠠᠶᠢᠭᠤᠯᠵᠦ᠂ ᠤᠰᠤ ᠲᠠᠳᠠᠬᠤ ᠶᠢ ᠬᠢᠨᠠᠨ | ᠵᠦᠪᠰᠢᠶᠡᠷᠡᠵᠦ ᠦᠨᠡᠮᠯᠡᠯ ᠤᠯᠭᠤᠨᠨᠰᠠᠨ ᠪᠠᠶᠢᠳᠠᠯ ᠢᠶᠠᠨ ᠵᠢᠯ ᠪᠦᠷᠢ ᠲᠤᠨᠨᠳᠠᠮᠠᠯ ᠬᠤᠭᠤᠴᠠᠭ᠎ᠠ ᠲᠠᠢ ᠪᠠᠷ ᠨᠡᠶᠢᠬᠡᠮ ᠳᠤ | ᠵᠠᠷᠯᠠᠨ ᠨᠡᠶᠢᠳᠡᠯᠡᠬᠦ ᠶᠢᠨ ᠬᠠᠮᠳᠤ᠂ ᠲᠡᠬᠡᠳᠦ ᠨᠢᠬᠡ ᠱᠠᠳᠤᠨ ᠤ ᠠᠷᠠᠳ ᠤᠨ ᠵᠠᠰᠠᠭ ᠤᠨ ᠤᠷᠳᠤᠨ ᠤ ᠤᠰᠤᠨ ᠤ | ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠪᠤᠶᠤ ᠰᠠᠪᠠ ᠭᠠᠵᠠᠷ ᠤᠨ ᠬᠠᠮᠢᠶᠠᠷᠤᠯᠳᠠ ᠶᠢᠨ | ᠪᠠᠶᠢᠭᠤᠯᠤᠮᠵᠢ ᠳᠤ ᠬᠠᠭᠤᠯᠤᠨ ᠢᠯᠡᠬᠡᠬᠦ ᠬᠡᠷᠡᠭᠳᠡᠢ᠃ | | ᠵᠢᠷᠭᠤᠳᠤᠭᠠᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ | | ᠭᠤᠴᠢᠨ ᠬᠤᠶᠠᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠲᠡᠬᠡᠭᠰᠢᠬᠢ ᠠᠷᠠᠳ ᠤᠨ ᠵᠠᠰᠠᠭ ᠤᠨ | ᠤᠷᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠪᠠ ᠪᠤᠰᠤᠳ ᠬᠤᠯᠪᠤᠨᠨᠳᠠᠯ | ᠪᠦᠭᠦᠢ ᠰᠠᠯᠠᠭ᠎ᠠ ᠮᠦᠴᠢᠷ ᠤᠳ ᠲᠤᠨᠨᠳᠠᠭᠠᠯ ᠠᠴᠠ ᠵᠦᠷᠢᠴᠡᠨ ᠤᠰᠤ ᠲᠠᠳᠠᠬᠤ ᠵᠦᠪᠰᠢᠶᠡᠷᠡᠯ ᠢ ᠬᠡᠷᠡᠭᠵᠢᠬᠦᠯᠦᠭᠰᠡᠨ | ᠪᠤᠶᠤ ᠲᠤᠨᠨᠳᠠᠭᠠᠯ ᠢ ᠦᠯᠦ ᠵᠢᠷᠤᠮᠯᠠᠨ ᠤᠰᠤᠨ ᠤ ᠡᠬᠢ ᠰᠤᠷᠪᠤᠯᠵᠢ ᠶᠢᠨ ᠰᠦᠢᠳᠬᠡᠯ ᠲᠠᠳᠠᠪᠤᠷᠢᠯᠠᠬᠤ᠂ ᠬᠠᠮᠢᠶᠠᠷᠬᠤ | ᠪᠠ ᠬᠡᠷᠡᠭᠯᠡᠭᠰᠡᠨ ᠪᠤᠯ ︽ᠲᠦᠷᠢᠮ︾ ᠤᠨ ᠲᠤᠨᠨᠳᠠᠭᠠᠯ ᠢ ᠦᠨᠳᠦᠰᠦᠯᠡᠨ ᠰᠶᠢᠳᠪᠦᠷᠢᠯᠡᠬᠦ ᠬᠡᠷᠡᠭᠳᠡᠢ᠃ | ᠭᠤᠴᠢᠨ ᠭᠤᠷᠪᠠᠳᠤᠭᠠᠷ ᠵᠦᠢᠯ ᠤᠰᠤ ᠲᠠᠳᠠᠬᠤ ᠨᠢᠬᠡᠴᠡ ᠪᠤᠶᠤ ᠬᠤᠪᠢ ᠭᠦᠮᠦᠨ ᠳᠤ ᠲᠤᠤᠷᠠᠬᠢ ᠦᠢᠯᠡ | ᠠᠵᠢᠯᠯᠠᠭ᠎ᠠ ᠶᠢᠨ ᠨᠢᠬᠡ ᠨᠢ ᠪᠠᠶᠢᠪᠠᠯ ᠤᠰᠤ ᠲᠠᠳᠠᠬᠤ ᠶᠢ ᠬᠢᠨᠠᠨ ᠵᠦᠪᠰᠢᠶᠡᠷᠡᠭᠰᠡᠨ ᠪᠠᠶᠢᠭᠤᠯᠭ᠎ᠠ ᠠᠴᠠ ᠵᠠᠷᠯᠢᠨᠨᠳᠠᠵᠦ | ᠪᠠᠶᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ ᠶᠢᠨ ᠬᠠᠮᠳᠤ᠂ 5000 ᠲᠦᠭᠦᠷᠢᠭ ᠠᠴᠠ ᠲᠡᠬᠡᠭᠰᠢ 3 ᠲᠦᠮᠡᠨ | ᠲᠦᠭᠦᠷᠢᠭ ᠠᠴᠠ ᠲᠤᠷᠤᠨᠨᠰᠢ ᠵᠤᠭᠤᠰ ᠢᠶᠠᠷ ᠲᠤᠷᠭᠠᠵᠦ ᠪᠤᠯᠤᠨ᠎ᠠ᠄ | ︵ᠨᠢᠬᠡ︶ ᠤᠰᠤ ᠠᠷᠪᠢᠯᠠᠬᠤ ᠪᠡᠯᠡᠳᠬᠡᠮᠵᠢ ᠪᠠ ᠤᠰᠤ ᠲᠠᠳᠠᠬᠤ ᠬᠡᠮᠵᠢᠬᠦᠷ ᠤᠨ ᠪᠡᠯᠡᠳᠬᠡᠮᠵᠢ ᠶᠢᠨ ᠬᠡᠷᠡᠭᠯᠡᠬᠦ | ᠶᠢ ᠲᠤᠷ᠎ᠠ ᠪᠠᠷ ᠢᠶᠠᠨ ᠵᠤᠨᠨᠰᠤᠭᠠᠨᠨᠰᠠᠨ᠃ | ︵ᠬᠤᠶᠠᠷ︶ ᠤᠰᠤ ᠲᠠᠳᠠᠬᠤ ᠬᠡᠮᠵᠢᠬᠦᠷ ᠤᠨ ᠲᠤᠭ᠎ᠠ ᠪᠠᠷᠢᠮᠳᠠ ᠶᠢᠨ ᠮᠠᠲ᠋ᠧᠷᠢᠶᠠᠯ ᠢ ᠲᠤᠨᠨᠳᠠᠭᠠᠯ ᠶᠤᠰᠤᠭᠠᠷ | ᠬᠠᠩᠭᠠᠨᠨᠰᠠᠨ ᠦᠬᠡᠢ ᠪᠤᠶᠤ ᠬᠤᠳᠠᠯ ᠬᠠᠭᠤᠷᠮᠠᠭ ᠢᠶᠠᠷ ᠬᠠᠩᠭᠠᠨᠨᠰᠠᠨ᠃ | ︵ᠭᠤᠷᠪᠠ︶ ᠪᠤᠴᠠᠭᠠᠬᠤ ᠤᠰᠤᠨ ᠤ ᠴᠢᠨᠠᠷ ᠢ ᠲᠤᠨᠨᠳᠠᠭᠠᠯ ᠶᠤᠰᠤᠭᠠᠷ ᠬᠢᠨᠠᠨ ᠬᠡᠮᠵᠢᠭᠰᠡᠨ ᠦᠬᠡᠢ ᠪᠤᠶᠤ | ᠬᠤᠳᠠᠯ ᠬᠠᠭᠤᠷᠮᠠᠭ ᠬᠢᠨᠠᠨ ᠬᠡᠮᠵᠢᠭᠰᠡᠨ ᠲᠤᠭ᠎ᠠ ᠪᠠᠷᠢᠮᠳᠠ ᠬᠠᠩᠭᠠᠨᠨᠰᠠᠨ᠃ | | ᠲᠤᠯᠤᠳᠤᠭᠠᠷ ᠪᠦᠯᠦᠭ ᠲᠠᠭᠠᠯᠳᠤᠭᠤᠯᠤᠯ ᠲᠦᠷᠢᠮ | | ᠭᠤᠴᠢᠨ ᠲᠦᠷᠪᠡᠳᠦᠬᠡᠷ ᠵᠦᠢᠯ ᠲᠤᠰ ᠠᠷᠭ᠎ᠠ ᠶᠢ 2008 ᠤᠨ ᠤ 3 ᠳ᠋ᠤᠭᠠᠷ ᠰᠠᠷ᠎ᠠ ᠶᠢᠨ 1 ᠤ | ᠡᠳᠦᠷ ᠠᠴᠠ ᠡᠬᠢᠯᠡᠨ ᠬᠡᠷᠡᠭᠵᠢᠬᠦᠯᠦᠨ᠎ᠠ᠃ 2000 ᠤᠨ ᠤ 10 ᠳ᠋ᠤᠭᠠᠷ ᠰᠠᠷ᠎ᠠ ᠶᠢᠨ 31 ᠤ ᠡᠳᠦᠷ ᠦᠪᠡᠷᠳᠡᠬᠡᠨ | ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠨᠡᠶᠢᠳᠡᠯᠡᠭᠰᠡᠨ ︽ᠦᠪᠦᠷ ᠮᠤᠩᠭᠤᠯ ᠤᠨ ᠦᠪᠡᠷᠳᠡᠬᠡᠨ | ᠵᠠᠰᠠᠬᠤ ᠤᠷᠤᠨ ᠤ ᠤᠰᠤ ᠲᠠᠳᠠᠬᠤ ᠵᠦᠪᠰᠢᠶᠡᠷᠡᠯ ᠤᠨ ᠲᠦᠷᠢᠮ ᠤᠨ ᠬᠡᠷᠡᠭᠵᠢᠬᠦᠯᠬᠦ ᠨᠠᠷᠢᠨ ᠲᠦᠷᠢᠮ︾ ︵106 | ᠳ᠋ᠤᠭᠠᠷ ᠲᠤᠭᠠᠳᠤ ᠵᠠᠷᠯᠢᠭ︶ ᠢ ᠬᠠᠮᠳᠤ ᠳᠤᠨᠢ ᠭᠦᠴᠦᠨ ᠦᠬᠡᠢ ᠪᠤᠯᠭᠠᠨ᠎ᠠ᠃ |