| | ᠰᠤᠷᠪᠤᠯᠵᠢᠯᠠᠭᠰᠠᠨ ᠴᠠᠭ᠄ 2018 ᠣᠨ ᠤ 4 ᠳ᠋ᠦ᠋ᠭᠡᠷ ᠰᠠᠷ᠎ᠠ ᠶᠢᠨ 28 ᠤ ᠡᠳᠦᠷ ᠤᠨ ᠦᠳᠡ ᠶᠢᠨ | ᠡᠮᠦᠨᠡᠬᠢ 10 ᠴᠠᠭ | ᠰᠤᠷᠪᠤᠯᠵᠢᠯᠠᠭ᠎ᠠ ᠬᠦᠯᠢᠶᠡᠭᠴᠢ᠄ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠭᠠᠶᠢᠯᠢ ᠶᠢᠨ | ᠶᠠᠪᠤᠳᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ | ᠯᠢᠦ ᠹᠧᠩ ᠵᠢᠶᠦ᠋ᠨ | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢ ᠨᠢᠭᠡᠨᠲᠡ 2018 ᠣᠨ ᠤ 1 ᠳ᠋ᠦ᠋ᠭᠡᠷ ᠰᠠᠷ᠎ᠠ ᠶᠢᠨ | 1 ᠤ ᠡᠳᠦᠷ ᠠᠴᠠ ᠡᠬᠢᠯᠡᠨ ᠲᠠᠲᠠᠪᠤᠷᠢᠯᠠᠭᠰᠠᠨ ᠮᠥᠷᠲᠡᠭᠡᠨ ᠪᠣᠬᠢᠷᠲᠤᠯ ᠭᠠᠳᠠᠭᠰᠢᠯᠠᠭᠤᠯᠬᠤ ᠰᠦᠢᠳᠬᠡᠯ ᠢ ᠳᠠᠬᠢᠨ | ᠲᠠᠲᠠᠪᠤᠷᠢᠯᠠᠨ ᠬᠤᠷᠢᠶᠠᠬᠤ ᠦᠭᠡᠢ ᠪᠣᠯᠪᠠ᠃ ᠡᠭᠦᠨ ᠤ ᠬᠠᠮᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ | ᠨᠢ ᠪᠦᠬᠦ ᠤᠯᠤᠰ ᠤᠨ ᠤᠰᠤᠨ ᠤ ᠡᠬᠢ ᠪᠠᠶᠠᠯᠢᠭ ᠤᠨ ᠭᠠᠶᠢᠯᠢ ᠳᠤ ᠥᠭᠡᠷᠡᠴᠢᠯᠡᠯᠲᠡ ᠬᠢᠬᠦ ᠬᠤᠶᠠᠳᠤᠭᠠᠷ ᠪᠦᠯᠦᠭ ᠤᠨ | ᠲᠤᠷᠰᠢᠯᠲᠠ ᠶᠢᠨ ᠴᠢᠭ᠋ ᠤᠨ ᠭᠠᠵᠠᠷ ᠣᠷᠣᠨ ᠪᠣᠯᠣᠭᠰᠠᠨ ᠤ ᠬᠤᠪᠢ ᠳᠤ᠂ 2017 ᠣᠨ ᠤ 12 ᠳ᠋ᠤᠭᠠᠷ ᠰᠠᠷ᠎ᠠ ᠶᠢᠨ | 1 ᠤ ᠡᠳᠦᠷ ᠠᠴᠠ ᠡᠬᠢᠯᠡᠨ ᠤᠰᠤᠨ ᠤ ᠡᠬᠢ ᠪᠠᠶᠠᠯᠢᠭ ᠤᠨ ᠭᠠᠶᠢᠯᠢ ᠳᠤ ᠥᠭᠡᠷᠡᠴᠢᠯᠡᠯᠲᠡ ᠬᠢᠬᠦ ᠲᠤᠷᠰᠢᠯᠲᠠ ᠶᠢᠨ | ᠴᠢᠭ᠋ ᠢ ᠬᠡᠷᠡᠭᠵᠢᠭᠦᠯᠵᠦ᠂ 2018 ᠣᠨ ᠤ 1 ᠳ᠋ᠦ᠋ᠭᠡᠷ ᠰᠠᠷ᠎ᠠ ᠪᠣᠯ ᠠᠩᠬᠠᠨ ᠤ ᠰᠠᠷ᠎ᠠ ᠶᠢᠨ ᠲᠠᠲᠠᠪᠤᠷᠢᠯᠠᠬᠤ | ᠬᠤᠭᠤᠴᠠᠭ᠎ᠠ ᠪᠣᠯᠣᠨ᠎ᠠ᠃ ᠥᠪᠥᠷ ᠮᠣᠩᠭᠤᠯ ᠤᠨ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠨᠢ | ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ᠂ ᠯᠠᠪᠳᠠᠭᠤᠨ ᠪᠠᠲᠤᠲᠠᠢ ᠠᠬᠢᠭᠤᠯᠵᠤ᠂ ᠥᠪᠡᠷᠲᠡᠭᠡᠨ ᠵᠠᠰᠠᠬᠤ | ᠣᠷᠣᠨ ᠤ ᠪᠣᠬᠢᠷᠲᠤᠯ ᠦᠭᠡᠢ ᠶᠢᠨ ᠬᠥᠭᠵᠢᠯᠲᠡ ᠳᠤ ᠬᠦᠴᠦᠨ ᠨᠡᠮᠡᠷᠢᠯᠡᠵᠦ ᠪᠠᠶᠢᠨ᠎ᠠ᠃ | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ | ᠬᠥᠲᠥᠯᠥᠭᠴᠢ᠄ | ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠲᠤᠰ ᠬᠤᠭᠤᠴᠠᠭᠠᠨ ᠤ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠣᠷᠳᠣᠨ ᠤ ᠰᠦᠯᠵᠢᠶᠡᠨ ᠤ ᠰᠤᠷᠪᠤᠯᠵᠢᠯᠠᠭ᠎ᠠ ᠶᠢᠨ ᠪᠤᠯᠤᠩ ᠳᠤ ᠣᠷᠣᠯᠴᠠᠬᠤ ᠶᠢ ᠴᠢᠨᠢ | ᠪᠠᠶᠠᠷᠯᠠᠨ ᠤᠭᠲᠤᠵᠤ ᠪᠠᠶᠢᠨ᠎ᠠ᠃ ᠥᠨᠥᠳᠥᠷ ᠪᠢᠳᠡ ᠵᠣᠯ ᠢᠶᠠᠷ ᠥᠪᠡᠷᠲᠡᠭᠡᠨ ᠵᠠᠰᠠᠬᠤ ᠣᠷᠣᠨ ᠤ ᠣᠷᠣᠨ | ᠨᠤᠲᠤᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ | ᠳᠡᠳ᠋ ᠲᠣᠪᠴᠢᠶᠠᠨ ᠳᠠᠷᠤᠭ᠎ᠠ ᠯᠢᠦ ᠹᠧᠩ ᠵᠢᠶᠦ᠋ᠨ ᠢ ᠤᠷᠢᠵᠤ᠂ ᠪᠣᠬᠢᠷᠲᠤᠯ ᠦᠭᠡᠢ ᠶᠢᠨ ᠭᠠᠶᠢᠯᠢ ᠶᠢᠨ ᠳᠦᠷᠢᠮ ᠤᠨ | ᠲᠤᠬᠠᠢ ᠣᠯᠠᠨ ᠲᠠᠢ ᠰᠦᠯᠵᠢᠶ᠎ᠡ ᠪᠠᠷ ᠰᠠᠨᠠᠯ ᠰᠣᠯᠢᠯᠴᠠᠭᠤᠯᠬᠤ ᠪᠣᠯᠣᠯ᠎ᠠ᠂ ᠯᠢᠦ ᠲᠣᠪᠴᠢᠶᠠᠨ ᠳᠠᠷᠤᠭ᠎ᠠ ᠶᠢ ᠪᠠᠶᠠᠷᠯᠠᠨ | ᠤᠭᠲᠤᠵᠤ ᠪᠠᠶᠢᠨ᠎ᠠ᠃ | ᠯᠢᠦ ᠹᠧᠩ ᠵᠢᠶᠦ᠋ᠨ᠄ | ᠬᠥᠲᠥᠯᠥᠭᠴᠢ ᠪᠠ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︖ ᠠᠳᠡ ᠲᠠ ᠪᠦᠬᠦᠨ ᠲᠠᠢ | ᠰᠠᠨᠠᠯ ᠰᠣᠯᠢᠯᠴᠠᠬᠤ ᠪᠣᠯᠣᠭᠰᠠᠨ ᠳᠤ ᠪᠠᠨ ᠰᠡᠳᠬᠢᠯ ᠮᠠᠰᠢ ᠥᠨᠳᠥᠷ ᠪᠠᠶᠢᠨ᠎ᠠ᠃ | ᠬᠥᠲᠥᠯᠥᠭᠴᠢ᠄ | ᠡᠩ ᠲᠡᠷᠢᠭᠦᠨ ᠳᠤ ᠲᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢ ᠡᠬᠢᠯᠡᠨ ᠲᠠᠲᠠᠪᠤᠷᠢᠯᠠᠵᠤ᠂ | ᠤᠰᠤᠨ ᠤ ᠡᠬᠢ ᠪᠠᠶᠠᠯᠢᠭ ᠤᠨ ᠭᠠᠶᠢᠯᠢ ᠶᠢᠨ ᠥᠭᠡᠷᠡᠴᠢᠯᠡᠯᠲᠡ ᠶᠢ ᠠᠬᠢᠭᠤᠯᠬᠤ ᠲᠤᠷᠰᠢᠯᠲᠠ ᠶᠢᠨ ᠴᠢᠭ᠋ ᠨᠢ ᠶᠠᠮᠠᠷ | ᠴᠢᠬᠤᠯᠠ ᠠᠴᠢ ᠬᠤᠯᠪᠣᠭᠳᠠᠯ ᠲᠠᠢ ᠶᠢ ᠶᠠᠷᠢᠭᠠᠳ ᠥᠭᠭᠦᠨ᠎ᠡ ᠦᠦ︖ | ᠯᠢᠦ ᠹᠧᠩ ᠵᠢᠶᠦ᠋ᠨ᠄ | ᠲᠡᠭᠡᠶ᠎ᠡ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠪᠣᠯ ᠨᠡᠷ᠎ᠡ ᠨᠢᠳᠡᠷ ᠲᠤ ᠪᠠᠨ ᠲᠣᠬᠢᠷᠠᠭᠰᠠᠨ ︽ | ᠪᠣᠬᠢᠷᠲᠤᠯ ᠦᠭᠡᠢ ᠶᠢᠨ ᠭᠠᠶᠢᠯᠢ ᠶᠢᠨ ᠵᠦᠢᠯ︾ ᠪᠠᠶᠢᠵᠤ᠂ ᠣᠷᠴᠢᠨ ᠲᠣᠭᠤᠷᠢᠨ ᠢ ᠬᠠᠮᠠᠭᠠᠯᠠᠬᠤ ᠪᠠ ᠥᠭᠡᠷᠡᠴᠢᠯᠡᠨ | ᠰᠠᠶᠢᠵᠢᠷᠠᠭᠤᠯᠵᠤ᠂ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠪᠠᠭᠠᠰᠬᠠᠨ᠂ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢ ᠠᠬᠢᠭᠤᠯᠬᠤ ᠪᠠᠷ ᠬᠠᠷᠠᠯᠲᠠ ᠪᠣᠯᠭᠠᠭᠰᠠᠨ᠂ ᠠᠮᠢ ᠠᠬᠤᠢ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢ ᠠᠬᠢᠭᠤᠯᠬᠤ ᠴᠢᠬᠤᠯᠠ ᠠᠷᠭ᠎ᠠ ᠠᠪᠴᠢᠯ ᠪᠣᠯᠣᠨ᠎ᠠ᠃ ︽ᠣᠷᠴᠢᠨ ᠲᠣᠭᠤᠷᠢᠨ ᠤ | ᠬᠠᠮᠠᠭᠠᠯᠠᠯᠲᠠ ᠶᠢᠨ ᠰᠦᠢᠳᠬᠡᠯ ᠢ ᠭᠠᠶᠢᠯᠢ ᠪᠣᠯᠭᠠᠨ ᠥᠭᠡᠷᠡᠴᠢᠯᠡᠬᠦ ᠶᠢ ᠠᠬᠢᠭᠤᠯᠵᠤ᠂ ᠴᠢᠩᠭ᠎ᠠ ᠬᠠᠲᠠᠭᠤ ᠬᠠᠤᠯᠢ | ᠴᠠᠭᠠᠵᠠ ᠳᠦᠷᠢᠮ ᠲᠣᠭᠲᠠᠭᠠᠯ ᠢ ᠬᠡᠷᠡᠭᠯᠡᠨ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ︾ ᠪᠣᠯ ᠨᠠᠮ ᠤᠨ | ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ᠂ ᠳᠥᠷᠪᠡᠳᠦᠭᠡᠷ ᠪᠦᠭᠦᠳᠡ ᠬᠤᠷᠠᠯ ᠠᠴᠠ ᠳᠤᠷᠠᠳᠤᠭᠰᠠᠨ ᠨᠢᠭᠡ | ᠵᠦᠢᠯ ᠤᠨ ᠴᠢᠬᠤᠯᠠ ᠡᠭᠦᠷᠭᠡ᠂ ᠮᠥᠨ ᠴᠤ ᠭᠠᠶᠢᠯᠢ ᠲᠠᠲᠠᠪᠤᠷᠢ ᠶᠢᠨ ᠬᠠᠤᠯᠢ ᠪᠠᠷ ᠲᠣᠭᠲᠠᠭᠠᠭᠰᠠᠨ ᠵᠠᠷᠴᠢᠮ ᠢ | ᠨᠠᠶᠢᠳᠠᠪᠤᠷᠢᠵᠢᠭᠤᠯᠬᠤ ᠨᠢᠭᠡ ᠵᠦᠢᠯ ᠤᠨ ᠦᠨᠳᠦᠰᠦᠨ ᠱᠠᠭᠠᠷᠳᠠᠯᠭ᠎ᠠ ᠪᠠᠶᠢᠵᠤ᠂ ᠭᠠᠶᠢᠯᠢ ᠲᠤᠰᠢᠶᠠᠭᠴᠢ ᠶᠢᠨ ᠣᠷᠴᠢᠨ | ᠲᠣᠭᠤᠷᠢᠨ ᠢ ᠬᠠᠮᠠᠭᠠᠯᠠᠬᠤ ᠦᠵᠡᠯ ᠤᠬᠠᠮᠰᠠᠷ ᠪᠠ ᠵᠢᠷᠤᠮᠯᠠᠨ ᠳᠠᠭᠠᠬᠤ ᠬᠡᠮᠵᠢᠶ᠎ᠡ ᠶᠢ ᠳᠡᠭᠡᠭᠰᠢᠯᠡᠭᠦᠯᠵᠦ᠂ ᠠᠵᠤ | ᠠᠬᠤᠶᠢᠯᠠᠯ ᠤᠨ ᠪᠣᠬᠢᠷᠲᠤᠯ ᠢ ᠵᠠᠰᠠᠵᠤ ᠭᠠᠳᠠᠭᠰᠢᠯᠠᠭᠤᠯᠤᠯᠲᠠ ᠪᠠᠨ ᠪᠠᠭᠠᠰᠬᠠᠬᠤ ᠬᠠᠷᠢᠭᠤᠴᠠᠯᠭ᠎ᠠ ᠶᠢ | ᠴᠢᠩᠭᠠᠷᠠᠭᠤᠯᠬᠤ ᠳᠤ ᠠᠰᠢᠭᠲᠠᠢ︔ ᠠᠵᠤ ᠠᠬᠤᠢ ᠶᠢᠨ ᠪᠦᠲᠦᠴᠡ ᠶᠢᠨ ᠲᠣᠬᠢᠷᠠᠭᠤᠯᠤᠯᠲᠠ᠂ ᠬᠥᠭᠵᠢᠯᠲᠡ ᠶᠢᠨ | ᠠᠷᠭ᠎ᠠ ᠬᠡᠯᠪᠡᠷᠢ ᠶᠢᠨ ᠬᠤᠪᠢᠷᠠᠯᠲᠠ ᠶᠢ ᠠᠬᠢᠭᠤᠯᠬᠤ ᠳᠤ ᠪᠣᠬᠢᠷᠲᠤᠯ ᠦᠭᠡᠢ ᠭᠠᠶᠢᠯᠢ ᠶᠢᠨ ᠳᠦᠷᠢᠮ ᠤᠨ | ᠰᠢᠰᠲ᠋ᠧᠮᠵᠢ ᠶᠢ ᠪᠠᠶᠢᠭᠤᠯᠵᠤ᠂ ᠭᠠᠶᠢᠯᠢ ᠲᠠᠲᠠᠪᠤᠷᠢ ᠶᠢᠨ ᠲᠣᠬᠢᠷᠠᠭᠤᠯᠤᠨ ᠡᠵᠡᠮᠳᠡᠬᠦ ᠦᠢᠯᠡᠳᠦᠯ ᠢ ᠴᠢᠩᠭᠠᠷᠠᠭᠤᠯᠤᠨ᠂ | ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠠ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠬᠤ ᠳᠤ ᠠᠰᠢᠭᠲᠠᠢ | ᠪᠠᠶᠢᠳᠠᠭ᠃ | ᠤᠰᠤᠨ ᠤ ᠡᠬᠢ ᠪᠠᠶᠠᠯᠢᠭ ᠤᠨ ᠭᠠᠶᠢᠯᠢ ᠶᠢᠨ ᠥᠭᠡᠷᠡᠴᠢᠯᠡᠯᠲᠡ ᠶᠢ ᠠᠬᠢᠭᠤᠯᠬᠤ ᠲᠤᠷᠰᠢᠯᠲᠠ ᠶᠢᠨ ᠴᠢᠭ᠋ ᠪᠣᠯ᠂ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠠᠶᠢᠵᠤ᠂ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ | ᠪᠠᠶᠢᠳᠠᠭ᠃ ᠨᠢᠭᠡ ᠳᠤ᠂ ᠵᠠᠰᠠᠭ ᠤᠨ ᠣᠷᠳᠣᠨ ᠤ ᠲᠣᠬᠢᠷᠠᠭᠤᠯᠤᠨ ᠡᠵᠡᠮᠳᠡᠬᠦ ᠦᠢᠯᠡᠳᠦᠯ ᠢ ᠪᠠᠳᠠᠷᠠᠭᠤᠯᠤᠨ᠂ ᠭᠠᠶᠢᠯᠢ | ᠲᠠᠲᠠᠪᠤᠷᠢ ᠶᠢᠨ ᠬᠥᠰᠢᠭᠦᠷᠭᠡ ᠶᠢ ᠬᠡᠷᠡᠭᠯᠡᠨ ᠤᠰᠤ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠲᠣᠬᠢᠷᠠᠭᠤᠯᠵᠤ᠂ ᠡᠬᠢ | ᠪᠠᠶᠠᠯᠢᠭ ᠢ ᠲᠥᠯᠥᠪᠦᠷᠢ ᠲᠠᠢ ᠠᠰᠢᠭᠯᠠᠬᠤ ᠳᠦᠷᠢᠮ ᠪᠠ ᠠᠮᠢ ᠠᠬᠤᠢ ᠶᠢᠨ ᠲᠥᠯᠥᠪᠦᠷᠢ ᠶᠢᠨ ᠲᠣᠭᠲᠠᠴᠠ ᠶᠢ | ᠲᠡᠭᠦᠯᠳᠡᠷᠵᠢᠭᠦᠯᠵᠦ᠂ ᠪᠣᠬᠢᠷᠲᠤᠯ ᠦᠭᠡᠢ ᠦᠢᠯᠡᠳᠪᠦᠷᠢᠯᠡᠯ ᠪᠠ ᠬᠡᠷᠡᠭᠯᠡᠭᠡ ᠶᠢᠨ ᠲᠥᠷᠥ ᠶᠢᠨ ᠪᠣᠳᠣᠯᠭ᠎ᠠ ᠶᠢᠨ | ᠤᠳᠤᠷᠢᠳᠤᠮᠵᠢ ᠶᠢ ᠲᠦᠷᠭᠡᠳᠬᠡᠨ ᠪᠠᠶᠢᠭᠤᠯᠬᠤ ᠳᠤ ᠠᠰᠢᠭᠲᠠᠢ᠃ ᠬᠤᠶᠠᠷ ᠲᠤ᠂ ᠠᠵᠤ ᠠᠬᠤᠶᠢᠯᠠᠯ ᠵᠡᠷᠭᠡ | ᠨᠡᠶᠢᠭᠡᠮ ᠤᠨ ᠭᠤᠣᠯ ᠴᠣᠭᠴᠠ ᠶᠢᠨ ᠤᠰᠤ ᠠᠷᠪᠢᠯᠠᠬᠤ ᠦᠵᠡᠯ ᠤᠬᠠᠮᠰᠠᠷ ᠪᠠ ᠬᠥᠳᠡᠯᠭᠡᠭᠴᠢ ᠬᠦᠴᠦᠨ ᠢ | ᠴᠢᠩᠭᠠᠷᠠᠭᠤᠯᠵᠤ᠂ ᠮᠡᠷᠭᠡᠵᠢᠯ ᠤᠨ ᠰᠢᠨᠡᠴᠢᠯᠡᠯᠲᠡ ᠶᠢ ᠲᠦᠷᠭᠡᠳᠬᠡᠬᠦ ᠪᠠᠷ ᠤᠰᠤ ᠬᠡᠷᠡᠭᠯᠡᠬᠦ ᠦᠷ᠎ᠡ ᠪᠦᠲᠦᠮᠵᠢ ᠶᠢ | ᠳᠡᠭᠡᠭᠰᠢᠯᠡᠭᠦᠯᠦᠨ᠂ ᠤᠰᠤ ᠬᠡᠷᠡᠭᠯᠡᠬᠦ ᠪᠦᠲᠦᠴᠡ ᠶᠢ ᠰᠢᠯᠢᠳᠡᠭᠵᠢᠭᠦᠯᠵᠦ᠂ ᠤᠰᠤ ᠬᠡᠷᠡᠭᠯᠡᠬᠦ ᠵᠦᠢ ᠵᠣᠬᠢᠰ ᠦᠭᠡᠢ | ᠬᠡᠷᠡᠭᠴᠡᠭᠡ ᠱᠠᠭᠠᠷᠳᠠᠯᠭ᠎ᠠ ᠶᠢ ᠪᠠᠭᠠᠰᠬᠠᠬᠤ ᠳᠤ ᠠᠰᠢᠭᠲᠠᠢ᠃ ᠭᠤᠷᠪᠠ ᠳᠤ᠂ ᠠᠷᠪᠢᠴᠢ ᠮᠥᠷᠲᠡᠭᠡᠨ ᠵᠦᠢ ᠵᠣᠬᠢᠰᠲᠠᠢ᠂ | ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠠᠮᠢᠳᠤᠷᠠᠯ ᠤᠨ ᠠᠷᠭ᠎ᠠ ᠬᠡᠯᠪᠡᠷᠢ ᠶᠢ ᠰᠠᠨᠠᠭᠠᠴᠢᠯᠠᠵᠤ᠂ ᠪᠦᠬᠦ | ᠨᠡᠶᠢᠭᠡᠮ ᠳᠤ ᠡᠬᠢ ᠪᠠᠶᠠᠯᠢᠭ ᠢ ᠨᠠᠨᠳᠢᠩᠨᠠᠨ ᠬᠠᠶᠢᠷᠠᠯᠠᠬᠤ᠂ ᠡᠬᠢ ᠪᠠᠶᠠᠯᠢᠭ ᠢ ᠠᠷᠪᠢᠯᠠᠨ ᠭᠠᠮᠨᠠᠬᠤ ᠬᠡᠪ ᠰᠤᠷᠲᠠᠯ ᠢ | ᠪᠦᠷᠢᠯᠳᠦᠭᠦᠯᠵᠦ᠂ ᠠᠷᠠᠳ ᠣᠯᠠᠨ ᠤ ᠤᠰᠤᠨ ᠤ ᠡᠬᠢ ᠪᠠᠶᠠᠯᠢᠭ ᠢ ᠬᠠᠮᠠᠭᠠᠯᠠᠬᠤ ᠤᠬᠠᠮᠰᠠᠷᠲᠤ ᠴᠢᠨᠠᠷ ᠪᠠ | ᠬᠠᠷᠢᠭᠤᠴᠠᠯᠭᠠᠲᠤ ᠰᠡᠳᠬᠢᠯᠭᠡ ᠶᠢ ᠳᠡᠭᠡᠭᠰᠢᠯᠡᠭᠦᠯᠬᠦ ᠳᠤ ᠠᠰᠢᠭᠲᠠᠢ᠃ ᠳᠥᠷᠪᠡ ᠳᠤ᠂ ᠮᠠᠨ ᠤ ᠤᠯᠤᠰ ᠨᠢ ᠣᠯᠠᠨ | ᠤᠯᠤᠰ ᠤᠨ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠬᠦ ᠪᠠ ᠣᠯᠠᠨ ᠤᠯᠤᠰ ᠤᠨ ᠡᠭᠦᠷᠭᠡ ᠶᠢ ᠨᠡᠩ ᠰᠠᠶᠢᠲᠤᠷ | ᠭᠦᠢᠴᠡᠳᠬᠡᠵᠦ᠂ ᠳᠡᠯᠡᠬᠡᠢ ᠨᠡᠶᠢᠭᠡᠮ ᠲᠠᠢ ᠬᠠᠮᠵᠢᠯᠴᠠᠨ ᠬᠥᠳᠡᠯᠦᠯᠴᠡᠵᠦ᠂ ᠬᠥᠮᠥᠨ ᠲᠥᠷᠥᠯᠬᠢᠲᠡᠨ ᠤ ᠲᠦᠰᠢᠭᠯᠡᠨ | ᠣᠷᠣᠰᠢᠵᠤ ᠪᠠᠶᠢᠭ᠎ᠠ ᠳᠡᠯᠡᠬᠡᠢ ᠶᠢᠨ ᠪᠥᠮᠪᠥᠷᠴᠡᠭ ᠤᠨ ᠭᠡᠷ ᠣᠷᠣᠨ ᠢᠶᠠᠨ ᠬᠠᠮᠲᠤ ᠪᠠᠷ ᠰᠠᠶᠢᠲᠤᠷ ᠬᠠᠮᠠᠭᠠᠯᠠᠵᠤ᠂ ᠪᠦᠬᠦ | ᠳᠡᠯᠡᠬᠡᠢ ᠶᠢᠨ ᠠᠮᠢ ᠠᠬᠤᠢ ᠶᠢᠨ ᠠᠮᠤᠷ ᠲᠦᠪᠰᠢᠨ ᠤ ᠲᠥᠯᠥᠭᠡ ᠬᠤᠪᠢ ᠨᠡᠮᠡᠷᠢ ᠪᠠᠨ ᠬᠠᠨᠳᠢᠪᠯᠠᠬᠤ ᠳᠤ ᠠᠰᠢᠭᠲᠠᠢ᠃ | ᠬᠥᠲᠥᠯᠥᠭᠴᠢ᠄ | ᠰᠦᠢᠳᠬᠡᠯ ᠢ ᠭᠠᠶᠢᠯᠢ ᠪᠣᠯᠭᠠᠨ ᠥᠭᠡᠷᠡᠴᠢᠯᠡᠭᠰᠡᠨ ᠤ ᠳᠠᠷᠠᠭ᠎ᠠ ᠠᠵᠤ ᠠᠬᠤᠶᠢᠯᠠᠯ ᠤᠨ ᠳᠠᠷᠤᠭᠠᠰᠤ ᠶᠢ | ᠨᠡᠮᠡᠭᠳᠡᠭᠦᠯᠬᠦ ᠪᠣᠯᠣᠮᠵᠢ ᠲᠠᠢ ᠦᠦ︖ | ᠯᠢᠦ ᠹᠧᠩ ᠵᠢᠶᠦ᠋ᠨ᠄ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢᠨ ᠬᠠᠤᠯᠢ ᠨᠢ ᠣᠳᠣ ᠶᠢᠨ ᠬᠡᠷᠡᠭᠵᠢᠭᠦᠯᠵᠦ ᠪᠠᠶᠢᠭ᠎ᠠ | ᠪᠣᠬᠢᠷᠲᠤᠯ ᠭᠠᠳᠠᠭᠰᠢᠯᠠᠭᠤᠯᠤᠯᠲᠠ ᠠᠴᠠ ᠬᠤᠷᠢᠶᠠᠬᠤ ᠰᠦᠢᠳᠬᠡᠯ ᠤᠨ ᠳᠦᠷᠢᠮ ᠢ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠭᠠᠶᠢᠯᠢ ᠪᠠᠷ ᠬᠤᠷᠢᠶᠠᠨ ᠲᠠᠲᠠᠪᠤᠷᠢᠯᠠᠬᠤ ᠪᠣᠯᠭᠠᠨ ᠥᠭᠡᠷᠡᠴᠢᠯᠡᠵᠦ᠂ ᠪᠣᠬᠢᠷᠲᠤᠯ | ᠭᠠᠳᠠᠭᠰᠢᠯᠠᠭᠤᠯᠬᠤ ᠰᠦᠢᠳᠬᠡᠯ ᠤᠨ ᠳᠦᠷᠢᠮ ᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢᠨ ᠳᠦᠷᠢᠮ | ᠪᠣᠯᠭᠠᠨ ᠲᠣᠭᠲᠠᠭᠤᠨ ᠢᠶᠠᠷ ᠰᠢᠯᠵᠢᠭᠦᠯᠬᠦ ᠵᠠᠷᠴᠢᠮ ᠢ ᠵᠢᠷᠤᠮᠯᠠᠪᠠ᠃ ᠭᠤᠣᠯ ᠢᠯᠡᠷᠡᠯ ᠨᠢ ᠭᠡᠪᠡᠯ ᠪᠣᠬᠢᠷᠲᠤᠯ | ᠭᠠᠳᠠᠭᠰᠢᠯᠠᠭᠤᠯᠬᠤ ᠰᠦᠢᠳᠬᠡᠯ ᠤᠨ ᠰᠦᠢᠳᠬᠡᠯ ᠲᠤᠰᠢᠶᠠᠭᠴᠢ ᠶᠢ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠭᠠᠶᠢᠯᠢ ᠶᠢᠨ ᠭᠠᠶᠢᠯᠢ ᠲᠤᠰᠢᠶᠠᠭᠴᠢ ᠪᠣᠯᠭᠠᠨ᠎ᠠ︔ ᠣᠳᠣ ᠶᠢᠨ ᠬᠡᠷᠡᠭᠵᠢᠭᠦᠯᠵᠦ ᠪᠠᠶᠢᠭ᠎ᠠ ᠪᠣᠬᠢᠷᠲᠤᠯ | ᠭᠠᠳᠠᠭᠰᠢᠯᠠᠭᠤᠯᠤᠯᠲᠠ ᠠᠴᠠ ᠬᠤᠷᠢᠶᠠᠬᠤ ᠰᠦᠢᠳᠬᠡᠯ ᠤᠨ ᠲᠥᠷᠥᠯ ᠵᠦᠢᠯ ᠢ ᠦᠨᠳᠦᠰᠦᠯᠡᠵᠦ᠂ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢᠨ ᠭᠠᠶᠢᠯᠢ ᠶᠢᠨ ᠭᠠᠷᠴᠠᠭ ᠢ ᠲᠣᠬᠢᠷᠠᠭᠤᠯᠤᠨ᠎ᠠ︔ ᠣᠳᠣ ᠶᠢᠨ | ᠬᠡᠷᠡᠭᠵᠢᠭᠦᠯᠵᠦ ᠪᠠᠶᠢᠭ᠎ᠠ ᠪᠣᠬᠢᠷᠲᠤᠯ ᠭᠠᠳᠠᠭᠰᠢᠯᠠᠭᠤᠯᠬᠤ ᠰᠦᠢᠳᠬᠡᠯ ᠤᠨ ᠰᠦᠢᠳᠬᠡᠯ ᠪᠣᠳᠣᠬᠤ ᠠᠷᠭ᠎ᠠ ᠶᠢ | ᠦᠨᠳᠦᠰᠦᠯᠡᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢᠨ ᠭᠠᠶᠢᠯᠢ ᠪᠣᠳᠣᠬᠤ ᠦᠨᠳᠦᠰᠦᠯᠡᠯ ᠢ | ᠲᠣᠬᠢᠷᠠᠭᠤᠯᠤᠨ᠎ᠠ︔ ᠣᠳᠣ ᠶᠢᠨ ᠬᠡᠷᠡᠭᠵᠢᠭᠦᠯᠵᠦ ᠪᠠᠶᠢᠭ᠎ᠠ ᠪᠣᠬᠢᠷᠲᠤᠯ ᠭᠠᠳᠠᠭᠰᠢᠯᠠᠭᠤᠯᠬᠤ ᠰᠦᠢᠳᠬᠡᠯ ᠤᠨ | ᠰᠦᠢᠳᠬᠡᠯ ᠬᠤᠷᠢᠶᠠᠬᠤ ᠪᠠᠷᠢᠮᠵᠢᠶ᠎ᠠ ᠪᠠᠷ ᠰᠠᠭᠤᠷᠢ ᠪᠣᠯᠭᠠᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠭᠠᠶᠢᠯᠢ ᠶᠢᠨ ᠭᠠᠶᠢᠯᠢ ᠶᠢᠨ ᠲᠤᠭ᠎ᠠ ᠶᠢᠨ ᠳᠣᠣᠷᠠᠳᠤ ᠬᠢᠵᠠᠭᠠᠷ ᠢ ᠲᠣᠬᠢᠷᠠᠭᠤᠯᠤᠨ᠎ᠠ᠃ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠭᠠᠶᠢᠯᠢ ᠨᠢ ᠪᠤᠰᠤᠳ ᠭᠠᠶᠢᠯᠢ ᠲᠠᠲᠠᠪᠤᠷᠢ ᠲᠠᠢ ᠠᠳᠠᠯᠢ ᠪᠤᠰᠤ ᠪᠠᠶᠢᠵᠤ᠂ ᠠᠵᠤ ᠠᠬᠤᠶᠢᠯᠠᠯ ᠨᠢ | ᠣᠷᠴᠢᠨ ᠲᠣᠭᠤᠷᠢᠨ ᠢ ᠬᠠᠮᠠᠭᠠᠯᠠᠬᠤ ᠬᠠᠷᠢᠭᠤᠴᠠᠯᠭ᠎ᠠ ᠶᠢ ᠭᠦᠢᠴᠡᠳᠬᠡᠵᠦ᠂ ᠪᠣᠬᠢᠷᠲᠤᠯ ᠪᠣᠳᠠᠰ ᠤᠨ | ᠭᠠᠳᠠᠭᠰᠢᠯᠠᠭᠤᠯᠤᠯᠲᠠ ᠪᠠᠨ ᠪᠠᠭᠠᠰᠬᠠᠪᠠᠯ᠂ ᠭᠠᠶᠢᠯᠢ ᠳᠤᠲᠠᠭᠤ ᠲᠤᠰᠢᠶᠠᠵᠤ ᠪᠣᠯᠣᠨ᠎ᠠ᠂ ᠡᠨᠡ ᠬᠦ ᠤᠳᠬ᠎ᠠ | ᠠᠭᠤᠯᠭ᠎ᠠ ᠠᠴᠠ ᠠᠪᠴᠤ ᠬᠡᠯᠡᠪᠡᠯ ᠠᠵᠤ ᠠᠬᠤᠶᠢᠯᠠᠯ ᠤᠨ ᠳᠠᠷᠤᠭᠠᠰᠤ ᠨᠡᠮᠡᠭᠳᠡᠬᠦ ᠤᠴᠢᠷ ᠭᠠᠷᠬᠤ ᠦᠭᠡᠢ ᠶᠤᠮ᠃ | ᠤᠰᠤᠨ ᠤ ᠡᠬᠢ ᠪᠠᠶᠠᠯᠢᠭ ᠤᠨ ᠭᠠᠶᠢᠯᠢ ᠳᠤ ᠥᠭᠡᠷᠡᠴᠢᠯᠡᠯᠲᠡ ᠬᠢᠬᠦ ᠲᠤᠷᠰᠢᠯᠲᠠ ᠶᠢᠨ ᠴᠢᠭ᠋ ᠲᠤ | ᠵᠥᠷᠢᠶᠡᠴᠢᠯᠡᠨ ᠭᠠᠶᠢᠯᠢ ᠲᠠᠲᠠᠪᠤᠷᠢᠯᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠨᠢ᠂ ᠤᠰᠤ ᠬᠡᠷᠡᠭᠯᠡᠬᠦ ᠵᠦᠢ | ᠵᠣᠬᠢᠰ ᠦᠭᠡᠢ ᠬᠡᠷᠡᠭᠴᠡᠭᠡ ᠱᠠᠭᠠᠷᠳᠠᠯᠭ᠎ᠠ ᠶᠢ ᠬᠤᠷᠢᠭᠯᠠᠵᠤ ᠴᠢᠳᠠᠬᠤ ᠪᠠᠷ ᠪᠠᠷᠠᠬᠤ ᠦᠭᠡᠢ᠂ ᠨᠡᠶᠢᠭᠡᠮ ᠤᠨ ᠤᠰᠤ | ᠬᠡᠷᠡᠭᠯᠡᠬᠦ ᠦᠨᠳᠦᠰᠦᠨ ᠱᠠᠭᠠᠷᠳᠠᠯᠭ᠎ᠠ ᠶᠢ ᠨᠥᠯᠥᠭᠡᠯᠡᠬᠦ ᠦᠭᠡᠢ ᠪᠠᠶᠢᠳᠠᠭ᠃ ᠰᠦᠢᠳᠬᠡᠯ ᠢ ᠭᠠᠶᠢᠯᠢ ᠪᠣᠯᠭᠠᠨ | ᠥᠭᠡᠷᠡᠴᠢᠯᠡᠭᠰᠡᠨ ᠤ ᠳᠠᠷᠠᠭ᠎ᠠ᠂ ᠰᠠᠭᠤᠭᠠᠯᠢ ᠠᠷᠠᠳ ᠪᠠ ᠡᠩ ᠤᠨ ᠠᠵᠤ ᠦᠢᠯᠡᠳᠪᠦᠷᠢ ᠬᠤᠳᠠᠯᠳᠤᠭᠠᠨ ᠤ ᠠᠵᠤ | ᠠᠬᠤᠶᠢᠯᠠᠯ ᠤᠨ ᠭᠠᠶᠢᠯᠢ ᠶᠢᠨ ᠲᠤᠭ᠎ᠠ ᠶᠢᠨ ᠪᠠᠷᠢᠮᠵᠢᠶ᠎ᠠ ᠳᠤ ᠦᠨᠳᠦᠰᠦᠨ ᠳᠤ ᠪᠠᠨ ᠬᠤᠪᠢᠷᠠᠯᠲᠠ ᠭᠠᠷᠬᠤ ᠦᠭᠡᠢ | ᠪᠥᠭᠡᠳ ᠬᠡᠪ ᠤᠨ ᠪᠠᠶᠢᠳᠠᠯ ᠳᠤ ᠤᠰᠤ ᠬᠡᠷᠡᠭᠯᠡᠬᠦ ᠳᠠᠷᠤᠭᠠᠰᠤ ᠨᠢ ᠴᠤ ᠨᠡᠮᠡᠭᠳᠡᠬᠦ ᠦᠭᠡᠢ ᠶᠤᠮ᠃ ᠲᠠᠷᠢᠶᠠᠯᠠᠩ | ᠦᠢᠯᠡᠳᠪᠦᠷᠢᠯᠡᠯ ᠳᠤ ᠵᠦᠢ ᠵᠣᠬᠢᠰᠲᠠᠢ ᠠᠪᠴᠤ ᠬᠡᠷᠡᠭᠯᠡᠬᠦ ᠤᠰᠤᠨ ᠤ ᠬᠡᠮᠵᠢᠶ᠎ᠡ ᠠᠴᠠ ᠭᠠᠶᠢᠯᠢ ᠶᠢ ᠨᠢ ᠬᠡᠯᠲᠦᠷᠢᠭᠦᠯᠵᠦ | ᠂ ᠲᠣᠭᠲᠠᠭᠠᠭᠰᠠᠨ ᠲᠣᠭᠠᠨ ᠤ ᠬᠡᠲᠦᠷᠡᠭᠰᠡᠨ ᠬᠡᠰᠡᠭ ᠠᠴᠠ ᠭᠠᠶᠢᠯᠢ ᠶᠢ ᠳᠣᠣᠷ᠎ᠠ ᠬᠡᠮᠵᠢᠶ᠎ᠡ ᠪᠠᠷ ᠲᠠᠲᠠᠪᠤᠷᠢᠯᠠᠵᠤ᠂ | ᠲᠠᠷᠢᠶᠠᠴᠢᠳ ᠤᠨ ᠳᠠᠷᠤᠭᠠᠰᠤ ᠶᠢ ᠨᠡᠮᠡᠭᠳᠡᠭᠦᠯᠬᠦ ᠦᠭᠡᠢ ᠪᠠᠶᠢᠯᠭᠠᠨ᠎ᠠ᠃ ᠬᠡᠲᠦᠷᠡᠭᠦᠯᠦᠨ ᠮᠠᠯᠲᠠᠭᠰᠠᠨ ᠣᠷᠣᠨ ᠤ | ᠠᠪᠴᠤ ᠬᠡᠷᠡᠭᠯᠡᠭᠰᠡᠨ ᠭᠠᠵᠠᠷ ᠳᠣᠣᠷᠠᠬᠢ ᠤᠰᠤ᠂ ᠲᠥᠯᠥᠪᠯᠡᠭᠡ ᠠᠴᠠ ᠬᠡᠲᠦᠷᠡᠭᠦᠯᠦᠨ ᠬᠡᠷᠡᠭᠯᠡᠭᠰᠡᠨ ᠤᠰᠤᠨ ᠠᠴᠠ | ᠭᠠᠶᠢᠯᠢ ᠶᠢ ᠳᠠᠬᠢᠨ ᠢᠶᠠᠷ ᠲᠠᠲᠠᠪᠤᠷᠢᠯᠠᠬᠤ ᠪᠣᠯᠬᠤᠷ᠂ ᠬᠡᠲᠦᠷᠡᠭᠦᠯᠦᠨ ᠮᠠᠯᠲᠠᠭᠰᠠᠨ ᠣᠷᠣᠨ ᠤ ᠭᠠᠵᠠᠷ ᠳᠣᠣᠷᠠᠬᠢ | ᠤᠰᠤ ᠶᠢ ᠠᠪᠴᠤ ᠬᠡᠷᠡᠭᠯᠡᠨ ᠤᠰᠤ ᠶᠢ ᠶᠡᠭᠡ ᠪᠠᠷ ᠬᠤᠷᠣᠭᠳᠠᠭᠤᠯᠬᠤ ᠠᠵᠤ ᠠᠬᠤᠶᠢᠯᠠᠯ ᠤᠨ ᠳᠠᠷᠤᠭᠠᠰᠤ ᠬᠠᠷᠢᠨ | ᠵᠣᠬᠢᠬᠤ ᠬᠡᠮᠵᠢᠶ᠎ᠡ ᠪᠠᠷ ᠨᠡᠮᠡᠭᠳᠡᠬᠦ ᠪᠣᠯᠣᠨ᠎ᠠ᠃ ᠡᠭᠦᠨ ᠤ ᠬᠠᠮᠲᠤ᠂ ᠭᠤᠯᠢᠹ᠂ ᠲᠡᠷᠭᠡ ᠤᠬᠢᠶᠠᠬᠤ᠂ ᠪᠡᠶ᠎ᠡ ᠤᠬᠢᠶᠠᠬᠤ᠂ | ᠴᠠᠰᠤᠨ ᠳᠤ ᠭᠤᠯᠭᠤᠬᠤ ᠲᠠᠯᠠᠪᠤᠷ ᠵᠡᠷᠭᠡ ᠣᠨᠴᠠᠭᠠᠢ ᠠᠵᠢᠯ ᠲᠥᠷᠥᠯ ᠠᠴᠠ ᠭᠠᠶᠢᠯᠢ ᠶᠢ ᠥᠨᠳᠥᠷ ᠢᠶᠠᠷ | ᠲᠠᠲᠠᠪᠤᠷᠢᠯᠠᠬᠤ ᠪᠣᠯᠬᠤᠷ᠂ ᠲᠡᠳᠡᠭᠡᠷ ᠤᠨ ᠭᠠᠶᠢᠯᠢ ᠶᠢᠨ ᠳᠠᠷᠤᠭᠠᠰᠤ ᠴᠤ ᠵᠣᠬᠢᠬᠤ ᠬᠡᠮᠵᠢᠶ᠎ᠡ ᠪᠠᠷ ᠨᠡᠮᠡᠭᠳᠡᠬᠦ ᠪᠣᠯᠣᠨ᠎ᠠ᠃ | ᠭᠠᠶᠢᠯᠢ ᠲᠠᠲᠠᠪᠤᠷᠢᠯᠠᠭᠰᠠᠨ ᠤ ᠳᠠᠷᠠᠭ᠎ᠠ ᠠᠵᠤ ᠠᠬᠤᠶᠢᠯᠠᠯ ᠢ ᠬᠢᠵᠠᠭᠠᠷᠯᠠᠬᠤ ᠲᠣᠭᠲᠠᠴᠠ ᠨᠢ ᠤᠯᠠᠮ ᠨᠢᠭᠡ ᠠᠯᠬᠤᠮ | ᠴᠢᠩᠭᠠᠷᠠᠬᠤ ᠶᠢ ᠪᠣᠳᠣᠯᠬᠢᠯᠠᠵᠤ᠂ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠤᠰᠤ ᠠᠷᠪᠢᠯᠠᠬᠤ ᠲᠠᠯ᠎ᠠ ᠪᠠᠷ ᠬᠢ | ᠣᠷᠣᠭᠤᠯᠤᠯᠲᠠ ᠪᠠᠨ ᠨᠡᠮᠡᠭᠳᠡᠭᠦᠯᠵᠦ᠂ ᠰᠠᠨᠠᠭᠠᠴᠢᠯᠠᠭ᠎ᠠ ᠲᠠᠢ ᠪᠠᠷ ᠠᠷᠭ᠎ᠠ ᠬᠡᠮᠵᠢᠶ᠎ᠠ ᠠᠪᠴᠤ ᠬᠡᠷᠡᠭᠯᠡᠬᠦ ᠤᠰᠤᠨ ᠤ | ᠬᠡᠮᠵᠢᠶ᠎ᠡ ᠪᠠᠨ ᠪᠠᠭᠠᠰᠬᠠᠨ᠂ ᠤᠰᠤ ᠬᠡᠷᠡᠭᠯᠡᠬᠦ ᠪᠦᠲᠦᠴᠡ ᠪᠠᠨ ᠲᠣᠬᠢᠷᠠᠭᠤᠯᠬᠤ ᠪᠠ ᠤᠰᠤ ᠬᠡᠷᠡᠭᠯᠡᠬᠦ ᠠᠷᠭ᠎ᠠ | ᠬᠡᠯᠪᠡᠷᠢ ᠪᠠᠨ ᠬᠤᠪᠢᠷᠠᠭᠤᠯᠬᠤ ᠠᠴᠠ᠂ ᠵᠠᠷᠢᠮ ᠠᠵᠤ ᠠᠬᠤᠶᠢᠯᠠᠯ ᠤᠨ ᠲᠤᠰᠢᠶᠠᠬᠤ ᠭᠠᠶᠢᠯᠢ ᠶᠢᠨ ᠲᠤᠭ᠎ᠠ ᠵᠣᠬᠢᠬᠤ | ᠬᠡᠮᠵᠢᠶ᠎ᠡ ᠪᠠᠷ ᠪᠠᠭᠠᠰᠬᠤ ᠪᠣᠯᠣᠨ᠎ᠠ᠃ | ᠬᠥᠲᠥᠯᠥᠭᠴᠢ᠄ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢᠨ ᠭᠠᠶᠢᠯᠢ ᠲᠤᠰᠢᠶᠠᠭᠴᠢ ᠨᠢ ᠭᠠᠶᠢᠯᠢ ᠲᠠᠲᠠᠪᠤᠷᠢ | ᠬᠠᠰᠤᠨ ᠬᠡᠯᠲᠦᠷᠢᠭᠦᠯᠬᠦ ᠬᠠᠷᠠᠭᠠᠯᠵᠠᠯ ᠢ ᠬᠦᠷᠲᠡᠬᠦ ᠳᠤ ᠤᠷᠢᠳ ᠢᠶᠠᠷ ᠪᠦᠷᠢᠳᠬᠡᠨ ᠳᠠᠩᠰᠠᠯᠠᠭᠤᠯᠬᠤ ᠴᠢᠬᠤᠯᠠᠲᠠᠢ ᠦᠦ︖ | ᠭᠠᠶᠢᠯᠢ ᠳᠤ ᠬᠤᠯᠪᠣᠭᠳᠠᠭᠰᠠᠨ ᠶᠠᠮᠠᠷ ᠶᠠᠮᠠᠷ ᠮᠠᠲ᠋ᠧᠷᠢᠶᠠᠯ ᠲᠤᠰᠢᠶᠠᠬᠤ ᠴᠢᠬᠤᠯᠠᠲᠠᠢ ᠪᠣᠢ︖ | ᠯᠢᠦ ᠹᠧᠩ ᠵᠢᠶᠦ᠋ᠨ᠄ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢᠨ ᠭᠠᠶᠢᠯᠢ ᠲᠤᠰᠢᠶᠠᠭᠴᠢ ᠨᠢ ᠭᠠᠶᠢᠯᠢ ᠬᠠᠰᠤᠨ | ᠬᠡᠯᠲᠦᠷᠢᠭᠦᠯᠬᠦ ᠬᠠᠷᠠᠭᠠᠯᠵᠠᠯ ᠢ ᠬᠦᠷᠲᠡᠬᠦ ᠳᠤ ᠤᠷᠢᠳ ᠢᠶᠠᠷ ᠪᠦᠷᠢᠳᠬᠡᠨ ᠳᠠᠩᠰᠠᠯᠠᠭᠤᠯᠬᠤ ᠭᠠᠷᠳᠠᠮ ᠭᠦᠢᠴᠡᠳᠬᠡᠬᠦ | ᠴᠢᠬᠤᠯᠠ ᠦᠭᠡᠢ᠃ ᠵᠢᠱᠢᠶᠡᠯᠡᠪᠡᠯ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠠᠴᠠ ᠣᠨᠴᠠᠭᠠᠢ | ᠱᠠᠭᠠᠷᠳᠠᠯᠭ᠎ᠠ ᠦᠭᠡᠢ ᠪᠣᠯ᠂ ᠨᠥᠬᠦᠴᠡᠯ ᠳᠤ ᠨᠡᠶᠢᠴᠡᠭᠰᠡᠨ ᠭᠠᠶᠢᠯᠢ ᠲᠤᠰᠢᠶᠠᠭᠴᠢ ᠨᠢ ᠭᠠᠶᠢᠯᠢ ᠲᠤᠰᠢᠶᠠᠬᠤ ᠪᠠᠷ | ᠭᠤᠶᠤᠴᠢᠯᠠᠨ ᠮᠡᠳᠡᠭᠦᠯᠬᠦ ᠶᠢᠨ ᠬᠠᠮᠲᠤ ᠭᠠᠶᠢᠯᠢ ᠬᠠᠰᠤᠨ ᠬᠡᠯᠲᠦᠷᠢᠭᠦᠯᠬᠦ ᠭᠤᠶᠤᠴᠢᠯᠠᠬᠤ ᠮᠡᠳᠡᠭᠦᠯᠦᠯᠲᠡ ᠶᠢ | ᠭᠦᠢᠴᠡᠳᠬᠡᠨ᠎ᠡ᠃ ᠭᠡᠲᠡᠯ᠎ᠡ ᠭᠠᠶᠢᠯᠢ ᠲᠤᠰᠢᠶᠠᠭᠴᠢ ᠨᠢ ᠡᠷᠬᠡᠪᠰᠢ ᠭᠠᠶᠢᠯᠢ ᠬᠠᠰᠤᠨ ᠬᠡᠯᠲᠦᠷᠢᠭᠦᠯᠦᠭᠰᠡᠨ ᠬᠠᠮᠢᠶ᠎ᠠ | ᠪᠦᠬᠦᠢ ᠭᠡᠷᠡᠴᠢ ᠮᠠᠲ᠋ᠧᠷᠢᠶᠠᠯ ᠢᠶᠠᠨ ᠦᠯᠡᠳᠡᠭᠡᠵᠦ ᠪᠠᠶᠢᠴᠠᠭᠠᠨ ᠯᠠᠪᠯᠠᠬᠤ ᠳᠤ ᠪᠡᠯᠡᠳᠬᠡᠬᠦ ᠬᠡᠷᠡᠭᠲᠡᠢ᠂ ᠵᠢᠱᠢᠶᠡᠯᠡᠪᠡᠯ | ᠬᠤᠲᠠ ᠬᠥᠳᠡᠭᠡ ᠶᠢᠨ ᠪᠣᠬᠢᠷ ᠤᠰᠤ ᠶᠢ ᠲᠥᠪᠯᠡᠷᠡᠭᠦᠯᠦᠨ ᠰᠢᠢᠳᠪᠦᠷᠢᠯᠡᠬᠦ᠂ ᠠᠮᠢᠳᠤᠷᠠᠯ ᠤᠨ ᠬᠤᠭ ᠨᠣᠪᠰᠢ ᠶᠢ | ᠲᠥᠪᠯᠡᠷᠡᠭᠦᠯᠦᠨ ᠰᠢᠢᠳᠪᠦᠷᠢᠯᠡᠬᠦ ᠲᠠᠯᠠᠪᠤᠷ ᠤᠨ ᠬᠢᠷᠢ ᠭᠡᠮ᠂ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢ | ᠦᠨᠡᠯᠡᠭᠰᠡᠨ ᠮᠡᠳᠡᠭᠦᠯᠦᠯᠲᠡ᠂ ᠠᠦ᠋ᠲ ᠪᠠᠷ ᠬᠢᠨᠠᠨ ᠰᠢᠨᠵᠢᠯᠡᠭᠰᠡᠨ ᠪᠠ ᠨᠠᠶᠢᠳᠠᠵᠤ ᠬᠢᠨᠠᠨ ᠰᠢᠨᠵᠢᠯᠡᠭᠦᠯᠦᠭᠰᠡᠨ ᠲᠤᠭ᠎ᠠ | ᠪᠠᠷᠢᠮᠲᠠ ᠵᠡᠷᠭᠡ ᠮᠠᠲ᠋ᠧᠷᠢᠶᠠᠯ ᠪᠣᠯᠣᠨ᠎ᠠ᠃ | ᠬᠥᠲᠥᠯᠥᠭᠴᠢ᠄ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢ ᠭᠠᠶᠢᠯᠢ ᠲᠤᠰᠢᠶᠠᠭᠴᠢ ᠥᠪᠡᠰᠦᠪᠡᠨ ᠨᠠᠷᠢᠪᠴᠢᠯᠠᠨ | ᠪᠣᠳᠣᠳᠠᠭ ᠪᠣᠯᠬᠤᠷ᠂ ᠭᠤᠶᠤᠴᠢᠯᠠᠨ ᠮᠡᠳᠡᠭᠦᠯᠬᠦ ᠳᠤ ᠵᠣᠬᠢᠬᠤ ᠬᠦᠴᠢᠷ ᠲᠠᠢ ᠪᠠᠶᠢᠳᠠᠭ᠂ ᠥᠪᠡᠷᠲᠡᠭᠡᠨ ᠵᠠᠰᠠᠬᠤ | ᠣᠷᠣᠨ ᠤ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠠᠴᠠ ᠭᠠᠶᠢᠯᠢ ᠲᠤᠰᠢᠶᠠᠬᠤ | ᠦᠢᠯᠡᠴᠢᠯᠡᠭᠡ ᠶᠢᠨ ᠲᠠᠯ᠎ᠠ ᠪᠠᠷ ᠶᠠᠮᠠᠷ ᠶᠠᠮᠠᠷ ᠴᠢᠷᠮᠠᠶᠢᠯᠭ᠎ᠠ ᠭᠠᠷᠭᠠᠭᠰᠠᠨ ᠪᠣᠢ︖ | ᠯᠢᠦ ᠹᠧᠩ ᠵᠢᠶᠦ᠋ᠨ᠄ | ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠬᠢᠨᠠᠨ ᠰᠢᠨᠵᠢᠵᠦ ᠬᠠᠮᠢᠶᠠᠷᠬᠤ ᠪᠠ ᠨᠠᠷᠢᠪᠴᠢᠯᠠᠨ | ᠪᠣᠳᠣᠬᠤ ᠨᠢ ᠨᠡᠯᠢᠶᠡᠳ ᠲᠤᠰᠬᠠᠢ ᠮᠡᠷᠭᠡᠵᠢᠯ ᠤᠨ ᠠᠵᠢᠯ ᠪᠣᠯᠬᠤᠷ᠂ ᠭᠠᠶᠢᠯᠢ ᠲᠤᠰᠢᠶᠠᠭᠴᠢ ᠶᠢᠨ ᠪᠣᠳᠣᠵᠤ ᠴᠢᠳᠠᠬᠤ᠂ | ᠭᠤᠶᠤᠴᠢᠯᠠᠨ ᠮᠡᠳᠡᠭᠦᠯᠵᠦ ᠳᠡᠶᠢᠯᠬᠦ ᠶᠢ ᠬᠡᠷᠬᠢᠨ ᠪᠠᠲᠤᠯᠠᠬᠤ ᠨᠢ ᠮᠥᠨ ᠴᠤ ᠮᠠᠨ ᠤ ᠦᠢᠯᠡᠴᠢᠯᠡᠭᠡ ᠶᠢᠨ ᠭᠤᠣᠯᠳᠠᠯᠭ᠎ᠠ | ᠪᠣᠯᠣᠨ᠎ᠠ᠃ ᠡᠯ᠎ᠡ ᠱᠠᠲᠤᠨ ᠤ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠶᠢᠨ ᠬᠢᠨ ᠣᠳᠣ | ᠪᠠᠶᠢᠭ᠎ᠠ ᠡᠬᠢ ᠪᠠᠶᠠᠯᠢᠭ ᠢ ᠭᠦᠢᠴᠡᠳ ᠡᠮᠬᠢᠯᠡᠨ ᠨᠡᠶᠢᠯᠡᠭᠦᠯᠵᠦ᠂ ᠭᠠᠶᠢᠯᠢ ᠲᠤᠰᠢᠶᠠᠭᠴᠢ ᠳᠤ ︽ᠪᠠᠷᠢᠮᠵᠢᠶ᠎ᠠ | ᠲᠣᠭᠲᠠᠭᠠᠭᠰᠠᠨ︾᠂ ︽ᠪᠦᠬᠦᠨ ᠢ ᠬᠠᠮᠤᠷᠤᠭᠰᠠᠨ︾᠂ ︽ᠨᠢᠭᠤᠷᠳᠠᠯᠴᠠᠭᠰᠠᠨ︾ ᠲᠥᠷᠥ ᠶᠢᠨ ᠪᠣᠳᠣᠯᠭ᠎ᠠ ᠶᠢᠨ | ᠲᠠᠶᠢᠯᠤᠮᠵᠢ ᠪᠠ ᠭᠤᠶᠤᠴᠢᠯᠠᠨ ᠮᠡᠳᠡᠭᠦᠯᠵᠦ ᠭᠠᠶᠢᠯᠢ ᠲᠤᠰᠢᠶᠠᠬᠤ ᠦᠢᠯᠡᠴᠢᠯᠡᠭᠡ ᠶᠢ ᠪᠠᠶᠢᠳᠠᠯ ᠳᠤ ᠨᠢ ᠲᠣᠬᠢᠷᠠᠭᠤᠯᠤᠨ | ᠲᠣᠭᠲᠠᠭᠠᠵᠤ ᠥᠭᠴᠡᠢ᠃ 4 ᠳ᠋ᠦ᠋ᠭᠡᠷ ᠰᠠᠷ᠎ᠠ ᠶᠢᠨ 1 ᠤ ᠡᠳᠦᠷ ᠭᠠᠶᠢᠯᠢ ᠲᠤᠰᠢᠶᠠᠬᠤ ᠪᠠᠷ ᠭᠤᠶᠤᠴᠢᠯᠠᠨ ᠮᠡᠳᠡᠭᠦᠯᠬᠦ | ᠠᠩᠬᠠᠳᠠᠭᠴᠢ ᠬᠤᠭᠤᠴᠠᠭ᠎ᠠ ᠡᠬᠢᠯᠡᠬᠦ ᠠᠴᠠ ᠡᠮᠦᠨ᠎ᠡ᠂ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ | ᠪᠠᠶᠢᠭᠤᠯᠭ᠎ᠠ ᠶᠢᠨ ᠬᠢᠨ ᠭᠤᠶᠤᠴᠢᠯᠠᠨ ᠮᠡᠳᠡᠭᠦᠯᠬᠦ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠭᠠᠶᠢᠯᠢ | ᠲᠤᠰᠢᠶᠠᠭᠴᠢ ᠶᠢᠨ ᠲᠥᠷᠥ ᠶᠢᠨ ᠪᠣᠳᠣᠯᠭ᠎ᠠ ᠶᠢ ᠣᠶᠢᠯᠠᠭᠠᠵᠤ ᠮᠡᠳᠡᠬᠦ᠂ ᠭᠠᠶᠢᠯᠢ ᠶᠢ ᠪᠣᠳᠣᠵᠤ ᠴᠢᠳᠠᠬᠤ ᠪᠠ | ᠭᠤᠶᠤᠴᠢᠯᠠᠨ ᠮᠡᠳᠡᠭᠦᠯᠵᠦ ᠴᠢᠳᠠᠬᠤ ᠶᠢ ᠪᠠᠲᠤᠯᠠᠪᠠ᠃ ᠠᠩᠬᠠᠨ ᠤ ᠲᠠᠲᠠᠪᠤᠷᠢᠯᠠᠬᠤ ᠡᠳᠦᠷ ᠲᠤ᠂ ᠭᠠᠶᠢᠯᠢ | ᠭᠦᠢᠴᠡᠳᠬᠡᠬᠦ ᠦᠢᠯᠡᠴᠢᠯᠡᠭᠡ ᠶᠢᠨ ᠲᠢᠩᠬᠢᠮ ᠳᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠭᠤᠶᠤᠴᠢᠯᠠᠨ | ᠮᠡᠳᠡᠭᠦᠯᠬᠦ ᠰᠠᠭᠠᠳ ᠦᠭᠡᠢ ᠰᠢᠭᠤᠳ ᠨᠡᠪᠲᠡᠷᠡᠬᠦ ᠵᠠᠮ ᠪᠠ ᠲᠤᠰᠬᠠᠢ ᠴᠣᠩᠬᠤᠪᠴᠢ ᠨᠡᠭᠡᠭᠡᠵᠦ᠂ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠰᠠᠯᠠᠭ᠎ᠠ ᠮᠥᠴᠢᠷ ᠤᠨ ᠠᠵᠢᠯᠲᠠᠳ ᠢ ᠤᠷᠢᠵᠤ ᠬᠠᠮᠲᠤᠷᠠᠨ ᠠᠯᠪᠠᠯᠠᠵᠤ᠂ ᠲᠤᠰᠬᠠᠢ | ᠠᠵᠢᠯᠲᠠᠨ ᠪᠠ ᠲᠤᠰᠬᠠᠢ ᠠᠵᠢᠯ ᠤᠨ ᠪᠠᠶᠢᠷᠢ ᠲᠣᠬᠢᠷᠠᠭᠤᠯᠤᠨ ᠭᠠᠶᠢᠯᠢ ᠲᠤᠰᠢᠶᠠᠭᠴᠢ ᠳᠤ ᠲᠥᠷᠥ ᠶᠢᠨ | ᠪᠣᠳᠣᠯᠭ᠎ᠠ ᠶᠢᠨ ᠲᠠᠶᠢᠯᠤᠮᠵᠢ ᠬᠢᠬᠦ᠂ ᠭᠠᠶᠢᠯᠢ ᠲᠤᠰᠢᠶᠠᠬᠤ ᠶᠢᠨ ᠭᠤᠶᠤᠴᠢᠯᠠᠨ ᠮᠡᠳᠡᠭᠦᠯᠬᠦ ᠬᠦᠰᠦᠨᠦᠭ ᠲᠠᠭᠯᠠᠬᠤ ᠶᠢ | ᠬᠠᠪᠰᠤᠷᠤᠨ ᠵᠢᠯᠣᠭᠤᠳᠬᠤ᠂ ᠭᠤᠶᠤᠴᠢᠯᠠᠨ ᠮᠡᠳᠡᠭᠦᠯᠬᠦ ᠶᠠᠪᠤᠴᠠ ᠪᠠᠷ ᠤᠳᠤᠷᠢᠳᠤᠨ ᠬᠥᠲᠥᠯᠬᠦ ᠵᠡᠷᠭᠡ ᠦᠢᠯᠡᠴᠢᠯᠡᠭᠡ | ᠬᠠᠩᠭᠠᠭᠰᠠᠨ ᠤ ᠬᠠᠮᠲᠤ᠂ ᠡᠯᠧᠺᠲᠷᠣᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠰᠦᠯᠵᠢᠶᠡᠨ ᠳᠡᠭᠡᠷ᠎ᠡ ᠭᠠᠶᠢᠯᠢ | ᠭᠦᠢᠴᠡᠳᠬᠡᠬᠦ ᠲᠢᠩᠬᠢᠮ ᠵᠡᠷᠭᠡ ᠶᠢ ᠠᠰᠢᠭᠯᠠᠨ ᠭᠠᠶᠢᠯᠢ ᠲᠤᠰᠢᠶᠠᠭᠴᠢ ᠶᠢᠨ ᠠᠩᠬᠠᠳᠠᠭᠴᠢ ᠲᠠᠲᠠᠪᠤᠷᠢᠯᠠᠬᠤ | ᠬᠤᠭᠤᠴᠠᠭᠠᠨ ᠳᠠᠬᠢ ᠭᠤᠶᠤᠴᠢᠯᠠᠨ ᠮᠡᠳᠡᠭᠦᠯᠬᠦ ᠳᠤ ᠣᠯᠠᠨ ᠵᠦᠢᠯ ᠤᠨ ᠠᠷᠭ᠎ᠠ ᠵᠠᠮ ᠬᠠᠩᠭᠠᠵᠤ᠂ ᠭᠠᠶᠢᠯᠢ | ᠲᠤᠰᠢᠶᠠᠭᠴᠢᠳ ᠤᠨ ᠠᠳᠠᠯᠢ ᠪᠤᠰᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠪᠠ᠃ ᠡᠭᠦᠨ ᠤ ᠬᠠᠮᠲᠤ᠂ ᠭᠠᠶᠢᠯᠢ | ᠲᠤᠰᠢᠶᠠᠭᠴᠢᠳ ᠪᠠᠰᠠ ︽12366︾ ᠭᠠᠶᠢᠯᠢ ᠲᠤᠰᠢᠶᠠᠬᠤ ᠦᠢᠯᠡᠴᠢᠯᠡᠭᠡ ᠶᠢᠨ ᠬᠠᠯᠠᠮᠰᠢᠯ ᠤᠲᠠᠰᠤ᠂ 12369 | ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠰᠠᠭᠤᠨ ᠯᠠᠪᠯᠠᠬᠤ ᠬᠠᠯᠠᠮᠰᠢᠯ ᠤᠲᠠᠰᠤ᠂ ᠭᠠᠶᠢᠯᠢ ᠭᠦᠢᠴᠡᠳᠬᠡᠬᠦ | ᠦᠢᠯᠡᠴᠢᠯᠡᠭᠡ ᠶᠢᠨ ᠲᠢᠩᠬᠢᠮ ᠵᠡᠷᠭᠡ ᠣᠯᠠᠨ ᠠᠷᠭ᠎ᠠ ᠵᠠᠮ ᠪᠠᠷ ᠳᠠᠮᠵᠢᠨ ᠣᠷᠣᠨ ᠨᠤᠲᠤᠭ ᠤᠨ ᠭᠠᠶᠢᠯᠢ ᠶᠢᠨ | ᠶᠠᠪᠤᠳᠠᠯ ᠤᠨ ᠪᠠᠶᠢᠭᠤᠯᠭ᠎ᠠ ᠠᠴᠠ ᠠᠰᠠᠭᠤᠨ ᠯᠠᠪᠯᠠᠵᠤ ᠪᠣᠯᠣᠨ᠎ᠠ᠃ ᠡᠭᠦᠨ ᠤ ᠬᠠᠮᠲᠤ᠂ ᠠᠵᠤ ᠠᠬᠤᠶᠢᠯᠠᠯ ᠴᠤ | ᠳᠣᠲᠣᠭᠠᠳᠤ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠠ ᠡᠳ᠋ ᠤᠨ ᠶᠠᠪᠤᠳᠠᠯ ᠤᠨ ᠰᠠᠯᠠᠭ᠎ᠠ ᠮᠥᠴᠢᠷ ᠤᠨ | ᠠᠵᠢᠯᠲᠠᠳ ᠯᠤᠭ᠎ᠠ ᠶᠢᠨ ᠵᠣᠬᠢᠴᠠᠯᠳᠤᠨ ᠬᠠᠮᠵᠢᠯᠴᠠᠬᠤ ᠪᠠᠨ ᠴᠢᠩᠭᠠᠳᠬᠠᠵᠤ᠂ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠭᠠᠶᠢᠯᠢ ᠶᠢᠨ ᠨᠠᠷᠢᠪᠴᠢᠯᠠᠨ ᠪᠣᠳᠣᠬᠤ ᠪᠠ ᠭᠠᠶᠢᠯᠢ ᠲᠤᠰᠢᠶᠠᠬᠤ ᠪᠠᠷ ᠭᠤᠶᠤᠴᠢᠯᠠᠨ ᠮᠡᠳᠡᠭᠦᠯᠬᠦ | ᠠᠵᠢᠯ ᠢ ᠬᠠᠮᠲᠤ ᠪᠠᠷ ᠰᠠᠶᠢᠲᠤᠷ ᠬᠢᠬᠦ ᠬᠡᠷᠡᠭᠲᠡᠢ᠃ | ᠬᠥᠲᠥᠯᠥᠭᠴᠢ᠄ | ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠬᠢᠨ | ᠪᠣᠬᠢᠷᠲᠤᠯ ᠦᠭᠡᠢ ᠶᠢᠨ ᠭᠠᠶᠢᠯᠢ ᠶᠢᠨ ᠳᠦᠷᠢᠮ ᠤᠨ ᠥᠭᠡᠷᠡᠴᠢᠯᠡᠯᠲᠡ ᠶᠢ ᠰᠠᠶᠢᠲᠤᠷ ᠬᠢᠬᠦ ᠳᠤ ᠶᠠᠮᠠᠷ ᠶᠠᠮᠠᠷ ᠠᠷᠭ᠎ᠠ | ᠬᠡᠮᠵᠢᠶ᠎ᠡ ᠠᠪᠤᠭᠰᠠᠨ ᠪᠣᠢ︖ | ᠯᠢᠦ ᠹᠧᠩ ᠵᠢᠶᠦ᠋ᠨ᠄ | ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠠᠵᠢᠯ ᠤᠨ ᠤᠳᠤᠷᠢᠳᠬᠤ | ᠳᠤᠭᠤᠶᠢᠯᠠᠩ ᠢ ᠪᠠᠶᠢᠭᠤᠯᠪᠠ᠃ ᠪᠦᠬᠦ ᠣᠷᠣᠨ ᠤ ᠡᠯ᠎ᠡ ᠱᠠᠲᠤᠨ ᠤ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ | ᠪᠠᠶᠢᠭᠤᠯᠭ᠎ᠠ ᠶᠢᠨ ᠬᠢᠨ ︽ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠪᠠ ᠤᠰᠤᠨ ᠤ ᠡᠬᠢ ᠪᠠᠶᠠᠯᠢᠭ ᠤᠨ | ᠭᠠᠶᠢᠯᠢ︾ ᠶᠢ ᠡᠬᠢᠯᠡᠨ ᠲᠠᠲᠠᠪᠤᠷᠢᠯᠠᠬᠤ ᠶᠢᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠤᠳᠤᠷᠢᠳᠬᠤ | ᠳᠤᠭᠤᠶᠢᠯᠠᠩ ᠨᠢ ᠭᠤᠣᠯᠳᠠᠭᠤ ᠪᠦᠬᠦ ᠣᠷᠣᠨ ᠤ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠰᠢᠰᠲ᠋ᠧᠮ ᠢ | ᠵᠣᠬᠢᠶᠠᠨ ᠪᠠᠶᠢᠭᠤᠯᠤᠨ ᠤᠳᠤᠷᠢᠳᠴᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ᠂ ᠤᠰᠤᠨ ᠤ ᠡᠬᠢ | ᠪᠠᠶᠠᠯᠢᠭ ᠤᠨ ᠭᠠᠶᠢᠯᠢ ᠶᠢ ᠡᠬᠢᠯᠡᠨ ᠲᠠᠲᠠᠪᠤᠷᠢᠯᠠᠬᠤ ᠶᠢ ᠠᠬᠢᠭᠤᠯᠬᠤ ᠠᠵᠢᠯ ᠢ ᠬᠠᠷᠢᠭᠤᠴᠠᠵᠤ᠂ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠭᠠᠶᠢᠯᠢ᠂ ᠤᠰᠤᠨ ᠤ ᠡᠬᠢ ᠪᠠᠶᠠᠯᠢᠭ ᠤᠨ ᠭᠠᠶᠢᠯᠢ ᠶᠢ ᠡᠬᠢᠯᠡᠨ ᠲᠠᠲᠠᠪᠤᠷᠢᠯᠠᠵᠤ | ᠠᠬᠢᠭᠤᠯᠬᠤ ᠲᠤᠬᠠᠢ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠠᠵᠢᠯ ᠤᠨ ᠪᠠᠶᠢᠷᠢᠯᠠᠭᠤᠯᠤᠯᠲᠠ ᠪᠠ | ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠮᠢᠶ᠎ᠠ ᠪᠦᠬᠦᠢ ᠳᠦᠷᠢᠮ ᠪᠠ ᠠᠷᠭ᠎ᠠ ᠶᠢ ᠰᠤᠳᠤᠯᠵᠤ | ᠬᠢᠨᠠᠨ ᠲᠣᠭᠲᠠᠭᠠᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ᠂ ᠤᠰᠤᠨ ᠤ ᠡᠬᠢ ᠪᠠᠶᠠᠯᠢᠭ ᠤᠨ | ᠭᠠᠶᠢᠯᠢ ᠶᠢ ᠡᠬᠢᠯᠡᠨ ᠲᠠᠲᠠᠪᠤᠷᠢᠯᠠᠵᠤ ᠠᠬᠢᠭᠤᠯᠬᠤ ᠴᠢᠬᠤᠯᠠ ᠶᠡᠭᠡ ᠵᠦᠢᠯᠡᠰ ᠪᠠ ᠭᠤᠣᠯᠳᠠᠯᠭᠠᠲᠤ ᠠᠵᠢᠯ ᠤᠨ | ᠡᠭᠦᠷᠭᠡ ᠶᠢ ᠰᠤᠳᠤᠯᠤᠨ ᠪᠠᠶᠢᠷᠢᠯᠠᠭᠤᠯᠵᠤ᠂ ᠡᠳ᠋ ᠤᠨ ᠵᠠᠰᠠᠭ᠂ ᠣᠷᠴᠢᠨ ᠲᠣᠭᠤᠷᠢᠨ ᠤ ᠬᠠᠮᠠᠭᠠᠯᠠᠯᠲᠠ᠂ ᠤᠰᠤᠨ | ᠠᠰᠢᠭᠯᠠᠯᠲᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠵᠣᠬᠢᠴᠠᠭᠤᠯᠤᠨ ᠬᠠᠮᠵᠢᠯᠴᠠᠬᠤ ᠠᠵᠢᠯ ᠢ ᠨᠢᠭᠡᠳᠦᠯᠲᠡᠢ | ᠲᠥᠯᠥᠪᠵᠢᠭᠦᠯᠦᠨ ᠵᠢᠯᠣᠭᠤᠳᠴᠠᠢ᠃ | ᠬᠤᠶᠠᠷ ᠲᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ᠂ ᠤᠰᠤᠨ ᠤ ᠡᠬᠢ ᠪᠠᠶᠠᠯᠢᠭ ᠤᠨ | ᠭᠠᠶᠢᠯᠢ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠴᠢᠩᠭᠠᠳᠬᠠᠪᠠ᠃ ᠥᠪᠡᠷᠲᠡᠭᠡᠨ ᠵᠠᠰᠠᠬᠤ ᠣᠷᠣᠨ ᠤ | ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠬᠢᠨ ︽ᠭᠦᠢᠴᠡᠳ ᠲᠤᠶᠢᠯᠪᠤᠷᠢᠲᠠᠢ ᠭᠦᠢᠴᠡᠳᠬᠡᠬᠦ | ︾ ᠲᠤᠬᠠᠶᠢᠯᠠᠭᠰᠠᠨ ᠠᠵᠢᠯ ᠤᠨ ᠬᠠᠷᠠᠭᠠᠨ ᠳᠠᠪᠲᠠᠮᠵᠢᠲᠤ ᠪᠣᠯᠪᠠᠰᠤᠷᠠᠭᠤᠯᠤᠯ ᠪᠠ ᠲᠥᠪᠯᠡᠷᠡᠭᠦᠯᠦᠭᠰᠡᠨ | ᠪᠣᠯᠪᠠᠰᠤᠷᠠᠭᠤᠯᠤᠯ ᠢ ᠣᠯᠠᠨ ᠤᠳᠠᠭ᠎ᠠ ᠡᠷᠬᠢᠯᠡᠵᠦ᠂ ᠲᠤᠬᠠᠶᠢᠯᠠᠭᠰᠠᠨ ᠠᠵᠢᠯ ᠤᠨ ᠬᠠᠮᠢᠶ᠎ᠠ ᠪᠦᠬᠦᠢ | ᠠᠵᠢᠯᠲᠠᠳ ᠤᠨ ᠢᠶᠠᠨ ᠲᠥᠷᠥ ᠶᠢᠨ ᠪᠣᠳᠣᠯᠭ᠎ᠠ ᠶᠢ ᠪᠣᠯᠪᠠᠰᠤᠷᠠᠩᠭᠤᠢ ᠡᠵᠡᠮᠰᠢᠬᠦ ᠶᠢ ᠪᠠᠲᠤᠯᠠᠵᠤ᠂ ᠡᠷᠲᠡ ᠮᠡᠳᠡᠬᠦ᠂ | ᠡᠷᠲᠡ ᠰᠤᠷᠤᠯᠴᠠᠬᠤ᠂ ᠡᠷᠲᠡ ᠣᠶᠢᠯᠭᠠᠬᠤ ᠶᠢ ᠭᠦᠢᠴᠡᠳᠬᠡᠵᠡᠢ᠃ ᠡᠭᠦᠨ ᠤ ᠬᠠᠮᠲᠤ ᠰᠤᠷᠤᠯᠴᠠᠭᠰᠠᠨ ᠰᠠᠭᠤᠷᠢᠨ | ᠳᠡᠭᠡᠷ᠎ᠡ ᠪᠠᠨ᠂ ᠵᠤᠷᠪᠤᠰ ᠳᠠᠷᠠᠭᠠᠯᠠᠨ ᠰᠤᠳᠤᠯᠵᠤ᠂ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠢ ᠣᠶᠢᠯᠠᠭᠠᠵᠤ᠂ | ᠭᠤᠣᠯᠳᠠᠯᠭᠠᠲᠤ ᠡᠭᠦᠷᠭᠡ᠂ ᠲᠠᠲᠠᠪᠤᠷᠢᠯᠠᠨ ᠬᠤᠷᠢᠶᠠᠬᠤ ᠳᠤ ᠬᠦᠴᠢᠷᠲᠡᠢ ᠭᠤᠭᠴᠤᠭ᠎ᠠ ᠶᠢ ᠲᠠᠨᠢᠵᠤ᠂ ᠲᠥᠷᠥ ᠶᠢᠨ | ᠪᠣᠳᠣᠯᠭ᠎ᠠ ᠶᠢ ᠭᠦᠢᠴᠡᠳ ᠤᠬᠠᠬᠤ ᠶᠢ ᠭᠦᠢᠴᠡᠳᠬᠡᠵᠦ᠂ ᠡᠬᠢᠯᠡᠨ ᠲᠠᠲᠠᠪᠤᠷᠢᠯᠠᠬᠤ ᠠᠴᠠ ᠡᠮᠦᠨᠡᠬᠢ ᠪᠡᠯᠡᠳᠬᠡᠯ ᠪᠠ | ᠡᠬᠢᠯᠡᠨ ᠲᠠᠲᠠᠪᠤᠷᠢᠯᠠᠭᠰᠠᠨ ᠤ ᠳᠠᠷᠠᠭᠠᠬᠢ ᠭᠦᠢᠴᠡᠳᠬᠡᠬᠦ ᠠᠵᠢᠯ ᠢ ᠰᠠᠶᠢᠲᠤᠷ ᠬᠢᠭᠰᠡᠨ ᠪᠠᠶᠢᠨ᠎ᠠ᠃ | ᠭᠤᠷᠪᠠ ᠳᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ᠂ ᠤᠰᠤᠨ ᠤ ᠡᠬᠢ ᠪᠠᠶᠠᠯᠢᠭ ᠤᠨ | ᠭᠠᠶᠢᠯᠢ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠶᠢᠨ ᠵᠣᠬᠢᠴᠠᠯᠳᠤᠨ ᠬᠠᠮᠵᠢᠯᠴᠠᠬᠤ ᠶᠢ ᠴᠢᠩᠭᠠᠳᠬᠠᠪᠠ᠃ | ᠡᠳ᠋ ᠤᠨ ᠵᠠᠰᠠᠭ᠂ ᠣᠷᠴᠢᠨ ᠲᠣᠭᠤᠷᠢᠨ ᠤ ᠬᠠᠮᠠᠭᠠᠯᠠᠯᠲᠠ᠂ ᠤᠰᠤᠨ ᠠᠰᠢᠭᠯᠠᠯᠲᠠ ᠵᠡᠷᠭᠡ ᠰᠠᠯᠠᠭ᠎ᠠ ᠮᠥᠴᠢᠷ ᠲᠠᠢ | ᠣᠯᠠᠨ ᠤᠳᠠᠭ᠎ᠠ ᠬᠠᠮᠲᠤᠷᠠᠭᠰᠠᠨ ᠬᠤᠷᠠᠯ ᠬᠤᠷᠠᠯᠳᠤᠭᠤᠯᠵᠤ᠂ ᠰᠠᠯᠠᠭ᠎ᠠ ᠮᠥᠴᠢᠷ ᠤᠳ ᠤᠨ ᠡᠭᠦᠷᠭᠡ ᠴᠢᠳᠠᠪᠬᠢ ᠶᠢ | ᠲᠣᠳᠣᠷᠬᠠᠶᠢᠯᠠᠵᠤ᠂ ᠠᠵᠢᠯ ᠤᠨ ᠡᠭᠦᠷᠭᠡ ᠬᠠᠷᠢᠭᠤᠴᠠᠯᠭ᠎ᠠ ᠶᠢ ᠨᠠᠷᠢᠯᠢᠭᠵᠢᠭᠤᠯᠤᠨ᠂ ᠲᠥᠬᠦᠷᠵᠢᠭᠰᠡᠨ ᠠᠷᠭ᠎ᠠ | ᠬᠡᠮᠵᠢᠶ᠎ᠡ ᠶᠢ ᠲᠡᠭᠦᠯᠳᠡᠷᠵᠢᠭᠦᠯᠵᠦ᠂ ᠠᠵᠢᠯ ᠤᠨ ᠡᠭᠦᠷᠭᠡ ᠪᠣᠯᠣᠨ ᠴᠠᠭ ᠤᠨ ᠲᠣᠬᠢᠷᠠᠭᠤᠯᠤᠯᠲᠠ ᠶᠢ ᠲᠣᠳᠣᠷᠬᠠᠶᠢᠯᠠᠵᠤ᠂ | ᠬᠠᠷᠢᠭᠤᠴᠠᠯᠭᠠᠲᠤ ᠦᠵᠡᠯ ᠤᠬᠠᠮᠰᠠᠷ ᠢᠶᠠᠨ ᠦᠨᠡᠨ ᠬᠦ ᠴᠢᠩᠭᠠᠳᠬᠠᠵᠠᠢ᠃ ᠡᠳ᠋ ᠤᠨ ᠵᠠᠰᠠᠭ᠂ ᠣᠷᠴᠢᠨ | ᠲᠣᠭᠤᠷᠢᠨ ᠤ ᠬᠠᠮᠠᠭᠠᠯᠠᠯᠲᠠ᠂ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠲᠠᠢ ᠬᠠᠮᠵᠢᠯᠴᠠᠵᠤ | ᠲᠠᠲᠠᠪᠤᠷᠢᠯᠠᠬᠤ ᠠᠴᠠ ᠡᠮᠦᠨᠡᠬᠢ ᠭᠠᠶᠢᠯᠢ ᠶᠢᠨ ᠢᠷᠡᠯᠲᠡ ᠶᠢ ᠪᠠᠶᠢᠴᠠᠭᠠᠵᠤ ᠪᠠᠶᠢᠳᠠᠯ ᠢ ᠣᠶᠢᠯᠭᠠᠬᠤ ᠠᠵᠢᠯ ᠢ ᠬᠠᠮᠲᠤᠷᠠᠨ | ᠥᠷᠨᠢᠭᠦᠯᠵᠡᠢ᠃ | ᠳᠥᠷᠪᠡ ᠳᠤ᠂ ᠰᠠᠭᠤᠷᠢ ᠮᠡᠳᠡᠭᠡ ᠵᠠᠩᠭᠢ ᠶᠢ ᠴᠤᠭᠯᠠᠭᠤᠯᠬᠤ᠂ ᠰᠢᠨᠵᠢᠨ ᠲᠤᠷᠰᠢᠬᠤ᠂ ᠪᠢᠴᠢᠨ ᠣᠷᠣᠭᠤᠯᠬᠤ | ᠠᠵᠢᠯ ᠢ ᠰᠠᠶᠢᠲᠤᠷ ᠬᠢᠪᠡ᠃ ᠰᠠᠭᠤᠷᠢ ᠮᠡᠳᠡᠭᠡ ᠵᠠᠩᠭᠢ ᠶᠢ ᠣᠨᠣᠪᠴᠢᠲᠠᠢ ᠴᠤᠭᠯᠠᠭᠤᠯᠬᠤ ᠶᠢ ᠪᠠᠲᠤᠯᠠᠬᠤ ᠶᠢᠨ | ᠲᠥᠯᠥᠭᠡ᠂ ᠰᠢᠨᠵᠢᠨ ᠲᠤᠷᠰᠢᠬᠤ ᠠᠵᠢᠯ ᠢ ᠰᠠᠶᠢᠲᠤᠷ ᠬᠢᠵᠦ᠂ ᠡᠯ᠎ᠡ ᠭᠠᠵᠠᠷ ᠤᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠰᠠᠯᠠᠭ᠎ᠠ ᠮᠥᠴᠢᠷ᠂ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠵᠤ | ᠨᠢᠭᠡᠳᠦᠯᠲᠡᠢ ᠵᠣᠬᠢᠶᠠᠨ ᠪᠠᠶᠢᠭᠤᠯᠵᠤ ᠪᠠᠶᠢᠭᠠᠳ ᠭᠠᠶᠢᠯᠢ ᠲᠤᠰᠢᠶᠠᠭᠴᠢ ᠳᠤ ᠲᠥᠷᠥᠯ ᠬᠤᠪᠢᠶᠠᠨ ᠬᠠᠪᠰᠤᠷᠤᠨ | ᠵᠢᠯᠣᠭᠤᠳᠬᠤ ᠶᠢ ᠥᠷᠨᠢᠭᠦᠯᠵᠦ᠂ ᠰᠠᠭᠤᠷᠢ ᠮᠡᠳᠡᠭᠡ ᠵᠠᠩᠭᠢ ᠶᠢ ᠣᠨᠣᠪᠴᠢᠲᠠᠢ ᠴᠤᠭᠯᠠᠭᠤᠯᠵᠤ᠂ ᠰᠢᠨᠵᠢᠨ ᠲᠤᠷᠰᠢᠬᠤ | ᠠᠵᠢᠯ ᠢ ᠥᠷᠨᠢᠭᠦᠯᠦᠨ᠂ ᠲᠠᠲᠠᠪᠤᠷᠢᠯᠠᠨ ᠬᠤᠷᠢᠶᠠᠬᠤ ᠰᠢᠰᠲ᠋ᠧᠮ ᠤᠨ ᠬᠡᠪ ᠢᠶᠠᠷ ᠠᠵᠢᠯᠯᠠᠬᠤ ᠶᠢ ᠪᠠᠲᠤᠯᠠᠭᠰᠠᠨ | ᠪᠠᠶᠢᠨ᠎ᠠ᠃ | ᠲᠠᠪᠤ ᠳᠤ᠂ ᠤᠬᠠᠭᠤᠯᠭ᠎ᠠ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠭᠠᠶᠢᠯᠢ ᠲᠠᠲᠠᠪᠤᠷᠢ ᠶᠢᠨ ᠨᠥᠯᠥᠭᠡᠯᠡᠬᠦ | ᠬᠦᠴᠦᠨ ᠢ ᠥᠷᠭᠡᠳᠬᠡᠪᠡ᠃ ᠪᠦᠬᠦ ᠣᠷᠣᠨ ᠤ ᠡᠯ᠎ᠡ ᠱᠠᠲᠤᠨ ᠤ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ | ᠪᠠᠶᠢᠭᠤᠯᠭ᠎ᠠ ᠶᠢᠨ ᠬᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ᠂ ᠤᠰᠤᠨ ᠤ ᠡᠬᠢ ᠪᠠᠶᠠᠯᠢᠭ ᠤᠨ | ᠭᠠᠶᠢᠯᠢ ᠶᠢᠨ ᠣᠯᠠᠨ ᠬᠡᠯᠪᠡᠷᠢ ᠶᠠᠩᠵᠤ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠭᠠᠶᠢᠯᠢ ᠲᠠᠲᠠᠪᠤᠷᠢ | ᠤᠬᠠᠭᠤᠯᠬᠤ ᠰᠠᠷ᠎ᠠ ᠶᠢᠨ ᠠᠵᠢᠯᠯᠠᠭ᠎ᠠ ᠲᠠᠢ ᠤᠶᠠᠯᠳᠤᠭᠤᠯᠤᠨ᠂ ᠭᠠᠶᠢᠯᠢ ᠲᠤᠰᠢᠶᠠᠭᠴᠢ᠂ ᠡᠳ᠋ ᠤᠨ ᠵᠠᠰᠠᠭ | ᠭᠠᠶᠢᠯᠢ ᠶᠢᠨ ᠲᠤᠰᠬᠠᠢ ᠮᠡᠷᠭᠡᠵᠢᠯᠲᠡᠨ ᠪᠠ ᠵᠠᠭᠤᠴᠢᠯᠠᠭᠤᠷ ᠤᠨ ᠰᠤᠷᠪᠤᠯᠵᠢᠯᠠᠭᠴᠢ ᠶᠢ ᠤᠷᠢᠨ ᠣᠷᠣᠯᠴᠠᠭᠤᠯᠵᠤ᠂ | ᠪᠣᠬᠢᠷᠲᠤᠯ ᠦᠭᠡᠢ ᠶᠢᠨ ᠭᠠᠶᠢᠯᠢ ᠶᠢᠨ ᠳᠦᠷᠢᠮ ᠤᠨ ᠥᠭᠡᠷᠡᠴᠢᠯᠡᠯᠲᠡ ᠶᠢ ᠲᠥᠪᠯᠡᠷᠡᠭᠦᠯᠦᠨ ᠤᠬᠠᠭᠤᠯᠬᠤ | ᠠᠵᠢᠯᠯᠠᠭ᠎ᠠ ᠶᠢ ᠥᠷᠨᠢᠭᠦᠯᠦᠭᠰᠡᠨ ᠤ ᠬᠠᠮᠲᠤ᠂ ᠲᠤᠬᠠᠢ ᠶᠢᠨ ᠲᠠᠯᠠᠪᠤᠷ ᠲᠤ ᠠᠰᠠᠭᠤᠯᠲᠠ ᠭᠠᠷᠭᠠᠭᠰᠠᠳ ᠲᠤ | ᠬᠠᠷᠢᠭᠤᠯᠲᠠ ᠥᠭᠴᠦ᠂ ᠨᠡᠯᠢᠶᠡᠳ ᠰᠠᠶᠢᠨ ᠦᠷ᠎ᠡ ᠳ᠋ᠦᠩ ᠣᠯᠣᠭᠰᠠᠨ ᠪᠠᠶᠢᠨ᠎ᠠ᠃ | ᠬᠥᠲᠥᠯᠥᠭᠴᠢ᠄ | ᠮᠠᠨ ᠤ ᠣᠷᠣᠨ ᠪᠣᠬᠢᠷᠲᠤᠯ ᠦᠭᠡᠢ ᠶᠢᠨ ᠭᠠᠶᠢᠯᠢ ᠶᠢᠨ ᠳᠦᠷᠢᠮ ᠤᠨ ᠥᠭᠡᠷᠡᠴᠢᠯᠡᠯᠲᠡ ᠶᠢ ᠬᠡᠷᠡᠭᠵᠢᠭᠦᠯᠦᠭᠡᠳ | ᠣᠳᠣᠬᠠᠨ ᠳᠤ ᠶᠠᠮᠠᠷ ᠶᠠᠮᠠᠷ ᠦᠷ᠎ᠡ ᠪᠦᠲᠦᠮᠵᠢ ᠣᠯᠣᠭᠰᠠᠨ ᠪᠣᠢ︖ | ᠯᠢᠦ ᠹᠧᠩ ᠵᠢᠶᠦ᠋ᠨ᠄ | 4 ᠳ᠋ᠦ᠋ᠭᠡᠷ ᠰᠠᠷ᠎ᠠ ᠳᠤ᠂ ᠮᠠᠨ ᠤ ᠣᠷᠣᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠪᠠ ᠤᠰᠤᠨ ᠤ | ᠡᠬᠢ ᠪᠠᠶᠠᠯᠢᠭ ᠤᠨ ᠭᠠᠶᠢᠯᠢ ᠶᠢᠨ ᠠᠩᠬᠠᠳᠤᠭᠠᠷ ᠤᠯᠠᠷᠢᠯ ᠤᠨ ᠭᠠᠶᠢᠯᠢ ᠶᠢᠨ ᠵᠣᠭᠤᠰ ᠲᠠᠲᠠᠪᠤᠷᠢᠯᠠᠨ ᠬᠤᠷᠢᠶᠠᠬᠤ | ᠠᠵᠢᠯ ᠢᠶᠠᠨ ᠪᠡᠶᠡᠯᠡᠭᠦᠯᠵᠦ᠂ ᠶᠡᠷᠦᠩᠬᠡᠢ ᠳᠤ ᠪᠠᠨ ᠠᠵᠢᠯᠯᠠᠭᠠᠨ ᠨᠢ ᠲᠣᠭᠲᠠᠪᠤᠷᠢᠲᠠᠢ ᠪᠠᠶᠢᠵᠤ᠂ ᠥᠭᠡᠷᠡᠴᠢᠯᠡᠯᠲᠡ ᠶᠢᠨ | ᠦᠷ᠎ᠡ ᠪᠦᠲᠦᠮᠵᠢ ᠴᠤ ᠠᠩᠬ᠎ᠠ ᠠᠯᠬᠤᠮ ᠲᠣᠳᠣᠷᠠᠭᠰᠠᠨ ᠪᠠᠶᠢᠨ᠎ᠠ᠃ | ᠨᠢᠭᠡ ᠳᠤ᠂ ᠭᠠᠶᠢᠯᠢ ᠲᠠᠲᠠᠪᠤᠷᠢ ᠶᠢᠨ ᠠᠯᠪᠠᠳᠠᠯᠭ᠎ᠠ ᠶᠢᠨ ᠴᠢᠨᠠᠷ ᠨᠢ ᠪᠣᠬᠢᠷᠲᠤᠯ ᠭᠠᠳᠠᠭᠰᠢᠯᠠᠭᠤᠯᠬᠤ ᠠᠵᠤ | ᠠᠬᠤᠶᠢᠯᠠᠯ ᠪᠠ ᠤᠰᠤ ᠬᠡᠷᠡᠭᠯᠡᠬᠦ ᠠᠵᠤ ᠠᠬᠤᠶᠢᠯᠠᠯ ᠢ ᠬᠢᠵᠠᠭᠠᠷᠯᠠᠬᠤ ᠪᠠ ᠲᠠᠲᠠᠪᠤᠷᠢᠯᠠᠨ ᠬᠤᠷᠢᠶᠠᠬᠤ ᠡᠷᠴᠢᠮ ᠢᠶᠠᠨ | ᠴᠢᠩᠭᠠᠷᠠᠭᠤᠯᠵᠤ᠂ ᠭᠠᠶᠢᠯᠢ ᠲᠤᠰᠢᠶᠠᠭᠴᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠲᠤᠰᠢᠶᠠᠬᠤ | ᠦᠵᠡᠯ ᠤᠬᠠᠮᠰᠠᠷ ᠢ ᠨᠡᠶᠢᠳᠡᠮ ᠳᠤ ᠨᠢ ᠴᠢᠩᠭᠠᠷᠠᠭᠤᠯᠪᠠ᠃ ᠰᠦᠢᠳᠬᠡᠯ ᠢ ᠭᠠᠶᠢᠯᠢ ᠪᠣᠯᠭᠠᠨ ᠥᠭᠡᠷᠡᠴᠢᠯᠡᠭᠰᠡᠨ ᠤ | ᠳᠠᠷᠠᠭ᠎ᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢᠨ ᠭᠠᠶᠢᠯᠢ ᠲᠤᠰᠢᠶᠠᠭᠴᠢ᠂ ᠤᠰᠤᠨ ᠤ ᠡᠬᠢ | ᠪᠠᠶᠠᠯᠢᠭ ᠤᠨ ᠭᠠᠶᠢᠯᠢ ᠶᠢᠨ ᠭᠠᠶᠢᠯᠢ ᠲᠤᠰᠢᠶᠠᠭᠴᠢ ᠶᠢᠨ ᠤᠯᠠᠷᠢᠯ ᠢᠶᠠᠷ ᠭᠤᠶᠤᠴᠢᠯᠠᠨ ᠮᠡᠳᠡᠭᠦᠯᠵᠦ ᠲᠤᠰᠢᠶᠠᠬᠤ | ᠡᠭᠦᠷᠭᠡ ᠶᠢ ᠲᠣᠳᠣᠷᠬᠠᠶᠢᠯᠠᠵᠤ᠂ ᠬᠤᠭᠤᠴᠠᠭ᠎ᠠ ᠨᠢ ᠬᠡᠲᠦᠷᠡᠭᠡᠳ ᠭᠤᠶᠤᠴᠢᠯᠠᠨ ᠮᠡᠳᠡᠭᠦᠯᠪᠡᠯ ᠬᠤᠭᠤᠴᠠᠭ᠎ᠠ | ᠬᠡᠲᠦᠷᠡᠭᠰᠡᠨ ᠤ ᠮᠥᠩᠭᠦ ᠪᠠ ᠲᠣᠷᠭᠠᠭᠤᠯᠢ ᠶᠢᠨ ᠵᠣᠭᠤᠰ ᠨᠡᠮᠡᠨ ᠬᠤᠷᠢᠶᠠᠬᠤ ᠶᠢᠨ ᠬᠠᠮᠲᠤ᠂ ᠠᠵᠤ ᠠᠬᠤᠶᠢᠯᠠᠯ ᠤᠨ | ᠢᠲᠡᠭᠡᠯ ᠬᠦᠨᠳᠦ ᠶᠢ ᠦᠨᠡᠯᠡᠨ ᠮᠠᠭᠠᠳᠯᠠᠬᠤ ᠦᠨᠳᠦᠰᠦᠯᠡᠯ ᠪᠣᠯᠭᠠᠭᠰᠠᠨ ᠠᠴᠠ ᠪᠣᠬᠢᠷᠲᠤᠯ ᠭᠠᠳᠠᠭᠰᠢᠯᠠᠭᠤᠯᠬᠤ ᠠᠵᠤ | ᠠᠬᠤᠶᠢᠯᠠᠯ ᠪᠠ ᠤᠰᠤ ᠬᠡᠷᠡᠭᠯᠡᠬᠦ ᠠᠵᠤ ᠠᠬᠤᠶᠢᠯᠠᠯ ᠢ ᠬᠢᠵᠠᠭᠠᠷᠯᠠᠬᠤ ᠬᠦᠴᠦᠨ ᠢᠶᠠᠨ ᠴᠢᠩᠭᠠᠷᠠᠭᠤᠯᠵᠤ᠂ ᠭᠤᠶᠤᠴᠢᠯᠠᠨ | ᠮᠡᠳᠡᠭᠦᠯᠬᠦ ᠢᠳᠡᠪᠬᠢᠵᠢᠯ ᠪᠠ ᠴᠠᠭ ᠲᠤᠬᠠᠶᠢᠲᠤ ᠴᠢᠨᠠᠷ ᠢ ᠳᠡᠭᠡᠭᠰᠢᠯᠡᠭᠦᠯᠵᠦ᠂ ᠭᠠᠶᠢᠯᠢ ᠲᠠᠲᠠᠪᠤᠷᠢ ᠶᠢᠨ ᠣᠷᠣᠯᠭ᠎ᠠ ᠶᠢ | ᠨᠡᠮᠡᠭᠳᠡᠭᠦᠯᠦᠨ᠂ ᠭᠠᠶᠢᠯᠢ ᠲᠠᠲᠠᠪᠤᠷᠢ ᠶᠢᠨ ᠠᠯᠪᠠᠳᠠᠯᠭ᠎ᠠ ᠶᠢᠨ ᠴᠢᠨᠠᠷᠲᠤ ᠦᠢᠯᠡᠳᠦᠯ ᠴᠤ ᠲᠣᠳᠣᠷᠬᠠᠢ ᠢᠯᠡᠷᠡᠪᠡ᠃ | ᠡᠭᠦᠨ ᠤ ᠬᠠᠮᠲᠤ ᠮᠠᠨ ᠤ ᠲᠣᠪᠴᠢᠶ᠎ᠠ ᠶᠢᠨ ᠬᠢᠨ ᠣᠯᠠᠨ ᠠᠷᠭ᠎ᠠ ᠵᠠᠮ ᠣᠯᠠᠨ ᠠᠷᠭ᠎ᠠ ᠬᠡᠯᠪᠡᠷᠢ ᠪᠠᠷ ᠬᠠᠮᠢᠶ᠎ᠠ ᠪᠦᠬᠦᠢ | ᠲᠥᠷᠥ ᠶᠢᠨ ᠪᠣᠳᠣᠯᠭ᠎ᠠ ᠶᠢ ᠶᠡᠭᠡ ᠬᠡᠪᠴᠢᠶ᠎ᠡ ᠪᠠᠷ ᠤᠬᠠᠭᠤᠯᠤᠭᠰᠠᠨ ᠪᠠ ᠬᠠᠪᠰᠤᠷᠤᠨ ᠵᠢᠯᠣᠭᠤᠳᠤᠭᠰᠠᠨ ᠠᠴᠠ | ᠥᠭᠡᠷᠡᠴᠢᠯᠡᠯᠲᠡ ᠬᠢᠬᠦ ᠶᠢᠨ ᠡᠮᠦᠨᠡᠬᠢ ᠲᠠᠲᠠᠪᠤᠷᠢᠯᠠᠨ ᠬᠤᠷᠢᠶᠠᠬᠤ ᠬᠦᠷᠢᠶ᠎ᠡ ᠬᠡᠪᠴᠢᠶᠡᠨ ᠳᠤ ᠣᠷᠣᠭᠤᠯᠤᠭᠰᠠᠨ ᠦᠭᠡᠢ | ᠬᠡᠰᠡᠭ ᠭᠠᠶᠢᠯᠢ ᠲᠤᠰᠢᠶᠠᠭᠴᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢᠨ ᠮᠡᠳᠡᠭᠡ ᠵᠠᠩᠭᠢ ᠶᠢ | ᠰᠠᠨᠠᠭᠠᠴᠢᠯᠠᠭ᠎ᠠ ᠠᠴᠠ ᠪᠠᠨ ᠴᠤᠭᠯᠠᠭᠤᠯᠤᠨ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢ | ᠰᠠᠨᠠᠭᠠᠴᠢᠯᠠᠭ᠎ᠠ ᠠᠴᠠ ᠪᠠᠨ ᠭᠤᠶᠤᠴᠢᠯᠠᠨ ᠮᠡᠳᠡᠭᠦᠯᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢᠨ | ᠬᠥᠮᠥᠷᠭᠡ ᠳᠤ ᠣᠷᠣᠭᠤᠯᠬᠤ ᠨᠣᠷᠮ᠎ᠠ ᠢᠯᠡᠷᠬᠡᠢ ᠨᠡᠮᠡᠭᠳᠡᠭᠰᠡᠨ ᠪᠠᠶᠢᠨ᠎ᠠ᠃ | ᠬᠤᠶᠠᠷ ᠲᠤ᠂ ᠵᠠᠷᠢᠮ ᠠᠵᠤ ᠠᠬᠤᠶᠢᠯᠠᠯ ᠪᠠᠰᠠ ᠡᠨᠧᠷᠭᠢ ᠶᠢ ᠠᠷᠪᠢᠯᠠᠨ ᠪᠣᠬᠢᠷᠲᠤᠯ ᠭᠠᠳᠠᠭᠰᠢᠯᠠᠭᠤᠯᠤᠯᠲᠠ ᠪᠠᠨ | ᠪᠠᠭᠠᠰᠬᠠᠬᠤ ᠪᠡᠯᠡᠳᠬᠡᠮᠵᠢ ᠪᠠ ᠠᠭᠠᠷ ᠮᠠᠨᠳᠠᠯ ᠤᠨ ᠪᠣᠬᠢᠷᠲᠤᠯ ᠪᠣᠳᠠᠰ ᠢ ᠠᠦ᠋ᠲ ᠢᠶᠠᠷ ᠬᠢᠨᠠᠨ ᠰᠢᠨᠵᠢᠵᠦ ᠬᠡᠮᠵᠢᠬᠦ | ᠲᠥᠬᠦᠭᠡᠷᠦᠮᠵᠢ ᠶᠢ ᠰᠠᠨᠠᠭᠠᠴᠢᠯᠠᠭ᠎ᠠ ᠠᠴᠠ ᠪᠠᠨ ᠤᠭᠰᠠᠷᠠᠵᠤ᠂ ᠠᠵᠤ ᠠᠬᠤᠶᠢᠯᠠᠯ ᠤᠨ ᠡᠨᠧᠷᠭᠢ ᠶᠢ ᠠᠷᠪᠢᠯᠠᠨ | ᠪᠣᠬᠢᠷᠲᠤᠯ ᠤᠨ ᠭᠠᠳᠠᠭᠰᠢᠯᠠᠭᠤᠯᠤᠯᠲᠠ ᠪᠠᠨ ᠪᠠᠭᠠᠰᠬᠠᠬᠤ ᠶᠢ ᠠᠬᠢᠭᠤᠯᠵᠤ᠂ ᠠᠵᠤ ᠠᠬᠤᠶᠢᠯᠠᠯ ᠤᠨ ᠣᠷᠴᠢᠨ | ᠲᠣᠭᠤᠷᠢᠨ ᠢ ᠬᠠᠮᠠᠭᠠᠯᠠᠬᠤ ᠨᠡᠶᠢᠭᠡᠮ ᠤᠨ ᠬᠠᠷᠢᠭᠤᠴᠠᠯᠭ᠎ᠠ ᠶᠢ ᠭᠦᠢᠴᠡᠳᠬᠡᠭᠰᠡᠨ ᠢᠶᠠᠷ ᠪᠠᠷᠠᠬᠤ ᠦᠭᠡᠢ᠂ ᠭᠠᠶᠢᠯᠢ | ᠲᠠᠲᠠᠪᠤᠷᠢ ᠶᠢ ᠬᠠᠰᠤᠨ ᠬᠡᠯᠲᠦᠷᠢᠭᠦᠯᠬᠦ ᠬᠠᠷᠠᠭᠠᠯᠵᠠᠯ ᠢ ᠬᠦᠷᠲᠡᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠭᠠᠶᠢᠯᠢ ᠪᠠᠷ ᠠᠵᠤ ᠠᠬᠤᠶᠢᠯᠠᠯ ᠤᠨ ᠪᠣᠬᠢᠷᠲᠤᠯ ᠬᠥᠭᠵᠢᠯᠲᠡ᠂ ᠡᠨᠧᠷᠭᠢ ᠶᠢ ᠠᠷᠪᠢᠯᠠᠨ ᠪᠣᠬᠢᠷᠲᠤᠯ ᠤᠨ | ᠭᠠᠳᠠᠭᠰᠢᠯᠠᠭᠤᠯᠤᠯᠲᠠ ᠪᠠᠨ ᠪᠠᠭᠠᠰᠬᠠᠬᠤ ᠶᠢ ᠠᠬᠢᠭᠤᠯᠬᠤ ᠴᠢᠬᠤᠯᠠ ᠠᠴᠢ ᠬᠤᠯᠪᠣᠭᠳᠠᠯ ᠢ ᠪᠡᠶᠡᠯᠡᠭᠦᠯᠦᠭᠰᠡᠨ | ᠪᠠᠶᠢᠨ᠎ᠠ᠃ | ᠭᠤᠷᠪᠠ ᠳᠤ᠂ ᠵᠠᠷᠢᠮ ᠠᠵᠤ ᠠᠬᠤᠶᠢᠯᠠᠯ ᠨᠢ ᠤᠰᠤ ᠠᠷᠪᠢᠯᠠᠬᠤ ᠲᠥᠬᠦᠭᠡᠷᠦᠮᠵᠢ ᠳᠠᠬᠢ ᠣᠷᠣᠭᠤᠯᠤᠯᠲᠠ ᠶᠢᠨ | ᠡᠷᠴᠢᠮ ᠢᠶᠠᠨ ᠰᠠᠨᠠᠭᠠᠴᠢᠯᠠᠭ᠎ᠠ ᠠᠴᠠ ᠪᠠᠨ ᠴᠢᠩᠭᠠᠷᠠᠭᠤᠯᠵᠤ᠂ ᠤᠰᠤᠨ ᠤ ᠡᠬᠢ ᠪᠠᠶᠠᠯᠢᠭ ᠢ ᠶᠡᠷᠦᠩᠬᠡᠶᠢᠯᠡᠨ | ᠠᠰᠢᠭᠯᠠᠬᠤ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠦᠢᠯᠡᠳᠪᠦᠷᠢᠯᠡᠯ ᠳᠤ ᠵᠠᠷᠤᠴᠠᠭᠤᠯᠬᠤ ᠤᠰᠤᠨ ᠤ | ᠬᠡᠮᠵᠢᠶ᠎ᠡ ᠪᠠᠨ ᠪᠠᠭᠠᠰᠬᠠᠪᠠ᠃ ᠡᠭᠦᠨ ᠤ ᠬᠠᠮᠲᠤ᠂ ᠬᠡᠰᠡᠭ ᠠᠵᠤ ᠠᠬᠤᠶᠢᠯᠠᠯ ᠨᠢ ᠤᠰᠤ ᠬᠡᠷᠡᠭᠯᠡᠬᠦ ᠪᠦᠲᠦᠴᠡ ᠪᠠᠨ | ᠬᠤᠪᠢᠷᠠᠭᠤᠯᠵᠤ᠂ ᠥᠩᠭᠡᠷᠡᠭᠰᠡᠨ ᠳᠤ ᠭᠠᠵᠠᠷ ᠳᠣᠣᠷᠠᠬᠢ ᠤᠰᠤ ᠶᠢ ᠨᠡᠭᠡᠭᠡᠨ ᠮᠠᠯᠲᠠᠵᠤ ᠪᠠᠶᠢᠭᠰᠠᠨ ᠠᠴᠠ ᠭᠠᠵᠠᠷ ᠤᠨ | ᠭᠠᠳᠠᠷᠭᠤ ᠶᠢᠨ ᠤᠰᠤ ᠶᠢ ᠠᠪᠴᠤ ᠬᠡᠷᠡᠭᠯᠡᠬᠦ ᠪᠤᠶᠤ ᠬᠤᠲᠠ ᠬᠥᠳᠡᠭᠡ ᠶᠢᠨ ᠤᠰᠤ ᠬᠠᠩᠭᠠᠬᠤ ᠭᠤᠤᠷᠰᠤ ᠶᠢᠨ ᠲᠣᠣᠷ | ᠲᠠᠢ ᠠᠦ᠋ᠲ ᠢᠶᠠᠷ ᠵᠠᠯᠭᠠᠯᠳᠤᠭᠤᠯᠵᠤ ᠲᠦᠭᠡᠭᠡᠯ ᠤᠰᠤ ᠬᠡᠷᠡᠭᠯᠡᠬᠦ ᠪᠣᠯᠭᠠᠨ ᠬᠤᠪᠢᠷᠠᠭᠤᠯᠵᠤ᠂ ᠭᠠᠵᠠᠷ ᠳᠣᠣᠷᠠᠬᠢ | ᠤᠰᠤ ᠶᠢ ᠬᠡᠲᠦᠷᠡᠭᠦᠯᠦᠨ ᠮᠠᠯᠲᠠᠬᠤ ᠶᠢ ᠵᠣᠬᠢᠬᠤ ᠬᠡᠮᠵᠢᠶ᠎ᠡ ᠪᠠᠷ ᠬᠤᠷᠢᠭᠯᠠᠵᠤ᠂ ᠭᠠᠵᠠᠷ ᠳᠣᠣᠷᠠᠬᠢ ᠤᠰᠤᠨ ᠤ ᠡᠬᠢ | ᠪᠠᠶᠠᠯᠢᠭ ᠢ ᠬᠠᠮᠠᠭᠠᠯᠠᠵᠤ᠂ ᠨᠡᠶᠢᠭᠡᠮ ᠤᠨ ᠬᠢᠨ ᠣᠨᠴᠠᠭᠠᠶᠢᠯᠠᠨ ᠠᠵᠤ ᠠᠬᠤᠶᠢᠯᠠᠯ ᠤᠨ ᠤᠰᠤ ᠠᠷᠪᠢᠯᠠᠨ ᠬᠡᠷᠡᠭᠯᠡᠬᠦ | ᠦᠵᠡᠯ ᠤᠬᠠᠮᠰᠠᠷ ᠢ ᠴᠢᠩᠭᠠᠷᠠᠭᠤᠯᠵᠤ᠂ ᠡᠭᠦᠨ ᠤ ᠤᠯᠠᠮ ᠠᠴᠠ ᠦᠢᠯᠡᠳᠪᠦᠷᠢᠯᠡᠯ ᠤᠨ ᠠᠷᠭ᠎ᠠ ᠬᠡᠯᠪᠡᠷᠢ ᠳᠤ | ᠬᠡᠯᠪᠡᠷᠢ ᠪᠠᠨ ᠬᠤᠪᠢᠷᠠᠭᠤᠯᠵᠤ ᠳᠡᠰ ᠳᠡᠪᠰᠢᠬᠦ ᠶᠢ ᠠᠬᠢᠭᠤᠯᠵᠤ᠂ ᠤᠰᠤᠨ ᠤ ᠡᠬᠢ ᠪᠠᠶᠠᠯᠢᠭ ᠢ ᠠᠷᠪᠢᠯᠠᠬᠤ ᠪᠠ ᠵᠦᠢ | ᠵᠣᠬᠢᠰᠲᠠᠢ ᠬᠡᠷᠡᠭᠯᠡᠬᠦ ᠶᠢ ᠪᠡᠶᠡᠯᠡᠭᠦᠯᠪᠡ᠃ | ᠬᠥᠲᠥᠯᠥᠭᠴᠢ᠄ | ᠰᠠᠶᠢᠨ ᠪᠣᠯᠣᠯ᠎ᠠ᠂ ᠯᠢᠦ ᠲᠣᠪᠴᠢᠶᠠᠨ ᠳᠠᠷᠤᠭ᠎ᠠ ᠶᠢᠨ ᠲᠠᠶᠢᠯᠤᠮᠵᠢ ᠬᠢᠭᠰᠡᠨ ᠳᠤ ᠪᠠᠶᠠᠷᠯᠠᠯ᠎ᠠ᠂ ᠲᠤᠰ | ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠥᠨᠳᠥᠷᠯᠡᠬᠦ ᠪᠣᠯᠣᠯ᠎ᠠ᠂ ᠳᠠᠷᠠᠭᠠᠴᠢ ᠶᠢᠨ ᠬᠤᠭᠤᠴᠠᠭᠠᠨ ᠳᠤ | ᠳᠠᠬᠢᠨ ᠵᠣᠯᠭᠠᠶ᠎ᠠ᠂ ᠪᠠᠶᠠᠷᠲᠠᠢ︕ | | |