ᠥᠪᠥᠷ ᠮᠣᠩᠭᠤᠯ ᠤᠨ 25 ᠵᠦᠢᠯ ᠤᠨ ᠳᠡᠭᠡᠳᠦ ᠰᠢᠨ᠎ᠡ ᠮᠡᠷᠭᠡᠵᠢᠯ ᠤᠨ ᠦᠷ᠎ᠡ ᠪᠦᠲᠦᠭᠡᠯ ᠴᠦᠩᠴᠢᠩ ᠤᠨ ᠳᠡᠭᠡᠳᠦ ᠰᠢᠨ᠎ᠡ ᠮᠡᠷᠭᠡᠵᠢᠯ ᠤᠨ ᠦᠷ᠎ᠡ ᠪᠦᠲᠦᠭᠡᠯ ᠤᠨ ᠠᠷᠠᠯᠵᠢᠶ᠎ᠠ ᠰᠣᠯᠢᠯᠴᠠᠭᠠᠨ ᠤ ᠴᠤᠭᠯᠠᠭᠠᠨ ᠳᠤ ᠢᠯᠡᠷᠡᠪᠡ
ᠨᠡᠶᠢᠲᠡᠯᠡᠭᠰᠡᠨ ᠴᠠᠭ᠄
2018/6/29
      6 ᠳ᠋ᠤᠭᠠᠷ ᠰᠠᠷ᠎ᠠ ᠶᠢᠨ 21᠎ ᠤ ᠡᠳᠦᠷ ᠠᠴᠠ 24᠎ ᠤ ᠡᠳᠦᠷ ᠪᠣᠯᠲᠠᠯ᠎ᠠ᠂ ᠠᠷᠪᠠᠨ ᠭᠤᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠴᠦᠩᠴᠢᠩ ᠤᠨ ᠳᠡᠭᠡᠳᠦ ᠰᠢᠨ᠎ᠡ ᠮᠡᠷᠭᠡᠵᠢᠯ ᠤᠨ ᠦᠷ᠎ᠡ ᠪᠦᠲᠦᠭᠡᠯ ᠤᠨ ᠠᠷᠠᠯᠵᠢᠶ᠎ᠠ ᠰᠣᠯᠢᠯᠴᠠᠭᠠᠨ ᠤ ᠴᠤᠭᠯᠠᠭᠠᠨ ᠵᠢᠴᠢ ᠶᠢᠰᠦᠳᠦᠭᠡᠷ ᠬᠤᠭᠤᠴᠠᠭᠠᠨ ᠤ ᠳᠤᠮᠳᠠᠳᠤ ᠤᠯᠤᠰ ᠤᠨ ᠣᠯᠠᠨ ᠤᠯᠤᠰ ᠤᠨ ᠴᠡᠷᠢᠭ ᠠᠷᠠᠳ ᠤᠨ ᠬᠤᠶᠠᠷ ᠬᠡᠷᠡᠭᠴᠡᠭᠡᠲᠦ ᠮᠡᠷᠭᠡᠵᠢᠯ ᠤᠨ ᠦᠵᠡᠰᠬᠦᠯᠡᠩ ᠴᠦᠩᠴᠢᠩ ᠳᠤ ᠶᠠᠪᠤᠭᠳᠠᠪᠠ᠃ ᠮᠠᠨ ᠤ ᠣᠷᠣᠨ ᠤ 22 ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ 25 ᠵᠦᠢᠯ ᠤᠨ ᠳᠡᠭᠡᠳᠦ ᠰᠢᠨ᠎ᠡ ᠮᠡᠷᠭᠡᠵᠢᠯ ᠤᠨ ᠦᠷ᠎ᠡ ᠪᠦᠲᠦᠭᠡᠯ ᠴᠤᠭᠯᠠᠭᠠᠨ ᠳᠤ ᠰᠠᠶᠢᠨ ᠰᠠᠶᠢᠬᠠᠨ ᠲᠥᠷᠬᠦ ᠪᠠᠨ ᠲᠣᠳᠣᠷᠠᠭᠤᠯᠵᠤ᠂ ᠮᠠᠨ ᠤ ᠣᠷᠣᠨ ᠤ ᠵᠥᠭᠡᠯᠡᠨ ᠲᠤᠨᠤᠬ ᠤᠨ ᠮᠡᠳᠡᠭᠡ ᠵᠠᠩᠭᠢ ᠶᠢᠨ ᠮᠡᠷᠭᠡᠵᠢᠯ᠂ ᠠᠮᠢᠳᠤ ᠪᠣᠳᠠᠰ ᠤᠨ ᠡᠮ᠂ ᠰᠢᠨ᠎ᠡ ᠡᠳ᠋ ᠮᠠᠲ᠋ᠧᠷᠢᠶᠠᠯ᠂ ᠬᠤᠪᠣᠷ ᠰᠢᠷᠣᠶ ᠶᠢᠨ ᠠᠰᠢᠭᠯᠠᠯᠲᠠ᠂ ᠳᠡᠭᠡᠳᠦ ᠲᠡᠰ ᠤᠨ ᠲᠣᠨᠣᠭᠯᠠᠯ ᠦᠢᠯᠡᠳᠬᠦ ᠦᠢᠯᠡᠰ ᠵᠡᠷᠭᠡ ᠬᠦᠷᠢᠶᠡᠨ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠢᠶᠠᠨ ᠲᠥᠪᠯᠡᠷᠡᠭᠦᠯᠦᠨ ᠢᠯᠡᠷᠡᠭᠦᠯᠪᠡ᠃      ᠥᠪᠥᠷ ᠮᠣᠩᠭᠤᠯ ᠤᠨ ᠳᠡᠯᠭᠡᠨ ᠦᠵᠡᠭᠦᠯᠦᠯᠭᠡ ᠳᠤ ᠲᠠᠯᠪᠢᠭᠰᠠᠨ᠂ ᠨᠢᠭᠡᠨ ᠥᠷᠥᠭᠡᠨ ᠤ ᠬᠠᠯᠠᠭᠤᠨ ᠪᠠᠭᠤᠷᠠᠭᠤᠯᠬᠤ ᠰᠤᠷᠢᠨᠵᠢᠨᠲᠤ ᠮᠠᠰᠢᠨ ᠨᠢ ᠦᠵᠡᠭᠦᠯᠦᠯᠭᠡ ᠳᠤ ᠣᠷᠣᠯᠴᠠᠭᠰᠠᠨ ᠮᠠᠰᠢ ᠣᠯᠠᠨ ᠦᠵᠡᠭᠴᠢᠳ ᠤᠨ ᠠᠩᠬᠠᠷᠤᠯ ᠢ ᠲᠠᠲᠠᠵᠤ ᠪᠠᠶᠢᠯ᠎ᠠ᠂ ᠲᠤᠰ ᠲᠥᠬᠦᠭᠡᠷᠦᠮᠵᠢ ᠳᠤ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠡᠷᠬᠡ ᠲᠠᠢ ᠬᠤᠪᠣᠷ ᠰᠢᠷᠣᠶ ᠶᠢᠨ ᠰᠤᠷᠢᠨᠵᠢᠨᠲᠤ ᠬᠦᠷᠭᠡᠭᠦᠷ ᠮᠠᠲ᠋ᠧᠷᠢᠶᠠᠯ ᠪᠠ ᠰᠤᠷᠢᠨᠵᠢᠨᠲᠤ ᠬᠦᠷᠭᠡᠭᠦᠷ ᠳᠤ ᠬᠡᠷᠡᠭᠯᠡᠬᠦ ᠰᠣᠷᠢᠨᠵᠢᠨ ᠲᠠᠯᠠᠪᠠᠢ ᠶᠢᠨ ᠰᠢᠰᠲ᠋ᠧᠮ ᠢ ᠬᠡᠷᠡᠭᠯᠡᠵᠡᠢ᠂ 117 ᠯᠢᠲᠷ ᠤᠨ ᠬᠦᠢᠳᠡᠠ ᠬᠠᠳᠡᠭᠠᠯᠡᠭᠤᠷ ᠢ ᠡᠩ ᠤᠨ ᠳᠤᠯᠠᠭᠠᠨ ᠠᠴᠠ ᠲᠡᠭ ᠼᠧᠯᠰ ᠭᠷᠠᠳᠦ᠋ᠰ ᠬᠦᠷᠲᠡᠯ᠎ᠡ ᠪᠠᠭᠤᠷᠠᠭᠤᠯᠵᠤ᠂ ᠬᠠᠮᠤᠭ ᠤᠨ ᠶᠡᠭᠡ ᠬᠥᠯᠳᠡᠭᠡᠬᠦ ᠳᠤᠯᠠᠭᠠᠨ ᠤ ᠵᠥᠷᠢᠶ᠎ᠡ ᠨᠢ 24.5 ᠼᠧᠯᠰ ᠭᠷᠠᠳᠦ᠋ᠰ ᠬᠦᠷᠴᠦ᠂ ᠬᠥᠯᠳᠡᠭᠡᠭᠦᠷ᠂ ᠠᠷᠢᠬᠢᠨ ᠤ ᠬᠤᠷᠭᠤ ᠵᠡᠷᠭᠡ ᠪᠦᠲᠦᠭᠡᠭᠳᠡᠬᠦᠨ ᠳᠤ ᠥᠷᠭᠡᠨ ᠢᠶᠠᠷ ᠬᠡᠷᠡᠭᠯᠡᠵᠦ᠂ ᠣᠳᠣᠬᠠᠨ ᠳᠤ ᠭᠤᠣᠯ ᠬᠡᠷᠡᠭᠯᠡᠭᠳᠡᠵᠦ ᠪᠠᠶᠢᠭ᠎ᠠ ᠹᠷᠧᠶᠣᠨ ᠬᠥᠷᠥᠭᠡᠭᠴᠢ ᠶᠢ ᠣᠷᠣᠯᠠᠭᠤᠯᠤᠨ ᠰᠣᠯᠢᠵᠤ ᠪᠣᠯᠬᠤ ᠬᠦᠰᠡᠯᠡᠩᠲᠦ ᠬᠦᠷᠭᠡᠬᠦ ᠮᠡᠷᠭᠡᠵᠢᠯ ᠪᠣᠯᠣᠨ᠎ᠠ᠃ ᠲᠤᠰ ᠦᠷ᠎ᠡ ᠪᠦᠲᠦᠭᠡᠯ ᠢ ᠨᠡᠭᠡᠭᠡᠨ ᠠᠰᠢᠭᠯᠠᠭᠰᠠᠨ ᠨᠢᠭᠡᠴᠡ — ᠪᠤᠭᠤᠲᠤ ᠶᠢᠨ ᠬᠤᠪᠣᠷ ᠰᠢᠷᠣᠶ ᠶᠢᠨ ᠰᠤᠳᠤᠯᠭᠠᠨ ᠤ ᠬᠦᠷᠢᠶᠡᠯᠡᠩ ᠤᠨ ᠠᠵᠢᠯᠳᠡᠨ ᠤ ᠲᠠᠨᠢᠯᠴᠠᠭᠤᠯᠤᠭᠰᠠᠨ ᠢᠶᠠᠷ᠂ ᠲᠡᠳᠡ ᠪᠠᠰᠠ ᠥᠨᠳᠥᠷ ᠴᠢᠳᠠᠪᠬᠢ ᠲᠠᠢ ᠬᠤᠪᠣᠷ ᠰᠢᠷᠣᠶ ᠶᠢᠨ ᠪᠠᠶᠢᠩᠭᠤ ᠰᠣᠷᠢᠨᠵᠢᠨᠲᠤ ᠮᠠᠲ᠋ᠧᠷᠢᠶᠠᠯ᠂ ᠬᠤᠪᠣᠷ ᠰᠢᠷᠣᠶ ᠶᠢᠨ ᠮᠠᠭᠨᠢ ᠶᠢᠨ ᠬᠠᠶᠢᠯᠤᠰᠢ ᠵᠡᠷᠭᠡ ᠤᠯᠠᠨ ᠵᠦᠢᠯ ᠤᠨ ᠮᠡᠷᠭᠡᠵᠢᠯ ᠤᠨ ᠦᠷ᠎ᠡ ᠪᠦᠲᠦᠭᠡᠯ ᠢ ᠠᠪᠴᠢᠷᠠᠪᠠ᠂ ᠡᠳᠡᠭᠡᠷ ᠨᠢ ᠴᠥᠮ ᠬᠤᠯᠪᠣᠭᠳᠠᠯ ᠪᠦᠬᠦᠢ ᠮᠡᠷᠭᠡᠵᠢᠯ ᠤᠨ ᠬᠦᠷᠢᠶᠡᠨ ᠳᠠᠬᠢ ᠤᠯᠤᠰ ᠤᠨ ᠳᠣᠲᠣᠭᠠᠳᠤ ᠶᠢᠨ ᠲᠡᠷᠢᠭᠦᠨ ᠤ ᠬᠢᠷᠢ ᠲᠦᠪᠰᠢᠨ ᠢ ᠲᠥᠯᠥᠭᠡᠯᠡᠵᠦ ᠴᠢᠳᠠᠨ᠎ᠠ ᠭᠡᠪᠡ᠃ ᠣᠶᠢᠯᠠᠭᠠᠭᠰᠠᠨ ᠢᠶᠠᠷ᠂ ᠲᠣᠰ ᠤᠳᠠᠭᠠᠨ ᠤ ᠳᠡᠭᠡᠳᠦ ᠰᠢᠨ᠎ᠡ ᠮᠡᠷᠭᠡᠵᠢᠯ ᠤᠨ ᠦᠷ᠎ᠡ ᠪᠦᠲᠦᠭᠡᠯ ᠤᠨ ᠠᠷᠠᠯᠵᠢᠶ᠎ᠠ ᠰᠣᠯᠢᠯᠴᠠᠭᠠᠨ ᠤ ᠴᠤᠭᠯᠠᠭᠠᠨ ᠢ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠳᠤᠮᠳᠠᠳᠤ ᠤᠯᠤᠰ ᠤᠨ ᠡᠭᠦᠳᠦᠯᠲᠡ ᠶᠢᠨ ᠨᠡᠶᠢᠭᠡᠮᠯᠢᠭ ᠪᠣᠯᠤᠨ ᠴᠦᠩᠴᠢᠩ ᠬᠤᠲᠠ ᠶᠢᠨ ᠠᠷᠠᠳ ᠤᠨ ᠵᠠᠰᠠᠭ ᠤᠨ ᠣᠷᠳᠣᠨ ᠭᠤᠣᠯᠯᠠᠨ ᠡᠷᠭᠢᠯᠡᠵᠦ᠂ ᠨᠡᠶᠢᠲᠡ ᠪᠦᠬᠦ ᠪᠥᠮᠪᠥᠷᠴᠡᠭ ᠤᠨ 20 ᠭᠠᠷᠤᠶ ᠤᠯᠤᠰ ᠪᠣᠯᠤᠨ ᠭᠠᠵᠠᠷ ᠣᠷᠣᠨ ᠤ 1000 ᠭᠠᠷᠤᠶ ᠠᠵᠤ ᠠᠬᠤᠶᠢᠯᠠᠯ᠂ 30 ᠭᠠᠷᠤᠶ ᠶᠡᠭᠡ ᠳᠡᠭᠡᠳᠦ ᠰᠤᠷᠭᠠᠭᠤᠯᠢ ᠶᠢ ᠣᠷᠣᠯᠴᠠᠭᠤᠯᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号