ᠣᠶᠢᠷ᠎ᠠ ᠳᠤ ᠮᠠᠨ ᠤ ᠣᠷᠣᠨ ᠤ ᠠᠭᠠᠷ ᠤᠨ ᠳᠤᠯᠠᠭᠠᠨ ᠬᠡᠲᠦᠷᠬᠡᠶ ᠥᠨᠳᠥᠷ ᠪᠣᠯᠵᠤ᠂ ᠶᠡᠬᠡᠩᠬᠢ ᠬᠡᠰᠡᠭ | ᠭᠠᠵᠠᠷ ᠣᠷᠣᠨ ᠤ ᠠᠭᠠᠷ ᠤᠨ ᠳᠤᠯᠠᠭᠠᠨ ᠡᠩ ᠤᠨ ᠵᠢᠯ ᠤᠨ ᠠᠳᠠᠯᠢ ᠬᠤᠭᠤᠴᠠᠭᠠᠨ ᠤ ᠬᠢ ᠠᠴᠠ 2 — 3 ℃ | ᠥᠨᠳᠥᠷ ᠪᠣᠯᠪᠠ᠂ ᠡᠭᠦᠨ ᠤ ᠬᠠᠮᠲᠤ ᠬᠤᠷ᠎ᠠ ᠲᠣᠨᠣᠳᠠᠰᠤ ᠪᠠᠭᠠᠰᠴᠤ ᠠᠭᠤᠷᠰᠢᠯᠲᠠ ᠶᠡᠭᠡ ᠠᠴᠠ ᠪᠣᠯᠵᠤ ᠣᠯᠠᠩᠬᠢ | ᠭᠠᠵᠠᠷ ᠤᠨ ᠭᠠᠩ ᠤᠨ ᠪᠠᠶᠢᠳᠠᠯ ᠮᠠᠰᠢ ᠲᠦᠷᠭᠡᠨ ᠰᠢᠷᠦᠭᠦᠰᠴᠦ᠂ ᠪᠥᠬᠦ ᠣᠷᠣᠨ ᠤ 52 .1% ᠶᠢᠨ ᠲᠠᠯᠠᠪᠠᠶ ᠭᠠᠩ | ᠭᠠᠮᠰᠢᠭ ᠤᠨ ᠨᠥᠯᠥᠭᠡᠯᠡᠯ ᠢ ᠬᠦᠷᠲᠡᠪᠡ᠃ | ᠣᠶᠢᠯᠠᠭᠠᠭᠰᠠᠨ ᠢᠶᠠᠷ᠂ ᠬᠤᠷ᠎ᠠ ᠲᠤᠨᠳᠠᠰᠤ ᠪᠠᠭ᠎ᠠ᠂ ᠠᠭᠠᠷ ᠤᠨ ᠳᠤᠯᠠᠭᠠᠨ ᠬᠡᠲᠦᠷᠬᠡᠶ ᠥᠨᠳᠥᠷ ᠵᠡᠷᠭᠡ | ᠬᠦᠴᠦᠨ ᠵᠦᠢᠯ ᠠᠴᠠ ᠪᠤᠯᠵᠤ ᠮᠠᠨ ᠤ ᠣᠷᠣᠨ ᠤ ᠭᠠᠩ ᠤᠨ ᠪᠠᠶᠢᠳᠠᠯ ᠮᠠᠰᠢ ᠲᠦᠷᠭᠡᠨ ᠰᠢᠷᠦᠭᠦᠰᠪᠡ᠃ ᠣᠳᠣᠬᠠᠨ | ᠪᠣᠯᠲᠠᠯ᠎ᠠ᠂ ᠳᠤᠮᠳᠠ ᠵᠡᠷᠭᠡ ᠵᠢᠴᠢ ᠲᠡᠭᠦᠨ ᠠᠴᠠ ᠳᠡᠭᠡᠭᠰᠢᠬᠢ ᠭᠠᠩᠳᠠᠯ ᠨᠢ ᠭᠤᠤᠯᠳᠠᠭᠤ ᠬᠥᠯᠥᠨ ᠪᠤᠶᠢᠷ ᠬᠤᠲᠠ ᠶᠢᠨ | ᠪᠠᠷᠠᠭᠤᠨ ᠡᠮᠦᠨᠡᠲᠦ ᠬᠡᠰᠡᠭ᠂ ᠲᠦᠩᠯᠢᠶᠣᠤ ᠬᠤᠲᠠ ᠶᠢᠨ ᠡᠮᠦᠨ᠎ᠡ ᠬᠡᠰᠡᠭ᠂ ᠤᠯᠠᠭᠠᠨᠬᠠᠳᠠ ᠬᠤᠲᠠ ᠶᠢᠨ ᠳᠤᠮᠳᠠ | ᠬᠡᠰᠡᠭ᠂ ᠰᠢᠯᠢ ᠶᠢᠨ ᠭᠤᠣᠯ ᠠᠶᠢᠮᠠᠭ ᠤᠨ ᠳᠤᠮᠳᠠ ᠬᠡᠰᠡᠭ ᠪᠣᠯᠣᠨ ᠬᠤᠶᠢᠲᠤ ᠬᠡᠰᠡᠭ᠂ ᠤᠯᠠᠭᠠᠨᠴᠠᠪ ᠬᠤᠲᠠ ᠶᠢᠨ | ᠶᠡᠬᠡᠩᠬᠢ ᠬᠡᠰᠡᠭ᠂ ᠬᠥᠬᠡᠬᠤᠲᠠ ᠶᠢᠨ ᠳᠤᠮᠳᠠ ᠬᠡᠰᠡᠭ᠂ ᠪᠤᠭᠤᠲᠤ ᠬᠤᠲᠠ ᠶᠢᠨ ᠳᠤᠮᠳᠠ ᠬᠤᠶᠢᠲᠤ ᠬᠡᠰᠡᠭ᠂ | ᠣᠷᠳᠣᠰ ᠬᠤᠲᠠ ᠶᠢᠨ ᠬᠤᠶᠢᠲᠤ ᠬᠡᠰᠡᠭ᠂ ᠪᠠᠶᠠᠨᠨᠠᠭᠤᠷ ᠬᠤᠲᠠ ᠶᠢᠨ ᠬᠤᠶᠢᠲᠤ ᠬᠡᠰᠡᠭ ᠪᠣᠯᠣᠨ ᠠᠯᠠᠱᠠ ᠠᠶᠢᠮᠠᠭ ᠲᠤ | ᠢᠯᠡᠷᠡᠭᠰᠡᠨ ᠪᠠᠶᠢᠨ᠎ᠠ᠃ | ᠥᠪᠥᠷ ᠮᠣᠩᠭᠤᠯ ᠤᠨ ᠴᠠᠭ ᠠᠭᠤᠷ ᠤᠨ ᠦᠷᠲᠡᠭᠡ ᠶᠢᠨ ᠵᠢᠱᠢᠯᠲᠡ ᠪᠠᠷ᠂ ᠢᠷᠡᠬᠦ 3 ᠭᠤᠷᠪᠠᠨ ᠡᠳᠦᠷ ᠲᠤ᠂ | ᠪᠥᠬᠦ ᠣᠷᠣᠨ ᠤ ᠶᠡᠬᠡᠩᠬᠢ ᠭᠠᠵᠠᠷ ᠲᠤ ᠲᠡᠭᠰᠢ ᠪᠤᠰᠤ ᠬᠡᠮᠵᠢᠶᠡᠨ ᠤ ᠪᠣᠷᠤᠭᠠᠨ ᠲᠠᠢ᠃ ᠡᠭᠦᠨ ᠳᠤ᠄ ᠰᠢᠯᠢ ᠶᠢᠨ | ᠭᠤᠣᠯ ᠠᠶᠢᠮᠠᠭ ᠤᠨ ᠵᠡᠭᠦᠨ ᠬᠤᠶᠢᠲᠤ ᠬᠡᠰᠡᠭ᠂ ᠤᠯᠠᠭᠠᠨᠬᠠᠳᠠ ᠬᠤᠲᠠ ᠶᠢᠨ ᠬᠤᠶᠢᠲᠤ ᠬᠡᠰᠡᠭ᠂ ᠲᠦᠩᠯᠢᠶᠣᠤ | ᠬᠤᠳᠠ᠂ ᠬᠢᠩᠭᠠᠨ ᠠᠶᠢᠮᠠᠭ᠂ ᠬᠥᠯᠥᠨ ᠪᠤᠶᠢᠷ ᠬᠤᠳᠠ ᠶᠢᠨ ᠳᠤᠮᠳᠠᠳᠤ ᠬᠡᠰᠡᠭ ᠪᠣᠯᠣᠨ ᠵᠡᠭᠦᠨ ᠬᠡᠰᠡᠭ ᠲᠤ | ᠠᠯᠠᠭᠯᠠᠭᠰᠠᠨ ᠪᠠᠭ᠎ᠠ ᠪᠣᠷᠣᠭᠠᠨ ᠪᠤᠶᠤ ᠠᠶᠤᠩᠭᠠᠲᠤ ᠵᠢᠷᠪᠢᠰᠬᠢᠨ ᠪᠣᠷᠣᠭᠠᠨ ᠲᠠᠢ᠂ ᠠᠯᠠᠱᠠ ᠠᠶᠢᠮᠠᠭ ᠤᠨ ᠡᠮᠦᠨ᠎ᠡ | ᠬᠡᠰᠡᠭ ᠲᠤ ᠪᠠᠭ᠎ᠠ ᠵᠢᠷᠪᠢᠰᠬᠢᠨ ᠪᠣᠷᠣᠭᠠᠨ ᠲᠠᠢ᠂ ᠲᠦᠩᠯᠢᠶᠣᠤ ᠬᠤᠲᠠ ᠶᠢᠨ ᠵᠡᠭᠦᠨ ᠬᠤᠶᠢᠲᠤ ᠬᠡᠰᠡᠭ᠂ ᠬᠢᠩᠭᠠᠨ | ᠠᠶᠢᠮᠠᠭ ᠤᠨ ᠵᠡᠭᠦᠨ ᠡᠮᠦᠨᠡᠲᠦ ᠬᠡᠰᠡᠭ ᠲᠤ ᠳᠤᠮᠳᠠ ᠵᠡᠷᠭᠡ ᠶᠢᠨ ᠪᠣᠷᠣᠭᠠᠨ ᠲᠠᠢ᠂ ᠳᠡᠭᠡᠷ᠎ᠡ ᠳᠤᠷᠠᠳᠤᠭᠰᠠᠨ ᠭᠠᠵᠠᠷ | ᠣᠷᠣᠨ ᠳᠤ ᠭᠱᠠᠨ ᠵᠠᠭᠤᠷ᠎ᠠ ᠶᠢᠨ ᠠᠭᠠᠳᠠᠷ ᠪᠣᠷᠣᠭᠠᠨ᠂ ᠠᠶᠤᠩᠭᠠᠲᠤ ᠴᠠᠬᠢᠯᠭᠠᠨ ᠳᠣᠭᠰᠢᠨ ᠰᠠᠯᠬᠢ ᠵᠡᠷᠭᠡ ᠰᠣᠯᠢᠭ | ᠤᠷᠤᠰᠬᠠᠯᠲᠤ ᠠᠭᠤᠷ ᠠᠮᠢᠰᠬᠤᠯ ᠢᠯᠡᠷᠡᠨ᠎ᠡ︔ ᠳᠤᠮᠳᠠᠳᠤ ᠪᠣᠯᠣᠨ ᠵᠡᠭᠦᠨ ᠬᠡᠰᠡᠭ ᠲᠤ ᠪᠠᠷᠠᠭᠤᠨ ᠬᠤᠶᠢᠨ᠎ᠠ ᠠᠴᠠ 4 | ~ 5 ᠳᠡᠰ ᠪᠣᠶᠣ ᠲᠦᠷ ᠴᠠᠭ 6 ᠳᠡᠰ ᠤᠨ ᠰᠠᠯᠬᠢ ᠰᠠᠯᠬᠢᠯᠠᠨ᠎ᠠ︔ ᠠᠯᠠᠱᠠ ᠠᠶᠢᠮᠠᠭ ᠤᠨ ᠪᠠᠷᠠᠭᠤᠨ ᠬᠤᠶᠢᠲᠤ | ᠬᠡᠰᠡᠭ ᠲᠤ 35℃ ᠠᠴᠠ ᠳᠡᠭᠡᠭᠰᠢ ᠠᠭᠠᠭᠢᠮ᠎ᠠ ᠬᠠᠯᠠᠭᠤᠨ ᠢᠯᠡᠷᠡᠬᠦ ᠪᠣᠯᠣᠨ᠎ᠠ᠃ |