︵2015 ᠣᠨ ᠤ 6 ᠳ᠋ᠤᠭᠠᠷ ᠰᠠᠷ᠎ᠠ ᠶᠢᠨ 30 ᠤ ᠡᠳᠤᠷ ᠦᠪᠡᠷᠳᠡᠭᠡᠨ ᠵᠠᠰᠠᠬᠤ ᠣᠷᠤᠨ ᠤ ᠠᠷᠠᠳ ᠤᠨ | ᠵᠠᠰᠠᠭ ᠤᠨ ᠣᠷᠳᠤᠨ ᠤ ᠵᠠᠷᠯᠢᠭ 214 ᠳ᠋ᠤᠭᠡᠷ ᠲᠣᠭᠠᠲᠤ ᠪᠠᠷ ᠨᠡᠶᠢᠲᠡᠯᠡᠪᠡ 2018 ᠣᠨ ᠤ 1 ᠳ᠋ᠤᠭᠡᠷ ᠰᠡᠷ᠎ᠡ ᠶᠢᠨ | 16 ᠤ ᠡᠳᠤᠷ ︽ᠵᠠᠰᠠᠭ ᠤᠨ ᠣᠷᠳᠣᠨ ᠤ ᠬᠡᠰᠡᠭ ᠳᠥᠷᠢᠮ ᠲᠣᠭᠲᠠᠭᠠᠯ ᠳᠤ ᠵᠠᠰᠠᠪᠤᠷᠢ ᠣᠷᠤᠭᠤᠯᠬᠤ ᠲᠤᠬᠠᠢ ᠥᠪᠥᠷ | ᠮᠣᠩᠭᠤᠯ ᠶᠢᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ︾ ᠢ | ᠦᠨᠳᠦᠰᠦᠯᠡᠨ ᠵᠠᠰᠠᠪᠤᠷᠢ ᠣᠷᠤᠭᠤᠯᠪᠠ︶ | | ᠨᠢᠭᠡᠳᠣᠭᠡᠷ ᠪᠦᠯᠦᠭ ᠶᠡᠷᠦᠩᠭᠡᠢ ᠳᠦᠷᠢᠮ | ᠨᠢᠭᠡᠳᠣᠭᠡᠷ ᠵᠦᠢᠯ ᠠᠭᠤᠷ ᠠᠮᠢᠰᠬᠤᠯ ᠤᠨ ᠡᠬᠢ ᠪᠠᠶᠠᠯᠢᠭ ᠢ ᠪᠦᠳᠦᠮᠵᠢᠲᠠᠢ ᠬᠠᠮᠠᠭᠠᠯᠠᠬᠤ ᠪᠠ ᠵᠤᠬᠢᠰᠲᠠᠢ | ᠨᠡᠭᠡᠭᠡᠨ ᠠᠰᠢᠭᠯᠠᠵᠤ᠂ ᠠᠮᠢ ᠠᠬᠤᠢ ᠶᠢᠨ ᠪᠣᠯᠪᠠᠰᠤᠨ ᠤ ᠪᠦᠳᠦᠭᠡᠨ ᠪᠠᠶᠢᠭᠤᠯᠤᠯᠳᠠ ᠶᠢ ᠠᠬᠢᠭᠤᠯᠤᠨ᠂ ᠠᠵᠤ ᠠᠬᠤᠢ | ᠨᠡᠶᠢᠭᠡᠮ ᠤᠨ ᠦᠷᠭᠦᠯᠵᠢᠯᠡᠨ ᠬᠦᠭᠵᠢᠬᠦ ᠶᠢ ᠠᠬᠢᠭᠤᠯᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠲᠤᠮᠳᠠᠳᠤ | ᠠᠷᠠᠳ ᠤᠯᠤᠰ ᠤᠨ ᠴᠠᠭ ᠠᠭᠤᠷ ᠤᠨ ᠬᠠᠣᠯᠢ︾ ᠵᠡᠷᠭᠡ ᠬᠤᠯᠪᠣᠭᠳᠠᠯ ᠪᠦᠬᠦᠢ ᠬᠠᠣᠯᠢ ᠴᠠᠭᠠᠵᠠ᠂ ᠬᠠᠣᠯᠢ | ᠲᠣᠭᠳᠠᠭᠠᠯ ᠢ ᠦᠨᠳᠦᠰᠦᠯᠡᠵᠤ᠂ ᠦᠪᠡᠷᠳᠡᠭᠡᠨ ᠵᠠᠰᠠᠬᠤ ᠤᠷᠤᠨ ᠤ ᠪᠣᠳᠠᠲᠠᠢ ᠲᠠᠢ ᠤᠶᠠᠯᠳᠣᠭᠤᠯᠤᠨ᠂ ᠲᠤᠰ ᠠᠷᠭ᠎ᠠ | ᠶᠢ ᠲᠣᠭᠳᠠᠭᠠᠪᠠ᠃ | ᠬᠤᠶᠠᠳᠤᠭᠠᠷ ᠵᠦᠢᠯ ᠦᠪᠡᠷᠳᠡᠭᠡᠨ ᠵᠠᠰᠠᠬᠤ ᠣᠷᠤᠨ ᠤ ᠵᠠᠰᠠᠭ ᠵᠠᠬᠢᠷᠭᠠᠨ ᠤ ᠣᠷᠤᠨ ᠤ ᠳᠣᠳᠤᠷᠠᠬᠢ ᠠᠭᠤᠷ | ᠠᠮᠢᠰᠬᠤᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠬᠠᠮᠠᠭᠠᠯᠠᠬᠤ ᠠᠵᠢᠯ ᠢ ᠬᠢᠭᠰᠡᠳ ᠲᠤᠰ ᠠᠷᠭ᠎ᠠ ᠶᠢ | ᠵᠢᠷᠤᠮᠯᠠᠬᠤ ᠬᠡᠷᠡᠭᠲᠡᠢ᠃ | ᠠᠭᠤᠷ ᠠᠮᠢᠰᠬᠤᠯ ᠤᠨ ᠡᠬᠢ ᠪᠠᠶᠠᠯᠢᠭ ᠭᠡᠳᠡᠭ ᠪᠣᠯ ᠠᠭᠠᠷ ᠮᠠᠨᠳᠠᠯ ᠤᠨ ᠳᠣᠳᠣᠷ᠎ᠠ ᠠᠴᠠ ᠬᠦᠮᠦᠨ | ᠲᠦᠷᠦᠯᠬᠢᠳᠡᠨ ᠤ ᠦᠢᠯᠡᠳᠪᠦᠷᠢᠯᠡᠯ ᠠᠮᠢᠳᠤᠷᠠᠯ ᠳᠤ ᠠᠰᠢᠭᠯᠠᠭᠳᠠᠬᠤ ᠨᠠᠷᠠᠨ ᠤ ᠭᠡᠷᠡᠯ ᠤᠨ ᠣᠶᠢᠯᠳᠠ᠂ ᠰᠠᠯᠬᠢ᠂ | ᠬᠤᠷ᠎ᠠ ᠶᠢᠨ ᠡᠬᠦᠯᠡ᠂ ᠢᠯᠴᠢ ᠶᠢᠨ ᠬᠡᠮᠵᠢᠶ᠎ᠡ ᠵᠡᠷᠭᠡ ᠪᠠᠶᠢᠭᠠᠯᠢ ᠶᠢᠨ ᠪᠣᠳᠠᠰ ᠪᠤᠯᠤᠨ ᠡᠨᠧᠷᠬᠢ ᠶᠢ ᠵᠢᠭᠠᠵᠤ ᠪᠤᠢ᠃ | ᠭᠤᠷᠪᠠᠳᠤᠭᠠᠷ ᠵᠦᠢᠯ ᠠᠭᠤᠷ ᠠᠮᠢᠰᠬᠤᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠬᠠᠮᠠᠭᠠᠯᠠᠬᠤ ᠳᠤ | ᠨᠢᠭᠡᠳᠦᠯᠲᠠᠢ ᠲᠦᠯᠦᠪᠯᠡᠨ ᠲᠦᠯᠦᠪᠵᠢᠭᠦᠯᠬᠦ᠂ ᠬᠠᠮᠠᠭᠠᠯᠠᠬᠤ ᠶᠢ ᠡᠩ ᠲᠡᠷᠢᠭᠦᠨ ᠳᠤ ᠲᠠᠯᠪᠢᠬᠤ᠂ ᠰᠢᠨᠵᠢᠯᠡᠬᠦ | ᠤᠬᠠᠭᠠᠨᠴᠢ ᠪᠠᠷ ᠨᠡᠭᠡᠭᠡᠬᠦ᠂ ᠵᠣᠬᠢᠰᠲᠠᠢ ᠠᠰᠢᠭᠯᠠᠬᠤ ᠵᠠᠷᠴᠢᠮ ᠢ ᠪᠠᠷᠢᠮᠳᠠᠯᠠᠬᠤ ᠬᠡᠷᠡᠭᠲᠡᠢ᠃ | ᠳᠦᠷᠪᠡᠳᠦᠭᠡᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠤᠨ ᠨᠤᠭᠤᠳ ᠠᠭᠤᠷ ᠠᠮᠢᠰᠬᠤᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠬᠠᠮᠠᠭᠠᠯᠠᠬᠤ ᠠᠵᠢᠯ ᠤᠨ | ᠤᠳᠤᠷᠢᠳᠤᠯᠭ᠎ᠠ ᠶᠢ ᠴᠢᠩᠭᠠᠳᠬᠠᠵᠤ᠂ ᠲᠡᠭᠦᠨ ᠢ ᠤᠯᠤᠰ ᠠᠷᠠᠳ ᠤᠨ ᠠᠵᠤ ᠠᠬᠤᠢ ᠪᠣᠯᠣᠨ ᠨᠡᠶᠢᠭᠡᠮ ᠤᠨ | ᠬᠦᠭᠵᠢᠯᠳᠡ ᠶᠢᠨ ᠲᠥᠯᠥᠪᠵᠢᠭᠦᠯᠭᠡ ᠳᠤ ᠣᠷᠤᠭᠤᠯᠬᠤ ᠬᠡᠷᠡᠭᠲᠡᠢ᠃ | ᠲᠠᠪᠤᠳᠣᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠴᠠᠭ ᠠᠭᠤᠷ ᠤᠨ ᠭᠤᠣᠯᠴᠢᠯᠠᠨ | ᠬᠠᠮᠢᠶᠠᠷᠬᠤ ᠪᠠᠶᠢᠭᠤᠯᠤᠮᠵᠢ ᠨᠤᠭᠤᠳ ᠲᠣᠰ ᠵᠠᠰᠠᠭ ᠵᠠᠬᠢᠷᠭᠠᠨ ᠤ ᠣᠷᠤᠨ ᠤ ᠳᠣᠳᠤᠷᠠᠬᠢ ᠠᠭᠤᠷ ᠠᠮᠢᠰᠬᠤᠯ ᠤᠨ ᠡᠬᠢ | ᠪᠠᠶᠠᠯᠢᠭ ᠢ ᠨᠡᠭᠡᠭᠡᠨ ᠠᠰᠢᠭᠯᠠᠬᠤ ᠪᠠ ᠬᠠᠮᠠᠭᠠᠯᠠᠬᠤ ᠠᠵᠢᠯ ᠳᠤ ᠬᠢᠨᠠᠯᠳᠠ ᠲᠠᠯᠪᠢᠵᠦ ᠬᠠᠮᠢᠶᠠᠷᠬᠤ ᠶᠢ ᠬᠠᠷᠢᠭᠤᠴᠠᠬᠤ | ᠬᠡᠷᠡᠭᠲᠡᠢ᠃ | ᠬᠦᠭᠵᠢᠭᠦᠯᠦᠯᠳᠡ ᠦᠭᠡᠷᠡᠴᠢᠯᠡᠯᠳᠡ᠂ ᠣᠷᠤᠨ ᠰᠠᠭᠤᠴᠠ ᠬᠤᠳᠡ ᠬᠦᠳᠡᠭᠡ ᠶᠢᠨ ᠪᠦᠳᠦᠭᠡᠨ ᠪᠠᠶᠢᠭᠤᠯᠤᠯᠳᠠ᠂ | ᠬᠤᠳᠡ ᠬᠦᠳᠡᠭᠡ ᠶᠢᠨ ᠲᠦᠯᠦᠪᠵᠢᠭᠦᠯᠭᠡ᠂ ᠣᠷᠴᠢᠨ ᠲᠣᠭᠤᠷᠢᠨ ᠤ ᠬᠠᠮᠠᠭᠠᠯᠠᠯᠳᠠ᠂ ᠤᠯᠤᠰ ᠤᠨ ᠭᠠᠵᠠᠷ ᠰᠢᠷᠣᠢ | ᠡᠬᠢ ᠪᠠᠶᠠᠯᠢᠭ᠂ ᠰᠢᠨᠵᠢᠯᠡᠬᠦ ᠤᠬᠠᠭᠠᠨ ᠮᠡᠷᠭᠡᠵᠢᠯ᠂ ᠲᠠᠷᠢᠶᠠᠯᠠᠩ ᠮᠠᠯ ᠠᠵᠤ ᠠᠬᠤᠢ᠂ ᠤᠢ ᠰᠢᠭᠤᠢ ᠵᠡᠷᠭᠡ ᠰᠠᠯᠠᠭ᠎ᠠ | ᠮᠦᠴᠢᠷ ᠤᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠶᠣᠰᠤᠭᠠᠷ᠂ ᠠᠭᠤᠷ ᠠᠮᠢᠰᠬᠤᠯ ᠤᠨ ᠡᠬᠢ ᠪᠠᠶᠠᠯᠢᠭ ᠢ | ᠨᠡᠭᠡᠭᠡᠨ ᠠᠰᠢᠭᠯᠠᠬᠤ ᠪᠠ ᠬᠠᠮᠠᠭᠠᠯᠠᠬᠤ ᠶᠢᠨ ᠬᠠᠮᠢᠶ᠎ᠠ ᠪᠦᠬᠦᠢ ᠠᠵᠢᠯ ᠢ ᠰᠠᠶᠢᠳᠣᠷ ᠬᠢᠬᠦ ᠬᠡᠷᠡᠭᠲᠡᠢ᠃ | ᠵᠢᠷᠭᠤᠳᠤᠭᠠᠷ ᠵᠦᠢᠯ ᠦᠪᠡᠷᠳᠡᠭᠡᠨ ᠵᠠᠰᠠᠬᠤ ᠣᠷᠣᠨ ᠠᠴᠠ ᠠᠭᠤᠷ ᠠᠮᠢᠰᠬᠤᠯ ᠤᠨ ᠡᠬᠢ ᠪᠠᠶᠠᠯᠢᠭ ᠢ ᠨᠡᠭᠡᠭᠡᠨ | ᠠᠰᠢᠭᠯᠠᠬᠤ ᠪᠠ ᠬᠠᠮᠠᠭᠠᠯᠠᠬᠤ ᠯᠤᠭ᠎ᠠ ᠬᠠᠮᠢᠶ᠎ᠠ ᠲᠠᠢ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠯ᠂ ᠲᠡᠷᠢᠭᠦᠨ ᠤ | ᠮᠡᠷᠭᠡᠵᠢᠯ ᠢ ᠳᠡᠯᠭᠡᠷᠡᠭᠦᠯᠬᠦ ᠪᠠ ᠬᠡᠷᠡᠭᠯᠡᠬᠦ ᠶᠢ ᠵᠣᠷᠢᠬᠵᠢᠭᠤᠯᠤᠨ ᠲᠡᠮᠵᠢᠨ᠎ᠡ᠃ | ᠲᠣᠯᠣᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠴᠠᠭ ᠠᠭᠤᠷ ᠤᠨ ᠭᠤᠣᠯᠴᠢᠯᠠᠨ | ᠬᠠᠮᠢᠶᠠᠷᠬᠤ ᠪᠠᠶᠢᠭᠤᠯᠤᠮᠵᠢ ᠪᠣᠯᠣᠨ ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ ᠠᠭᠤᠷ ᠠᠮᠢᠰᠬᠤᠯ ᠤᠨ ᠡᠬᠢ | ᠪᠠᠶᠠᠯᠢᠭ ᠢ ᠨᠡᠭᠡᠭᠡᠨ ᠠᠰᠢᠭᠯᠠᠬᠤ ᠪᠠ ᠬᠠᠮᠠᠭᠠᠯᠠᠬᠤ ᠬᠠᠤᠯᠢ ᠴᠠᠭᠠᠵᠠ᠂ ᠬᠠᠣᠯᠢ ᠲᠣᠭᠳᠠᠭᠠᠯ᠂ ᠲᠦᠷᠥ ᠶᠢᠨ | ᠪᠣᠳᠤᠯᠭ᠎ᠠ ᠵᠢᠴᠢ ᠬᠠᠮᠢᠶ᠎ᠠ ᠪᠦᠬᠦᠢ ᠮᠡᠳᠡᠯᠭᠡ ᠶᠢᠨ ᠤᠬᠠᠭᠤᠯᠤᠯ ᠢ ᠦᠷᠨᠢᠭᠦᠯᠵᠤ᠂ ᠨᠡᠶᠢᠳᠠ ᠣᠯᠠᠨ ᠤ ᠠᠭᠤᠷ | ᠠᠮᠢᠰᠬᠤᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠬᠠᠮᠠᠭᠠᠯᠠᠬᠤ ᠦᠵᠡᠯ ᠤᠬᠠᠮᠰᠠᠷ ᠢ ᠲᠡᠭᠡᠭᠰᠢᠯᠡᠭᠦᠯᠬᠦ | ᠬᠡᠷᠡᠭᠲᠡᠢ᠃ | ᠬᠤᠶᠠᠳᠤᠭᠠᠷ ᠪᠦᠯᠦᠭ ᠠᠭᠤᠷ ᠠᠮᠢᠰᠬᠤᠯ ᠤᠨ ᠡᠬᠢ ᠪᠠᠶᠠᠯᠢᠭ ᠢ ᠬᠠᠶᠢᠨ ᠬᠡᠮᠵᠢᠬᠦ ᠪᠠ ᠣᠷᠤᠨ | ᠬᠤᠪᠢᠶᠠᠷᠢᠯᠠᠬᠤ | ᠨᠠᠢᠮᠠᠳᠤᠭᠠᠷ ᠵᠦᠢᠯ ᠦᠪᠡᠷᠳᠡᠭᠡᠨ ᠵᠠᠰᠠᠬᠤ ᠣᠷᠤᠨ ᠤ ᠴᠠᠭ ᠠᠭᠤᠷ ᠤᠨ ᠭᠤᠣᠯᠴᠢᠯᠠᠨ ᠬᠠᠮᠢᠶᠠᠷᠬᠤ | ᠪᠠᠶᠢᠭᠤᠯᠤᠮᠵᠢ ᠠᠴᠠ ᠠᠭᠤᠷ ᠠᠮᠢᠰᠬᠤᠯ ᠤᠨ ᠡᠬᠢ ᠪᠠᠶᠠᠯᠢᠭ ᠤᠨ ᠬᠠᠶᠢᠨ ᠬᠡᠮᠵᠢᠬᠦ ᠠᠵᠢᠯ ᠢ ᠨᠢᠭᠡᠳᠤᠯᠲᠠᠢ ᠵᠤᠬᠢᠶᠠᠨ | ᠪᠠᠶᠢᠭᠤᠯᠵᠤ᠂ ᠵᠣᠬᠢᠴᠠᠭᠤᠯᠬᠤ ᠬᠡᠷᠡᠭᠲᠡᠢ᠃ | ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠴᠠᠭ ᠠᠭᠤᠷ ᠤᠨ ᠭᠤᠣᠯᠴᠢᠯᠠᠨ ᠬᠠᠮᠢᠶᠠᠷᠬᠤ | ᠪᠠᠶᠢᠭᠤᠯᠤᠮᠵᠢ ᠳᠤ ᠬᠠᠷᠢᠶᠠᠯᠠᠭᠳᠠᠬᠤ ᠴᠠᠭ ᠠᠭᠤᠷ ᠤᠨ ᠬᠤᠷᠢᠶ᠎ᠡ ᠥᠷᠳᠡᠭᠡ ᠨᠦᠭᠦᠳ ᠡᠭᠦᠷᠭᠡ ᠬᠠᠷᠢᠭᠤᠴᠠᠯᠭ᠎ᠠ ᠶᠢᠨ | ᠶᠤᠰᠤᠭᠠᠷ ᠠᠭᠤᠷ ᠠᠮᠢᠰᠬᠤᠯ ᠤᠨ ᠡᠬᠢ ᠪᠠᠶᠠᠯᠢᠭ ᠤᠨ ᠬᠠᠶᠢᠨ ᠬᠡᠮᠵᠢᠬᠦ ᠡᠭᠦᠷᠭᠡ ᠶᠢ ᠡᠭᠦᠷᠭᠡᠯᠡᠬᠦ ᠬᠡᠷᠡᠭᠲᠡᠢ᠃ | ᠪᠤᠰᠤᠳ ᠬᠤᠯᠪᠤᠭᠳᠠᠯ ᠪᠦᠬᠦᠢ ᠰᠠᠯᠠᠭ᠎ᠠ ᠮᠦᠴᠢᠷ ᠲᠤ ᠬᠠᠷᠢᠶᠠᠯᠠᠬᠳᠠᠬᠤ ᠴᠠᠭ ᠠᠭᠤᠷ ᠤᠨ ᠬᠤᠷᠢᠶ᠎ᠠ ᠦᠷᠳᠡᠭᠡ | ᠨᠦᠭᠦᠳ ᠵᠤᠬᠢᠬᠤ ᠡᠬᠦᠷᠬᠡ ᠬᠠᠷᠢᠭᠤᠴᠠᠯᠭ᠎ᠠ ᠶᠢᠨ ᠬᠡᠪᠴᠢᠶᠡᠨ ᠲᠤᠳᠤᠷ᠎ᠠ ᠪᠠᠨ ᠠᠭᠤᠷ ᠠᠮᠢᠰᠬᠤᠯ ᠤᠨ ᠡᠬᠢ | ᠪᠠᠶᠠᠯᠢᠭ ᠤᠨ ᠬᠠᠶᠢᠨ ᠬᠡᠮᠵᠢᠬᠦ ᠡᠬᠦᠷᠬᠡ ᠶᠢ ᠡᠬᠦᠷᠬᠡᠯᠡᠬᠦ ᠬᠡᠷᠡᠭᠳᠡᠢ᠃ | ᠶᠢᠰᠦᠳᠦᠭᠡᠷ ᠵᠦᠢᠯ ᠠᠭᠤᠷ ᠠᠮᠢᠰᠬᠤᠯ ᠤᠨ ᠡᠬᠢ ᠪᠠᠶᠠᠯᠢᠭ ᠢ ᠬᠠᠶᠢᠨ ᠬᠡᠮᠵᠢᠬᠦ ᠳᠤ ᠳᠦᠷᠦ ᠶᠢᠨ ᠶᠠᠪᠤᠳᠠᠯ ᠤᠨ | ᠬᠤᠷᠢᠶ᠎ᠠ ᠶᠢᠨ ᠴᠠᠭ ᠠᠭᠤᠷ ᠤᠨ ᠭᠤᠣᠯᠴᠢᠯᠠᠨ ᠬᠠᠮᠢᠶᠠᠷᠬᠤ ᠪᠠᠶᠢᠭᠤᠯᠤᠮᠵᠢ ᠶᠢᠨ ᠲᠤᠭᠳᠠᠭᠠᠭᠰᠠᠨ ᠠᠭᠤᠷ | ᠠᠮᠢᠰᠬᠤᠯ ᠤᠨ ᠡᠬᠢ ᠪᠠᠶᠠᠯᠢᠭ ᠢ ᠬᠠᠶᠢᠨ ᠬᠡᠮᠵᠢᠬᠦ ᠠᠷᠭ᠎ᠠ᠂ ᠪᠠᠷᠢᠮᠵᠢᠶ᠎ᠠ ᠪᠣᠯᠣᠨ ᠵᠢᠷᠤᠮᠵᠢᠯ ᠢ ᠬᠡᠷᠡᠭᠵᠢᠭᠦᠯᠵᠦ᠂ ᠬᠢᠨᠠᠨ | ᠪᠠᠶᠢᠴᠠᠭᠠᠯᠳᠠ ᠪᠠᠷ ᠬᠢᠷᠢ ᠲᠡᠩᠴᠡᠭᠰᠡᠨ ᠴᠠᠭ ᠠᠭᠤᠷ ᠤᠨ ᠲᠣᠰᠬᠠᠢ ᠬᠡᠷᠡᠭᠯᠡᠭᠡᠨ ᠤ ᠮᠡᠷᠭᠡᠵᠢᠯ ᠤᠨ ᠲᠣᠨᠤᠭ | ᠲᠦᠬᠦᠭᠡᠷᠦᠮᠵᠢ ᠪᠣᠯᠣᠨ ᠰᠢᠯᠭᠠᠨ ᠲᠣᠭᠳᠠᠭᠠᠯᠳᠠ ᠪᠠᠷ ᠬᠢᠷᠢ ᠲᠡᠩᠴᠡᠭᠰᠡᠨ ᠴᠠᠭ ᠠᠭᠤᠷ ᠤᠨ ᠬᠡᠮᠵᠢᠭᠦᠷ ᠪᠠᠭᠠᠵᠢ ᠶᠢ | ᠬᠡᠷᠡᠭᠯᠡᠭᠡᠳ ᠣᠯᠣᠭᠰᠠᠨ ᠠᠭᠤᠷ ᠠᠮᠢᠰᠬᠤᠯ ᠤᠨ ᠡᠬᠢ ᠪᠠᠶᠠᠯᠢᠭ ᠢ ᠬᠠᠶᠢᠨ ᠬᠡᠮᠵᠢᠭᠰᠡᠨ ᠮᠠᠲ᠋ᠧᠷᠢᠶᠠᠯ ᠢᠶᠠᠨ ᠤᠯᠤᠰ ᠤᠨ | ᠬᠠᠮᠢᠶ᠎ᠠ ᠪᠦᠬᠦᠢ ᠲᠣᠭᠳᠠᠭᠠᠯ ᠢᠶᠠᠷ ᠬᠤᠷᠢᠶᠠᠩᠭᠤᠶᠢᠯᠠᠨ ᠲᠤᠰᠢᠶᠠᠬᠤ ᠬᠡᠷᠡᠭᠲᠡᠢ᠃ | ᠠᠭᠤᠷ ᠠᠮᠢᠰᠬᠤᠯ ᠤᠨ ᠡᠬᠢ ᠪᠠᠶᠠᠯᠢᠭ ᠢ ᠬᠠᠶᠢᠨ ᠬᠡᠮᠵᠢᠭᠰᠡᠨ ᠮᠠᠲ᠋ᠧᠷᠢᠶᠠᠯ ᠢ ᠬᠤᠷᠠᠮᠳᠤᠭᠤᠯᠬᠤ᠂ ᠬᠢᠨᠠᠨ | ᠬᠠᠷᠭᠤᠭᠤᠯᠬᠤ᠂ ᠰᠢᠢᠳᠪᠦᠷᠢᠯᠡᠬᠦ᠂ ᠬᠠᠳᠠᠭᠠᠯᠠᠬᠤ᠂ ᠳᠠᠮᠵᠢᠭᠤᠯᠤᠨ ᠶᠠᠪᠤᠭᠤᠯᠬᠤ᠂ ᠨᠡᠶᠢᠳᠡᠯᠡᠬᠦ ᠵᠡᠷᠭᠡ ᠳᠤ ᠤᠯᠤᠰ ᠤᠨ | ᠬᠤᠯᠪᠤᠭᠳᠠᠯ ᠪᠦᠬᠦᠢ ᠮᠡᠷᠭᠡᠵᠢᠯ ᠤᠨ ᠵᠢᠷᠤᠮᠵᠢᠯ ᠪᠠ ᠨᠢᠭᠤᠴᠠ ᠶᠢ ᠬᠠᠮᠠᠭᠠᠯᠠᠬᠤ ᠲᠣᠭᠳᠠᠭᠠᠯ ᠢ ᠵᠢᠷᠤᠮᠯᠠᠬᠤ | ᠬᠡᠷᠡᠭᠲᠡᠢ᠃ | ᠠᠷᠪᠠᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠴᠠᠭ ᠠᠭᠤᠷ ᠤᠨ ᠭᠤᠣᠯᠴᠢᠯᠠᠨ | ᠬᠠᠮᠢᠶᠠᠷᠬᠤ ᠪᠠᠶᠢᠭᠤᠯᠤᠮᠵᠢ ᠨᠤᠭᠤᠳ ᠤᠯᠤᠰ ᠤᠨ ᠬᠤᠯᠪᠤᠭᠳᠠᠯ ᠪᠦᠬᠦᠢ ᠲᠣᠭᠳᠠᠭᠠᠯ ᠢᠶᠠᠷ ᠪᠣᠰᠤᠳ ᠠᠭᠤᠷ | ᠠᠮᠢᠰᠬᠤᠯ ᠤᠨ ᠡᠬᠢ ᠪᠠᠶᠠᠯᠢᠭ ᠢ ᠬᠠᠶᠢᠨ ᠬᠡᠮᠵᠢᠬᠦ ᠠᠵᠢᠯ ᠬᠢᠵᠤ ᠪᠠᠶᠢᠭ᠎ᠠ ᠪᠠᠶᠢᠭᠤᠯᠤᠮᠵᠢ ᠯᠤᠭ᠎ᠠ ᠠᠭᠤᠷ | ᠠᠮᠢᠰᠬᠤᠯ ᠤᠨ ᠡᠬᠢ ᠪᠠᠶᠠᠯᠢᠭ ᠢ ᠬᠠᠶᠢᠨ ᠬᠡᠮᠵᠢᠭᠰᠡᠨ ᠬᠠᠮᠢᠶ᠎ᠠ ᠪᠦᠬᠦᠢ ᠮᠠᠲ᠋ᠧᠷᠢᠶᠠᠯ ᠢᠶᠠᠨ ᠰᠣᠯᠢᠯᠴᠠᠬᠤ ᠬᠡᠷᠡᠭᠲᠡᠢ᠃ | ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠴᠠᠭ ᠠᠭᠤᠷ ᠤᠨ ᠭᠤᠣᠯᠴᠢᠯᠠᠨ ᠬᠠᠮᠢᠶᠠᠷᠬᠤ | ᠪᠠᠶᠢᠭᠤᠯᠤᠮᠵᠢ ᠨᠤᠭᠤᠳ ᠠᠭᠤᠷ ᠠᠮᠢᠰᠬᠤᠯ ᠤᠨ ᠡᠬᠢ ᠪᠠᠶᠠᠯᠢᠭ ᠢ ᠬᠠᠶᠢᠨ ᠬᠡᠮᠵᠢᠭᠰᠡᠨ ᠮᠠᠲ᠋ᠧᠷᠢᠶᠠᠯ ᠳᠤ | ᠬᠤᠷᠢᠶᠠᠩᠭᠤᠶᠢᠯᠠᠯ ᠬᠢᠵᠤ᠂ ᠠᠭᠤᠷ ᠠᠮᠢᠰᠬᠤᠯ ᠤᠨ ᠡᠬᠢ ᠪᠠᠶᠠᠯᠢᠭ ᠤᠨ ᠳ᠋ᠠᠶᠢᠲ᠋ᠠ ᠬᠦᠮᠦᠷᠭᠡ ᠶᠢ ᠪᠠᠶᠢᠭᠤᠯᠵᠤ᠂ | ᠠᠭᠤᠷ ᠠᠮᠢᠰᠬᠤᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠬᠠᠮᠠᠭᠠᠯᠠᠬᠤ ᠳᠤ ᠰᠢᠨᠵᠢᠯᠡᠬᠦ ᠤᠬᠠᠭᠠᠨᠴᠢ | ᠦᠨᠳᠦᠰᠦᠯᠡᠯ ᠬᠠᠩᠭᠠᠬᠤ ᠶᠢᠨ ᠬᠠᠮᠳᠤ᠂ ᠤᠯᠤᠰ ᠤᠨ ᠬᠤᠯᠪᠤᠭᠳᠠᠯ ᠪᠦᠬᠦᠢ ᠲᠣᠭᠳᠠᠭᠠᠯ ᠢᠶᠠᠷ ᠨᠡᠶᠢᠭᠡᠮ ᠳᠤ | ᠨᠡᠶᠢᠳᠡᠯᠡᠬᠦ ᠬᠡᠷᠡᠭᠲᠡᠢ᠃ | ᠠᠷᠪᠠᠨ ᠨᠢᠭᠡᠳᠤᠭᠡᠷ ᠵᠦᠢᠯ ᠦᠪᠡᠷᠳᠡᠭᠡᠨ ᠵᠠᠰᠠᠬᠤ ᠣᠷᠤᠨ ᠤ ᠴᠠᠭ ᠠᠭᠤᠷ ᠤᠨ ᠭᠤᠣᠯᠴᠢᠯᠠᠨ ᠬᠠᠮᠢᠶᠠᠷᠬᠤ | ᠪᠠᠶᠢᠭᠤᠯᠤᠮᠵᠢ ᠠᠴᠠ ᠲᠤᠰ ᠵᠠᠰᠠᠭ ᠵᠠᠬᠢᠷᠭᠠᠨ ᠤ ᠣᠷᠤᠨ ᠤ ᠳᠣᠳᠤᠷᠠᠬᠢ ᠠᠭᠤᠷ ᠠᠮᠢᠰᠬᠤᠯ ᠤᠨ ᠡᠬᠢ ᠪᠠᠶᠠᠯᠢᠭ ᠢ | ᠬᠠᠶᠢᠨ ᠬᠡᠮᠵᠢᠭᠰᠡᠨ ᠪᠠᠶᠢᠳᠠᠯ ᠢ ᠦᠨᠳᠦᠰᠦᠯᠡᠨ᠂ ᠠᠭᠤᠷ ᠠᠮᠢᠰᠬᠤᠯ ᠤᠨ ᠪᠠᠶᠢᠳᠠᠯ ᠤᠨ ᠠᠯᠪᠠᠨ ᠮᠡᠳᠡᠭᠡ ᠶᠢ | ᠲᠣᠭᠳᠠᠮᠠᠯ ᠬᠤᠭᠤᠴᠠᠭ᠎ᠠ ᠲᠠᠢ ᠪᠠᠷ ᠨᠡᠶᠢᠭᠡᠮ ᠳᠤ ᠨᠡᠶᠢᠳᠡᠯᠡᠬᠦ ᠬᠡᠷᠡᠭᠲᠡᠢ᠃ | ᠶᠠᠮᠠᠷᠪᠠ ᠵᠤᠬᠢᠶᠠᠨ ᠪᠠᠶᠢᠭᠤᠯᠤᠯᠳᠠ ᠪᠠ ᠬᠤᠪᠢ ᠬᠦᠮᠦᠨ ᠬᠡᠳ ᠠᠭᠤᠷ ᠠᠮᠢᠰᠬᠤᠯ ᠤᠨ ᠪᠠᠶᠢᠳᠠᠯ ᠤᠨ ᠠᠯᠪᠠᠨ | ᠮᠡᠳᠡᠭᠡ ᠶᠢ ᠨᠡᠶᠢᠭᠡᠮ ᠳᠤ ᠨᠡᠶᠢᠳᠡᠯᠡᠵᠤ ᠪᠣᠯᠬᠤ ᠦᠭᠡᠢ᠃ | ᠠᠷᠪᠠᠨ ᠬᠤᠶᠠᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠤᠨ ᠨᠤᠭᠤᠳ ᠣᠯᠣᠰ᠂ ᠦᠪᠡᠷᠳᠡᠭᠡᠨ ᠵᠠᠰᠠᠬᠤ ᠣᠷᠤᠨ ᠤ ᠴᠠᠭ ᠠᠭᠤᠷ ᠤᠨ ᠬᠤᠷᠢᠶ᠎ᠡ ᠥᠷᠳᠡᠭᠡ ᠶᠢᠨ ᠬᠠᠶᠢᠨ | ᠬᠡᠮᠵᠢᠬᠦ ᠣᠷᠴᠢᠨ ᠲᠤᠭᠤᠷᠢᠨ ᠢ ᠬᠠᠤᠯᠢ ᠶᠣᠰᠤᠭᠠᠷ ᠬᠠᠮᠠᠭᠠᠯᠠᠬᠤ ᠬᠡᠷᠡᠭᠲᠡᠢ᠃ | ᠠᠷᠪᠠᠨ ᠭᠤᠷᠪᠠᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠤᠨ ᠨᠤᠭᠤᠳ ᠲᠤᠰ ᠵᠠᠰᠠᠭ ᠵᠠᠬᠢᠷᠭᠠᠨ ᠤ ᠣᠷᠤᠨ ᠤ ᠳᠣᠳᠤᠷᠠᠬᠢ ᠠᠭᠤᠷ ᠠᠮᠢᠰᠬᠤᠯ ᠤᠨ ᠡᠬᠢ ᠪᠠᠶᠠᠯᠢᠭ ᠤᠨ | ᠶᠡᠷᠦᠩᠬᠡᠶᠢᠯᠡᠭᠰᠡ ᠪᠠᠶᠢᠴᠠᠭᠠᠯᠳᠠ ᠶᠢ ᠵᠤᠬᠢᠶᠠᠨ ᠪᠠᠶᠢᠭᠤᠯᠤᠨ ᠦᠷᠨᠢᠭᠦᠯᠵᠤ᠂ ᠶᠡᠷᠦᠩᠬᠡᠶᠢᠯᠡᠡ ᠪᠠᠶᠢᠴᠠᠭᠠᠭᠰᠠᠨ ᠦᠷ᠎ᠡ | ᠳ᠋ᠦᠩ ᠢᠶᠠᠨ ᠳᠡᠭᠡᠳᠤ ᠨᠢᠭᠡ ᠱᠠᠳᠤᠨ ᠤ ᠴᠠᠭ ᠠᠭᠤᠷ ᠤᠨ ᠭᠤᠣᠯᠴᠢᠯᠠᠨ ᠬᠠᠮᠢᠶᠠᠷᠬᠤ ᠪᠠᠶᠢᠭᠤᠯᠤᠮᠵᠢ ᠳᠤ ᠮᠡᠳᠡᠭᠦᠯᠬᠦ | ᠬᠡᠷᠡᠭᠲᠡᠢ᠃ | ᠠᠷᠪᠠᠨ ᠳᠦᠷᠪᠡᠳᠤᠭᠡᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠴᠠᠭ ᠠᠭᠤᠷ ᠤᠨ | ᠭᠤᠣᠯᠴᠢᠯᠠᠨ ᠬᠠᠮᠢᠶᠠᠷᠬᠤ ᠪᠠᠶᠢᠭᠤᠯᠤᠮᠵᠢ ᠨᠤᠭᠤᠳ ᠠᠳᠠᠯᠢ ᠱᠠᠳᠤᠨ ᠤ ᠠᠷᠠᠳ ᠤᠨ ᠵᠠᠰᠠᠭ ᠤᠨ ᠣᠷᠳᠤᠨ ᠤ | ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠳᠤᠷᠠᠨ᠂ ᠠᠭᠤᠷ ᠠᠮᠢᠰᠬᠤᠯ ᠤᠨ ᠡᠬᠢ ᠪᠠᠶᠠᠯᠢᠭ ᠤᠨ ᠳ᠋ᠠᠶᠢᠲ᠋ᠠ | ᠬᠦᠮᠦᠷᠭᠡ ᠪᠣᠯᠣᠨ ᠠᠭᠤᠷ ᠠᠮᠢᠰᠬᠤᠯ ᠤᠨ ᠡᠬᠢ ᠪᠠᠶᠠᠯᠢᠭ ᠢ ᠶᠡᠷᠦᠩᠬᠡᠶᠢᠯᠡᠡ ᠪᠠᠶᠢᠴᠠᠭᠠᠭᠰᠠᠨ ᠦᠷ᠎ᠡ ᠳ᠋ᠦᠩ ᠢ | ᠦᠨᠳᠦᠰᠦᠯᠡᠨ ᠲᠤᠰ ᠵᠠᠰᠠᠭ ᠵᠠᠬᠢᠷᠭᠠᠨ ᠤ ᠣᠷᠤᠨ ᠤ ᠳᠣᠳᠤᠷᠠᠬᠢ ᠠᠭᠤᠷ ᠠᠮᠢᠰᠬᠤᠯ ᠤᠨ ᠡᠬᠢ ᠪᠠᠶᠠᠯᠢᠭ ᠤᠨ | ᠣᠷᠤᠨ ᠤ ᠬᠤᠪᠢᠶᠠᠷᠢᠯᠠᠯ ᠢ ᠨᠠᠶᠢᠷᠠᠭᠤᠯᠤᠨ ᠵᠤᠬᠢᠶᠠᠬᠤ ᠬᠡᠷᠡᠭᠲᠡᠢ᠃ | ᠠᠭᠤᠷ ᠠᠮᠢᠰᠬᠤᠯ ᠤᠨ ᠡᠬᠢ ᠪᠠᠶᠠᠯᠢᠭ ᠤᠨ ᠣᠷᠤᠨ ᠤ ᠬᠤᠪᠢᠶᠠᠷᠢᠯᠠᠯ ᠳᠤ ᠳᠣᠣᠷᠠᠬᠢ ᠠᠭᠤᠯᠭ᠎ᠠ ᠶᠢ | ᠪᠠᠭᠳᠠᠭᠠᠬᠤ ᠬᠡᠷᠡᠭᠲᠡᠢ᠄ | ︵ᠨᠢᠭᠡ︶ ᠣᠷᠤᠨ ᠤ ᠬᠤᠪᠢᠶᠠᠷᠢᠯᠠᠯ ᠢ ᠨᠠᠶᠢᠷᠠᠭᠤᠯᠤᠨ ᠵᠤᠬᠢᠶᠠᠭᠰᠠᠨ ᠠᠬᠤᠢ ᠪᠠᠶᠢᠳᠠᠯ ᠵᠢᠴᠢ ᠠᠴᠢ | ᠬᠤᠯᠪᠣᠭᠳᠠᠯ︔ | ︵ᠬᠤᠶᠠᠷ︶ ᠲᠤᠰ ᠵᠠᠰᠠᠭ ᠵᠠᠬᠢᠷᠭᠠᠨ ᠤ ᠣᠷᠤᠨ ᠤ ᠠᠭᠤᠷ ᠠᠮᠢᠰᠬᠤᠯ ᠤᠨ ᠡᠬᠢ ᠪᠠᠶᠠᠯᠢᠭ ᠤᠨ ᠲᠠᠷᠬᠠᠯᠲᠠ | ᠶᠢᠨ ᠪᠠᠶᠢᠳᠠᠯ︔ | ︵ᠭᠤᠷᠪᠠ︶ ᠣᠷᠤᠨ ᠤ ᠬᠤᠪᠢᠶᠠᠷᠢᠯᠠᠯ ᠤᠨ ᠭᠦᠢᠴᠡᠳᠭᠡᠯ ᠲᠤᠭ᠎ᠠ︔ | ︵ᠳᠥᠷᠪᠡ︶ ᠠᠭᠤᠷ ᠠᠮᠢᠰᠬᠤᠯ ᠤᠨ ᠡᠬᠢ ᠪᠠᠶᠠᠯᠢᠭ ᠤᠨ ᠬᠠᠮᠠᠭᠠᠯᠠᠬᠤ ᠭᠤᠣᠯᠳᠠᠯᠭ᠎ᠠ ᠪᠣᠯᠣᠨ ᠴᠢᠭᠯᠡᠯ︔ | ︵ᠲᠠᠪᠤ︶ ᠡᠯ᠎ᠡ ᠣᠷᠣᠨ ᠪᠦᠰᠡ ᠶᠢᠨ ᠠᠭᠤᠷ ᠠᠮᠢᠰᠬᠤᠯ ᠤᠨ ᠡᠬᠢ ᠪᠠᠶᠠᠯᠢᠭ ᠢ ᠨᠡᠭᠡᠭᠡᠨ ᠬᠦᠭᠵᠢᠭᠦᠯᠬᠦ ᠶᠢᠨ | ᠳᠠᠪᠠᠭᠤᠯᠢᠭ ᠵᠢᠴᠢ ᠨᠡᠭᠡᠭᠡᠨ ᠠᠰᠢᠭᠯᠠᠬᠤ ᠶᠢᠨ ᠳᠠᠯᠳᠠ ᠬᠦᠴᠦᠨ ᠵᠡᠷᠭᠡ ᠶᠢ ᠣᠷᠣᠨ ᠬᠤᠪᠢᠶᠠᠷᠢᠯᠠᠨ ᠦᠨᠡᠯᠡᠨ | ᠲᠣᠭᠠᠴᠢᠬᠤ︔ | ︵ᠵᠢᠷᠭᠤᠭ᠎ᠠ︶ ᠬᠠᠷᠢᠭᠤᠴᠠᠬᠤ ᠪᠣᠳᠤᠯᠭ᠎ᠠ ᠪᠣᠯᠣᠨ ᠰᠠᠨᠠᠭᠤᠯᠭ᠎ᠠ᠃ | ᠠᠭᠤᠷ ᠠᠮᠢᠰᠬᠤᠯ ᠤᠨ ᠡᠬᠢ ᠪᠠᠶᠠᠯᠢᠭ ᠤᠨ ᠣᠷᠤᠨ ᠤ ᠬᠤᠪᠢᠶᠠᠷᠢᠯᠠᠯ ᠢ ᠨᠠᠶᠢᠷᠠᠭᠤᠯᠤᠨ ᠵᠤᠬᠢᠶᠠᠬᠤ ᠳᠤ | ᠤᠯᠤᠰ ᠤᠨ ᠬᠤᠯᠪᠤᠭᠳᠠᠯ ᠪᠦᠬᠦᠢ ᠮᠡᠷᠭᠡᠵᠢᠯ ᠤᠨ ᠪᠠᠷᠢᠮᠵᠢᠶ᠎ᠠ᠂ ᠵᠢᠷᠤᠮᠵᠢᠯ ᠢᠶᠠᠷ ᠬᠢᠬᠦ ᠬᠡᠷᠡᠭᠲᠡᠢ᠃ | ᠭᠤᠷᠪᠠᠳᠤᠭᠠᠷ ᠪᠦᠯᠦᠭ ᠠᠭᠤᠷ ᠠᠮᠢᠰᠬᠤᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ | ᠠᠷᠪᠠᠨ ᠲᠠᠪᠤᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠤᠨ ᠨᠤᠭᠤᠳ ᠠᠭᠤᠷ ᠠᠮᠢᠰᠬᠤᠯ ᠤᠨ ᠡᠬᠢ ᠪᠠᠶᠠᠯᠢᠭ ᠤᠨ ᠣᠷᠤᠨ ᠤ ᠬᠤᠪᠢᠶᠠᠷᠢᠯᠠᠯ ᠢ ᠦᠨᠳᠦᠰᠦᠯᠡᠨ᠂ ᠲᠤᠰ | ᠵᠠᠰᠠᠭ ᠵᠠᠬᠢᠷᠭᠠᠨ ᠤ ᠣᠷᠤᠨ ᠤ ᠳᠣᠳᠤᠷᠠᠬᠢ ᠠᠭᠤᠷ ᠠᠮᠢᠰᠬᠤᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ | ᠬᠠᠮᠠᠭᠠᠯᠠᠬᠤ ᠲᠦᠯᠦᠪᠵᠢᠭᠦᠯᠭᠡ ᠶᠢ ᠵᠤᠬᠢᠶᠠᠨ ᠪᠠᠶᠢᠭᠤᠯᠵᠤ ᠨᠠᠶᠢᠷᠠᠭᠤᠯᠤᠨ ᠵᠤᠬᠢᠶᠠᠬᠤ ᠶᠢᠨ ᠬᠠᠮᠳᠤ ᠬᠡᠷᠡᠭᠵᠢᠭᠦᠯᠬᠦ | ᠬᠡᠷᠡᠭᠲᠡᠢ᠃ | ᠠᠭᠤᠷ ᠠᠮᠢᠰᠬᠤᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠬᠠᠮᠠᠭᠠᠯᠠᠬᠤ ᠲᠦᠯᠦᠪᠵᠢᠭᠦᠯᠭᠡ ᠨᠢ | ᠤᠯᠤᠰ ᠠᠷᠠᠳ ᠤᠨ ᠠᠵᠤ ᠠᠬᠤᠢ ᠪᠣᠯᠣᠨ ᠨᠡᠶᠢᠭᠡᠮ ᠤᠨ ᠬᠦᠭᠵᠢᠯᠳᠡ ᠶᠢᠨ ᠲᠦᠯᠦᠪᠵᠢᠭᠦᠯᠭᠡ ᠲᠠᠢ ᠨᠡᠶᠢᠴᠡᠵᠤ᠂ | ᠬᠤᠳᠠ ᠬᠦᠳᠡᠭᠡ ᠶᠢᠨ ᠲᠦᠯᠦᠪᠵᠢᠭᠦᠯᠭᠡ᠂ ᠣᠷᠴᠢᠨ ᠲᠣᠭᠤᠷᠢᠨ ᠢ ᠬᠠᠮᠠᠭᠠᠯᠠᠬᠤ ᠲᠦᠯᠦᠪᠵᠢᠭᠦᠯᠭᠡ᠂ ᠣᠰᠤᠨ ᠤ | ᠡᠬᠢ ᠰᠤᠷᠪᠤᠯᠵᠢ ᠶᠢᠨ ᠲᠦᠯᠦᠪᠵᠢᠭᠦᠯᠭᠡ ᠵᠡᠷᠭᠡ ᠯᠦᠭᠡ ᠬᠠᠷᠢᠯᠴᠠᠨ ᠵᠣᠯᠭᠠᠯᠳᠣᠭᠰᠠᠨ ᠪᠠᠶᠢᠬᠤ ᠬᠡᠷᠡᠭᠲᠡᠢ᠃ | ᠠᠷᠪᠠᠨ ᠵᠢᠷᠭᠤᠳᠤᠭᠠᠷ ᠵᠦᠢᠯ ᠠᠭᠤᠷ ᠠᠮᠢᠰᠬᠤᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠨᠢ ᠠᠭᠤᠷ | ᠠᠮᠢᠰᠬᠤᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠬᠠᠮᠠᠭᠠᠯᠠᠬᠤ ᠲᠦᠯᠦᠪᠵᠢᠭᠦᠯᠭᠡ ᠳᠤ ᠨᠡᠶᠢᠴᠡᠭᠰᠡᠨ ᠪᠠᠶᠢᠬᠤ | ᠶᠢᠨ ᠬᠠᠮᠳᠤ᠂ ᠤᠯᠤᠰ ᠪᠤᠯᠤᠨ ᠦᠪᠡᠷᠳᠡᠭᠡᠨ ᠵᠠᠰᠠᠬᠤ ᠣᠷᠤᠨ ᠤ ᠬᠤᠯᠪᠤᠭᠳᠠᠯ ᠪᠦᠬᠦᠢ ᠮᠡᠷᠭᠡᠵᠢᠯ ᠤᠨ ᠪᠠᠷᠢᠮᠵᠢᠶ᠎ᠠ᠂ | ᠵᠢᠷᠤᠮᠵᠢᠯ ᠪᠤᠯᠤᠨ ᠳᠦᠷᠢᠮ ᠲᠣᠭᠳᠠᠭᠠᠯ ᠢ ᠵᠢᠷᠤᠮᠯᠠᠨ ᠰᠠᠬᠢᠬᠰᠡᠨ ᠪᠠᠶᠢᠬᠤ ᠬᠡᠷᠡᠭᠲᠡᠢ᠃ | ᠠᠷᠪᠠᠨ ᠳᠣᠯᠣᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠤᠨ ᠵᠢᠴᠢ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠰᠠᠯᠬᠢᠨ ᠡᠨᠧᠷᠭᠢ ᠶᠢᠨ ᠡᠬᠢ ᠪᠡᠶᠠᠯᠢᠭ ᠢᠶᠠᠷ ᠡᠯᠪᠡᠭ | ᠭᠠᠵᠠᠷ ᠣᠷᠣᠨ ᠢ ᠵᠤᠷᠢᠬᠵᠢᠭᠤᠯᠤᠨ ᠳᠡᠮᠵᠢᠵᠦ᠂ ᠠᠭᠤᠷ ᠠᠮᠢᠰᠬᠤᠯ ᠤᠨ ᠡᠬᠢ ᠪᠠᠶᠠᠯᠢᠭ ᠤᠨ ᠣᠷᠤᠨ ᠤ | ᠬᠤᠪᠢᠶᠠᠷᠢᠯᠠᠯ ᠢ ᠦᠨᠳᠦᠰᠦᠯᠡᠨ᠂ ᠰᠠᠯᠬᠢᠨ ᠡᠨᠧᠷᠭᠢ ᠶᠢᠨ ᠡᠬᠢ ᠪᠡᠶᠠᠯᠢᠭ ᠢ ᠤᠷᠢᠳᠠᠪᠠᠷ ᠨᠡᠭᠡᠭᠡᠨ ᠠᠰᠢᠭᠯᠠᠵᠤ᠂ | ᠰᠠᠯᠬᠢᠨ ᠡᠨᠧᠷᠭᠢ ᠶᠢ ᠨᠡᠭᠡᠭᠡᠨ ᠠᠰᠢᠭᠯᠠᠬᠤ ᠲᠦᠷᠦᠯ ᠵᠦᠢᠯ ᠢ ᠨᠢᠭᠡᠳᠤᠯᠲᠠᠢ ᠲᠦᠯᠦᠪᠯᠡᠨ᠂ ᠳᠠᠪᠬᠤᠴᠠᠭᠤᠯᠤᠨ | ᠪᠠᠶᠢᠭᠤᠯᠬᠤ ᠠᠴᠠ ᠵᠠᠶᠢᠯᠠᠰᠬᠢᠬᠦ ᠬᠡᠷᠡᠭᠲᠡᠢ᠃ | ᠠᠷᠪᠠᠨ ᠨᠠᠢᠮᠠᠳᠤᠭᠠᠷ ᠵᠦᠢᠯ ᠬᠤᠳᠡ ᠶᠢᠨ ᠲᠦᠯᠦᠪᠵᠢᠭᠦᠯᠭᠡ ᠪᠤᠯᠤᠨ ᠪᠦᠳᠦᠭᠡᠨ ᠪᠠᠶᠢᠭᠤᠯᠤᠯᠳᠠ ᠳᠤ ᠠᠭᠠᠷ | ᠮᠠᠨᠳᠠᠯ ᠤᠨ ᠰᠠᠯᠬᠢᠨ ᠬᠦᠴᠦᠨ ᠢᠶᠠᠷ ᠦᠪᠡᠷ ᠢ ᠪᠠᠨ ᠴᠡᠪᠡᠷᠰᠢᠭᠦᠯᠬᠦ ᠴᠢᠳᠠᠪᠣᠷᠢ ᠶᠢ ᠠᠰᠢᠭᠯᠠᠵᠤ᠂ ᠰᠠᠯᠬᠢ ᠨᠡᠪᠳᠡᠷᠡᠬᠦ | ᠵᠠᠮ ᠢ ᠵᠣᠬᠢᠰᠲᠠᠢ ᠪᠠᠶᠢᠷᠢᠯᠠᠭᠤᠯᠤᠨ ᠳᠣᠬᠢᠷᠠᠭᠤᠯᠵᠤ᠂ ᠠᠭᠠᠷ ᠮᠠᠨᠳᠠᠯ ᠤᠨ ᠪᠣᠬᠢᠷᠳᠤᠯ ᠡᠳ᠋ ᠤᠨ ᠦᠯᠡᠳᠡᠭᠳᠡᠬᠦ ᠠᠴᠠ | ᠵᠠᠶᠢᠯᠠᠭᠤᠯᠬᠤ ᠪᠣᠶᠤ ᠬᠦᠩᠭᠡᠷᠡᠭᠦᠯᠬᠦ ᠬᠡᠷᠡᠭᠲᠡᠢ᠃ | ᠠᠷᠪᠠ ᠶᠢᠰᠦᠳᠤᠭᠡᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠤᠨ ᠵᠢᠴᠢ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠨᠠᠷᠠᠨ ᠡᠨᠧᠷᠭᠢ ᠶᠢ ᠠᠰᠢᠭᠯᠠᠨ ᠴᠠᠬᠢᠯᠭᠠᠨ ᠭᠠᠷᠭᠠᠬᠤ᠂ | ᠨᠠᠷᠠᠨ ᠡᠨᠧᠷᠭᠢ ᠪᠠᠷ ᠢᠯᠴᠢ ᠬᠠᠩᠭᠠᠬᠤ᠂ ᠳᠤᠯᠠᠭᠠᠯᠠᠬᠤ ᠪᠠ ᠬᠦᠯᠳᠡᠭᠡᠬᠦ᠂ ᠨᠠᠷᠠᠨ ᠡᠨᠧᠷᠭᠢ ᠪᠠᠷ ᠤᠰᠤ ᠬᠠᠯᠠᠭᠠᠬᠤ | ᠢᠨᠵᠧᠨ᠋ᠷᠢᠩ ᠵᠡᠷᠭᠡ ᠨᠠᠷᠠᠨ ᠡᠨᠧᠷᠭᠢ ᠶᠢᠨ ᠠᠰᠢᠭᠯᠠᠮᠵᠢ ᠶᠢᠨ ᠮᠡᠷᠭᠡᠵᠢᠯ ᠢ ᠵᠤᠷᠢᠬᠵᠢᠭᠤᠯᠬᠤ ᠪᠠ ᠳᠡᠮᠵᠢᠬᠦ ᠬᠡᠷᠡᠭᠲᠡᠢ᠃ | ᠬᠤᠷᠢᠳᠤᠭᠠᠷ ᠵᠦᠢᠯ ᠪᠦᠳᠦᠭᠡᠨ ᠪᠠᠶᠢᠭᠤᠯᠬᠤ ᠨᠢᠭᠡᠴᠡ ᠨᠦᠭᠦᠳ ᠤᠯᠤᠰ ᠪᠣᠯᠣᠨ ᠦᠪᠡᠷᠳᠡᠭᠡᠨ ᠵᠠᠰᠠᠬᠤ | ᠣᠷᠤᠨ ᠤ ᠬᠤᠯᠪᠤᠭᠳᠠᠯ ᠪᠦᠬᠦᠢ ᠮᠡᠷᠭᠡᠵᠢᠯ ᠤᠨ ᠵᠢᠷᠤᠮᠵᠢᠯ ᠢ ᠦᠨᠳᠦᠰᠦᠯᠡᠨ᠂ ᠪᠠᠷᠢᠯᠭ᠎ᠠ ᠶᠢ ᠵᠢᠷᠤᠭᠯᠠᠨ ᠲᠦᠯᠦᠪᠯᠡᠬᠦ | ᠪᠠ ᠪᠠᠷᠢᠯᠭ᠎ᠠ ᠪᠠᠷᠢᠬᠤ ᠳᠤᠮᠳᠠ᠂ ᠨᠠᠷᠠᠨ ᠡᠨᠧᠷᠭᠢ ᠶᠢ ᠠᠰᠢᠭᠯᠠᠬᠤ ᠳᠤ ᠵᠠᠪᠠᠯ ᠪᠦᠷᠢᠯᠳᠦᠭᠦᠯᠬᠦ ᠨᠦᠬᠦᠴᠡᠯ ᠢ | ᠬᠠᠩᠭᠠᠬᠤ ᠬᠡᠷᠡᠭᠲᠡᠢ᠃ ᠠᠳᠠᠯ ᠠᠬᠤᠢ ᠶᠢᠨ ᠠᠵᠤ ᠠᠬᠤᠶᠢᠯᠠᠯ ᠤᠳ ᠦᠮᠴᠢᠳᠡᠨ ᠤ ᠲᠦᠯᠦᠪᠵᠢᠭᠦᠯᠦᠨ | ᠵᠢᠷᠤᠭᠯᠠᠭᠰᠠᠨ ᠱᠠᠭᠠᠷᠳᠠᠯᠭ᠎ᠠ ᠯᠤᠭ᠎ᠠ ᠨᠡᠶᠢᠴᠡᠭᠰᠡᠨ ᠨᠠᠷᠠᠨ ᠡᠨᠧᠷᠭᠢ ᠶᠢᠨ ᠠᠰᠢᠭᠯᠠᠮᠵᠢ ᠶᠢᠨ ᠰᠢᠰᠲ᠋ᠧᠮ ᠢ | ᠤᠭᠰᠠᠷᠠᠬᠤ ᠳᠤ ᠳᠦᠭᠦᠮ ᠦᠵᠡᠭᠦᠯᠬᠦ ᠬᠡᠷᠡᠭᠲᠡᠢ᠃ | ᠬᠤᠷᠢᠨ ᠨᠢᠭᠡᠳᠤᠭᠡᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠤᠨ ᠨᠤᠭᠤᠳ ᠬᠦᠮᠦᠨ ᠤ ᠬᠦᠴᠦᠨ ᠢᠶᠠᠷ ᠴᠠᠭ ᠠᠭᠠᠷ ᠢ ᠨᠦᠯᠦᠭᠡᠯᠡᠬᠦ ᠶᠢ ᠬᠠᠶᠢᠨ ᠬᠡᠮᠵᠢᠬᠦ ᠲᠦᠬᠦᠭᠡᠷᠤᠮᠵᠢ᠂ | ᠠᠵᠢᠯᠯᠠᠬᠤ ᠲᠣᠨᠤᠭ ᠲᠦᠬᠦᠭᠡᠷᠤᠮᠵᠢ ᠪᠣᠯᠣᠨ ᠠᠵᠢᠯᠯᠠᠬᠤ ᠥᠷᠳᠡᠭᠡ ᠴᠢᠬ ᠵᠡᠷᠭᠡ ᠰᠠᠭᠤᠷᠢ ᠪᠡᠯᠡᠳᠭᠡᠮᠵᠢ ᠶᠢᠨ | ᠪᠠᠶᠢᠭᠤᠯᠤᠯᠳᠠ ᠶᠢ ᠴᠢᠩᠭᠠᠳᠬᠠᠬᠤ ᠬᠡᠷᠡᠭᠲᠡᠢ᠃ | ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠴᠠᠭ ᠠᠭᠤᠷ ᠤᠨ ᠭᠤᠣᠯᠴᠢᠯᠠᠨ ᠬᠠᠮᠢᠶᠠᠷᠬᠤ | ᠪᠠᠶᠢᠭᠤᠯᠤᠮᠵᠢ ᠨᠤᠭᠤᠳ ᠭᠠᠩ ᠬᠠᠭᠰᠠᠷᠭᠠᠨ ᠢ ᠡᠰᠡᠷᠭᠦᠴᠡᠬᠦ᠂ ᠤᠰᠤ ᠬᠠᠳᠠᠭᠠᠯᠠᠬᠤ᠂ ᠠᠮᠢ ᠠᠬᠤᠢ ᠶᠢᠨ ᠣᠷᠴᠢᠨ | ᠲᠣᠭᠤᠷᠢᠨ ᠪᠠ ᠬᠡᠢ ᠠᠭᠠᠷ ᠤᠨ ᠶᠠᠰᠤ ᠴᠢᠨᠠᠷ ᠢ ᠰᠠᠶᠢᠵᠢᠷᠠᠭᠤᠯᠬᠤ᠂ ᠴᠠᠭ ᠠᠭᠤᠷ ᠤᠨ ᠭᠠᠮᠰᠢᠬ ᠬᠦᠨᠦᠭᠡᠯ ᠢ | ᠡᠰᠡᠷᠭᠦᠴᠡᠨ ᠬᠤᠷᠢᠭᠯᠠᠬᠤ ᠵᠡᠷᠭᠡ ᠬᠡᠷᠡᠭᠴᠡᠭᠡ ᠶᠢ ᠦᠨᠳᠦᠰᠦᠯᠡᠨ᠂ ᠬᠦᠮᠦᠨ ᠤ ᠬᠦᠴᠦᠨ ᠢᠶᠠᠷ ᠪᠣᠷᠣᠭᠠᠨ ︵ᠴᠠᠰᠤ︶ | ᠨᠡᠮᠡᠭᠳᠡᠭᠦᠯᠤᠨ ᠮᠦᠨᠳᠣᠷ ᠰᠡᠷᠭᠡᠶᠢᠯᠡᠬᠦ ᠠᠵᠢᠯᠯᠠᠭᠠᠨ ᠢ ᠳᠣᠬᠢᠲᠠᠢ ᠵᠣᠬᠢᠶᠠᠨ ᠪᠠᠶᠢᠭᠤᠯᠤᠨ ᠦᠷᠨᠢᠭᠦᠯᠵᠤ᠂ ᠬᠤᠷ᠎ᠠ ᠶᠢᠨ | ᠡᠬᠦᠯᠡ ᠶᠢᠨ ᠡᠬᠢ ᠰᠤᠷᠪᠤᠯᠵᠢ ᠶᠢ ᠨᠡᠭᠡᠭᠡᠨ ᠠᠰᠢᠭᠯᠠᠬᠤ ᠴᠢᠳᠠᠪᠤᠷᠢ ᠪᠣᠯᠣᠨ ᠶᠡᠷᠦᠩᠬᠡᠢ ᠦᠷ᠎ᠡ ᠠᠰᠢᠭ ᠢ | ᠳᠡᠭᠡᠭᠰᠢᠯᠡᠭᠦᠯᠬᠦ ᠬᠡᠷᠡᠭᠲᠡᠢ᠃ | ᠬᠤᠷᠢᠨ ᠬᠤᠶᠠᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠤᠨ ᠵᠢᠴᠢ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠲᠠᠷᠢᠶᠠᠯᠠᠩ ᠮᠠᠯ ᠠᠵᠤ ᠠᠬᠤᠢ ᠶᠢᠨ ᠠᠭᠤᠷ | ᠠᠮᠢᠰᠬᠤᠯ ᠤᠨ ᠡᠬᠢ ᠪᠠᠶᠠᠯᠢᠭ ᠤᠨ ᠣᠷᠤᠨ ᠤ ᠬᠤᠪᠢᠶᠠᠷᠢᠯᠠᠯ ᠤᠨ ᠦᠷ᠎ᠡ ᠪᠦᠳᠦᠮᠵᠢ ᠶᠢ ᠠᠰᠢᠭᠯᠠᠨ᠂ ᠲᠠᠷᠢᠶᠠᠯᠠᠩ | ᠮᠠᠯ ᠠᠵᠤ ᠠᠬᠤᠢ ᠶᠢᠨ ᠪᠠᠶᠢᠷᠢᠰᠢᠭᠤᠯᠤᠯ ᠳᠤ ᠲᠣᠬᠢᠷᠠᠭᠤᠯᠤᠯᠳᠠ ᠬᠢᠵᠤ᠂ ᠲᠠᠷᠢᠮᠠᠯ᠂ ᠬᠠᠳᠤᠯᠠᠩ ᠪᠡᠯᠴᠢᠭᠡᠷ ᠤᠨ | ᠲᠠᠷᠢᠬᠤ ᠪᠦᠳᠦᠴᠡ ᠶᠢ ᠰᠢᠯᠢᠳᠡᠭᠵᠢᠭᠦᠯᠬᠦ ᠬᠡᠷᠡᠭᠲᠡᠢ᠃ | ᠬᠤᠷᠢᠨ ᠭᠤᠷᠪᠠᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠤᠨ ᠤ ᠲᠠᠷᠢᠶᠠᠯᠠᠩ ᠮᠠᠯ ᠠᠵᠤ ᠠᠬᠤᠢ ᠵᠡᠷᠭᠡ ᠰᠠᠯᠠᠭ᠎ᠠ ᠮᠦᠴᠢᠷ ᠤᠳ ᠲᠠᠷᠢᠶᠠᠯᠠᠩ ᠮᠠᠯ ᠠᠵᠤ ᠠᠬᠤᠢ ᠶᠢᠨ | ᠬᠤᠯᠪᠤᠭᠳᠠᠯ ᠪᠦᠬᠦᠢ ᠲᠦᠷᠦᠯ ᠵᠦᠢᠯ ᠢ ᠨᠢᠭᠡᠳᠤᠯᠲᠠᠢ ᠲᠦᠯᠦᠪᠯᠡᠵᠤ᠂ ᠮᠠᠯᠴᠢᠨ ᠲᠠᠷᠢᠶᠠᠴᠢᠨ ᠪᠣᠯᠣᠨ ᠲᠠᠷᠢᠶᠠᠯᠠᠩ ᠮᠠᠯ | ᠠᠵᠤ ᠠᠬᠤᠢ ᠶᠢᠨ ᠦᠢᠯᠡᠳᠪᠤᠷᠢᠯᠡᠯ ᠡᠵᠡᠩᠨᠡᠯᠲᠡ ᠶᠢᠨ ᠵᠤᠬᠢᠶᠠᠨ ᠪᠠᠶᠢᠭᠤᠯᠤᠯᠳᠠ ᠶᠢ ᠬᠦᠳᠦᠯᠦᠨ ᠵᠢᠯᠣᠭᠤᠳᠴᠤ | ᠪᠠᠶᠢᠭᠠᠳ ᠭᠦᠯᠡᠮᠵᠢ᠂ ᠫᠧᠩ ᠰᠠᠷᠠᠪᠴᠢ ᠵᠡᠷᠭᠡ ᠲᠠᠷᠢᠶᠠᠯᠠᠩ ᠮᠠᠯ ᠠᠵᠤ ᠠᠬᠤᠢ ᠶᠢᠨ ᠪᠡᠯᠡᠳᠭᠡᠮᠵᠢ ᠶᠢ ᠪᠦᠳᠦᠭᠡᠨ | ᠪᠠᠶᠢᠭᠤᠯᠵᠤ᠂ ᠲᠣᠬᠠᠢ ᠶᠢᠨ ᠭᠠᠵᠠᠷ ᠤᠨ ᠢᠯᠴᠢ ᠶᠢᠨ ᠬᠡᠮᠵᠢᠶ᠎ᠡ ᠶᠢᠨ ᠡᠬᠢ ᠪᠠᠶᠠᠯᠢᠭ ᠢ ᠵᠤᠬᠢᠰᠳᠠᠢ ᠨᠡᠭᠡᠭᠡᠨ | ᠠᠰᠢᠭᠯᠠᠬᠤ ᠬᠡᠷᠡᠭᠲᠡᠢ᠃ | ᠬᠤᠷᠢᠨ ᠲᠦᠷᠪᠡᠳᠦᠭᠡᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠤᠨ ᠵᠢᠴᠢ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠮᠦᠰᠦ ᠴᠠᠰᠤ ᠶᠢᠨ ᠦᠵᠡᠮᠵᠢ ᠲᠠᠢ᠂ ᠵᠤᠰᠠᠭᠠᠯ ᠬᠢᠬᠦ | ᠠᠭᠤᠷ ᠠᠮᠢᠰᠬᠤᠯ ᠲᠠᠢ ᠭᠠᠵᠠᠷ ᠵᠡᠷᠭᠡ ᠣᠨᠴᠠᠯᠢᠭ ᠪᠦᠬᠦᠢ ᠵᠢᠭᠤᠯᠴᠢᠯᠠᠯ ᠤᠨ ᠠᠭᠤᠷ ᠠᠮᠢᠰᠬᠤᠯ ᠤᠨ ᠡᠬᠢ ᠪᠠᠶᠠᠯᠢᠭ | ᠢᠶᠠᠷ ᠡᠯᠪᠡᠭ ᠭᠠᠵᠠᠷ ᠣᠷᠤᠨ ᠤ ᠤᠬᠠᠭᠤᠯᠤᠯ ᠢ ᠴᠢᠩᠭᠠᠳᠬᠠᠨ᠂ ᠵᠢᠭᠤᠯᠴᠢᠯᠠᠯ ᠤᠨ ᠠᠵᠤ ᠦᠢᠯᠡᠰ ᠤᠨ ᠬᠦᠭᠵᠢᠯᠳᠡ | ᠶᠢ ᠠᠬᠢᠭᠤᠯᠬᠤ ᠬᠡᠷᠡᠭᠲᠡᠢ᠃ | ᠳᠦᠷᠪᠡᠳᠦᠭᠡᠷ ᠪᠦᠯᠦᠭ ᠠᠭᠤᠷ ᠠᠮᠢᠰᠬᠤᠯ ᠤᠨ ᠡᠬᠢ ᠪᠠᠶᠠᠯᠢᠭ ᠢ ᠬᠠᠮᠠᠭᠠᠯᠠᠬᠤ | ᠬᠤᠷᠢᠨ ᠲᠠᠪᠤᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠤᠨ ᠨᠤᠭᠤᠳ ᠠᠭᠤᠷ ᠠᠮᠢᠰᠬᠤᠯ ᠤᠨ ᠡᠬᠢ ᠪᠠᠶᠠᠯᠢᠭ ᠢᠶᠠᠷ ᠡᠯᠪᠡᠭ ᠣᠷᠤᠨ ᠪᠦᠰᠡ ᠪᠣᠶᠤ ᠠᠭᠤᠷ ᠠᠮᠢᠰᠬᠤᠯ | ᠢᠶᠠᠷ ᠬᠦᠨᠳᠡᠭᠦᠷ ᠣᠷᠤᠨ ᠪᠦᠰᠡ ᠳᠤ᠂ ᠠᠭᠤᠷ ᠠᠮᠢᠰᠬᠤᠯ ᠤᠨ ᠡᠬᠢ ᠪᠠᠶᠠᠯᠢᠭ ᠢ ᠬᠠᠮᠠᠭᠠᠯᠠᠬᠤ ᠬᠦᠷᠢᠶ᠎ᠠ ᠬᠡᠪᠴᠢᠶ᠎ᠠ | ᠶᠢ ᠬᠤᠪᠢᠶᠠᠷᠢᠯᠠᠨ ᠲᠤᠭᠳᠠᠭᠠᠬᠤ ᠬᠡᠷᠡᠭᠲᠡᠢ᠃ ᠠᠭᠤᠷ ᠠᠮᠢᠰᠬᠤᠯ ᠤᠨ ᠡᠬᠢ ᠪᠠᠶᠠᠯᠢᠭ ᠢ ᠬᠠᠮᠠᠭᠠᠯᠠᠬᠤ ᠬᠦᠷᠢᠶ᠎ᠠ | ᠬᠡᠪᠴᠢᠶᠠᠨ ᠳᠤ ᠠᠭᠤᠷ ᠠᠮᠢᠰᠬᠤᠯ ᠤᠨ ᠡᠬᠢ ᠪᠠᠶᠠᠯᠢᠭ ᠢ ᠡᠪᠳᠡᠬᠦ ᠲᠦᠷᠦᠯ ᠵᠦᠢᠯ ᠢ ᠪᠦᠳᠦᠭᠡᠨ ᠪᠠᠶᠢᠭᠤᠯᠵᠤ ᠪᠣᠯᠬᠤ | ᠦᠭᠡᠢ᠃ | ᠬᠤᠷᠢᠨ ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠤᠨ ᠨᠤᠭᠤᠳ ᠡᠨᠧᠷᠭᠢ ᠠᠷᠪᠢᠯᠠᠨ ᠪᠣᠬᠢᠷ ᠪᠣᠳᠠᠰ ᠭᠠᠳᠠᠭᠰᠢᠯᠠᠭᠤᠯᠬᠤ ᠬᠡᠮᠵᠢᠶ᠎ᠠ ᠶᠢ ᠪᠠᠭᠠᠰᠬᠠᠬᠤ᠂ ᠬᠤᠳᠠ | ᠬᠦᠳᠡᠭᠡ ᠶᠢ ᠣᠶᠢᠵᠢᠭᠤᠯᠵᠤ ᠨᠤᠭᠤᠭᠠᠷᠠᠭᠤᠯᠬᠤ ᠵᠡᠷᠭᠡ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ | ᠠᠷᠭ᠎ᠠ ᠬᠡᠮᠵᠢᠶ᠎ᠡ ᠶᠢ ᠠᠪᠴᠤ᠂ ᠣᠢ ᠰᠢᠭᠤᠢ᠂ ᠨᠣᠳᠤᠭ ᠪᠡᠯᠴᠢᠭᠡᠷ᠂ ᠨᠠᠭᠤᠷ᠂ ᠨᠤᠭᠤ ᠭᠠᠵᠠᠷ ᠵᠡᠷᠭᠡ ᠠᠮᠢ ᠠᠬᠤᠢ | ᠶᠢᠨ ᠰᠢᠰᠲ᠋ᠧᠮ ᠢ ᠬᠠᠮᠠᠭᠠᠯᠠᠬᠤ ᠪᠠ ᠦᠩᠵᠢᠭᠦᠯᠦᠨ ᠰᠡᠷᠭᠦᠭᠡᠬᠦ ᠶᠢ ᠴᠢᠩᠭᠠᠳᠬᠠᠵᠤ᠂ ᠠᠭᠤᠷ ᠠᠮᠢᠰᠬᠤᠯ ᠤᠨ ᠡᠬᠢ | ᠪᠠᠶᠠᠯᠢᠭ ᠤᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠬᠡᠷᠡᠭᠲᠡᠢ᠃ | ᠬᠤᠷᠢᠨ ᠳᠣᠯᠣᠳᠣᠭᠠᠷ ᠵᠦᠢᠯ ᠬᠤᠳᠠ ᠶᠢᠨ ᠰᠢᠨ᠎ᠡ ᠲᠤᠭᠤᠷᠢᠭ ᠨᠢ ᠪᠣᠬᠢᠷᠳᠤᠯ ᠦᠭᠡᠢ᠂ ᠠᠮᠢ ᠠᠬᠤᠢ ᠨᠢ | ᠰᠠᠶᠢᠨ᠂ ᠳᠣᠣᠷ᠎ᠠ ᠨᠡᠭᠦᠷᠡᠰᠦᠳᠦ᠋ᠷᠦᠭᠴᠢ ᠲᠠᠢ ᠪᠠᠶᠢᠬᠤ ᠣᠨᠣᠯᠵᠢᠬᠤᠨ ᠢᠶᠠᠷ ᠲᠦᠯᠦᠪᠵᠢᠭᠦᠯᠦᠨ ᠵᠢᠷᠤᠭᠯᠠᠵᠤ᠂ | ᠪᠣᠬᠢᠷᠳᠤᠯ ᠦᠭᠡᠢ ᠠᠮᠢ ᠠᠬᠤᠢ ᠲᠠᠢ ᠬᠤᠳᠠ ᠶᠢᠨ ᠲᠤᠭᠤᠷᠢᠭ ᠢ ᠪᠦᠳᠦᠭᠡᠨ ᠪᠠᠶᠢᠭᠤᠯᠬᠤ ᠬᠡᠷᠡᠭᠲᠡᠢ᠃ | ᠪᠣᠬᠢᠷᠳᠤᠯ ᠦᠭᠡᠢ ᠪᠠᠷᠢᠯᠭ᠎ᠠ ᠶᠢᠨ ᠪᠠᠷᠢᠮᠵᠢᠶ᠎ᠠ ᠪᠠᠷ ᠬᠠᠭᠤᠴᠢᠨ ᠬᠤᠳᠡ ᠲᠣᠭᠤᠷᠢᠭ ᠪᠣᠯᠣᠨ ᠳᠦᠭᠦᠮ | ᠪᠦᠳᠦᠭᠦᠯᠢᠭ ᠣᠷᠤᠨ ᠰᠠᠭᠤᠴᠠᠲᠤ ᠲᠣᠭᠤᠷᠢᠭ ᠢ ᠦᠭᠡᠷᠡᠴᠢᠯᠡᠨ ᠰᠠᠶᠢᠵᠢᠷᠠᠭᠤᠯᠵᠤ᠂ ᠪᠣᠬᠢᠷᠳᠤᠯ ᠦᠭᠡᠢ ᠪᠠᠷᠢᠯᠭ᠎ᠠ ᠶᠢ | ᠲᠦᠪᠯᠡᠷᠡᠭᠦᠯᠵᠤ ᠵᠠᠯᠭᠠᠯᠳᠤᠭᠤᠯᠤᠨ ᠬᠦᠭᠵᠢᠭᠦᠯᠬᠦ ᠶᠢ ᠵᠤᠷᠢᠬᠵᠢᠭᠤᠯᠬᠤ ᠬᠡᠷᠡᠭᠲᠡᠢ᠃ | ᠵᠠᠰᠠᠭ ᠤᠨ ᠣᠷᠳᠤᠨ ᠠᠴᠠ ᠪᠡᠯᠡ ᠣᠷᠤᠭᠤᠯᠤᠭᠰᠠ ᠨᠡᠶᠢᠳᠠ ᠶᠢᠨ ᠠᠰᠠᠷᠠᠮᠵᠢ ᠶᠢᠨ ᠴᠢᠨᠠᠷᠲᠠᠢ ᠪᠠᠷᠢᠯᠭ᠎ᠠ ᠵᠢᠴᠢ | ᠲᠣᠮᠤ ᠬᠡᠯᠪᠡᠷᠢ ᠶᠢᠨ ᠤᠯᠠᠨ ᠨᠡᠶᠢᠲᠡ ᠶᠢᠨ ᠪᠠᠷᠢᠯᠭ᠎ᠠ ᠶᠢ ᠪᠣᠬᠢᠷᠳᠤᠯ ᠦᠭᠡᠢ ᠪᠠᠷᠢᠯᠭ᠎ᠠ ᠶᠢᠨ ᠪᠠᠷᠢᠮᠵᠢᠶ᠎ᠠ ᠪᠠᠷ | ᠵᠢᠷᠤᠭᠯᠠᠨ ᠲᠦᠯᠦᠪᠯᠡᠵᠤ᠂ ᠪᠦᠳᠦᠭᠡᠨ ᠪᠠᠶᠢᠭᠤᠯᠬᠤ ᠬᠡᠷᠡᠭᠲᠡᠢ᠃ | ᠬᠤᠷᠢᠨ ᠨᠠᠢᠮᠠᠳᠤᠭᠠᠷ ᠵᠦᠢᠯ ᠰᠢᠨ᠎ᠡ ᠪᠠᠷ ᠪᠠᠶᠢᠭᠤᠯᠬᠤ ᠪᠠᠷᠢᠯᠭ᠎ᠠ᠂ ᠪᠠᠷᠢᠮᠠᠯ ᠤᠨ ᠵᠦᠢᠯᠡᠰ ᠨᠢ ᠣᠯᠣᠰ ᠪᠣᠯᠣᠨ | ᠦᠪᠡᠷᠳᠡᠭᠡᠨ ᠵᠠᠰᠠᠬᠤ ᠣᠷᠣᠨ ᠤ ᠠᠭᠤᠷ ᠠᠮᠢᠰᠬᠤᠯ ᠤᠨ ᠬᠤᠪᠢᠷᠠᠯᠳᠠ ᠶᠢ ᠠᠷᠭᠠᠴᠠᠬᠤ ᠬᠤᠯᠪᠣᠭᠳᠠᠯ ᠪᠦᠬᠦᠢ | ᠲᠣᠭᠳᠠᠭᠠᠯ ᠳᠤ ᠨᠡᠶᠢᠴᠡᠵᠤ᠂ ᠬᠠᠮᠠᠭᠠᠯᠠᠬᠤ ᠠᠷᠭ᠎ᠠ ᠬᠡᠮᠵᠢᠶ᠎ᠠ ᠠᠪᠴᠤ᠂ ᠢᠯᠴᠢᠳᠤ ᠠᠷᠠᠯ ᠤᠨ ᠨᠦᠯᠦᠬᠡᠯᠡᠯ᠂ ᠨᠠᠷᠢᠨ | ᠬᠠᠪᠴᠢᠯ ᠤᠨ ᠨᠦᠯᠦᠬᠡᠯᠡᠯ ᠪᠣᠯᠣᠨ ᠭᠡᠷᠡᠯ ᠤᠨ ᠪᠣᠬᠢᠷᠳᠤᠯ ᠵᠡᠷᠭᠡ ᠠᠴᠠ ᠵᠠᠶᠢᠯᠠᠭᠤᠯᠬᠤ ᠪᠣᠶᠣ ᠬᠦᠩᠭᠡᠷᠡᠭᠦᠯᠬᠦ | ᠬᠡᠷᠡᠭᠲᠡᠢ᠃ | ᠬᠤᠷᠢ ᠶᠢᠰᠤᠳᠤᠭᠡᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠴᠠᠭ ᠠᠭᠤᠷ ᠤᠨ ᠭᠤᠣᠯᠴᠢᠯᠠᠨ | ᠬᠠᠮᠢᠶᠠᠷᠬᠤ ᠪᠠᠶᠢᠭᠤᠯᠤᠮᠵᠢ ᠨᠤᠭᠤᠳ ᠬᠤᠳᠡ ᠬᠦᠳᠡᠭᠡ ᠶᠢᠨ ᠲᠦᠯᠦᠪᠵᠢᠭᠦᠯᠭᠡ᠂ ᠣᠯᠣᠰ ᠪᠣᠯᠣᠨ ᠦᠪᠡᠷᠳᠡᠭᠡᠨ | ᠵᠠᠰᠠᠬᠤ ᠣᠷᠣᠨ ᠤ ᠭᠤᠣᠯᠳᠠᠯᠭ᠎ᠠ ᠲᠠᠢ ᠪᠦᠳᠦᠭᠡᠨ ᠪᠠᠶᠢᠭᠤᠯᠤᠯᠳᠠ ᠶᠢᠨ ᠢᠨᠵᠧᠨᠧᠷᠢᠩ᠂ ᠴᠢᠬᠤᠯᠠ ᠶᠡᠭᠡ ᠣᠷᠣᠨ | ᠪᠦᠰᠡ ᠶᠢᠨ ᠴᠢᠨᠠᠷᠲᠠᠢ ᠠᠵᠤ ᠠᠬᠤᠢ ᠶᠢᠨ ᠨᠡᠭᠡᠭᠡᠯᠳᠡ ᠶᠢᠨ ᠲᠦᠷᠦᠯ ᠵᠦᠢᠯ ᠪᠣᠯᠣᠨ ᠲᠣᠮᠤ ᠬᠡᠯᠪᠡᠷᠢ ᠶᠢᠨ ᠨᠠᠷᠡᠨ | ᠡᠨᠧᠷᠭᠢ᠂ ᠰᠠᠯᠬᠢᠨ ᠡᠨᠧᠷᠭᠢ ᠵᠡᠷᠭᠡ ᠠᠭᠤᠷ ᠠᠮᠢᠰᠬᠤᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠲᠦᠷᠦᠯ ᠵᠦᠢᠯ ᠢ | ᠵᠤᠬᠢᠶᠠᠨ ᠪᠠᠶᠢᠭᠤᠯᠵᠤ᠂ ᠠᠭᠤᠷ ᠠᠮᠢᠰᠬᠤᠯ ᠤᠨ ᠪᠣᠯᠣᠮᠵᠢᠳᠤ ᠴᠢᠨᠠᠷ ᠤᠨ ᠨᠣᠳᠠᠯᠠᠯ ᠬᠢᠬᠦ ᠬᠡᠷᠡᠭᠲᠡᠢ᠃ | ᠭᠤᠴᠢᠳᠤᠭᠠᠷ ᠵᠦᠢᠯ ᠦᠪᠡᠷᠳᠡᠭᠡᠨ ᠵᠠᠰᠠᠬᠤ ᠣᠷᠣᠨ ᠤ ᠴᠠᠭ ᠠᠭᠤᠷ ᠤᠨ ᠭᠤᠣᠯᠴᠢᠯᠠᠨ ᠬᠠᠮᠢᠶᠠᠷᠬᠤ | ᠪᠠᠶᠢᠭᠤᠯᠤᠮᠵᠢ ᠨᠤᠭᠤᠳ ᠬᠤᠯᠪᠣᠭᠳᠠᠯ ᠪᠦᠬᠦᠢ ᠰᠠᠯᠠᠭ᠎ᠠ ᠮᠦᠴᠢᠷ ᠲᠠᠢ ᠬᠠᠮᠳᠣᠷᠠᠨ ᠠᠭᠤᠷ ᠠᠮᠢᠰᠬᠤᠯ ᠤᠨ | ᠪᠣᠯᠤᠮᠵᠢᠳᠤ ᠴᠢᠨᠠᠷ ᠤᠨ ᠨᠤᠳᠠᠯᠠᠯ ᠬᠢᠬᠦ ᠴᠢᠬᠤᠯᠠ ᠲᠠᠢ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠤᠨ | ᠭᠠᠷᠴᠠᠭ ᠢ ᠨᠠᠶᠢᠷᠠᠭᠤᠯᠤᠨ ᠵᠤᠬᠢᠶᠠᠬᠤ ᠬᠡᠷᠡᠭᠲᠡᠢ᠃ | ᠭᠤᠴᠢᠨ ᠨᠢᠭᠡᠳᠤᠭᠡᠷ ᠵᠦᠢᠯ ᠠᠭᠤᠷ ᠠᠮᠢᠰᠬᠤᠯ ᠤᠨ ᠪᠣᠯᠤᠮᠵᠢᠳᠤ ᠴᠢᠨᠠᠷ ᠤᠨ ᠨᠤᠳᠠᠯᠠᠯ ᠢ ᠪᠤᠯ ᠲᠦᠷᠦ ᠶᠢᠨ | ᠶᠠᠪᠣᠳᠠᠯ ᠤᠨ ᠬᠤᠷᠢᠶ᠎ᠠ ᠶᠢᠨ ᠴᠠᠭ ᠠᠭᠤᠷ ᠤᠨ ᠭᠤᠣᠯᠴᠢᠯᠠᠨ ᠬᠠᠮᠢᠶᠠᠷᠬᠤ ᠪᠠᠶᠢᠭᠤᠯᠤᠮᠵᠢ ᠠᠴᠠ ᠨᠣᠳᠠᠯᠠᠨ | ᠲᠣᠭᠳᠠᠭᠠᠭᠰᠠᠨ ᠠᠭᠤᠷ ᠠᠮᠢᠰᠬᠤᠯ ᠤᠨ ᠪᠣᠯᠤᠮᠵᠢᠳᠤ ᠴᠢᠨᠠᠷ ᠤᠨ ᠨᠤᠳᠠᠯᠠᠯ ᠬᠢᠬᠦ ᠴᠢᠳᠠᠪᠤᠷᠢ ᠲᠠᠢ ᠪᠠᠶᠢᠭᠤᠯᠤᠮᠵᠢ ᠠᠴᠠ | ᠬᠢᠬᠦ ᠬᠡᠷᠡᠭᠲᠡᠢ᠃ | ᠠᠭᠤᠷ ᠠᠮᠢᠰᠬᠤᠯ ᠤᠨ ᠪᠣᠯᠤᠮᠵᠢᠳᠤ ᠴᠢᠨᠠᠷ ᠤᠨ ᠨᠤᠳᠠᠯᠠᠯ ᠬᠢᠬᠦ ᠪᠠᠶᠢᠭᠤᠯᠤᠮᠵᠢ ᠠᠴᠠ ᠠᠭᠤᠷ ᠠᠮᠢᠰᠬᠤᠯ ᠤᠨ | ᠪᠣᠯᠤᠮᠵᠢᠳᠤ ᠴᠢᠨᠠᠷ ᠤᠨ ᠨᠤᠳᠠᠯᠠᠯ ᠬᠢᠬᠦ ᠳᠤ᠂ ᠤᠯᠤᠰ ᠤᠨ ᠴᠠᠭ ᠠᠭᠤᠷ ᠤᠨ ᠮᠡᠷᠭᠡᠵᠢᠯ ᠤᠨ ᠪᠠᠷᠢᠮᠵᠢᠶ᠎ᠠ ᠳᠤ | ᠨᠡᠶᠢᠴᠡᠭᠰᠡᠨ ᠴᠠᠭ ᠠᠭᠤᠷ ᠤᠨ ᠮᠠᠲ᠋ᠧᠷᠢᠶᠠᠯ ᠢ ᠬᠡᠷᠡᠭᠯᠡᠬᠦ ᠬᠡᠷᠡᠭᠲᠡᠢ᠃ ᠠᠭᠤᠷ ᠠᠮᠢᠰᠬᠤᠯ ᠤᠨ ᠪᠣᠯᠤᠮᠵᠢᠳᠤ ᠴᠢᠨᠠᠷ ᠤᠨ | ᠨᠤᠳᠠᠯᠠᠯ ᠤᠨ ᠮᠡᠳᠡᠭᠦᠯᠦᠯᠳᠡ ᠭᠠᠷᠭᠠᠬᠤ ᠶᠢᠨ ᠬᠠᠮᠳᠤ᠂ ᠨᠤᠳᠠᠯᠠᠯ ᠤᠨ ᠮᠡᠳᠡᠭᠦᠯᠦᠯᠳᠡ ᠶᠢᠨ ᠰᠢᠨᠵᠢᠯᠡᠬᠦ ᠤᠬᠠᠭᠠᠨᠴᠢ | ᠴᠢᠨᠠᠷ᠂ ᠦᠨᠡᠨ ᠪᠣᠳᠠᠳᠤ ᠴᠢᠨᠠᠷ ᠲᠤ ᠬᠠᠷᠢᠭᠤᠴᠠᠬᠤ ᠬᠡᠷᠡᠭᠲᠡᠢ᠃ | ᠭᠤᠴᠢᠨ ᠬᠤᠶᠠᠳᠤᠭᠠᠷ ᠵᠦᠢᠯ ᠠᠭᠤᠷ ᠠᠮᠢᠰᠬᠤᠯ ᠤᠨ ᠪᠣᠯᠤᠮᠵᠢᠳᠤ ᠴᠢᠨᠠᠷ ᠤᠨ ᠨᠤᠳᠠᠯᠠᠯ ᠤᠨ | ᠮᠡᠳᠡᠭᠦᠯᠦᠯᠳᠡ ᠳᠤ ᠲᠣᠣᠷᠠᠬᠢ ᠠᠭᠤᠯᠭ᠎ᠠ ᠶᠢ ᠪᠠᠭᠳᠠᠭᠠᠬᠤ ᠬᠡᠷᠡᠭᠲᠡᠢ᠄ | ︵ᠨᠢᠭᠡ︶ ᠲᠦᠯᠦᠪᠵᠢᠭᠦᠯᠬᠦ ᠪᠣᠶᠣ ᠪᠦᠳᠦᠭᠡᠨ ᠪᠠᠶᠢᠭᠤᠯᠬᠤ ᠲᠦᠷᠦᠯ ᠵᠦᠢᠯ ᠤᠨ ᠲᠦᠢᠮᠤ ᠪᠠᠶᠢᠳᠠᠯ︔ | ︵ᠬᠤᠶᠠᠷ︶ ᠰᠠᠭᠤᠷᠢ ᠮᠠᠲ᠋ᠧᠷᠢᠶᠠᠯ ᠤᠨ ᠢᠷᠡᠯᠳᠡ ᠵᠢᠴᠢ ᠲᠦᠯᠦᠭᠡᠯᠡᠬᠦ ᠴᠢᠨᠠᠷ᠂ ᠪᠣᠯᠣᠮᠵᠢᠳᠤ ᠴᠢᠨᠠᠷ ᠤᠨ | ᠲᠣᠳᠣᠷᠬᠠᠶᠢᠯᠠᠯ᠂ ᠲᠣᠬᠠᠢ ᠶᠢᠨ ᠲᠠᠯᠠᠪᠠᠢ ᠶᠢᠨ ᠬᠠᠶᠢᠨ ᠬᠡᠮᠵᠢᠯᠳᠡ ᠪᠠᠷ ᠲᠠᠮᠵᠢᠨ ᠤᠯᠤᠭᠰᠡᠨ ᠮᠠᠲ᠋ᠧᠷᠢᠶᠠᠯ᠂ ᠪᠠᠰᠠ | ᠬᠠᠶᠢᠨ ᠬᠡᠮᠵᠢᠬᠦ ᠪᠠᠭᠠᠵᠢ᠂ ᠬᠠᠶᠢᠨ ᠬᠡᠮᠵᠢᠬᠦ ᠠᠷᠭ᠎ᠠ ᠪᠣᠯᠣᠨ ᠬᠠᠶᠢᠨ ᠬᠡᠮᠵᠢᠬᠦ ᠣᠷᠴᠢᠨ ᠲᠣᠭᠤᠷᠢᠨ ᠳᠤ | ᠲᠣᠳᠣᠷᠬᠠᠶᠢᠯᠠᠯ ᠬᠢᠬᠦ ᠬᠡᠷᠡᠭᠲᠠᠢ︔ | ︵ᠭᠤᠷᠪᠠ︶ ᠠᠭᠤᠷ ᠠᠮᠢᠰᠬᠤᠯ ᠤᠨ ᠪᠣᠯᠤᠮᠵᠢᠳᠤ ᠴᠢᠨᠠᠷ ᠤᠨ ᠨᠤᠳᠠᠯᠠᠯ ᠤᠨ ᠦᠨᠳᠤᠰᠤᠯᠡᠯ ᠪᠣᠯᠭᠠᠭᠰᠠᠨ | ᠪᠠᠷᠢᠮᠵᠢᠶ᠎ᠠ᠂ ᠵᠢᠷᠣᠮᠵᠢᠯ᠂ ᠲᠦᠷᠢᠮ ᠲᠤᠬᠳᠠᠭᠠᠯ ᠪᠠ ᠠᠷᠭ᠎ᠠ︔ | ︵ᠲᠦᠷᠪᠡ︶ ᠲᠦᠯᠦᠪᠵᠢᠭᠦᠯᠬᠦ ᠪᠣᠶᠣ ᠪᠦᠳᠦᠭᠡᠨ ᠪᠠᠶᠢᠭᠤᠯᠬᠤ ᠲᠦᠷᠦᠯ ᠵᠦᠢᠯ ᠤᠨ ᠪᠠᠶᠢᠭ᠎ᠠ ᠣᠷᠣᠨ ᠪᠦᠰᠡ | ᠶᠢᠨ ᠠᠭᠤᠷ ᠠᠮᠢᠰᠬᠤᠯ ᠤᠨ ᠠᠬᠤᠢ ᠪᠠᠶᠢᠳᠠᠯ ᠤᠨ ᠵᠠᠳᠠᠯᠤᠯᠳᠠ︔ | ︵ᠲᠠᠪᠤ︶ ᠴᠠᠭ ᠠᠭᠤᠷ ᠤᠨ ᠭᠠᠢ ᠭᠠᠮᠰᠢᠭ ᠤᠨ ᠠᠶᠣᠯ ᠲᠦᠭᠰᠢᠭᠦᠷᠢ ᠶᠢ ᠦᠨᠡᠯᠡᠨ ᠵᠢᠱᠢᠭᠰᠡᠨ | ᠮᠡᠳᠡᠭᠦᠯᠦᠯᠳᠡ︔ | ︵ᠵᠢᠷᠭᠤᠭ᠎ᠠ︶ ᠨᠦᠯᠦᠭᠡᠯᠡᠯ ᠢ ᠤᠷᠢᠳᠴᠢᠯᠠᠨ ᠰᠡᠷᠭᠡᠶᠢᠯᠡᠬᠦ ᠪᠣᠶᠤ ᠬᠦᠩᠭᠡᠷᠡᠭᠦᠯᠬᠦ ᠳᠤ ᠠᠷᠭᠠᠴᠠᠨ | ᠬᠠᠷᠢᠭᠤᠴᠠᠬᠤ ᠠᠷᠭ᠎ᠠ ᠪᠣᠯᠣᠨ ᠰᠠᠨᠠᠭᠤᠯᠭ᠎ᠠ︔ | ︵ᠲᠣᠯᠤᠭ᠎ᠠ︶ ᠨᠣᠳᠠᠯᠠᠯ ᠤᠨ ᠦᠷ᠎ᠡ ᠳ᠋ᠦᠩ ᠪᠣᠯᠣᠨ ᠬᠡᠷᠡᠭᠯᠡᠭᠡᠨ ᠤ ᠴᠢᠨᠠᠷ ᠲᠠᠢ ᠲᠣᠳᠣᠷᠬᠠᠶᠢᠯᠠᠯ᠃ | ᠭᠤᠴᠢᠨ ᠭᠤᠷᠪᠠᠳᠤᠭᠠᠷ ᠵᠦᠢᠯ ᠠᠭᠤᠷ ᠠᠮᠢᠰᠬᠤᠯ ᠤᠨ ᠪᠣᠯᠤᠮᠵᠢᠳᠤ ᠴᠢᠨᠠᠷ ᠤᠨ ᠨᠤᠳᠠᠯᠠᠯ ᠬᠢᠭᠰᠡᠨ | ᠪᠠᠶᠢᠭᠤᠯᠤᠮᠵᠢ ᠨᠢ ᠠᠭᠤᠷ ᠠᠮᠢᠰᠬᠤᠯ ᠤᠨ ᠪᠣᠯᠤᠮᠵᠢᠳᠤ ᠴᠢᠨᠠᠷ ᠤᠨ ᠨᠤᠳᠠᠯᠠᠯ ᠤᠨ ᠮᠡᠳᠡᠭᠦᠯᠦᠯᠳᠡ ᠪᠠᠨ ᠦᠪᠡᠷᠳᠡᠭᠡᠨ | ᠵᠠᠰᠠᠬᠤ ᠣᠷᠣᠨ ᠤ ᠴᠠᠭ ᠠᠭᠤᠷ ᠤᠨ ᠭᠤᠣᠯᠴᠢᠯᠠᠨ ᠬᠠᠮᠢᠶᠠᠷᠬᠤ ᠪᠠᠶᠢᠭᠤᠯᠤᠮᠵᠢ ᠳᠤ ᠮᠡᠳᠡᠭᠦᠯᠦᠨ ᠬᠦᠷᠭᠡᠬᠦ ᠬᠡᠷᠡᠭᠲᠠᠢ᠃ | ᠦᠪᠡᠷᠳᠡᠭᠡᠨ ᠵᠠᠰᠠᠬᠤ ᠣᠷᠣᠨ ᠤ ᠴᠠᠭ ᠠᠭᠤᠷ ᠤᠨ ᠭᠤᠣᠯᠴᠢᠯᠠᠨ ᠬᠠᠮᠢᠶᠠᠷᠬᠤ ᠪᠠᠶᠢᠭᠤᠯᠤᠮᠵᠢ ᠨᠢ ᠠᠭᠤᠷ | ᠠᠮᠢᠰᠬᠤᠯ ᠤᠨ ᠪᠣᠯᠤᠮᠵᠢᠳᠤ ᠴᠢᠨᠠᠷ ᠤᠨ ᠨᠤᠳᠠᠯᠠᠯ ᠤᠨ ᠮᠡᠳᠡᠭᠦᠯᠦᠯᠳᠡ ᠶᠢ ᠭᠠᠷᠳᠠᠭᠰᠠᠨ ᠡᠳᠣᠷ ᠠᠴᠠ ᠡᠬᠢᠯᠡᠨ | ᠭᠤᠴᠢᠨ ᠡᠳᠣᠷ ᠤᠨ ᠲᠣᠳᠣᠷ᠎ᠠ᠂ ᠬᠤᠯᠪᠣᠭᠳᠠᠯ ᠪᠦᠬᠦᠢ ᠰᠠᠯᠠᠭ᠎ᠠ ᠮᠦᠴᠢᠷ ᠤᠨ ᠲᠦᠯᠦᠭᠡᠯᠡᠭᠴᠢ ᠪᠣᠯᠣᠨ ᠲᠤᠰᠬᠠᠢ | ᠮᠡᠷᠭᠡᠵᠢᠯᠳᠡᠨ ᠢ ᠴᠣᠭᠯᠠᠭᠤᠯᠤᠨ ᠬᠢᠨᠠᠨ ᠲᠤᠭᠳᠠᠭᠠᠬᠤ ᠲᠣᠭᠤᠶᠢᠯᠠᠩ ᠪᠠᠶᠢᠭᠤᠯᠵᠤ᠂ ᠲᠦᠯᠦᠪᠵᠢᠭᠦᠯᠬᠦ ᠪᠣᠶᠣ | ᠪᠦᠳᠦᠭᠡᠨ ᠪᠠᠶᠢᠭᠤᠯᠬᠤ ᠲᠦᠷᠦᠯ ᠵᠦᠢᠯ ᠤᠨ ᠠᠭᠤᠷ ᠠᠮᠢᠰᠬᠤᠯ ᠤᠨ ᠪᠣᠯᠤᠮᠵᠢᠳᠤ ᠴᠢᠨᠠᠷ ᠤᠨ ᠨᠤᠳᠠᠯᠠᠯ ᠤᠨ | ᠮᠡᠳᠡᠭᠦᠯᠦᠯᠳᠡ ᠳᠤ ᠬᠢᠨᠠᠨ ᠲᠤᠭᠳᠠᠭᠠᠯᠳᠠ ᠬᠢᠵᠤ᠂ ᠬᠢᠨᠠᠨ ᠲᠤᠭᠳᠠᠭᠠᠬᠤ ᠲᠣᠭᠤᠶᠢᠯᠠᠩ ᠤᠨ ᠭᠤᠷᠪᠠᠨ ᠤ ᠬᠤᠶᠠᠷ | ᠬᠤᠪᠢ ᠠᠴᠠ ᠲᠡᠭᠡᠭᠰᠢᠬᠢ ᠭᠡᠰᠢᠭᠦᠨ ᠢᠶᠠᠷ ᠭᠠᠷ ᠤᠨ ᠦᠰᠦᠭ ᠵᠢᠷᠤᠭᠤᠯᠵᠤ ᠵᠦᠪᠰᠢᠶᠡᠷᠡᠭᠦᠯᠦᠭᠡᠳ᠂ ᠬᠢᠨᠠᠨ | ᠲᠤᠭᠳᠠᠭᠠᠬᠤ ᠲᠣᠭᠤᠶᠢᠯᠠᠩ ᠠᠴᠠ ᠬᠢᠨᠠᠨ ᠲᠤᠭᠳᠠᠭᠠᠭᠰᠠᠨ ᠰᠠᠨᠠᠯ ᠢᠶᠠᠨ ᠪᠢᠴᠢᠵᠦ ᠭᠠᠷᠭᠠᠬᠤ ᠬᠡᠷᠡᠭᠲᠡᠢ᠃ | ᠭᠤᠴᠢᠨ ᠳᠦᠷᠪᠡᠳᠤᠭᠡᠷ ᠵᠦᠢᠯ ᠬᠤᠳᠡ ᠬᠦᠳᠡᠭᠡ ᠶᠢᠨ ᠲᠦᠯᠦᠪᠵᠢᠭᠦᠯᠭᠡ ᠶᠢ ᠨᠠᠶᠢᠷᠠᠭᠤᠯᠤᠨ ᠵᠤᠬᠢᠶᠠᠬᠤ | ᠨᠢᠭᠡᠴᠡ ᠨᠦᠭᠦᠳ ᠲᠤᠰᠬᠠᠢ ᠮᠡᠷᠭᠡᠵᠢᠯᠳᠡᠨ ᠢᠶᠠᠷ ᠬᠢᠨᠠᠨ ᠲᠤᠬᠳᠠᠭᠠᠯᠭᠠᠵᠦ ᠪᠠᠳᠣᠯᠠᠭᠰᠠᠨ ᠠᠭᠤᠷ ᠠᠮᠢᠰᠬᠤᠯ ᠤᠨ | ᠪᠣᠯᠤᠮᠵᠢᠳᠤ ᠴᠢᠨᠠᠷ ᠤᠨ ᠨᠤᠳᠠᠯᠠᠯ ᠤᠨ ᠮᠡᠳᠡᠭᠦᠯᠦᠯᠳᠡ ᠶᠢ ᠨᠢ ᠲᠦᠯᠦᠪᠵᠢᠭᠦᠯᠭᠡ ᠶᠢ ᠨᠠᠶᠢᠷᠠᠭᠤᠯᠤᠨ ᠵᠤᠬᠢᠶᠠᠬᠤ | ᠰᠠᠭᠤᠷᠢ ᠮᠠᠲ᠋ᠧᠷᠢᠶᠠᠯ ᠪᠣᠯᠭᠠᠬᠤ ᠬᠡᠷᠡᠭᠲᠡᠢ᠃ | ᠠᠭᠤᠷ ᠠᠮᠢᠰᠬᠤᠯ ᠤᠨ ᠪᠣᠯᠤᠮᠵᠢᠳᠤ ᠴᠢᠨᠠᠷ ᠤᠨ ᠨᠤᠳᠠᠯᠠᠯ ᠤᠨ ᠭᠠᠷᠴᠠᠭ ᠲᠤ ᠣᠷᠤᠭᠤᠯᠤᠭᠰᠠᠨ ᠪᠦᠳᠦᠭᠡᠨ | ᠪᠠᠶᠢᠭᠤᠯᠬᠤ ᠲᠦᠷᠦᠯ ᠵᠦᠢᠯ ᠳᠤ ᠪᠣᠯ᠂ ᠪᠦᠳᠦᠭᠡᠨ ᠪᠠᠶᠢᠭᠤᠯᠬᠤ ᠨᠢᠭᠡᠴᠡ ᠨᠦᠭᠦᠳ ᠤᠨ ᠪᠣᠯᠤᠮᠵᠢᠳᠤ ᠴᠢᠨᠠᠷ ᠲᠠᠢ | ᠰᠣᠳᠤᠯᠭᠠᠨ ᠤ ᠮᠡᠳᠡᠭᠦᠯᠦᠯᠳᠡ ᠪᠠᠨ ᠮᠡᠳᠡᠭᠦᠯᠦᠨ ᠬᠦᠷᠭᠡᠬᠦ ᠦᠶ᠎ᠠ ᠳᠤ ᠲᠤᠰᠬᠠᠢ ᠮᠡᠷᠭᠡᠵᠢᠯᠳᠡᠨ ᠢᠶᠠᠷ ᠬᠢᠨᠠᠨ | ᠲᠤᠬᠳᠠᠭᠠᠯᠭᠠᠵᠦ ᠪᠠᠳᠣᠯᠠᠭᠰᠠᠨ ᠠᠭᠤᠷ ᠠᠮᠢᠰᠬᠤᠯ ᠤᠨ ᠪᠣᠯᠤᠮᠵᠢᠳᠤ ᠴᠢᠨᠠᠷ ᠤᠨ ᠨᠤᠳᠠᠯᠠᠯ ᠤᠨ ᠮᠡᠳᠡᠭᠦᠯᠦᠯᠳᠡ ᠶᠢ | ᠳᠠᠭᠠᠯᠳᠣᠭᠤᠯᠬᠤ ᠬᠡᠷᠡᠭᠲᠡᠢ᠃ | ᠲᠠᠪᠤᠳᠤᠭᠠᠷ ᠪᠦᠯᠦᠭ ᠬᠠᠣᠯᠢ ᠴᠠᠭᠠᠵᠠ ᠶᠢᠨ ᠬᠠᠷᠢᠭᠤᠴᠠᠯᠭ᠎ᠠ | ᠭᠤᠴᠢᠨ ᠲᠠᠪᠣᠳᠤᠭᠠᠷ ᠵᠦᠢᠯ ᠲᠣᠰ ᠠᠷᠭ᠎ᠠ ᠶᠢᠨ ᠲᠤᠭᠳᠠᠭᠠᠯ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ | ᠪᠣᠯ᠂ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠴᠠᠭ ᠠᠭᠤᠷ ᠤᠨ ᠬᠠᠣᠯᠢ︾ ᠵᠡᠷᠭᠡ ᠬᠤᠯᠪᠤᠭᠳᠠᠯ | ᠪᠦᠬᠦᠢ ᠬᠠᠣᠯᠢ ᠴᠠᠭᠠᠵᠠ᠂ ᠬᠠᠣᠯᠢ ᠲᠣᠭᠲᠠᠭᠠᠯ ᠳᠤ ᠨᠢᠭᠡᠨᠳᠡ ᠵᠠᠰᠠᠭ ᠵᠠᠬᠢᠷᠭᠠᠨ ᠢᠶᠠᠷ ᠰᠢᠳᠬᠡᠨ ᠲᠣᠷᠭᠠᠬᠤ | ᠲᠣᠭᠳᠠᠭᠠᠯ ᠭᠠᠷᠭᠠᠭᠰᠠᠨ ᠪᠠᠶᠢᠪᠠᠯ ᠲᠡᠷᠡ ᠲᠣᠭᠲᠠᠭᠠᠯ ᠢᠶᠠᠷ ᠭᠦᠢᠴᠡᠳᠭᠡᠨ᠎ᠡ᠃ | ᠭᠤᠴᠢᠨ ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠴᠠᠭ ᠠᠭᠤᠷ ᠤᠨ | ᠭᠤᠣᠯᠴᠢᠯᠠᠨ ᠬᠠᠮᠢᠶᠠᠷᠬᠤ ᠪᠠᠶᠢᠭᠤᠯᠤᠮᠵᠢ ᠪᠣᠯᠣᠨ ᠪᠣᠰᠤᠳ ᠬᠤᠯᠪᠤᠭᠳᠠᠯ ᠪᠦᠬᠦᠢ ᠰᠠᠯᠠᠭ᠎ᠠ ᠮᠦᠴᠢᠷ ᠵᠢᠴᠢ | ᠠᠵᠢᠯᠳᠠᠳ ᠨᠢ ᠲᠣᠰ ᠠᠷᠭ᠎ᠠ ᠶᠢᠨ ᠲᠣᠭᠲᠠᠭᠠᠯ ᠠᠴᠠ ᠵᠦᠷᠢᠴᠡᠭᠰᠡᠨ᠂ ᠲᠣᠣᠷᠠᠬᠢ ᠦᠢᠯᠡ ᠠᠵᠢᠯᠯᠠᠭ᠎ᠠ ᠶᠢᠨ | ᠨᠢᠭᠡ ᠨᠢ ᠪᠠᠶᠢᠪᠠᠯ᠂ ᠰᠢᠭᠤᠳ ᠬᠠᠷᠢᠭᠤᠴᠠᠵᠤ ᠪᠠᠶᠢᠭ᠎ᠠ ᠭᠤᠣᠯ ᠬᠠᠮᠢᠶᠠᠷᠤᠭᠴᠢ ᠪᠤᠯᠤᠨ ᠪᠣᠰᠣᠳ ᠰᠢᠭᠤᠳ | ᠬᠠᠷᠢᠭᠤᠴᠠᠯᠭ᠎ᠠ ᠲᠠᠢ ᠬᠦᠮᠦᠰ ᠲᠤ ᠬᠠᠣᠯᠢ ᠶᠤᠰᠤᠭᠠᠷ ᠵᠠᠰᠠᠭ ᠵᠠᠬᠢᠷᠭᠠᠨ ᠤ ᠰᠢᠳᠭᠡᠯ ᠦᠭᠭᠦᠨ᠎ᠡ︔ ᠶᠠᠯ᠎ᠠ ᠳᠤ | ᠬᠦᠷᠦᠭᠰᠡᠨ ᠪᠣᠯ᠂ ᠬᠠᠣᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ︔ | ︵ᠨᠢᠭᠡ︶ ᠲᠤᠭᠳᠠᠭᠠᠯ ᠶᠤᠰᠤᠭᠠᠷ ᠠᠭᠤᠷ ᠠᠮᠢᠰᠬᠤᠯ ᠤᠨ ᠡᠬᠢ ᠪᠠᠶᠠᠯᠢᠭ ᠢ ᠶᠡᠷᠦᠩᠬᠡᠶᠢᠯᠡᠨ ᠪᠠᠶᠢᠴᠠᠭᠠᠵᠤ᠂ | ᠠᠭᠤᠷ ᠠᠮᠢᠰᠬᠤᠯ ᠤᠨ ᠡᠬᠢ ᠪᠠᠶᠠᠯᠢᠭ ᠤᠨ ᠣᠷᠣᠨ ᠤ ᠬᠤᠪᠢᠶᠠᠷᠢᠯᠠᠯ ᠢ ᠨᠠᠶᠢᠷᠠᠭᠤᠯᠤᠨ ᠵᠤᠬᠢᠶᠠᠭᠰᠠᠨ ᠦᠭᠡᠢ︔ | ︵ᠬᠤᠶᠠᠷ︶ ᠲᠣᠭᠲᠠᠭᠠᠯ ᠶᠣᠰᠤᠭᠠᠷ ᠠᠭᠤᠷ ᠠᠮᠢᠰᠬᠤᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ | ᠬᠠᠮᠠᠭᠠᠯᠠᠬᠤ ᠲᠦᠯᠦᠪᠵᠢᠭᠦᠯᠭᠡ ᠶᠢ ᠨᠠᠶᠢᠷᠠᠭᠤᠯᠤᠨ ᠵᠤᠬᠢᠶᠠᠭᠰᠠᠨ ᠦᠭᠡᠢ︔ | ︵ᠭᠤᠷᠪᠠ︶ ᠠᠭᠤᠷ ᠠᠮᠢᠰᠬᠤᠯ ᠤᠨ ᠡᠬᠢ ᠪᠠᠶᠠᠯᠢᠭ ᠢ ᠬᠠᠮᠠᠭᠠᠯᠠᠬᠤ ᠬᠡᠪᠴᠢᠶᠡᠨ ᠳᠣᠲᠣᠷᠠᠬᠢ ᠠᠭᠤᠷ | ᠠᠮᠢᠰᠬᠤᠯ ᠤᠨ ᠡᠬᠢ ᠪᠠᠶᠠᠯᠢᠭ ᠢ ᠡᠪᠳᠡᠬᠦ ᠲᠦᠷᠦᠯ ᠵᠦᠢᠯ ᠤᠨ ᠪᠦᠳᠦᠭᠡᠨ ᠪᠠᠶᠢᠭᠤᠯᠬᠤ ᠶᠢ ᠳᠤᠷ᠎ᠠ ᠪᠠᠷ ᠢᠶᠠᠨ | ᠵᠦᠪᠰᠢᠶᠡᠷᠡᠭᠰᠡᠨ︔ | ︵ᠲᠦᠷᠪᠠ︶ ᠡᠷᠬᠡ ᠲᠣᠰᠢᠶᠠᠯ ᠢᠶᠠᠨ ᠲᠣᠷ᠎ᠠ ᠪᠠᠷ ᠢᠶᠠᠨ ᠬᠡᠷᠡᠭᠯᠡᠭᠰᠡᠨ᠂ ᠠᠯᠪᠠᠨ ᠲᠤᠰᠢᠶᠠᠯ ᠳᠤ ᠠᠯᠮᠠᠶᠢᠷᠠᠨ | ᠣᠰᠤᠯᠳᠠᠭᠰᠠᠨ᠂ ᠭᠤᠶᠠᠴᠢᠯᠠᠨ ᠬᠠᠤᠯᠢ ᠶᠣᠰᠣ ᠶᠢ ᠵᠦᠷᠢᠴᠡᠭᠰᠡᠨ ᠪᠣᠰᠣᠳ ᠦᠢᠯᠡ ᠠᠵᠢᠯᠯᠠᠭ᠎ᠠ᠃ | ᠵᠢᠷᠭᠤᠳᠤᠭᠠᠷ ᠪᠦᠯᠦᠭ ᠳᠠᠭᠠᠯᠳᠤᠭᠤᠯᠤᠯ ᠳᠦᠷᠢᠮ | ᠭᠤᠴᠢᠨ ᠳᠣᠯᠣᠳᠣᠭᠠᠷ ᠵᠦᠢᠯ ᠲᠣᠰ ᠠᠷᠭ᠎ᠠ ᠳᠠᠬᠢ ᠳᠣᠣᠷ᠎ᠠ ᠵᠢᠭᠰᠠᠭᠠᠭᠰᠠᠨ ᠦᠭᠡᠰ ᠤᠨ ᠤᠳᠬ᠎ᠠ ᠨᠢ ᠪᠣᠯ᠄ | ᠠᠭᠤᠷ ᠠᠮᠢᠰᠬᠤᠯ ᠤᠨ ᠡᠬᠢ ᠪᠠᠶᠠᠯᠢᠭ ᠢ ᠬᠠᠶᠢᠨ ᠬᠡᠮᠵᠢᠬᠦ ᠭᠡᠳᠡᠭ ᠨᠢ ᠴᠠᠭ ᠠᠭᠤᠷ ᠤᠨ ᠪᠠᠭᠠᠵᠢ | ᠬᠡᠮᠵᠢᠶᠡᠯᠡᠪᠤᠷᠢ ᠪᠠ ᠬᠡᠮᠵᠢᠭᠦᠷᠯᠢᠭ ᠵᠡᠷᠭᠡ ᠠᠵᠢᠭᠯᠠᠨ ᠬᠡᠮᠵᠢᠬᠦ ᠪᠡᠯᠡᠳᠭᠡᠮᠵᠢ᠂ ᠲᠦᠬᠦᠭᠡᠷᠤᠮᠵᠢ ᠶᠢ ᠠᠰᠢᠭᠯᠠᠨ ᠠᠭᠤᠷ | ᠠᠮᠢᠰᠬᠤᠯ ᠤᠨ ᠡᠬᠢ ᠪᠠᠶᠠᠯᠢᠭ ᠤᠨ ᠬᠠᠮᠢᠶ᠎ᠠ ᠪᠦᠬᠦᠢ ᠴᠠᠭ ᠠᠭᠤᠷ ᠤᠨ ᠬᠦᠴᠦᠨ ᠵᠦᠢᠯ ᠪᠣᠯᠣᠨ ᠦᠵᠡᠭᠳᠡᠯ | ᠵᠡᠷᠭᠡ ᠳᠤ ᠰᠢᠰᠲ᠋ᠧᠮ ᠲᠠᠢ ᠠᠵᠢᠭᠯᠠᠬᠤ᠂ ᠬᠡᠮᠵᠢᠶᠡᠯᠡᠬᠦ ᠪᠠ ᠲᠦᠰᠦᠭᠡᠯᠡᠨ ᠪᠤᠳᠤᠬᠤ ᠠᠵᠢᠯᠯᠠᠭ᠎ᠠ ᠬᠢᠭᠰᠡᠨ ᠢ ᠵᠢᠭᠠᠵᠤ | ᠪᠤᠢ᠃ | ᠠᠭᠤᠷ ᠠᠮᠢᠰᠬᠤᠯ ᠤᠨ ᠪᠣᠯᠤᠮᠵᠢᠳᠤ ᠴᠢᠨᠠᠷ ᠤᠨ ᠨᠤᠳᠠᠯᠠᠯ ᠭᠡᠳᠡᠭ ᠨᠢ ᠰᠢᠨᠵᠢᠯᠡᠬᠦ ᠤᠬᠠᠭᠠᠨᠴᠢ ᠠᠷᠭ᠎ᠠ ᠪᠠᠷᠢᠯ | ᠪᠣᠯᠣᠨ ᠠᠷᠭ᠎ᠠ ᠶᠢ ᠬᠡᠷᠡᠭᠯᠡᠨ᠂ ᠠᠭᠤᠷ ᠠᠮᠢᠰᠬᠤᠯ ᠤᠨ ᠨᠦᠬᠦᠴᠡᠯ ᠯᠦᠭᠡ ᠨᠢᠭᠲᠠ ᠬᠤᠯᠪᠣᠭᠳᠠᠬᠤ ᠲᠦᠯᠦᠪᠵᠢᠭᠦᠯᠭᠡ | ᠪᠤᠯᠤᠨ ᠪᠦᠳᠦᠭᠡᠨ ᠪᠠᠶᠢᠭᠤᠯᠬᠤ ᠲᠦᠷᠦᠯ ᠵᠦᠢᠯ ᠳᠤ ᠴᠠᠭ ᠠᠭᠤᠷ ᠤᠨ ᠲᠣᠬᠢᠷᠠᠮᠵᠢᠲᠤ ᠴᠢᠨᠠᠷ᠂ ᠲᠦᠭᠰᠢᠭᠦᠷᠢᠲᠦ | ᠴᠢᠨᠠᠷ ᠵᠢᠴᠢ ᠬᠡᠰᠡᠭ ᠭᠠᠵᠠᠷ ᠤᠷᠤᠨ ᠤ ᠠᠭᠤᠷ ᠠᠮᠢᠰᠬᠤᠯ ᠢ ᠨᠦᠯᠦᠭᠡᠯᠡᠵᠤ ᠮᠡᠳᠡᠬᠦ ᠵᠠᠳᠠᠯᠤᠯᠳᠠ᠂ ᠦᠨᠡᠯᠡᠨ | ᠵᠢᠱᠢᠯᠳᠠ ᠶᠢᠨ ᠠᠵᠢᠯᠯᠠᠭ᠎ᠠ ᠬᠢᠬᠦ ᠶᠢ ᠵᠢᠭᠠᠵᠤ ᠪᠤᠢ᠃ | ᠭᠤᠴᠢᠨ ᠨᠠᠢᠮᠠᠳᠤᠭᠠᠷ ᠵᠦᠢᠯ ᠲᠣᠰ ᠠᠷᠭ᠎ᠠ ᠶᠢ 2015 ᠣᠨ ᠤ 8 ᠳ᠋ᠤᠭᠠᠷ ᠰᠠᠷ᠎ᠠ ᠶᠢᠨ 1 ᠤ ᠡᠳᠤᠷ ᠠᠴᠠ | ᠡᠬᠢᠯᠡᠨ ᠬᠡᠷᠡᠭᠵᠢᠭᠦᠯᠦᠨ᠎ᠡ᠃ |