ᠡᠨᠡ ᠵᠢᠯ ᠲᠤᠰ ᠱᠠᠲᠤᠨ ᠤ ᠭᠤᠷᠪᠠᠳᠤᠭᠠᠷ ᠳᠡᠰ ᠤᠨ ᠬᠦᠭᠡ ᠳᠡᠰ ᠤᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠴᠦᠮ ᠰᠢᠯᠵᠢᠮᠡᠯ ᠲᠣᠭᠠᠴᠠᠭᠠᠨ ᠤ ᠦᠶᠯᠡᠴᠢᠯᠡᠭᠡ ᠦᠷᠨᠢᠭᠦᠯᠬᠦ ᠪᠤᠯᠤᠨ᠎ᠠ
ᠨᠡᠶᠢᠲᠡᠯᠡᠭᠰᠡᠨ ᠴᠠᠭ᠄
2018/6/5
     ᠮᠠᠨ ᠤ ᠣᠷᠣᠨ ᠣᠶᠢᠷ᠎ᠠ ᠳᠤ ᠮᠡᠳᠡᠭᠳᠡᠯ ᠪᠠᠭᠤᠯᠭᠠᠵᠤ᠂ ᠪᠦᠬᠦ ᠣᠷᠣᠨ ᠤ ᠡᠯ᠎ᠡ ᠱᠠᠲᠤᠨ ᠤ ᠡᠮᠨᠡᠯᠭᠡ ᠶᠢᠨ ᠬᠤᠷᠢᠶ᠎ᠠ ᠨᠤᠭᠤᠳ ︽ᠢᠨᠲ᠋ᠧᠷ ᠰᠦᠯᠵᠢᠶ᠎ᠡ +︾᠎ ᠪᠠᠷ ᠠᠷᠭ᠎ᠠ ᠪᠠᠷᠢᠯ ᠪᠣᠯᠭᠠᠨ ᠤᠶᠤᠨᠴᠢ ᠡᠮᠨᠡᠯᠭᠡ ᠶᠢᠨ ᠬᠤᠷᠢᠶ᠎ᠠ ᠪᠦᠲᠦᠭᠡᠨ ᠪᠠᠶᠢᠭᠤᠯᠵᠤ᠂ ᠡᠮ ᠡᠮᠨᠡᠯᠭᠡ ᠶᠢᠨ ᠦᠢᠯᠡᠴᠢᠯᠡᠭᠡᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠮᠴᠢᠯᠡᠭᠡᠨ ᠤ ᠦᠢᠯᠡᠴᠢᠯᠡᠭᠡ ᠶᠢᠨ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠷᠠᠳ ᠣᠯᠠᠨ ᠤ ᠡᠪᠡᠳᠴᠢᠨ ᠦᠵᠡᠭᠦᠯᠵᠦ ᠡᠮᠴᠢᠯᠡᠭᠦᠯᠬᠦ ᠲᠦᠷᠦᠭᠳᠡᠯ ᠢ ᠰᠠᠶᠢᠵᠢᠷᠠᠭᠤᠯᠬᠤ ᠬᠡᠷᠡᠭᠲᠡᠢ ᠭᠡᠵᠦ ᠱᠠᠭᠠᠷᠳᠠᠵᠠᠢ᠃ 2018 ᠣᠨ ᠳᠤ ᠲᠤᠰ ᠱᠠᠲᠤᠨ ᠤ ᠭᠤᠷᠪᠠᠳᠤᠭᠠᠷ ᠳᠡᠰ ᠤᠨ ᠬᠦᠭᠡ ᠳᠡᠰ ᠤᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠴᠦᠮ ᠰᠢᠯᠵᠢᠮᠡᠯ ᠲᠣᠭᠠᠴᠠᠭᠠᠨ ᠤ ᠦᠶᠯᠡᠴᠢᠯᠡᠭᠡ ᠵᠡᠷᠭᠡ ᠳᠥᠭᠦᠮ ᠳᠥᠲᠡ ᠦᠢᠯᠡᠴᠢᠯᠡᠭᠡ ᠦᠷᠨᠢᠭᠦᠯᠬᠦ ᠪᠤᠯᠤᠨ᠎ᠠ᠃      ᠮᠡᠳᠡᠭᠳᠡᠯ ᠳᠤ ᠱᠠᠭᠠᠷᠳᠠᠭᠰᠠᠨ ᠨᠢ᠂ ᠪᠦᠬᠦ ᠣᠷᠣᠨ ᠤ ᠡᠮᠴᠢᠯᠡᠭᠡᠨ ᠤ ᠪᠠᠶᠢᠭᠤᠯᠤᠮᠵᠢ ᠨᠤᠭᠤᠳ ᠡᠪᠡᠳᠴᠢᠲᠡᠨ ᠤ ᠡᠮᠴᠢᠯᠡᠭᠡ ᠶᠢᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠮᠡᠷᠭᠡᠵᠢᠯ ᠢ ᠭᠦᠢᠴᠡᠳ ᠠᠰᠢᠭᠯᠠᠨ ᠡᠮᠴᠢᠯᠡᠭᠡᠨ ᠤ ᠦᠢᠯᠡᠴᠢᠯᠡᠭᠡ ᠶᠢᠨ ᠣᠷᠣᠨ ᠵᠠᠶ ᠪᠠ ᠠᠭᠤᠯᠭ᠎ᠠ ᠶᠢ ᠦᠷᠭᠡᠳᠬᠡᠵᠦ᠂ ᠣᠨᠣᠰᠢᠯᠠᠨ ᠡᠮᠨᠡᠬᠦ ᠵᠦᠢᠯ ᠨᠢ ᠬᠠᠷᠢᠯᠴᠠᠨ ᠨᠢᠭᠡᠳᠦᠯᠲᠡᠶ ᠪᠦᠭᠡᠳ ᠲᠣᠬᠢᠷᠠᠮᠵᠢᠲᠠᠶ ᠡᠮ ᠡᠮᠨᠡᠯᠭᠡ ᠶᠢᠨ ᠦᠢᠯᠡᠴᠢᠯᠡᠭᠡ ᠶᠢ ᠢᠳᠡᠪᠬᠢᠲᠡᠢ ᠬᠠᠩᠭᠠᠬᠤ ᠬᠡᠷᠡᠭᠲᠡᠢ᠃ ᠢᠨᠲ᠋ᠧᠷ ᠰᠦᠯᠵᠢᠶᠡᠨ ᠤ ᠮᠡᠷᠭᠡᠵᠢᠯ ᠢ ᠠᠰᠢᠭᠯᠠᠨ ᠡᠪᠡᠳᠴᠢᠲᠡᠨ ᠤ ᠡᠪᠡᠳᠴᠢᠨ ᠦᠵᠡᠭᠦᠯᠬᠦ ᠲᠦᠷᠦᠭᠳᠡᠯ ᠢ ᠴᠠᠭ ᠲᠤᠬᠠᠶ ᠳᠤᠨᠢ ᠣᠶᠢᠯᠠᠭᠠᠵᠤ᠂ ᠡᠮᠴᠢᠯᠡᠭᠡ ᠶᠢᠨ ᠦᠢᠯᠡᠴᠢᠯᠡᠭᠡᠨ ᠤ ᠶᠠᠪᠤᠴᠠ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠲᠣᠣᠷ ᠰᠦᠯᠵᠢᠶ᠎ᠡ᠂ ᠳ᠋ᠢᠶᠠᠩᠬᠤᠸᠠ᠂ ᠸᠢᠴᠠᠲ ᠵᠡᠷᠭᠡ ᠤᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ᠂ ᠡᠪᠡᠳᠴᠢᠲᠡᠨ ᠳᠤ ᠤᠷᠢᠳᠴᠢᠯᠠᠨ ᠪᠣᠯᠵᠣᠵᠤ ᠳ᠋ᠤᠭᠠᠷᠯᠠᠬᠤ᠂ ᠰᠢᠯᠵᠢᠭᠦᠯᠵᠦ ᠲᠦᠯᠦᠬᠦ᠂ ᠰᠦᠯᠵᠢᠶ᠎ᠡ ᠪᠠᠷ ᠲᠤᠭᠠᠴᠠᠬᠤ᠂ ᠣᠷᠣ ᠶᠢᠨ ᠳᠡᠷᠭᠡᠳᠡ ᠲᠡᠰᠦᠯᠦᠠ ᠪᠤᠳᠦᠬᠤ᠂ ᠡᠪᠡᠳᠴᠢᠨ ᠦᠵᠡᠭᠦᠯᠬᠦ ᠰᠠᠨᠠᠭᠤᠯᠤᠮᠵᠢ ᠦᠭᠬᠦ᠂ ᠮᠡᠳᠡᠭᠡ ᠵᠠᠩᠭᠢ ᠶᠢ ᠬᠦᠷᠭᠡᠬᠦ᠂ ᠡᠮᠴᠢ ᠬᠢᠭᠡᠳ ᠡᠪᠡᠳᠴᠢᠲᠡᠨ ᠰᠠᠨᠠᠯ ᠢᠶᠠᠨ ᠰᠤᠯᠢᠯᠴᠠᠬᠤ᠂ ᠲᠠᠭᠠᠯᠠᠮᠵᠢ ᠶᠢᠨ ᠦᠨᠡᠯᠡᠯᠲᠡ ᠬᠢᠬᠦ ᠵᠢᠴᠢ ᠳ᠋ᠤᠭᠠᠷ ᠤᠨ ᠢᠷᠡᠯᠳᠡ ᠶᠢᠨ ᠮᠡᠳᠡᠭᠡ ᠵᠠᠩᠭᠢ᠂ ᠰᠢᠯᠭᠠᠨ ᠪᠠᠶᠢᠴᠠᠭᠠᠭᠰᠠᠨ ᠦᠷ᠎ᠡ ᠳ᠋ᠦᠩ᠂ ᠡᠮᠴᠢᠯᠡᠭᠡᠨ ᠤ ᠵᠠᠷᠤᠳᠠᠯ᠂ ᠡᠪᠡᠳᠴᠢᠨ ᠡᠮᠬᠡᠭ ᠤᠨ ᠤᠨᠤᠰᠢᠯᠠᠯᠲᠠ ᠵᠡᠷᠭᠡ ᠶᠢ ᠪᠠᠭᠲᠠᠭᠠᠭᠰᠠᠨ ᠶᠡᠷᠦᠩᠬᠡᠶᠢᠯᠡᠭᠰᠡᠨ ᠯᠠᠪᠯᠠᠯᠲᠠ ᠬᠢᠬᠦ ᠠᠷᠠᠳ ᠲᠤ ᠳᠥᠭᠦᠮ ᠦᠵᠡᠭᠦᠯᠦᠭᠰᠡᠨ ᠦᠢᠯᠡᠴᠢᠯᠡᠭᠡ ᠬᠠᠩᠭᠠᠵᠤ᠂ ᠡᠮᠴᠢᠯᠡᠭᠡᠨ ᠤ ᠦᠢᠯᠡᠴᠢᠯᠡᠭᠡ ᠶᠢ ᠨᠡᠩ ᠳᠣᠲᠣᠨᠣ ᠪᠤᠯᠭᠠᠬᠤ ᠬᠡᠷᠡᠭᠲᠡᠢ︔ ᠡᠮᠦᠰᠴᠦ ᠵᠡᠭᠦᠬᠦ ᠪᠡᠯᠡᠳᠬᠡᠮᠵᠢ ᠶᠢ ᠬᠡᠷᠡᠭᠯᠡᠨ ᠭᠡᠷ᠎ᠡ ᠲᠣᠭᠲᠠᠭᠰᠠᠨ ᠦᠢᠯᠡᠴᠢᠯᠡᠭᠦᠯᠦᠭᠰᠡᠳ ᠪᠠ ᠭᠤᠣᠯᠳᠠᠯᠭ᠎ᠠ ᠲᠠᠢ ᠎ ᠲᠠᠭᠠᠨ ᠤᠶᠢᠯᠠᠭᠠᠬᠤ ᠡᠪᠡᠳᠴᠢᠲᠡᠳ ᠲᠤ ᠠᠯᠤᠰ ᠤᠨ ᠬᠢᠨᠠᠨ ᠬᠡᠮᠵᠢᠯᠲᠡ ᠪᠠ ᠠᠯᠤᠰ ᠤᠨ ᠵᠢᠯᠤᠭᠤᠳᠤᠯᠭ᠎ᠠ ᠬᠠᠩᠭᠠᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠨᠠᠬᠢ ᠡᠮᠴᠢᠯᠡᠭᠡᠨ ᠤ ᠦᠢᠯᠡᠴᠢᠯᠡᠭᠡ ᠶᠢ ᠪᠦᠲᠦᠮᠵᠢᠲᠡᠶ ᠵᠠᠯᠭᠠᠭᠤᠯᠬᠤ ᠵᠡᠷᠭᠡ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号