ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠪᠠᠷᠢᠯᠭ᠎ᠠ ᠶᠢᠨ ᠠᠶᠤᠯ ᠦᠭᠡᠢ ᠶᠢᠨ ᠲᠤᠰᠬᠠᠢ ᠵᠠᠰᠠᠯᠲᠠ ᠶᠢᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2018/6/5
     ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠰᠢᠮᠳᠠᠭᠤᠯᠤᠨ ᠪᠠᠶᠢᠴᠠᠭᠠᠬᠤ ᠲᠤᠭᠤᠶᠢᠯᠠᠩ ᠵᠤᠬᠢᠶᠠᠨ ᠪᠠᠶᠢᠭᠤᠯᠵᠦ᠂ ᠪᠠᠶᠠᠨᠨᠠᠭᠤᠷ ᠬᠤᠳᠠ᠂ ᠦᠬᠠᠢ ᠬᠤᠳᠠ ᠪᠤᠯᠤᠨ ᠠᠯᠠᠱᠠ ᠠᠶᠢᠮᠠᠬ ᠤᠨ ᠠᠰᠠᠷ ᠪᠠᠶᠢᠰᠢᠩ ᠤᠨ ᠪᠠᠷᠢᠯᠭ᠎ᠠ ᠪᠠ ᠬᠤᠳᠠ ᠶᠢᠨ ᠶᠠᠪᠤᠳᠠᠯ ᠎ ᠤᠨ ᠪᠠᠷᠢᠯᠭ᠎ᠠ ᠶᠢᠨ ᠲᠦᠷᠦᠯ ᠵᠦᠢᠯ ᠤᠨ ᠪᠠᠷᠢᠯᠭ᠎ᠠ ᠶᠢᠨ ᠠᠶᠤᠯ ᠦᠭᠡᠢ ᠶᠢᠨ ᠪᠠᠶᠢᠳᠠᠯ ᠳᠤ ᠬᠠᠤᠯᠢ ᠬᠡᠷᠡᠭᠵᠢᠬᠦᠯᠦᠯᠳᠡ ᠶᠢᠨ ᠰᠢᠮᠳᠠᠭᠤᠯᠤᠨ ᠪᠠᠶᠢᠴᠠᠭᠠᠯᠳᠠ ᠬᠢᠪᠡ᠃      ᠰᠢᠮᠳᠠᠭᠤᠯᠤᠨ ᠪᠠᠶᠢᠴᠠᠭᠠᠬᠤ ᠲᠤᠭᠤᠶᠢᠯᠠᠩ ᠤᠨ ᠬᠢᠨ 14 ᠭᠤᠤᠯᠳᠠᠯᠭ᠎ᠠ ᠲᠠᠢ ᠲᠦᠷᠦᠯ ᠵᠦᠢᠯ ᠳᠤ ᠲᠤᠬᠠᠢ ᠶᠢᠨ ᠭᠠᠵᠠᠷ ᠲᠤᠨᠢ ᠰᠤᠭᠤᠴᠢᠨ ᠪᠠᠶᠢᠴᠠᠭᠠᠯᠳᠠ ᠬᠢᠵᠦ᠂ ᠨᠡᠶᠢᠳᠡ 1029 ᠲᠦᠷᠦᠯ ᠵᠦᠢᠯ ᠳᠤ ᠪᠠᠶᠢᠴᠠᠭᠠᠯᠳᠠ ᠬᠢᠭᠰᠡᠨ ᠤ ᠲᠤᠳᠤᠷ᠎ᠠ 763᠎ ᠨᠢ ᠱᠠᠭᠠᠷᠳᠠᠯᠭ᠎ᠠ ᠳᠤ ᠨᠡᠶᠢᠴᠡᠵᠦ᠂ ᠱᠠᠭᠠᠷᠳᠠᠯᠭ᠎ᠠ ᠳᠤ  ᠨᠡᠶᠢᠴᠡᠬᠦ ᠦᠬᠡᠢ ᠨᠢ 266 ᠪᠠᠶᠢᠵᠦ᠂ ᠬᠢᠷᠢ ᠲᠡᠩᠴᠡᠭᠰᠡᠨ ᠨᠤᠷᠮ᠎ᠠ ᠨᠢ 74.1᠎ ᠳᠤ ᠬᠦᠷᠴᠠᠢ᠃ ᠡᠬᠦᠨ ᠳᠤ ᠬᠤᠭᠤᠴᠠᠭ᠎ᠠ ᠲᠤᠭᠳᠠᠭᠠᠵᠦ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠢ 8 ᠪᠠᠭᠤᠯᠭᠠᠵᠦ᠂  4 ᠲᠦᠷᠦᠯ ᠵᠦᠢᠯ ᠤᠨ ᠪᠠᠷᠢᠯᠭ᠎ᠠ ᠶᠢ ᠪᠠᠷᠢᠨ ᠲᠤᠤᠷ᠎ᠠ ᠨᠢ ᠪᠦᠬᠦ ᠲᠠᠯ᠎ᠠ ᠪᠠᠷ ᠵᠤᠬᠰᠤᠭᠠᠵᠦ ᠴᠡᠭᠴᠡᠯᠡᠨ ᠰᠠᠶᠢᠵᠢᠷᠠᠭᠤᠯᠬᠤ ᠪᠠᠷ ᠵᠠᠷᠯᠢᠭᠳᠠᠭᠰᠠᠨ ᠎ ᠤ ᠬᠠᠮᠳᠤ᠂ ᠪᠦᠲᠦᠬᠡᠨ ᠪᠠᠶᠢᠭᠤᠯᠵᠦ ᠪᠠᠶᠢᠭ᠎ᠠ ᠨᠢᠬᠡᠴᠡ᠂ ᠪᠠᠷᠢᠯᠭ᠎ᠠ ᠶᠢ ᠲᠠᠭᠠᠭᠠᠴᠢᠯᠠᠭᠰᠠᠨ ᠨᠢᠬᠡᠴᠡ ᠵᠢᠴᠢ ᠬᠢᠨᠠᠯᠳᠠ ᠲᠠᠯᠪᠢᠵᠦ ᠪᠠᠶᠢᠭ᠎ᠠ ᠨᠢᠬᠡᠴᠡ ᠶᠢᠨ ᠭᠤᠤᠯ ᠬᠠᠷᠢᠭᠤᠴᠠᠯᠭᠠᠳᠠᠨ ᠢ ᠳᠠᠭᠤᠳᠠᠨ ᠲᠤᠬᠠᠢ ᠶᠢᠨ ᠭᠠᠵᠠᠷ ᠲᠤ ᠪᠤᠯᠵᠤᠨ ᠶᠠᠷᠢᠯᠴᠠᠬᠰᠠᠨ ᠪᠠᠶᠢᠨ᠎ᠠ᠃ ᠡᠨᠡ ᠤᠳᠠᠭ᠎ᠠ ᠶᠢᠨ ᠰᠢᠮᠳᠠᠭᠤᠯᠤᠨ ᠪᠠᠶᠢᠴᠠᠭᠠᠯᠳᠠ ᠳᠤ᠂ ᠠᠵᠦ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠤᠷᠤᠨ ᠪᠠᠶᠢᠷᠢ ᠳᠤᠨᠢ ᠨᠠᠶᠢᠳᠠᠪᠤᠷᠢᠵᠢᠭᠤᠯᠤᠬᠰᠠᠨ ᠦᠬᠡᠢ ᠪᠠᠶᠢᠬᠤ᠂ ᠲᠦᠷᠦᠯ ᠵᠦᠢᠯ ᠤᠨ  ᠠᠶᠤᠯ ᠦᠭᠡᠢ ᠶᠢᠨ ᠬᠠᠮᠢᠶᠠᠷᠤᠯᠳᠠ ᠶᠢᠨ ᠠᠷᠭ᠎ᠠ ᠬᠢᠳᠡᠯ ᠢ ᠴᠢᠩᠭᠠᠳᠬᠠᠬᠤ ᠴᠢᠬᠤᠯᠠᠳᠠᠢ ᠪᠠᠶᠢᠬᠤ᠂ ᠠᠶᠤᠯ ᠦᠭᠡᠢ ᠶᠢᠨ ᠪᠠᠷᠢᠮᠵᠢᠶᠠᠵᠢᠭᠤᠯᠤᠯᠳᠠ ᠶᠢᠨ ᠪᠦᠲᠦᠬᠡᠨ ᠪᠠᠶᠢᠭᠤᠯᠤᠯᠳᠠ ᠶᠢ ᠲᠡᠭᠡᠭᠰᠢᠯᠡᠬᠦᠯᠬᠦ ᠴᠢᠬᠤᠯᠠᠳᠠᠢ ᠪᠠᠶᠢᠬᠤ᠂ ᠠᠶᠤᠯ ᠦᠭᠡᠢ ᠶᠢᠨ ᠬᠢᠨᠠᠯᠳᠠ ᠲᠠᠯᠪᠢᠬᠤ ᠬᠠᠷᠢᠭᠤᠴᠠᠯᠭ᠎ᠠ ᠶᠢ ᠤᠷᠤᠨ ᠪᠠᠶᠢᠷᠢ ᠳᠤᠨᠢ ᠨᠠᠶᠢᠳᠠᠪᠤᠷᠢᠵᠢᠭᠤᠯᠤᠬᠰᠠᠨ ᠦᠬᠡᠢ ᠵᠡᠷᠬᠡ ᠠᠰᠠᠭᠤᠳᠠᠯ ᠣᠷᠣᠰᠢᠵᠤ ᠪᠠᠶᠢᠬᠤ ᠶᠢ ᠣᠯᠵᠤ ᠮᠡᠳᠡᠭᠰᠡᠨ ᠪᠠᠶᠢᠨ᠎ᠠ᠃ ᠰᠢᠮᠳᠠᠭᠤᠯᠤᠨ ᠪᠠᠶᠢᠴᠠᠭᠠᠬᠤ ᠲᠤᠭᠤᠶᠢᠯᠠᠩ ᠤᠨ ᠬᠢᠨ ᠪᠠᠶᠢᠴᠠᠭᠠᠯᠳᠠ ᠬᠦᠯᠢᠶᠡᠭᠰᠡᠨ ᠠᠶᠢᠮᠠᠬ ᠬᠤᠳᠠ ᠶᠢᠨ ᠤᠷᠤᠨ ᠰᠠᠭᠤᠴᠠ ᠪᠠ ᠬᠤᠳᠠ ᠬᠦᠳᠡᠭᠡ ᠶᠢᠨ ᠪᠦᠲᠦᠬᠡᠨ ᠪᠠᠶᠢᠭᠤᠯᠤᠯᠳᠠ ᠶᠢᠨ ᠰᠠᠯᠠᠭ᠎ᠠ ᠮᠦᠴᠢᠷ ᠢ ᠳᠡᠭᠡᠳᠦ ᠬᠡᠮᠵᠢᠶ᠎ᠡ ᠪᠠᠷ ᠬᠦᠨᠳᠦᠳᠬᠡᠨ ᠦᠵᠡᠵᠦ᠂ ᠬᠠᠮᠢᠶ᠎ᠠ ᠪᠦᠬᠦᠢ ᠬᠠᠷᠢᠭᠤᠴᠠᠯᠭᠠᠳᠠᠨ ᠨᠢᠬᠡᠴᠡ ᠶᠢ ᠰᠢᠮᠳᠠᠭᠤᠯᠵᠤ ᠪᠠᠶᠢᠭᠠᠳ ᠪᠦᠲᠦᠮᠵᠢᠳᠠᠢ ᠠᠷᠭ᠎ᠠ ᠠᠪᠴᠠᠯ ᠠᠪᠴᠤ ᠨᠠᠷᠢᠨ ᠬᠢᠨᠠᠮᠠᠭᠠᠢ ᠴᠡᠭᠴᠡᠯᠡᠨ ᠰᠠᠶᠢᠵᠢᠷᠠᠭᠤᠯᠵᠤ᠂ ᠠᠶᠤᠯ ᠦᠭᠡᠢ ᠶᠢᠨ ᠬᠡᠮ ᠰᠤᠭᠤᠬ ᠢ ᠦᠨᠡᠨᠬᠦ ᠠᠷᠢᠯᠭᠠᠬᠤ ᠶᠢᠨ ᠬᠠᠮᠳᠤ᠂ ᠮᠦᠷᠳᠡᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ ᠴᠡᠭᠴᠡᠯᠡᠯᠳᠠ ᠰᠠᠶᠢᠵᠢᠷᠠᠭᠤᠯᠤᠯᠳᠠ ᠶᠢ ᠲᠤᠤᠱᠳᠠᠢ ᠨᠠᠶᠢᠳᠠᠪᠤᠷᠢᠵᠢᠭᠤᠯᠵᠦ᠂ ᠴᠡᠭᠴᠡᠯᠡᠨ ᠰᠠᠶᠢᠵᠢᠷᠠᠭᠤᠯᠤᠬᠰᠠᠨ ᠪᠠᠶᠢᠳᠠᠯ ᠢᠶᠠᠨ ᠴᠠᠬ ᠲᠤᠬᠠᠢ ᠳᠤᠨᠢ ᠲᠡᠭᠡᠭᠰᠢ ᠮᠡᠳᠡᠬᠦᠯᠬᠦ ᠭᠡᠷᠡᠭᠲᠡᠢ ᠭᠡᠵᠦ ᠱᠠᠭᠠᠷᠳᠠᠬᠰᠠᠨ ᠪᠠᠶᠢᠨ᠎ᠠ᠃ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠴᠢᠬᠤᠯᠠᠴᠢᠯᠠᠭᠰᠠᠨ ᠨᠢ᠂ ᠪᠠᠶᠢᠴᠠᠭᠠᠯᠲᠠ ᠬᠦᠯᠢᠶᠡᠭᠰᠡᠨ ᠠᠶᠢᠮᠠᠭ ᠬᠤᠳᠠ ᠨᠤᠭᠤᠳ ᠪᠠᠷᠢᠯᠭ᠎ᠠ ᠶᠢᠨ ᠠᠵᠢᠯ ᠳᠠᠬᠢ ᠨᠡᠯᠢᠶᠡᠳ ᠶᠡᠭᠡ ᠠᠴᠠ ᠳᠡᠭᠡᠭᠰᠢ ᠡ᠊ᠨᠳᠡᠯ ᠭᠠᠷᠬᠤ ᠶᠢ ᠰᠡᠷᠭᠡᠶᠢᠯᠡᠬᠦ ᠬᠤᠷᠢᠭᠯᠠᠬᠤ ᠪᠠᠷ ᠭᠤᠣᠯᠳᠠᠯᠭ᠎ᠠ ᠪᠣᠯᠭᠠᠵᠤ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠡᠷᠴᠢᠮ ᠢ ᠤᠯᠠᠮ ᠴᠢᠨᠠᠭᠰᠢᠳᠠ ᠴᠢᠩᠭᠠᠷᠠᠭᠤᠯᠵᠤ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠳᠠᠯᠠᠨ᠂ ᠪᠠᠷᠢᠯᠭ᠎ᠠ ᠶᠢᠨ ᠭᠠᠵᠠᠷ ᠤᠨ ᠠᠶᠤᠯ ᠦᠭᠡᠢ ᠪᠠᠶᠢᠬᠤ ᠶᠢ ᠵᠢᠷᠤᠮᠵᠢᠭᠤᠯᠵᠤ᠂ ᠪᠠᠷᠢᠯᠭ᠎ᠠ ᠶᠢᠨ ᠠᠵᠤ ᠠᠬᠤᠶᠢᠯᠠᠯ ᠤᠨ ᠠᠮᠤᠷ ᠲᠥᠪᠰᠢᠨ ᠤ ᠲᠣᠬᠠᠢ ᠤᠬᠠᠮᠰᠠᠷ ᠪᠠ ᠠᠷᠭᠠᠴᠠᠬᠤ ᠴᠢᠳᠠᠪᠤᠷᠢ ᠶᠢ ᠨᠢ ᠳᠡᠭᠡᠭᠰᠢᠯᠡᠭᠦᠯᠵᠦ᠂ ᠪᠦᠬᠦ ᠣᠷᠣᠨ ᠤ ᠪᠠᠷᠢᠯᠭ᠎ᠠ ᠪᠠᠷᠢᠬᠤ ᠠᠶᠤᠯ ᠥᠭᠡᠢ ᠦᠢᠯᠡᠳᠪᠦᠷᠢᠯᠡᠯ ᠤᠨ ᠪᠠᠶᠢᠳᠠᠯ ᠲᠣᠭᠲᠠᠭᠤᠨ ᠢᠶᠠᠷ ᠰᠠᠶᠢᠵᠢᠷᠠᠬᠤ ᠶᠢ ᠠᠬᠢᠭᠤᠯᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠪᠣᠯᠣᠨ ᠨᠡᠶᠢᠭᠡᠮ ᠤᠨ ᠲᠣᠭᠲᠠᠭᠤᠨ ᠪᠠᠶᠢᠳᠠᠯ ᠢ ᠡᠷᠡᠰ ᠬᠠᠮᠠᠭᠠᠯᠠᠬᠤ ᠬᠡᠷᠡᠭᠲᠡᠶ ᠭᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号