ᠡᠨᠡ ᠬᠠᠪᠤᠷ ᠠᠴᠠ ᠨᠠᠰᠢ ︵3 ~ 5 ᠳ᠋ᠤᠭᠠᠷ ᠰᠠᠷ᠎ᠠ︶᠂ ᠥᠪᠥᠷ ᠮᠣᠩᠭᠤᠯ ᠤᠨ ᠠᠭᠠᠷ ᠤᠨ ᠳᠤᠯᠠᠭᠠᠨ | ᠢᠯᠡᠳᠲᠡ ᠥᠨᠳᠥᠷᠵᠢᠵᠦ᠂ 1961 ᠣᠨ ᠠᠴᠠ ᠨᠠᠰᠢᠬᠢ ᠠᠭᠠᠷ ᠤᠨ ᠳᠤᠯᠠᠭᠠᠨ ᠬᠠᠮᠤᠭ ᠤᠨ ᠬᠠᠯᠠᠭᠤᠨ ᠬᠠᠪᠤᠷ | ᠪᠣᠯᠪᠠ᠃ ᠡᠭᠦᠨ ᠤ ᠬᠠᠮᠲᠤ᠂ ᠪᠥᠬᠦ ᠣᠷᠣᠨ ᠤ ᠬᠤᠷ᠎ᠠ ᠲᠤᠨᠳᠠᠰᠤ ᠶᠢᠨ ᠲᠠᠷᠬᠠᠯᠲᠠ ᠲᠡᠩᠴᠡᠭᠦᠷᠢ ᠦᠭᠡᠢ᠂ ᠬᠡᠰᠡᠭ | ᠭᠠᠵᠠᠷ ᠤᠨ ᠲᠤᠨᠳᠠᠰᠤᠨ ᠤ ᠬᠡᠮᠵᠢᠶ᠎ᠡ ᠨᠢ 20 ᠵᠢᠯ ᠤᠨ ᠲᠤᠷᠰᠢᠳᠠ ᠬᠠᠮᠤᠭ ᠤᠨ ᠪᠠᠭ᠎ᠠ ᠪᠠᠶᠢᠵᠤ᠂ ᠲᠦᠢᠯ ᠤᠨ ᠶᠡᠭᠡ | ᠭᠠᠩ ᠬᠠᠭᠰᠠᠷᠠᠭᠠᠨ ᠪᠣᠯᠪᠠ᠃ ᠥᠪᠥᠷ ᠮᠣᠩᠭᠤᠯ ᠤᠨ ᠴᠠᠭ ᠠᠭᠤᠷ ᠤᠨ ᠰᠠᠯᠠᠭ᠎ᠠ ᠮᠥᠴᠢᠷ ᠤᠨ ᠵᠢᠱᠢᠯᠲᠡ ᠪᠠᠷ᠂ | ᠢᠷᠡᠬᠦ 3 ᠭᠤᠷᠪᠠᠨ ᠡᠳᠦᠷ ᠲᠤ᠂ ᠳᠤᠮᠳᠠ ᠵᠡᠭᠦᠨ ᠬᠡᠰᠡᠭ ᠤᠨ ᠭᠠᠵᠠᠷ ᠣᠷᠣᠨ ᠳᠤ ᠪᠣᠷᠤᠭᠠᠨ ᠣᠷᠤᠵᠤ᠂ ᠬᠥᠯᠥᠨ | ᠪᠤᠶᠢᠷ ᠤᠨ ᠵᠡᠭᠦᠨ ᠬᠤᠶᠢᠲᠤ ᠬᠡᠰᠡᠭ ᠲᠤ ᠳᠤᠮᠳᠠ ᠵᠡᠷᠭᠡ ᠶᠢᠨ ᠪᠣᠷᠣᠭᠠᠨ ᠣᠷᠤᠵᠤ᠂ ᠲᠤᠬᠠᠶ ᠶᠢᠨ ᠭᠠᠵᠠᠷ ᠤᠨ ᠭᠠᠩ | ᠬᠠᠭᠰᠠᠷᠠᠭᠠᠨ ᠤ ᠪᠠᠶᠢᠳᠠᠯ ᠢ ᠨᠠᠮᠳᠠᠭᠤᠯᠬᠤ ᠳᠤ ᠠᠰᠢᠭᠲᠠᠶ ᠪᠣᠯᠣᠨ᠎ᠠ᠃ ᠭᠡᠪᠡᠴᠦ᠂ ᠬᠦᠨᠳᠦ ᠨᠣᠴᠢᠲᠠᠢ ᠭᠠᠩᠳᠠᠭᠰᠠᠨ | ᠣᠷᠣᠨ ᠪᠦᠰᠡ ᠳᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠣᠯᠢᠭᠲᠠᠢ ᠪᠣᠷᠤᠭᠠᠨ ᠣᠷᠤᠬᠤ ᠦᠭᠡᠢ᠂ ᠭᠠᠩ | ᠬᠠᠭᠰᠠᠷᠠᠭᠠᠨ ᠤ ᠪᠠᠶᠢᠳᠠᠯ ᠥᠷᠭᠦᠯᠵᠢᠯᠡᠬᠦ ᠪᠣᠯᠣᠨ᠎ᠠ᠃ | ᠥᠪᠥᠷ ᠮᠣᠩᠭᠤᠯ ᠤᠨ ᠴᠠᠭ ᠠᠭᠤᠷ ᠤᠨ ᠲᠣᠪᠴᠢᠶᠠᠨ ᠤ ᠮᠠᠲ᠋ᠧᠷᠢᠶᠠᠯ ᠠᠴᠠ ᠦᠵᠡᠪᠡᠯ᠂ ᠡᠨᠡ ᠬᠠᠪᠤᠷ ︵3 | ~ 5 ᠳ᠋ᠤᠭᠠᠷ ᠰᠠᠷ᠎ᠠ︶ ᠠᠴᠠ ᠨᠠᠰᠢ ᠪᠥᠬᠦ ᠣᠷᠣᠨ ᠤ ᠶᠡᠬᠡᠩᠬᠢ ᠬᠡᠰᠡᠭ ᠤᠨ ᠠᠭᠠᠷ ᠤᠨ ᠳᠤᠯᠠᠭᠠᠨ ᠪᠠᠭ᠋ᠠᠨ ᠥᠨᠳᠥᠷ | ᠪᠣᠯᠪᠠ᠂ ᠡᠭᠦᠨ ᠳᠤ᠂ ᠵᠡᠭᠦᠨ ᠬᠡᠰᠡᠭ ᠤᠨ ᠶᠡᠬᠡᠩᠬᠢ ᠭᠠᠵᠠᠷ ᠣᠷᠣᠨ ᠳᠤ 1 ~ 2 ℃ ᠦᠨᠳᠦᠷ᠂ ᠳᠤᠮᠳᠠ | ᠪᠠᠷᠠᠭᠤᠨ ᠬᠡᠰᠡᠭ ᠤᠨ ᠭᠠᠵᠠᠷ ᠣᠷᠣᠨ ᠳᠤ 2℃ ᠢ ᠳᠠᠪᠠᠵᠤ᠂ ᠪᠠᠶᠠᠨᠨᠠᠭᠤᠷ ᠬᠤᠲᠠ ᠶᠢᠨ ᠳᠤᠮᠳᠠ ᠬᠤᠶᠢᠲᠤ ᠬᠡᠰᠡᠭ᠂ | ᠪᠤᠭᠤᠲᠤ ᠬᠤᠲᠠ ᠶᠢᠨ ᠳᠤᠮᠳᠠ ᠬᠡᠰᠡᠭ ᠵᠡᠷᠭᠡ ᠭᠠᠵᠠᠷ ᠳᠤ 4 ℃ ᠠᠴᠠ ᠳᠡᠭᠡᠭᠰᠢ ᠪᠣᠯᠵᠠᠢ᠃ ᠪᠦᠬᠦ ᠣᠷᠣᠨ ᠤ | ᠬᠠᠪᠤᠷ ᠤᠨ ᠳᠤᠮᠳᠠᠴᠢ ᠠᠭᠠᠷ ᠤᠨ ᠳᠤᠯᠠᠭᠠᠨ ᠨᠢ 9.3 ℃ ᠪᠣᠯᠵᠤ᠂ ᠲᠡᠦᠬᠡ ᠶᠢᠨ ᠠᠳᠠᠯᠢ ᠬᠤᠭᠤᠴᠠᠭᠠᠨ ᠤ | ᠳᠤᠮᠳᠠᠴᠢ ᠬᠡᠮᠵᠢᠭᠳᠡᠯ ᠠᠴᠠ 2.7 ℃ ᠦᠨᠳᠦᠷ ᠪᠠᠶᠢᠵᠤ᠂ 1961 ᠣᠨ ᠠᠴᠠ ᠨᠠᠰᠢᠬᠢ ᠠᠳᠠᠯᠢ ᠬᠤᠭᠤᠴᠠᠭᠠᠨ ᠤ | ᠬᠢ ᠠᠴᠠ ᠬᠠᠮᠤᠭ ᠥᠨᠳᠥᠷ ᠪᠣᠯᠪᠠ᠃ ᠡᠭᠦᠨ ᠤ ᠬᠠᠮᠲᠤ᠂ ᠪᠥᠬᠦ ᠣᠷᠣᠨ ᠤ ᠬᠤᠷ᠎ᠠ ᠲᠤᠨᠳᠠᠰᠤᠨ ᠤ ᠲᠠᠷᠬᠠᠯᠲᠠ | ᠲᠡᠩᠴᠡᠭᠦᠷᠢ ᠦᠭᠡᠢ ᠪᠠᠶᠢᠵᠤ᠂ ᠢᠯᠠᠩᠭᠤᠶ᠎ᠠ ᠬᠥᠯᠥᠨ ᠪᠤᠶᠢᠷ ᠬᠤᠲᠠ ᠶᠢᠨ ᠵᠡᠭᠦᠨ ᠬᠡᠰᠡᠭ᠂ ᠲᠦᠩᠯᠢᠶᠣᠤ | ᠬᠤᠲᠠ ᠶᠢᠨ ᠵᠡᠭᠦᠨ ᠡᠮᠦᠨ᠎ᠡ ᠬᠡᠰᠡᠭ ᠪᠣᠯᠣᠨ ᠪᠠᠷᠠᠭᠤᠨ ᠬᠡᠰᠡᠭ᠂ ᠤᠯᠠᠭᠠᠨᠬᠠᠳᠠ ᠬᠤᠲᠠ ᠶᠢᠨ ᠶᠡᠬᠡᠩᠬᠢ ᠬᠡᠰᠡᠭ᠂ | ᠪᠠᠶᠠᠨᠨᠠᠭᠤᠷ ᠬᠤᠲᠠ ᠶᠢᠨ ᠶᠡᠬᠡᠩᠬᠢ ᠬᠡᠰᠡᠭ᠂ ᠠᠯᠠᠱᠠ ᠠᠶᠢᠮᠠᠭ ᠤᠨ ᠵᠡᠭᠦᠨ ᠬᠡᠰᠡᠭ ᠵᠡᠷᠭᠡ ᠭᠠᠵᠠᠷ ᠣᠷᠣᠨ ᠳᠤ | 25% ~ 90% ᠪᠠᠷ ᠪᠠᠭᠠᠰᠴᠤ᠂ ᠳᠡᠭᠡᠷ᠎ᠡ ᠳᠤᠷᠠᠳᠤᠭᠰᠠᠨ ᠭᠠᠵᠠᠷ ᠣᠷᠣᠨ ᠳᠤ ᠨᠡᠯᠢᠶᠡᠳ ᠬᠦᠨᠳᠦ ᠨᠣᠴᠢᠲᠠᠶ | ᠬᠠᠪᠤᠷ ᠤᠨ ᠭᠠᠴᠢᠭ ᠪᠣᠯᠪᠠ᠃ ᠡᠭᠦᠨ ᠠᠴᠠ ᠭᠠᠳᠠᠨ᠎ᠠ᠂ ᠡᠨᠡ ᠬᠠᠪᠤᠷ ᠪᠥᠬᠦ ᠣᠷᠣᠨ ᠳᠤ 11 ᠤᠳᠠᠭ᠎ᠠ ᠡᠯᠡᠰᠦᠨ | ᠰᠢᠭᠤᠷᠭ᠎ᠠ ᠭᠠᠷᠴᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 7 ᠤᠳᠠᠭ᠎ᠠ ᠢᠯᠡᠭᠦᠦ ᠪᠣᠯᠪᠠ᠃ | ᠠᠭᠠᠭᠢᠮ᠎ᠠ ᠬᠠᠯᠠᠭᠤᠨ᠂ ᠬᠤᠷ᠎ᠠ ᠪᠠᠭ᠎ᠠ᠂ ᠡᠯᠡᠰᠦᠨ ᠶᠡᠬᠡᠲᠡᠢ ᠠᠰᠢᠭ ᠦᠭᠡᠢ ᠴᠠᠭ ᠠᠭᠤᠷ ᠤᠨ ᠨᠥᠬᠦᠴᠡᠯ ᠨᠢ | ᠪᠥᠬᠦ ᠣᠷᠣᠨ ᠤ ᠭᠠᠩ ᠤᠨ ᠪᠠᠶᠢᠳᠠᠯ ᠦᠳᠲᠡᠷ ᠲᠦᠷᠭᠡᠨ ᠥᠷᠭᠡᠵᠢᠵᠦ᠂ 6 ᠳ᠋ᠤᠭᠠᠷ ᠰᠠᠷ᠎ᠠ ᠶᠢᠨ 6 ᠤ ᠡᠳᠦᠷ | ᠪᠣᠯᠲᠠᠯ᠎ᠠ᠂ ᠰᠢᠯᠢ ᠶᠢᠨ ᠭᠤᠣᠯ ᠠᠶᠢᠮᠠᠭ᠂ ᠤᠯᠠᠭᠠᠨᠬᠠᠳᠠ ᠬᠤᠲᠠ᠂ ᠲᠦᠩᠯᠢᠶᠣᠤ ᠬᠤᠲᠠ᠂ ᠬᠥᠯᠥᠨ ᠪᠤᠶᠢᠷ ᠬᠤᠲᠠ | ᠳᠤ ᠴᠥᠮ ᠳᠤᠮᠳᠠ ᠵᠡᠷᠭᠡ ᠠᠴᠠ ᠳᠡᠭᠡᠭᠰᠢ ᠭᠠᠩ ᠬᠠᠭᠰᠠᠷᠠᠭᠠᠨ ᠪᠣᠯᠵᠤ᠂ ᠤᠯᠠᠭᠠᠨᠬᠠᠳᠠ ᠬᠤᠲᠠ ᠶᠢᠨ ᠶᠡᠬᠡᠩᠬᠢ | ᠭᠠᠵᠠᠷ ᠲᠤ ᠬᠦᠨᠳᠦ ᠨᠣᠴᠢᠲᠠᠢ ᠭᠠᠩᠳᠠᠵᠤ᠂ ᠬᠡᠰᠡᠭ ᠭᠠᠵᠠᠷ ᠲᠤᠨᠢ ᠣᠨᠴᠠ ᠶᠡᠭᠡ ᠭᠠᠩᠳᠠᠪᠠ᠃ ᠢᠯᠠᠩᠭᠤᠶ᠎ᠠ | ᠤᠯᠠᠭᠠᠨᠬᠠᠳᠠ ᠬᠤᠳᠡ ᠶᠢᠨ ᠬᠠᠷᠠᠴᠢᠨ ᠬᠤᠰᠢᠭᠤᠨ ᠳᠤ 5 ᠳ᠋ᠤᠭᠠᠷ ᠰᠠᠷ᠎ᠠ ᠶᠢᠨ ᠬᠠᠮᠤᠭ ᠥᠨᠳᠥᠷ ᠠᠭᠠᠷ ᠤᠨ | ᠳᠤᠯᠠᠭᠠᠨ ᠨᠢ 33.8℃ ᠲᠤ ᠬᠦᠷᠴᠦ᠂ ᠬᠠᠷᠢᠨ 5 ᠳ᠋ᠤᠭᠠᠷ ᠰᠠᠷ᠎ᠠ ᠶᠢᠨ ᠪᠦᠬᠦ ᠲᠤᠨᠳᠠᠰᠤᠨ ᠤ ᠬᠡᠮᠵᠢᠶ᠎ᠡ ᠨᠢ ᠰᠠᠶ᠋ᠢ | 6.1 ᠮᠢᠯᠢᠮᠧᠲᠷ ᠪᠠᠶᠢᠵᠤ᠂ ᠥᠩᠭᠡᠷᠡᠭᠰᠡᠨ ᠵᠢᠯ ᠤᠳ ᠤᠨ ᠠᠳᠠᠯᠢ ᠬᠤᠭᠤᠴᠠᠭᠠᠨ ᠤ ᠬᠢ ᠠᠴᠠ 88% ᠪᠠᠷ | ᠪᠠᠭᠠᠰᠴᠤ᠂ 1959 ᠣᠨ ᠳᠤ ᠥᠷᠲᠡᠭᠡ ᠪᠠᠶᠢᠭᠤᠯᠤᠭᠳᠠᠭᠰᠠᠨ ᠠᠴᠠ ᠨᠠᠰᠢᠬᠢ ᠬᠤᠶᠠᠳᠤᠭᠠᠷ ᠪᠠᠭ᠎ᠠ ᠵᠢᠯ ᠪᠣᠯᠪᠠ᠂ | ᠣᠳᠣᠬᠠᠨ ᠳᠤ ᠲᠤᠰ ᠭᠠᠵᠠᠷ ᠤᠨ ᠭᠤᠷᠪᠠᠳᠤᠭᠠᠷ ᠲᠥᠷᠥᠯ ᠤᠨ ᠴᠢᠭᠢᠭ ᠲᠠᠢ ᠨᠢ ᠳᠤᠯᠤᠭᠠᠨ ᠬᠤᠪᠢ ᠠᠴᠠ | ᠳᠡᠭᠡᠭᠰᠢᠬᠢ ᠶᠢ ᠡᠵᠡᠯᠡᠨ᠂ ᠣᠶᠢᠷ᠎ᠠ ᠶᠢᠨ 5 ᠵᠢᠯ ᠤᠨ ᠠᠳᠠᠯᠢ ᠬᠤᠭᠤᠴᠠᠭᠠᠨ ᠤ ᠴᠢᠭᠢᠭ ᠤᠨ ᠪᠠᠶᠢᠳᠠᠯ ᠤᠨ ᠠᠳᠠᠭ ᠤᠨ | ᠮᠠᠭᠤ ᠵᠢᠯ ᠪᠣᠯᠪᠠ︔ ᠪᠠᠶᠠᠨᠨᠠᠭᠤᠷ ᠬᠤᠳᠠ ᠶᠢᠨ ᠤᠷᠠᠳ ᠤᠨ ᠬᠤᠶᠢᠲᠤ ᠬᠤᠰᠢᠭᠤ᠂ ᠤᠷᠠᠳ ᠤᠨ ᠳᠤᠮᠳᠠᠳᠤ | ᠬᠤᠰᠢᠭᠤ ᠳᠤ ᠬᠠᠪᠤᠷ ᠠᠴᠠ ᠨᠠᠰᠢ ᠬᠤᠷ᠎ᠠ ᠲᠤᠨᠳᠠᠰᠤᠨ ᠤ ᠬᠡᠮᠵᠢᠶ᠎ᠡ ᠨᠢ ᠣᠶᠢᠷ᠎ᠠ ᠶᠢᠨ 20 ᠵᠢᠯ ᠤᠨ ᠬᠠᠮᠤᠭ ᠪᠠᠭ᠎ᠠ | ᠪᠠᠶᠢᠵᠤ᠂ ᠮᠠᠯᠵᠢᠬᠤ ᠣᠷᠣᠨ ᠤ ᠤᠷᠭᠤᠮᠠᠯ ᠤᠨ ᠤᠷᠭᠤᠴᠠ ᠲᠦᠢᠯ ᠤᠨ ᠮᠠᠭᠤ ᠪᠠᠶᠢᠵᠤ᠂ ᠤᠷᠠᠳ ᠤᠨ ᠲᠠᠯ᠎ᠠ | ᠨᠤᠲᠤᠭ ᠤᠨ ᠡᠪᠡᠰᠦ ᠪᠡᠯᠴᠢᠭᠡᠷ ᠤᠨ ᠤᠷᠭᠤᠴᠠ ᠨᠢ ᠣᠶᠢᠷ᠎ᠠ ᠶᠢᠨ ᠭᠤᠷᠪᠠᠨ ᠵᠢᠯ ᠲᠠᠢ ᠬᠠᠷᠢᠴᠠᠭᠤᠯᠪᠠᠯ ᠪᠠᠷᠤᠭ | ᠲᠤᠯᠤᠭᠠᠨ ᠬᠤᠪᠢ ᠮᠠᠭᠤᠳᠠᠨ᠂ ᠮᠠᠯᠵᠢᠬᠤ ᠣᠷᠣᠨ ᠪᠣᠯᠣᠨ ᠠᠭᠤᠯᠠᠷᠬᠠᠭ ᠣᠷᠣᠨ ᠤ ᠭᠠᠩ ᠤᠨ ᠪᠠᠶᠢᠳᠠᠯ ᠬᠦᠨᠳᠦ | ᠬᠡᠴᠡᠭᠦᠦ ᠪᠠᠶᠢᠵᠤ᠂ ᠣᠶᠢᠷ᠎ᠠ ᠶᠢᠨ ᠵᠢᠯ ᠤᠨ ᠲᠤᠷᠰᠢᠳᠠ ᠭᠠᠩ ᠤᠨ ᠬᠤᠭᠤᠴᠠᠭ᠎ᠠ ᠶᠢᠨ ᠥᠷᠭᠦᠯᠵᠢᠯᠡᠯ ᠪᠣᠯᠣᠨ | ᠠᠭᠠᠭᠢᠮ᠎ᠠ ᠬᠠᠯᠠᠭᠤᠨ ᠡᠳᠦᠷ ᠤᠨ ᠲᠤᠭ᠎ᠠ ᠶᠢᠨ ᠥᠷᠭᠦᠯᠵᠢᠯᠡᠯ ᠬᠠᠷᠢᠯᠴᠠᠨ ᠳᠠᠪᠬᠤᠴᠠᠭᠰᠠᠨ ᠲᠦᠢᠯ ᠤᠨ ᠶᠡᠭᠡ ᠭᠠᠩ | ᠬᠠᠭᠰᠠᠷᠠᠭᠠᠨ ᠪᠣᠯᠪᠠ᠃ | ᠥᠪᠥᠷ ᠮᠣᠩᠭᠤᠯ ᠤᠨ ᠴᠠᠭ ᠠᠭᠤᠷ ᠤᠨ ᠥᠷᠲᠡᠭᠡ ᠶᠢᠨ ᠵᠢᠱᠢᠯᠲᠡ ᠪᠠᠷ᠂ ᠢᠷᠡᠬᠦ ᠭᠤᠷᠪᠠᠨ ᠡᠳᠦᠷ ᠲᠤ᠂ | ᠬᠥᠬᠡᠬᠤᠲᠠ ᠶᠢᠨ ᠡᠮᠦᠨ᠎ᠡ ᠬᠡᠰᠡᠭ᠂ ᠤᠯᠠᠭᠠᠨᠴᠠᠪ ᠬᠤᠲᠠ ᠶᠢᠨ ᠡᠮᠦᠨ᠎ᠡ ᠬᠡᠰᠡᠭ ᠪᠣᠯᠣᠨ ᠵᠡᠭᠦᠨ ᠬᠤᠶᠢᠲᠤ ᠬᠡᠰᠡᠭ᠂ | ᠰᠢᠯᠢ ᠶᠢᠨ ᠭᠤᠣᠯ ᠠᠶᠢᠮᠠᠭ ᠤᠨ ᠶᠡᠬᠡᠩᠬᠢ ᠬᠡᠰᠡᠭ᠂ ᠤᠯᠠᠭᠠᠨᠬᠠᠳᠠ ᠬᠤᠲᠠ ᠶᠢᠨ ᠬᠤᠶᠢᠲᠤ ᠬᠡᠰᠡᠭ ᠪᠣᠯᠣᠨ ᠪᠠᠷᠠᠭᠤᠨ | ᠬᠡᠰᠡᠭ᠂ ᠲᠦᠩᠯᠢᠶᠣᠤ ᠬᠤᠲᠠ ᠶᠢᠨ ᠬᠤᠶᠢᠲᠤ ᠬᠡᠰᠡᠭ᠂ ᠬᠢᠩᠭᠠᠨ ᠠᠶᠢᠮᠠᠭ ᠤᠨ ᠪᠠᠷᠠᠭᠤᠨ ᠬᠤᠶᠢᠲᠤ ᠬᠡᠰᠡᠭ᠂ | ᠬᠥᠯᠥᠨ ᠪᠤᠶᠢᠷ ᠬᠤᠲᠠ ᠶᠢᠨ ᠶᠡᠬᠡᠩᠬᠢ ᠬᠡᠰᠡᠭ ᠭᠠᠵᠠᠷ ᠣᠷᠣᠨ ᠳᠤ ᠵᠢᠷᠪᠢᠰ ᠪᠣᠷᠣᠭᠠᠨ ᠲᠠᠢ᠂ ᠬᠥᠯᠥᠨ ᠪᠤᠶᠢᠷ | ᠬᠤᠲᠠ ᠶᠢᠨ ᠵᠡᠭᠦᠨ ᠬᠤᠶᠢᠲᠤ ᠬᠡᠰᠡᠭ ᠲᠤ ᠳᠤᠮᠳᠠ ᠵᠡᠷᠭᠡ ᠶᠢᠨ ᠪᠣᠷᠣᠭᠠᠨ ᠲᠠᠢ ᠪᠥᠭᠡᠳ ᠲᠦᠷ ᠴᠠᠭ ᠤᠨ | ᠠᠶᠤᠩᠭᠠᠲᠤ ᠴᠠᠬᠢᠯᠭᠠᠨ ᠳᠣᠭᠰᠢᠨ ᠰᠠᠯᠬᠢᠨ ᠵᠡᠷᠭᠡ ᠰᠣᠯᠢᠭ ᠤᠷᠤᠰᠬᠠᠯᠲᠤ ᠠᠭᠤᠷ ᠠᠮᠢᠰᠬᠤᠯ ᠢᠯᠡᠷᠡᠬᠦ ᠪᠣᠯᠣᠨ᠎ᠠ᠃ | ᠪᠣᠷᠣᠭᠠᠨ ᠨᠢ ᠬᠡᠳᠦ᠋ᠢᠪᠡᠷ ᠲᠤᠬᠠᠶ ᠶᠢᠨ ᠭᠠᠵᠠᠷ ᠤᠨ ᠭᠠᠩ ᠬᠠᠭᠰᠠᠷᠠᠭᠠᠨ ᠤ ᠪᠠᠶᠢᠳᠠᠯ ᠢ ᠨᠠᠮᠳᠠᠭᠤᠯᠬᠤ ᠳᠤ ᠠᠰᠢᠭᠲᠠᠶ | ᠪᠣᠯᠪᠠᠴᠤ ᠵᠢᠱᠢᠯᠲᠡ ᠪᠠᠷ ᠭᠤᠣᠯ ᠭᠠᠩᠳᠠᠭᠰᠠᠨ ᠣᠷᠣᠨ ᠳᠤ 6 ᠳ᠋ᠤᠭᠠᠷ ᠰᠠᠷ᠎ᠠ ᠶᠢᠨ ᠠᠭᠠᠷ ᠤᠨ ᠳᠤᠯᠠᠭᠠᠨ ᠨᠢ ᠮᠥᠨ | ᠯᠡ ᠪᠠᠭ᠋ᠠᠨ ᠥᠨᠳᠥᠷ ᠬᠤᠷ᠎ᠠ ᠪᠠᠭ᠎ᠠ ᠪᠠᠶᠢᠵᠤ᠂ 6 ᠳ᠋ᠤᠭᠠᠷ ᠰᠠᠷ᠎ᠠ ᠶᠢᠨ ᠬᠤᠷᠢᠳ ᠠᠴᠠ ᠡᠮᠦᠨᠡᠭᠦᠷ᠂ ᠤᠷᠠᠳ ᠤᠨ | ᠲᠠᠯ᠎ᠠ ᠨᠤᠲᠤᠭ ᠲᠤ ᠣᠯᠢᠭᠲᠠᠢ ᠪᠣᠷᠤᠭᠠᠨ ᠣᠷᠣᠬᠤ ᠦᠭᠡᠢ᠂ ᠭᠠᠩ ᠤᠨ ᠪᠠᠶᠢᠳᠠᠯ ᠤᠯᠠᠮ ᠬᠡᠴᠡᠭᠦᠳᠡᠵᠦ᠂ | ᠲᠤᠬᠠᠶ ᠶᠢᠨ ᠭᠠᠵᠠᠷ ᠤᠨ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠳᠤ ᠬᠠᠲᠠᠭᠤ ᠰᠢᠯᠭᠠᠯᠲᠠ ᠳᠤ | ᠲᠤᠯᠭᠠᠷᠠᠬᠤ ᠪᠣᠯᠣᠨ᠎ᠠ᠃ |