ᠪᠦᠬᠦ ᠣᠷᠣᠨ ᠤ ᠡᠯ᠎ᠡ ᠠᠶᠢᠮᠠᠭ ᠬᠤᠲᠠ ᠶᠢᠨ ᠦᠨ᠎ᠡ ᠬᠠᠩᠰᠢ ᠶᠢ ᠬᠢᠨᠠᠨ ᠬᠡᠮᠵᠢᠬᠦ ᠪᠠᠶᠢᠭᠤᠯᠤᠮᠵᠢ ᠶᠢᠨ | ᠳᠡᠭᠡᠭᠰᠢ ᠮᠡᠳᠡᠭᠦᠯᠦᠭᠰᠡᠨ ᠬᠢᠨᠠᠨ ᠬᠡᠮᠵᠢᠯᠲᠡ ᠶᠢᠨ ᠲᠤᠭ᠎ᠠ ᠪᠠᠷᠢᠮᠲᠠ ᠠᠴᠠ ᠦᠵᠡᠪᠡᠯ᠂ 6 ᠳ᠋ᠤᠭᠠᠷ ᠰᠠᠷ᠎ᠠ ᠶᠢᠨ 15 | — 25 ᠤ ᠡᠳᠦᠷ ᠪᠣᠯᠲᠠᠯ᠎ᠠ᠂ ᠮᠠᠨ ᠤ ᠣᠷᠣᠨ ᠤ ᠦᠬᠡᠷ ᠤᠨ ᠮᠢᠬ᠎ᠠ᠂ ᠥᠨᠳᠡᠭᠡ᠂ ᠤᠰᠤᠨ ᠭᠠᠷᠤᠯᠲᠠ᠂ ᠢᠳᠡᠰᠢᠨ | ᠨᠣᠭᠤᠭ᠎ᠠ ᠶᠢᠨ ᠦᠨ᠎ᠡ ᠪᠠᠭᠤᠷᠠᠵᠤ᠂ ᠭᠠᠭ᠋ᠠᠶ ᠶᠢᠨ ᠮᠢᠬ᠎ᠠ᠂ ᠲᠠᠬᠢᠶᠠᠨ ᠮᠢᠬ᠎ᠠ ᠶᠢᠨ ᠦᠨ᠎ᠡ ᠪᠠᠭ᠎ᠠ ᠬᠡᠮᠵᠢᠶ᠎ᠡ ᠪᠠᠷ | ᠥᠰᠴᠦ᠂ ᠢᠳᠡᠰᠢᠨ ᠲᠤᠰᠦ᠂ ᠴᠠᠶᠢᠯᠭᠠᠭᠰᠠᠨ ᠠᠮᠤ ᠪᠤᠳᠠᠭ᠎ᠠ ᠶᠢᠨ ᠦᠨ᠎ᠡ ᠲᠣᠭᠲᠠᠭᠤᠨ ᠳᠤᠮᠳᠠ ᠪᠠᠭ᠎ᠠ ᠥᠰᠴᠥ᠂ | ᠬᠤᠨᠢᠨ ᠮᠢᠬ᠎ᠠ᠂ ᠦᠨᠢᠶᠡᠨ ᠰᠦ᠂ ᠳ᠋ᠧᠦᠹᠦ᠋ ᠶᠢᠨ ᠦᠨ᠎ᠡ ᠨᠢ ᠬᠤᠪᠢᠷᠠᠯᠲᠠ ᠦᠭᠡᠢ᠃ | ᠠᠷᠪᠠᠳ ᠢᠶᠠᠷ ᠮᠠᠨ ᠤ ᠣᠷᠣᠨ ᠤ ᠢᠳᠡᠭᠡᠨ ᠤ ᠦᠨ᠎ᠡ ᠶᠡᠷᠦᠩᠬᠡᠶ ᠳᠡᠭᠡᠨ ᠲᠣᠭᠲᠠᠭᠤᠨ ᠳᠤᠮᠳᠠ ᠪᠠᠭ᠋ᠠᠨ | ᠬᠡᠯᠪᠡᠯᠵᠡᠵᠦ᠂ ᠢᠳᠡᠰᠢᠨ ᠨᠣᠭᠤᠭ᠎ᠠ ᠶᠢᠨ ᠦᠨ᠎ᠡ ᠦᠷᠭᠦᠯᠵᠢᠯᠡᠨ ᠪᠠᠭᠤᠷᠠᠵᠤ᠂ ᠭᠠᠭ᠋ᠠᠶ ᠶᠢᠨ ᠬᠠᠪᠢᠷᠭ᠎ᠠ ᠶᠢᠨ ᠮᠢᠬᠠᠨ ᠤ | ᠦᠨ᠎ᠡ ᠦᠷᠭᠦᠯᠵᠢᠯᠡᠨ ᠥᠰᠪᠡ᠃ ᠭᠠᠭ᠋ᠠᠶ ᠶᠢᠨ ᠬᠠᠪᠢᠷᠭ᠎ᠠ ᠶᠢᠨ ᠮᠢᠬᠠᠨ ᠤ ᠦᠨ᠎ᠡ 5 ᠳ᠋ᠤᠭᠠᠷ ᠰᠠᠷ᠎ᠠ ᠶᠢᠨ ᠡᠴᠦᠰ | ᠠᠴᠠ ᠡᠬᠢᠯᠡᠵᠦ ᠦᠷᠭᠦᠯᠵᠢᠯᠡᠨ ᠪᠠᠭ᠎ᠠ ᠬᠡᠮᠵᠢᠶ᠎ᠡ ᠪᠠᠷ ᠦᠰᠴᠦ᠂ ᠭᠠᠭ᠋ᠠᠶ ᠶᠢᠨ ᠬᠠᠪᠢᠷᠭ᠎ᠠ ᠶᠢᠨ ᠮᠢᠬᠠᠨ ᠤ ᠦᠨ᠎ᠡ ᠨᠢ | 40 ᠡᠳᠦᠷ ᠲᠤ ᠨᠡᠶᠢᠲᠡ 4.45% ᠪᠠᠷ ᠥᠰᠴᠡᠢ᠃ ᠲᠠᠬᠢᠶᠠᠨ ᠥᠨᠳᠡᠭᠡᠨ ᠤ ᠦᠨ᠎ᠡ ᠨᠢ 4 ᠳ᠋ᠦ᠋ᠭᠡᠷ ᠰᠠᠷ᠎ᠠ ᠶᠢᠨ | ᠡᠴᠦᠰ ᠠᠴᠠ ᠡᠬᠢᠯᠡᠵᠦ ᠦᠷᠭᠦᠯᠵᠢᠯᠡᠨ ᠪᠠᠭ᠎ᠠ ᠬᠡᠮᠵᠢᠶ᠎ᠡ ᠪᠠᠷ ᠥᠰᠴᠥ᠂ 60 ᠡᠳᠦᠷ ᠲᠤ ᠨᠡᠶᠢᠲᠡ 10.71% ᠪᠠᠷ | ᠥᠰᠴᠦ᠂ ᠲᠤᠰ ᠰᠠᠷ᠎ᠠ ᠶᠢᠨ ᠡᠴᠦᠰ ᠪᠣᠯᠬᠤ ᠳᠤ ᠪᠠᠭ᠋ᠠᠨ ᠪᠠᠭᠤᠷᠠᠪᠠ᠃ ᠢᠳᠡᠰᠢᠨ ᠨᠣᠭᠤᠭ᠎ᠠ ᠶᠢᠨ ᠳᠤᠮᠳᠠᠴᠢ ᠦᠨ᠎ᠡ | ᠤᠯᠠᠷᠢᠯ ᠤᠨ ᠴᠢᠨᠠᠷᠲᠠᠶ ᠪᠠᠷ ᠦᠷᠭᠦᠯᠵᠢᠯᠡᠨ ᠪᠠᠭᠤᠷᠠᠵᠤ᠂ 2 ᠳ᠋ᠤᠭᠠᠷ ᠰᠠᠷ᠎ᠠ ᠶᠢᠨ ᠡᠴᠦᠰ ᠠᠴᠠ ᠡᠬᠢᠯᠡᠵᠦ 130 | ᠡᠳᠦᠷ ᠲᠤ ᠨᠡᠶᠢᠲᠡ 43.87% ᠪᠠᠷ ᠪᠠᠭᠤᠷᠠᠪᠠ᠃ ᠵᠢᠱᠢᠯᠲᠡ ᠪᠠᠷ ᠬᠤᠶᠢᠰᠢᠳᠠ ᠶᠢᠨ ᠬᠤᠭᠤᠴᠠᠭᠠᠨ ᠳᠤ ᠮᠠᠨ ᠤ | ᠣᠷᠣᠨ ᠤ ᠭᠤᠣᠯ ᠢᠳᠡᠭᠡᠨ ᠤ ᠦᠨ᠎ᠡ ᠶᠢᠨ ᠪᠠᠶᠢᠳᠠᠯ ᠲᠣᠭᠲᠠᠭᠤᠨ ᠳᠤᠮᠳᠠ ᠪᠠᠭ᠋ᠠᠨ ᠬᠡᠯᠪᠡᠯᠵᠡᠬᠦ ᠪᠠᠷ ᠭᠤᠣᠯᠯᠠᠨ᠎ᠠ᠃ |