ᠤᠯᠤᠰ ᠤᠨ ᠤᠷᠠᠯᠢᠭ ᠤᠨ ᠰᠠᠭᠤᠷᠢ ᠮᠥᠩᠭᠦ 3 ᠵᠢᠯ ᠤᠨ ᠬᠤᠭᠤᠴᠭᠠᠠᠨ ᠳᠤ ᠥᠪᠥᠷ ᠮᠣᠩᠭᠤᠯ ᠤᠨ ᠲᠦᠷᠦᠯ ᠵᠦᠢᠯ ᠢ ᠨᠡᠶᠢᠲᠡ 8882.9 ᠲᠦᠮᠡᠨ ᠲᠥᠭᠦᠷᠢᠭ ᠢᠶᠠᠷ ᠲᠤᠰᠠᠯᠠᠪᠠ
ᠨᠡᠶᠢᠲᠡᠯᠡᠭᠰᠡᠨ ᠴᠠᠭ᠄
2018/7/12
     2015 ᠣᠨ ᠠᠴᠠ 2017 ᠣᠨ ᠪᠣᠯᠲᠠᠯ᠎ᠠ᠂ ᠤᠯᠤᠰ ᠤᠨ ᠤᠷᠠᠯᠢᠭ ᠤᠨ ᠰᠠᠭᠤᠷᠢ ᠮᠦᠩᠭᠦ ᠥᠪᠥᠷ ᠮᠣᠩᠭᠤᠯ ᠤᠨ ᠨᠡᠶᠢᠲᠡ 85 ᠲᠦᠷᠦᠯ ᠵᠦᠢᠯ ᠢ ᠲᠤᠰᠠᠯᠠᠵᠤ᠂ ᠲᠤᠰᠠᠯᠠᠭᠰᠠᠨ ᠶᠡᠷᠦᠩᠬᠡᠶ ᠵᠣᠭᠤᠰ ᠤᠨ ᠲᠤᠭ᠎ᠠ ᠨᠢ 8882.9 ᠲᠦᠮᠡᠨ ᠲᠥᠭᠦᠷᠢᠭ ᠲᠤ ᠬᠦᠷᠪᠡ᠃      ᠤᠯᠤᠰ ᠤᠨ ᠤᠷᠠᠯᠢᠭ ᠤᠨ ᠰᠠᠭᠤᠷᠢ ᠮᠥᠩᠭᠦ ᠪᠣᠯ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠰᠠᠭᠤᠷᠢ ᠮᠥᠩᠭᠦ ᠮᠦᠨ᠂ ᠭᠤᠣᠯᠳᠠᠭᠤ ᠵᠣᠬᠢᠶᠠᠨ ᠪᠦᠲᠦᠭᠡᠵᠦ ᠦᠢᠯᠡᠳᠬᠦ᠂ ᠤᠬᠠᠭᠤᠯᠤᠨ ᠳᠡᠯᠭᠡᠷᠡᠭᠦᠯᠬᠦ᠂ ᠡᠯᠰᠡᠨ ᠴᠤᠭᠯᠠᠭᠤᠯᠵᠤ ᠬᠤᠷᠢᠶᠠᠨ ᠬᠠᠳᠠᠭᠠᠯᠠᠬᠤ ᠪᠠ ᠴᠢᠳᠠᠪᠤᠷᠢᠲᠠᠨ ᠬᠥᠮᠦᠵᠢᠭᠦᠯᠬᠦ ᠵᠡᠷᠭᠡ ᠳᠥᠷᠪᠡᠨ ᠶᠡᠭᠡ ᠴᠢᠭᠯᠡᠯ ᠤᠨ ᠲᠣᠭᠤᠷᠢᠨ ᠳᠤ ᠲᠤᠰᠠᠯᠠᠳᠠᠭ᠃ 2017 ᠣᠨ ᠪᠣᠯᠬᠤ ᠳᠤ᠂ ᠤᠯᠤᠰ ᠤᠨ ᠤᠷᠠᠯᠢᠭ ᠤᠨ ᠰᠠᠭᠤᠷᠢ ᠮᠦᠩᠭᠦ ᠥᠪᠥᠷ ᠮᠣᠩᠭᠤᠯ ᠤᠨ ᠨᠡᠶᠢᠲᠡ 85 ᠲᠦᠷᠦᠯ ᠵᠦᠢᠯ ᠢ ᠲᠤᠰᠠᠯᠠᠪᠠ᠂ ᠡᠭᠦᠨ ᠳᠤ ᠠᠩᠬᠠᠨ ᠤ ᠵᠣᠬᠢᠶᠠᠨ ᠪᠦᠲᠦᠭᠡᠯᠭᠡ ᠶᠢᠨ ᠵᠦᠴᠦᠭᠡ ᠨᠢ 59 ᠵᠦᠢᠯ᠂ ᠤᠯᠤᠰ ᠤᠨ ᠳᠡᠰ ᠤᠨ ᠪᠠ ᠮᠤᠵᠢ ᠶᠢᠨ ᠲᠡᠰ ᠤᠨ ᠱᠠᠩᠨᠠᠯ ᠢ ᠬᠦᠷᠲᠡᠭᠰᠡᠨ ᠪᠦᠲᠦᠭᠡᠯ ᠨᠢ 27 ᠵᠦᠢᠯ ᠪᠠᠶᠢᠵᠤ᠂ 46%᠎ ᠶᠢ ᠡᠵᠡᠯᠡᠪᠡ᠂ 2014 ᠣᠨ ᠳᠤ ᠤᠯᠤᠰ ᠤᠨ ᠤᠷᠠᠯᠢᠭ ᠤᠨ ᠰᠠᠭᠤᠷᠢ ᠮᠦᠩᠭᠦᠨ ᠤ ᠲᠡᠳᠬᠦᠭᠰᠡᠨ ︽ᠤᠯᠤᠰ ᠤᠨ ᠬᠡᠦᠬᠡᠳ︾ ᠭᠡᠬᠦ ᠶᠠᠷᠢᠶᠠᠲᠤ ᠵᠦᠴᠦᠭᠡ ᠨᠢ ᠤᠯᠤᠰ ᠤᠨ ᠠᠷᠪᠠᠨ ᠭᠤᠷᠪᠠᠳᠤᠭᠠᠷ ᠬᠤᠭᠤᠴᠠᠭᠠᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ︽ᠲᠠᠪᠦ‍ ᠨᠢᠭᠡ ᠶᠢᠨ ᠢᠨᠵᠧᠨᠧᠷᠢᠩ︾᠎ ᠤᠨ ᠰᠢ ᠵᠦᠴᠦᠭᠡ ᠶᠢᠨ ᠱᠠᠩᠨᠠᠯ ᠢ ᠬᠦᠷᠳᠡᠪᠡ᠃᠂ 2015 — 2017 ᠣᠨ ᠳᠤ ᠲᠡᠳᠬᠦᠭᠰᠡᠨ ︽ᠮᠢᠨᠦ ᠪᠡᠶᠡᠯᠡᠭᠡ ᠠᠮᠢᠳᠤᠷᠠᠯ︾ ︽ᠪᠠᠭᠠᠪᠠᠭᠠᠶ ᠲᠠᠢ ᠲᠡᠮᠡᠴᠡᠭᠰᠡᠨ ᠨᠢ︾ ︽ᠡᠯᠢᠭᠡᠨ ᠳᠤ ᠤᠶᠠᠭᠠᠲᠠᠢ ᠲᠠᠯ᠎ᠠ︾ ᠵᠡᠷᠭᠡ 6 ᠵᠣᠬᠢᠶᠠᠯ ᠪᠦᠲᠦᠭᠡᠯ ᠨᠢ 2017 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ︽ᠲᠠᠪᠦ‍ ᠨᠢᠭᠡ ᠶᠢᠨ ᠢᠨᠵᠧᠨᠧᠷᠢᠩ︾᠎ ᠤᠨ ᠨᠡᠷᠡᠰ ᠎ ᠲᠤ ᠰᠤᠩᠭᠤᠭᠳᠠᠪᠠ᠃      ᠤᠯᠤᠰ ᠤᠨ ᠤᠷᠠᠯᠢᠭ ᠤᠨ ᠰᠠᠭᠤᠷᠢ ᠮᠥᠩᠭᠦ ᠥᠪᠡᠷᠲᠡᠭᠡᠨ ᠵᠠᠰᠠᠬᠤ ᠣᠷᠣᠨ ᠤ 6 ᠵᠦᠢᠯ ᠤᠨ ᠤᠷᠠᠯᠢᠭ ᠤᠨ ᠴᠢᠳᠠᠪᠤᠷᠢᠲᠠᠨ ᠢ ᠬᠥᠮᠦᠵᠢᠭᠦᠯᠬᠦ ᠲᠤᠰᠬᠠᠶ ᠲᠥᠷᠥᠯ ᠵᠦᠢᠯ ᠤᠨ ᠪᠡᠯᠡ ᠮᠥᠩᠭᠦ ᠳᠤ ᠨᠡᠶᠢᠲᠡ 610 ᠲᠦᠮᠡᠨ ᠲᠥᠭᠦᠷᠢᠭ ᠤᠨ ᠲᠤᠰᠠᠯᠠᠮᠵᠢ ᠦᠵᠡᠭᠦᠯᠵᠦ᠂ ᠮᠣᠷᠢᠨ ᠬᠤᠭᠤᠷ᠂ ᠬᠦᠬᠡᠮᠡᠢ᠂ ᠬᠤᠶᠠᠷ ᠬᠥᠮᠦᠨ ᠤ ᠡᠯᠭᠦᠴᠡᠭᠡ᠂ ᠮᠣᠷᠢᠨ ᠨᠢᠷᠤᠭᠤᠨ ᠳᠡᠭᠡᠷᠡᠬᠢ ᠼᠢᠷᠺ ᠵᠡᠷᠭᠡ ᠲᠠᠯ᠎ᠠ ᠶᠢᠨ ᠰᠢᠯᠢᠳᠡᠭ ᠴᠢᠳᠠᠪᠤᠷᠢᠲᠠᠨ ᠢ ᠦᠯᠡᠮᠵᠢᠬᠡᠨ ᠬᠥᠮᠦᠵᠢᠭᠦᠯᠵᠦ ᠥᠭᠴᠡᠶ᠃ ᠡᠭᠦᠨ ᠤ ᠬᠠᠮᠲᠤ᠂ ᠤᠯᠤᠰ ᠤᠨ ᠤᠷᠠᠯᠢᠭ ᠤᠨ ᠰᠠᠭᠤᠷᠢ ᠮᠥᠩᠭᠦ ᠵᠠᠯᠠᠭᠤ ᠤᠷᠠᠯᠢᠭᠴᠢᠨ ᠤ ᠲᠤᠰᠬᠠᠶ ᠵᠦᠢᠯ ᠤᠨ ᠪᠡᠯᠡ ᠮᠥᠩᠭᠦ ᠳᠤ ᠨᠡᠶᠢᠳᠡ 13 ᠬᠥᠮᠦᠨ ᠤᠳᠠᠭ᠎ᠠ 175 ᠲᠦᠮᠡᠨ ᠲᠥᠭᠦᠷᠢᠭ ᠤᠨ ᠲᠤᠰᠠᠯᠠᠮᠵᠢ ᠦᠵᠡᠭᠦᠯᠵᠦ᠂ ᠥᠪᠡᠷᠲᠡᠭᠡᠨ ᠵᠠᠰᠠᠬᠤ ᠣᠷᠣᠨ ᠤ ᠤᠷᠠᠯᠢᠭ ᠤᠨ ᠴᠢᠳᠠᠪᠤᠷᠢᠲᠠᠨ ᠢ ᠬᠥᠮᠦᠵᠢᠭᠦᠯᠬᠦ ᠪᠠ ᠬᠥᠭᠵᠢᠭᠦᠯᠬᠦ ᠳᠤ ᠲᠡᠭᠦᠯᠢᠯᠲᠡ ᠶᠢᠨ ᠴᠢᠨᠠᠷᠲᠠᠢ ᠳᠡᠮᠵᠢᠯᠭᠡ ᠦᠵᠡᠭᠦᠯᠵᠡᠶ᠃      ᠲᠠᠨᠢᠯᠴᠠᠭᠤᠯᠤᠭᠰᠠᠨ ᠢᠶᠠᠷ᠂ 2018 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠨᠡᠶᠢᠲᠡ 183 ᠲᠥᠷᠥᠯ ᠵᠦᠢᠯ ᠢ ᠭᠤᠶᠤᠴᠢᠯᠠᠨ ᠮᠡᠳᠡᠭᠦᠯᠵᠦ᠂ ᠲᠦᠷᠦᠭᠦᠦ ᠵᠢᠯ ᠤᠨ ᠬᠢ ᠠᠴᠠ 85 ᠵᠦᠢᠯ ᠨᠡᠮᠡᠭᠳᠡᠭᠰᠡᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号