︵2008 ᠣᠨ ᠤ 12 ᠳ᠋ᠣᠭᠠᠷ ᠰᠠᠷ᠎ᠠ ᠶᠢᠨ 31 ᠤ ᠡᠳᠣᠷ ᠦᠪᠡᠷᠳᠡᠭᠡᠨ ᠵᠠᠰᠠᠬᠤ ᠣᠷᠣᠨ ᠤ ᠠᠷᠡᠳ ᠤᠨ | ᠵᠠᠰᠠᠭ ᠤᠨ ᠣᠷᠳᠣᠨ ᠤ 162 ᠳ᠋ᠤᠭᠠᠷ ᠲᠣᠭᠠᠳᠣ ᠵᠠᠷᠯᠢᠭ ᠢᠶᠠᠷ ᠨᠡᠶᠢᠳᠡᠯᠡᠵᠦ 2018 ᠣᠨ ᠤ 1 ᠳ᠋ᠣᠭᠡᠷ | ᠰᠡᠷ᠎ᠠ ᠶᠢᠨ 16 ᠤ ᠡᠳᠣᠷ ᠤᠨ ︽ᠵᠠᠰᠠᠭ ᠤᠨ ᠣᠷᠳᠣᠨ ᠤ ᠭᠡᠰᠡᠭ ᠳᠥᠷᠢᠮ ᠲᠣᠠᠠᠳᠠᠭᠠᠯ ᠳᠤ ᠵᠠᠰᠠᠪᠦᠷᠢ ᠣᠷᠣᠭᠤᠯᠬᠤ | ᠲᠣᠬᠠᠢ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠡᠳ ᠤᠨ ᠵᠠᠰᠠᠭ ᠤᠨ ᠣᠷᠳᠣᠨ ᠤ ᠲᠣᠠᠠᠳᠠᠭᠠᠯ︾ | ᠢ ᠦᠨᠳᠣᠰᠣᠯᠡᠨ ᠵᠠᠰᠠᠪᠦᠷᠢ ᠣᠷᠣᠭᠤᠯᠪᠡ︶ | | | ᠨᠢᠭᠡᠳᠣᠭᠡᠷ ᠪᠦᠯᠥᠭ ᠶᠡᠷᠦᠩᠭᠡᠢ ᠳᠥᠷᠢᠮ | | ᠨᠢᠭᠡᠳᠣᠭᠡᠷ ᠵᠦᠢᠯ ᠠᠶᠣᠩᠭ᠎ᠠ ᠴᠠᠬᠢᠯᠭᠠᠨ ᠤ ᠭᠠᠢ ᠭᠠᠮᠰᠢᠭ ᠢ ᠰᠡᠷᠭᠡᠶᠢᠯᠡᠨ ᠬᠤᠷᠢᠠᠠᠯᠠᠬᠤ ᠶᠢ ᠴᠢᠩᠭᠠᠳᠬᠠᠵᠦ᠂ | ᠠᠷᠠᠳ ᠢᠷᠭᠡᠳ ᠤᠨ ᠠᠮᠢ ᠨᠠᠰᠥ ᠡᠳ᠋ ᠬᠦᠷᠦᠩᠭᠡ ᠶᠢᠨ ᠠᠮᠥᠷ ᠳᠥᠪᠰᠢᠨ ᠪᠣᠯᠤᠨ ᠤᠯᠠᠨ ᠨᠡᠶᠢᠲᠡ ᠶᠢᠨ ᠠᠮᠤᠷ | ᠲᠦᠪᠰᠢᠨ ᠢ ᠪᠠᠳᠣᠯᠠᠨ᠂ ᠠᠵᠦ ᠠᠬᠤᠢ ᠨᠡᠶᠢᠭᠡᠮ ᠤᠨ ᠬᠦᠭᠵᠢᠯᠳᠡ ᠶᠢ ᠠᠬᠢᠭᠤᠯᠬᠤ ᠶᠢᠨ ᠲᠣᠰᠡᠳᠡ᠂ ︽ᠪᠦᠬᠦᠲᠡ | ᠨᠡᠶᠢᠷᠡᠮᠳᠡᠬᠤ ᠲᠣᠮᠳᠠᠳᠣ ᠠᠷᠡᠳ ᠣᠯᠥᠰ ᠤᠨ ᠴᠠᠭ ᠠᠭᠤᠷ ᠤᠨ ᠬᠠᠦᠯᠢ︾᠂ ︽ᠦᠪᠤᠷ ᠮᠣᠩᠭᠤᠯ ᠤᠨ ᠦᠪᠡᠷᠳᠡᠭᠡᠨ | ᠵᠠᠰᠠᠬᠤ ᠣᠷᠣᠨ ᠤ ᠴᠠᠭ ᠠᠭᠤᠷ ᠤᠨ ᠭᠠᠢ ᠭᠠᠮᠰᠢᠭ ᠢ ᠰᠡᠷᠭᠡᠶᠢᠯᠡᠨ ᠬᠤᠷᠢᠠᠠᠯᠠᠬᠤ ᠳᠥᠷᠢᠮ︾ ᠵᠢᠴᠢ ᠬᠤᠯᠪᠤᠠᠠᠳᠡᠯ | ᠪᠦᠬᠦᠢ ᠬᠠᠦᠯᠢ ᠴᠠᠭᠠᠵᠠ᠂ ᠬᠠᠦᠯᠢ ᠲᠣᠠᠠᠳᠠᠭᠠᠯ ᠢ ᠦᠨᠳᠣᠰᠣᠯᠡᠨ᠂ ᠦᠪᠡᠷᠳᠡᠭᠡᠨ ᠵᠠᠰᠠᠬᠤ ᠣᠷᠣᠨ ᠤ ᠪᠤᠳᠡᠳᠡᠢ ᠲᠠᠢ | ᠣᠶᠠᠯᠳᠣᠭᠤᠯᠵᠦ᠂ ᠲᠣᠰ ᠠᠷᠭ᠎ᠠ ᠶᠢ ᠲᠣᠠᠠᠳᠠᠭᠠᠪᠠ᠃ | ᠬᠤᠶᠠᠳᠣᠭᠠᠷ ᠵᠦᠢᠯ ᠦᠪᠡᠷᠳᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠳᠣᠷ᠎ᠠ ᠠᠶᠤᠩᠭ᠎ᠠ | ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠢ ᠡᠷᠬᠢᠯᠡᠵᠦ ᠪᠠᠶᠢᠭ᠎ᠠ ᠨᠢᠭᠡᠴᠡ ᠪᠠ ᠬᠤᠪᠢ ᠬᠦᠮᠦᠨ᠂ ᠲᠣᠰ | ᠠᠷᠭ᠎ᠠ ᠶᠢ ᠵᠢᠷᠣᠮᠯᠠᠨ ᠰᠠᠬᠢᠬᠤ ᠭᠡᠷᠡᠭᠳᠡᠢ᠃ | ᠭᠤᠷᠪᠠᠳᠣᠭᠠᠷ ᠵᠦᠢᠯ ᠲᠣᠰ ᠠᠷᠭ᠎ᠠ ᠳᠤ ᠬᠡᠯᠡᠵᠦ ᠪᠠᠶᠢᠭ᠎ᠠ ᠠᠶᠤᠩᠭ᠎ᠠ ᠰᠡᠷᠭᠡᠶᠢᠯᠡᠵᠦ ᠭᠠᠮᠰᠢᠭ ᠢ ᠪᠠᠭᠠᠰᠬᠠᠬᠤ | ᠭᠡᠳᠡᠭ ᠨᠢ᠂ ᠠᠶᠣᠩᠭ᠎ᠠ ᠴᠠᠬᠢᠯᠭᠠᠨ ᠤ ᠭᠠᠢ ᠭᠠᠮᠰᠢᠭ ᠢ ᠰᠡᠷᠭᠡᠶᠢᠯᠡᠨ ᠬᠤᠷᠢᠠᠠᠯᠠᠬᠤ ᠪᠠ ᠪᠠᠭᠠᠰᠬᠠᠬᠤ ᠠᠵᠢᠯᠯᠠᠭ᠎ᠠ ᠶᠢ | ᠵᠢᠭᠠᠵᠦ ᠪᠤᠢ᠂ ᠡᠬᠦᠨ ᠳᠤ ᠠᠶᠣᠩᠭ᠎ᠠ ᠴᠠᠬᠢᠯᠭᠠᠨ ᠪᠠ ᠠᠶᠣᠩᠭ᠎ᠠ ᠴᠠᠬᠢᠯᠭᠠᠨ ᠤ ᠭᠠᠢ ᠭᠠᠮᠰᠢᠭ ᠤᠨ ᠰᠣᠳᠣᠯᠭᠠᠨ᠂ | ᠬᠢᠨᠡᠨ ᠰᠢᠨᠵᠢᠬᠦ᠂ ᠣᠷᠢᠳᠴᠢᠯᠠᠨ ᠰᠡᠷᠡᠮᠵᠢᠯᠡᠬᠦ᠂ ᠰᠡᠷᠭᠡᠶᠢᠯᠡᠨ ᠬᠠᠮᠠᠭᠠᠯᠠᠬᠤ᠂ ᠪᠠᠴᠢᠮ ᠪᠠᠶᠢᠳᠡᠯ ᠢ ᠠᠷᠭᠠᠴᠠᠬᠤ ᠵᠢᠴᠢ | ᠠᠶᠤᠩᠭ᠎ᠠ ᠴᠠᠬᠢᠯᠭᠠᠨ ᠤ ᠭᠠᠢ ᠭᠠᠮᠰᠢᠭ ᠤᠨ ᠪᠠᠶᠢᠴᠠᠭᠠᠯᠳᠡ᠂ ᠬᠢᠨᠡᠨ ᠲᠣᠠᠠᠳᠠᠭᠠᠯᠳᠡ ᠪᠠ ᠠᠶᠤᠯ ᠳᠥᠭᠰᠢᠬᠦᠷᠢ ᠶᠢ | ᠦᠨᠡᠯᠡᠨ ᠵᠢᠱᠢᠬᠦ ᠵᠡᠷᠭᠡ ᠪᠠᠭᠳᠠᠨ᠎ᠠ᠃ | ᠳᠥᠷᠪᠡᠳᠣᠭᠡᠷ ᠵᠦᠢᠯ ᠠᠶᠤᠩᠭ᠎ᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠨᠢ ᠠᠮᠥᠷ ᠳᠥᠪᠰᠢᠨ ᠢ | ᠳᠡᠷᠢᠬᠦᠨ ᠳᠤ ᠳᠡᠯᠪᠢᠵᠦ᠂ ᠣᠷᠢᠳᠴᠢᠯᠠᠨ ᠰᠡᠷᠭᠡᠶᠢᠯᠡᠬᠦ ᠪᠠᠷ ᠭᠤᠤᠯ ᠪᠤᠯᠭᠠᠨ᠂ ᠰᠡᠷᠭᠡᠶᠢᠯᠡᠬᠦ ᠪᠠ ᠵᠠᠰᠠᠬᠤ ᠶᠢ | ᠣᠶᠠᠯᠳᠣᠭᠤᠯᠬᠤ ᠵᠠᠷᠴᠢᠮ ᠢ ᠪᠡᠷᠢᠮᠳᠡᠯᠡᠬᠤ ᠭᠡᠷᠡᠭᠳᠡᠢ᠃ | ᠲᠠᠪᠤᠳᠣᠭᠠᠷ ᠵᠦᠢᠯ ᠬᠤᠰᠢᠭᠤ ᠰᠢᠶᠡᠨ ᠤ ᠱᠠᠳᠣᠨ ᠠᠴᠠ ᠳᠡᠭᠡᠭᠰᠢᠬᠢ ᠴᠠᠭ ᠠᠭᠤᠷ ᠤᠨ ᠭᠤᠤᠯᠴᠢᠯᠠᠨ | ᠬᠠᠮᠢᠶᠡᠷᠬᠤ ᠪᠠᠶᠢᠭᠤᠯᠥᠮᠵᠢ ᠨᠢ ᠳᠡᠭᠡᠳᠦ ᠱᠠᠳᠣᠨ ᠤ ᠴᠠᠭ ᠠᠭᠤᠷ ᠤᠨ ᠭᠤᠤᠯᠴᠢᠯᠠᠨ ᠬᠠᠮᠢᠶᠡᠷᠬᠤ ᠪᠠᠶᠢᠭᠤᠯᠥᠮᠵᠢ | ᠪᠤᠯᠥᠨ ᠲᠣᠰ ᠱᠠᠳᠣᠨ ᠤ ᠠᠷᠡᠳ ᠤᠨ ᠵᠠᠰᠠᠭ ᠤᠨ ᠣᠷᠳᠣᠨ ᠤ ᠣᠳᠣᠷᠢᠳᠣᠯᠭ᠎ᠠ ᠲᠣᠣᠷ᠎ᠠ᠂ ᠲᠣᠰ ᠵᠠᠰᠠᠭ | ᠵᠠᠬᠢᠷᠭᠠᠨ ᠤ ᠣᠷᠣᠨ ᠤ ᠳᠣᠳᠣᠷᠡᠬᠢ ᠠᠶᠤᠩᠭ᠎ᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠢ ᠬᠠᠷᠢᠭᠤᠴᠠᠨ᠎ᠠ᠃ | ᠴᠠᠭ ᠠᠭᠤᠷ ᠤᠨ ᠭᠤᠤᠯᠴᠢᠯᠠᠨ ᠬᠠᠮᠢᠶᠡᠷᠬᠤ ᠪᠠᠶᠢᠭᠤᠯᠥᠮᠵᠢ ᠶᠢ ᠪᠠᠶᠢᠷᠢᠯᠠᠭᠤᠯᠥᠠᠠᠰᠠᠨ ᠦᠭᠡᠢ ᠣᠷᠣᠨ ᠤ ᠠᠶᠤᠩᠭ᠎ᠠ | ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠢ ᠳᠡᠭᠡᠳᠦ ᠨᠢᠭᠡ ᠱᠠᠳᠣᠨ ᠤ ᠴᠠᠭ ᠠᠭᠤᠷ ᠤᠨ ᠭᠤᠤᠯᠴᠢᠯᠠᠨ | ᠬᠠᠮᠢᠶᠠᠷᠬᠤ ᠪᠠᠶᠢᠭᠤᠯᠥᠮᠵᠢ ᠠᠴᠠ ᠬᠠᠷᠢᠭᠤᠴᠠᠨ᠎ᠠ᠃ | ᠲᠣᠳᠣᠭᠠᠳᠦ ᠶᠢ ᠬᠠᠮᠠᠭᠠᠯᠠᠬᠤ᠂ ᠠᠶᠣᠯ ᠦᠭᠡᠢ ᠦᠢᠯᠡᠳᠪᠦᠷᠢᠯᠡᠯ ᠤᠨ ᠬᠢᠨᠡᠯᠳᠡ ᠳᠡᠯᠪᠢᠬᠤ᠂ ᠶᠠᠰᠣ ᠴᠢᠨᠡᠷ ᠲᠤ | ᠮᠡᠷᠭᠡᠵᠢᠯ ᠤᠨ ᠬᠢᠨᠡᠯᠳᠡ ᠳᠡᠯᠪᠢᠬᠤ᠂ ᠪᠦᠳᠦᠭᠡᠨ ᠪᠠᠶᠢᠭᠤᠯᠥᠯᠳᠡ ᠪᠤᠯᠥᠨ ᠳᠥᠯᠥᠪᠵᠢᠬᠦᠯᠭᠡ ᠵᠡᠷᠭᠡ ᠵᠠᠰᠠᠭ | ᠵᠠᠬᠢᠷᠭᠠᠨ ᠤ ᠬᠠᠮᠢᠶᠡᠷᠦᠯᠳᠡ ᠶᠢᠨ ᠰᠠᠯᠠᠭ᠎ᠠ ᠮᠦᠴᠢᠷ ᠨᠢ ᠲᠣᠰ ᠲᠣᠰ ᠤᠨ ᠡᠬᠦᠷᠭᠡ ᠬᠠᠷᠢᠭᠤᠴᠠᠯᠭ᠎ᠠ ᠶᠣᠰᠣᠭᠠᠷ᠂ | ᠠᠶᠤᠩᠭ᠎ᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠢ ᠰᠠᠶᠢᠳᠣᠷ ᠬᠢᠬᠦ ᠭᠡᠷᠡᠭᠳᠡᠢ᠃ | ᠴᠠᠬᠢᠯᠭᠠᠨ ᠬᠦᠴᠣᠨ ᠤ ᠠᠵᠦ ᠠᠬᠤᠶᠢᠯᠠᠯ ᠨᠢ ᠴᠠᠬᠢᠯᠭᠠᠨ ᠬᠦᠴᠣᠨ ᠤ ᠦᠨᠳᠣᠷ ᠬᠦᠴᠣᠳᠡᠯᠳᠦ ᠴᠠᠬᠢᠯᠭᠠᠨ | ᠣᠳᠠᠰᠣ᠂ ᠴᠠᠬᠢᠯᠭᠠᠨ ᠬᠤᠪᠢᠰᠬᠠᠭᠤᠷ᠂ ᠦᠨᠳᠣᠷ ᠬᠦᠴᠣᠳᠡᠯᠳᠦ ᠪᠡᠯᠡᠳᠭᠡᠮᠵᠢ ᠶᠢᠨ ᠠᠶᠤᠩᠭ᠎ᠠ ᠴᠠᠬᠢᠯᠭᠠᠨ ᠤ | ᠭᠠᠮᠰᠢᠭ ᠢ ᠰᠡᠷᠭᠡᠶᠢᠯᠡᠨ ᠬᠤᠷᠢᠠᠠᠯᠠᠬᠤ ᠠᠵᠢᠯ ᠢ ᠬᠠᠷᠢᠭᠤᠴᠠᠬᠤ ᠶᠢᠨ ᠬᠠᠮᠳᠣ᠂ ᠲᠣᠬᠠᠢ ᠶᠢᠨ ᠭᠠᠵᠡᠷ ᠤᠨ ᠴᠠᠭ | ᠠᠭᠤᠷ ᠤᠨ ᠭᠤᠤᠯᠴᠢᠯᠠᠨ ᠬᠠᠮᠢᠶᠡᠷᠬᠤ ᠪᠠᠶᠢᠭᠤᠯᠥᠮᠵᠢ ᠶᠢᠨ ᠬᠢᠨᠡᠯᠳᠡ ᠲᠠᠯᠪᠢᠯᠲᠠ ᠶᠢ ᠬᠦᠯᠢᠶᠡᠨ᠎ᠠ᠃ | ᠵᠢᠷᠭᠤᠳᠣᠭᠠᠷ ᠵᠦᠢᠯ ᠬᠤᠰᠢᠭᠤ ᠰᠢᠶᠡᠨ ᠤ ᠱᠠᠳᠣᠨ ᠠᠴᠠ ᠳᠡᠭᠡᠭᠰᠢᠬᠢ ᠠᠷᠡᠳ ᠤᠨ ᠵᠠᠰᠠᠭ ᠤᠨ | ᠣᠷᠳᠣᠨ ᠨᠢ ᠠᠶᠤᠩᠭ᠎ᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠶᠢᠨ ᠠᠵᠢᠯ ᠤᠨ ᠣᠳᠣᠷᠢᠳᠣᠯᠭ᠎ᠠ ᠪᠠ | ᠵᠤᠬᠢᠴᠠᠭᠤᠯᠭ᠎ᠠ ᠪᠠᠨ ᠴᠢᠩᠭᠠᠳᠬᠠᠵᠦ᠂ ᠠᠶᠤᠩᠭ᠎ᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠢ ᠲᠣᠰ ᠱᠠᠳᠣᠨ ᠤ | ᠣᠯᠥᠰ ᠠᠷᠡᠳ ᠤᠨ ᠠᠵᠦ ᠠᠬᠤᠢ ᠪᠠ ᠨᠡᠶᠢᠭᠡᠮ ᠤᠨ ᠬᠦᠭᠵᠢᠯᠳᠡ ᠶᠢᠨ ᠳᠥᠯᠥᠪᠵᠢᠬᠦᠯᠬᠡ ᠵᠢᠴᠢ ᠠᠶᠣᠯ ᠦᠭᠡᠢ | ᠦᠢᠯᠡᠳᠪᠦᠷᠢᠯᠡᠯ ᠤᠨ ᠬᠢᠨᠡᠯᠳᠡ ᠬᠠᠮᠢᠶᠡᠷᠦᠯᠳᠡ ᠶᠢᠨ ᠠᠵᠢᠯ ᠤᠨ ᠭᠡᠪᠴᠢᠶᠡᠨ ᠳᠤ ᠣᠷᠣᠭᠤᠯᠥᠨ᠂ ᠭᠡᠷᠡᠭᠰᠡᠵᠦ ᠪᠦᠬᠦᠢ | ᠵᠠᠷᠣᠳᠡᠯ ᠢ ᠲᠣᠰ ᠱᠠᠳᠣᠨ ᠤ ᠡᠳ᠋ ᠤᠨ ᠵᠠᠰᠠᠭ ᠤᠨ ᠳᠥᠰᠥᠪ ᠲᠤ ᠣᠷᠣᠭᠤᠯᠬᠤ ᠶᠢᠨ ᠬᠠᠮᠳᠣ ᠣᠷᠣᠭᠤᠯᠥᠯᠳᠡ ᠪᠠᠨ | ᠠᠯᠬᠤᠮ ᠠᠯᠬᠤᠮ ᠢᠶᠠᠷ ᠨᠡᠮᠡᠭᠳᠡᠬᠦᠯᠬᠦ ᠭᠡᠷᠡᠭᠳᠡᠢ᠃ | ᠲᠤᠯᠥᠳᠣᠭᠠᠷ ᠵᠦᠢᠯ ᠦᠪᠡᠷᠳᠡᠭᠡᠨ ᠵᠠᠰᠠᠬᠤ ᠣᠷᠣᠨ ᠠᠴᠠ ᠠᠶᠤᠩᠭ᠎ᠠ ᠰᠡᠷᠭᠡᠶᠢᠯᠡᠬᠦ ᠰᠢᠨᠵᠢᠯᠡᠬᠦ ᠣᠬᠠᠭᠠᠨ | ᠮᠡᠷᠭᠡᠵᠢᠯ ᠤᠨ ᠰᠣᠳᠣᠯᠭᠠᠨ ᠪᠠ ᠨᠡᠭᠡᠭᠡᠨ ᠠᠰᠢᠠᠠᠯᠠᠬᠤ ᠶᠢ ᠦᠷᠨᠢᠬᠦᠯᠬᠦ ᠶᠢ ᠵᠣᠷᠢᠠᠠᠵᠢᠭᠤᠯᠥᠨ᠂ ᠠᠶᠤᠩᠭ᠎ᠠ ᠰᠡᠷᠭᠡᠶᠢᠯᠡᠬᠦ | ᠰᠢᠨᠵᠢᠯᠡᠬᠦ ᠣᠬᠠᠭᠠᠨ ᠮᠡᠷᠭᠡᠵᠢᠯ ᠤᠨ ᠰᠣᠳᠣᠯᠭᠠᠨ ᠤ ᠦᠷ᠎ᠠ ᠪᠦᠳᠦᠭᠡᠯ ᠢ ᠳᠡᠯᠭᠡᠷᠡᠬᠦᠯᠥᠨ ᠭᠡᠷᠡᠭᠯᠡᠵᠦ᠂ ᠠᠶᠤᠩᠭ᠎ᠠ | ᠰᠡᠷᠭᠡᠶᠢᠯᠡᠬᠦ ᠪᠠᠷᠢᠮᠵᠢᠶᠡᠵᠢᠭᠤᠯᠥᠠᠠᠰᠠᠨ ᠠᠵᠢᠯ ᠢ ᠴᠢᠩᠭᠠᠳᠬᠠᠨ᠂ ᠠᠶᠣᠩᠭ᠎ᠠ ᠰᠡᠷᠭᠡᠶᠢᠯᠡᠬᠦ ᠮᠡᠷᠭᠡᠵᠢᠯ ᠤᠨ ᠬᠢᠷᠢ | ᠭᠡᠮᠵᠢᠶ᠎ᠠ ᠶᠢ ᠳᠡᠭᠡᠭᠰᠢᠯᠡᠬᠦᠯᠵᠦ᠂ ᠠᠶᠤᠩᠭ᠎ᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠰᠢᠨᠵᠢᠯᠡᠬᠦ ᠣᠬᠠᠭᠠᠨ ᠮᠡᠷᠭᠡᠵᠢᠯ ᠢ | ᠳᠥᠭᠡᠮᠡᠯᠵᠢᠬᠦᠯᠬᠦ ᠣᠬᠠᠭᠤᠯᠥᠯ ᠢ ᠦᠷᠨᠢᠬᠦᠯᠥᠨ᠂ ᠪᠦᠬᠦ ᠠᠷᠡᠳ ᠤᠨ ᠠᠶᠤᠩᠭ᠎ᠠ ᠰᠡᠷᠭᠡᠶᠢᠯᠡᠵᠦ ᠭᠠᠮᠰᠢᠭ ᠢ | ᠪᠠᠭᠠᠰᠬᠠᠬᠤ ᠦᠵᠡᠯ ᠣᠬᠠᠮᠰᠡᠷ ᠢ ᠴᠢᠩᠭᠠᠳᠬᠠᠨ᠎ᠠ᠃ | ᠨᠠᠢᠮᠠᠳᠣᠭᠠᠷ ᠵᠦᠢᠯ ᠠᠶᠤᠩᠭ᠎ᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠤᠨ ᠲᠣᠮᠳᠡ ᠲᠣᠪᠤᠶᠢᠮ᠎ᠠ | ᠬᠤᠪᠢ ᠨᠡᠮᠡᠷᠢ ᠦᠵᠡᠬᠦᠯᠥᠭᠰᠡᠨ ᠨᠢᠭᠡᠴᠡ ᠪᠠ ᠬᠤᠪᠢ ᠬᠦᠮᠦᠨ ᠢ ᠬᠤᠰᠢᠭᠤ ᠰᠢᠶᠡᠨ ᠤ ᠱᠠᠳᠣᠨ ᠠᠴᠠ ᠳᠡᠭᠡᠭᠰᠢᠬᠢ | ᠠᠷᠡᠳ ᠤᠨ ᠵᠠᠰᠠᠭ ᠤᠨ ᠣᠷᠳᠣᠨ ᠪᠤᠶᠤ ᠴᠠᠭ ᠠᠭᠤᠷ ᠤᠨ ᠭᠤᠤᠯᠴᠢᠯᠠᠨ ᠬᠠᠮᠢᠶᠡᠷᠬᠤ ᠪᠠᠶᠢᠭᠤᠯᠥᠮᠵᠢ ᠠᠴᠠ | ᠰᠠᠶᠢᠰᠢᠶᠡᠨ ᠬᠦᠬᠢᠬᠦᠯᠥᠨᠠ᠃ | | | ᠬᠤᠶᠡᠳᠣᠭᠠᠷ ᠪᠦᠯᠥᠭ ᠠᠶᠤᠩᠭ᠎ᠠ ᠴᠠᠬᠢᠯᠭᠠᠨ ᠤ ᠭᠠᠢ ᠭᠠᠮᠰᠢᠭ ᠢ ᠰᠡᠷᠭᠡᠶᠢᠯᠡᠨ ᠬᠤᠷᠢᠠᠠᠯᠠᠬᠤ | | | ᠶᠢᠰᠦᠳᠣᠭᠡᠷ ᠵᠦᠢᠯ ᠬᠤᠰᠢᠭᠤ ᠰᠢᠶᠡᠨ ᠤ ᠱᠠᠳᠣᠨ ᠠᠴᠠ ᠳᠡᠭᠡᠭᠰᠢᠬᠢ ᠠᠷᠡᠳ ᠤᠨ ᠵᠠᠰᠠᠭ ᠤᠨ ᠣᠷᠳᠣᠨ ᠨᠢ | ᠲᠣᠰ ᠱᠠᠳᠣᠨ ᠤ ᠴᠠᠭ ᠠᠭᠤᠷ ᠤᠨ ᠭᠤᠤᠯᠴᠢᠯᠠᠨ ᠬᠠᠮᠢᠶᠡᠷᠬᠤ ᠪᠠᠶᠢᠭᠤᠯᠥᠮᠵᠢ ᠪᠤᠯᠥᠨ ᠲᠣᠳᠣᠭᠠᠳᠦ ᠶᠢ ᠬᠠᠮᠠᠭᠠᠯᠠᠬᠤ᠂ | ᠠᠶᠣᠯ ᠦᠭᠡᠢ ᠦᠢᠯᠡᠳᠪᠦᠷᠢᠯᠡᠯ ᠤᠨ ᠬᠢᠨᠡᠯᠳᠡ ᠳᠡᠯᠪᠢᠬᠤ᠂ ᠶᠠᠰᠣ ᠴᠢᠨᠡᠷ ᠲᠤ ᠮᠡᠷᠭᠡᠵᠢᠯ ᠤᠨ ᠬᠢᠨᠡᠯᠳᠡ ᠳᠡᠯᠪᠢᠬᠤ᠂ | ᠪᠦᠳᠦᠭᠡᠨ ᠪᠠᠶᠢᠭᠤᠯᠥᠯᠳᠡ ᠪᠤᠯᠥᠨ ᠳᠥᠯᠥᠪᠵᠢᠬᠦᠯᠭᠡ ᠵᠡᠷᠭᠡ ᠬᠤᠯᠪᠤᠠᠠᠳᠡᠯ ᠪᠦᠬᠦᠢ ᠰᠠᠯᠠᠭ᠎ᠠ ᠮᠦᠴᠢᠷ ᠢ ᠵᠤᠬᠢᠶᠡᠨ | ᠪᠠᠶᠢᠭᠤᠯᠥᠨ ᠲᠣᠰ ᠬᠠᠷᠢᠶ᠎ᠠ ᠣᠷᠣᠨ ᠤ ᠠᠶᠣᠩᠭ᠎ᠠ ᠴᠠᠬᠢᠯᠭᠠᠨ ᠤ ᠭᠠᠢ ᠭᠠᠮᠰᠢᠭ ᠢ ᠰᠡᠷᠭᠡᠶᠢᠯᠡᠨ ᠬᠤᠷᠢᠠᠠᠯᠠᠬᠤ | ᠳᠥᠯᠥᠪᠵᠢᠬᠦᠯᠬᠡ ᠶᠢ ᠨᠡᠶᠢᠷᠡᠭᠤᠯᠥᠨ ᠵᠤᠬᠢᠶᠡᠵᠦ᠂ ᠳᠡᠭᠡᠳᠦ ᠨᠢᠭᠡ ᠱᠠᠳᠣᠨ ᠤ ᠠᠷᠡᠳ ᠤᠨ ᠵᠠᠰᠠᠭ ᠤᠨ ᠣᠷᠳᠣᠨ ᠢᠶᠠᠷ | ᠵᠦᠪᠰᠢᠶᠡᠷᠡᠬᠦᠯᠥᠭᠰᠡᠨ ᠤ ᠳᠡᠷᠠᠭ᠎ᠠ ᠭᠡᠷᠡᠭᠵᠢᠬᠦᠯᠦᠨ᠎ᠡ᠃ | ᠠᠷᠪᠠᠳᠣᠭᠠᠷ ᠵᠦᠢᠯ ᠠᠶᠣᠩᠭ᠎ᠠ ᠴᠠᠬᠢᠯᠭᠠᠨ ᠤ ᠭᠠᠢ ᠭᠠᠮᠰᠢᠭ ᠢ ᠰᠡᠷᠭᠡᠶᠢᠯᠡᠨ ᠬᠤᠷᠢᠠᠠᠯᠠᠬᠤ | ᠳᠥᠯᠥᠪᠵᠢᠬᠦᠯᠬᠡ ᠳᠤ ᠲᠣᠣᠷᠡᠬᠢ ᠮᠡᠳᠣ ᠠᠭᠤᠯᠭ᠎ᠠ ᠪᠠᠭᠳᠠᠨ᠎ᠠ᠄ | ︵ᠨᠢᠭᠡ︶ ᠠᠶᠣᠩᠭ᠎ᠠ ᠴᠠᠬᠢᠯᠭᠠᠨ ᠤ ᠭᠠᠢ ᠭᠠᠮᠰᠢᠭ ᠤᠨ ᠣᠳᠣᠬᠢ ᠪᠠᠶᠢᠳᠡᠯ ᠤᠨ ᠵᠠᠳᠡᠯᠥᠯᠳᠡ︔ | ︵ᠬᠤᠶᠡᠷ︶ ᠠᠶᠣᠩᠭ᠎ᠠ ᠴᠠᠬᠢᠯᠭᠠᠨ ᠤ ᠭᠠᠢ ᠭᠠᠮᠰᠢᠭ ᠢ ᠰᠡᠷᠭᠡᠶᠢᠯᠡᠨ ᠬᠤᠷᠢᠠᠠᠯᠠᠬᠤ ᠶᠢᠨ ᠵᠠᠷᠴᠢᠮ ᠪᠠ | ᠬᠠᠷᠡᠯᠳᠡ︔ | ︵ᠭᠤᠷᠪᠡ︶ ᠠᠶᠣᠩᠭ᠎ᠠ ᠴᠠᠬᠢᠯᠭᠠᠨ ᠤ ᠭᠠᠢ ᠭᠠᠮᠰᠢᠭ ᠠᠮᠠᠷᠬᠠᠨ ᠭᠠᠷᠬᠤ ᠣᠷᠣᠨ ᠪᠦᠰᠡ ᠪᠠ | ᠭᠤᠤᠯᠳᠡᠯᠭ᠎ᠠ ᠲᠠᠢ ᠰᠡᠷᠭᠡᠶᠢᠯᠡᠨ ᠬᠤᠷᠢᠠᠠᠯᠠᠬᠤ ᠣᠷᠣᠨ ᠪᠦᠰᠡ︔ | ︵ᠳᠥᠷᠪᠡ︶ ᠠᠶᠣᠩᠭ᠎ᠠ ᠴᠠᠬᠢᠯᠭᠠᠨ ᠤ ᠭᠠᠢ ᠭᠠᠮᠰᠢᠭ ᠤᠨ ᠬᠢᠨᠡᠨ ᠰᠢᠨᠵᠢᠯᠳᠡ᠂ ᠣᠷᠢᠳᠴᠢᠯᠠᠨ ᠰᠡᠷᠡᠮᠵᠢᠯᠡᠬᠦ | ᠪᠡᠷᠢᠯᠭ᠎ᠠ ᠶᠢᠨ ᠪᠦᠳᠦᠭᠡᠨ ᠪᠠᠶᠢᠭᠤᠯᠥᠯᠳᠡ︔ | ︵ᠲᠠᠪᠤ︶ ᠠᠶᠣᠩᠭ᠎ᠠ ᠴᠠᠬᠢᠯᠭᠠᠨ ᠤ ᠭᠠᠢ ᠭᠠᠮᠰᠢᠭ ᠢ ᠰᠡᠷᠭᠡᠶᠢᠯᠡᠨ ᠬᠤᠷᠢᠠᠠᠯᠠᠬᠤ ᠠᠷᠭ᠎ᠠ ᠭᠡᠮᠵᠢᠶ᠎ᠠ︔ | ︵ᠵᠢᠷᠭᠤᠭ᠎ᠠ︶ ᠬᠠᠦᠯᠢ ᠴᠠᠭᠠᠵᠠ᠂ ᠬᠠᠦᠯᠢ ᠲᠣᠠᠠᠳᠠᠭᠠᠯ ᠳᠤ ᠲᠣᠠᠠᠳᠠᠭᠠᠠᠠᠰᠠᠨ ᠪᠣᠰᠣᠳ ᠠᠭᠤᠯᠭ᠎ᠠ᠃ | ᠠᠷᠪᠡᠨ ᠨᠢᠭᠡᠳᠣᠭᠡᠷ ᠵᠦᠢᠯ ᠦᠪᠡᠷᠳᠡᠭᠡᠨ ᠵᠠᠰᠠᠬᠤ ᠣᠷᠣᠨ ᠤ ᠳᠣᠳᠣᠷᠡᠬᠢ ᠲᠤᠮᠥ ᠭᠡᠯᠪᠡᠷᠢ ᠶᠢᠨ ᠪᠡᠷᠢᠯᠭ᠎ᠠ᠂ | ᠭᠤᠤᠯᠳᠡᠯᠭ᠎ᠠ ᠲᠠᠢ ᠪᠡᠷᠢᠯᠭ᠎ᠠ᠂ ᠣᠯᠡᠨ ᠨᠠᠶᠢᠲᠡ ᠶᠢᠨ ᠴᠢᠬᠤᠯᠡ ᠰᠠᠭᠤᠷᠢ ᠪᠡᠯᠡᠳᠭᠡᠮᠵᠢ᠂ ᠳᠡᠯᠪᠡᠷᠡᠬᠦ ᠠᠶᠣᠯᠳᠡᠢ | ᠪᠡᠯᠡᠳᠭᠡᠮᠵᠢ ᠵᠡᠷᠭᠡ ᠪᠦᠳᠦᠭᠡᠨ ᠪᠠᠶᠢᠭᠤᠯᠥᠯᠳᠡ ᠶᠢᠨ ᠳᠥᠷᠦᠯ ᠵᠦᠢᠯ ᠤᠨ ᠪᠤᠯᠥᠮᠵᠢᠳᠦ ᠨᠣᠳᠡᠯᠠᠯᠳᠡ ᠶᠢᠨ | ᠮᠡᠳᠡᠬᠦᠯᠥᠯᠳᠡ ᠳᠤ ᠴᠠᠭ ᠠᠭᠤᠷ ᠤᠨ ᠭᠤᠤᠯᠴᠢᠯᠠᠨ ᠬᠠᠮᠢᠶᠡᠷᠬᠤ ᠪᠠᠶᠢᠭᠤᠯᠥᠮᠵᠢ ᠶᠢᠨ ᠬᠠᠷᠢᠭᠤᠴᠠᠨ ᠵᠤᠬᠢᠶᠡᠨ | ᠪᠠᠶᠢᠭᠤᠯᠵᠦ ᠪᠠᠶᠢᠭᠠᠳ ᠬᠢᠭᠰᠡᠨ ᠠᠶᠤᠩᠭ᠎ᠠ ᠴᠠᠬᠢᠯᠭᠠᠨ ᠤ ᠭᠠᠢ ᠭᠠᠮᠰᠢᠭ ᠤᠨ ᠠᠶᠤᠯ ᠳᠥᠭᠰᠢᠬᠦᠷᠢ ᠶᠢᠨ ᠦᠨᠡᠯᠡᠨ | ᠵᠢᠱᠢᠭᠰᠡᠨ ᠮᠡᠳᠡᠬᠦᠯᠥᠯᠳᠡ ᠪᠠᠶᠢᠬᠤ ᠭᠡᠷᠡᠭᠳᠡᠢ᠃ | ᠠᠶᠤᠩᠭ᠎ᠠ ᠴᠠᠬᠢᠯᠭᠠᠨ ᠤ ᠭᠠᠢ ᠭᠠᠮᠰᠢᠭ ᠤᠨ ᠠᠶᠤᠯ ᠳᠥᠭᠰᠢᠬᠦᠷᠢ ᠶᠢᠨ ᠦᠨᠡᠯᠡᠨ ᠵᠢᠱᠢᠭᠰᠡᠨ | ᠮᠡᠳᠡᠬᠦᠯᠥᠯᠳᠡ ᠳᠤ ᠲᠣᠣᠷᠡᠬᠢ ᠮᠡᠳᠣ ᠠᠭᠤᠯᠭ᠎ᠠ ᠪᠠᠭᠳᠠᠨ᠎ᠠ᠄ | ︵ᠨᠢᠭᠡ︶ ᠳᠥᠷᠦᠯ ᠵᠦᠢᠯ ᠤᠨ ᠪᠠᠶᠢᠭ᠎ᠠ ᠭᠠᠵᠡᠷ ᠤᠨ ᠠᠶᠣᠩᠭ᠎ᠠ ᠴᠠᠬᠢᠯᠭᠠᠨ ᠤ ᠠᠵᠢᠯᠯᠠᠭ᠎ᠠ ᠶᠢᠨ ᠵᠢᠮ᠎ᠠ | ᠶᠣᠰᠣ ᠪᠠ ᠭᠠᠵᠡᠷ ᠵᠦᠢ᠂ ᠭᠠᠵᠡᠷ ᠰᠢᠨᠵᠢᠯᠡᠭᠡ᠂ ᠬᠦᠷᠦᠰᠦ ᠰᠢᠷᠦᠢ᠂ ᠣᠷᠭᠤᠮᠠᠯ ᠤᠨ ᠪᠦᠷᠬᠦᠴᠡ ᠵᠡᠷᠭᠡ ᠶᠢᠨ | ᠣᠷᠴᠢᠨ ᠲᠤᠭᠤᠷᠢᠨ ᠤ ᠪᠠᠶᠢᠳᠡᠯ︔ | ︵ᠬᠤᠶᠡᠷ︶ ᠠᠶᠣᠩᠭ᠎ᠠ ᠴᠠᠬᠢᠯᠭᠠᠨ ᠤ ᠭᠠᠢ ᠭᠠᠮᠰᠢᠭ ᠠᠴᠠ ᠪᠣᠯᠵᠤ ᠮᠡᠳᠡᠬᠦ ᠬᠤᠣᠷ ᠬᠦᠨᠦᠭᠡᠯ ᠤᠨ | ᠵᠠᠳᠡᠯᠥᠯᠳᠡ᠂ ᠣᠷᠢᠳᠴᠢᠯᠠᠨ ᠰᠢᠨᠵᠢᠯᠳᠡ ᠪᠠ ᠦᠨᠡᠯᠡᠨ ᠵᠢᠱᠢᠯᠳᠡ︔ | ︵ᠭᠤᠷᠪᠡ︶ ᠠᠶᠣᠩᠭ᠎ᠠ ᠴᠠᠬᠢᠯᠭᠠᠨ ᠤ ᠭᠠᠢ ᠭᠠᠮᠰᠢᠭ ᠢ ᠰᠡᠷᠭᠡᠶᠢᠯᠡᠨ ᠬᠤᠷᠢᠠᠠᠯᠠᠬᠤ ᠪᠠ ᠪᠠᠭᠠᠰᠬᠠᠬᠤ | ᠰᠠᠨᠠᠭᠤᠯᠭ᠎ᠠ ᠪᠠ ᠠᠷᠭ᠎ᠠ ᠭᠡᠮᠵᠢᠶ᠎ᠠ︔ | ︵ᠳᠥᠷᠪᠡ︶ ᠠᠶᠣᠩᠭ᠎ᠠ ᠴᠠᠬᠢᠯᠭᠠᠨ ᠤ ᠭᠠᠢ ᠭᠠᠮᠰᠢᠭ ᠤᠨ ᠠᠶᠣᠯ ᠳᠥᠭᠰᠢᠬᠦᠷᠢ ᠶᠢᠨ ᠦᠨᠡᠯᠡᠨ ᠵᠢᠱᠢᠭᠰᠡᠨ | ᠳ᠋ᠦᠩᠨᠡᠯᠳᠡ᠃ | ᠠᠷᠪᠡᠨ ᠬᠤᠶᠠᠳᠣᠭᠠᠷ ᠵᠦᠢᠯ ᠡᠯ᠎ᠠ ᠳᠥᠷᠦᠯ ᠤᠨ ᠪᠡᠷᠢᠯᠭ᠎ᠠ ︵ᠲᠤᠨᠤᠠᠠᠯᠠᠭᠠᠰᠦ︶᠂ ᠳᠡᠯᠡᠪᠤᠷ ᠭᠠᠵᠡᠷ ᠪᠠ | ᠪᠡᠯᠡᠳᠭᠡᠮᠵᠢ ᠳᠤ ᠠᠶᠣᠩᠭ᠎ᠠ ᠴᠠᠬᠢᠯᠭᠠᠨ ᠤ ᠰᠡᠷᠭᠡᠶᠢᠯᠡᠨ ᠬᠠᠮᠠᠭᠠᠯᠠᠬᠤ ᠲᠣᠨᠤᠭ ᠳᠦᠬᠦᠭᠡᠷᠦᠮᠵᠢ ᠣᠠᠠᠰᠠᠷᠡᠬᠤ ᠳᠠᠭᠠᠨ | ᠣᠯᠥᠰ ᠤᠨ ᠬᠤᠯᠪᠤᠠᠠᠳᠡᠯ ᠪᠦᠬᠦᠢ ᠠᠶᠣᠩᠭ᠎ᠠ ᠰᠡᠷᠭᠡᠶᠢᠯᠡᠬᠦ ᠪᠡᠷᠢᠮᠵᠢᠶ᠎ᠠ ᠶᠢᠨ ᠲᠣᠠᠠᠳᠠᠭᠠᠯ ᠳᠤ ᠨᠡᠶᠢᠴᠡᠬᠦ ᠭᠡᠷᠡᠭᠳᠡᠢ᠃ | ᠰᠢᠨ᠎ᠡ ᠪᠠᠷ ᠪᠠᠶᠢᠭᠤᠯᠥᠠᠠᠰᠠᠨ᠂ ᠦᠭᠡᠷᠡᠴᠢᠯᠡᠨ ᠪᠠᠶᠢᠭᠤᠯᠥᠠᠠᠰᠠᠨ᠂ ᠦᠷᠭᠡᠳᠭᠡᠨ ᠪᠠᠶᠢᠭᠤᠯᠥᠠᠠᠰᠠᠨ ᠪᠡᠷᠢᠯᠭ᠎ᠠ ︵ | ᠲᠤᠨᠤᠠᠠᠯᠠᠭᠠᠰᠦ︶᠂ ᠳᠡᠯᠡᠪᠤᠷ ᠭᠠᠵᠡᠷ ᠪᠠ ᠪᠡᠯᠡᠳᠭᠡᠮᠵᠢ ᠶᠢᠨ ᠠᠶᠣᠩᠭ᠎ᠠ ᠴᠠᠬᠢᠯᠭᠠᠨ ᠤ ᠰᠡᠷᠭᠡᠶᠢᠯᠡᠨ ᠬᠠᠮᠠᠭᠠᠯᠠᠬᠤ | ᠲᠣᠨᠤᠭ ᠳᠦᠬᠦᠭᠡᠷᠦᠮᠵᠢ ᠶᠢ ᠭᠤᠤᠯ ᠴᠣᠠᠠᠴᠠ ᠶᠢᠨ ᠪᠡᠷᠢᠯᠭ᠎ᠠ ᠯᠤᠭ᠎ᠠ ᠵᠠᠷᠭᠡᠪᠡᠷ ᠵᠢᠷᠣᠠᠠᠯᠠᠨ ᠳᠥᠯᠥᠪᠯᠡᠵᠦ᠂ ᠵᠠᠷᠭᠡᠪᠡᠷ | ᠪᠠᠷᠢᠵᠦ᠂ ᠵᠠᠷᠭᠡᠪᠡᠷ ᠠᠰᠢᠠᠠᠯᠠᠯᠳᠡ ᠳᠤ ᠣᠷᠣᠭᠤᠯᠥᠨ ᠭᠡᠷᠡᠭᠯᠡᠭᠰᠡᠨ ᠪᠠᠶᠢᠬᠤ ᠭᠡᠷᠡᠭᠳᠡᠢ᠃ | ᠰᠢᠨ᠎ᠡ ᠪᠠᠷ ᠪᠠᠶᠢᠭᠤᠯᠬᠤ᠂ ᠦᠭᠡᠷᠡᠴᠢᠯᠡᠨ ᠪᠠᠶᠢᠭᠤᠯᠬᠤ᠂ ᠦᠷᠭᠡᠳᠭᠡᠨ ᠪᠠᠶᠢᠭᠤᠯᠬᠤ ᠪᠦᠳᠦᠭᠡᠨ | ᠪᠠᠶᠢᠭᠤᠯᠥᠯᠳᠡ ᠶᠢᠨ ᠪᠡᠷᠢᠯᠭ᠎ᠠ ᠶᠢᠨ ᠠᠶᠣᠩᠭ᠎ᠠ ᠴᠠᠬᠢᠯᠭᠠᠨ ᠤ ᠰᠡᠷᠭᠡᠶᠢᠯᠡᠨ ᠬᠠᠮᠠᠭᠠᠯᠠᠬᠤ ᠳᠦᠬᠦᠭᠡᠷᠦᠮᠵᠢ ᠶᠢᠨ ᠵᠢᠷᠤᠭ | ᠳᠥᠯᠥᠪᠯᠡᠭᠡ ᠪᠠ ᠪᠡᠷᠢᠯᠭ᠎ᠠ ᠶᠢ ᠵᠤᠬᠢᠬᠤ ᠪᠦᠳᠦᠭᠡᠨ ᠪᠠᠶᠢᠭᠤᠯᠥᠯᠳᠡ᠂ ᠵᠠᠰᠠᠮᠠᠯ ᠵᠠᠮ᠂ ᠣᠰᠣᠨ ᠵᠠᠮ᠂ ᠳᠡᠮᠥᠷ ᠵᠠᠮ᠂ | ᠠᠷᠡᠳ ᠤᠨ ᠠᠭᠠᠷ ᠤᠨ ᠠᠶᠠᠯᠠᠯ᠂ ᠣᠰᠣᠨ ᠠᠰᠢᠠᠠᠯᠠᠯᠳᠡ᠂ ᠴᠠᠬᠢᠯᠭᠠᠨ ᠬᠦᠴᠣᠨ᠂ ᠴᠦᠮ᠎ᠠ ᠶᠢᠨ ᠴᠠᠬᠢᠯᠭᠠᠨ᠂ | ᠴᠢᠮᠡᠭᠡ ᠬᠤᠯᠪᠤᠭ᠎ᠠ ᠵᠡᠷᠭᠡ ᠲᠣᠰᠬᠠᠢ ᠪᠡᠷᠢᠯᠭ᠎ᠠ ᠶᠢᠨ ᠵᠢᠷᠤᠭ ᠳᠥᠯᠥᠪᠯᠡᠭᠡ᠂ ᠪᠡᠷᠢᠯᠭ᠎ᠠ ᠪᠡᠷᠢᠬᠤ ᠬᠢᠷᠢ ᠬᠡᠮ ᠢ | ᠣᠯᠥᠬᠠᠰᠠᠨ ᠨᠢᠭᠡᠴᠡ ᠠᠴᠠ ᠳᠠᠭᠠᠭᠠᠨ ᠡᠬᠦᠷᠭᠡᠯᠡᠵᠦ ᠪᠤᠯᠥᠨ᠎ᠠ᠃ | ᠠᠷᠪᠡᠨ ᠭᠤᠷᠪᠠᠳᠣᠭᠠᠷ ᠵᠦᠢᠯ ᠲᠣᠰᠣᠨ ᠬᠦᠮᠦᠷᠬᠡ᠂ ᠬᠡᠢ ᠶᠢᠨ ᠬᠦᠮᠦᠷᠬᠡ᠂ ᠰᠣᠮᠥ ᠲᠡᠷᠢ ᠶᠢᠨ ᠬᠦᠮᠦᠷᠭᠡ᠂ | ᠬᠢᠮᠢ ᠶᠢᠨ ᠵᠦᠢᠯᠡᠰ ᠤᠨ ᠬᠦᠮᠦᠷᠭᠡ ᠪᠣᠯᠥᠨ ᠬᠤᠸᠡᠷ ᠫᠤᠤᠵᠢᠩ᠂ ᠴᠢᠯᠠᠭᠤᠨ ᠲᠣᠰᠣ ᠬᠢᠮᠢ ᠵᠡᠷᠭᠡ ᠨᠣᠴᠣᠮᠠᠳᠠᠭᠠᠢ | ᠳᠡᠯᠪᠡᠷᠡᠮᠡᠳᠡᠭᠡᠢ ᠪᠦᠳᠦᠭᠡᠨ ᠪᠠᠶᠢᠭᠤᠯᠥᠯᠳᠡ ᠶᠢᠨ ᠪᠡᠷᠢᠯᠭ᠎ᠠ ᠪᠠ ᠳᠡᠯᠡᠪᠤᠷ ᠭᠠᠵᠡᠷ᠂ ᠠᠶᠣᠩᠭ᠎ᠠ ᠴᠠᠬᠢᠯᠭᠠᠨ ᠬᠢᠯᠪᠠᠷ | ᠭᠠᠷᠬᠤ ᠣᠷᠣᠨ ᠤ ᠳᠣᠲᠤᠷᠠᠬᠢ ᠠᠭᠤᠷᠬᠠᠢ ᠶᠢᠨ ᠲᠤᠭᠤᠷᠢᠭ᠂ ᠵᠢᠭᠤᠯᠴᠢᠯᠠᠯ ᠤᠨ ᠦᠵᠡᠮᠵᠢ ᠶᠢᠨ ᠣᠷᠣᠨ ᠪᠤᠶᠤ | ᠠᠰᠢᠠᠠᠯᠠᠯᠳᠡ ᠳᠤ ᠣᠷᠣᠠᠠᠰᠠᠨ ᠪᠡᠷᠢᠯᠭ᠎ᠠ ︵ᠲᠣᠨᠣᠠᠠᠯᠠᠭᠠᠠᠰᠣ︶᠂ ᠪᠡᠯᠡᠳᠭᠡᠮᠵᠢ ᠵᠡᠷᠭᠡ ᠳᠤ ᠠᠶᠤᠩᠭ᠎ᠠ ᠴᠠᠬᠢᠯᠭᠠᠨ ᠤ | ᠰᠡᠷᠭᠡᠶᠢᠯᠡᠨ ᠬᠠᠮᠠᠭᠠᠯᠠᠬᠤ ᠲᠣᠨᠤᠭ ᠳᠥᠬᠦᠭᠡᠷᠦᠮᠵᠢ ᠲᠣᠰᠠᠭᠠᠷ ᠣᠠᠠᠰᠠᠷᠡᠬᠤ ᠴᠢᠬᠤᠯᠠᠳᠡᠢ ᠲᠡᠯᠡᠪᠤᠷ ᠭᠠᠵᠡᠷ᠂ ᠵᠢᠴᠢ | ᠠᠶᠣᠩᠭ᠎ᠠ ᠴᠠᠬᠢᠯᠭᠠᠨ ᠤ ᠠᠶᠤᠯ ᠶᠡᠭᠡ ᠪᠠᠶᠢᠲᠠᠯ᠎ᠠ ᠠᠶᠤᠩᠭ᠎ᠠ ᠰᠡᠷᠭᠡᠶᠢᠯᠡᠬᠦ ᠪᠡᠷᠢᠮᠵᠢᠶ᠎ᠠ ᠵᠢᠷᠤᠮᠵᠢᠯ ᠦᠭᠡᠢ᠂ | ᠣᠨᠴᠣᠭᠤᠢ ᠨᠣᠳᠡᠯᠡᠯᠳᠡ ᠬᠢᠬᠦ ᠴᠢᠬᠤᠯᠠᠳᠡᠢ ᠲᠣᠮᠥ ᠭᠡᠯᠪᠡᠷᠢ ᠶᠢᠨ ᠳᠥᠷᠦᠯ ᠵᠦᠢᠯ ᠤᠨ ᠠᠶᠣᠩᠭ᠎ᠠ ᠴᠠᠬᠢᠯᠭᠠᠨ ᠤ | ᠰᠡᠷᠭᠡᠶᠢᠯᠡᠨ ᠬᠠᠮᠠᠭᠠᠯᠠᠬᠤ ᠲᠣᠨᠤᠭ ᠳᠥᠬᠦᠭᠡᠷᠦᠮᠵᠢ ᠶᠢᠨ ᠵᠢᠷᠤᠭ ᠳᠥᠯᠥᠪᠯᠡᠭᠡ ᠶᠢᠨ ᠬᠢᠨᠡᠨ ᠬᠠᠷᠭᠤᠭᠤᠯᠬᠤ ᠪᠠ ᠠᠵᠢᠯ | ᠲᠠᠭᠤᠰᠴᠥ ᠰᠢᠯᠭᠠᠨ ᠠᠪᠬᠤ ᠶᠢ ᠬᠤᠰᠢᠭᠤ ᠰᠢᠶᠡᠨ ᠤ ᠱᠠᠳᠣᠨ ᠠᠴᠠ ᠳᠡᠭᠡᠭᠰᠢᠬᠢ ᠴᠠᠭ ᠠᠭᠤᠷ ᠤᠨ ᠭᠤᠤᠯᠴᠢᠯᠠᠨ | ᠬᠠᠮᠢᠶᠡᠷᠬᠤ ᠪᠠᠶᠢᠭᠤᠯᠥᠮᠵᠢ ᠠᠴᠠ ᠬᠠᠷᠢᠭᠤᠴᠠᠨ᠎ᠠ᠃ ᠠᠶᠤᠩᠭ᠎ᠠ ᠰᠡᠷᠭᠡᠶᠢᠯᠡᠬᠦ ᠲᠣᠨᠤᠭ ᠳᠥᠬᠦᠭᠡᠷᠦᠮᠵᠢ ᠶᠢᠨ ᠵᠢᠷᠤᠭ | ᠳᠥᠯᠥᠪᠯᠡᠭᠡ ᠨᠢ ᠬᠢᠨᠡᠨ ᠬᠠᠷᠭᠤᠭᠤᠯᠳᠡ ᠶᠢ ᠦᠩᠭᠡᠷᠡᠭᠡᠭᠰᠡᠨ ᠪᠣᠯ ᠴᠠᠭ ᠠᠭᠤᠷ ᠤᠨ ᠭᠤᠤᠯᠴᠢᠯᠠᠨ ᠬᠠᠮᠢᠶᠡᠷᠬᠤ | ᠪᠠᠶᠢᠭᠤᠯᠥᠮᠵᠢ ᠠᠴᠠ ︽ᠠᠶᠣᠩᠭ᠎ᠠ ᠰᠡᠷᠭᠡᠶᠢᠯᠡᠬᠦ ᠲᠣᠨᠤᠭ ᠳᠥᠬᠦᠭᠡᠷᠦᠮᠵᠢ ᠶᠢᠨ ᠵᠢᠷᠤᠭ ᠳᠥᠯᠥᠪᠯᠡᠭᠡ ᠶᠢᠨ ᠬᠢᠨᠡᠨ | ᠵᠦᠪᠰᠢᠶᠡᠷᠡᠭᠰᠡᠨ ᠪᠢᠴᠢᠭ︾ ᠭᠠᠷᠭᠠᠵᠦ ᠦᠭᠬᠦ ᠭᠡᠷᠡᠭᠳᠡᠢ᠃ ᠵᠢᠷᠤᠭ ᠳᠥᠯᠥᠪᠯᠡᠭᠡ ᠶᠢᠨ ᠬᠢᠨᠡᠨ ᠬᠠᠷᠭᠤᠭᠤᠯᠳᠡ ᠶᠢ | ᠦᠩᠭᠡᠷᠡᠭᠡᠭᠰᠡᠨ ᠦᠭᠡᠢ ᠪᠤᠶᠤ ᠬᠢᠨᠡᠨ ᠬᠠᠷᠭᠤᠭᠤᠯᠳᠡ ᠳᠤ ᠬᠢᠷᠢ ᠳᠡᠩᠴᠡᠭᠰᠡᠨ ᠦᠭᠡᠢ ᠪᠠᠶᠢᠪᠠᠯ᠂ ᠪᠦᠳᠦᠭᠡᠨ | ᠪᠠᠶᠢᠭᠤᠯᠥᠯᠳᠡ ᠶᠢᠨ ᠨᠢᠭᠡᠴᠡ ᠨᠢ ᠪᠡᠷᠢᠯᠭ᠎ᠠ ᠳᠤ ᠭᠡᠷᠡᠭᠯᠡᠵᠦ ᠪᠤᠯᠬᠤ ᠦᠭᠡᠢ᠃ ᠠᠶᠣᠩᠭ᠎ᠠ ᠰᠡᠷᠭᠡᠶᠢᠯᠡᠬᠦ ᠲᠣᠨᠤᠭ | ᠳᠥᠬᠦᠭᠡᠷᠦᠮᠵᠢ ᠨᠢ ᠠᠵᠢᠯ ᠲᠠᠭᠤᠰᠴᠥ ᠰᠢᠯᠭᠠᠨ ᠠᠪᠬᠤ ᠶᠢ ᠦᠩᠭᠡᠷᠡᠬᠡᠭᠰᠡᠨ ᠪᠣᠯ᠂ ᠴᠠᠭ ᠠᠭᠤᠷ ᠤᠨ ᠭᠤᠤᠯᠴᠢᠯᠠᠨ | ᠬᠠᠮᠢᠶᠡᠷᠬᠤ ᠪᠠᠶᠢᠭᠤᠯᠥᠮᠵᠢ ᠠᠴᠠ ︽ᠠᠶᠣᠩᠭ᠎ᠠ ᠰᠡᠷᠭᠡᠶᠢᠯᠡᠬᠦ ᠲᠣᠨᠤᠭ ᠳᠥᠬᠦᠭᠡᠷᠦᠮᠵᠢ ᠶᠢᠨ ᠰᠢᠯᠭᠠᠨ ᠠᠪᠬᠤ | ᠰᠠᠨᠠᠯ ᠤᠨ ᠪᠢᠴᠢᠭ︾ ᠭᠠᠷᠭᠠᠵᠦ ᠦᠭᠬᠦ ᠭᠡᠷᠡᠭᠳᠡᠢ᠃ ᠠᠵᠢᠯ ᠲᠠᠭᠤᠰᠴᠥ ᠰᠢᠯᠭᠠᠨ ᠠᠪᠬᠤ ᠶᠢ ᠦᠩᠭᠡᠷᠡᠭᠡᠭᠰᠡᠨ | ᠦᠭᠡᠢ ᠪᠤᠶᠤ ᠰᠢᠯᠭᠠᠨ ᠠᠪᠬᠤ ᠳᠤ ᠬᠢᠷᠢ ᠳᠡᠩᠴᠡᠭᠰᠡᠨ ᠦᠭᠡᠢ ᠪᠣᠯ᠂ ᠲᠣᠰᠢᠶᠠᠨ ᠭᠡᠷᠡᠭᠯᠡᠬᠦᠯᠵᠦ ᠪᠤᠯᠬᠤ ᠦᠭᠡᠢ᠃ | ᠭᠡᠷ ᠪᠠᠶᠢᠰᠢᠩ ᠤᠨ ᠪᠠᠷᠢᠯᠭ᠎ᠠ᠂ ᠬᠤᠳᠡ ᠶᠢᠨ ᠶᠠᠪᠤᠳᠡᠯ ᠤᠨ ᠰᠠᠭᠤᠷᠢ ᠪᠡᠯᠡᠳᠭᠡᠮᠵᠢ᠂ ᠵᠠᠰᠠᠮᠠᠯ ᠵᠠᠮ᠂ ᠣᠰᠣᠨ | ᠵᠠᠮ᠂ ᠳᠡᠮᠥᠷ ᠵᠠᠮ᠂ ᠠᠷᠡᠳ ᠤᠨ ᠠᠭᠠᠷ ᠤᠨ ᠠᠶᠠᠯᠠᠯ᠂ ᠣᠰᠣᠨ ᠠᠰᠢᠠᠠᠯᠠᠯᠳᠡ᠂ ᠴᠠᠬᠢᠯᠭᠠᠨ ᠬᠦᠴᠣᠨ᠂ | ᠴᠦᠮ᠎ᠠ ᠶᠢᠨ ᠴᠠᠬᠢᠯᠭᠠᠨ᠂ ᠴᠢᠮᠡᠭᠡ ᠬᠤᠯᠪᠤᠭ᠎ᠠ ᠵᠡᠷᠭᠡ ᠪᠦᠳᠦᠭᠡᠨ ᠪᠠᠶᠢᠭᠤᠯᠥᠯᠳᠡ ᠶᠢᠨ ᠪᠡᠷᠢᠯᠭ᠎ᠠ ᠶᠢᠨ ᠭᠤᠤᠯᠴᠢᠯᠠᠨ | ᠬᠠᠮᠢᠶᠠᠷᠬᠤ ᠰᠠᠯᠠᠭ᠎ᠠ ᠮᠦᠴᠢᠷ ᠨᠢ᠂ ᠵᠤᠬᠢᠬᠤ ᠬᠦᠷᠢᠶ᠎ᠠ ᠴᠡᠷᠠᠭ᠎ᠠ ᠶᠢᠨ ᠪᠦᠳᠦᠭᠡᠨ ᠪᠠᠶᠢᠭᠤᠯᠥᠯᠳᠡ ᠶᠢᠨ ᠪᠡᠷᠢᠯᠭ᠎ᠠ ᠶᠢᠨ | ᠠᠶᠣᠩᠭ᠎ᠠ ᠰᠡᠷᠭᠡᠶᠢᠯᠡᠬᠦ ᠶᠢᠨ ᠬᠠᠮᠢᠶᠡᠷᠦᠯᠳᠡ ᠶᠢ ᠬᠠᠷᠢᠭᠤᠴᠠᠨ᠎ᠠ᠃ | ᠠᠷᠪᠡᠨ ᠳᠦᠷᠪᠡᠳᠣᠭᠡᠷ ᠵᠦᠢᠯ ᠬᠤᠰᠢᠭᠤ ᠰᠢᠶᠡᠨ ᠤ ᠱᠠᠳᠣᠨ ᠠᠴᠠ ᠳᠡᠭᠡᠭᠰᠢᠬᠢ ᠴᠠᠭ ᠠᠭᠤᠷ ᠤᠨ | ᠭᠤᠤᠯᠴᠢᠯᠠᠨ ᠬᠠᠮᠢᠶᠡᠷᠬᠤ ᠪᠠᠶᠢᠭᠤᠯᠥᠮᠵᠢ ᠵᠢᠴᠢ ᠳᠡᠬᠦᠨ ᠤ ᠬᠠᠷᠢᠶ᠎ᠠ ᠴᠠᠭ ᠠᠭᠤᠷ ᠤᠨ ᠬᠤᠷᠢᠶ᠎ᠠ ᠦᠷᠲᠡᠭᠡ ᠨᠢ | ᠠᠶᠤᠩᠭ᠎ᠠ ᠴᠠᠬᠢᠯᠭᠠᠨ ᠤ ᠭᠠᠮᠰᠢᠭ ᠤᠨ ᠬᠢᠨᠡᠨ ᠰᠢᠨᠵᠢᠬᠦ ᠪᠠ ᠣᠷᠢᠳᠴᠢᠯᠠᠨ ᠰᠡᠷᠡᠮᠵᠢᠯᠡᠬᠦ ᠴᠢᠳᠡᠪᠦᠷᠢ ᠶᠢᠨ | ᠪᠠᠶᠢᠭᠤᠯᠥᠯᠳᠡ ᠶᠢ ᠴᠢᠩᠭᠠᠳᠬᠠᠵᠦ᠂ ᠠᠶᠤᠩᠭ᠎ᠠ ᠴᠠᠬᠢᠯᠭᠠᠨ ᠤ ᠬᠢᠨᠡᠨ ᠰᠢᠨᠵᠢᠬᠦ ᠲᠤᠤᠷ᠂ ᠠᠶᠤᠩᠭ᠎ᠠ ᠴᠠᠬᠢᠯᠭᠠᠨ ᠤ | ᠣᠷᠢᠳᠴᠢᠯᠠᠨ ᠰᠡᠷᠡᠮᠵᠢᠯᠡᠬᠦ ᠰᠢᠰᠲ᠋ᠧᠮ ᠵᠢᠴᠢ ᠠᠵᠢᠯ ᠤᠨ ᠵᠢᠷᠤᠮᠵᠢᠯ ᠢ ᠪᠠᠶᠢᠭᠤᠯᠥᠨ ᠳᠡᠬᠦᠯᠳᠡᠷᠵᠢᠬᠦᠯᠵᠦ᠂ ᠠᠶᠤᠩᠭ᠎ᠠ | ᠴᠠᠬᠢᠯᠭᠠᠨ ᠤ ᠭᠠᠢ ᠭᠠᠮᠰᠢᠭ ᠢ ᠣᠷᠢᠳᠴᠢᠯᠠᠨ ᠰᠡᠷᠡᠮᠵᠢᠯᠡᠬᠦ ᠪᠠ ᠠᠶᠤᠩᠭ᠎ᠠ ᠰᠡᠷᠭᠡᠶᠢᠯᠡᠵᠦ ᠭᠠᠮᠰᠢᠭ ᠢ | ᠪᠠᠭᠠᠰᠬᠠᠬᠤ ᠶᠢᠨ ᠦᠢᠯᠡᠴᠢᠯᠡᠭᠡᠨ ᠤ ᠴᠢᠳᠡᠪᠦᠷᠢ ᠶᠢ ᠳᠡᠭᠡᠭᠰᠢᠯᠡᠬᠦᠯᠬᠦ ᠭᠡᠷᠡᠭᠳᠡᠢ᠃ | ᠠᠷᠪᠡᠨ ᠲᠠᠪᠤᠳᠣᠭᠠᠷ ᠵᠦᠢᠯ ᠬᠤᠰᠢᠭᠤ ᠰᠢᠶᠡᠨ ᠤ ᠱᠠᠳᠣᠨ ᠠᠴᠠ ᠳᠡᠭᠡᠭᠰᠢᠬᠢ ᠴᠠᠭ ᠠᠭᠤᠷ ᠤᠨ | ᠭᠤᠤᠯᠴᠢᠯᠠᠨ ᠬᠠᠮᠢᠶᠡᠷᠬᠤ ᠪᠠᠶᠢᠭᠤᠯᠥᠮᠵᠢ ᠨᠢ ᠣᠯᠡᠨ ᠵᠦᠢᠯ ᠤᠨ ᠭᠡᠯᠪᠡᠷᠢ ᠶᠢ ᠠᠪᠴᠤ᠂ ᠠᠶᠤᠩᠭ᠎ᠠ ᠰᠡᠷᠭᠡᠶᠢᠯᠡᠵᠦ | ᠭᠠᠮᠰᠢᠭ ᠢ ᠪᠠᠭᠠᠰᠬᠠᠬᠤ ᠶᠢᠨ ᠬᠠᠦᠯᠢ ᠴᠠᠭᠠᠵᠠ᠂ ᠬᠠᠦᠯᠢ ᠲᠣᠠᠠᠳᠠᠭᠠᠯ ᠪᠠ ᠰᠢᠨᠵᠢᠯᠡᠬᠦ ᠣᠬᠠᠭᠠᠨ ᠤ ᠮᠡᠳᠡᠯᠭᠡ ᠶᠢᠨ | ᠣᠬᠠᠭᠤᠯᠥᠯ᠂ ᠬᠦᠮᠦᠵᠢᠯ ᠤᠨ ᠠᠵᠢᠯᠯᠠᠭ᠎ᠠ ᠶᠢ ᠦᠷᠨᠢᠬᠦᠯᠵᠦ᠂ ᠣᠯᠡᠨ ᠨᠡᠶᠢᠲᠡ ᠶᠢᠨ ᠠᠶᠤᠩᠭ᠎ᠠ ᠴᠠᠬᠢᠯᠭᠠᠨ ᠤ ᠭᠠᠢ | ᠭᠠᠮᠰᠢᠭ ᠢ ᠰᠡᠷᠭᠡᠶᠢᠯᠡᠨ ᠬᠤᠷᠢᠭᠯᠠᠬᠤ ᠦᠵᠡᠯ ᠣᠬᠠᠮᠰᠡᠷ ᠪᠠ ᠠᠶᠣᠯ ᠳᠥᠭᠰᠢᠬᠦᠷᠢ ᠠᠴᠠ ᠵᠠᠶᠢᠯᠠᠬᠤ᠂ ᠦᠪᠡᠷ ᠢ ᠪᠠᠨ | ᠠᠪᠤᠷᠡᠬᠤ᠂ ᠬᠠᠷᠢᠯᠴᠠᠨ ᠠᠪᠤᠷᠡᠬᠤ ᠴᠢᠳᠡᠪᠦᠷᠢ ᠶᠢ ᠳᠡᠭᠡᠭᠰᠢᠯᠡᠬᠦᠯᠬᠦ ᠭᠡᠷᠡᠭᠳᠡᠢ᠃ | ᠰᠣᠷᠭᠠᠭᠤᠯᠢ ᠨᠢ ᠠᠶᠤᠩᠭ᠎ᠠ ᠴᠠᠬᠢᠯᠭᠠᠨ ᠤ ᠭᠠᠢ ᠭᠠᠮᠰᠢᠭ ᠢ ᠰᠡᠷᠭᠡᠶᠢᠯᠡᠨ ᠬᠤᠷᠢᠠᠠᠯᠠᠬᠤ ᠮᠡᠳᠡᠯᠭᠡ ᠶᠢ ᠵᠢᠭᠠᠨ | ᠰᠤᠷᠭᠠᠬᠤ ᠠᠭᠤᠯᠭ᠎ᠠ ᠳᠠᠭᠠᠨ ᠣᠷᠣᠭᠤᠯᠵᠦ᠂ ᠰᠣᠷᠭᠠᠨ ᠬᠦᠮᠦᠵᠢᠯ ᠤᠨ ᠵᠠᠰᠠᠭ ᠵᠠᠬᠢᠷᠭᠠᠨ ᠤ ᠭᠤᠤᠯᠴᠢᠯᠠᠨ | ᠬᠠᠮᠢᠶᠠᠷᠬᠤ ᠰᠠᠯᠠᠭ᠎ᠠ ᠮᠦᠴᠢᠷ ᠨᠢ ᠰᠣᠷᠭᠠᠭᠤᠯᠢ ᠶᠢᠨ ᠠᠶᠣᠩᠭ᠎ᠠ ᠴᠠᠬᠢᠯᠭᠠᠨ ᠤ ᠭᠠᠢ ᠭᠠᠮᠰᠢᠭ ᠢ ᠰᠡᠷᠭᠡᠶᠢᠯᠡᠨ | ᠬᠤᠷᠢᠠᠠᠯᠠᠬᠤ ᠮᠡᠳᠡᠯᠭᠡ ᠶᠢᠨ ᠬᠦᠮᠦᠵᠢᠯ ᠢ ᠦᠷᠨᠢᠬᠦᠯᠬᠦ ᠳᠤ ᠵᠢᠯᠥᠭᠤᠳᠬᠤ ᠪᠠ ᠬᠢᠨᠡᠯᠳᠡ ᠳᠡᠯᠪᠢᠬᠤ ᠭᠡᠷᠡᠭᠳᠡᠢ᠃ | ᠰᠣᠨᠢᠨ ᠮᠡᠳᠡᠭᠡᠨ ᠤ ᠵᠠᠭᠤᠴᠢᠯᠠᠭᠤᠷ ᠨᠢ ᠠᠶᠣᠩᠭ᠎ᠠ ᠴᠠᠬᠢᠯᠭᠠᠨ ᠤ ᠭᠠᠢ ᠭᠠᠮᠰᠢᠭ ᠢ ᠣᠷᠢᠳᠴᠢᠯᠠᠨ ᠰᠡᠷᠭᠡᠶᠢᠯᠡᠬᠦ | ᠪᠠ ᠪᠠᠴᠢᠮ ᠪᠠᠶᠢᠳᠡᠯ ᠢ ᠠᠷᠭᠠᠴᠠᠬᠤ᠂ ᠦᠪᠡᠷ ᠢ ᠪᠠᠨ ᠠᠪᠤᠷᠡᠬᠤ ᠪᠠ ᠬᠠᠷᠢᠯᠴᠠᠨ ᠠᠪᠤᠷᠡᠬᠤ ᠮᠡᠳᠡᠯᠭᠡ ᠶᠢᠨ | ᠨᠡᠶᠢᠲᠡ ᠶᠢᠨ ᠠᠰᠠᠷᠡᠮᠵᠢ ᠶᠢᠨ ᠣᠬᠠᠭᠤᠯᠥᠯ ᠦᠷᠨᠢᠬᠦᠯᠬᠦ ᠶᠢ ᠳᠡᠮᠵᠢᠬᠦ ᠭᠡᠷᠡᠭᠳᠡᠢ᠃ | ᠪᠠᠶᠢᠭᠤᠯᠭ᠎ᠠ᠂ ᠪᠣᠰᠣᠳ ᠠᠵᠦ ᠠᠬᠤᠶᠢᠯᠠᠯ ᠠᠵᠢᠯ ᠦᠢᠯᠡᠰ ᠤᠨ ᠨᠢᠭᠡᠴᠡ᠂ ᠰᠠᠭᠤᠭᠠᠯᠢ ᠠᠷᠡᠳ ᠤᠨ ᠵᠦᠪᠯᠡᠯ | ᠪᠤᠯᠥᠨ ᠲᠣᠰᠬᠤᠨ ᠤ ᠠᠷᠡᠳ ᠤᠨ ᠵᠦᠪᠯᠡᠯ ᠵᠡᠷᠭᠡ ᠦᠨᠳᠣᠰᠣᠨ ᠱᠠᠳᠣᠨ ᠤ ᠣᠯᠡᠨ ᠳᠥᠮᠡᠨᠴᠢ ᠴᠢᠨᠡᠷᠳᠡᠢ | ᠦᠪᠡᠷᠳᠡᠭᠡᠨ ᠵᠠᠰᠠᠬᠤ ᠵᠤᠬᠢᠶᠡᠨ ᠪᠠᠶᠢᠭᠤᠯᠥᠯᠳᠡ ᠨᠢ ᠪᠤᠳᠡᠳᠡᠢ ᠲᠠᠢ ᠪᠠᠨ ᠣᠶᠠᠯᠳᠣᠭᠤᠯᠵᠦ ᠪᠠᠶᠢᠭᠠᠳ᠂ ᠠᠶᠤᠩᠭ᠎ᠠ | ᠰᠡᠷᠭᠡᠶᠢᠯᠡᠵᠦ ᠭᠠᠮᠰᠢᠭ ᠢ ᠪᠠᠭᠠᠰᠬᠠᠬᠤ ᠶᠢᠨ ᠣᠬᠠᠭᠤᠯᠥᠯ ᠬᠦᠮᠦᠵᠢᠯ ᠤᠨ ᠠᠵᠢᠯ ᠢ ᠰᠠᠶᠢᠳᠣᠷ ᠬᠢᠬᠦ ᠭᠡᠷᠡᠭᠳᠡᠢ᠃ | | | ᠭᠤᠷᠪᠠᠳᠣᠭᠠᠷ ᠪᠦᠯᠥᠭ ᠠᠶᠤᠩᠭ᠎ᠠ ᠰᠡᠷᠭᠡᠶᠢᠯᠡᠵᠦ ᠪᠠᠶᠢᠴᠠᠭᠠᠨ ᠰᠢᠨᠵᠢᠬᠦ | | | ᠠᠷᠪᠡᠨ ᠵᠢᠷᠭᠤᠳᠣᠭᠠᠷ ᠵᠦᠢᠯ ᠠᠶᠤᠩᠭ᠎ᠠ ᠰᠡᠷᠭᠡᠶᠢᠯᠡᠬᠦ ᠲᠤᠨᠤᠭ ᠳᠥᠬᠦᠭᠡᠷᠦᠮᠵᠢ ᠶᠢ ᠪᠠᠶᠢᠴᠠᠭᠠᠨ ᠰᠢᠨᠵᠢᠬᠦ | ᠪᠠᠶᠢᠭᠤᠯᠥᠮᠵᠢ ᠨᠢ᠂ ᠣᠯᠥᠰ ᠤᠨ ᠲᠣᠠᠠᠳᠠᠭᠠᠯ ᠶᠣᠰᠣᠭᠠᠷ ᠦᠪᠡᠷᠳᠡᠭᠡᠨ ᠵᠠᠰᠠᠬᠤ ᠣᠷᠣᠨ ᠤ ᠴᠠᠭ ᠠᠭᠤᠷ ᠤᠨ | ᠭᠤᠤᠯᠴᠢᠯᠠᠨ ᠬᠠᠮᠢᠶᠡᠷᠬᠤ ᠪᠠᠶᠢᠭᠤᠯᠥᠮᠵᠢ ᠶᠢᠨ ᠣᠯᠭᠤᠠᠠᠰᠠᠨ ᠬᠢᠷᠢ ᠭᠡᠮ ᠤᠨ ᠦᠨᠡᠮᠯᠡᠯ ᠢ ᠣᠯᠬᠤ ᠶᠢᠨ ᠬᠠᠮᠳᠣ᠂ | ᠬᠢᠷᠢ ᠭᠡᠮ ᠵᠡᠷᠭᠡ ᠳᠡᠰ ᠤᠨ ᠭᠡᠪᠴᠢᠶᠠᠨ ᠳᠣᠳᠣᠷ᠎ᠠ ᠪᠠᠨ ᠪᠠᠶᠢᠴᠠᠭᠠᠨ ᠰᠢᠨᠵᠢᠬᠦ ᠠᠵᠢᠯ ᠢ ᠬᠢᠬᠦ ᠭᠡᠷᠡᠭᠳᠡᠢ᠃ | ᠠᠶᠤᠩᠭ᠎ᠠ ᠰᠡᠷᠭᠡᠶᠢᠯᠡᠬᠦ ᠲᠤᠨᠤᠭ ᠳᠥᠬᠦᠭᠡᠷᠦᠮᠵᠢ ᠶᠢ ᠪᠠᠶᠢᠴᠠᠭᠠᠨ ᠰᠢᠨᠵᠢᠬᠦ ᠪᠠᠶᠢᠭᠤᠯᠥᠮᠵᠢ ᠨᠢ ᠣᠯᠥᠰ ᠤᠨ | ᠬᠤᠯᠪᠤᠠᠠᠳᠡᠯ ᠪᠦᠬᠦᠢ ᠪᠡᠷᠢᠮᠵᠢᠶ᠎ᠠ ᠪᠠ ᠵᠢᠷᠤᠮᠵᠢᠯ ᠢ ᠴᠢᠩᠭ᠎ᠠ ᠭᠡᠷᠡᠭᠵᠢᠬᠦᠯᠥᠨ᠂ ᠪᠠᠶᠢᠴᠠᠭᠠᠨ ᠰᠢᠨᠵᠢᠬᠦ ᠳᠥᠷᠢᠮ ᠢ | ᠪᠠᠶᠢᠭᠤᠯᠥᠨ ᠪᠦᠷᠢᠨᠰᠢᠬᠦᠯᠵᠦ᠂ ᠪᠠᠶᠢᠴᠠᠭᠠᠨ ᠰᠢᠨᠵᠢᠭᠰᠡᠨ ᠮᠡᠳᠡᠬᠦᠯᠥᠯᠳᠡ ᠶᠢᠨ ᠦᠨᠡᠨ ᠪᠣᠳᠠᠳᠤ ᠴᠢᠨᠡᠷ᠂ ᠰᠢᠨᠵᠢᠯᠡᠬᠦ | ᠣᠬᠠᠭᠠᠨᠴᠢ ᠴᠢᠨᠡᠷ ᠪᠠ ᠲᠥᠪ ᠭᠤᠣᠯᠴᠢ ᠴᠢᠨᠡᠷ ᠢ ᠪᠠᠳᠣᠯᠠᠬᠤ ᠭᠡᠷᠡᠭᠳᠡᠢ᠃ | ᠠᠷᠪᠡᠨ ᠲᠤᠯᠥᠳᠣᠭᠠᠷ ᠵᠦᠢᠯ ᠠᠶᠤᠩᠭ᠎ᠠ ᠰᠡᠷᠭᠡᠶᠢᠯᠡᠬᠦ ᠲᠤᠨᠤᠭ ᠳᠥᠬᠦᠭᠡᠷᠦᠮᠵᠢ ᠶᠢᠨ ᠪᠡᠷᠢᠯᠭ᠎ᠠ ᠪᠠᠷᠢᠬᠤ ᠳᠤ | ᠮᠦᠷᠳᠡᠨ ᠪᠠᠶᠢᠴᠠᠭᠠᠨ ᠰᠢᠨᠵᠢᠬᠦ ᠳᠥᠷᠢᠮ ᠢ ᠭᠡᠷᠡᠭᠵᠢᠬᠦᠯᠥᠨ᠎ᠠ᠃ ᠠᠶᠤᠩᠭ᠎ᠠ ᠰᠡᠷᠭᠡᠶᠢᠯᠡᠬᠦ ᠲᠤᠨᠤᠭ | ᠳᠥᠬᠦᠭᠡᠷᠦᠮᠵᠢ ᠶᠢᠨ ᠪᠠᠶᠢᠴᠠᠭᠠᠨ ᠰᠢᠨᠵᠢᠬᠦ ᠪᠠᠶᠢᠭᠤᠯᠥᠮᠵᠢ ᠨᠢ ᠪᠠᠶᠢᠴᠠᠭᠠᠨ ᠰᠢᠨᠵᠢᠭᠰᠡᠨ ᠲᠤᠭ᠎ᠠ ᠪᠡᠷᠢᠮᠳᠡ ᠶᠢ | ᠳᠡᠮᠳᠡᠭᠯᠡᠵᠦ᠂ ᠪᠦᠷᠢᠳᠭᠡᠨ ᠳᠡᠩᠰᠡ ᠡᠪᠭᠡᠮᠡᠯ ᠪᠠᠶᠢᠭᠤᠯᠬᠤ ᠶᠢᠨ ᠬᠠᠮᠳᠣ ᠪᠠᠶᠢᠴᠠᠭᠠᠨ ᠰᠢᠨᠵᠢᠭᠰᠡᠨ ᠮᠡᠳᠡᠬᠦᠯᠥᠯᠳᠡ | ᠭᠠᠷᠭᠠᠬᠤ ᠭᠡᠷᠡᠭᠳᠡᠢ᠃ | ᠠᠷᠪᠡᠨ ᠨᠠᠢᠮᠠᠳᠣᠭᠠᠷ ᠵᠦᠢᠯ ᠠᠶᠤᠩᠭ᠎ᠠ ᠰᠡᠷᠭᠡᠶᠢᠯᠡᠬᠦ ᠲᠤᠨᠤᠭ ᠳᠥᠬᠦᠭᠡᠷᠦᠮᠵᠢ ᠨᠢ ᠠᠰᠢᠠᠠᠯᠠᠯᠳᠡ ᠳᠤ | ᠣᠷᠣᠵᠦ ᠭᠡᠷᠡᠭᠯᠡᠭᠰᠡᠨ ᠤ ᠳᠡᠷᠠᠭ᠎ᠠ ᠲᠣᠠᠠᠳᠠᠮᠠᠯ ᠬᠤᠭᠤᠴᠠᠭ᠎ᠠ ᠲᠠᠢ ᠪᠠᠷ ᠪᠠᠶᠢᠴᠠᠭᠠᠨ ᠰᠢᠨᠵᠢᠬᠦ ᠳᠥᠷᠢᠮ ᠢ | ᠭᠡᠷᠡᠭᠵᠢᠬᠦᠯᠦᠨ᠎ᠡ᠃ ᠠᠶᠤᠩᠭ᠎ᠠ ᠰᠡᠷᠭᠡᠶᠢᠯᠡᠬᠦ ᠲᠤᠨᠤᠭ ᠳᠥᠬᠦᠭᠡᠷᠦᠮᠵᠢ ᠶᠢ ᠵᠢᠯ ᠳᠤ ᠨᠢᠭᠡ ᠣᠲᠠᠭ᠎ᠠ ᠪᠠᠶᠢᠴᠠᠭᠠᠨ | ᠰᠢᠨᠵᠢᠵᠦ᠂ ᠡᠬᠦᠨ ᠳᠤ ᠨᠣᠴᠣᠮᠠᠳᠠᠭᠠᠢ ᠳᠡᠯᠪᠡᠷᠡᠮᠡᠳᠡᠬᠡᠢ ᠵᠦᠢᠯᠡᠰ ᠪᠠ ᠠᠶᠣᠯᠳᠡᠢ ᠬᠢᠮᠢ ᠶᠢᠨ ᠵᠦᠢᠯᠡᠰ ᠤᠨ | ᠦᠢᠯᠡᠳᠪᠦᠷᠢᠯᠡᠯ᠂ ᠬᠠᠳᠠᠭᠠᠯᠠᠬᠤ ᠪᠡᠯᠡᠳᠭᠡᠮᠵᠢ ᠵᠢᠴᠢ ᠳᠡᠯᠡᠪᠤᠷ ᠭᠠᠵᠡᠷ ᠤᠨ ᠠᠶᠤᠩᠭ᠎ᠠ ᠰᠡᠷᠭᠡᠶᠢᠯᠡᠬᠦ ᠲᠤᠨᠤᠭ | ᠳᠥᠬᠦᠭᠡᠷᠦᠮᠵᠢ ᠶᠢ ᠬᠠᠭᠠᠰ ᠵᠢᠯ ᠳᠤ ᠨᠢᠭᠡ ᠣᠲᠠᠭ᠎ᠠ ᠪᠠᠶᠢᠴᠠᠭᠠᠨ ᠰᠢᠨᠵᠢᠨ᠎ᠠ᠃ ᠺᠤᠮᠫᠢᠦ᠋ᠲ᠋ᠧᠷ ᠤᠨ ᠮᠡᠰᠢᠨ ᠤ | ᠦᠷᠦᠬᠡ᠂ ᠲᠣᠰᠣ ᠨᠠᠮᠡᠬᠦ ︵ᠬᠡᠢ︶ ᠦᠷᠲᠡᠭᠡ ᠵᠡᠷᠭᠡ ᠨᠣᠴᠣᠮᠠᠳᠠᠭᠠᠢ ᠳᠡᠯᠪᠡᠷᠡᠮᠡᠳᠡᠭᠡᠢ ᠳᠡᠯᠡᠪᠤᠷ ᠭᠠᠵᠡᠷ ᠲᠤ | ᠠᠶᠤᠩᠭ᠎ᠠ ᠰᠡᠷᠭᠡᠶᠢᠯᠡᠬᠦ ᠳᠥᠬᠦᠭᠡᠷᠦᠮᠵᠢ ᠶᠢᠨ ᠪᠠᠶᠢᠴᠠᠭᠠᠨ ᠰᠢᠨᠵᠢᠯᠳᠡ ᠬᠢᠬᠦ ᠳᠤ ᠲᠠᠶᠢᠪᠤᠡᠭ ᠴᠠᠬᠢᠯᠭᠠᠨ ᠤ ᠲᠤᠨᠤᠭ | ᠳᠥᠬᠦᠭᠡᠷᠦᠮᠵᠢ ᠶᠢᠨ ᠪᠠᠶᠢᠴᠠᠭᠠᠨ ᠰᠢᠨᠵᠢᠯᠳᠡ ᠶᠢ ᠬᠠᠮᠳᠣ ᠳᠤᠨᠢ ᠬᠢᠬᠦ ᠭᠡᠷᠡᠭᠳᠡᠢ᠃ | ᠠᠷᠪᠡ ᠶᠢᠰᠦᠳᠣᠭᠡᠷ ᠵᠦᠢᠯ ᠠᠶᠤᠩᠭ᠎ᠠ ᠰᠡᠷᠭᠡᠶᠢᠯᠡᠬᠦ ᠲᠤᠨᠤᠭ ᠳᠥᠬᠦᠭᠡᠷᠦᠮᠵᠢ ᠶᠢ ᠪᠠᠶᠢᠴᠠᠭᠠᠨ ᠰᠢᠨᠵᠢᠬᠦ | ᠪᠠᠶᠢᠭᠤᠯᠥᠮᠵᠢ ᠨᠢ ᠠᠶᠤᠩᠭ᠎ᠠ ᠰᠡᠷᠭᠡᠶᠢᠯᠡᠬᠦ ᠲᠣᠨᠤᠭ ᠳᠥᠬᠦᠭᠡᠷᠦᠮᠵᠢ ᠶᠢ ᠲᠣᠠᠠᠳᠠᠮᠠᠯ ᠬᠤᠭᠤᠴᠠᠭ᠎ᠠ ᠲᠠᠢ ᠪᠠᠷ | ᠪᠠᠶᠢᠴᠠᠭᠠᠨ ᠰᠢᠨᠵᠢᠭᠰᠡᠨ ᠤ ᠳᠡᠷᠠᠭ᠎ᠠ ᠪᠠᠶᠢᠴᠠᠭᠠᠨ ᠰᠢᠨᠵᠢᠭᠰᠡᠨ ᠮᠡᠳᠡᠬᠦᠯᠥᠯᠳᠡ ᠭᠠᠷᠭᠠᠬᠤ ᠶᠢᠨ ᠬᠠᠮᠳᠣ᠂ ᠪᠠᠶᠢᠴᠠᠭᠠᠨ | ᠰᠢᠨᠵᠢᠭᠰᠡᠨ ᠦᠷ᠎ᠠ ᠳ᠋ᠦᠡᠭ ᠳᠡᠭᠡᠨ ᠬᠠᠷᠢᠭᠤᠴᠠᠬᠤ ᠭᠡᠷᠡᠭᠳᠡᠢ᠃ ᠪᠠᠶᠢᠴᠠᠭᠠᠨ ᠰᠢᠨᠵᠢᠬᠦ ᠳᠥᠷᠦᠯ ᠵᠦᠢᠯ ᠨᠢ | ᠪᠦᠬᠦᠨ ᠢᠶᠠᠷ ᠢᠶᠠᠨ ᠬᠢᠷᠢ ᠳᠡᠩᠴᠡᠪᠡᠯ᠂ ᠬᠢᠷᠢ ᠳᠡᠩᠴᠡᠭᠰᠡᠨ ᠦᠨᠡᠮᠯᠡᠯ ᠣᠯᠭᠤᠵᠦ᠂ ᠪᠠᠶᠢᠴᠠᠭᠠᠨ ᠰᠢᠨᠵᠢᠬᠦ ᠳᠤ ᠬᠢᠷᠢ | ᠳᠡᠩᠴᠡᠭᠰᠡᠨ ᠦᠭᠡᠢ ᠪᠠᠶᠢᠪᠠᠯ᠂ ᠠᠶᠤᠩᠭ᠎ᠠ ᠰᠡᠷᠭᠡᠶᠢᠯᠡᠬᠦ ᠲᠤᠨᠤᠭ ᠳᠥᠬᠦᠭᠡᠷᠦᠮᠵᠢ ᠶᠢᠨ ᠪᠠᠶᠢᠴᠠᠭᠠᠨ ᠰᠢᠨᠵᠢᠬᠦ | ᠪᠠᠶᠢᠭᠤᠯᠥᠮᠵᠢ ᠨᠢ ᠪᠠᠶᠢᠴᠠᠭᠠᠨ ᠰᠢᠨᠵᠢᠭᠰᠡᠨ ᠮᠡᠳᠡᠬᠦᠯᠥᠯᠳᠡ ᠭᠠᠷᠭᠠᠬᠤ ᠶᠢᠨ ᠬᠠᠮᠳᠣ ᠴᠡᠭᠴᠡᠯᠡᠨ ᠵᠠᠰᠠᠬᠤ ᠰᠠᠨᠠᠯ | ᠲᠣᠷᠡᠳᠴᠥ᠂ ᠪᠠᠰᠠ ᠰᠠᠭᠤᠭ᠎ᠠ ᠭᠠᠵᠡᠷ ᠤᠨ ᠴᠠᠭ ᠠᠭᠤᠷ ᠤᠨ ᠭᠤᠤᠯᠴᠢᠯᠠᠨ ᠬᠠᠮᠢᠶᠡᠷᠬᠤ ᠪᠠᠶᠢᠭᠤᠯᠥᠮᠵᠢ ᠳᠤ | ᠬᠠᠭᠤᠯᠥᠨ ᠢᠯᠡᠭᠡᠵᠦ᠂ ᠴᠠᠭ ᠠᠭᠤᠷ ᠤᠨ ᠭᠤᠤᠯᠴᠢᠯᠠᠨ ᠬᠠᠮᠢᠶᠡᠷᠬᠤ ᠪᠠᠶᠢᠭᠤᠯᠥᠮᠵᠢ ᠨᠢ ᠵᠠᠷᠯᠢᠠᠠᠳᠡᠨ ᠠᠶᠤᠩᠭ᠎ᠠ | ᠰᠡᠷᠭᠡᠶᠢᠯᠡᠬᠦ ᠲᠤᠨᠤᠭ ᠳᠥᠬᠦᠭᠡᠷᠦᠮᠵᠢ ᠭᠡᠷᠡᠭᠯᠡᠬᠦ ᠨᠢᠭᠡᠴᠡ ᠶᠢ ᠬᠤᠭᠤᠴᠠᠭ᠎ᠠ ᠬᠢᠵᠠᠭᠠᠷᠯᠡᠨ ᠦᠭᠡᠷᠡᠴᠢᠯᠡᠬᠦᠯᠬᠦ ᠭᠡᠷᠡᠭᠳᠡᠢ᠃ | | ᠬᠤᠷᠢᠳᠣᠭᠠᠷ ᠵᠦᠢᠯ ᠠᠶᠤᠩᠭ᠎ᠠ ᠰᠡᠷᠭᠡᠶᠢᠯᠡᠬᠦ ᠲᠤᠨᠤᠭ ᠳᠥᠬᠦᠭᠡᠷᠦᠮᠵᠢ ᠶᠢᠨ ᠪᠠᠶᠢᠴᠠᠭᠠᠨ ᠰᠢᠨᠵᠢᠬᠦ | ᠪᠠᠶᠢᠭᠤᠯᠥᠮᠵᠢ ᠨᠢ ᠪᠠᠶᠢᠴᠠᠭᠠᠨ ᠰᠢᠨᠵᠢᠬᠦ ᠲᠤᠮᠳᠡ ᠪᠠᠨ ᠠᠶᠤᠩᠭ᠎ᠠ ᠴᠠᠬᠢᠯᠭᠠᠨ ᠤ ᠭᠠᠢ ᠭᠠᠮᠰᠢᠭ ᠤᠨ ᠡ᠊ᠨᠳᠡᠯ ᠤᠨ ᠭᠡᠮ | ᠰᠣᠭᠤᠭ ᠢ ᠢᠯᠡᠷᠡᠬᠦᠯᠪᠡᠯ᠂ ᠴᠠᠭ ᠲᠣᠬᠠᠢ ᠳᠤᠨᠢ ᠨᠡᠶᠢᠳ᠋ᠬᠠᠰᠠᠨ ᠨᠢᠭᠡᠴᠡ ᠳᠤ ᠮᠡᠳᠡᠭᠳᠡᠬᠦ ᠶᠢᠨ ᠬᠠᠮᠳᠣ᠂ ᠰᠠᠭᠤᠭ᠎ᠠ | ᠭᠠᠵᠡᠷ ᠤᠨ ᠴᠠᠭ ᠠᠭᠤᠷ ᠤᠨ ᠭᠤᠤᠯᠴᠢᠯᠠᠨ ᠬᠠᠮᠢᠶᠡᠷᠬᠤ ᠪᠠᠶᠢᠭᠤᠯᠥᠮᠵᠢ ᠳᠤ ᠮᠡᠳᠡᠬᠦᠯᠬᠦ ᠭᠡᠷᠡᠭᠳᠡᠢ᠃ | ᠬᠤᠷᠢᠨ ᠨᠢᠭᠡᠳᠣᠭᠡᠷ ᠵᠦᠢᠯ ᠠᠶᠤᠩᠭ᠎ᠠ ᠰᠡᠷᠭᠡᠶᠢᠯᠡᠬᠦ ᠲᠤᠨᠤᠭ ᠳᠥᠬᠦᠭᠡᠷᠦᠮᠵᠢ ᠭᠡᠷᠡᠭᠯᠡᠬᠦ ᠨᠢᠭᠡᠴᠡ ᠨᠢ | ᠲᠣᠰᠬᠠᠢ ᠬᠦᠮᠦᠨ ᠲᠣᠠᠠᠳᠠᠭᠠᠵᠦ ᠠᠶᠤᠩᠭ᠎ᠠ ᠰᠡᠷᠭᠡᠶᠢᠯᠡᠬᠦ ᠲᠤᠨᠤᠭ ᠳᠥᠬᠦᠭᠡᠷᠦᠮᠵᠢ ᠶᠢᠨ ᠡᠳᠣᠷ ᠲᠣᠳᠣᠮ ᠤᠨ | ᠠᠷᠡᠴᠢᠯᠠᠨ ᠬᠠᠮᠠᠭᠠᠯᠠᠬᠤ ᠠᠵᠢᠯ ᠢ ᠬᠠᠷᠢᠭᠤᠴᠠᠭᠤᠯᠬᠤ ᠭᠡᠷᠡᠭᠳᠡᠢ᠃ ᠰᠠᠭᠤᠭᠠᠯᠢ ᠠᠷᠡᠳ ᠤᠨ ᠣᠷᠣᠨ ᠰᠠᠭᠤᠴᠠ ᠶᠢᠨ | ᠠᠶᠤᠩᠭ᠎ᠠ ᠰᠡᠷᠭᠡᠶᠢᠯᠡᠬᠦ ᠲᠤᠨᠤᠭ ᠳᠥᠬᠦᠭᠡᠷᠦᠮᠵᠢ ᠶᠢᠨ ᠡᠳᠣᠷ ᠲᠣᠳᠣᠮ ᠤᠨ ᠠᠷᠡᠴᠢᠯᠠᠨ ᠬᠠᠮᠠᠭᠠᠯᠠᠬᠤ ᠠᠵᠢᠯ ᠢ ᠠᠳᠡᠯ | ᠠᠬᠤᠢ ᠶᠢᠨ ᠦᠢᠯᠡᠴᠢᠯᠡᠭᠡᠨ ᠤ ᠠᠵᠦ ᠠᠬᠤᠶᠢᠯᠠᠯ ᠪᠤᠶᠤ ᠭᠤᠤᠯᠴᠢᠯᠠᠨ ᠬᠠᠮᠢᠶᠡᠷᠬᠤ ᠨᠢᠭᠡᠴᠡ ᠠᠴᠠ ᠬᠠᠷᠢᠭᠤᠴᠠᠨ᠎ᠠ᠃ | | ᠬᠤᠷᠢᠨ ᠬᠤᠶᠡᠳᠣᠭᠠᠷ ᠵᠦᠢᠯ ᠬᠤᠰᠢᠭᠤ ᠰᠢᠶᠡᠨ ᠤ ᠱᠠᠳᠣᠨ ᠠᠴᠠ ᠳᠡᠭᠡᠭᠰᠢᠬᠢ ᠴᠠᠭ ᠠᠭᠤᠷ ᠤᠨ | ᠭᠤᠤᠯᠴᠢᠯᠠᠨ ᠬᠠᠮᠢᠶᠡᠷᠬᠤ ᠪᠠᠶᠢᠭᠤᠯᠥᠮᠵᠢ ᠨᠢ ᠠᠶᠣᠩᠭ᠎ᠠ ᠰᠡᠷᠭᠡᠶᠢᠯᠡᠬᠦ ᠶᠢᠨ ᠪᠠᠶᠢᠴᠠᠭᠠᠨ ᠰᠢᠨᠵᠢᠬᠦ ᠠᠵᠢᠯ ᠤᠨ ᠬᠢᠨᠡᠯᠳᠡ | ᠬᠠᠮᠢᠶᠡᠷᠦᠯᠳᠡ ᠶᠢ ᠬᠠᠷᠢᠭᠤᠴᠠᠵᠦ᠂ ᠠᠶᠤᠯ ᠦᠭᠡᠢ ᠦᠢᠯᠡᠳᠪᠦᠷᠢᠯᠡᠯ ᠤᠨ ᠬᠢᠨᠡᠯᠳᠡ ᠬᠠᠮᠢᠶᠡᠷᠦᠯᠳᠡ ᠶᠢᠨ ᠰᠠᠯᠠᠭ᠎ᠠ | ᠮᠦᠴᠢᠷ ᠯᠦᠭᠡ ᠬᠠᠮᠵᠢᠯᠴᠠᠨ ᠠᠶᠤᠩᠭ᠎ᠠ ᠰᠡᠷᠭᠡᠶᠢᠯᠡᠬᠦ ᠲᠤᠨᠤᠭ ᠳᠥᠬᠦᠭᠡᠷᠦᠮᠵᠢ ᠶᠢᠨ ᠪᠠᠶᠢᠴᠠᠭᠠᠨ ᠰᠢᠨᠵᠢᠭᠰᠡᠨ | ᠪᠠᠶᠢᠳᠡᠯ ᠢ ᠲᠤᠠᠠᠳᠠᠮᠠᠯ ᠬᠤᠭᠤᠴᠠᠭ᠎ᠠ ᠲᠠᠢ ᠪᠠᠷ ᠪᠠᠶᠢᠴᠠᠭᠠᠬᠤ ᠭᠡᠷᠡᠭᠳᠡᠢ᠃ | ᠬᠤᠷᠢᠨ ᠭᠤᠷᠪᠠᠳᠣᠭᠠᠷ ᠵᠦᠢᠯ ᠦᠪᠡᠷᠳᠡᠭᠡᠨ ᠵᠠᠰᠠᠬᠤ ᠣᠷᠣᠨ ᠤ ᠴᠠᠭ ᠠᠭᠤᠷ ᠤᠨ ᠰᠢᠨᠵᠢᠯᠡᠭᠡᠨ ᠤ | ᠨᠡᠶᠢᠭᠡᠮᠯᠢᠭ ᠨᠢ ᠲᠣᠰ ᠵᠠᠰᠠᠭ ᠵᠠᠬᠢᠷᠭᠠᠨ ᠤ ᠣᠷᠣᠨ ᠤ ᠳᠣᠳᠣᠷᠡᠬᠢ ᠠᠶᠤᠩᠭ᠎ᠠ ᠰᠡᠷᠭᠡᠶᠢᠯᠡᠬᠦ ᠲᠣᠰᠬᠠᠢ ᠮᠡᠷᠭᠡᠵᠢᠯ ᠤᠨ | ᠠᠵᠢᠯᠳᠡᠨ ᠤ ᠴᠢᠳᠡᠪᠦᠷᠢ ᠳᠤ ᠦᠨᠡᠯᠡᠯᠳᠡ ᠬᠢᠬᠦ ᠶᠢ ᠬᠠᠷᠢᠭᠤᠴᠠᠨ᠎ᠠ᠃ | | | ᠳᠥᠷᠪᠡᠳᠣᠭᠡᠷ ᠪᠦᠯᠥᠭ ᠠᠶᠣᠩᠭ᠎ᠠ ᠴᠠᠬᠢᠯᠭᠠᠨ ᠤ ᠭᠠᠢ ᠭᠠᠮᠰᠢᠭ ᠤᠨ ᠪᠠᠴᠢᠮ ᠪᠠᠶᠢᠳᠡᠯ ᠢ ᠠᠷᠭᠠᠴᠠᠬᠤ | | | ᠬᠤᠷᠢᠨ ᠳᠥᠷᠪᠡᠳᠣᠭᠡᠷ ᠵᠦᠢᠯ ᠬᠤᠰᠢᠭᠤ ᠰᠢᠶᠡᠨ ᠤ ᠱᠠᠳᠣᠨ ᠠᠴᠠ ᠳᠡᠭᠡᠭᠰᠢᠬᠢ ᠠᠷᠡᠳ ᠤᠨ ᠵᠠᠰᠠᠭ ᠤᠨ | ᠣᠷᠳᠣᠨ ᠨᠢ ᠠᠶᠣᠩᠭ᠎ᠠ ᠴᠠᠬᠢᠯᠭᠠᠨ ᠤ ᠭᠠᠢ ᠭᠠᠮᠰᠢᠭ ᠢ ᠰᠡᠷᠭᠡᠶᠢᠯᠡᠨ ᠬᠤᠷᠢᠠᠠᠯᠠᠬᠤ ᠳᠥᠯᠥᠪᠵᠢᠬᠦᠯᠬᠡ ᠶᠢ | ᠦᠨᠳᠣᠰᠣᠯᠡᠨ᠂ ᠴᠠᠭ ᠠᠭᠤᠷ ᠤᠨ ᠭᠤᠤᠯᠴᠢᠯᠠᠨ ᠬᠠᠮᠢᠶᠡᠷᠬᠤ ᠪᠠᠶᠢᠭᠤᠯᠥᠮᠵᠢ ᠪᠠ ᠠᠶᠣᠯ ᠦᠭᠡᠢ | ᠦᠢᠯᠡᠳᠪᠦᠷᠢᠯᠡᠯ ᠤᠨ ᠬᠢᠨᠡᠯᠳᠡ ᠳᠡᠯᠪᠢᠬᠤ᠂ ᠪᠦᠳᠦᠭᠡᠨ ᠪᠠᠶᠢᠭᠤᠯᠥᠯᠳᠡ᠂ ᠲᠣᠳᠣᠭᠠᠳᠣ ᠶᠢ ᠬᠠᠮᠠᠭᠠᠯᠠᠬᠤ᠂ ᠴᠠᠬᠢᠯᠭᠠᠨ | ᠬᠦᠴᠣᠨ᠂ ᠴᠢᠮᠡᠭᠡ ᠬᠤᠯᠪᠤᠭ᠎ᠠ᠂ ᠡᠷᠡᠬᠦᠯ ᠬᠠᠮᠠᠭᠠᠯᠠᠯ ᠵᠡᠷᠭᠡ ᠰᠠᠯᠠᠭ᠎ᠠ ᠮᠦᠴᠢᠷ ᠢ ᠵᠤᠬᠢᠶᠡᠨ ᠪᠠᠶᠢᠭᠤᠯᠵᠦ ᠪᠠᠶᠢᠭᠠᠳ | ᠲᠣᠰ ᠵᠠᠰᠠᠭ ᠵᠠᠬᠢᠷᠭᠠᠨ ᠤ ᠣᠷᠣᠨ ᠤ ᠠᠶᠤᠩᠭ᠎ᠠ ᠴᠠᠬᠢᠯᠭᠠᠨ ᠤ ᠭᠠᠢ ᠭᠠᠮᠰᠢᠭ ᠤᠨ ᠪᠠᠴᠢᠮ ᠪᠠᠶᠢᠳᠡᠯ ᠢ ᠠᠷᠭᠠᠴᠠᠬᠤ | ᠳᠥᠰᠥᠯ ᠢ ᠲᠣᠭᠤᠷᠪᠢᠨ ᠲᠣᠠᠠᠳᠠᠭᠠᠬᠤ ᠶᠢᠨ ᠬᠠᠮᠳᠣ ᠵᠤᠬᠢᠶᠡᠨ ᠪᠠᠶᠢᠭᠤᠯᠥᠨ ᠭᠡᠷᠡᠭᠵᠢᠬᠦᠯᠦᠨ᠎ᠡ᠃ | ᠠᠶᠤᠩᠭ᠎ᠠ ᠴᠠᠬᠢᠯᠭᠠᠨ ᠤ ᠭᠠᠢ ᠭᠠᠮᠰᠢᠭ ᠤᠨ ᠪᠠᠴᠢᠮ ᠪᠠᠶᠢᠳᠡᠯ ᠢ ᠠᠷᠭᠠᠴᠠᠬᠤ ᠳᠥᠰᠥᠯ ᠳᠤ ᠳᠣᠣᠷᠠᠬᠢ | ᠠᠭᠤᠯᠭ᠎ᠠ ᠪᠠᠭᠳᠠᠨ᠎ᠠ᠄ | ︵ᠨᠢᠭᠡ︶ ᠪᠠᠴᠢᠮ ᠪᠠᠶᠢᠳᠡᠯ ᠢ ᠠᠷᠭᠠᠴᠠᠬᠤ ᠪᠠᠶᠢᠭᠤᠯᠥᠮᠵᠢ ᠪᠤᠯᠥᠨ ᠬᠤᠯᠪᠤᠠᠠᠳᠡᠯ ᠪᠦᠬᠦᠢ ᠰᠠᠯᠠᠭ᠎ᠠ | ᠮᠦᠴᠢᠷ ᠤᠨ ᠡᠬᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠡᠷᠢᠯᠡᠯ︔ | ︵ᠬᠤᠶᠡᠷ︶ ᠠᠶᠤᠩᠭ᠎ᠠ ᠴᠠᠬᠢᠯᠭᠠᠨ ᠤ ᠭᠠᠢ ᠭᠠᠮᠰᠢᠭ ᠤᠨ ᠬᠢᠨᠡᠨ ᠰᠢᠨᠵᠢᠬᠦ ᠪᠠ ᠣᠷᠢᠳᠴᠢᠯᠠᠨ ᠰᠡᠷᠡᠮᠵᠢᠯᠡᠬᠦ︔ | | ︵ᠭᠤᠷᠪᠡ︶ ᠠᠶᠤᠩᠭ᠎ᠠ ᠴᠠᠬᠢᠯᠭᠠᠨ ᠤ ᠭᠠᠢ ᠭᠠᠮᠰᠢᠭ ᠤᠨ ᠳᠡᠰ ᠬᠤᠪᠢᠶᠡᠬᠤ ᠪᠠ ᠨᠦᠯᠥᠭᠡᠯᠡᠯ ᠢ ᠵᠠᠳᠡᠯᠬᠤ | ᠪᠡᠯᠡᠳᠭᠡᠯ︔ | ︵ᠳᠥᠷᠪᠡ︶ ᠠᠪᠤᠷᠡᠨ ᠲᠣᠰᠠᠯᠠᠬᠤ ᠠᠵᠢᠯᠳᠡᠨ ᠢ ᠵᠤᠬᠢᠶᠡᠨ ᠪᠠᠶᠢᠭᠤᠯᠬᠤ ᠪᠠ ᠪᠠᠴᠢᠮ ᠪᠠᠶᠢᠳᠡᠯ ᠢ ᠠᠷᠭᠠᠴᠠᠬᠤ | ᠪᠡᠯᠡᠳᠭᠡᠯ︔ | ︵ᠲᠠᠪᠤ︶ ᠠᠶᠤᠩᠭ᠎ᠠ ᠴᠠᠬᠢᠯᠭᠠᠨ ᠤ ᠭᠠᠢ ᠭᠠᠮᠰᠢᠭ ᠤᠨ ᠪᠠᠶᠢᠴᠠᠭᠠᠯᠳᠡ᠂ ᠮᠡᠳᠡᠬᠦᠯᠥᠯᠳᠡ ᠪᠠ ᠰᠢᠢᠳᠪᠦᠷᠢᠯᠡᠬᠦ | ᠳᠡᠰ ᠳᠡᠷᠡᠭᠠᠯᠠᠯ︔ | ︵ᠵᠢᠷᠭᠤᠭ᠎ᠠ︶ ᠠᠶᠤᠩᠭ᠎ᠠ ᠴᠠᠬᠢᠯᠭᠠᠨ ᠤ ᠭᠠᠢ ᠭᠠᠮᠰᠢᠭ ᠭᠠᠷᠬᠤ ᠦᠶᠡᠰ ᠤᠨ ᠪᠠᠴᠢᠮ ᠪᠠᠶᠢᠳᠡᠯ ᠢ | ᠠᠷᠭᠠᠴᠠᠬᠤ ᠪᠠᠳᠣᠯᠠᠭ᠎ᠠ︔ | ︵ᠲᠤᠯᠤᠭ᠎ᠠ︶ ᠬᠦᠮᠦᠨ ᠪᠠ ᠡᠳ᠋ ᠬᠦᠷᠥᠩᠭᠡ ᠶᠢ ᠵᠠᠶᠢᠯᠠᠭᠤᠯᠬᠤ᠂ ᠨᠡᠬᠦᠯᠬᠡᠨ ᠰᠢᠯᠵᠢᠬᠦᠯᠬᠦ ᠱᠣᠭᠤᠮ᠂ | ᠡᠮᠴᠢᠯᠡᠭᠡᠨ ᠤ ᠠᠪᠤᠷᠠᠯᠲᠠ ᠵᠡᠷᠭᠡ ᠪᠠᠴᠢᠮ ᠪᠠᠶᠢᠳᠡᠯ ᠢ ᠠᠷᠭᠠᠴᠠᠬᠤ ᠠᠵᠢᠯᠯᠠᠭᠠᠨ ᠤ ᠳᠥᠰᠥᠯ᠃ | ᠠᠶᠤᠩᠭ᠎ᠠ ᠴᠠᠬᠢᠯᠭᠠᠨ ᠤ ᠭᠠᠢ ᠭᠠᠮᠰᠢᠭ ᠤᠨ ᠪᠠᠴᠢᠮ ᠪᠠᠶᠢᠳᠡᠯ ᠢ ᠠᠷᠭᠠᠴᠠᠬᠤ ᠳᠥᠰᠥᠯ ᠳᠤ | ᠭᠡᠷᠡᠭᠵᠢᠬᠦᠯᠥᠭᠰᠡᠨ ᠪᠠᠶᠢᠳᠡᠯ ᠢ ᠦᠠᠳᠣᠰᠣᠯᠡᠨ ᠴᠠᠭ ᠲᠣᠬᠠᠢ ᠳᠤᠨᠢ ᠵᠠᠰᠠᠪᠦᠷᠢ ᠣᠷᠣᠭᠤᠯᠬᠤ ᠭᠡᠷᠡᠭᠳᠡᠢ᠃ | ᠬᠤᠷᠢᠨ ᠲᠠᠪᠤᠳᠣᠭᠠᠷ ᠵᠦᠢᠯ ᠬᠤᠰᠢᠭᠤ ᠰᠢᠶᠡᠨ ᠤ ᠱᠠᠳᠣᠨ ᠠᠴᠠ ᠳᠡᠭᠡᠭᠰᠢᠬᠢ ᠴᠠᠭ ᠠᠭᠤᠷ ᠤᠨ | ᠭᠤᠤᠯᠴᠢᠯᠠᠨ ᠬᠠᠮᠢᠶᠡᠷᠬᠤ ᠪᠠᠶᠢᠭᠤᠯᠥᠮᠵᠢ ᠨᠢ ᠴᠠᠭ ᠲᠣᠬᠠᠢ ᠳᠤᠨᠢ ᠲᠣᠰ ᠵᠠᠰᠠᠭ ᠵᠠᠬᠢᠷᠭᠠᠨ ᠤ ᠣᠷᠣᠨ ᠤ ᠳᠣᠳᠣᠷ᠎ᠠ | ᠭᠠᠷᠣᠠᠠᠰᠠᠨ ᠬᠦᠨᠳᠦ ᠬᠡᠴᠡᠭᠦᠦ ᠪᠠ ᠣᠨᠴᠠ ᠶᠡᠭᠡ ᠠᠶᠤᠩᠭ᠎ᠠ ᠴᠠᠬᠢᠯᠭᠠᠨ ᠤ ᠭᠠᠢ ᠭᠠᠮᠰᠢᠭ ᠲᠤ ᠴᠠᠭ ᠲᠣᠬᠠᠢ ᠳᠤᠨᠢ | ᠦᠨᠡᠯᠡᠨ ᠵᠢᠱᠢᠯᠳᠡ ᠬᠢᠬᠦ ᠶᠢᠨ ᠬᠠᠮᠳᠣ᠂ ᠬᠠᠦᠯᠢ ᠴᠠᠭᠠᠵᠠ᠂ ᠬᠠᠦᠯᠢ ᠲᠣᠠᠠᠳᠠᠭᠠᠯ ᠤᠨ ᠲᠣᠠᠠᠳᠠᠭᠠᠯ ᠶᠣᠰᠣᠭᠠᠷ | ᠣᠷᠢᠳᠴᠢᠯᠡᠨ ᠰᠡᠷᠡᠮᠵᠢᠯᠡᠬᠦᠯᠬᠦ ᠲᠣᠬᠢᠶ᠎ᠠ ᠨᠡᠶᠢᠳᠡᠯᠡᠬᠦ ᠭᠡᠷᠡᠭᠳᠡᠢ᠃ | ᠬᠤᠷᠢᠨ ᠵᠢᠷᠭᠤᠳᠣᠭᠠᠷ ᠵᠦᠢᠯ ᠠᠶᠤᠩᠭ᠎ᠠ ᠰᠡᠷᠭᠡᠶᠢᠯᠡᠬᠦ ᠲᠤᠨᠤᠭ ᠳᠥᠬᠦᠭᠡᠷᠦᠮᠵᠢ ᠶᠢᠨ ᠭᠡᠷᠡᠭᠯᠡᠬᠦ | ᠨᠢᠭᠡᠴᠡ ᠨᠢ ᠠᠶᠤᠩᠭ᠎ᠠ ᠴᠠᠬᠢᠯᠭᠠᠨ ᠤ ᠭᠠᠢ ᠭᠠᠮᠰᠢᠭ ᠤᠨ ᠪᠠᠴᠢᠮ ᠪᠠᠶᠢᠳᠡᠯ ᠢ ᠠᠷᠭᠠᠴᠠᠬᠤ ᠳᠥᠰᠥᠯ ᠲᠣᠠᠠᠳᠠᠭᠠᠵᠦ᠂ | ᠪᠠᠴᠢᠮ ᠪᠠᠶᠢᠳᠡᠯ ᠢ ᠠᠷᠭᠠᠴᠠᠬᠤ ᠵᠤᠬᠢᠶᠡᠨ ᠪᠠᠶᠢᠭᠤᠯᠥᠯᠳᠡ ᠪᠠᠶᠢᠭᠤᠯᠬᠤ ᠪᠤᠶᠤ ᠪᠠᠴᠢᠮ ᠪᠠᠶᠢᠳᠡᠯ ᠢ ᠠᠷᠭᠠᠴᠠᠬᠤ | ᠲᠣᠰᠢᠶᠡᠯ ᠬᠠᠪᠰᠣᠷᠭᠠᠠᠠᠰᠠᠨ ᠠᠵᠢᠯᠳᠡᠨ ᠲᠣᠠᠠᠳᠠᠭᠠᠵᠦ᠂ ᠪᠠᠴᠢᠮ ᠪᠠᠶᠢᠳᠡᠯ ᠢ ᠠᠷᠭᠠᠴᠠᠬᠤ ᠬᠠᠷᠢᠭᠤᠴᠠᠯᠭ᠎ᠠ ᠶᠢ | ᠨᠡᠶᠢᠳᠡᠪᠦᠷᠢᠵᠢᠭᠤᠯᠬᠤ ᠭᠡᠷᠡᠭᠳᠡᠢ᠃ | ᠬᠤᠷᠢᠨ ᠲᠤᠯᠥᠳᠣᠭᠠᠷ ᠵᠦᠢᠯ ᠠᠶᠤᠩᠭ᠎ᠠ ᠴᠠᠬᠢᠯᠭᠠᠨ ᠤ ᠭᠠᠢ ᠭᠠᠮᠰᠢᠭ ᠲᠤ ᠣᠴᠡᠷᠬᠠᠰᠠᠨ ᠨᠢᠭᠡᠴᠡ ᠪᠠ | ᠬᠤᠪᠢ ᠬᠦᠮᠦᠨ ᠨᠢ᠂ ᠴᠠᠭ ᠲᠣᠬᠠᠢ ᠳᠤᠨᠢ ᠲᠣᠬᠠᠢ ᠶᠢᠨ ᠭᠠᠵᠡᠷ ᠤᠨ ᠠᠷᠡᠳ ᠤᠨ ᠵᠠᠰᠠᠭ ᠤᠨ ᠣᠷᠳᠣᠨ ᠪᠠ ᠪᠤᠰᠣᠳ | ᠪᠠᠶᠢᠭ᠎ᠠ ᠭᠠᠵᠡᠷ ᠤᠨ ᠴᠠᠭ ᠠᠭᠤᠷ ᠤᠨ ᠭᠤᠤᠯᠴᠢᠯᠠᠨ ᠬᠠᠮᠢᠶᠡᠷᠬᠤ ᠪᠠᠶᠢᠭᠤᠯᠥᠮᠵᠢ ᠳᠤ ᠠᠶᠤᠩᠭ᠎ᠠ ᠴᠠᠬᠢᠯᠭᠠᠨ ᠤ | ᠭᠠᠮᠰᠢᠭ ᠤᠨ ᠪᠠᠶᠢᠳᠡᠯ ᠢᠶᠠᠨ ᠮᠡᠳᠡᠬᠦᠯᠬᠦ ᠶᠢᠨ ᠬᠠᠮᠳᠣ᠂ ᠴᠠᠭ ᠠᠭᠤᠷ ᠤᠨ ᠭᠤᠤᠯᠴᠢᠯᠠᠨ ᠬᠠᠮᠢᠶᠡᠷᠬᠤ | ᠪᠠᠶᠢᠭᠤᠯᠥᠮᠵᠢ ᠶᠢ ᠬᠠᠮᠵᠢᠨ ᠠᠶᠤᠩᠭ᠎ᠠ ᠴᠠᠬᠢᠯᠭᠠᠨ ᠤ ᠭᠠᠢ ᠭᠠᠮᠰᠢᠭ ᠤᠨ ᠪᠠᠶᠢᠴᠠᠭᠠᠯᠳᠡ ᠪᠠ ᠬᠢᠨᠡᠨ ᠲᠣᠠᠠᠳᠠᠭᠠᠬᠤ | ᠠᠵᠢᠯ ᠢ ᠰᠠᠶᠢᠳᠣᠷ ᠬᠢᠬᠦ ᠭᠡᠷᠡᠭᠳᠡᠢ᠃ | ᠬᠤᠷᠢᠨ ᠨᠠᠢᠮᠠᠳᠣᠭᠠᠷ ᠵᠦᠢᠯ ᠠᠶᠤᠩᠭ᠎ᠠ ᠴᠠᠬᠢᠯᠭᠠᠨ ᠤ ᠭᠠᠢ ᠭᠠᠮᠰᠢᠭ ᠭᠠᠷᠣᠠᠠᠰᠠᠨ ᠤ ᠳᠡᠷᠠᠭ᠎ᠠ᠂ | ᠬᠤᠯᠪᠤᠠᠠᠳᠡᠯ ᠪᠦᠬᠦᠢ ᠨᠢᠭᠡᠴᠡ ᠨᠢ ᠪᠠᠴᠢᠮ ᠪᠠᠶᠢᠳᠡᠯ ᠢ ᠠᠷᠭᠠᠴᠠᠬᠤ ᠳᠥᠰᠥᠯ ᠢ ᠳᠠᠷᠦ᠋ᠢᠬᠠᠨ ᠭᠡᠷᠡᠭᠵᠢᠬᠦᠯᠵᠦ᠂ | ᠭᠠᠮᠰᠢᠭ ᠤᠨ ᠪᠠᠶᠢᠳᠡᠯ ᠦᠷᠭᠡᠳᠬᠦ ᠶᠢ ᠰᠡᠷᠭᠡᠶᠢᠯᠡᠨ ᠬᠤᠷᠢᠠᠠᠯᠠᠬᠤ ᠶᠢᠨ ᠬᠠᠮᠳᠣ᠂ ᠲᠣᠠᠠᠳᠠᠭᠠᠯ ᠶᠣᠰᠣᠭᠠᠷ ᠠᠶᠤᠩᠭ᠎ᠠ | ᠴᠠᠬᠢᠯᠭᠠᠨ ᠤ ᠭᠠᠮᠰᠢᠭ ᠤᠨ ᠪᠠᠶᠢᠳᠡᠯ ᠢ ᠦᠨᠡᠨ ᠮᠦᠨ ᠢᠶᠠᠷ ᠨᠢ ᠳᠡᠭᠡᠭᠰᠢ ᠮᠡᠳᠡᠬᠦᠯᠬᠦ ᠭᠡᠷᠡᠭᠳᠡᠢ᠂ ᠨᠢᠭᠤᠭᠠᠳ | ᠮᠡᠳᠡᠬᠦᠯᠬᠦ ᠦᠭᠡᠢ᠂ ᠬᠤᠳᠡᠯ ᠢᠶᠠᠷ ᠮᠡᠳᠡᠬᠦᠯᠬᠦ ᠪᠤᠶᠤ ᠣᠳᠠᠭᠠᠰᠢᠷᠡᠭᠤᠯᠥᠭᠠᠳ ᠮᠡᠳᠡᠬᠦᠯᠬᠦ ᠦᠭᠡᠢ ᠪᠠᠶᠢᠵᠦ ᠪᠤᠯᠬᠤ | ᠦᠭᠡᠢ᠂ ᠡ᠊ᠨᠳᠡᠯ ᠤᠨ ᠲᠣᠬᠠᠢ ᠶᠢᠨ ᠳᠡᠯᠡᠪᠡᠢ ᠶᠢ ᠡᠪᠳᠡᠵᠦ ᠪᠤᠯᠬᠤ ᠦᠭᠡᠢ᠃ | ᠬᠤᠷᠢ ᠶᠢᠰᠦᠳᠣᠭᠡᠷ ᠵᠦᠢᠯ ᠲᠣᠬᠠᠢ ᠶᠢᠨ ᠭᠠᠵᠠᠷ ᠤᠨ ᠠᠷᠡᠳ ᠤᠨ ᠵᠠᠰᠠᠭ ᠤᠨ ᠣᠷᠳᠣᠨ ᠨᠢ ᠠᠶᠤᠩᠭ᠎ᠠ | ᠴᠠᠬᠢᠯᠭᠠᠨ ᠤ ᠭᠠᠢ ᠭᠠᠮᠰᠢᠭ ᠤᠨ ᠪᠠᠶᠢᠳᠡᠯ ᠤᠨ ᠮᠠᠳᠡᠬᠦᠯᠥᠯᠳᠡ ᠶᠢ ᠬᠦᠯᠢᠶᠡᠨ ᠠᠪᠤᠠᠠᠰᠠᠨ ᠤ ᠳᠡᠷᠠᠭ᠎ᠠ᠂ ᠭᠠᠮᠰᠢᠭ ᠤᠨ | ᠪᠠᠶᠢᠳᠡᠯ ᠤᠨ ᠭᠡᠮᠵᠢᠶ᠎ᠠ ᠶᠢ ᠦᠨᠳᠣᠰᠣᠯᠡᠨ ᠬᠤᠯᠪᠤᠠᠠᠳᠡᠯ ᠪᠦᠬᠦᠢ ᠰᠠᠯᠠᠭ᠎ᠠ ᠮᠦᠴᠢᠷ ᠢ ᠵᠤᠬᠢᠶᠡᠨ ᠪᠠᠶᠢᠭᠤᠯᠥᠨ | ᠠᠶᠤᠩᠭ᠎ᠠ ᠴᠠᠬᠢᠯᠭᠠᠨ ᠤ ᠭᠠᠢ ᠭᠠᠮᠰᠢᠭ ᠤᠨ ᠪᠠᠴᠢᠮ ᠪᠠᠶᠢᠳᠡᠯ ᠢ ᠠᠷᠭᠠᠴᠠᠬᠤ ᠳᠥᠰᠥᠯ ᠢ ᠳᠠᠷᠦ᠋ᠢᠬᠠᠨ ᠬᠡᠷᠡᠭᠵᠢᠭᠦᠯᠬᠦ | ᠬᠡᠷᠡᠭᠲᠡᠢ᠃ | ᠭᠤᠴᠢᠳᠣᠭᠠᠷ ᠵᠦᠢᠯ ᠬᠤᠰᠢᠭᠤ ᠰᠢᠶᠡᠨ ᠤ ᠱᠠᠳᠣᠨ ᠠᠴᠠ ᠳᠡᠭᠡᠭᠰᠢᠬᠢ ᠴᠠᠭ ᠠᠭᠤᠷ ᠤᠨ ᠭᠤᠤᠯᠴᠢᠯᠠᠨ | ᠬᠠᠮᠢᠶᠡᠷᠬᠤ ᠪᠠᠶᠢᠭᠤᠯᠥᠮᠵᠢ ᠨᠢ ᠠᠶᠤᠩᠭ᠎ᠠ ᠴᠠᠬᠢᠯᠭᠠᠨ ᠤ ᠭᠠᠮᠰᠢᠭ ᠤᠨ ᠪᠠᠶᠢᠳᠡᠯ ᠤᠨ ᠮᠠᠳᠡᠬᠦᠯᠥᠯᠳᠡ ᠶᠢ ᠬᠦᠯᠢᠶᠡᠨ | ᠠᠪᠤᠠᠠᠰᠠᠨ ᠤ ᠳᠡᠷᠠᠭ᠎ᠠ᠂ ᠲᠡᠷᠡ ᠲᠣᠣᠷ᠎ᠠ ᠨᠢ 2 ᠠᠴᠠ ᠳᠡᠭᠡᠭᠰᠢ ᠠᠶᠤᠩᠭ᠎ᠠ ᠰᠡᠷᠭᠡᠶᠢᠯᠡᠬᠦ ᠲᠣᠰᠬᠠᠢ ᠮᠡᠷᠭᠡᠵᠢᠯ ᠤᠨ | ᠠᠵᠢᠯᠳᠡᠨ ᠢ ᠲᠣᠮᠢᠯᠡᠨ ᠲᠣᠬᠠᠢ ᠶᠢᠨ ᠳᠡᠯᠡᠪᠡᠢ ᠳᠤ ᠣᠴᠢᠭᠤᠯᠥᠨ ᠪᠠᠶᠢᠴᠠᠭᠠᠯᠳᠡ ᠬᠢᠯᠭᠡᠬᠦ ᠶᠢᠨ ᠬᠠᠮᠳᠣ᠂ ᠴᠠᠭ | ᠲᠣᠬᠠᠢ ᠳᠤᠨᠢ ᠠᠶᠤᠩᠭ᠎ᠠ ᠴᠠᠬᠢᠯᠭᠠᠨ ᠤ ᠭᠠᠢ ᠭᠠᠮᠰᠢᠭ ᠤᠨ ᠬᠢᠨᠡᠨ ᠲᠣᠠᠠᠳᠠᠭᠠᠯᠳᠡ ᠶᠢᠨ ᠮᠡᠳᠡᠬᠦᠯᠥᠯᠳᠡ ᠭᠠᠷᠭᠠᠬᠤ | ᠭᠡᠷᠡᠭᠳᠡᠢ᠃ ᠠᠶᠤᠩᠭ᠎ᠠ ᠴᠠᠬᠢᠯᠭᠠᠨ ᠤ ᠭᠠᠢ ᠭᠠᠮᠰᠢᠭ ᠤᠨ ᠪᠠᠶᠢᠴᠠᠭᠠᠯᠳᠡ᠂ ᠬᠢᠨᠡᠨ ᠲᠤᠠᠠᠳᠠᠭᠠᠯᠳᠡ ᠶᠢᠨ ᠪᠠᠶᠢᠳᠡᠯ ᠢ | ᠴᠠᠭ ᠲᠣᠬᠠᠢ ᠳᠤᠨᠢ ᠲᠣᠰ ᠱᠠᠳᠣᠨ ᠤ ᠠᠷᠡᠳ ᠤᠨ ᠵᠠᠰᠠᠭ ᠤᠨ ᠣᠷᠳᠣᠨ ᠪᠤᠯᠥᠨ ᠳᠡᠭᠡᠳᠦ ᠨᠢᠭᠡ ᠱᠠᠳᠣᠨ ᠤ ᠴᠠᠭ | ᠠᠭᠤᠷ ᠤᠨ ᠭᠤᠤᠯᠴᠢᠯᠠᠨ ᠬᠠᠮᠢᠶᠡᠷᠬᠤ ᠪᠠᠶᠢᠭᠤᠯᠥᠮᠵᠢ ᠳᠤ ᠮᠡᠳᠡᠬᠦᠯᠬᠦ ᠭᠡᠷᠡᠭᠳᠡᠢ᠃ | ᠶᠠᠮᠠᠷᠪᠡ ᠨᠢᠭᠡᠴᠡ ᠪᠠ ᠬᠤᠪᠢ ᠬᠦᠮᠦᠨ ᠬᠤᠯᠪᠤᠠᠠᠳᠡᠯ ᠪᠦᠬᠦᠢ ᠰᠠᠯᠠᠭ᠎ᠠ ᠮᠦᠴᠢᠷ ᠤᠨ ᠠᠶᠤᠩᠭ᠎ᠠ ᠴᠠᠬᠢᠯᠭᠠᠨ ᠤ | ᠭᠠᠢ ᠭᠠᠮᠰᠢᠭ ᠤᠨ ᠬᠠᠦᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠶᠢ ᠬᠠᠷᠰᠢᠯᠡᠬᠤ ᠪᠠ ᠬᠤᠷᠢᠠᠠᠯᠠᠵᠦ ᠪᠤᠯᠬᠤ | ᠦᠭᠡᠢ᠃ | ᠭᠤᠴᠢᠨ ᠨᠢᠭᠡᠳᠣᠭᠡᠷ ᠵᠦᠢᠯ ᠡᠯ᠎ᠠ ᠬᠤᠯᠪᠤᠠᠠᠳᠡᠯ ᠪᠦᠬᠦᠢ ᠨᠢᠭᠡᠴᠡ ᠨᠢ ᠠᠶᠤᠩᠭ᠎ᠠ ᠴᠠᠬᠢᠯᠭᠠᠨ ᠤ ᠭᠠᠢ | ᠭᠠᠮᠰᠢᠭ ᠤᠨ ᠪᠠᠴᠢᠮ ᠪᠠᠶᠢᠳᠡᠯ ᠢ ᠠᠷᠭᠠᠴᠠᠬᠤ ᠳᠥᠰᠥᠯ ᠤᠨ ᠲᠣᠠᠠᠳᠠᠭᠠᠯ ᠶᠣᠰᠣᠭᠠᠷ ᠬᠠᠷᠢᠯᠴᠠᠨ ᠬᠠᠮᠵᠢᠯᠴᠠᠨ | ᠵᠣᠬᠢᠴᠠᠯᠳᠣᠵᠦ᠂ ᠠᠶᠤᠩᠭ᠎ᠠ ᠴᠠᠬᠢᠯᠭᠠᠨ ᠤ ᠭᠠᠢ ᠭᠠᠮᠰᠢᠭ ᠤᠨ ᠪᠠᠴᠢᠮ ᠪᠠᠶᠢᠳᠡᠯ ᠢ ᠠᠷᠭᠠᠴᠠᠵᠦ ᠰᠢᠢᠳᠪᠦᠷᠢᠯᠡᠬᠦ ᠪᠠ | ᠬᠤᠶᠢᠨᠡᠬᠢ ᠠᠵᠢᠯ ᠢ ᠳᠠᠷᠦ᠋ᠢᠬᠠᠨ ᠰᠠᠶᠢᠳᠣᠷ ᠬᠢᠬᠦ ᠭᠡᠷᠡᠭᠳᠡᠢ᠃ | ᠭᠤᠴᠢᠨ ᠬᠤᠶᠠᠳᠣᠭᠠᠷ ᠵᠦᠢᠯ ᠬᠤᠰᠢᠭᠤ ᠰᠢᠶᠡᠨ ᠤ ᠱᠠᠳᠣᠨ ᠠᠴᠠ ᠳᠡᠭᠡᠭᠰᠢᠬᠢ ᠴᠠᠭ ᠠᠭᠤᠷ ᠤᠨ | ᠭᠤᠤᠯᠴᠢᠯᠠᠨ ᠬᠠᠮᠢᠶᠡᠷᠬᠤ ᠪᠠᠶᠢᠭᠤᠯᠥᠮᠵᠢ ᠨᠢ ᠲᠣᠰ ᠵᠠᠰᠠᠭ ᠵᠠᠬᠢᠷᠭᠠᠨ ᠤ ᠣᠷᠣᠨ ᠳᠤ ᠭᠠᠷᠣᠠᠠᠰᠠᠨ ᠠᠶᠤᠩᠭ᠎ᠠ | ᠴᠠᠬᠢᠯᠭᠠᠨ ᠤ ᠭᠠᠢ ᠭᠠᠮᠰᠢᠭ ᠤᠨ ᠪᠠᠶᠢᠳᠡᠯ ᠢ ᠴᠠᠭ ᠲᠣᠬᠠᠢ ᠳᠤᠨᠢ ᠪᠦᠷᠢᠳᠬᠡᠨ ᠵᠠᠳᠡᠯᠥᠯᠳᠡ ᠬᠢᠵᠦ᠂ ᠪᠦᠷᠢᠳᠭᠡᠭᠰᠡᠨ | ᠦᠷ᠎ᠠ ᠳ᠋ᠦᠡᠭ ᠢᠶᠠᠨ ᠴᠠᠭ ᠲᠣᠬᠠᠢ ᠳᠤᠨᠢ ᠲᠣᠰ ᠱᠠᠳᠣᠨ ᠤ ᠠᠷᠡᠳ ᠤᠨ ᠵᠠᠰᠠᠭ ᠤᠨ ᠣᠷᠳᠣᠨ ᠪᠤᠯᠥᠨ ᠳᠡᠭᠡᠳᠦ | ᠨᠢᠭᠡ ᠱᠠᠳᠣᠨ ᠤ ᠴᠠᠭ ᠠᠭᠤᠷ ᠤᠨ ᠭᠤᠤᠯᠴᠢᠯᠠᠨ ᠬᠠᠮᠢᠶᠡᠷᠬᠤ ᠪᠠᠶᠢᠭᠤᠯᠥᠮᠵᠢ ᠳᠤ ᠮᠡᠳᠡᠬᠦᠯᠬᠦ ᠶᠢᠨ ᠬᠠᠮᠳᠣ᠂ ᠨᠡᠶᠢᠭᠡᠮ | ᠨᠡᠶᠢᠲᠡ ᠳᠤ ᠨᠡᠶᠢᠳᠡᠯᠡᠬᠦ ᠭᠡᠷᠡᠭᠳᠡᠢ᠃ | | | ᠲᠠᠪᠤᠳᠣᠭᠠᠷ ᠪᠦᠯᠥᠭ ᠬᠠᠦᠯᠢ ᠴᠠᠭᠠᠵᠠ ᠶᠢᠨ ᠬᠠᠷᠢᠭᠤᠴᠠᠯᠭ᠎ᠠ | | | ᠭᠤᠴᠢᠨ ᠭᠤᠷᠪᠠᠳᠣᠭᠠᠷ ᠵᠦᠢᠯ ᠬᠤᠰᠢᠭᠤ ᠰᠢᠶᠡᠨ ᠤ ᠱᠠᠳᠣᠨ ᠠᠴᠠ ᠳᠡᠭᠡᠭᠰᠢᠬᠢ ᠠᠷᠡᠳ ᠤᠨ ᠵᠠᠰᠠᠭ ᠤᠨ | ᠣᠷᠳᠣᠨ᠂ ᠬᠤᠰᠢᠭᠤ ᠰᠢᠶᠡᠨ ᠤ ᠱᠠᠳᠣᠨ ᠠᠴᠠ ᠳᠡᠭᠡᠭᠰᠢᠬᠢ ᠴᠠᠭ ᠠᠭᠤᠷ ᠤᠨ ᠭᠤᠤᠯᠴᠢᠯᠠᠨ ᠬᠠᠮᠢᠶᠡᠷᠬᠤ | ᠪᠠᠶᠢᠭᠤᠯᠥᠮᠵᠢ ᠵᠢᠴᠢ ᠬᠤᠯᠪᠤᠠᠠᠳᠡᠯ ᠪᠦᠬᠦᠢ ᠰᠠᠯᠠᠭ᠎ᠠ ᠮᠦᠴᠢᠷ ᠪᠤᠯᠥᠨ ᠳᠡᠬᠦᠨ ᠤ ᠠᠵᠢᠯᠳᠡᠨ ᠨᠢ ᠳᠣᠣᠷᠠᠬᠢ ᠦᠢᠯᠡ | ᠠᠵᠢᠯᠯᠠᠭ᠎ᠠ ᠶᠢᠨ ᠨᠢᠭᠡ ᠨᠢ ᠪᠠᠶᠢᠪᠡᠯ᠂ ᠰᠢᠭᠤᠳ ᠬᠠᠷᠢᠭᠤᠴᠠᠵᠦ ᠪᠠᠶᠢᠭ᠎ᠠ ᠭᠤᠤᠯᠴᠢᠯᠠᠨ ᠬᠠᠮᠢᠶᠠᠷᠬᠤ ᠠᠵᠢᠯᠳᠡᠨ ᠪᠤᠶᠤ | ᠰᠢᠭᠤᠳ ᠬᠠᠷᠢᠭᠤᠴᠠᠯᠭ᠎ᠠ ᠲᠠᠢ ᠬᠦᠮᠦᠨ ᠳᠤ ᠬᠠᠦᠯᠢ ᠶᠣᠰᠣᠭᠠᠷ ᠵᠠᠰᠠᠭ ᠵᠠᠬᠢᠷᠭᠠᠨ ᠤ ᠰᠢᠳᠭᠡᠯ ᠦᠭᠭᠦᠨ᠎ᠡ︔ | ᠶᠠᠯ᠎ᠠ ᠳᠤ ᠬᠦᠷᠦᠭᠰᠡᠨ ᠪᠣᠯ ᠡᠷᠡᠬᠦᠥ ᠶᠢᠨ ᠭᠡᠷᠩ ᠤᠨ ᠬᠠᠷᠢᠭᠤᠴᠠᠯᠭ᠎ᠠ ᠨᠡᠭᠡᠮᠵᠢᠯᠡᠬᠦ ᠬᠡᠷᠡᠭᠲᠡᠢ᠄ | ︵ᠨᠢᠭᠡ︶ ᠨᠦᠬᠦᠴᠡᠯ ᠳᠤ ᠨᠡᠶᠢᠴᠡᠬᠦ ᠦᠭᠡᠢ ᠨᠢᠭᠡᠴᠡ ᠳᠤ ᠠᠶᠤᠩᠭ᠎ᠠ ᠰᠡᠷᠭᠡᠶᠢᠯᠡᠬᠦ ᠲᠤᠨᠤᠭ | ᠳᠥᠬᠦᠭᠡᠷᠦᠮᠵᠢ ᠶᠢᠨ ᠪᠠᠶᠢᠴᠠᠭᠠᠨ ᠰᠢᠨᠵᠢᠬᠦ ᠬᠢᠷᠢ ᠭᠡᠮ ᠤᠨ ᠦᠨᠡᠮᠯᠠᠯ ᠣᠯᠭᠤᠠᠠᠰᠠᠨ︔ | ︵ᠬᠤᠶᠡᠷ︶ ᠮᠡᠷᠭᠡᠵᠢᠯ ᠤᠨ ᠪᠡᠷᠢᠮᠵᠢᠶ᠎ᠠ ᠳᠤ ᠨᠡᠶᠢᠴᠡᠬᠦ ᠦᠭᠡᠢ ᠠᠶᠤᠩᠭ᠎ᠠ ᠰᠡᠷᠭᠡᠶᠢᠯᠡᠬᠦ ᠲᠤᠨᠤᠭ | ᠳᠥᠬᠦᠭᠡᠷᠦᠮᠵᠢ ᠶᠢᠨ ᠵᠢᠷᠤᠭ ᠳᠥᠯᠥᠪᠯᠡᠭᠡ ᠶᠢᠨ ᠳᠥᠰᠥᠯ ᠳᠤ ᠠᠶᠤᠩᠭ᠎ᠠ ᠰᠡᠷᠭᠡᠶᠢᠯᠡᠬᠦ ᠲᠤᠨᠤᠭ ᠳᠥᠬᠦᠭᠡᠷᠦᠮᠵᠢ ᠶᠢᠨ | ᠵᠢᠷᠤᠭ ᠳᠥᠯᠥᠪᠯᠡᠭᠡ ᠶᠢᠨ ᠬᠢᠨᠡᠨ ᠵᠦᠪᠰᠢᠶᠡᠷᠡᠭᠰᠡᠨ ᠪᠢᠴᠢᠭ ᠬᠢᠵᠦ ᠦᠭᠬᠦᠭᠰᠡᠨ︔ | ︵ᠭᠤᠷᠪᠡ︶ ᠱᠠᠭᠠᠷᠳᠡᠯᠭ᠎ᠠ ᠳᠤ ᠨᠡᠶᠢᠴᠡᠬᠦ ᠦᠭᠡᠢ ᠠᠶᠤᠩᠭ᠎ᠠ ᠰᠡᠷᠭᠡᠶᠢᠯᠡᠬᠦ ᠲᠤᠨᠤᠭ ᠳᠥᠬᠦᠭᠡᠷᠦᠮᠵᠢ ᠳᠤ | ᠠᠶᠤᠩᠭ᠎ᠠ ᠰᠡᠷᠭᠡᠶᠢᠯᠡᠬᠦ ᠲᠤᠨᠤᠭ ᠳᠥᠬᠦᠭᠡᠷᠦᠮᠵᠢ ᠶᠢᠨ ᠰᠢᠯᠭᠠᠨ ᠠᠪᠬᠤ ᠰᠠᠨᠠᠯ ᠤᠨ ᠪᠢᠴᠢᠭ ᠬᠢᠵᠦ ᠦᠭᠬᠦᠭᠰᠡᠨ︔ | ︵ᠳᠥᠷᠪᠡ︶ ᠠᠶᠤᠩᠭ᠎ᠠ ᠴᠠᠬᠢᠯᠭᠠᠨ ᠤ ᠭᠠᠢ ᠭᠠᠮᠰᠢᠭ ᠪᠠ ᠭᠠᠮᠰᠢᠭ ᠤᠨ ᠪᠠᠶᠢᠳᠡᠯ ᠢ ᠨᠢᠭᠤᠭᠠᠳ | ᠮᠡᠳᠡᠬᠦᠯᠥᠭᠰᠡᠨ ᠦᠭᠡᠢ᠂ ᠬᠤᠳᠡᠯ ᠢᠶᠠᠷ ᠮᠡᠳᠡᠬᠦᠯᠥᠭᠰᠡᠨ ᠪᠣᠶᠣ ᠣᠳᠠᠭᠠᠰᠢᠷᠡᠭᠤᠯᠥᠭᠠᠳ ᠦᠯᠥ ᠮᠡᠳᠡᠬᠦᠯᠥᠭᠰᠡᠨ︔ | ︵ᠲᠠᠪᠤ︶ ᠠᠶᠤᠩᠭ᠎ᠠ ᠴᠠᠬᠢᠯᠭᠠᠨ ᠤ ᠭᠠᠢ ᠭᠠᠮᠰᠢᠭ ᠤᠨ ᠪᠠᠴᠢᠮ ᠪᠠᠶᠢᠳᠡᠯ ᠢ ᠠᠷᠭᠠᠴᠠᠬᠤ ᠳᠥᠰᠥᠯ ᠤᠨ | ᠱᠠᠭᠠᠷᠳᠡᠯᠭ᠎ᠠ ᠶᠣᠰᠣᠭᠠᠷ ᠡᠬᠦᠷᠭᠡ ᠬᠠᠷᠢᠭᠤᠴᠠᠯᠭ᠎ᠠ ᠪᠠᠨ ᠦᠯᠥ ᠬᠦᠢᠴᠡᠳᠭᠡᠭᠰᠡᠨ︔ | ︵ᠵᠢᠷᠭᠤᠭ᠎ᠠ︶ ᠠᠶᠤᠩᠭ᠎ᠠ ᠴᠠᠬᠢᠯᠭᠠᠨ ᠤ ᠭᠠᠢ ᠭᠠᠮᠰᠢᠭ ᠢ ᠰᠡᠷᠭᠡᠶᠢᠯᠡᠨ ᠬᠤᠷᠢᠠᠠᠯᠠᠬᠤ᠂ ᠪᠠᠴᠢᠮ ᠪᠠᠶᠢᠳᠡᠯ ᠢ | ᠠᠷᠭᠠᠴᠠᠵᠦ ᠰᠢᠢᠳᠪᠦᠷᠢᠯᠡᠬᠦ ᠲᠣᠮᠳᠡ ᠪᠣᠰᠣᠳ ᠬᠤᠪᠢ ᠶᠢᠨ ᠨᠠᠶᠢᠷ ᠢᠶᠠᠷ ᠬᠠᠦᠯᠢ ᠶᠣᠰᠥ ᠠᠴᠠ ᠵᠦᠷᠢᠴᠡᠭᠰᠡᠨ᠂ | ᠡᠬᠦᠷᠭᠡ ᠲᠣᠰᠢᠶᠡᠯ ᠳᠠᠭᠠᠨ ᠣᠰᠣᠯᠳ᠋ᠬᠠᠰᠠᠨ᠂ ᠡᠷᠬᠡ ᠲᠣᠰᠢᠶᠡᠯ ᠢᠶᠠᠨ ᠲᠣᠷ᠎ᠠ ᠪᠠᠷ ᠭᠡᠷᠡᠭᠯᠡᠭᠰᠡᠨ ᠦᠢᠯᠡ ᠠᠵᠢᠯᠯᠠᠭ᠎ᠠ᠃ | | ᠭᠤᠴᠢᠨ ᠳᠥᠷᠪᠡᠳᠣᠭᠡᠷ ᠵᠦᠢᠯ ᠲᠣᠰ ᠠᠷᠭ᠎ᠠ ᠶᠢᠨ ᠠᠷᠪᠡᠨ ᠵᠢᠷᠭᠤᠳᠣᠭᠠᠷ ᠵᠦᠢᠯ ᠤᠨ ᠲᠣᠠᠠᠳᠠᠭᠠᠯ ᠠᠴᠠ | ᠵᠦᠷᠢᠴᠡᠵᠦ᠂ ᠠᠶᠤᠩᠭ᠎ᠠ ᠰᠡᠷᠭᠡᠶᠢᠯᠡᠬᠦ ᠲᠤᠨᠤᠭ ᠳᠥᠬᠦᠭᠡᠷᠦᠮᠵᠢ ᠶᠢᠨ ᠪᠠᠶᠢᠴᠠᠭᠠᠨ ᠰᠢᠨᠵᠢᠬᠦ ᠪᠠᠶᠢᠭᠤᠯᠥᠮᠵᠢ ᠨᠢ | ᠪᠠᠶᠢᠴᠠᠭᠠᠨ ᠰᠢᠨᠵᠢᠭᠰᠡᠨ ᠬᠤᠳᠡᠯ ᠬᠠᠭᠤᠷᠮᠠᠭ ᠮᠡᠳᠡᠬᠦᠯᠥᠯᠳᠡ ᠭᠠᠷᠭᠠᠨ ᠦᠭᠴᠥ᠂ ᠬᠤᠰᠢᠭᠤ ᠰᠢᠶᠡᠨ ᠤ | ᠱᠠᠳᠣᠨ ᠠᠴᠠ ᠳᠡᠭᠡᠭᠰᠢᠬᠢ ᠴᠠᠭ ᠠᠭᠤᠷ ᠤᠨ ᠭᠤᠤᠯᠴᠢᠯᠠᠨ ᠬᠠᠮᠢᠶᠡᠷᠬᠤ ᠪᠠᠶᠢᠭᠤᠯᠥᠮᠵᠢ ᠠᠴᠠ ᠬᠤᠭᠤᠴᠠᠭ᠎ᠠ | ᠬᠢᠵᠠᠭᠠᠷᠯᠡᠨ ᠵᠠᠯᠠᠷᠡᠭᠤᠯᠬᠤ ᠪᠠᠷ ᠵᠠᠷᠯᠢᠠᠠᠳ᠋ᠬᠠᠰᠠᠨ︔ ᠬᠤᠭᠤᠴᠠᠭ᠎ᠠ ᠨᠢ ᠦᠩᠭᠡᠷᠡᠭᠡᠳ ᠦᠯᠥ ᠵᠠᠯᠠᠷᠡᠭᠤᠯᠥᠠᠠᠰᠠᠨ ᠪᠣᠯ 1 | ᠳᠥᠮᠡᠨ ᠳᠥᠬᠦᠷᠢᠭ ᠠᠴᠠ ᠳᠡᠭᠡᠭᠰᠢ 3 ᠳᠥᠮᠡᠨ ᠳᠥᠬᠦᠷᠢᠭ ᠠᠴᠠ ᠲᠣᠷᠣᠠᠠᠰᠢ ᠵᠤᠭᠤᠰ ᠢᠶᠠᠷ ᠲᠣᠷᠭᠤᠭᠠᠨ᠎ᠠ︔ | ᠪᠣᠰᠣᠳ ᠲᠤ ᠬᠤᠬᠢᠷᠡᠯ ᠣᠴᠠᠷᠡᠭᠤᠯᠥᠠᠠᠰᠠᠨ ᠪᠣᠯ ᠬᠠᠦᠯᠢ ᠶᠣᠰᠣᠭᠠᠷ ᠳᠥᠯᠥᠪᠦᠷᠢ ᠦᠭᠬᠦ ᠬᠠᠷᠢᠭᠤᠴᠠᠯᠭ᠎ᠠ | ᠡᠬᠦᠷᠭᠡᠯᠡᠬᠦᠯᠥᠨᠠ᠃ | ᠭᠤᠴᠢᠨ ᠲᠠᠪᠤᠳᠣᠭᠠᠷ ᠵᠦᠢᠯ ᠲᠣᠰ ᠠᠷᠭ᠎ᠠ ᠶᠢᠨ ᠲᠣᠠᠠᠳᠠᠭᠠᠯ ᠠᠴᠠ ᠵᠦᠷᠢᠴᠠᠵᠦ ᠳᠣᠣᠷᠠᠬᠢ ᠦᠢᠯᠡ | ᠠᠵᠢᠯᠯᠠᠭ᠎ᠠ ᠶᠢᠨ ᠨᠢᠭᠡ ᠨᠢ ᠪᠠᠶᠢᠪᠠᠯ᠂ ᠬᠤᠰᠢᠭᠤ ᠰᠢᠶᠡᠨ ᠤ ᠱᠠᠳᠣᠨ ᠠᠴᠠ ᠳᠡᠭᠡᠭᠰᠢᠬᠢ ᠴᠠᠭ ᠠᠭᠤᠷ ᠤᠨ | ᠭᠤᠤᠯᠴᠢᠯᠠᠨ ᠬᠠᠮᠢᠶᠡᠷᠬᠤ ᠪᠠᠶᠢᠭᠤᠯᠥᠮᠵᠢ ᠠᠴᠠ ᠬᠤᠭᠤᠴᠠᠭ᠎ᠠ ᠬᠢᠵᠠᠭᠠᠷᠯᠠᠨ ᠵᠠᠯᠠᠷᠡᠭᠤᠯᠬᠤ ᠪᠠᠷ ᠵᠠᠷᠯᠢᠠᠠᠳᠠᠵᠦ᠂ | ᠬᠤᠭᠤᠴᠠᠭ᠎ᠠ ᠨᠢ ᠦᠩᠭᠡᠷᠡᠭᠡᠳ ᠵᠠᠯᠠᠷᠡᠭᠤᠯᠥᠠᠠᠰᠠᠨ ᠦᠭᠡᠢ ᠪᠣᠯ 1 ᠳᠥᠮᠡᠨ ᠳᠥᠬᠦᠷᠢᠭ ᠠᠴᠠ ᠲᠣᠷᠣᠠᠠᠰᠢ | ᠵᠤᠭᠤᠰ ᠢᠶᠠᠷ ᠲᠣᠷᠭᠤᠭᠠᠨ᠎ᠠ︔ ᠦᠢᠯᠡ ᠪᠠᠶᠢᠳᠡᠯ ᠨᠢ ᠬᠦᠨᠳᠦ ᠨᠣᠴᠢᠳᠡᠢ ᠪᠣᠯ 1 ᠳᠥᠮᠡᠨ ᠳᠥᠬᠦᠷᠢᠭ ᠠᠴᠠ | ᠳᠡᠭᠡᠭᠰᠢ 3 ᠳᠥᠮᠡᠨ ᠳᠥᠬᠦᠷᠢᠭ ᠠᠴᠠ ᠲᠣᠷᠣᠠᠠᠰᠢ ᠵᠤᠭᠤᠰ ᠢᠶᠠᠷ ᠲᠣᠷᠭᠤᠭᠠᠵᠦ᠂ ᠪᠣᠰᠣᠳ ᠲᠤ ᠬᠤᠬᠢᠷᠡᠯ | ᠣᠴᠠᠷᠡᠭᠤᠯᠥᠠᠠᠰᠠᠨ ᠪᠣᠯ ᠬᠠᠦᠯᠢ ᠶᠣᠰᠣᠭᠠᠷ ᠳᠥᠯᠥᠪᠦᠷᠢ ᠦᠭᠬᠦ ᠬᠠᠷᠢᠭᠤᠴᠠᠯᠭ᠎ᠠ ᠡᠬᠦᠷᠭᠡᠯᠡᠬᠦᠯᠥᠨᠠ᠃ ᠬᠠᠦᠯᠢ | ᠴᠠᠭᠠᠵᠠ᠂ ᠵᠠᠰᠠᠭ ᠵᠠᠬᠢᠷᠭᠠᠨ ᠤ ᠬᠠᠦᠯᠢ ᠲᠣᠠᠠᠳᠠᠭᠠᠯ ᠳᠤ ᠠᠰᠳᠠᠭᠠᠨ ᠰᠢᠳᠭᠡᠬᠦ ᠲᠣᠠᠠᠳᠠᠭᠠᠯ ᠲᠠᠢ ᠪᠣᠯ ᠲᠡᠭᠦᠨ ᠢ | ᠭᠡᠷᠡᠭᠵᠢᠬᠦᠯᠥᠨ᠎ᠡ᠄ | ︵ᠨᠢᠭᠡ︶ ᠠᠶᠤᠩᠭ᠎ᠠ ᠰᠡᠷᠭᠡᠶᠢᠯᠡᠬᠦ ᠲᠤᠨᠤᠭ ᠳᠥᠬᠦᠭᠡᠷᠦᠮᠵᠢ ᠣᠠᠠᠰᠠᠷᠡᠬᠤ ᠴᠢᠬᠤᠯᠠᠳᠡᠢ ᠪᠠᠶᠢᠳᠡᠯ᠎ᠠ | ᠣᠠᠠᠰᠠᠷᠬᠠᠰᠠᠨ ᠦᠭᠡᠢ︔ | ︵ᠬᠤᠶᠡᠷ︶ ᠠᠶᠤᠩᠭ᠎ᠠ ᠰᠡᠷᠭᠡᠶᠢᠯᠡᠬᠦ ᠲᠤᠨᠤᠭ ᠳᠥᠬᠦᠭᠡᠷᠦᠮᠵᠢ ᠶᠢᠨ ᠪᠠᠶᠢᠴᠠᠭᠠᠨ ᠰᠢᠨᠵᠢᠬᠦ ᠬᠢᠷᠢ ᠬᠡᠮ ᠦᠭᠡᠢ | ᠵᠢᠴᠢ ᠬᠢᠷᠢ ᠭᠡᠮ ᠤᠨ ᠭᠡᠪᠴᠢᠶ᠎ᠠ ᠠᠴᠠ ᠪᠠᠨ ᠭᠡᠳᠦᠷᠡᠭᠰᠡᠨ ᠪᠠᠶᠢᠴᠠᠭᠠᠨ ᠰᠢᠨᠵᠢᠬᠦ ᠠᠵᠢᠯᠯᠠᠭ᠎ᠠ ᠬᠢᠭᠰᠡᠨ︔ | ︵ᠭᠤᠷᠪᠡ︶ ᠠᠶᠤᠩᠭ᠎ᠠ ᠰᠡᠷᠭᠡᠶᠢᠯᠡᠬᠦ ᠲᠤᠨᠤᠭ ᠳᠥᠬᠦᠭᠡᠷᠦᠮᠵᠢ ᠶᠢᠨ ᠵᠢᠷᠤᠭ ᠳᠥᠯᠥᠪᠯᠡᠭᠡ ᠨᠢ ᠴᠠᠭ | ᠠᠭᠤᠷ ᠤᠨ ᠭᠤᠤᠯᠴᠢᠯᠠᠨ ᠬᠠᠮᠢᠶᠡᠷᠬᠤ ᠪᠠᠶᠢᠭᠤᠯᠥᠮᠵᠢ ᠪᠠᠷ ᠬᠢᠨᠡᠨ ᠬᠠᠷᠭᠤᠭᠤᠯᠥᠠᠠᠰᠠᠨ ᠦᠭᠡᠢ ᠪᠣᠶᠣ ᠬᠢᠨᠡᠨ | ᠬᠠᠷᠭᠤᠭᠤᠯᠳᠡ ᠨᠢ ᠬᠢᠷᠢ ᠳᠡᠩᠴᠡᠬᠦ ᠦᠭᠡᠢ ᠪᠠᠶᠢᠳᠡᠯ᠎ᠠ ᠲᠣᠷ᠎ᠠ ᠪᠠᠷ ᠢᠶᠠᠨ ᠪᠡᠷᠢᠯᠭ᠎ᠠ ᠪᠠᠷᠢᠠᠠᠰᠠᠨ︔ | ︵ᠳᠥᠷᠪᠡ︶ ᠠᠶᠤᠩᠭ᠎ᠠ ᠰᠡᠷᠭᠡᠶᠢᠯᠡᠬᠦ ᠲᠤᠨᠤᠭ ᠳᠥᠬᠦᠭᠡᠷᠦᠮᠵᠢ ᠨᠢ ᠠᠵᠢᠯ ᠲᠠᠭᠤᠰᠴᠥ ᠰᠢᠯᠭᠠᠨ | ᠠᠪᠤᠭᠠᠳᠣᠢ ᠪᠣᠶᠣ ᠰᠢᠯᠭᠠᠨ ᠠᠪᠬᠤ ᠳᠤ ᠬᠢᠷᠢ ᠳᠡᠩᠴᠡᠬᠦ ᠦᠭᠡᠢ ᠪᠠᠶᠢᠳᠡᠯ᠎ᠠ ᠲᠣᠷ᠎ᠠ ᠪᠠᠷ ᠢᠶᠠᠨ ᠲᠣᠰᠢᠶᠡᠨ | ᠭᠡᠷᠡᠭᠯᠡᠬᠦᠯᠥᠭᠰᠡᠨ︔ | ︵ᠲᠠᠪᠤ︶ ᠠᠶᠤᠩᠭ᠎ᠠ ᠰᠡᠷᠭᠡᠶᠢᠯᠡᠬᠦ ᠲᠤᠨᠤᠭ ᠳᠥᠬᠦᠭᠡᠷᠦᠮᠵᠢ ᠨᠢ ᠠᠵᠢᠯ ᠲᠠᠭᠤᠰᠴᠥ ᠰᠢᠯᠭᠠᠨ ᠠᠪᠬᠤ ᠳᠤ | ᠬᠢᠷᠢ ᠳᠡᠩᠴᠡᠭᠰᠡᠨ ᠦᠭᠡᠢ᠂ ᠴᠠᠭ ᠠᠭᠤᠷ ᠤᠨ ᠭᠤᠤᠯᠴᠢᠯᠠᠨ ᠬᠠᠮᠢᠶᠡᠷᠬᠤ ᠪᠠᠶᠢᠭᠤᠯᠥᠮᠵᠢ ᠠᠴᠠ ᠬᠤᠭᠤᠴᠠᠭ᠎ᠠ | ᠬᠢᠵᠠᠭᠠᠷᠯᠡᠨ ᠵᠠᠯᠠᠷᠡᠭᠤᠯᠬᠤ ᠪᠠᠷ ᠵᠠᠷᠯᠢᠠᠠᠳᠠᠵᠦ᠂ ᠬᠤᠭᠤᠴᠠᠭ᠎ᠠ ᠨᠢ ᠦᠩᠭᠡᠷᠡᠭᠡᠳ ᠵᠠᠯᠠᠷᠡᠭᠤᠯᠥᠠᠠᠰᠠᠨ ᠦᠭᠡᠢ ᠪᠠᠶᠢᠬᠤ︔ | | ︵ᠵᠢᠷᠭᠤᠭ᠎ᠠ︶ ᠠᠶᠤᠩᠭ᠎ᠠ ᠰᠡᠷᠭᠡᠶᠢᠯᠡᠬᠦ ᠲᠤᠨᠤᠭ ᠳᠥᠬᠦᠭᠡᠷᠦᠮᠵᠢ ᠭᠡᠷᠡᠭᠯᠡᠬᠦ ᠨᠢᠭᠡᠴᠡ ᠨᠢ ᠲᠣᠠᠠᠳᠠᠭᠠᠯ | ᠶᠣᠰᠣᠭᠠᠷ ᠲᠣᠠᠠᠳᠠᠮᠠᠯ ᠬᠤᠭᠤᠴᠠᠭ᠎ᠠ ᠲᠠᠢ ᠪᠠᠷ ᠪᠠᠶᠢᠴᠠᠭᠠᠨ ᠰᠢᠨᠵᠢᠭᠰᠡᠨ ᠦᠭᠡᠢ ᠪᠣᠶᠣ ᠪᠠᠶᠢᠴᠠᠭᠠᠨ ᠰᠢᠨᠵᠢᠬᠦ ᠪᠠᠷ | ᠳᠡᠮᠵᠢᠭᠠᠳ ᠬᠢᠷᠢ ᠳᠡᠩᠴᠡᠬᠦ ᠦᠭᠡᠢ ᠪᠠᠶᠢᠳᠠᠯ᠎ᠠ ᠴᠡᠭᠴᠡᠯᠡᠨ ᠦᠭᠡᠷᠡᠴᠢᠯᠡᠭᠰᠡᠨ ᠦᠭᠡᠢ ᠪᠠᠶᠢᠬᠤ᠃ | | | ᠵᠢᠷᠭᠤᠳᠣᠭᠠᠷ ᠪᠦᠯᠥᠭ ᠳᠠᠭᠠᠯᠳᠣᠭᠤᠯᠥᠯ ᠳᠥᠷᠢᠮ | | | ᠭᠤᠴᠢᠨ ᠵᠢᠷᠭᠤᠳᠣᠭᠠᠷ ᠵᠦᠢᠯ ᠲᠣᠰ ᠠᠷᠭ᠎ᠠ ᠳᠠᠬᠢ ᠳᠣᠣᠷᠠᠬᠢ ᠦᠭᠡ ᠦᠬᠦᠯᠡᠪᠦᠷᠢ ᠶᠢᠨ ᠠᠭᠤᠯᠬᠤᠨ ᠨᠢ᠄ | ᠠᠶᠤᠩᠭ᠎ᠠ ᠰᠡᠷᠭᠡᠶᠢᠯᠡᠬᠦ ᠪᠡᠷᠢᠯᠭ᠎ᠠ ᠭᠡᠳᠡᠭ ᠨᠢ ᠠᠶᠤᠩᠭ᠎ᠠ ᠴᠠᠬᠢᠯᠭᠠᠨ ᠤ ᠰᠡᠷᠭᠡᠶᠢᠯᠡᠨ ᠬᠠᠮᠠᠭᠠᠯᠠᠬᠤ ᠪᠦᠳᠦᠭᠡᠨ | ᠪᠠᠶᠢᠭᠤᠯᠥᠯᠳᠡ ᠶᠢᠨ ᠳᠥᠷᠦᠯ ᠵᠦᠢᠯ ᠢ ᠵᠢᠭᠠᠵᠦ ᠪᠣᠢ᠂ ᠳᠡᠬᠦᠨ ᠤ ᠴᠢᠳᠠᠮᠵᠢ ᠶᠢ ᠪᠤᠳᠡᠳᠡᠢ ᠪᠠᠷ ᠬᠤᠪᠢᠶᠡᠪᠠᠯ᠄ | ᠰᠢᠭᠤᠳ ᠲᠠᠭᠠᠷᠢᠬᠤ ᠠᠶᠤᠩᠭ᠎ᠠ ᠶᠢ ᠰᠡᠷᠭᠡᠶᠢᠯᠡᠬᠦ ᠪᠠᠷᠢᠯᠭ᠎ᠠ ᠪᠠ ᠠᠶᠤᠩᠭ᠎ᠠ ᠴᠠᠬᠢᠯᠭᠠᠨ ᠤ ᠴᠠᠬᠢᠯᠭᠠᠨ ᠰᠣᠷᠢᠨᠵᠢᠨ ᠤ | ᠯᠤᠠᠠᠰᠢᠯᠳᠡ ᠶᠢᠨ ᠰᠡᠷᠭᠡᠶᠢᠯᠡᠨ ᠬᠠᠮᠠᠭᠠᠯᠠᠬᠤ ᠪᠡᠷᠢᠯᠭ᠎ᠠ ᠪᠤᠯᠥᠨ᠎ᠠ᠃ | ᠰᠢᠭᠤᠳ ᠲᠠᠭᠠᠷᠢᠬᠤ ᠠᠶᠤᠩᠭ᠎ᠠ ᠶᠢ ᠰᠡᠷᠭᠡᠶᠢᠯᠡᠬᠦ ᠪᠠᠷᠢᠯᠭ᠎ᠠ ᠭᠡᠳᠡᠭ ᠨᠢ ᠬᠢᠯᠪᠠᠭᠠᠨ ᠬᠦᠯᠢᠶᠡᠬᠦᠷ ︵ᠠᠶᠤᠩᠭ᠎ᠠ | ᠵᠠᠶᠢᠯᠠᠭᠤᠯᠥᠠᠠᠴᠢ᠂ ᠪᠦᠰᠡ᠂ ᠣᠳᠠᠰᠣ᠂ ᠲᠣᠣᠷ ᠪᠠᠭᠳᠠᠨ᠎ᠠ︶᠂ ᠭᠠᠵᠡᠷ ᠣᠳᠠᠰᠥᠨ ᠵᠠᠯᠭᠠᠭᠤᠷ᠂ ᠭᠠᠵᠡᠷ ᠣᠳᠠᠰᠣᠨ | ᠲᠤᠨᠤᠭ ᠳᠥᠬᠦᠭᠡᠷᠦᠮᠵᠢ ᠵᠢᠴᠢ ᠪᠣᠰᠣᠳ ᠵᠠᠯᠭᠠᠭᠤᠯᠥᠨ ᠳᠡᠮᠵᠢᠭᠤᠯᠥᠠᠠᠴᠢ ᠪᠠᠷ ᠪᠦᠷᠢᠯᠳᠦᠭᠰᠡᠨ᠂ ᠰᠢᠭᠤᠳ ᠲᠠᠭᠠᠷᠢᠬᠤ | ᠠᠶᠤᠩᠭ᠎ᠠ ᠶᠢᠨ ᠴᠢᠳᠠᠮᠵᠢ ᠶᠢ ᠰᠡᠷᠭᠡᠶᠢᠯᠡᠨ ᠬᠤᠷᠢᠠᠠᠯᠠᠬᠤ ᠰᠢᠰᠲ᠋ᠧᠮ ᠤᠨ ᠲᠤᠨᠤᠭ ᠳᠥᠬᠦᠭᠡᠷᠦᠮᠵᠢ ᠶᠢᠨ ᠪᠦᠳᠦᠭᠡᠨ | ᠪᠠᠶᠢᠭᠤᠯᠥᠯᠳᠡ ᠶᠢᠨ ᠳᠥᠷᠦᠯ ᠵᠦᠢᠯ ᠢ ᠵᠢᠭᠠᠵᠦ ᠪᠣᠢ︔ | ᠠᠶᠤᠩᠭ᠎ᠠ ᠴᠠᠬᠢᠯᠭᠠᠨ ᠤ ᠴᠠᠬᠢᠯᠭᠠᠨ ᠰᠣᠷᠢᠨᠵᠢᠨ ᠤ ᠯᠤᠠᠠᠰᠢᠯᠲᠠ ᠶᠢᠨ ᠰᠡᠷᠭᠡᠶᠢᠯᠡᠨ ᠬᠠᠮᠠᠭᠠᠯᠠᠬᠤ ᠪᠡᠷᠢᠯᠭ᠎ᠠ | ᠭᠡᠳᠡᠭ ᠨᠢ ᠴᠠᠬᠢᠯᠭᠠᠨ ᠰᠣᠷᠢᠨᠵᠢᠨ ᠤ ᠬᠠᠯᠬᠠᠪᠴᠢ᠂ ᠢᠵᠢᠯᠢ ᠴᠠᠬᠢᠯᠭᠠᠨ ᠪᠠᠶᠢᠷᠢ ᠶᠢᠨ ᠬᠤᠯᠪᠤᠭᠠᠰᠣ᠂ ᠨᠡᠶᠢᠲᠡ ᠶᠢᠨ | ᠭᠠᠵᠡᠷ ᠣᠳᠠᠰᠣᠨ ᠲᠤᠤᠷ᠂ ᠴᠠᠬᠢᠯᠭᠠᠨ ᠣᠷᠬᠢᠯ ᠤᠨ ᠬᠠᠮᠠᠭᠠᠯᠠᠭᠤᠷ ᠵᠢᠴᠢ ᠪᠣᠰᠣᠳ ᠵᠠᠯᠭᠠᠭᠤᠯᠥᠨ | ᠳᠡᠮᠵᠢᠭᠤᠯᠥᠠᠠᠴᠢ ᠪᠠᠷ ᠪᠦᠷᠢᠯᠳᠦᠭᠰᠡᠨ᠂ ᠠᠶᠤᠩᠭ᠎ᠠ ᠴᠠᠬᠢᠯᠭᠠᠨ ᠤ ᠴᠠᠬᠢᠯᠭᠠᠨ ᠰᠣᠷᠢᠨᠵᠢᠨ ᠤ ᠯᠤᠠᠠᠰᠢᠯᠲᠠ ︵ | ᠠᠶᠤᠩᠭ᠎ᠠ ᠴᠠᠬᠢᠯᠭᠠᠨ ᠤ ᠰᠠᠷᠡᠯ ᠪᠠ ᠠᠶᠤᠩᠭ᠎ᠠ ᠴᠠᠬᠢᠯᠭᠠᠨ ᠤ ᠲᠣᠯᠬᠢᠶᠡᠨ ᠤ ᠨᠡᠪᠴᠢᠯᠳᠡ ᠪᠠᠭᠳᠠᠨ᠎ᠠ︶ ᠶᠢ | ᠰᠡᠷᠭᠡᠶᠢᠯᠡᠨ ᠬᠤᠷᠢᠠᠠᠯᠠᠬᠤ ᠴᠢᠳᠠᠮᠵᠢ ᠲᠠᠢ ᠰᠢᠰᠲ᠋ᠧᠮ ᠤᠨ ᠲᠤᠨᠤᠭ ᠳᠥᠬᠦᠭᠡᠷᠦᠮᠵᠢ ᠶᠢᠨ ᠪᠦᠳᠦᠭᠡᠨ | ᠪᠠᠶᠢᠭᠤᠯᠥᠯᠳᠡ ᠶᠢᠨ ᠳᠥᠷᠦᠯ ᠵᠦᠢᠯ ᠢ ᠵᠢᠭᠠᠵᠦ ᠪᠣᠢ᠃ | ᠠᠶᠤᠩᠭ᠎ᠠ ᠰᠡᠷᠭᠡᠶᠢᠯᠡᠬᠦ ᠲᠤᠨᠤᠭ ᠳᠥᠬᠦᠭᠡᠷᠦᠮᠵᠢ ᠭᠡᠳᠡᠭ ᠨᠢ ᠰᠢᠭᠤᠳ ᠲᠠᠭᠠᠷᠢᠬᠤ ᠠᠶᠤᠩᠭ᠎ᠠ᠂ ᠠᠶᠤᠩᠭ᠎ᠠ | ᠴᠠᠬᠢᠯᠭᠠᠨ ᠤ ᠰᠠᠷᠡᠯ ᠪᠤᠯᠥᠨ ᠠᠶᠤᠩᠭ᠎ᠠ ᠴᠠᠬᠢᠯᠭᠠᠨ ᠲᠣᠯᠬᠢᠶᠡᠨ ᠤ ᠨᠡᠪᠴᠢᠯᠳᠡ ᠶᠢ ᠰᠡᠷᠭᠡᠶᠢᠯᠡᠨ ᠬᠤᠷᠢᠠᠠᠯᠠᠬᠤ | ᠴᠢᠳᠠᠮᠵᠢ ᠲᠠᠢ ᠬᠢᠯᠪᠠᠭᠠᠨ ᠬᠦᠯᠢᠶᠡᠬᠦᠷ᠂ ᠭᠠᠵᠡᠷ ᠣᠳᠠᠰᠥᠨ ᠵᠠᠯᠭᠠᠭᠤᠷ᠂ ᠭᠠᠵᠡᠷ ᠣᠳᠠᠰᠣᠨ ᠲᠤᠨᠤᠭ ᠳᠥᠬᠦᠭᠡᠷᠦᠮᠵᠢ᠂ | ᠴᠠᠬᠢᠯᠭᠠᠨ ᠣᠷᠬᠢᠯ ᠤᠨ ᠬᠠᠮᠠᠭᠠᠯᠠᠭᠤᠷ ᠵᠢᠴᠢ ᠪᠣᠰᠣᠳ ᠵᠠᠯᠭᠠᠭᠤᠯᠥᠨ ᠳᠡᠮᠵᠢᠭᠤᠯᠥᠠᠠᠴᠢ ᠶᠢᠨ ᠶᠡᠷᠦᠩᠭᠡᠢ | ᠨᠡᠷᠡᠶᠢᠳᠦᠯ ᠢ ᠵᠢᠭᠠᠵᠦ ᠪᠣᠢ᠃ | ᠠᠶᠤᠩᠭ᠎ᠠ ᠴᠠᠬᠢᠯᠭᠠᠨ ᠤ ᠭᠠᠢ ᠭᠠᠮᠰᠢᠭ ᠭᠡᠳᠡᠭ ᠨᠢ ᠰᠢᠭᠤᠳ ᠲᠠᠭᠠᠷᠢᠬᠤ ᠠᠶᠤᠩᠭ᠎ᠠ᠂ ᠠᠶᠤᠩᠭ᠎ᠠ | ᠴᠠᠬᠢᠯᠭᠠᠨ ᠤ ᠰᠠᠷᠡᠯ᠂ ᠠᠶᠤᠩᠭ᠎ᠠ ᠴᠠᠬᠢᠯᠭᠠᠨ ᠤ ᠲᠣᠯᠬᠢᠶᠡᠨ ᠤ ᠨᠡᠪᠴᠢᠯᠳᠡ ᠠᠴᠠ ᠪᠤᠯᠥᠠᠠᠰᠠᠨ ᠬᠦᠮᠦᠨ ᠤ ᠰᠢᠷᠬᠠᠳᠣᠯ | ᠪᠠ ᠡ᠊ᠨᠳᠡᠯ᠂ ᠡᠳ᠋ ᠬᠦᠷᠥᠩᠬᠡ ᠶᠢᠨ ᠬᠤᠬᠢᠷᠡᠯ ᠢ ᠵᠢᠭᠠᠵᠦ ᠪᠣᠢ᠃ | ᠭᠤᠴᠢᠨ ᠲᠤᠯᠥᠳᠣᠭᠠᠷ ᠵᠦᠢᠯ ᠲᠣᠰ ᠠᠷᠭ᠎ᠠ ᠶᠢ 2009 ᠣᠨ ᠤ 3 ᠳ᠋ᠣᠭᠠᠷ ᠰᠡᠷ᠎ᠠ ᠶᠢᠨ 1 ᠤ | ᠡᠳᠣᠷ ᠠᠴᠠ ᠡᠬᠢᠯᠡᠨ ᠭᠡᠷᠡᠭᠵᠢᠬᠦᠯᠦᠨ᠎ᠡ᠃ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠡᠳ ᠤᠨ | ᠵᠠᠰᠠᠭ ᠤᠨ ᠣᠷᠳᠣᠨ ᠤ 2002 ᠣᠨ ᠤ 6 ᠳ᠋ᠣᠭᠠᠷ ᠰᠡᠷ᠎ᠠ ᠶᠢᠨ 27 ᠤ ᠡᠳᠣᠷ ᠤᠨ ᠨᠡᠶᠢᠳᠡᠯᠡᠭᠰᠡᠨ 118 ᠳ᠋ᠣᠭᠠᠷ | ᠲᠣᠭᠠᠳᠣ ᠵᠠᠰᠠᠭ ᠤᠨ ᠣᠷᠳᠣᠨ ᠤ ᠵᠠᠷᠯᠢᠭ ︽ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠶᠤᠩᠭ᠎ᠠ | ᠴᠠᠬᠢᠯᠭᠠᠨ ᠤ ᠭᠠᠢ ᠭᠠᠮᠰᠢᠭ ᠤᠨ ᠬᠠᠮᠢᠶᠡᠷᠦᠯᠳᠡ ᠶᠢᠨ ᠠᠷᠭ᠎ᠠ︾ ᠶᠢ ᠬᠠᠮᠳᠣ ᠳᠤᠨᠢ ᠬᠦᠴᠣᠨ ᠦᠭᠡᠢ ᠪᠤᠯᠭᠠᠨ᠎ᠠ᠃ |