ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠠᠵᠢᠯ ᠤᠨ ᠲᠣᠬᠠᠢ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠡ
ᠨᠡᠶᠢᠲᠡᠯᠡᠭᠰᠡᠨ ᠴᠠᠭ᠄
2018/7/13
     7 ᠳ᠋ᠤᠭᠠᠷ ᠰᠠᠷ᠎ᠠ ᠶᠢᠨ 12᠎ ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ  ᠤᠨ ᠣᠷᠳᠣᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠠᠵᠢᠯ ᠤᠨ ᠲᠣᠬᠠᠢ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠡ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠪᠦᠦ ᠵᠧᠨ ᠢᠦᠢ 2018 ᠣᠨ ᠤ ᠳᠡᠭᠡᠷ᠎ᠡ ᠬᠠᠭᠠᠰ ᠵᠢᠯ ᠳᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠠᠵᠢᠯ ᠢ ᠠᠬᠢᠭᠤᠯᠤᠭᠰᠠᠨ ᠪᠠᠶᠢᠳᠠᠯ ᠢ ᠨᠡᠪᠲᠡᠷᠡᠭᠦᠯᠵᠡᠢ᠃ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠳᠠᠷᠤᠭ᠎ᠠ ᠨᠠ ᠸᠧᠶ ᠴᠢᠩ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ ᠶᠢᠨ ᠲᠢᠩᠬᠢᠮ ᠤᠨ ᠳᠠᠷᠤᠭ᠎ᠠ ᠹᠧᠩ ᠷᠧᠨ ᠹᠸᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠳᠡᠳ᠋ ᠳᠠᠷᠤᠭ᠎ᠠ ᠹᠧᠩ ᠬᠦᠬᠡ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠮᠣᠩᠭᠤᠯ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ ᠤᠯᠠᠭᠠᠨ᠂ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠠᠯᠪᠠᠨ ᠬᠡᠷ ᠤᠨ ᠳᠡᠳ᠋ ᠡᠷᠬᠢᠯᠡᠭᠴᠢ ᠬᠠᠨ ᠵᠢᠶᠠᠨ ᠭᠠᠩ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠵᠠᠶ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号