ᠥᠪᠥᠷ ᠮᠣᠩᠭᠤᠯ ᠤᠨ 529 ᠠᠵᠤ ᠠᠬᠤᠶᠢᠯᠠᠯ 1022 ᠭᠠᠴᠠᠭ᠎ᠠ ᠲᠣᠰᠬᠤᠨ ᠢ ᠬᠤᠣᠰᠯᠠᠨ ᠲᠡᠳᠬᠦᠵᠦ ᠪᠣᠢ
ᠨᠡᠶᠢᠲᠡᠯᠡᠭᠰᠡᠨ ᠴᠠᠭ᠄
2018/7/13
     ︽ᠲᠦᠮᠡᠨ ᠠᠵᠤ ᠠᠬᠤᠶᠢᠯᠠᠯ ᠢᠶᠠᠷ ᠲᠦᠮᠡᠨ ᠲᠣᠰᠬᠤᠨ ᠢ ᠲᠡᠳᠬᠦᠬᠦ︾ ᠠᠵᠢᠯᠯᠠᠭ᠎ᠠ ᠳᠤᠮᠳᠠ᠂ ᠥᠪᠥᠷ ᠮᠣᠩᠭᠤᠯ ᠤᠨ 529 ᠠᠵᠤ ᠠᠬᠤᠶᠢᠯᠠᠯ 1022 ᠭᠠᠴᠠᠭ᠎ᠠ ᠲᠣᠰᠬᠤᠨ ᠢ ᠬᠤᠣᠰᠯᠠᠨ ᠲᠡᠳᠬᠦᠵᠦ᠂ 1100 ᠭᠠᠷᠤᠶ ᠲᠦᠷᠦᠯ ᠵᠦᠢᠯ ᠳᠤ 5 ᠳ᠋ᠥᠩᠰᠢᠭᠤᠷ ᠭᠠᠷᠤᠢ ᠲᠥᠭᠦᠷᠢᠭ ᠤᠨ ᠪᠡᠯᠡ ᠣᠷᠤᠭᠤᠯᠤᠨ᠂ 21000 ᠭᠠᠷᠤᠢ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠢ ᠡᠷᠦᠬᠡ ᠶᠢᠨ 56000 ᠭᠠᠷᠤᠢ ᠬᠥᠮᠦᠨ ᠢ ᠳᠠᠶᠢᠴᠢᠯᠠᠪᠠ᠃ ᠡᠭᠦᠨ ᠠᠴᠠ ᠭᠠᠳᠠᠨ᠎ᠠ᠂ ᠪᠡᠭᠡᠵᠢᠩ ᠬᠢᠭᠡᠳ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ ᠪᠣᠯᠣᠨ ᠴᠢᠬ ᠲᠣᠭᠲᠠᠭᠠᠨ ᠬᠠᠪᠰᠤᠷᠤᠨ ᠲᠡᠳᠬᠦᠬᠦ ᠠᠵᠢᠯᠯᠠᠭ᠎ᠠ ᠳᠤᠮᠳᠠ᠂ ᠪᠡᠭᠡᠵᠢᠩ ᠬᠤᠲᠠ ᠠᠵᠢᠯ ᠲᠦᠷᠦᠯ ᠤᠨ ᠰᠢᠰᠲ᠋ᠧᠮ ᠢᠶᠠᠷ ᠢᠶᠠᠨ ᠳᠡᠮᠵᠢᠨ ᠲᠤᠰᠠᠯᠠᠵᠦ ᠪᠠᠶᠢᠭᠰᠠᠨ ᠥᠪᠥᠷ ᠮᠣᠩᠭᠤᠯ ᠤᠨ ᠶᠠᠳᠠᠭᠤ ᠬᠦᠴᠢᠷᠳᠡᠯᠲᠡᠢ 16 ᠬᠤᠰᠢᠭᠤ ᠰᠢᠶᠠᠨ ᠢ ᠥᠷᠭᠡᠳᠬᠡᠭᠡᠳ 31 ᠪᠣᠯᠭᠠᠵᠤ᠂ ᠤᠯᠤᠰ ᠤᠨ ᠳᠡᠰ ᠤᠨ ᠶᠠᠳᠠᠭᠤ ᠬᠦᠴᠢᠷᠳᠡᠯᠲᠡᠢ ᠬᠤᠰᠢᠭᠤ ᠰᠢᠶᠠᠨ ᠢ ᠪᠦᠷᠢᠨ ᠪᠦᠷᠬᠦᠭᠦᠯᠪᠡ᠃ ᠲᠥᠪ ᠤᠨ 26 ᠲᠦᠷᠦ ᠶᠢᠨ ᠪᠠᠶᠢᠭᠤᠯᠭ᠎ᠠ ᠨᠢ ᠮᠠᠨ ᠤ ᠣᠷᠣᠨ ᠤ 31 ᠤᠯᠤᠰ ᠤᠨ ᠲᠠᠰ ᠤᠨ ᠶᠠᠳᠠᠭᠤ ᠬᠦᠴᠢᠷᠳᠡᠯᠲᠡᠢ ᠬᠤᠰᠢᠭᠤ ᠰᠢᠶᠠᠨ ᠢ ᠴᠢᠭ᠋ ᠲᠣᠭᠲᠠᠭᠠᠨ ᠬᠠᠪᠰᠤᠷᠤᠨ ᠲᠡᠳᠬᠦᠵᠦ ᠪᠣᠢ᠃ ᠥᠪᠡᠷᠲᠡᠭᠡᠨ ᠵᠠᠰᠠᠬᠤ ᠣᠷᠣᠨ ᠤ 169 ᠰᠢᠭᠤᠳ ᠬᠠᠷᠢᠶ᠎ᠠ ᠪᠠᠶᠢᠭᠤᠯᠭ᠎ᠠ ᠨᠢᠭᠡᠴᠡ ᠬᠢᠩᠭᠠᠨ ᠠᠶᠢᠮᠠᠭ᠂ ᠤᠯᠠᠭᠠᠨᠴᠠᠪ ᠬᠤᠲᠠ ᠶᠢᠨ 169 ᠶᠠᠳᠠᠭᠤ ᠬᠦᠴᠢᠷᠳᠡᠯᠲᠡᠶ ᠭᠠᠴᠠᠭ᠎ᠠ ᠲᠣᠰᠬᠤᠨ ᠢ ᠴᠢᠭ᠋ ᠲᠣᠭᠲᠠᠭᠠᠨ ᠬᠠᠪᠰᠤᠷᠤᠨ ᠲᠡᠳᠬᠦᠵᠦ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ 21 ᠪᠠᠶᠢᠭᠤᠯᠭ᠎ᠠ ᠨᠢᠭᠡᠴᠡ ᠬᠥᠯᠥᠨ ᠪᠤᠶᠢᠷ ᠬᠤᠲᠠ ᠶᠢᠨ ᠣᠷᠴᠣᠨ ᠤ ᠥᠪᠡᠷᠲᠡᠭᠡᠨ ᠵᠠᠰᠠᠬᠤ ᠬᠤᠰᠢᠭᠤ᠂ ᠮᠤᠷᠢᠨ ᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ ᠵᠢᠴᠢ ᠡᠷᠭᠦᠨ᠎ᠡ ᠬᠤᠲᠠ ᠶᠢᠨ ᠤᠷᠤᠰ ᠦᠨᠳᠦᠰᠦᠲᠡᠨ ᠲᠥᠪᠯᠡᠷᠡᠨ ᠰᠠᠭᠤᠭ᠎ᠠ ᠲᠣᠭᠤᠷᠢᠭ ᠢ ᠭᠤᠣᠯᠳᠠᠯᠭ᠎ᠠ ᠲᠠᠢ ᠬᠠᠪᠰᠤᠷᠤᠨ ᠲᠡᠳᠬᠦᠵᠦ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号