ᠮᠠᠨ ᠤ ᠤᠷᠤᠨ 7 ᠳ᠋ᠤᠭᠠᠷ ᠰᠠᠷ᠎ᠠ ᠶᠢᠨ 12 ᠤᠨ ᠡᠳᠦᠷ ᠤᠨ 10 ᠴᠠᠭ ᠠᠴᠠ ᠡᠬᠢᠯᠡᠨ ᠦᠶᠡᠷ ᠢ | ᠰᠡᠷᠭᠡᠶᠢᠯᠡᠬᠦ ᠲᠠᠯ᠎ᠠ ᠪᠠᠷ ᠪᠠᠴᠢᠮ ᠪᠠᠶᠢᠳᠠᠯ ᠢ ᠠᠷᠭᠠᠴᠠᠬᠤ IV ᠳᠡᠰ ᠤᠨ ᠲᠤᠰᠬᠠᠯ ᠢ ᠡᠬᠢᠯᠡᠭᠦᠯᠪᠡ᠃ ᠤᠶᠢᠷ᠎ᠠ ᠶᠢᠨ | ᠡᠳᠦᠷ ᠵᠠᠯᠭᠠᠭ᠎ᠠ ᠪᠠᠷ ᠪᠤᠷᠤᠭᠠᠨ ᠤᠷᠤᠭᠰᠠᠨ ᠨᠦᠯᠦᠭᠡ ᠪᠠᠷ᠂ ᠬᠠᠳᠤᠨ ᠭᠤᠤᠯ ᠤᠨ ᠳᠡᠭᠡᠳᠤ ᠤᠷᠤᠰᠬᠠᠯ ᠳᠤ ᠡᠨᠡ | ᠵᠢᠯ ᠤᠨ 1 ᠳ᠋ᠦ᠋ᠭᠡᠷ ᠲᠣᠭᠠᠲᠤ ᠦᠶᠡᠷ ᠡᠭᠦᠰᠴᠠᠢ᠃ 7 ᠳ᠋ᠤᠭᠠᠷ ᠰᠠᠷ᠎ᠠ ᠶᠢᠨ 3 ᠤ ᠡᠳᠦᠷ ᠠᠴᠠ ᠨᠠᠰᠢ᠂ ᠬᠠᠳᠤᠨ | ᠭᠤᠤᠯ ᠤᠨ ᠮᠠᠨ ᠤ ᠤᠷᠤᠨ ᠤ ᠬᠢᠯᠢ ᠳᠤ ᠤᠷᠤᠵᠤ ᠢᠷᠡᠭᠰᠡᠨ ᠤᠷᠤᠰᠬᠠᠯ ᠤᠨ ᠬᠡᠮᠵᠢᠶ᠎ᠠ ᠰᠧᠺᠦ᠋ᠨ᠋ᠳ᠋ ᠪᠦᠷᠢ 1500 | ᠪᠤᠰᠤᠭ᠎ᠠ ᠳᠦᠷᠪᠡᠯᠵᠢᠨ ᠮᠧᠲᠷ ᠲᠤ ᠬᠦᠷᠦᠭᠰᠡᠨ ᠪᠦᠭᠡᠳ ᠳᠡᠭᠡᠳᠦ ᠤᠷᠤᠰᠬᠠᠯ ᠠᠴᠠ ᠢᠷᠡᠬᠦ ᠤᠰᠤᠨ ᠤ ᠬᠡᠮᠵᠢᠶ᠎ᠠ | ᠮᠦᠨ ᠬᠦ ᠨᠡᠮᠡᠭᠳᠡᠵᠤ ᠪᠠᠶᠢᠨ᠎ᠠ᠃ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠦᠶᠡᠷ ᠢ | ᠰᠡᠷᠭᠡᠶᠢᠯᠡᠵᠤ ᠭᠠᠩ ᠲᠠᠢ ᠲᠡᠮᠡᠴᠡᠬᠦ ᠪᠠᠴᠢᠮ ᠪᠠᠶᠢᠳᠠᠯ ᠢ ᠠᠷᠭᠠᠴᠠᠬᠤ ᠲᠦᠰᠦᠯ︾ ᠤᠨ ᠬᠤᠯᠪᠤᠭᠳᠠᠯ ᠪᠦᠬᠦᠢ | ᠲᠤᠭᠳᠠᠭᠠᠯ ᠢ ᠦᠨᠳᠦᠰᠦᠯᠡᠵᠤ᠂ ᠦᠪᠡᠷᠳᠡᠭᠡᠨ ᠵᠠᠰᠠᠬᠤ ᠤᠷᠤᠨ ᠤ ᠦᠶᠡᠷ ᠢ ᠰᠡᠷᠭᠡᠶᠢᠯᠡᠵᠤ ᠭᠠᠩ ᠲᠠᠢ ᠲᠡᠮᠡᠴᠡᠬᠦ | ᠵᠢᠯᠤᠭᠤᠳᠬᠤ ᠭᠠᠵᠠᠷ ᠠᠴᠠ ᠮᠠᠨ ᠤ ᠤᠷᠤᠨ ᠦᠶᠡᠷ ᠢ ᠰᠡᠷᠭᠡᠶᠢᠯᠡᠬᠦ ᠲᠠᠯ᠎ᠠ ᠪᠠᠷ ᠪᠠᠴᠢᠮ ᠪᠠᠶᠢᠳᠠᠯ ᠢ ᠠᠷᠭᠠᠴᠠᠬᠤ IV | ᠳᠡᠰ ᠤᠨ ᠲᠤᠰᠬᠠᠯ ᠢ ᠡᠬᠢᠯᠡᠭᠦᠯᠦᠭᠰᠡᠨ ᠪᠠᠶᠢᠨ᠎ᠠ᠃ ᠤᠳᠤᠬᠠᠨ ᠳᠤ᠂ ᠮᠠᠨ ᠤ ᠤᠷᠤᠨ ᠨᠢᠭᠡᠨᠳᠡ ᠦᠶᠡᠷᠯᠡᠬᠦ ᠭᠤᠤᠯ | ᠬᠤᠭᠤᠴᠠᠭᠠᠨ ᠳᠤ ᠤᠷᠤᠵᠤ᠂ ᠦᠶᠡᠷ ᠤᠨ ᠪᠠᠶᠢᠳᠠᠯ ᠭᠠᠩ ᠤᠨ ᠪᠠᠶᠢᠳᠠᠯ ᠵᠡᠷᠭᠡ ᠪᠠᠷ ᠤᠷᠤᠰᠢᠵᠤ ᠪᠠᠶᠢᠨ᠎ᠠ᠃ | ᠦᠪᠡᠷᠳᠡᠭᠡᠨ ᠵᠠᠰᠠᠬᠤ ᠤᠷᠤᠨ ᠤ ᠦᠶᠡᠷ ᠢ ᠰᠡᠷᠭᠡᠶᠢᠯᠡᠵᠤ ᠭᠠᠩ ᠲᠠᠢ ᠲᠡᠮᠡᠴᠡᠬᠦ ᠵᠢᠯᠤᠭᠤᠳᠬᠤ ᠭᠠᠵᠠᠷ ᠠᠴᠠ ᠡᠯ᠎ᠠ | ᠭᠠᠵᠠᠷ ᠤᠷᠤᠨ ᠡᠯ᠎ᠠ ᠰᠠᠯᠠᠭ᠎ᠠ ᠮᠦᠴᠢᠷ ᠲᠤ ᠦᠶᠡᠷ ᠢ ᠰᠡᠷᠭᠡᠶᠢᠯᠡᠵᠤ ᠭᠠᠩ ᠲᠠᠢ ᠲᠡᠮᠡᠴᠡᠬᠦ ᠪᠠᠴᠢᠮ ᠪᠠᠶᠢᠳᠠᠯ ᠢ | ᠠᠷᠭᠠᠴᠠᠬᠤ ᠲᠦᠰᠦᠯ ᠤᠨ ᠲᠤᠭᠳᠠᠭᠠᠯ ᠶᠤᠰᠤᠭᠠᠷ᠂ ᠬᠤᠪᠢᠷᠠᠯᠳᠠ ᠶᠢ ᠰᠠᠶᠢᠲᠤᠷ ᠠᠩᠬᠠᠷᠴᠤ᠂ ᠪᠦᠬᠦ ᠲᠠᠯ᠎ᠠ ᠪᠠᠷ | ᠵᠤᠬᠢᠴᠠᠭᠤᠯᠤᠨ ᠪᠠᠶᠢᠷᠢᠯᠠᠭᠤᠯᠬᠤ ᠬᠡᠷᠡᠭᠳᠠᠢ᠃ ᠦᠶᠡᠷ ᠢ ᠰᠡᠷᠭᠡᠶᠢᠯᠡᠬᠦ ᠬᠠᠷᠢᠭᠤᠴᠠᠯᠭᠠᠳᠠᠨ ᠠᠵᠢᠯ ᠤᠨ ᠪᠠᠶᠢᠷᠢ ᠪᠠᠨ | ᠰᠠᠬᠢᠵᠤ᠂ ᠡᠮᠦᠨ᠎ᠠ ᠹᠷᠤᠨᠲ ᠳᠤ ᠭᠦᠨᠵᠡᠭᠡᠶᠢᠷᠡᠨ ᠵᠢᠯᠤᠭᠤᠳᠬᠤ ᠶᠢᠨ ᠬᠠᠮᠳᠤ ᠪᠠᠴᠢᠮ ᠪᠠᠶᠢᠳᠠᠯ ᠢ ᠠᠷᠭᠠᠴᠠᠬᠤ | ᠵᠢᠵᠢᠭᠦᠷ ᠬᠢᠬᠦ᠂ ᠦᠶᠡᠷ ᠤᠨ ᠪᠠᠶᠢᠳᠠᠯ ᠢ ᠬᠢᠨᠠᠨ ᠬᠡᠮᠵᠢᠬᠦ᠂ ᠬᠠᠰᠢᠯᠭ᠎ᠠ ᠶᠢᠨ ᠲᠤᠭᠤᠷᠢᠨ ᠪᠠᠶᠢᠴᠠᠭᠠᠬᠤ ᠶᠢ | ᠴᠢᠩᠭᠠᠳᠬᠠᠵᠤ᠂ ᠲᠦᠭᠰᠢᠬᠦᠷᠢ ᠳᠤ ᠤᠴᠠᠷᠠᠵᠤ ᠪᠠᠶᠢᠭ᠎ᠠ ᠤᠷᠤᠨ ᠪᠦᠰᠡ ᠶᠢᠨ ᠤᠯᠠᠨ ᠲᠦᠮᠡᠨ ᠢ ᠤᠷᠢᠳᠴᠢᠯᠠᠨ | ᠨᠡᠭᠦᠯᠭᠡᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨ ᠬᠦ ᠪᠠᠳᠤᠯᠠᠬᠤ | ᠬᠡᠷᠡᠭᠳᠠᠢ ᠭᠡᠵᠤ ᠱᠠᠭᠠᠷᠳᠠᠵᠠᠢ᠃ |