| | ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ | ᠪᠡᠭᠡᠵᠢᠩ ᠤᠨ ᠴᠠᠭ ᠢᠶᠠᠷ 7 ᠳ᠋ᠤᠭᠠᠷ ᠰᠠᠷ᠎ᠠ ᠶᠢᠨ 14 ᠤ ᠤᠷᠤᠢ᠂ ᠮᠠᠨ ᠤ ᠣᠷᠣᠨ ᠤ ᠵᠠᠯᠠᠭᠤ ᠲᠠᠮᠢᠷᠴᠢᠨ ᠵᠠᠩ ᠶᠣᠣ | ᠹᠢᠨᠯᠠᠨᠳ᠋ ᠲᠤ ᠶᠠᠪᠤᠭᠳᠠᠭᠰᠠᠨ 2018 ᠣᠨ ᠤ ᠬᠦᠨᠳᠦ ᠬᠥᠩᠭᠡᠨ ᠪᠡᠶ᠎ᠡ ᠶᠢᠨ ᠲᠠᠮᠢᠷ ᠤᠨ ᠳᠡᠯᠡᠬᠡᠶ ᠶᠢᠨ | ᠵᠠᠯᠠᠭᠤᠴᠤᠳ ᠤᠨ ᠮᠠᠩᠯᠠᠶ ᠰᠢᠯᠭᠠᠷᠠᠭᠤᠯᠬᠤ ᠤᠷᠤᠯᠳᠤᠭᠠᠨ ᠤ ᠡᠷᠡᠭᠲᠡᠶ ᠶᠢᠨ 10000 ᠮᠧᠲᠷ ᠤᠨ ᠲᠠᠯᠠᠪᠤᠷ ᠤᠨ | ᠠᠯᠬᠤᠬᠤ ᠤᠷᠤᠯᠳᠤᠭᠠᠨ ᠳᠤ ᠮᠠᠩᠯᠠᠶᠢᠯᠠᠵᠠᠢ᠃ | ᠡᠷᠡᠭᠲᠡᠶ ᠶᠢᠨ 10000 ᠮᠧᠲᠷ ᠤᠨ ᠲᠠᠯᠠᠪᠤᠷ ᠤᠨ ᠠᠯᠬᠤᠬᠤ ᠤᠷᠤᠯᠳᠤᠭᠠᠨ ᠤ ᠵᠦᠢᠯ ᠤᠨ ᠤᠷᠤᠯᠳᠤᠭᠠᠨ | ᠳᠤᠮᠳᠠ᠂ ᠳᠤᠮᠳᠠᠳᠤ ᠤᠯᠤᠰ ᠤᠨ ᠠᠩᠭᠢ ᠶᠢ ᠲᠦᠯᠦᠭᠡᠯᠡᠵᠦ ᠤᠷᠤᠯᠴᠠᠭᠰᠠᠨ ᠮᠠᠨ ᠤ ᠣᠷᠣᠨ ᠤ ᠲᠠᠮᠢᠷᠴᠢᠨ ᠵᠠᠩ | ᠶᠤᠥ 40 ᠮᠢᠨᠦ᠋ᠲ 32 ᠰᠧᠺᠦ᠋ᠨ᠋ᠳ᠋ 054 ᠶᠢᠨ ᠬᠢᠷᠢ ᠪᠦᠲᠦᠮᠵᠢ ᠤᠯᠵᠤ᠂ ᠮᠢᠩᠭᠠᠨ ᠤ 6 ᠰᠧᠺᠦ᠋ᠨ᠋ᠳ᠋ ᠤᠨ | ᠦᠴᠦᠬᠡᠨ ᠳᠠᠪᠠᠭᠤᠯᠢᠭ ᠢᠶᠠᠷ ᠡᠺᠦ᠋ᠸᠠᠳᠤᠷ ᠤᠨ ᠲᠠᠮᠢᠷᠴᠢᠨ ᠢ ᠢᠯᠠᠵᠤ᠂ ᠲᠤᠰ ᠵᠦᠢᠯ ᠳᠤ ᠮᠠᠩᠯᠠᠶᠢᠯᠠᠵᠤ᠂ ᠳᠤᠮᠳᠠᠳᠤ | ᠤᠯᠤᠰ ᠤᠨ ᠲᠥᠯᠥᠭᠡᠯᠡᠭᠴᠢᠳ ᠤᠨ ᠪᠦᠯᠬᠦᠮ ᠳᠤ ᠲᠤᠰ ᠤᠳᠠᠭᠠᠨ ᠤ ᠤᠷᠤᠯᠳᠤᠭᠠᠨ ᠤ ᠲᠦᠷᠦᠭᠦᠦ ᠠᠯᠲᠠᠨ | ᠮᠧᠳᠠᠯ ᠢ ᠤᠯᠵᠤ ᠦᠭᠴᠡᠢ᠃ | ᠵᠠᠩ ᠶᠤᠥ 2000 ᠣᠨ ᠳᠤ ᠦᠬᠠᠢ ᠳᠤ ᠲᠦᠷᠦᠵᠦ᠂ 2014 ᠣᠨ ᠳᠤ ᠤᠤᠯ ᠤᠨ ᠥᠪᠡᠷᠲᠡᠭᠡᠨ | ᠵᠠᠰᠠᠬᠤ ᠣᠷᠣᠨ ᠤ ᠬᠦᠨᠳᠦ ᠬᠥᠩᠭᠡᠨ ᠪᠡᠶ᠎ᠡ ᠶᠢᠨ ᠲᠠᠮᠢᠷ ᠤᠨ ᠵᠢᠦᠳᠣᠣ ᠶᠢᠨ ᠦᠱᠦ ᠬᠥᠳᠡᠯᠭᠡᠭᠡᠨ ᠤ | ᠬᠠᠮᠢᠶᠠᠷᠤᠯᠲᠠ ᠶᠢᠨ ᠲᠦᠪ ᠲᠤ ᠤᠷᠤᠵᠤ ᠠᠯᠳᠠᠨ ᠰᠤᠷᠭᠠᠭᠴᠢ ᠶᠢ ᠲᠠᠭᠠᠨ ᠪᠤᠯᠪᠠᠰᠤᠷᠠᠵᠠᠢ᠃ ᠡᠭᠦᠨ ᠠᠴᠠ ᠬᠤᠶᠢᠰᠢ᠂ | ᠵᠠᠩ ᠶᠤᠥ ᠲᠤᠰ ᠪᠦᠷᠢ 2017 ᠣᠨ ᠳᠤ ᠬᠤᠸᠠᠩᠱᠠᠨ ᠳᠤ ᠪᠤᠯᠤᠭᠰᠠᠨ ᠠᠯᠬᠤᠬᠤ ᠤᠷᠤᠯᠳᠤᠭᠠᠨ ᠤ ᠮᠠᠩᠯᠠᠢ | ᠰᠢᠯᠭᠠᠷᠠᠭᠤᠯᠬᠤ ᠤᠷᠤᠯᠳᠤᠭᠠᠨ ᠤ 10000 ᠮᠧᠲᠷ ᠤᠨ ᠤᠷᠤᠯᠳᠤᠭᠠᠨ ᠳᠤ ᠮᠠᠩᠯᠠᠶᠢᠯᠠᠵᠤ᠂ 2017 ᠣᠨ ᠳᠤ | ᠪᠤᠯᠤᠭᠰᠠᠨ ᠠᠽᠢᠶ᠎ᠠ ᠲᠢᠪ ᠤᠨ ᠵᠠᠯᠠᠭᠤᠴᠤᠳ ᠤᠨ ᠬᠦᠨᠳᠦ ᠬᠥᠩᠭᠡᠨ ᠪᠡᠶ᠎ᠡ ᠶᠢᠨ ᠲᠠᠮᠢᠷ ᠤᠨ ᠮᠠᠩᠯᠠᠶ ᠰᠢᠯᠭᠠᠷᠠᠭᠤᠯᠬᠤ | ᠤᠷᠤᠯᠳᠤᠭᠠᠨ ᠤ 10000 ᠮᠧᠲᠷ ᠤᠨ ᠠᠯᠬᠤᠬᠤ ᠤᠷᠤᠯᠳᠤᠭᠠᠨ ᠳᠤ ᠮᠠᠩᠯᠠᠶᠢᠯᠠᠵᠤ᠂ 2018 ᠣᠨ ᠳᠤ ᠲᠠᠢ | ᠼᠠᠩ ᠳᠤ ᠪᠤᠯᠤᠭᠰᠠᠨ ᠣᠯᠠᠨ ᠤᠯᠤᠰ ᠤᠨ ᠬᠦᠨᠳᠦ ᠬᠥᠩᠭᠡᠨ ᠪᠡᠶ᠎ᠡ ᠶᠢᠨ ᠲᠠᠮᠢᠷ ᠤᠨ ᠬᠤᠯᠪᠣᠭᠠᠨ ᠤ ᠠᠯᠬᠤᠬᠤ | ᠤᠷᠤᠯᠳᠤᠭᠠᠨ ᠤ ᠪᠦᠯᠬᠦᠮ ᠤᠨ ᠮᠠᠩᠯᠠᠶ ᠰᠢᠯᠭᠠᠷᠠᠭᠤᠯᠬᠤ ᠤᠷᠤᠯᠳᠤᠭᠠᠨ ᠳᠤ 10000 ᠮᠧᠲᠷ ᠲᠤ ᠮᠠᠩᠯᠠᠶᠢᠯᠠᠵᠠᠢ᠃ | |