7 ᠳ᠋ᠤᠭᠠᠷ ᠰᠠᠷ᠎ᠠ ᠶᠢᠨ 17 ᠤ ᠡᠳᠤᠷ ᠦᠪᠡᠷᠲᠡᠭᠡᠨ ᠵᠠᠰᠠᠬᠤ ᠤᠷᠤᠨ ᠤ ᠠᠷᠠᠳ ᠤᠨ ᠦᠨᠳᠦᠷ ᠵᠡᠷᠭᠡ ᠶᠢᠨ | ᠰᠢᠭᠦᠭᠦ ᠬᠤᠷᠢᠶ᠎ᠠ ᠪᠦᠬᠦ ᠤᠷᠤᠨ ᠤ ᠰᠢᠭᠦᠭᠦ ᠬᠤᠷᠢᠶ᠎ᠠ ᠶᠢᠨ ᠳᠠᠷᠤᠭ᠎ᠠ ᠨᠠᠷ ᠤᠨ ᠬᠠᠷᠠᠭᠠᠨ ᠳᠠᠪᠲᠠᠮᠵᠢ ᠶᠢᠨ ᠬᠤᠷᠠᠯ ᠢ | ᠬᠤᠷᠠᠯᠳᠤᠭᠤᠯᠵᠤ᠂ ᠪᠦᠬᠦ ᠣᠷᠣᠨ ᠤ ᠰᠢᠭᠦᠬᠦ ᠬᠤᠷᠢᠶ᠎ᠠ ᠶᠢᠨ ᠬᠡᠷᠡᠭᠵᠢᠭᠦᠯᠬᠦ ᠳᠤ ᠬᠦᠴᠢᠷ ᠲᠠᠢ ᠠᠰᠠᠭᠤᠳᠠᠯ ᠢ | ᠦᠨᠳᠦᠰᠦᠨ ᠳᠤᠨᠢ ᠰᠢᠢᠳᠪᠦᠷᠢᠯᠡᠬᠦ ᠰᠢᠢᠳᠪᠦᠷᠢᠲᠤ ᠢᠯᠡᠯᠲᠠ ᠶᠢ ᠲᠠᠮᠡᠴᠡᠨ ᠤᠯᠬᠤ ︽ᠭᠤᠷᠪᠠᠨ ᠶᠡᠭᠡ | ᠲᠠᠶᠢᠯᠡᠯᠳᠤᠭᠠᠨ︾ ᠢ ᠪᠦᠬᠦ ᠲᠠᠯ᠎ᠠ ᠪᠠᠷ ᠡᠬᠢᠯᠡᠭᠦᠯᠵᠤ᠂ ᠪᠦᠬᠦ ᠤᠷᠤᠨ ᠤ ᠰᠢᠬᠦᠬᠦ ᠬᠤᠷᠢᠶ᠎ᠠ ᠶᠢᠨ ᠬᠡᠷᠡᠭᠵᠢᠭᠦᠯᠬᠦ | ᠠᠵᠢᠯ ᠤᠨ ᠬᠦᠨᠵᠡᠭᠡᠶᠢᠷᠡᠨ ᠬᠦᠭᠵᠢᠬᠦ ᠶᠢ ᠠᠬᠢᠭᠤᠯᠪᠠ᠃ | ᠦᠪᠡᠷᠳᠡᠭᠡᠨ ᠵᠠᠰᠠᠬᠤ ᠤᠷᠤᠨ ᠤ ᠠᠷᠠᠳ ᠤᠨ ᠦᠨᠳᠤᠷ ᠵᠡᠷᠭᠡ ᠶᠢᠨ ᠰᠢᠬᠦᠬᠦ ᠬᠤᠷᠢᠶ᠎ᠠ ᠶᠢᠨ ᠲᠠᠷᠤᠭ᠎ᠠ ᠶᠠᠩ | ᠽᠦᠩ ᠷᠧᠨ ᠬᠤᠷᠠᠯ ᠳᠤ ᠤᠷᠤᠯᠴᠠᠭᠰᠠᠨ ᠪᠦᠭᠡᠳ ᠶᠠᠷᠢᠶ᠎ᠠ ᠲᠠᠯᠪᠢᠪᠠ᠃ | ᠶᠠᠩ ᠽᠦᠩ ᠷᠧᠨ ᠱᠠᠭᠠᠷᠳᠠᠭᠰᠠᠨ ᠨᠢ᠂ ᠪᠦᠬᠦ ᠤᠷᠤᠨ ᠤ ᠰᠢᠭᠦᠭᠦ ᠬᠤᠷᠢᠶ᠎ᠠ ᠨᠤᠭᠤᠳ ᠤᠯᠤᠰ ᠲᠦᠷᠦ ᠶᠢᠨ | ᠵᠤᠭᠰᠤᠴᠠ ᠪᠠᠨ ᠳᠡᠭᠡᠭᠰᠢᠯᠡᠭᠦᠯᠵᠤ᠂ ᠶᠡᠷᠦᠩᠬᠡᠢ ᠱᠦᠵᠢ ᠰᠢ ᠶᠢᠨ ᠫᠢᠡᠭ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ | ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ᠲᠡᠤᠭᠡᠨ ᠡᠭᠦᠷᠭᠡᠳᠤ ᠰᠡᠳᠬᠢᠯᠭᠡ ᠪᠠ ᠪᠠᠴᠢᠮ ᠲᠤᠯᠭᠠᠮ᠎ᠠ | ᠰᠡᠳᠬᠢᠯᠭᠡ ᠪᠠᠨ ᠴᠢᠩᠭᠠᠳᠬᠠᠵᠤ᠂ ᠰᠡᠳᠬᠢᠯ ᠢᠶᠠᠨ ᠨᠢᠭᠡᠳᠭᠡᠵᠤ ᠬᠦᠴᠤᠨ ᠢᠶᠠᠨ ᠬᠠᠮᠳᠤᠳᠬᠠᠵᠤ᠂ ᠪᠦᠬᠦ ᠬᠦᠴᠤ ᠪᠠᠷ | ᠢᠶᠠᠨ ᠴᠢᠷᠮᠠᠶᠢᠨ ︽ᠬᠡᠷᠡᠭᠵᠢᠭᠦᠯᠬᠦ ᠳᠤ ᠬᠦᠴᠢᠷ ᠲᠠᠢ ᠠᠰᠠᠭᠤᠳᠠᠯ ᠢ ᠦᠨᠳᠦᠰᠦᠨ ᠳᠤᠨᠢ ᠰᠢᠢᠳᠪᠦᠷᠢᠯᠡᠬᠦ︾ | ᠰᠢᠢᠳᠪᠦᠷᠢᠲᠤ ᠢᠯᠠᠯᠲᠠ ᠶᠢ ᠲᠡᠮᠡᠴᠡᠨ ᠤᠯᠬᠤ ᠬᠡᠷᠡᠭᠲᠡᠢ ᠭᠡᠵᠡᠢ᠃17 ᠤ ᠡᠳᠤᠷ ᠤᠨ 15 ᠴᠠᠭ ᠪᠤᠯᠳᠠᠯ᠎ᠠ᠂ ᠪᠦᠬᠦ | ᠤᠷᠤᠨ ᠤ ︽ᠭᠤᠷᠪᠠᠨ ᠶᠡᠭᠡ ᠲᠠᠶᠢᠯᠡᠯᠳᠤᠭᠠᠨ︾ ᠨᠢ ᠨᠡᠶᠢᠳᠠ 1159 ᠭᠡᠷᠡᠭ ᠢ ᠬᠡᠷᠡᠭᠵᠢᠭᠦᠯᠵᠦ᠂ 232 ᠬᠦᠮᠤᠨ | ᠢ ᠲᠦᠷ ᠬᠤᠷᠢᠵᠤ᠂ 69 ᠲᠦᠮᠡᠨ ᠲᠦᠬᠦᠷᠢᠭ ᠲᠤᠷᠭᠠᠵᠤ᠂ 688 ᠭᠡᠷᠡᠭ ᠢ ᠬᠡᠷᠡᠭᠵᠢᠭᠦᠯᠦᠨ ᠲᠠᠭᠤᠰᠬᠠᠵᠠᠢ᠃ | |