6 ᠳ᠋ᠤᠭᠠᠷ ᠰᠠᠷ᠎ᠠ ᠶᠢᠨ 30 ᠤ ᠡᠳᠦᠷ᠂ ᠲᠦᠪ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢᠨ | ᠬᠤᠶᠠᠳᠤᠭᠠᠷ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠳᠤ | ᠬᠤᠷᠢᠨ ᠲᠦᠷᠪᠡᠳᠤᠭᠡᠷ ᠪᠦᠯᠦᠭ ᠤᠨ ᠤᠷᠴᠢᠨ ᠲᠤᠭᠤᠷᠢᠨ ᠤ ᠵᠠᠬᠢᠳᠠᠯ ᠰᠤᠷᠪᠤᠯᠵᠢᠯᠠᠯ ᠤᠨ ᠢᠯᠡᠴᠢᠯᠡᠨ | ᠮᠡᠳᠡᠭᠦᠯᠦᠭᠰᠡᠨ 87 ᠭᠡᠷᠡᠭ ︵ᠤᠳᠠᠰᠤ ᠪᠠᠷ ᠢᠯᠡᠴᠢᠯᠡᠨ ᠮᠡᠳᠡᠬᠦᠯᠦᠭᠰᠡᠨ 59 ᠭᠡᠷᠡᠭ᠂ ᠵᠠᠬᠢᠳᠠᠯ ᠢᠶᠠᠷ ᠢᠯᠡᠴᠢᠯᠡᠨ | ᠮᠡᠳᠡᠬᠦᠯᠦᠭᠰᠡᠨ 28 ᠭᠡᠷᠡᠭ︶ ᠢ ᠲᠤᠰᠢᠶᠠᠨ ᠦᠭᠴᠦ ᠬᠦᠢᠴᠡᠳᠭᠡᠬᠦᠯᠬᠦ ᠪᠠᠷ ᠪᠤᠯᠪᠠ᠃ ᠲᠠᠪᠬᠤᠴᠠᠵᠦ ᠢᠯᠡᠴᠢᠯᠡᠨ | ᠮᠡᠳᠡᠬᠦᠯᠦᠭᠰᠡᠨ 1 ᠭᠡᠷᠡᠭ ᠢ ᠭᠠᠷᠭᠠᠪᠠᠯ ᠪᠤᠳᠠᠳᠠᠢ ᠢᠯᠡᠴᠢᠯᠡᠨ ᠮᠡᠳᠡᠬᠦᠯᠦᠭᠰᠡᠨ 86 ᠭᠡᠷᠡᠭ ᠪᠤᠢ᠃ ᠤᠷᠤᠨ | ᠪᠦᠰᠡ ᠶᠢᠨ ᠳᠠᠷᠬᠠᠯᠳᠠ ᠪᠠᠷ ᠬᠤᠪᠢᠶᠠᠪᠠᠯ᠄ ᠬᠦᠬᠡᠬᠤᠳᠠ ᠶᠢᠨ 21 ᠭᠡᠷᠡᠭ᠂ ᠪᠤᠭᠤᠳᠤ ᠬᠤᠲᠠ ᠶᠢᠨ 7 ᠬᠡᠷᠡᠭ᠂ | ᠬᠦᠯᠦᠨ ᠪᠤᠶᠢᠷ ᠬᠤᠲᠠ ᠶᠢᠨ 9 ᠬᠡᠷᠡᠭ᠂ ᠬᠢᠩᠭᠠᠨ ᠠᠶᠢᠮᠠᠭ ᠤᠨ 4 ᠬᠡᠷᠡᠭ᠂ ᠲᠦᠩᠯᠢᠶᠤᠤ ᠬᠤᠲᠠ ᠶᠢᠨ 5 ᠬᠡᠷᠡᠭ᠂ | ᠤᠯᠠᠭᠠᠨᠬᠠᠳᠠ ᠬᠤᠳᠠ ᠶᠢᠨ 14 ᠭᠡᠷᠡᠭ᠂ ᠰᠢᠯᠢ ᠶᠢᠨ ᠭᠤᠤᠯ ᠠᠶᠢᠮᠠᠭ ᠤᠨ 6 ᠬᠡᠷᠡᠭ᠂ ᠤᠯᠠᠭᠠᠨᠴᠠᠪ ᠬᠤᠲᠠ ᠶᠢᠨ | 9 ᠬᠡᠷᠡᠭ᠂ ᠤᠷᠳᠤᠰ ᠬᠤᠲᠠ ᠶᠢᠨ 7 ᠬᠡᠷᠡᠭ᠂ ᠪᠠᠶᠠᠨᠨᠠᠭᠤᠷ ᠬᠤᠲᠠ ᠶᠢᠨ 3 ᠭᠡᠷᠡᠭ᠂ ᠦᠬᠠᠢ ᠬᠤᠳᠠ ᠶᠢᠨ 2 | ᠭᠡᠷᠡᠭ ᠪᠠᠶᠢᠨ᠎ᠠ᠃ ᠪᠤᠬᠢᠷᠳᠤᠯ ᠤᠨ ᠲᠦᠷᠦᠯ ᠢᠶᠠᠷ ᠵᠠᠳᠠᠯᠪᠠᠯ ︵ᠭᠡᠰᠡᠭ ᠢᠯᠡᠴᠢᠯᠡᠨ ᠮᠡᠳᠡᠬᠦᠯᠦᠯᠳᠠ ᠨᠢ ᠤᠯᠠᠨ | ᠲᠦᠷᠦᠯ ᠤᠨ ᠪᠤᠬᠢᠷᠳᠤᠯ ᠳᠤ ᠬᠤᠯᠪᠤᠭᠳᠠᠪᠠ︶᠄ ᠠᠭᠠᠷ ᠮᠠᠨᠳᠠᠯ ᠤᠨ ᠪᠤᠬᠢᠷᠳᠤᠯ ᠤᠨ 41 ᠭᠡᠷᠡᠭ᠂ ᠤᠰᠤᠨ ᠤ | ᠪᠤᠬᠢᠷᠳᠤᠯ ᠤᠨ 14 ᠭᠡᠷᠡᠭ᠂ ᠱᠤᠤᠬᠢᠶ᠎ᠠ ᠳᠠᠭᠤ ᠶᠢᠨ ᠪᠤᠬᠢᠷᠳᠤᠯ ᠤᠨ 17 ᠭᠡᠷᠡᠭ᠂ ᠬᠦᠷᠦᠰᠦ ᠰᠢᠷᠤᠢ ᠶᠢᠨ | ᠪᠤᠬᠢᠷᠳᠤᠯ ᠤᠨ 14 ᠭᠡᠷᠡᠭ᠂ ᠰᠠᠴᠤᠷᠠᠬ ᠤᠨ ᠪᠤᠬᠢᠷᠳᠤᠯ ᠤᠨ 1 ᠬᠡᠷᠡᠭ᠂ ᠠᠮᠢ ᠠᠬᠤᠢ ᠶᠢ ᠡᠪᠳᠡᠭᠰᠡᠨ 33 ᠭᠡᠷᠡᠭ᠂ | ᠪᠤᠰᠤᠳ ᠪᠤᠬᠢᠷᠳᠤᠯ ᠤᠨ 5 ᠭᠡᠷᠡᠭ ᠪᠤᠢ᠃ | ᠲᠤᠬᠢᠷᠠᠭᠤᠯᠭ᠎ᠠ ᠶᠢ ᠦᠨᠳᠦᠰᠦᠯᠡᠪᠡᠯ᠂ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠤᠶᠠᠳᠤᠭᠠᠷ | ᠰᠢᠮᠳᠠᠭᠤᠯᠤᠨ ᠪᠠᠶᠢᠴᠠᠭᠠᠬᠤ ᠲᠤᠭᠤᠶᠢᠯᠠᠩ ᠤᠨ ᠰᠢᠮᠳᠠᠭᠤᠯᠤᠨ ᠪᠠᠶᠢᠴᠠᠭᠠᠵᠤ ᠰᠠᠭᠤᠬᠤ ᠴᠠᠬ ᠬᠤᠭᠤᠴᠠᠭ᠎ᠠ ᠨᠢ ᠨᠢᠭᠡ | ᠰᠠᠷ᠎ᠠ ᠪᠤᠯᠤᠨ᠎ᠠ᠃ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠱᠠᠭᠠᠷᠳᠠᠯᠭ᠎ᠠ ᠪᠤᠯᠤᠨ | ᠰᠢᠮᠳᠠᠭᠤᠯᠤᠨ ᠪᠠᠶᠢᠴᠠᠭᠠᠬᠤ ᠲᠤᠭᠤᠶᠢᠯᠠᠩ ᠤᠨ ᠡᠭᠦᠷᠭᠡ ᠬᠠᠷᠢᠭᠤᠴᠠᠯᠭ᠎ᠠ ᠶᠢ ᠦᠨᠳᠦᠰᠦᠯᠡᠵᠤ᠂ ᠲᠦᠪ ᠤᠨ ᠤᠷᠴᠢᠨ | ᠲᠤᠭᠤᠷᠢᠨ ᠤ ᠬᠠᠮᠠᠭᠠᠯᠠᠯᠳᠠ ᠶᠢᠨ ᠰᠢᠮᠳᠠᠭᠤᠯᠤᠨ ᠪᠠᠶᠢᠴᠠᠭᠠᠬᠤ ᠲᠤᠭᠤᠶᠢᠯᠠᠩ ᠤᠨ ᠬᠢᠨ ᠭᠤᠤᠯᠳᠠᠭᠤ ᠦᠪᠦᠷ | ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ | ᠲᠠᠯ᠎ᠠ ᠪᠠᠷ ᠬᠢ ᠵᠠᠬᠢᠳᠠᠯ ᠪᠠ ᠤᠳᠠᠰᠤ ᠶᠢᠨ ᠢᠯᠡᠴᠢᠯᠡᠨ ᠮᠡᠳᠡᠭᠦᠯᠤᠯᠳᠡ ᠶᠢ ᠬᠦᠯᠢᠶᠡᠨ ᠠᠪᠤᠨ᠎ᠠ᠃ ᠬᠦᠯᠢᠶᠡᠨ ᠠᠪᠬᠤ | ᠬᠡᠪᠴᠢᠶᠡᠨ ᠳᠤ ᠦᠯᠦ ᠪᠠᠭᠳᠠᠬᠤ ᠪᠤᠰᠤᠳ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠲᠤᠬᠳᠠᠭᠠᠯ ᠶᠤᠰᠤᠭᠠᠷ | ᠰᠢᠮᠳᠠᠭᠤᠯᠤᠨ ᠪᠠᠶᠢᠴᠠᠭᠠᠬᠳᠠᠵᠤ ᠪᠠᠶᠢᠭ᠎ᠠ ᠭᠠᠵᠠᠷ ᠤᠷᠤᠨ᠂ ᠨᠢᠭᠡᠴᠡ ᠪᠤᠯᠤᠨ ᠬᠠᠮᠢᠶ᠎ᠠ ᠪᠦᠬᠦᠢ ᠰᠠᠯᠠᠭ᠎ᠠ ᠮᠦᠴᠢᠷ ᠲᠤ | ᠲᠤᠰᠢᠶᠠᠨ ᠥᠭᠴᠥ ᠰᠢᠢᠳᠪᠤᠷᠢᠯᠡᠭᠦᠯᠬᠦ ᠪᠤᠯᠤᠨ᠎ᠠ᠃ |