6 ᠳ᠋ᠤᠭᠠᠷ ᠰᠠᠷ᠎ᠠ ᠶᠢᠨ 29 ᠤ ᠡᠳᠦᠷ᠂ ᠲᠦᠪ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢᠨ | ᠬᠤᠶᠠᠳᠤᠭᠠᠷ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠳᠤ | ᠬᠤᠷᠢᠨ ᠭᠤᠷᠪᠠᠳᠤᠭᠠᠷ ᠪᠦᠯᠦᠭ ᠤᠨ ᠤᠷᠴᠢᠨ ᠲᠤᠭᠤᠷᠢᠨ ᠤ ᠵᠠᠬᠢᠳᠠᠯ ᠰᠤᠷᠪᠤᠯᠵᠢᠯᠠᠯ ᠤᠨ ᠢᠯᠡᠴᠢᠯᠡᠨ | ᠮᠡᠳᠡᠭᠦᠯᠦᠭᠰᠡᠨ 90 ᠭᠡᠷᠡᠭ ︵ᠤᠳᠠᠰᠤ ᠪᠠᠷ ᠢᠯᠡᠴᠢᠯᠡᠨ ᠮᠡᠳᠡᠬᠦᠯᠦᠭᠰᠡᠨ 55 ᠭᠡᠷᠡᠭ᠂ ᠵᠠᠬᠢᠳᠠᠯ ᠢᠶᠠᠷ ᠢᠯᠡᠴᠢᠯᠡᠨ | ᠮᠡᠳᠡᠬᠦᠯᠦᠭᠰᠡᠨ 35 ᠭᠡᠷᠡᠭ︶ ᠢ ᠲᠤᠰᠢᠶᠠᠨ ᠥᠭᠴᠥ ᠬᠦᠢᠴᠡᠳᠭᠡᠬᠦᠯᠬᠦ ᠪᠠᠷ ᠪᠤᠯᠪᠠ᠃ ᠤᠷᠤᠨ ᠪᠦᠰᠡ ᠶᠢᠨ | ᠳᠠᠷᠬᠠᠯᠳᠠ ᠪᠠᠷ ᠬᠤᠪᠢᠶᠠᠪᠠᠯ᠄ ᠬᠦᠬᠡᠬᠤᠳᠠ ᠶᠢᠨ 18 ᠭᠡᠷᠡᠭ᠂ ᠪᠤᠭᠤᠳᠤ ᠬᠤᠲᠠ ᠶᠢᠨ 14 ᠬᠡᠷᠡᠭ᠂ ᠬᠦᠯᠦᠨ | ᠪᠤᠶᠢᠷ ᠬᠤᠲᠠ ᠶᠢᠨ 9 ᠬᠡᠷᠡᠭ᠂ ᠬᠢᠩᠭᠠᠨ ᠠᠶᠢᠮᠠᠭ ᠤᠨ 4 ᠬᠡᠷᠡᠭ᠂ ᠲᠦᠩᠯᠢᠶᠤᠤ ᠬᠤᠲᠠ ᠶᠢᠨ 2 ᠬᠡᠷᠡᠭ᠂ | ᠤᠯᠠᠭᠠᠨᠬᠠᠳᠠ ᠬᠤᠳᠠ ᠶᠢᠨ 15 ᠭᠡᠷᠡᠭ᠂ ᠰᠢᠯᠢ ᠶᠢᠨ ᠭᠤᠤᠯ ᠠᠶᠢᠮᠠᠭ ᠤᠨ 9 ᠬᠡᠷᠡᠭ᠂ ᠤᠯᠠᠭᠠᠨᠴᠠᠪ ᠬᠤᠲᠠ ᠶᠢᠨ | 1 ᠬᠡᠷᠡᠭ᠂ ᠤᠷᠳᠤᠰ ᠬᠤᠲᠠ ᠶᠢᠨ 9 ᠬᠡᠷᠡᠭ᠂ ᠪᠠᠶᠠᠨᠨᠠᠭᠤᠷ ᠬᠤᠲᠠ ᠶᠢᠨ 8 ᠭᠡᠷᠡᠭ᠂ ᠠᠯᠠᠱᠠ ᠠᠶᠢᠮᠠᠭ ᠤᠨ 1 | ᠭᠡᠷᠡᠭ ᠪᠠᠶᠢᠨ᠎ᠠ᠃ ᠪᠤᠬᠢᠷᠳᠤᠯ ᠤᠨ ᠲᠦᠷᠦᠯ ᠢᠶᠠᠷ ᠵᠠᠳᠠᠯᠪᠠᠯ ︵ᠭᠡᠰᠡᠭ ᠢᠯᠡᠴᠢᠯᠡᠨ ᠮᠡᠳᠡᠬᠦᠯᠦᠯᠳᠠ ᠨᠢ ᠤᠯᠠᠨ | ᠲᠦᠷᠦᠯ ᠤᠨ ᠪᠤᠬᠢᠷᠳᠤᠯ ᠳᠤ ᠬᠤᠯᠪᠤᠭᠳᠠᠪᠠ︶᠄ ᠠᠭᠠᠷ ᠮᠠᠨᠳᠠᠯ ᠤᠨ ᠪᠤᠬᠢᠷᠳᠤᠯ ᠤᠨ 29 ᠭᠡᠷᠡᠭ᠂ ᠤᠰᠤᠨ ᠤ | ᠪᠤᠬᠢᠷᠳᠤᠯ ᠤᠨ 12 ᠭᠡᠷᠡᠭ᠂ ᠱᠤᠤᠬᠢᠶ᠎ᠠ ᠳᠠᠭᠤ ᠶᠢᠨ ᠪᠤᠬᠢᠷᠳᠤᠯ ᠤᠨ 26 ᠭᠡᠷᠡᠭ᠂ ᠬᠦᠷᠦᠰᠦ ᠰᠢᠷᠤᠢ ᠶᠢᠨ | ᠪᠤᠬᠢᠷᠳᠤᠯ ᠤᠨ 10 ᠭᠡᠷᠡᠭ᠂ ᠠᠮᠢ ᠠᠬᠤᠢ ᠶᠢ ᠡᠪᠳᠡᠭᠰᠡᠨ 29 ᠭᠡᠷᠡᠭ᠂ ᠪᠤᠰᠤᠳ ᠪᠤᠬᠢᠷᠳᠤᠯ ᠤᠨ 16 ᠭᠡᠷᠡᠭ | ᠪᠤᠢ᠃ | ᠲᠤᠬᠢᠷᠠᠭᠤᠯᠭ᠎ᠠ ᠶᠢ ᠦᠨᠳᠦᠰᠦᠯᠡᠪᠡᠯ᠂ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠤᠶᠠᠳᠤᠭᠠᠷ | ᠰᠢᠮᠳᠠᠭᠤᠯᠤᠨ ᠪᠠᠶᠢᠴᠠᠭᠠᠬᠤ ᠲᠤᠭᠤᠶᠢᠯᠠᠩ ᠤᠨ ᠰᠢᠮᠳᠠᠭᠤᠯᠤᠨ ᠪᠠᠶᠢᠴᠠᠭᠠᠵᠤ ᠰᠠᠭᠤᠬᠤ ᠴᠠᠬ ᠬᠤᠭᠤᠴᠠᠭ᠎ᠠ ᠨᠢ ᠨᠢᠭᠡ | ᠰᠠᠷ᠎ᠠ ᠪᠤᠯᠤᠨ᠎ᠠ᠃ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠱᠠᠭᠠᠷᠳᠠᠯᠭ᠎ᠠ ᠪᠤᠯᠤᠨ | ᠰᠢᠮᠳᠠᠭᠤᠯᠤᠨ ᠪᠠᠶᠢᠴᠠᠭᠠᠬᠤ ᠲᠤᠭᠤᠶᠢᠯᠠᠩ ᠤᠨ ᠡᠭᠦᠷᠭᠡ ᠬᠠᠷᠢᠭᠤᠴᠠᠯᠭ᠎ᠠ ᠶᠢ ᠦᠨᠳᠦᠰᠦᠯᠡᠵᠤ᠂ ᠲᠦᠪ ᠤᠨ ᠤᠷᠴᠢᠨ | ᠲᠤᠭᠤᠷᠢᠨ ᠤ ᠬᠠᠮᠠᠭᠠᠯᠠᠯᠳᠠ ᠶᠢᠨ ᠰᠢᠮᠳᠠᠭᠤᠯᠤᠨ ᠪᠠᠶᠢᠴᠠᠭᠠᠬᠤ ᠲᠤᠭᠤᠶᠢᠯᠠᠩ ᠤᠨ ᠬᠢᠨ ᠭᠤᠤᠯᠳᠠᠭᠤ ᠦᠪᠦᠷ | ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ | ᠲᠠᠯ᠎ᠠ ᠪᠠᠷ ᠬᠢ ᠵᠠᠬᠢᠳᠠᠯ ᠪᠠ ᠤᠳᠠᠰᠤ ᠶᠢᠨ ᠢᠯᠡᠴᠢᠯᠡᠨ ᠮᠡᠳᠡᠭᠦᠯᠤᠯᠳᠡ ᠶᠢ ᠬᠦᠯᠢᠶᠡᠨ ᠠᠪᠤᠨ᠎ᠠ᠃ ᠬᠦᠯᠢᠶᠡᠨ ᠠᠪᠬᠤ | ᠬᠡᠪᠴᠢᠶᠡᠨ ᠳᠤ ᠦᠯᠦ ᠪᠠᠭᠳᠠᠬᠤ ᠪᠤᠰᠤᠳ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠲᠤᠬᠳᠠᠭᠠᠯ ᠶᠤᠰᠤᠭᠠᠷ | ᠰᠢᠮᠳᠠᠭᠤᠯᠤᠨ ᠪᠠᠶᠢᠴᠠᠭᠠᠬᠳᠠᠵᠤ ᠪᠠᠶᠢᠭ᠎ᠠ ᠭᠠᠵᠠᠷ ᠤᠷᠤᠨ᠂ ᠨᠢᠭᠡᠴᠡ ᠪᠤᠯᠤᠨ ᠬᠠᠮᠢᠶ᠎ᠠ ᠪᠦᠬᠦᠢ ᠰᠠᠯᠠᠭ᠎ᠠ ᠮᠦᠴᠢᠷ ᠲᠤ | ᠲᠤᠰᠢᠶᠠᠨ ᠦᠭᠴᠤ ᠰᠢᠢᠳᠪᠤᠷᠢᠯᠡᠭᠦᠯᠬᠦ ᠪᠤᠯᠤᠨ᠎ᠠ᠃ |