ᠣᠶᠢᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ︽︿ᠢᠨᠲ᠋ᠧᠷ ᠰᠦᠯᠵᠢᠶ᠎ᠡ + | ᠵᠠᠰᠠᠭ ᠤᠨ ᠶᠠᠪᠤᠳᠠᠯ ᠤᠨ ᠦᠢᠯᠡᠴᠢᠯᠡᠭᠡ﹀ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ ᠵᠠᠰᠠᠭ ᠤᠨ ᠶᠠᠪᠤᠳᠠᠯ ᠤᠨ | ᠦᠢᠯᠡᠴᠢᠯᠡᠭᠡ ᠶᠢᠨ ︿ᠨᠢᠭᠡ ᠰᠦᠯᠵᠢᠶ᠎ᠡ᠂ ᠨᠢᠭᠡ ᠡᠭᠦᠳᠡ᠂ ᠨᠢᠭᠡ ᠤᠳᠠᠭ᠎ᠠ﹀ ᠶᠢᠨ ᠥᠭᠡᠷᠡᠴᠢᠯᠡᠯᠲᠡ ᠶᠢ | ᠠᠬᠢᠭᠤᠯᠬᠤ ᠶᠢᠨ ᠬᠡᠷᠡᠭᠵᠢᠭᠦᠯᠬᠦ ᠲᠥᠰᠥᠯ︾ ︵ᠳᠣᠷᠣᠭᠰᠢ ︽ᠬᠡᠷᠡᠭᠵᠢᠭᠦᠯᠬᠦ ᠲᠥᠰᠥᠯ︾ ᠭᠡᠵᠦ ᠲᠣᠪᠴᠢᠯᠠᠨ᠎ᠠ︶ ᠢ | ᠳᠠᠷᠤᠮᠠᠯᠯᠠᠨ ᠲᠠᠷᠬᠠᠭᠠᠪᠠ᠃ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠭᠡᠳᠦ | ᠮᠡᠷᠭᠡᠵᠢᠯ ᠤᠨ ᠠᠵᠤ ᠦᠢᠯᠡᠰ ᠤᠨ ᠵᠤᠷᠭᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠪᠢᠴᠢᠭ ᠮᠠᠲ᠋ᠧᠷᠢᠶᠠᠯ ᠢ | ᠨᠡᠶᠢᠲᠡᠯᠡᠭᠰᠡᠨ ᠬᠤᠯᠪᠣᠭᠳᠠᠯ ᠪᠦᠬᠦᠢ ᠠᠬᠤᠢ ᠪᠠᠶᠢᠳᠠᠯ᠂ ᠬᠠᠷᠠᠯᠲᠠ ᠡᠭᠦᠷᠭᠡ ᠪᠠ ᠳᠠᠷᠠᠭᠠᠴᠢ ᠶᠢᠨ ᠠᠯᠬᠤᠮ ᠤᠨ | ᠠᠵᠢᠯ ᠤᠨ ᠲᠣᠬᠢᠷᠠᠭᠤᠯᠤᠯᠲᠠ ᠵᠡᠷᠭᠡ ᠶᠢᠨ ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠵᠠᠢ᠃ | ᠠᠰᠠᠭᠤᠯᠲᠠ᠄ ᠨᠢᠳᠤᠨᠤᠨ ᠵᠢᠯ ᠠᠴᠠ ᠨᠠᠭᠠᠰᠢ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ | ᠲᠦᠷᠦᠭᠦᠯᠡᠨ ᠠᠬᠢᠭᠤᠯᠤᠭᠰᠠᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠢᠰᠲ᠋ᠧᠮ ᠢ ᠡᠮᠬᠢᠯᠡᠨ ᠨᠡᠶᠢᠯᠡᠭᠦᠯᠵᠦ | ᠬᠠᠮᠲᠤ ᠪᠠᠷ ᠬᠦᠷᠲᠡᠬᠦ ᠠᠵᠢᠯ ᠨᠢ ᠨᠡᠶᠢᠭᠡᠮ ᠤᠨ ᠡᠯ᠎ᠡ ᠡᠲᠡᠭᠡᠳ ᠤᠨ ᠬᠢᠨ ᠤ ᠥᠷᠭᠡᠨ ᠳᠡᠯᠭᠡᠷ ᠠᠩᠬᠠᠷᠤᠯ ᠢ ᠲᠠᠲᠠᠪᠠ᠃ | ᠡᠨᠡ ᠵᠢᠯ ᠤᠨ ᠬᠤᠶᠠᠷ ᠬᠤᠷᠠᠯ ᠤᠨ ᠰᠤᠷᠪᠤᠯᠵᠢᠯᠠᠭᠴᠢ ᠶᠢᠨ ᠳᠠᠶᠢᠯᠠᠯᠭ᠎ᠠ ᠶᠢᠨ ᠬᠤᠷᠠᠯ ᠳᠡᠭᠡᠷ᠎ᠡ ᠶᠡᠷᠦᠩᠬᠡᠢ ᠰᠠᠶᠢᠳ | ᠯᠢ ᠺᠧ ᠴᠢᠶᠠᠩ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ | ᠵᠡᠷᠭᠡ ︽ᠵᠢᠷᠭᠤᠭᠠᠨ ᠨᠢᠭᠡ︾ ᠶᠢᠨ ᠱᠠᠭᠠᠷᠳᠠᠯᠭ᠎ᠠ ᠶᠢ ᠳᠤᠷᠠᠳᠤᠨ ᠭᠠᠷᠭᠠᠵᠠᠢ᠃ ᠲᠡᠭᠡᠪᠡᠯ ︽ᠬᠡᠷᠡᠭᠵᠢᠭᠦᠯᠬᠦ ᠲᠥᠰᠥᠯ | ︾ ᠢ ᠨᠡᠶᠢᠲᠡᠯᠡᠭᠰᠡᠨ ᠠᠬᠤᠢ ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ ᠦᠦ︖ | ᠬᠠᠷᠢᠭᠤᠯᠲᠠ᠄ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠳᠤ ᠢᠨᠲ᠋ᠧᠷ ᠰᠦᠯᠵᠢᠶ᠎ᠡ ᠶᠢᠨ | ᠮᠡᠷᠭᠡᠵᠢᠯ ᠪᠠ ᠮᠡᠳᠡᠭᠡ ᠵᠠᠩᠭᠢᠵᠢᠯᠲᠡ ᠶᠢᠨ ᠠᠷᠭ᠎ᠠ ᠠᠪᠴᠢᠯ ᠢ ᠴᠢᠳᠠᠮᠠᠭᠠᠢ ᠬᠡᠷᠡᠭᠯᠡᠨ ᠠᠵᠢᠯ ᠢᠶᠠᠨ ᠥᠷᠨᠢᠭᠦᠯᠵᠦ᠂ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠡᠷᠳᠡᠮ ᠴᠢᠳᠠᠪᠤᠷᠢ ᠪᠠᠨ ᠴᠢᠩᠭᠠᠷᠠᠭᠤᠯᠬᠤ ᠬᠡᠷᠡᠭᠲᠡᠢ ᠭᠡᠵᠦ ᠳᠤᠷᠠᠳᠪᠠ᠃ | ᠶᠡᠷᠦᠩᠬᠡᠢ ᠱᠦᠵᠢ ᠰᠢ ᠶᠢᠨ ᠫᠢᠩ ᠤᠯᠠᠨ ᠤᠳᠠᠭ᠎ᠠ ᠴᠢᠬᠤᠯᠠ ᠵᠢᠭᠠᠪᠤᠷᠢ ᠭᠠᠷᠭᠠᠨ᠂ ᠡᠷᠬᠡᠪᠰᠢ ᠮᠡᠳᠡᠭᠡ | ᠵᠠᠩᠭᠢᠵᠢᠯᠲᠡ ᠶᠢᠨ ᠬᠥᠭᠵᠢᠯᠲᠡ ᠶᠢᠨ ᠲᠡᠦᠬᠡᠨ ᠠᠵᠠ ᠲᠣᠬᠢᠶᠠᠯ ᠢ ᠰᠡᠷᠭᠡᠭ ᠢᠶᠠᠷ ᠡᠵᠡᠮᠳᠡᠵᠦ᠂ ᠠᠵᠤ ᠠᠬᠤᠢ | ᠨᠡᠶᠢᠭᠡᠮ ᠤᠨ ᠬᠥᠭᠵᠢᠯᠲᠡ ᠳᠠᠬᠢ ᠮᠡᠳᠡᠭᠡ ᠵᠠᠩᠭᠢᠵᠢᠯᠲᠡ ᠶᠢᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ | ᠡᠯᠧᠺᠲᠷᠣᠨ ᠵᠠᠰᠠᠭ ᠤᠨ ᠶᠠᠪᠤᠳᠠᠯ ᠢ ᠲᠦᠷᠭᠡᠳᠬᠡᠨ ᠠᠬᠢᠭᠤᠯᠵᠤ᠂ ᠪᠦᠬᠦ ᠴᠤᠪᠤᠷᠠᠯ ᠢ ᠨᠢᠭᠡ ᠴᠣᠭᠴᠠᠵᠢᠭᠤᠯᠤᠭᠰᠠᠨ | ᠰᠦᠯᠵᠢᠶᠡᠨ ᠳᠠᠬᠢ ᠦᠢᠯᠡᠴᠢᠯᠡᠭᠡ ᠶᠢᠨ ᠲᠠᠪᠴᠠᠩ ᠢ ᠪᠠᠶᠢᠭᠤᠯᠤᠨ᠂ ᠠᠵᠤ ᠠᠬᠤᠶᠢᠯᠠᠯ ᠪᠠ ᠣᠯᠠᠨ ᠲᠦᠮᠡᠨ ᠤ | ᠲᠤᠰᠬᠠᠯᠲᠠ ᠪᠠᠷ ᠴᠢᠩᠭ᠎ᠠ ᠪᠠᠶᠢᠭ᠎ᠠ ᠠᠵᠢᠯ ᠬᠡᠷᠡᠭ ᠭᠦᠢᠴᠡᠳᠬᠡᠬᠦ ᠳᠤ ᠬᠦᠴᠢᠷᠲᠡᠢ᠂ ᠤᠳᠠᠭᠠᠨ ᠪᠥᠭᠡᠳ ᠶᠠᠷᠰᠢᠭᠲᠠᠢ | ᠠᠰᠠᠭᠤᠳᠠᠯ ᠢ ᠨᠡᠩ ᠰᠠᠶᠢᠲᠤᠷ ᠰᠢᠢᠳᠪᠦᠷᠢᠯᠡᠬᠦ ᠬᠡᠷᠡᠭᠲᠡᠢ ᠭᠡᠵᠦ ᠱᠠᠭᠠᠷᠳᠠᠵᠠᠢ᠃ ᠶᠡᠷᠦᠩᠬᠡᠢ ᠰᠠᠶᠢᠳ ᠯᠢ ᠺᠧ ᠴᠢᠶᠠᠩ | ᠵᠠᠰᠠᠭ ᠤᠨ ᠣᠷᠳᠣᠨ ᠤ ᠰᠢᠰᠲ᠋ᠧᠮ ᠤᠨ ᠬᠢᠨ ᠠᠬᠢᠭᠤᠯᠬᠤ ᠡᠷᠴᠢᠮ ᠢᠶᠠᠨ ᠴᠢᠩᠭᠠᠷᠠᠭᠤᠯᠤᠨ᠂ ᠨᠢᠭᠡ | ᠴᠣᠭᠴᠠᠵᠢᠭᠤᠯᠤᠭᠰᠠᠨ ᠲᠠᠪᠴᠠᠩ ᠢ ᠲᠦᠷᠭᠡᠳᠬᠡᠨ ᠪᠠᠶᠢᠭᠤᠯᠵᠤ᠂ ᠮᠡᠳᠡᠭᠡ ᠵᠠᠩᠭᠢ ᠶᠢᠨ ᠲᠤᠰᠠᠭᠠᠷᠯᠠᠯ ᠢ ᠡᠪᠳᠡᠬᠦ | ᠬᠡᠷᠡᠭᠲᠡᠢ ᠭᠡᠵᠦ ᠱᠠᠭᠠᠷᠳᠠᠨ᠂ ᠡᠨᠡ ᠵᠢᠯ ᠤᠨ ᠬᠤᠶᠠᠷ ᠬᠤᠷᠠᠯ ᠤᠨ ᠳᠠᠷᠠᠭᠠᠬᠢ ᠰᠤᠷᠪᠤᠯᠵᠢᠯᠠᠭᠴᠢ ᠶᠢᠨ ᠳᠠᠶᠢᠯᠠᠯᠭ᠎ᠠ ᠶᠢᠨ | ᠬᠤᠷᠠᠯ ᠳᠡᠭᠡᠷ᠎ᠡ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾᠂ | ᠠᠵᠤ ᠠᠬᠤᠶᠢᠯᠠᠯ ᠪᠠ ᠣᠯᠠᠨ ᠲᠦᠮᠡᠨ ᠠᠵᠢᠯ ᠬᠡᠷᠡᠭ ᠭᠦᠢᠴᠡᠳᠬᠡᠬᠦ ᠳᠤ ︽ᠵᠥᠪᠬᠡᠨ ᠨᠢᠭᠡ ᠯᠡ ᠡᠭᠦᠳᠡ ᠪᠠᠷ | ᠣᠷᠣᠵᠤ ᠭᠦᠢᠴᠡᠳᠬᠡᠬᠦ︾᠂ ︽ᠶᠡᠬᠡᠳᠡᠬᠦ ᠳᠤ ᠪᠠᠨ ᠨᠢᠭᠡ ᠯᠡ ᠤᠳᠠᠭ᠎ᠠ ᠣᠴᠢᠵᠤ ᠭᠦᠢᠴᠡᠳᠬᠡᠬᠦ︾ ᠪᠣᠯᠭᠠᠬᠤ | ᠵᠡᠷᠭᠡ ᠶᠢ ᠪᠠᠭᠲᠠᠭᠠᠭᠰᠠᠨ ︽ᠵᠢᠷᠭᠤᠭᠠᠨ ᠨᠢᠭᠡ︾ ᠶᠢᠨ ᠱᠠᠭᠠᠷᠳᠠᠯᠭ᠎ᠠ ᠶᠢ ᠲᠣᠳᠣᠷᠬᠠᠢ ᠳᠤᠷᠠᠳᠴᠠᠢ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶ᠎ᠠ ᠠᠴᠠ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠠᠷᠠᠳ ᠲᠤ ᠳᠥᠭᠦᠮ ᠪᠣᠯᠭᠠᠬᠤ ᠶᠢ | ᠠᠬᠢᠭᠤᠯᠬᠤ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾᠂ ᠵᠠᠰᠠᠭ ᠤᠨ ᠶᠠᠪᠤᠳᠠᠯ ᠤᠨ | ᠮᠡᠳᠡᠭᠡ ᠵᠠᠩᠭᠢ ᠶᠢᠨ ᠰᠢᠰᠲ᠋ᠧᠮ ᠢ ᠡᠮᠬᠢᠯᠡᠨ ᠨᠡᠶᠢᠯᠡᠭᠦᠯᠵᠦ ᠬᠠᠮᠲᠤ ᠪᠠᠷ ᠬᠦᠷᠲᠡᠬᠦ᠂ ᠲᠣᠮᠣ ᠳ᠋ᠠᠶᠢᠲ᠋ᠠ ᠵᠡᠷᠭᠡ ᠠᠯᠢ | ᠣᠯᠠᠨ ᠴᠢᠬᠤᠯᠠ ᠪᠠᠶᠢᠯᠳᠤᠬᠤ ᠪᠣᠳᠣᠯᠭ᠎ᠠ᠂ ᠲᠥᠯᠥᠪᠵᠢᠭᠦᠯᠭᠡ ᠪᠠ ᠠᠷᠭ᠎ᠠ ᠬᠡᠮᠵᠢᠶ᠎ᠡ ᠶᠢ ᠨᠡᠶᠢᠲᠡᠯᠡᠪᠡ᠃ ᠨᠢᠳᠤᠨᠤᠨ | ᠵᠢᠯ ᠤᠨ 7 ᠳ᠋ᠤᠭᠠᠷ ᠰᠠᠷ᠎ᠠ ᠠᠴᠠ ᠨᠠᠭᠠᠰᠢ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ | ᠰᠢᠢᠳᠪᠦᠷᠢᠲᠦ ᠪᠣᠳᠣᠯᠭ᠎ᠠ ᠶᠢᠨ ᠪᠠᠶᠢᠷᠢᠰᠢᠭᠤᠯᠤᠯᠲᠠ ᠶᠣᠰᠣᠭᠠᠷ᠂ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ ᠠᠴᠠ ᠬᠤᠯᠪᠣᠭᠳᠠᠯ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠲᠠᠢ ᠬᠠᠮᠲᠤᠷᠠᠨ᠂ ᠢᠮᠠᠭᠲᠠ ︽ | ᠡᠳᠦᠷ ᠢᠶᠠᠷ ᠠᠬᠢᠭᠤᠯᠤᠨ᠂ ᠭᠠᠷᠠᠭ ᠢᠶᠠᠷ ᠳ᠋ᠦᠩᠨᠡᠵᠦ᠂ ᠰᠠᠷ᠎ᠠ ᠪᠠᠷ ᠮᠡᠳᠡᠭᠦᠯᠦᠯᠲᠡ ᠬᠢᠬᠦ︾ ᠠᠵᠢᠯ ᠤᠨ ᠶᠠᠪᠤᠴᠠ ᠶᠢ | ᠪᠠᠷᠢᠮᠲᠠᠯᠠᠵᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠢᠰᠲ᠋ᠧᠮ ᠢ ᠡᠮᠬᠢᠯᠡᠨ ᠨᠡᠶᠢᠯᠡᠭᠦᠯᠵᠦ ᠬᠠᠮᠲᠤ ᠪᠠᠷ | ᠬᠦᠷᠲᠡᠬᠦ ᠠᠵᠢᠯ ᠢ ᠶᠡᠭᠡ ᠪᠠᠷ ᠠᠬᠢᠭᠤᠯᠤᠭᠰᠠᠨ ᠠᠴᠠ ᠨᠢᠭᠡ ᠪᠦᠯᠦᠭ ︽ᠬᠦᠴᠢᠷ ᠪᠡᠷᠬᠡᠲᠡᠢ︾ ᠠᠰᠠᠭᠤᠳᠠᠯ ᠢ | ᠨᠢᠭᠡᠨᠲᠡ ᠰᠢᠢᠳᠪᠦᠷᠢᠯᠡᠵᠦ᠂ ᠤᠯᠤᠰ ᠤᠨ ᠳ᠋ᠠᠶᠢᠲ᠋ᠠ ᠶᠢ ᠬᠠᠮᠲᠤ ᠪᠠᠷ ᠬᠦᠷᠲᠡᠵᠦ ᠰᠣᠯᠢᠯᠴᠠᠬᠤ ᠲᠠᠪᠴᠠᠩ ᠤᠨ | ᠰᠢᠰᠲ᠋ᠧᠮᠵᠢ ᠶᠢ ᠦᠨᠳᠦᠰᠦᠨ ᠳᠤ ᠪᠠᠨ ᠪᠠᠶᠢᠭᠤᠯᠵᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠯᠠᠭ᠎ᠠ | ᠮᠥᠴᠢᠷ ᠤᠳ ᠤᠨ ᠪᠠᠶᠢᠭᠤᠯᠤᠭᠰᠠᠨ 42 ᠡᠭᠴᠡ ᠮᠡᠳᠡᠭᠡ ᠵᠠᠩᠭᠢ ᠶᠢᠨ ᠰᠢᠰᠲ᠋ᠧᠮ ᠪᠠ 694 ᠳ᠋ᠠᠶᠢᠲ᠋ᠠ ᠶᠢᠨ ᠵᠦᠢᠯ ᠢ | ᠨᠡᠪᠲᠡᠷᠡᠭᠦᠯᠦᠨ᠂ 71 ᠰᠠᠯᠠᠭ᠎ᠠ ᠮᠥᠴᠢᠷ᠂ 32 ᠣᠷᠣᠨ ᠨᠤᠲᠤᠭ ᠤᠨ ︽ᠰᠦᠯᠵᠢᠶ᠎ᠡ ᠶᠢ ᠨᠡᠪᠲᠡᠷᠡᠭᠦᠯᠬᠦ︾᠂ 16 | ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ︽ᠳ᠋ᠠᠶᠢᠲ᠋ᠠ ᠶᠢ ᠨᠡᠪᠲᠡᠷᠡᠭᠦᠯᠬᠦ︾᠂ ︽ᠲᠤᠬᠠᠶᠢᠯᠠᠭᠰᠠᠨ ᠠᠵᠢᠯ ᠢ | ᠨᠡᠪᠲᠡᠷᠡᠭᠦᠯᠬᠦ︾ ᠶᠢ ᠠᠩᠬ᠎ᠠ ᠠᠯᠬᠤᠮ ᠪᠡᠶᠡᠯᠡᠭᠦᠯᠵᠡᠢ᠃ | ᠵᠠᠷᠢᠮ ᠣᠷᠣᠨ ᠨᠤᠲᠤᠭ ᠪᠠ ᠰᠠᠯᠠᠭ᠎ᠠ ᠮᠥᠴᠢᠷ ᠤᠳ ᠢᠳᠡᠪᠬᠢᠲᠡᠢ ᠰᠦᠪᠡᠭᠴᠢᠯᠡᠨ᠂ ︽ᠢᠨᠲ᠋ᠧᠷ ᠰᠦᠯᠵᠢᠶ᠎ᠡ | + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠭᠦᠨᠵᠡᠭᠡᠢ ᠠᠬᠢᠭᠤᠯᠵᠤ᠂ ᠮᠡᠳᠡᠭᠡ ᠵᠠᠩᠭᠢ ᠶᠢᠨ ᠬᠤᠷᠢᠭ᠎ᠠ | ᠴᠠᠷᠠᠭ᠎ᠠ ᠶᠢ ᠨᠡᠪᠲᠡᠷᠡᠭᠦᠯᠵᠦ᠂ ᠵᠠᠰᠠᠭ ᠤᠨ ᠶᠠᠪᠤᠳᠠᠯ ᠤᠨ ᠴᠤᠪᠤᠷᠠᠯ ᠢ ᠰᠢᠯᠢᠳᠡᠭᠵᠢᠭᠦᠯᠦᠨ᠂ ᠨᠢᠭᠡ ᠪᠦᠯᠦᠭ ︽ᠬᠦᠴᠢᠷ | ᠪᠡᠷᠬᠡᠲᠡᠢ︾ ᠠᠰᠠᠭᠤᠳᠠᠯ ᠢ ᠠᠩᠬ᠎ᠠ ᠠᠯᠬᠤᠮ ᠰᠢᠢᠳᠪᠦᠷᠢᠯᠡᠵᠦ᠂ ᠦᠢᠯᠡᠴᠢᠯᠡᠭᠡᠨ ᠳᠤ ᠰᠢᠨ᠎ᠡ ᠶᠢ ᠡᠭᠦᠳᠦᠭᠰᠡᠨ | ᠨᠡᠶᠢᠲᠡᠯᠢᠭ ᠵᠢᠱᠢᠶ᠎ᠡ ᠲᠠᠰᠤᠷᠠᠯᠲᠠ ᠦᠭᠡᠢ ᠢᠯᠡᠷᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠳᠤ ᠰᠢᠨ᠎ᠡ ᠶᠢ | ᠡᠭᠦᠳᠴᠦ ᠥᠭᠡᠷᠡᠴᠢᠯᠡᠯᠲᠡ ᠬᠢᠬᠦ ᠶᠢ ᠬᠥᠲᠥᠯᠥᠨ ᠳᠠᠭᠠᠭᠤᠯᠬᠤ ᠴᠢᠬᠤᠯᠠ ᠦᠢᠯᠡᠳᠦᠯᠭᠡ ᠪᠣᠯᠵᠠᠢ᠃ ᠵᠢᠶᠠᠩᠰᠤ᠂ | ᠵᠧᠵᠢᠶᠠᠩ᠂ ᠭᠤᠸᠠᠩᠳᠦ᠋ᠩ᠂ ᠭᠦᠢᠵᠧᠦ᠂ ᠱᠠᠨᠳᠦ᠋ᠩ ᠵᠡᠷᠭᠡ ᠭᠠᠵᠠᠷ ᠣᠷᠣᠨ ᠤ ᠬᠢᠨ ᠮᠤᠵᠢ ᠬᠤᠲᠠ ᠰᠢᠶᠠᠨ ᠢ | ᠬᠠᠮᠤᠷᠤᠭᠰᠠᠨ ᠡᠯ᠎ᠡ ᠱᠠᠲᠤᠨ ᠤ ᠨᠢᠭᠡᠳᠦᠯᠲᠡᠢ ᠰᠦᠯᠵᠢᠶᠡᠨ ᠳᠠᠬᠢ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ | ᠲᠠᠪᠴᠠᠩ ᠢ ᠪᠠᠶᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ︽ᠨᠢᠭᠡ ᠰᠦᠯᠵᠢᠶ᠎ᠡ ᠪᠠᠷ ᠭᠦᠢᠴᠡᠳᠬᠡᠬᠦ︾ | ᠶᠢ ᠠᠩᠬ᠎ᠠ ᠠᠯᠬᠤᠮ ᠪᠡᠶᠡᠯᠡᠭᠦᠯᠪᠡ︔ ᠾᠧᠨᠠᠨ ᠮᠤᠵᠢ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠪᠠᠷ ᠳᠠᠮᠵᠢᠭᠤᠯᠤᠨ | ︽35 ᠦᠨᠡᠮᠯᠡᠯ ᠢ ᠨᠡᠶᠢᠯᠡᠭᠦᠯᠦᠨ ᠨᠢᠭᠡ ᠪᠣᠯᠭᠠᠬᠤ︾ ᠳᠤ ᠬᠦᠴᠦ ᠨᠡᠮᠡᠷᠢᠯᠡᠵᠦ᠂ ᠭᠡᠷ ᠠᠴᠠ ᠪᠠᠨ ᠭᠠᠷᠬᠤ | ᠦᠭᠡᠢ ᠪᠠᠷ ᠠᠵᠤ ᠠᠬᠤᠶᠢᠯᠠᠯ ᠤᠨ ᠳᠠᠩᠰᠠᠯᠠᠭᠤᠯᠤᠯᠲᠠ ᠶᠢ ᠭᠦᠢᠴᠡᠳᠬᠡᠬᠦ ᠪᠣᠯᠭᠠᠪᠠ︔ ᠱᠠᠨᠳᠦ᠋ᠩ ᠮᠤᠵᠢ | ᠤᠯᠤᠰ ᠤᠨ ᠳ᠋ᠠᠶᠢᠲ᠋ᠠ ᠶᠢᠨ ᠬᠠᠮᠲᠤ ᠪᠠᠷ ᠬᠦᠷᠲᠡᠵᠦ ᠰᠣᠯᠢᠯᠴᠠᠬᠤ ᠲᠠᠪᠴᠠᠩ ᠶᠢᠨ ᠰᠢᠰᠲ᠋ᠧᠮᠵᠢ ᠲᠠᠢ | ᠵᠣᠯᠭᠠᠯᠳᠤᠭᠤᠯᠤᠨ᠂ ᠳ᠋ᠠᠶᠢᠲ᠋ᠠ ᠶᠢ ᠬᠠᠮᠲᠤ ᠪᠠᠷ ᠬᠦᠷᠲᠡᠵᠦ ᠦᠢᠯᠡᠴᠢᠯᠡᠬᠦ 3270 ᠵᠠᠯᠭᠠᠰᠤ ᠶᠢ ᠨᠡᠶᠢᠲᠡᠯᠡᠵᠦ᠂ ᠡᠯ᠎ᠡ | ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠰᠦᠯᠵᠢᠶ᠎ᠡ ᠪᠠᠷ ᠭᠦᠢᠴᠡᠳᠬᠡᠬᠦ ᠶᠢ ᠪᠡᠶᠡᠯᠡᠭᠦᠯᠬᠦ ᠳᠤ | ᠬᠦᠴᠦᠲᠡᠢ ᠲᠤᠯᠭᠠᠭᠤᠷᠢᠯᠠᠪᠠ︔ ᠭᠤᠸᠠᠩᠵᠧᠦ ᠬᠤᠲᠠ᠂ ᠹᠥᠸᠧ ᠱᠠᠨ ᠬᠤᠲᠠ᠂ ᠴᠢᠦᠶᠢᠵᠧᠦ ᠬᠤᠲᠠ ︽ᠨᠢᠭᠡ | ᠴᠣᠩᠬᠤᠪᠴᠢ ᠮᠠᠶ᠋ᠢᠭ︾ ᠤᠨ ᠦᠢᠯᠡᠴᠢᠯᠡᠭᠡ ᠶᠢ ᠠᠬᠢᠭᠤᠯᠤᠨ᠂ ᠬᠤᠲᠠ᠂ ᠲᠣᠭᠤᠷᠢᠭ᠂ ᠵᠡᠭᠡᠯᠢ ᠭᠤᠳᠤᠮᠵᠢ ︵ | ᠪᠠᠯᠭᠠᠰᠤ︶ ᠭᠡᠬᠦ ᠭᠤᠷᠪᠠᠨ ᠱᠠᠲᠤᠨ ᠤ ︽ᠨᠢᠭᠡ ᠴᠣᠩᠬᠤᠪᠴᠢ ᠪᠠᠷ ᠬᠦᠯᠢᠶᠡᠨ ᠠᠪᠴᠤ ᠭᠦᠢᠴᠡᠳᠬᠡᠬᠦ᠂ ᠨᠢᠭᠡᠳᠬᠡᠨ | ᠦᠢᠯᠡᠴᠢᠯᠡᠬᠦ︾ ᠶᠢ ᠦᠨᠳᠦᠰᠦᠨ ᠳᠤ ᠪᠠᠨ ᠪᠡᠶᠡᠯᠡᠭᠦᠯᠪᠡ︔ ᠵᠧᠵᠢᠶᠠᠩ᠂ ᠵᠢᠶᠠᠩᠰᠤ ︽ᠶᠡᠬᠡᠳᠡᠬᠦ ᠳᠤ ᠪᠠᠨ ᠨᠢᠭᠡ ᠯᠡ | ᠤᠳᠠᠭ᠎ᠠ ᠣᠴᠢᠵᠤ ᠭᠦᠢᠴᠡᠳᠬᠡᠬᠦ︾᠂ ︽ᠨᠢᠭᠤᠷᠳᠠᠬᠤ ᠦᠭᠡᠢ ᠪᠠᠷ ᠬᠢᠨᠠᠨ ᠵᠥᠪᠰᠢᠶᠡᠷᠡᠬᠦ︾ ᠶᠢ ᠠᠬᠢᠭᠤᠯᠤᠨ᠂ | ᠵᠠᠰᠠᠭ ᠤᠨ ᠶᠠᠪᠤᠳᠠᠯ ᠤᠨ ᠣᠯᠠᠨ ᠲᠣᠬᠢᠶᠠᠯᠳᠤᠬᠤ ᠦᠢᠯᠡᠴᠢᠯᠡᠭᠡ ᠶᠢᠨ ᠵᠦᠢᠯᠡᠰ ᠢ ᠨᠢᠭᠡ ᠯᠡ ᠤᠳᠠᠭ᠎ᠠ ᠳᠤ | ᠭᠦᠢᠴᠡᠳᠬᠡᠵᠦ ᠳᠠᠭᠤᠰᠬᠠᠬᠤ ᠶᠢ ᠠᠩᠬ᠎ᠠ ᠠᠯᠬᠤᠮ ᠪᠡᠶᠡᠯᠡᠭᠦᠯᠪᠡ︔ ᠭᠤᠸᠠᠩᠵᠧᠦ ᠬᠤᠲᠠ᠂ ᠴᠢᠦᠶᠢᠵᠧᠦ ᠬᠤᠲᠠ᠂ | ᠬᠠᠩᠵᠧᠦ ᠬᠤᠲᠠ᠂ ᠹᠦᠵᠧᠦ ᠬᠤᠲᠠ ᠵᠡᠷᠭᠡ ᠣᠯᠠᠨ ᠭᠠᠵᠠᠷ ᠤᠨ ᠬᠢᠨ ︽ᠪᠡᠶ᠎ᠡ ᠶᠢᠨ ᠦᠨᠡᠮᠯᠡᠯ ᠤᠨ | ᠰᠦᠯᠵᠢᠶᠡᠨ ᠳᠠᠬᠢ ᠦᠨᠡᠮᠯᠡᠯ︾ ᠢ ᠲᠤᠷᠰᠢᠨ ᠬᠡᠷᠡᠭᠯᠡᠵᠦ᠂ ᠹᠦᠵᠢᠶᠠᠨ᠂ ᠵᠢᠶᠠᠩᠰᠤ᠂ ᠴᠦᠩᠴᠢᠩ᠂ ᠱᠧᠨᠵᠧᠨ ᠵᠡᠷᠭᠡ | ᠭᠠᠵᠠᠷ ᠡᠯᠧᠺᠲᠷᠣᠨ ᠭᠡᠷᠡᠴᠢ ᠦᠨᠡᠮᠯᠡᠯ ᠢ ᠬᠠᠮᠲᠤ ᠪᠠᠷ ᠬᠦᠷᠲᠡᠬᠦ ᠶᠢ ᠥᠷᠨᠢᠭᠦᠯᠵᠦ᠂ ᠠᠵᠤ ᠠᠬᠤᠶᠢᠯᠠᠯ ᠪᠠ ᠣᠯᠠᠨ | ᠲᠦᠮᠡᠨ ᠤ ᠣᠯᠠᠨ ᠤᠳᠠᠭ᠎ᠠ ᠨᠠᠭᠠᠰᠢ ᠴᠠᠭᠠᠰᠢ ᠭᠦᠶᠦᠨ᠂ ᠴᠠᠭᠠᠰᠤᠨ ᠮᠠᠲ᠋ᠧᠷᠢᠶᠠᠯ ᠢ ᠳᠠᠬᠢᠨ ᠳᠠᠪᠲᠠᠨ ᠲᠤᠰᠢᠶᠠᠬᠤ | ᠭᠡᠮ ᠰᠣᠭᠤᠭ ᠢ ᠠᠩᠬ᠎ᠠ ᠠᠯᠬᠤᠮ ᠰᠢᠢᠳᠪᠦᠷᠢᠯᠡᠪᠡ᠃ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ | ᠦᠢᠯᠡᠴᠢᠯᠡᠭᠡ︾ ᠨᠢ ᠨᠢᠭᠡᠨᠲᠡ ᠮᠠᠨ ᠤ ᠤᠯᠤᠰ ᠤᠨ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠣᠭᠰᠠᠨ ᠢ ᠦᠢᠯᠡᠳᠦᠯᠭᠡ ᠭᠡᠷᠡᠴᠢᠯᠡᠪᠡ᠃ | ᠠᠰᠠᠭᠤᠯᠲᠠ᠄ ᠲᠠ ︽ᠬᠡᠷᠡᠭᠵᠢᠭᠦᠯᠬᠦ ᠲᠥᠰᠥᠯ︾ ᠢ ᠨᠠᠶᠢᠷᠠᠭᠤᠯᠤᠨ ᠵᠣᠬᠢᠶᠠᠭᠰᠠᠨ ᠶᠠᠪᠤᠴᠠ ᠶᠢ ᠲᠣᠪᠴᠢ ᠪᠠᠷ | ᠲᠠᠨᠢᠯᠴᠠᠭᠤᠯᠤᠭᠠᠳ ᠥᠭᠭᠦᠨ᠎ᠡ ᠦᠦ︖ | ᠬᠠᠷᠢᠭᠤᠯᠲᠠ᠄ 3 ᠳ᠋ᠤᠭᠠᠷ ᠰᠠᠷ᠎ᠠ ᠶᠢᠨ 20 ᠤ ᠡᠳᠦᠷ ᠶᠡᠷᠦᠩᠬᠡᠢ ᠰᠠᠶᠢᠳ ᠯᠢ ᠺᠧ ᠴᠢᠶᠠᠩ ᠤᠨ ᠬᠤᠶᠠᠷ | ᠬᠤᠷᠠᠯ ᠤᠨ ᠰᠤᠷᠪᠤᠯᠵᠢᠯᠠᠭᠴᠢ ᠶᠢᠨ ᠳᠠᠶᠢᠯᠠᠯᠭ᠎ᠠ ᠶᠢᠨ ᠬᠤᠷᠠᠯ ᠳᠡᠭᠡᠷ᠎ᠡ ᠳᠤᠷᠠᠳᠤᠭᠰᠠᠨ ᠵᠠᠰᠠᠭ ᠤᠨ ᠶᠠᠪᠤᠳᠠᠯ ᠤᠨ | ᠦᠢᠯᠡᠴᠢᠯᠡᠭᠡ ᠶᠢ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠵᠡᠷᠭᠡ ︽ᠵᠢᠷᠭᠤᠭᠠᠨ ᠨᠢᠭᠡ︾ ᠶᠢᠨ | ᠱᠠᠭᠠᠷᠳᠠᠯᠭ᠎ᠠ ᠶᠢᠨ ᠲᠣᠭᠤᠷᠢᠨ ᠳᠤ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠬᠢᠨ ᠳᠣᠲᠣᠭᠠᠳᠤ ᠶᠢ | ᠬᠠᠮᠠᠭᠠᠯᠠᠬᠤ ᠶᠠᠮᠤᠨ᠂ ᠲᠥᠪ ᠤᠨ ᠪᠠᠶᠢᠭᠤᠯᠤᠮᠵᠢ ᠣᠷᠣᠨ ᠲᠤᠭ᠎ᠠ ᠶᠢᠨ ᠵᠥᠪᠯᠡᠯ ᠤᠨ ᠠᠯᠪᠠᠨ ᠭᠡᠷ ᠵᠡᠷᠭᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠠᠢ ᠬᠠᠮᠲᠤᠷᠠᠨ ᠪᠠᠶᠢᠴᠠᠭᠠᠨ ᠰᠤᠳᠤᠯᠬᠤ ᠳᠤᠭᠤᠶᠢᠯᠠᠩ ᠢ ᠪᠠᠶᠢᠭᠤᠯᠵᠤ᠂ | ᠭᠤᠸᠠᠩᠵᠧᠦ ᠬᠤᠲᠠ ᠶᠢᠨ ᠨᠠᠨᠱᠠ ᠲᠣᠭᠤᠷᠢᠭ᠂ ᠪᠡᠭᠡᠵᠢᠩ ᠬᠤᠲᠠ ᠶᠢᠨ ᠰᠢᠴᠧᠩ ᠲᠣᠭᠤᠷᠢᠭ ᠤᠨ ᠪᠠᠷᠠᠭᠤᠨ ᠴᠠᠩ | ᠠᠨ ᠵᠡᠭᠡᠯᠢ ᠶᠢᠨ ᠵᠡᠭᠡᠯᠢ ᠭᠤᠳᠤᠮᠵᠢ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠲᠠᠩᠬᠢᠮ ᠵᠡᠷᠭᠡ ᠶᠢᠨ | ᠪᠣᠳᠠᠲᠤ ᠭᠠᠵᠠᠷ ᠲᠤ ᠨᠢ ᠣᠴᠢᠵᠤ ᠰᠤᠷᠪᠤᠯᠵᠢᠯᠠᠭ᠎ᠠ ᠬᠢᠵᠦ᠂ ᠡᠯ᠎ᠡ ᠭᠠᠵᠠᠷ ᠤᠨ ᠬᠢᠨ ᠤ ᠮᠡᠳᠡᠭᠡ ᠵᠠᠩᠭᠢ ᠶᠢᠨ | ᠲᠤᠰᠠᠭᠠᠷᠯᠠᠯ ᠢᠶᠠᠨ ᠡᠪᠳᠡᠭᠰᠡᠨ ᠲᠤᠷᠰᠢᠯᠭ᠎ᠠ ᠬᠢᠳᠡᠯ ᠢ ᠭᠦᠨᠵᠡᠭᠡᠢ ᠣᠶᠢᠯᠠᠭᠠᠭᠰᠠᠨ ᠤ ᠬᠠᠮᠲᠤ᠂ ᠪᠡᠭᠡᠵᠢᠩ ᠬᠤᠲᠠ ᠶᠢᠨ | ᠰᠢᠴᠧᠩ ᠲᠣᠭᠤᠷᠢᠭ ᠤᠨ ᠳ᠋ᠧᠱᠧᠩ ᠵᠡᠭᠡᠯᠢ ᠭᠤᠳᠤᠮᠵᠢ᠂ ᠳ᠋ᠠ ᠵᠠ ᠯᠠᠨ ᠵᠡᠭᠡᠯᠢ ᠭᠤᠳᠤᠮᠵᠢ ᠵᠢᠴᠢ ᠭᠤᠸᠠᠩᠳᠦ᠋ᠩ | ᠮᠤᠵᠢ᠂ ᠭᠤᠸᠠᠩᠵᠧᠦ ᠬᠤᠲᠠ᠂ ᠹᠥᠸᠧ ᠱᠠᠨ ᠬᠤᠲᠠ ᠵᠡᠷᠭᠡ ᠭᠠᠵᠠᠷ ᠤᠨ ᠣᠯᠠᠨ ᠱᠠᠲᠤᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡ ᠶᠢᠨ ᠲᠥᠪ ᠲᠤ ᠤᠷᠲᠤᠳᠬᠠᠭᠰᠠᠨ ᠪᠠᠶᠢᠴᠠᠭᠠᠨ ᠰᠤᠳᠤᠯᠤᠯᠲᠠ ᠬᠢᠵᠦ᠂ ᠡᠯ᠎ᠡ ᠣᠷᠣᠨ | ᠨᠤᠲᠤᠭ ᠤᠨ ᠬᠢᠨ ᠤ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠠᠬᠢᠭᠤᠯᠤᠭᠰᠠᠨ | ᠪᠠ ᠮᠡᠳᠡᠭᠡ ᠵᠠᠩᠭᠢ ᠶᠢᠨ ᠲᠤᠰᠠᠭᠠᠷᠯᠠᠯ ᠢ ᠡᠪᠳᠡᠭᠰᠡᠨ ᠲᠤᠷᠰᠢᠯᠭ᠎ᠠ ᠬᠢᠳᠡᠯ ᠵᠢᠴᠢ ᠪᠡᠶ᠎ᠡ ᠶᠢᠨ ᠦᠨᠡᠮᠯᠡᠯ ᠤᠨ | ᠰᠦᠯᠵᠢᠶᠡᠨ ᠳᠠᠬᠢ ᠦᠨᠡᠮᠯᠡᠯ ᠵᠡᠷᠭᠡ ᠰᠢᠨ᠎ᠡ ᠶᠢ ᠡᠭᠦᠳᠬᠦ ᠵᠠᠭᠪᠤᠷ ᠢ ᠤᠯᠠᠮ ᠨᠢᠭᠡ ᠠᠯᠬᠤᠮ ᠰᠢᠰᠲ᠋ᠧᠮ ᠲᠠᠢ ᠪᠠᠷ | ᠡᠮᠬᠢᠯᠡᠨ ᠳᠢᠭᠯᠡᠵᠡᠢ᠃ | ᠡᠨᠡ ᠵᠢᠯ ᠤᠨ 4 ᠳ᠋ᠦ᠋ᠭᠡᠷ ᠰᠠᠷ᠎ᠠ ᠠᠴᠠ ᠨᠠᠭᠠᠰᠢ᠂ ᠬᠤᠯᠪᠣᠭᠳᠠᠯ ᠪᠦᠬᠦᠢ ᠪᠠᠶᠢᠷᠢᠰᠢᠭᠤᠯᠤᠯᠲᠠ ᠶᠢ | ᠦᠨᠳᠦᠰᠦᠯᠡᠨ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠵᠧᠵᠢᠶᠠᠩ ᠮᠤᠵᠢ᠂ ᠭᠤᠸᠠᠩᠳᠦ᠋ᠩ ᠮᠤᠵᠢ᠂ | ᠱᠠᠨᠳᠦ᠋ᠩ ᠮᠤᠵᠢ ᠵᠡᠷᠭᠡ ᠬᠤᠯᠪᠣᠭᠳᠠᠯ ᠪᠦᠬᠦᠢ ᠣᠷᠣᠨ ᠨᠤᠲᠤᠭ ᠲᠠᠢ ᠬᠠᠮᠲᠤᠷᠠᠨ ᠰᠤᠳᠤᠯᠤᠯᠲᠠ ᠬᠢᠬᠦ ᠠᠵᠢᠯ ᠢ | ᠥᠷᠨᠢᠭᠦᠯᠵᠦ᠂ ᠤᠯᠤᠰ ᠤᠨ ᠮᠡᠳᠡᠭᠡ ᠵᠠᠩᠭᠢ ᠶᠢᠨ ᠲᠥᠪ᠂ ᠮᠡᠳᠡᠭᠡ ᠵᠠᠩᠭᠢ ᠴᠢᠮᠡᠭᠡ ᠬᠤᠯᠪᠣᠭᠠᠨ ᠤ ᠬᠦᠷᠢᠶᠡᠯᠡᠩ | ᠵᠡᠷᠭᠡ ᠬᠠᠮᠢᠶ᠎ᠠ ᠪᠦᠬᠦᠢ ᠰᠤᠳᠤᠯᠭᠠᠨ ᠤ ᠪᠠᠶᠢᠭᠤᠯᠤᠮᠵᠢ ᠪᠠ ᠲᠤᠰᠬᠠᠢ ᠮᠡᠷᠭᠡᠵᠢᠯᠲᠡᠳ ᠢ ᠵᠣᠬᠢᠶᠠᠨ ᠪᠠᠶᠢᠭᠤᠯᠵᠤ ᠪᠢᠴᠢᠭ | ᠮᠠᠲ᠋ᠧᠷᠢᠶᠠᠯ ᠢ ᠲᠤᠭᠤᠷᠪᠢᠬᠤ ᠳᠤᠭᠤᠶᠢᠯᠠᠩ ᠢ ᠪᠠᠶᠢᠭᠤᠯᠤᠨ᠂ 6 ᠤᠳᠠᠭᠠᠨ ᠤ ᠰᠠᠭᠤᠳᠠᠯ ᠤᠨ ᠬᠤᠷᠠᠯ ᠢ ᠲᠥᠷᠥᠯ | ᠬᠤᠪᠢᠶᠠᠨ ᠬᠤᠷᠠᠯᠳᠤᠭᠤᠯᠵᠤ᠂ ᠭᠤᠸᠠᠩᠵᠧᠦ ᠬᠤᠲᠠ᠂ ᠴᠢᠦᠶᠢᠵᠧᠦ ᠬᠤᠲᠠ ᠶᠢᠨ ︽ᠨᠢᠭᠡ ᠴᠣᠩᠬᠤᠪᠴᠢ ᠮᠠᠶ᠋ᠢᠭ︾ | ᠤᠨ ᠦᠢᠯᠡᠴᠢᠯᠡᠭᠡ ᠶᠢ ᠠᠬᠢᠭᠤᠯᠤᠨ᠂ ᠵᠧᠵᠢᠶᠠᠩ ᠮᠤᠵᠢ᠂ ᠵᠢᠶᠠᠩᠰᠤ ᠮᠤᠵᠢ ᠶᠢᠨ ︽ᠶᠡᠬᠡᠳᠡᠬᠦ ᠳᠤ ᠪᠠᠨ ᠨᠢᠭᠡ ᠯᠠ | ᠤᠳᠠᠭ᠎ᠠ ᠣᠴᠢᠵᠤ ᠭᠦᠢᠴᠡᠳᠬᠡᠬᠦ︾᠂ ︽ᠨᠢᠭᠤᠷᠳᠠᠬᠤ ᠦᠭᠡᠢ ᠪᠠᠷ ᠬᠢᠨᠠᠨ ᠵᠥᠪᠰᠢᠶᠡᠷᠡᠬᠦ︾ ᠶᠢ ᠠᠬᠢᠭᠤᠯᠵᠤ᠂ | ᠱᠠᠨᠳᠦ᠋ᠩ ᠮᠤᠵᠢ ᠵᠢᠴᠢ ᠽᠢ ᠪᠦᠸᠧ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠰᠦᠯᠵᠢᠶ᠎ᠡ ᠪᠠᠷ | ᠭᠦᠢᠴᠡᠳᠬᠡᠬᠦ ᠶᠢ ᠠᠬᠢᠭᠤᠯᠬᠤ ᠵᠡᠷᠭᠡ ᠰᠢᠨ᠎ᠡ ᠶᠢ ᠡᠭᠦᠳᠴᠦ ᠦᠢᠯᠡᠳᠦᠯᠭᠡᠵᠢᠭᠦᠯᠦᠭᠰᠡᠨ ᠲᠤᠷᠰᠢᠯᠭ᠎ᠠ ᠲᠠᠢ ᠭᠦᠢᠴᠡᠳ | ᠤᠶᠠᠯᠳᠤᠭᠤᠯᠵᠤ᠂ ︽ᠬᠡᠷᠡᠭᠵᠢᠭᠦᠯᠬᠦ ᠲᠥᠰᠥᠯ︾ ︵ᠬᠢᠨᠠᠭᠤᠯᠬᠤ ᠨᠣᠣᠷᠠᠭ︶ ᠢ ᠪᠦᠷᠢᠯᠳᠦᠭᠦᠯᠪᠡ᠃ ᠡᠭᠦᠨ ᠤ | ᠬᠠᠮᠲᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠲᠠᠢ ᠣᠯᠠᠨ ᠤᠳᠠᠭ᠎ᠠ ᠣᠶᠢᠯᠠᠭᠠᠯᠴᠠᠬᠤ ᠪᠠᠷ | ᠳᠠᠮᠵᠢᠵᠤ ᠂ 59 ᠬᠠᠮᠢᠶ᠎ᠠ ᠪᠦᠬᠦᠢ ᠰᠠᠯᠠᠭ᠎ᠠ ᠮᠥᠴᠢᠷ ᠪᠠ ᠨᠢᠭᠡᠴᠢ ᠠᠴᠠ ᠤᠯᠠᠮ ᠨᠢᠭᠡ ᠠᠯᠬᠤᠮ ᠰᠠᠨᠠᠯ | ᠬᠤᠷᠢᠶᠠᠵᠠᠢ᠃ | 5 ᠳ᠋ᠤᠭᠠᠷ ᠰᠠᠷ᠎ᠠ ᠶᠢᠨ 16 ᠤ ᠡᠳᠦᠷ᠂ ᠶᠡᠷᠦᠩᠬᠡᠢ ᠰᠠᠶᠢᠳ ᠯᠢ ᠺᠧ ᠴᠢᠶᠠᠩ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ ᠤᠨ ᠳᠡᠪᠰᠢᠭᠦᠯᠦᠨ ᠮᠡᠳᠡᠭᠦᠯᠦᠭᠰᠡᠨ ︽ᠬᠡᠷᠡᠭᠵᠢᠭᠦᠯᠬᠦ ᠲᠥᠰᠥᠯ︾ ︵ᠬᠢᠨᠠᠭᠤᠯᠬᠤ ᠨᠣᠣᠷᠠᠭ︶ ᠢ | ᠵᠠᠷᠴᠢᠮ ᠤᠨ ᠲᠠᠯ᠎ᠠ ᠠᠴᠠ ᠬᠢᠨᠠᠨ ᠪᠠᠲᠤᠯᠠᠪᠠ᠃ ᠬᠤᠷᠠᠯ ᠤᠨ ᠳᠠᠷᠠᠭ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ | ᠪᠠᠶᠢᠩᠭᠤ ᠶᠢᠨ ᠬᠤᠷᠠᠯ ᠤᠨ ᠵᠣᠷᠢᠭ ᠰᠠᠨᠠᠭ᠎ᠠ ᠪᠠ ᠶᠡᠷᠦᠩᠬᠡᠢ ᠰᠠᠶᠢᠳ ᠯᠢ ᠺᠧ ᠴᠢᠶᠠᠩ ᠵᠡᠷᠭᠡ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠤᠳᠤᠷᠢᠳᠬᠤ ᠨᠥᠬᠦᠳ ᠤᠨ ᠵᠢᠭᠠᠪᠤᠷᠢ ᠶᠢᠨ ᠱᠠᠭᠠᠷᠳᠠᠯᠭ᠎ᠠ ᠶᠣᠰᠣᠭᠠᠷ᠂ ︽ᠬᠢᠨᠠᠨ | ᠵᠥᠪᠰᠢᠶᠡᠷᠡᠬᠦ ᠦᠢᠯᠡᠴᠢᠯᠡᠭᠡ ᠶᠢᠨ ᠠᠷᠠᠳ ᠲᠤ ᠳᠥᠭᠦᠮ ᠦᠵᠡᠭᠦᠯᠬᠦ ᠶᠢ ᠭᠦᠨᠵᠡᠭᠡᠢ ᠠᠬᠢᠭᠤᠯᠬᠤ ᠲᠤᠬᠠᠢ | ᠵᠢᠯᠣᠭᠤᠳᠬᠤ ᠰᠠᠨᠠᠯ︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠤᠯᠠᠮ ᠨᠢᠭᠡ | ᠠᠯᠬᠤᠮ ᠵᠠᠰᠠᠨ ᠲᠡᠭᠦᠯᠳᠡᠷᠵᠢᠭᠦᠯᠵᠦ᠂ ︽ᠬᠡᠷᠡᠭᠵᠢᠭᠦᠯᠬᠦ ᠲᠥᠰᠥᠯ︾ ︵ᠮᠡᠳᠡᠭᠦᠯᠦᠨ ᠵᠥᠪᠰᠢᠶᠡᠷᠡᠭᠦᠯᠬᠦ ᠨᠣᠣᠷᠠᠭ︶ ᠢ | ᠪᠦᠷᠢᠯᠳᠦᠭᠦᠯᠵᠡᠢ᠃ | ᠠᠰᠠᠭᠤᠯᠲᠠ᠄ ︽ᠬᠡᠷᠡᠭᠵᠢᠭᠦᠯᠬᠦ ᠲᠥᠰᠥᠯ︾ ᠳᠤ ᠶᠠᠮᠠᠷ ᠶᠠᠮᠠᠷ ᠦᠨᠳᠦᠰᠦᠨ ᠵᠠᠷᠴᠢᠮ ᠢ ᠲᠣᠭᠲᠠᠭᠠᠭᠰᠠᠨ ᠪᠣᠢ︖ | ᠶᠠᠮᠠᠷ ᠶᠠᠮᠠᠷ ᠠᠵᠢᠯ ᠤᠨ ᠬᠠᠷᠠᠯᠲᠠ ᠶᠢ ᠳᠤᠷᠠᠳᠤᠭᠰᠠᠨ ᠪᠣᠢ︖ | ᠬᠠᠷᠢᠭᠤᠯᠲᠠ᠄ ︽ᠨᠢᠭᠡ ᠨᠣᠮᠧᠷ ᠨᠢᠭᠡ ᠴᠣᠩᠬᠤᠪᠴᠢ ᠨᠢᠭᠡ ᠰᠦᠯᠵᠢᠶ᠎ᠡ︾ ᠶᠢᠨ 2 ᠵᠢᠯ ᠤᠨ | ᠲᠤᠷᠰᠢᠯᠲᠠ ᠶᠢᠨ ᠴᠢᠭ᠋ ᠤᠨ ᠲᠤᠷᠰᠢᠯᠭ᠎ᠠ ︵ᠲᠥᠷᠥ ᠠᠯᠪᠠᠨ ᠲᠠᠷᠬᠠᠭᠠᠭᠰᠠᠨ ﹇2016﹈ 23 ᠳ᠋ᠤᠭᠠᠷ ᠲᠣᠭᠠᠲᠤ︶ | ᠶᠢ ᠳ᠋ᠦᠩᠨᠡᠭᠰᠡᠨ ᠰᠠᠭᠤᠷᠢᠨ ᠳᠡᠭᠡᠷ᠎ᠡ᠂ ᠥᠭᠡᠷᠡᠴᠢᠯᠡᠯᠲᠡ ᠬᠢᠬᠦ ᠰᠢᠪᠲᠤᠯᠤᠯᠲᠠ ᠶᠢᠨ ᠴᠡᠭ ᠢ ᠵᠠᠬ᠎ᠠ ᠳᠡᠯᠭᠡᠭᠦᠷ ᠪᠠ | ᠣᠯᠠᠨ ᠲᠦᠮᠡᠨ ᠠᠴᠠ ᠬᠠᠮᠤᠭ ᠤᠨ ᠣᠶᠢᠷ᠎ᠠ ᠪᠠᠶᠢᠭ᠎ᠠ ᠣᠷᠣᠨ ᠨᠤᠲᠤᠭ ᠲᠡᠶᠢᠰᠢ ᠠᠬᠢᠭᠤᠯᠵᠤ᠂ ᠠᠵᠤ ᠠᠬᠤᠶᠢᠯᠠᠯ | ᠪᠠ ᠣᠯᠠᠨ ᠲᠦᠮᠡᠨ ᠤ ᠠᠵᠢᠯ ᠬᠡᠷᠡᠭ ᠭᠦᠢᠴᠡᠳᠬᠡᠬᠦ ︽ᠬᠦᠴᠢᠷᠳᠡᠯ︾᠂ ᠵᠠᠰᠠᠭ ᠤᠨ ᠶᠠᠪᠤᠳᠠᠯ ᠤᠨ | ᠦᠢᠯᠡᠴᠢᠯᠡᠭᠡ ᠶᠢᠨ ︽ᠲᠦᠭᠵᠢᠷᠡᠯ︾ ᠪᠠ ︽ᠡᠮᠵᠡᠭ︾ ᠢ ᠭᠤᠣᠯᠳᠠᠭᠤᠯᠤᠨ ᠠᠩᠬᠠᠷᠴᠤ᠂ ᠭᠤᠣᠯᠳᠠᠯᠭ᠎ᠠ ᠲᠠᠢ | ᠬᠦᠷᠢᠶ᠎ᠡ ᠴᠠᠷᠠᠭ᠎ᠠ ᠪᠠ ᠣᠯᠠᠨᠲᠠ ᠲᠣᠬᠢᠶᠠᠯᠳᠤᠬᠤ ᠵᠦᠢᠯᠡᠰ ᠲᠤ ᠳ᠋ᠠᠶᠢᠲ᠋ᠠ ᠶᠢ ᠦᠨᠡᠨ ᠬᠦ ᠬᠤᠯᠪᠣᠯᠳᠤᠭᠤᠯᠤᠨ | ᠨᠡᠪᠲᠡᠷᠡᠭᠦᠯᠵᠦ᠂ ᠲᠤᠬᠠᠶᠢᠯᠠᠭᠰᠠᠨ ᠠᠵᠢᠯ ᠢ ᠦᠨᠡᠨ ᠬᠦ ᠨᠡᠪᠲᠡᠷᠡᠭᠦᠯᠦᠨ᠂ ᠣᠯᠠᠨ ᠲᠦᠮᠡᠨ ᠪᠠ ᠠᠵᠤ ᠠᠬᠤᠶᠢᠯᠠᠯ ᠤᠨ | ᠠᠵᠢᠯ ᠬᠡᠷᠡᠭ ᠭᠦᠢᠴᠡᠳᠬᠡᠬᠦ ᠶᠢ ︽ᠰᠦᠯᠵᠢᠶᠡᠨ ᠬᠤᠳᠠᠯᠳᠤᠭ᠎ᠠ︾ ᠲᠠᠢ ᠠᠳᠠᠯᠢ ᠳᠥᠭᠦᠮ ᠪᠣᠯᠭᠠᠬᠤ ᠶᠢ | ᠪᠡᠶᠡᠯᠡᠭᠦᠯᠦᠨ᠎ᠡ᠃ | ︽ᠬᠡᠷᠡᠭᠵᠢᠭᠦᠯᠬᠦ ᠲᠥᠰᠥᠯ︾ ᠳᠤ 4 ᠦᠨᠳᠦᠰᠦᠨ ᠵᠠᠷᠴᠢᠮ ᠢ ᠲᠣᠭᠲᠠᠭᠠᠪᠠ᠃ ᠨᠢᠭᠡ ᠳᠤ᠂ ᠬᠡᠷᠡᠭᠴᠡᠭᠡ | ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠨ᠂ ᠠᠰᠠᠭᠤᠳᠠᠯ ᠢ ᠭᠤᠣᠯᠳᠠᠭᠤᠯᠤᠨ ᠠᠩᠬᠠᠷᠴᠤ᠂ ᠲᠥᠷᠥᠯ ᠬᠤᠪᠢᠶᠠᠨ | ᠠᠷᠭ᠎ᠠ ᠪᠣᠳᠣᠯᠭ᠎ᠠ ᠶᠢ ᠬᠡᠷᠡᠭᠵᠢᠭᠦᠯᠬᠦ ᠶᠢ ᠪᠠᠷᠢᠮᠲᠠᠯᠠᠵᠤ᠂ ᠡᠯ᠎ᠡ ᠲᠥᠷᠥᠯ ᠤᠨ ᠠᠵᠢᠯ ᠬᠡᠷᠡᠭ ᠭᠦᠢᠴᠡᠳᠬᠡᠬᠦ | ᠵᠦᠢᠯᠡᠰ ᠲᠤ ᠴᠢᠭᠯᠡᠯᠲᠦ ᠴᠢᠨᠠᠷ ᠲᠠᠢ ᠠᠬᠢᠭᠤᠯᠬᠤ ᠲᠥᠰᠥᠯ ᠢ ᠲᠤᠰ ᠲᠤᠰ ᠳᠤᠷᠠᠳᠴᠤ᠂ ᠠᠷᠠᠳ ᠲᠦᠮᠡᠨ ᠤ | ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠦᠭᠡᠢ ᠬᠠᠩᠭᠠᠨ᠎ᠠ᠃ ᠬᠤᠶᠠᠷ ᠲᠤ᠂ ᠭᠤᠣᠯᠳᠠᠯᠭ᠎ᠠ ᠪᠣᠯᠬᠤ ᠶᠢ ᠨᠢ | ᠤᠷᠢᠳ ᠢᠶᠠᠷ ᠬᠡᠷᠡᠭᠵᠢᠭᠦᠯᠦᠨ᠂ ᠲᠤᠷᠰᠢᠯᠭ᠎ᠠ ᠪᠠᠨ ᠳ᠋ᠦᠩᠨᠡᠵᠦ᠂ ᠲᠦᠷᠭᠡᠳᠬᠡᠨ ᠳᠡᠯᠭᠡᠷᠡᠭᠦᠯᠬᠦ ᠶᠢ ᠪᠠᠷᠢᠮᠲᠠᠯᠠᠵᠤ᠂ | ᠱᠠᠲᠤ ᠪᠣᠯᠣᠨ ᠠᠯᠬᠤᠮ ᠳᠠᠷᠠᠭ᠎ᠠ ᠬᠤᠪᠢᠶᠠᠨ ᠠᠬᠢᠭᠤᠯᠵᠤ᠂ ᠠᠮᠵᠢᠯᠲᠠ ᠲᠠᠢ ᠲᠤᠷᠰᠢᠯᠭ᠎ᠠ ᠪᠠ ᠰᠢᠨ᠎ᠡ ᠡᠭᠦᠳᠦᠯᠲᠡ | ᠲᠠᠢ ᠬᠢᠳᠡᠯ ᠢ ᠳ᠋ᠦᠩᠨᠡᠨ᠂ ᠦᠷ᠎ᠡ ᠪᠦᠲᠦᠭᠡᠯ ᠢ ᠳᠠᠭᠤᠷᠢᠶᠠᠨ ᠵᠢᠷᠤᠮᠯᠠᠬᠤ ᠪᠠ ᠤᠬᠠᠭᠤᠯᠤᠨ ᠳᠡᠯᠭᠡᠷᠡᠭᠦᠯᠬᠦ ᠶᠢ | ᠴᠢᠩᠭᠠᠳᠬᠠᠨ᠎ᠠ᠃ ᠭᠤᠷᠪᠠ ᠳᠤ᠂ ᠡᠮᠬᠢᠯᠡᠨ ᠨᠡᠶᠢᠯᠡᠭᠦᠯᠵᠦ ᠬᠠᠮᠲᠤ ᠪᠠᠷ ᠬᠦᠷᠲᠡᠵᠦ᠂ ᠴᠤᠪᠤᠷᠠᠯ ᠢᠶᠠᠨ | ᠰᠢᠯᠢᠳᠡᠭᠵᠢᠭᠦᠯᠵᠦ᠂ ᠦᠢᠯᠡᠴᠢᠯᠡᠭᠡ ᠳᠤ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠰᠦᠯᠵᠢᠶ᠎ᠡ ᠶᠢ ᠬᠤᠯᠪᠣᠭᠠᠯᠠᠨ | ᠨᠡᠶᠢᠳᠡᠮ ᠭᠦᠢᠴᠡᠳᠬᠡᠬᠦ ᠪᠣᠯ ᠵᠠᠷᠴᠢᠮ᠂ ᠰᠦᠯᠵᠢᠶ᠎ᠡ ᠶᠢ ᠲᠤᠰᠠᠭᠠᠷ ᠠᠵᠢᠯᠯᠠᠭᠤᠯᠬᠤ ᠪᠣᠯ ᠣᠨᠴᠠᠭᠠᠢ ᠶᠠᠪᠤᠳᠠᠯ᠂ | ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠦᠯᠵᠢᠶ᠎ᠡ ᠪᠠᠷ ᠭᠦᠢᠴᠡᠳᠬᠡᠬᠦ ᠪᠣᠯ ᠵᠠᠷᠴᠢᠮ᠂ ᠰᠦᠯᠵᠢᠶᠡᠨ ᠳᠡᠭᠡᠷ᠎ᠡ | ᠭᠠᠷᠭᠠᠬᠤ ᠦᠭᠡᠢ ᠪᠣᠯ ᠣᠨᠴᠠᠭᠠᠢ ᠶᠠᠪᠤᠳᠠᠯ ᠪᠣᠯᠬᠤ ᠶᠢ ᠪᠠᠷᠢᠮᠲᠠᠯᠠᠨ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ | ᠡᠬᠢ ᠪᠠᠶᠠᠯᠢᠭ ᠤᠨ ᠳᠡᠰ ᠱᠠᠲᠤ ᠠᠯᠤᠰᠯᠠᠭᠤᠯᠤᠨ᠂ ᠣᠷᠣᠨ ᠬᠡᠪᠴᠢᠶ᠎ᠡ ᠠᠯᠤᠰᠯᠠᠭᠤᠯᠤᠨ᠂ ᠰᠢᠰᠲ᠋ᠧᠮ | ᠠᠯᠤᠰᠯᠠᠭᠤᠯᠤᠨ᠂ ᠰᠠᠯᠠᠭ᠎ᠠ ᠮᠥᠴᠢᠷ ᠠᠯᠤᠰᠯᠠᠭᠤᠯᠤᠨ᠂ ᠲᠤᠬᠠᠶᠢᠯᠠᠭᠰᠠᠨ ᠠᠵᠢᠯ ᠠᠯᠤᠰᠯᠠᠭᠤᠯᠤᠨ ᠬᠠᠷᠢᠯᠴᠠᠨ | ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠪᠠ ᠵᠣᠬᠢᠴᠠᠯᠳᠤᠨ ᠬᠠᠮᠲᠤ ᠪᠠᠷ ᠬᠦᠷᠲᠡᠬᠦ ᠶᠢ ᠴᠢᠩᠭᠠᠳᠬᠠᠵᠤ᠂ | ᠶᠡᠷᠦᠩᠬᠡᠶᠢᠯᠡᠨ ᠦᠢᠯᠡᠴᠢᠯᠡᠬᠦ ᠴᠢᠳᠠᠪᠤᠷᠢ ᠶᠢ ᠴᠢᠩᠭᠠᠷᠠᠭᠤᠯᠤᠨ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ | ᠦᠢᠯᠡᠳᠦᠯ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠳᠥᠷᠪᠡ ᠳᠤ᠂ ᠨᠢᠭᠡᠳᠦᠯᠲᠡᠢ ᠲᠥᠯᠥᠪᠯᠡᠨ | ᠠᠬᠢᠭᠤᠯᠵᠤ᠂ ᠬᠡᠰᠡᠭ ᠪᠦᠯᠦᠭ ᠢ ᠨᠢ ᠤᠶᠠᠯᠳᠤᠭᠤᠯᠤᠨ᠂ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠣᠭᠠᠯᠠᠨ | ᠬᠥᠳᠡᠯᠦᠯᠴᠡᠬᠦ ᠶᠢ ᠪᠠᠷᠢᠮᠲᠠᠯᠠᠵᠤ᠂ ᠡᠯ᠎ᠡ ᠲᠠᠯ᠎ᠠ ᠶᠢᠨ ᠡᠬᠢ ᠪᠠᠶᠠᠯᠢᠭ ᠢ ᠪᠦᠲᠦᠮᠵᠢᠲᠡᠢ ᠪᠠᠷ ᠡᠮᠬᠢᠯᠡᠨ ᠨᠡᠶᠢᠯᠡᠭᠦᠯᠵᠦ᠂ | ᠨᠢᠭᠡ ᠴᠣᠭᠴᠠᠵᠢᠭᠰᠠᠨ ᠬᠤᠯᠪᠣᠭᠠᠯᠠᠨ ᠠᠬᠢᠭᠤᠯᠬᠤ ᠲᠣᠭᠲᠠᠴᠠ ᠶᠢ ᠪᠠᠶᠢᠭᠤᠯᠵᠤ᠂ ᠵᠣᠬᠢᠴᠠᠯᠳᠤᠨ ᠦᠢᠯᠡᠴᠢᠯᠡᠬᠦ | ᠴᠢᠳᠠᠪᠤᠷᠢ ᠪᠠ ᠶᠡᠷᠦᠩᠬᠡᠶᠢᠯᠡᠨ ᠬᠠᠮᠢᠶᠠᠷᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ︽ᠬᠡᠷᠡᠭᠵᠢᠭᠦᠯᠬᠦ ᠲᠥᠰᠥᠯ︾ ᠳᠤ ︽ᠬᠤᠶᠠᠷ ᠵᠢᠯ ᠳᠤ ᠬᠤᠶᠠᠷ ᠠᠯᠬᠤᠮ ᠢᠶᠠᠷ ᠵᠠᠮᠨᠠᠬᠤ︾ ᠰᠡᠳᠬᠢᠴᠡ ᠶᠢ | ᠳᠤᠷᠠᠳᠴᠤ᠂ 2018 ᠣᠨ ᠤ ᠡᠴᠦᠰ ᠪᠣᠯᠲᠠᠯ᠎ᠠ᠂ ︽ᠨᠢᠭᠡ ᠰᠦᠯᠵᠢᠶ᠎ᠡ᠂ ᠨᠢᠭᠡ ᠡᠭᠦᠳᠡ᠂ ᠨᠢᠭᠡ ᠤᠳᠠᠭ᠎ᠠ︾ ᠶᠢᠨ | ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠪᠠᠷ ᠠᠩᠬ᠎ᠠ ᠠᠯᠬᠤᠮ ᠤᠨ ᠦᠷ᠎ᠡ ᠪᠦᠲᠦᠮᠵᠢ ᠶᠢ ᠣᠯᠵᠤ᠂ ᠮᠤᠵᠢ ᠶᠢᠨ | ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠵᠦᠢᠯᠡᠰ ᠤᠨ ᠰᠦᠯᠵᠢᠶ᠎ᠡ ᠪᠠᠷ ᠭᠦᠢᠴᠡᠳᠬᠡᠵᠦ ᠪᠣᠯᠬᠤ | ᠨᠣᠷᠮ᠎ᠠ ᠶᠢ 80% ᠠᠴᠠ ᠳᠣᠣᠷ᠎ᠠ ᠪᠠᠶᠢᠯᠭᠠᠬᠤ ᠦᠭᠡᠢ᠂ ᠬᠤᠲᠠ ᠰᠢᠶᠠᠨ ᠤ ᠱᠠᠲᠤᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡ ᠶᠢᠨ ᠵᠦᠢᠯᠡᠰ ᠢ ᠶᠡᠷᠦᠩᠬᠡᠶᠢᠯᠡᠭᠰᠡᠨ ᠴᠢᠨᠠᠷᠲᠠᠢ ᠪᠣᠳᠠᠲᠤ ᠴᠣᠭᠴᠠᠲᠤ ᠵᠠᠰᠠᠭ ᠤᠨ ᠶᠠᠪᠤᠳᠠᠯ ᠤᠨ | ᠲᠠᠩᠬᠢᠮ ᠳᠤ ᠣᠷᠣᠭᠤᠯᠵᠤ ᠠᠵᠢᠯᠯᠠᠭᠤᠯᠬᠤ ᠨᠣᠷᠮ᠎ᠠ ᠶᠢ 70% ᠠᠴᠠ ᠳᠣᠣᠷ᠎ᠠ ᠪᠠᠶᠢᠯᠭᠠᠬᠤ ᠦᠭᠡᠢ᠂ ᠮᠤᠵᠢ | ᠬᠤᠲᠠ ᠰᠢᠶᠠᠨ ᠡᠯ᠎ᠡ ᠱᠠᠲᠤᠨ ᠤ 30 ᠣᠯᠠᠨᠲᠠ ᠲᠣᠬᠢᠶᠠᠯᠳᠤᠬᠤ ᠵᠦᠢᠯᠡᠰ ᠤᠨ ︽ᠶᠡᠬᠡᠳᠡᠬᠦ ᠳᠤ ᠪᠠᠨ ᠨᠢᠭᠡ ᠯᠡ | ᠤᠳᠠᠭ᠎ᠠ ᠣᠴᠢᠵᠤ ᠭᠦᠢᠴᠡᠳᠬᠡᠬᠦ︾ ᠶᠢ ᠪᠡᠶᠡᠯᠡᠭᠦᠯᠦᠨ᠎ᠡ᠃ 2019 ᠣᠨ ᠤ ᠡᠴᠦᠰ ᠪᠣᠯᠲᠠᠯ᠎ᠠ᠂ ᠭᠤᠣᠯᠳᠠᠯᠭ᠎ᠠ | ᠲᠠᠢ ᠬᠦᠷᠢᠶ᠎ᠡ ᠴᠠᠷᠠᠭ᠎ᠠ ᠪᠠ ᠥᠨᠳᠥᠷ ᠳᠠᠪᠲᠠᠮᠵᠢᠲᠤ ᠵᠦᠢᠯᠡᠰ ᠤᠨ ︽ᠨᠢᠭᠡ ᠰᠦᠯᠵᠢᠶ᠎ᠡ᠂ ᠨᠢᠭᠡ ᠡᠭᠦᠳᠡ᠂ ᠨᠢᠭᠡ | ᠤᠳᠠᠭ᠎ᠠ︾ ᠶᠢᠨ ᠥᠭᠡᠷᠡᠴᠢᠯᠡᠯᠲᠡ ᠶᠢ ᠦᠨᠳᠦᠰᠦᠨ ᠳᠤ ᠪᠠᠨ ᠪᠡᠶᠡᠯᠡᠭᠦᠯᠵᠦ᠂ ᠮᠤᠵᠢ ᠶᠢᠨ ᠱᠠᠲᠤᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡ ᠶᠢᠨ ᠵᠦᠢᠯᠡᠰ ᠤᠨ ᠰᠦᠯᠵᠢᠶ᠎ᠡ ᠪᠠᠷ ᠭᠦᠢᠴᠡᠳᠬᠡᠵᠦ ᠪᠣᠯᠬᠤ ᠨᠣᠷᠮ᠎ᠡ ᠶᠢ 90% ᠠᠴᠠ | ᠳᠣᠣᠷ᠎ᠠ ᠪᠠᠶᠢᠯᠭᠠᠬᠤ ᠦᠭᠡᠢ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠵᠦᠢᠯᠡᠰ ᠢ ᠶᠡᠷᠦᠩᠬᠡᠶᠢᠯᠡᠭᠰᠡᠨ ᠴᠢᠨᠠᠷᠲᠠᠢ | ᠪᠣᠳᠠᠲᠤ ᠴᠣᠭᠴᠠᠲᠤ ᠵᠠᠰᠠᠭ ᠤᠨ ᠶᠠᠪᠤᠳᠠᠯ ᠤᠨ ᠲᠠᠩᠬᠢᠮ ᠳᠤ ᠣᠷᠣᠭᠤᠯᠵᠤ ᠠᠵᠢᠯᠯᠠᠭᠤᠯᠬᠤ ᠳᠤ ︽ᠣᠷᠣᠭᠤᠯᠪᠠᠰᠤ | ᠵᠣᠬᠢᠬᠤ ᠶᠢ ᠨᠢ ᠪᠦᠬᠦᠨ ᠢ ᠣᠷᠣᠭᠤᠯᠬᠤ︾ ᠶᠢ ᠦᠨᠳᠦᠰᠦᠨ ᠳᠤ ᠪᠠᠨ ᠪᠡᠶᠡᠯᠡᠭᠦᠯᠵᠦ᠂ ᠮᠤᠵᠢ ᠬᠤᠲᠠ ᠰᠢᠶᠠᠨ ᠡᠯ᠎ᠡ | ᠱᠠᠲᠤᠨ ᠤ 100 ᠣᠯᠠᠨᠲᠠ ᠲᠣᠬᠢᠶᠠᠯᠳᠤᠬᠤ ᠵᠦᠢᠯᠡᠰ ᠤᠨ ︽ᠶᠡᠬᠡᠳᠡᠬᠦ ᠳᠤ ᠪᠠᠨ ᠨᠢᠭᠡ ᠯᠡ ᠤᠳᠠᠭ᠎ᠠ ᠣᠴᠢᠵᠤ | ᠭᠦᠢᠴᠡᠳᠬᠡᠬᠦ︾ ᠶᠢ ᠪᠡᠶᠡᠯᠡᠭᠦᠯᠦᠨ᠎ᠡ᠃ | ᠠᠰᠠᠭᠤᠯᠲᠠ᠄ ︽ᠬᠡᠷᠡᠭᠵᠢᠭᠦᠯᠬᠦ ᠲᠥᠰᠥᠯ︾ ᠳᠤ ᠶᠠᠮᠠᠷ ᠶᠠᠮᠠᠷ ᠭᠤᠣᠯ ᠡᠭᠦᠷᠭᠡ ᠵᠢᠴᠢ ᠱᠠᠭᠠᠷᠳᠠᠯᠭ᠎ᠠ ᠶᠢ | ᠳᠤᠷᠠᠳᠤᠭᠰᠠᠨ ᠪᠣᠢ︖ ᠳᠡᠭᠡᠷ᠎ᠡ ᠶᠠᠷᠢᠭᠰᠠᠨ ᠡᠭᠦᠷᠭᠡ ᠶᠢ ᠪᠣᠳᠠᠲᠠᠶᠢᠵᠢᠭᠤᠯᠬᠤ ᠶᠢᠨ ᠲᠥᠯᠥᠭᠡ᠂ ᠶᠠᠮᠠᠷ ᠶᠠᠮᠠᠷ | ᠪᠠᠲᠤᠯᠠᠬᠤ ᠠᠷᠭ᠎ᠠ ᠬᠡᠮᠵᠢᠶ᠎ᠡ ᠶᠢ ᠲᠣᠳᠣᠷᠬᠠᠶᠢᠯᠠᠭᠰᠠᠨ ᠪᠣᠢ︖ | ᠬᠠᠷᠢᠭᠤᠯᠲᠠ᠄ ︽ᠨᠢᠭᠡ ᠰᠦᠯᠵᠢᠶ᠎ᠡ ᠨᠢᠭᠡ ᠡᠭᠦᠳᠡ ᠨᠢᠭᠡ ᠤᠳᠠᠭ᠎ᠠ︾ ᠶᠢᠨ ᠥᠭᠡᠷᠡᠴᠢᠯᠡᠯᠲᠡ ᠶᠢ | ᠪᠣᠳᠠᠲᠠᠶᠢᠵᠢᠭᠤᠯᠬᠤ ᠶᠢ ᠪᠠᠲᠤᠯᠠᠬᠤ ᠶᠢᠨ ᠲᠥᠯᠥᠭᠡ᠂ ︽ᠬᠡᠷᠡᠭᠵᠢᠭᠦᠯᠬᠦ ᠲᠥᠰᠥᠯ︾ ᠳᠤ 4 ᠲᠠᠯ᠎ᠠ ᠶᠢᠨ ᠭᠤᠣᠯ | ᠡᠭᠦᠷᠭᠡ ᠶᠢ ᠳᠤᠷᠠᠳᠴᠠᠢ᠃ | ᠨᠢᠭᠡ ᠳᠤ᠂ ᠡᠮᠬᠢᠯᠡᠨ ᠨᠡᠶᠢᠯᠡᠭᠦᠯᠬᠦ ᠪᠠᠷ ᠳᠥᠭᠦᠮ ᠦᠵᠡᠭᠦᠯᠬᠦ ᠶᠢ ᠠᠬᠢᠭᠤᠯᠤᠨ᠂ ᠰᠦᠯᠵᠢᠶᠡᠨ ᠳᠠᠬᠢ ︽ᠨᠢᠭᠡ | ᠯᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢ ᠠᠬᠢᠭᠤᠯᠤᠨ᠎ᠠ᠃ ᠤᠯᠤᠰ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡ ᠶᠢᠨ ᠲᠠᠪᠴᠠᠩ ᠢᠶᠠᠷ ᠵᠠᠩᠭᠢᠯᠠᠭ᠎ᠠ ᠪᠣᠯᠭᠠᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ | ᠰᠦᠯᠵᠢᠶᠡᠨ ᠳᠠᠬᠢ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠲᠠᠪᠴᠠᠩ ᠢᠶᠠᠷ ᠰᠠᠭᠤᠷᠢ ᠪᠣᠯᠭᠠᠭᠰᠠᠨ ᠪᠦᠬᠦ | ᠤᠯᠤᠰ ᠤᠨ ᠨᠢᠭᠡ ᠴᠣᠭᠴᠠᠵᠢᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠲᠠᠪᠴᠠᠩ ᠢ ᠲᠦᠷᠭᠡᠳᠬᠡᠨ | ᠪᠠᠶᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠨᠡᠩ ᠣᠯᠠᠨ ᠵᠦᠢᠯᠡᠰ ᠢ ᠰᠦᠯᠵᠢᠶ᠎ᠡ ᠪᠠᠷ | ᠭᠦᠢᠴᠡᠳᠬᠡᠬᠦ ᠶᠢ ᠠᠬᠢᠭᠤᠯᠤᠨ᠂ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠵᠦᠢᠯᠡᠰ ᠢ ᠵᠠᠷᠴᠢᠮ | ᠳᠡᠭᠡᠷ᠎ᠡ ᠪᠠᠨ ᠪᠦᠷ ᠰᠦᠯᠵᠢᠶᠡᠨ ᠳᠠᠬᠢ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠲᠠᠪᠴᠠᠩ ᠳᠤ ᠣᠷᠣᠭᠤᠯᠤᠨ | ᠭᠦᠢᠴᠡᠳᠬᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠰᠢᠯᠵᠢᠭᠡ ᠬᠡᠷᠡᠭᠯᠡᠭᠡᠨ ᠢ ᠥᠷᠭᠡᠳᠬᠡᠵᠦ᠂ ᠵᠠᠰᠠᠭ ᠤᠨ | ᠶᠠᠪᠤᠳᠠᠯ ᠤᠨ ᠳᠥᠭᠦᠮ ᠳᠥᠲᠡ ᠦᠢᠯᠡᠴᠢᠯᠡᠭᠡ ᠶᠢᠨ ᠰᠢᠰᠲ᠋ᠧᠮᠵᠢ ᠶᠢ ᠬᠦᠴᠦᠯᠡᠨ ᠪᠠᠶᠢᠭᠤᠯᠤᠨ᠎ᠠ᠃ | ᠬᠤᠶᠠᠷ ᠲᠤ᠂ ᠨᠢᠭᠡᠳᠬᠡᠬᠦ ᠪᠠᠷ ᠦᠢᠯᠡᠳᠦᠯ ᠪᠦᠲᠦᠮᠵᠢ ᠪᠠᠨ ᠳᠡᠭᠡᠭᠰᠢᠯᠡᠭᠦᠯᠵᠦ᠂ ᠰᠦᠯᠵᠢᠶᠡᠨ ᠭᠠᠳᠠᠭᠤᠷ ︽ | ᠵᠥᠪᠬᠡᠨ ᠨᠢᠭᠡ ᠯᠡ ᠡᠭᠦᠳᠡ ᠪᠠᠷ ᠣᠷᠣᠵᠤ ᠭᠦᠢᠴᠡᠳᠬᠡᠬᠦ︾ ᠶᠢ ᠠᠬᠢᠭᠤᠯᠤᠨ᠎ᠠ᠃ ᠵᠠᠰᠠᠭ ᠤᠨ ᠶᠠᠪᠤᠳᠠᠯ ᠤᠨ | ᠦᠢᠯᠡᠴᠢᠯᠡᠭᠡ ᠶᠢᠨ ᠲᠥᠪᠯᠡᠷᠡᠭᠦᠯᠦᠨ ᠭᠦᠢᠴᠡᠳᠬᠡᠬᠦ ᠶᠢ ᠶᠡᠭᠡ ᠪᠠᠷ ᠬᠡᠷᠡᠭᠵᠢᠭᠦᠯᠦᠨ᠂ ︽ᠣᠯᠠᠨ ᠡᠭᠦᠳᠡ︾ ᠲᠠᠢ | ᠪᠠᠶᠢᠭᠰᠠᠨ ᠢ ︽ᠨᠢᠭᠡ ᠯᠡ ᠡᠭᠦᠳᠡ︾ ᠪᠣᠯᠭᠠᠨ ᠬᠤᠪᠢᠷᠠᠭᠤᠯᠬᠤ ᠶᠢ ᠪᠡᠶᠡᠯᠡᠭᠦᠯᠵᠦ᠂ ᠰᠦᠯᠵᠢᠶᠡᠨ ᠳᠠᠬᠢ ᠵᠠᠰᠠᠭ ᠤᠨ | ᠶᠠᠪᠤᠳᠠᠯ ᠤᠨ ᠦᠢᠯᠡᠴᠢᠯᠡᠭᠡ ᠶᠢᠨ ᠲᠠᠪᠴᠠᠩ ᠳᠤ ᠲᠦᠰᠢᠭᠯᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ | ᠰᠦᠯᠵᠢᠶᠡᠨ ᠳᠠᠬᠢ ᠪᠠ ᠰᠦᠯᠵᠢᠶᠡᠨ ᠭᠠᠳᠠᠭᠤᠷᠬᠢ ᠦᠢᠯᠡᠴᠢᠯᠡᠭᠡ ᠶᠢ ᠨᠢᠭᠡᠳᠬᠡᠨ ᠠᠭᠤᠰᠤᠯᠴᠠᠬᠤ ᠶᠢ ᠠᠬᠢᠭᠤᠯᠵᠤ᠂ | ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠬᠡᠷᠡᠭ ᠭᠦᠢᠴᠡᠳᠬᠡᠬᠦ ᠳᠤ ᠰᠦᠯᠵᠢᠶᠡᠨ ᠭᠠᠳᠠᠭᠤᠷ ︽ᠵᠥᠪᠬᠡᠨ | ᠨᠢᠭᠡ ᠯᠡ ᠡᠭᠦᠳᠡ ᠪᠠᠷ ᠣᠷᠣᠵᠤ ᠭᠦᠢᠴᠡᠳᠬᠡᠬᠦ︾ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ᠃ | ᠭᠤᠷᠪᠠ ᠳᠤ᠂ ᠰᠢᠨ᠎ᠡ ᠶᠢ ᠡᠭᠦᠳᠬᠦ ᠪᠠᠷ ᠴᠣᠮᠬᠠᠳᠬᠠᠬᠤ ᠶᠢ ᠠᠬᠢᠭᠤᠯᠵᠤ᠂ ᠠᠵᠤ ᠠᠬᠤᠶᠢᠯᠠᠯ ᠪᠠ ᠣᠯᠠᠨ | ᠲᠦᠮᠡᠨ ᠤ ︽ᠶᠡᠬᠡᠳᠡᠬᠦ ᠳᠤ ᠪᠠᠨ ᠨᠢᠭᠡ ᠯᠡ ᠤᠳᠠᠭ᠎ᠠ ᠣᠴᠢᠵᠤ ᠭᠦᠢᠴᠡᠳᠬᠡᠬᠦ︾ ᠶᠢ ᠪᠡᠶᠡᠯᠡᠭᠦᠯᠦᠨ᠎ᠡ᠃ ᠡᠷᠬᠡᠪᠰᠢ | ᠲᠤᠬᠠᠢ ᠶᠢᠨ ᠭᠠᠵᠠᠷ ᠲᠤ ᠨᠢ ᠣᠴᠢᠵᠤ ᠭᠦᠢᠴᠡᠳᠬᠡᠬᠦ ᠴᠢᠬᠤᠯᠠ ᠲᠠᠢ ᠵᠦᠢᠯᠡᠰ ᠤᠨ ︽ᠶᠡᠬᠡᠳᠡᠬᠦ ᠳᠤ ᠪᠠᠨ ᠨᠢᠭᠡ ᠯᠡ | ᠤᠳᠠᠭ᠎ᠠ ᠣᠴᠢᠵᠤ ᠭᠦᠢᠴᠡᠳᠬᠡᠬᠦ︾ ᠶᠢᠨ ᠭᠠᠷᠴᠠᠭᠯᠠᠯ ᠢ ᠡᠮᠬᠢᠯᠡᠨ ᠳᠢᠭᠯᠡᠵᠦ᠂ ᠮᠠᠲ᠋ᠧᠷᠢᠶᠠᠯ ᠪᠠ ᠭᠦᠢᠴᠡᠳᠬᠡᠬᠦ | ᠭᠤᠭᠴᠤᠭ᠎ᠠ ᠶᠢ ᠬᠠᠰᠤᠬᠤ ᠶᠢ ᠶᠡᠭᠡ ᠪᠠᠷ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠣᠷᠣᠴᠠ ᠶᠢ | ᠦᠨᠳᠦᠰᠦᠨ ᠱᠠᠲᠤ ᠲᠡᠶᠢᠰᠢ ᠪᠦᠬᠦ ᠲᠠᠯ᠎ᠠ ᠪᠠᠷ ᠤᠷᠲᠤᠳᠬᠠᠬᠤ ᠶᠢ ᠠᠬᠢᠭᠤᠯᠤᠨ᠂ ᠦᠨᠳᠦᠰᠦᠨ ᠱᠠᠲᠤᠨ ᠤ ︽ᠨᠢᠭᠡ | ᠥᠷᠲᠡᠭᠡ ᠮᠠᠶ᠋ᠢᠭ︾ ᠤᠨ ᠠᠷᠠᠳ ᠲᠤ ᠳᠥᠭᠦᠮ ᠦᠵᠡᠭᠦᠯᠬᠦ ᠶᠡᠷᠦᠩᠬᠡᠶᠢᠯᠡᠭᠰᠡᠨ ᠦᠢᠯᠡᠴᠢᠯᠡᠭᠡ ᠶᠢᠨ ᠲᠠᠪᠴᠠᠩ ᠢ | ᠪᠠᠶᠢᠭᠤᠯᠤᠨ᠎ᠠ᠃ | ᠳᠥᠷᠪᠡ ᠳᠤ᠂ ᠬᠠᠮᠲᠤ ᠪᠠᠷ ᠬᠦᠷᠲᠡᠬᠦ ᠪᠠᠷ ᠰᠠᠭᠤᠷᠢ ᠪᠣᠯᠭᠠᠨ᠂ ︽ᠳ᠋ᠠᠶᠢᠲ᠋ᠠ ᠶᠢ ᠢᠯᠡᠭᠦᠦ ᠬᠡᠷᠡᠭᠯᠡᠬᠦ︾ | ᠪᠣᠯᠭᠠᠨ᠎ᠠ᠃ ᠪᠦᠬᠦ ᠤᠯᠤᠰ ᠢᠶᠠᠷ ᠢᠶᠠᠨ ᠨᠢᠭᠡᠳᠦᠯᠲᠡᠢ ᠪᠣᠯᠭᠠᠭᠰᠠᠨ᠂ ᠣᠯᠠᠨ ᠱᠠᠲᠤ ᠶᠢᠨ ᠬᠠᠷᠢᠯᠴᠠᠨ | ᠬᠤᠯᠪᠣᠭᠠᠯᠠᠭᠰᠠᠨ ᠪᠦᠬᠦ ᠤᠯᠤᠰ ᠤᠨ ᠳ᠋ᠠᠶᠢᠲ᠋ᠠ ᠶᠢ ᠬᠠᠮᠲᠤ ᠪᠠᠷ ᠬᠦᠷᠲᠡᠵᠦ ᠰᠣᠯᠢᠯᠴᠠᠬᠤ ᠲᠠᠪᠴᠠᠩ ᠤᠨ | ᠰᠢᠰᠲ᠋ᠧᠮᠴᠢ ᠶᠢ ᠪᠠᠶᠢᠭᠤᠯᠤᠨ᠂ ︽ᠨᠢᠭᠡ ᠳ᠋ᠠᠶᠢᠲ᠋ᠠ ᠳᠤ ᠨᠢᠭᠡ ᠢᠷᠡᠯᠲᠡ ᠲᠠᠢ᠂ ᠣᠯᠠᠨ ᠢᠷᠡᠯᠲᠡ ᠲᠠᠢ ᠪᠣᠯ | ᠬᠠᠷᠭᠤᠭᠤᠯᠤᠨ ᠬᠢᠨᠠᠬᠤ᠂ ᠬᠥᠳᠡᠯᠦᠩᠭᠦᠢ ᠪᠠᠷ ᠰᠢᠨᠡᠳᠬᠡᠬᠦ︾ ᠵᠠᠷᠴᠢᠮ ᠢ ᠵᠢᠷᠤᠮᠯᠠᠨ ᠵᠠᠰᠠᠭ ᠤᠨ ᠶᠠᠪᠤᠳᠠᠯ ᠤᠨ | ᠳ᠋ᠠᠶᠢᠲ᠋ᠠ ᠶᠢᠨ ᠡᠬᠢ ᠪᠠᠶᠠᠯᠢᠭ ᠤᠨ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠵᠠᠰᠠᠭ ᠤᠨ ᠶᠠᠪᠤᠳᠠᠯ ᠤᠨ | ᠮᠡᠳᠡᠭᠡ ᠵᠠᠩᠭᠢ ᠶᠢᠨ ᠰᠢᠰᠲ᠋ᠧᠮ ᠢ ᠥᠭᠡᠷᠡᠴᠢᠯᠡᠨ ᠵᠠᠯᠭᠠᠭᠤᠯᠬᠤ ᠪᠠᠷ ᠳᠠᠮᠵᠢᠭᠤᠯᠤᠨ ᠳᠡᠰ ᠱᠠᠲᠤ ᠠᠯᠤᠰᠯᠠᠭᠰᠠᠨ᠂ | ᠨᠤᠲᠤᠭ ᠪᠦᠰᠡ ᠠᠯᠤᠰᠯᠠᠭᠰᠠᠨ᠂ ᠰᠢᠰᠲ᠋ᠧᠮ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠲᠤᠬᠠᠶᠢᠯᠠᠭᠰᠠᠨ | ᠠᠵᠢᠯ ᠠᠯᠤᠰᠯᠠᠭᠰᠠᠨ ᠳ᠋ᠠᠶᠢᠲ᠋ᠠ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠬᠦ ᠶᠢ ᠪᠡᠶᠡᠯᠡᠭᠦᠯᠵᠦ᠂ ᠠᠵᠢᠯ | ᠬᠡᠷᠡᠭ ᠤᠨ ᠳᠤᠮᠳᠠᠬᠢ ᠪᠠ ᠠᠵᠢᠯ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢ ︽ᠨᠢᠭᠡ | ᠰᠦᠯᠵᠢᠶ᠎ᠡ ᠪᠠᠷ ᠨᠡᠶᠢᠳᠡᠮ ᠬᠦᠷᠲᠡᠬᠦ︾ ᠶᠢ ᠠᠬᠢᠭᠤᠯᠤᠨ᠂ ᠳ᠋ᠠᠶᠢᠲ᠋ᠠ ᠶᠢ ᠬᠠᠮᠲᠤ ᠪᠠᠷ ᠬᠦᠷᠲᠡᠬᠦ ᠳᠤ ᠠᠮᠤᠷ ᠲᠦᠪᠰᠢᠨ | ᠪᠠᠲᠤᠯᠠᠭ᠎ᠠ ᠶᠢ ᠴᠢᠩᠭᠠᠷᠠᠭᠤᠯᠤᠨ᠎ᠠ᠃ | ︽ᠬᠡᠷᠡᠭᠵᠢᠭᠦᠯᠬᠦ ᠲᠥᠰᠥᠯ︾ ᠳᠤ 4 ᠵᠦᠢᠯ ᠤᠨ ᠪᠠᠲᠤᠯᠠᠬᠤ ᠠᠷᠭ᠎ᠠ ᠬᠡᠮᠵᠢᠶ᠎ᠡ ᠶᠢ ᠳᠤᠷᠠᠳᠴᠤ᠂ ︽ᠨᠢᠭᠡ | ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢᠨ ᠪᠠᠷᠢᠮᠵᠢᠶ᠎ᠠ ᠵᠢᠷᠤᠮᠵᠢᠯ ᠢ ᠪᠠᠶᠢᠭᠤᠯᠤᠨ ᠪᠦᠷᠢᠨᠰᠢᠭᠦᠯᠬᠦ᠂ ᠬᠠᠮᠢᠶ᠎ᠠ | ᠪᠦᠬᠦᠢ ᠬᠠᠤᠯᠢ ᠲᠣᠭᠲᠠᠭᠠᠯ ᠳᠦᠷᠢᠮ ᠢ ᠲᠦᠷᠭᠡᠳᠬᠡᠨ ᠲᠡᠭᠦᠯᠳᠡᠷᠵᠢᠭᠦᠯᠬᠦ᠂ ᠬᠢᠨᠠᠯᠲᠠ ᠲᠠᠯᠪᠢᠨ ᠢᠯᠡᠴᠢᠯᠡᠨ | ᠮᠡᠳᠡᠭᠦᠯᠵᠦ ᠵᠠᠭᠠᠯᠳᠤᠬᠤ ᠲᠣᠭᠲᠠᠴᠠ ᠶᠢ ᠪᠠᠶᠢᠭᠤᠯᠬᠤ᠂ ︽ᠵᠠᠭᠤᠨ ᠵᠦᠢᠯ ᠤᠨ ᠠᠰᠠᠭᠤᠳᠠᠯ ᠢ ᠡᠶᠡᠳᠡᠭᠦᠯᠦᠨ | ᠵᠣᠬᠢᠴᠠᠭᠤᠯᠬᠤ︾ ᠪᠠ ︽ᠵᠠᠭᠤᠨ ᠨᠡᠶᠢᠲᠡᠯᠢᠭ ᠵᠢᠱᠢᠶ᠎ᠡ ᠪᠣᠯᠬᠤ ᠬᠡᠷᠡᠭ ᠢ ᠳᠡᠯᠭᠡᠷᠡᠭᠦᠯᠬᠦ︾ ᠠᠵᠢᠯᠯᠠᠭ᠎ᠠ ᠶᠢ | ᠬᠡᠷᠡᠭᠵᠢᠭᠦᠯᠬᠦ ᠵᠡᠷᠭᠡ ᠲᠠᠯ᠎ᠠ ᠪᠠᠷ ︽ᠨᠢᠭᠡ ᠰᠦᠯᠵᠢᠶ᠎ᠡ ᠨᠢᠭᠡ ᠡᠭᠦᠳᠡ ᠨᠢᠭᠡ ᠤᠳᠠᠭ᠎ᠠ︾ ᠶᠢᠨ ᠡᠭᠦᠷᠭᠡ ᠶᠢ | ᠤᠷᠤᠭᠰᠢᠲᠠᠢ ᠠᠬᠢᠭᠤᠯᠬᠤ ᠶᠢ ᠪᠠᠲᠤᠯᠠᠨ᠎ᠠ᠃ | ᠠᠰᠠᠭᠤᠯᠲᠠ᠄ ︽ᠬᠡᠷᠡᠭᠵᠢᠭᠦᠯᠬᠦ ᠲᠥᠰᠥᠯ︾ ᠢ ᠨᠠᠶᠢᠳᠠᠪᠤᠷᠢᠵᠢᠭᠤᠯᠬᠤ ᠶᠢ ᠠᠬᠢᠭᠤᠯᠬᠤ ᠲᠤᠬᠠᠢ | ᠳᠠᠷᠠᠭᠠᠴᠢ ᠶᠢᠨ ᠠᠯᠬᠤᠮ ᠤᠨ ᠠᠵᠢᠯ ᠳᠤ ᠪᠠᠨ ᠶᠠᠮᠠᠷ ᠶᠠᠮᠠᠷ ᠠᠷᠭ᠎ᠠ ᠬᠡᠮᠵᠢᠶ᠎ᠡ ᠠᠪᠬᠤ ᠪᠣᠢ︖ | ᠬᠠᠷᠢᠭᠤᠯᠲᠠ᠄ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠰᠢᠭᠤᠯᠤᠯᠲᠠ ᠶᠣᠰᠣᠭᠠᠷ᠂ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠪᠠᠶᠢᠩᠭᠤ ᠶᠢᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ᠂ ︽ | ᠬᠡᠷᠡᠭᠵᠢᠭᠦᠯᠬᠦ ᠲᠥᠰᠥᠯ︾ ᠤᠨ ᠡᠭᠦᠷᠭᠡ ᠶᠢᠨ ᠪᠠᠶᠢᠷᠢᠰᠢᠭᠤᠯᠤᠯᠲᠠ ᠶᠢ ᠨᠠᠶᠢᠳᠠᠪᠤᠷᠢᠵᠢᠭᠤᠯᠵᠤ᠂ ᠡᠯ᠎ᠡ ᠰᠠᠯᠠᠭ᠎ᠠ | ᠮᠥᠴᠢᠷ᠂ ᠡᠯ᠎ᠡ ᠭᠠᠵᠠᠷ ᠣᠷᠣᠨ ᠲᠠᠢ ᠵᠣᠬᠢᠴᠠᠭᠤᠯᠤᠨ ᠠᠬᠢᠭᠤᠯᠵᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ | ᠰᠢᠰᠲ᠋ᠧᠮ ᠢ ᠡᠮᠬᠢᠯᠡᠨ ᠨᠡᠶᠢᠯᠡᠭᠦᠯᠵᠦ ᠬᠠᠮᠲᠤ ᠪᠠᠷ ᠬᠦᠷᠲᠡᠬᠦ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ | ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠪᠠ ᠠᠵᠤ | ᠠᠬᠤᠶᠢᠯᠠᠯ ᠣᠯᠠᠨ ᠲᠦᠮᠡᠨ ᠤ ᠠᠵᠢᠯ ᠬᠡᠷᠡᠭ ᠭᠦᠢᠴᠡᠳᠬᠡᠬᠦ ᠳᠤ ︽ᠵᠥᠪᠬᠡᠨ ᠨᠢᠭᠡ ᠯᠡ ᠡᠭᠦᠳᠡ ᠪᠠᠷ ᠣᠷᠣᠵᠤ | ᠭᠦᠢᠴᠡᠳᠬᠡᠬᠦ︾᠂ ︽ᠶᠡᠬᠡᠳᠡᠬᠦ ᠳᠤ ᠪᠠᠨ ᠨᠢᠭᠡ ᠯᠡ ᠤᠳᠠᠭ᠎ᠠ ᠣᠴᠢᠵᠤ ᠭᠦᠢᠴᠡᠳᠬᠡᠬᠦ︾ ᠶᠢ ᠴᠢᠷᠮᠠᠶᠢᠨ | ᠪᠡᠶᠡᠯᠡᠭᠦᠯᠬᠦ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠳᠤ ᠳᠣᠣᠷᠠᠬᠢ ᠬᠡᠳᠦᠨ ᠵᠦᠢᠯ ᠤᠨ ᠠᠵᠢᠯ ᠢ ᠭᠤᠣᠯᠳᠠᠯᠭ᠎ᠠ | ᠲᠠᠢ ᠪᠠᠷ ᠰᠠᠶᠢᠲᠤᠷ ᠬᠢᠬᠦ ᠬᠡᠷᠡᠭᠲᠡᠢ᠃ | ᠨᠢᠭᠡ ᠳᠤ᠂ ᠨᠢᠭᠡᠳᠦᠭᠡᠷ ᠪᠦᠯᠦᠭ ᠳ᠋ᠠᠶᠢᠲ᠋ᠠ ᠶᠢ ᠬᠠᠮᠲᠤ ᠪᠠᠷ ᠬᠦᠷᠲᠡᠬᠦ ᠬᠠᠷᠢᠭᠤᠴᠠᠯᠭ᠎ᠠ ᠶᠢᠨ ᠨᠠᠷᠢᠨ | ᠬᠠᠭᠤᠳᠠᠰᠤ ᠶᠢ ᠤᠬᠠᠭᠤᠯᠤᠨ ᠲᠤᠭᠤᠰᠢᠯᠠᠭᠤᠯᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠡᠯ᠎ᠡ | ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠲᠠᠩᠬᠢᠮ ᠨᠢ ᠤᠯᠤᠰ ᠤᠨ ᠳ᠋ᠠᠶᠢᠲ᠋ᠠ ᠶᠢᠨ ᠬᠠᠮᠲᠤ ᠪᠠᠷ | ᠬᠦᠷᠲᠡᠵᠦ ᠰᠣᠯᠢᠯᠴᠠᠬᠤ ᠲᠠᠪᠴᠠᠩ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠲᠠᠪᠴᠠᠩ ᠤᠨ ᠰᠢᠰᠲ᠋ᠧᠮᠵᠢ ᠶᠢ | ᠵᠠᠯᠭᠠᠨ ᠣᠷᠣᠭᠤᠯᠬᠤ ᠶᠢ ᠲᠦᠷᠭᠡᠳᠬᠡᠵᠦ᠂ ᠳ᠋ᠠᠶᠢᠲ᠋ᠠ ᠶᠢ ᠬᠠᠮᠲᠤ ᠪᠠᠷ ᠬᠦᠷᠲᠡᠬᠦ ᠲᠠᠯ᠎ᠠ ᠪᠠᠷ ᠪᠣᠳᠠᠲᠤ ᠦᠷ᠎ᠡ | ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ ᠬᠤᠶᠠᠷ ᠲᠤ᠂ ᠳ᠋ᠠᠶᠢᠲ᠋ᠠ ᠶᠢ ᠬᠠᠮᠲᠤ ᠪᠠᠷ | ᠬᠦᠷᠲᠡᠬᠦ ᠶᠢ ᠭᠤᠶᠤᠴᠢᠯᠠᠬᠤ᠂ ᠬᠢᠨᠠᠨ ᠵᠥᠪᠰᠢᠶᠡᠷᠡᠬᠦ᠂ ᠬᠡᠷᠡᠭᠯᠡᠬᠦ ᠴᠤᠪᠤᠷᠠᠯ ᠢ ᠤᠯᠠᠮ ᠨᠢᠭᠡ ᠠᠯᠬᠤᠮ | ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠲᠠᠪᠴᠠᠩ ᠳᠤ ᠡᠷᠬᠡ ᠣᠯᠭᠤᠬᠤ ᠪᠠ ᠴᠠᠭ ᠲᠣᠭᠲᠠᠭᠠᠨ ᠬᠠᠷᠢᠭᠤ | ᠲᠤᠰᠬᠠᠬᠤ ᠶᠢᠨ ᠬᠡᠪᠰᠢᠭᠦᠯᠦᠭᠰᠡᠨ ᠲᠣᠭᠲᠠᠴᠠ ᠶᠢ ᠪᠠᠶᠢᠭᠤᠯᠬᠤ ᠶᠢ ᠠᠬᠢᠭᠤᠯᠬᠤ ᠬᠡᠷᠡᠭᠲᠡᠢ᠃ ᠭᠤᠷᠪᠠ ᠳᠤ᠂ | ᠰᠢᠨᠬᠤᠸᠠ ᠬᠤᠷᠢᠶ᠎ᠠ᠂ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠰᠦᠯᠵᠢᠶ᠎ᠡ ᠵᠡᠷᠭᠡ ᠨᠢᠭᠡᠴᠢ ᠲᠠᠢ | ᠬᠤᠯᠪᠣᠭᠠᠯᠠᠨ᠂ ᠬᠤᠯᠪᠣᠭᠳᠠᠯ ᠪᠦᠬᠦᠢ ᠠᠵᠢᠯ ᠲᠥᠷᠥᠯ ᠤᠨ ᠬᠦᠷᠢᠶ᠎ᠡ ᠴᠠᠷᠠᠭᠠᠨ ᠳᠠᠬᠢ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠲᠠᠢ ᠬᠠᠮᠲᠤᠷᠠᠵᠤ᠂ ᠣᠯᠠᠨ ᠲᠦᠮᠡᠨ ᠤ ᠲᠤᠰᠬᠠᠯᠲᠠ ᠪᠠᠷ ᠬᠤᠷᠴᠠ ᠴᠢᠩᠭ᠎ᠠ ᠲᠦᠭᠵᠢᠷᠡᠯ ᠲᠠᠢ | ᠠᠰᠠᠭᠤᠳᠠᠯ ᠢ ᠦᠷᠭᠦᠯᠵᠢᠯᠡᠨ ᠡᠯᠰᠡᠨ ᠴᠤᠭᠯᠠᠭᠤᠯᠬᠤ ᠪᠠ ᠠᠬᠢᠭᠤᠯᠤᠨ ᠰᠢᠢᠳᠪᠦᠷᠢᠯᠡᠬᠦ ᠬᠡᠷᠡᠭᠲᠡᠢ᠃ ᠳᠥᠷᠪᠡ ᠳᠤ᠂ | ᠣᠯᠠᠨ ᠲᠦᠮᠡᠨ ᠤ ᠬᠠᠮᠤᠭ ᠤᠨ ᠠᠩᠬᠠᠷᠤᠯ ᠲᠠᠯᠪᠢᠵᠤ ᠪᠠᠶᠢᠭ᠎ᠠ ᠠᠵᠢᠯ ᠣᠯᠭᠤᠯᠲᠠ᠂ ᠣᠷᠣᠯᠭ᠎ᠠ᠂ ᠨᠠᠰᠤᠵᠢᠯ᠂ | ᠣᠷᠣᠨ ᠰᠠᠭᠤᠴᠠ᠂ ᠣᠷᠴᠢᠨ ᠲᠣᠭᠤᠷᠢᠨ ᠵᠡᠷᠭᠡ ᠠᠰᠠᠭᠤᠳᠠᠯ ᠤᠨ ᠲᠣᠭᠤᠷᠢᠨ ᠳᠤ᠂ ᠬᠤᠶᠠᠳᠤᠭᠠᠷ ᠪᠦᠯᠦᠭ᠂ | ᠭᠤᠷᠪᠠᠳᠤᠭᠠᠷ ᠪᠦᠯᠦᠭ ᠳ᠋ᠠᠶᠢᠲ᠋ᠠ ᠶᠢ ᠬᠠᠮᠲᠤ ᠪᠠᠷ ᠬᠦᠷᠲᠡᠬᠦ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠨᠡᠶᠢᠲᠡᠯᠡᠬᠦ | ᠠᠵᠢᠯ ᠢ ᠲᠦᠷᠭᠡᠳᠬᠡᠨ ᠠᠬᠢᠭᠤᠯᠵᠤ᠂ ᠣᠷᠣᠨ ᠨᠤᠲᠤᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ | ᠵᠦᠢᠯᠡᠰ ᠢ ᠭᠦᠢᠴᠡᠳᠬᠡᠬᠦ ᠶᠠᠪᠤᠴᠠ ᠳᠠᠬᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠯᠠᠭ᠎ᠠ ᠮᠥᠴᠢᠷ ᠤᠨ | ᠳ᠋ᠠᠶᠢᠲ᠋ᠠ ᠶᠢ ᠬᠡᠷᠡᠭᠰᠡᠬᠦ ᠬᠡᠷᠡᠭᠴᠡᠭᠡ ᠱᠠᠭᠠᠷᠳᠠᠯᠭ᠎ᠠ ᠶᠢ ᠤᠯᠠᠮ ᠨᠢᠭᠡ ᠠᠯᠬᠤᠮ ᠬᠠᠩᠭᠠᠬᠤ ᠬᠡᠷᠡᠭᠲᠡᠢ᠃ ᠲᠠᠪᠤ ᠳᠤ᠂ | ᠡᠯ᠎ᠡ ᠣᠷᠣᠨ ᠨᠤᠲᠤᠭ᠂ ᠡᠯ᠎ᠡ ᠰᠠᠯᠠᠭ᠎ᠠ ᠮᠥᠴᠢᠷ ᠤᠨ ᠬᠢᠨ ︽ᠵᠢᠷᠭᠤᠭᠠᠨ ᠨᠢᠭᠡ︾ ᠵᠡᠷᠭᠡ ᠲᠠᠯ᠎ᠠ ᠪᠠᠷ ᠬᠢ | ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠪᠠ ᠨᠡᠶᠢᠲᠡᠯᠢᠭ ᠲᠤᠷᠰᠢᠯᠭ᠎ᠠ ᠶᠢ ᠵᠠᠳᠠᠯᠤᠨ ᠳ᠋ᠦᠩᠨᠡᠵᠦ᠂ ᠮᠡᠷᠭᠡᠵᠢᠯ᠂ ᠳᠦᠷᠢᠮ᠂ | ᠣᠨᠣᠯᠵᠢᠬᠤᠨ ᠵᠡᠷᠭᠡ ᠣᠯᠠᠨ ᠪᠠᠶᠢᠷᠢ ᠠᠴᠠ ᠴᠡᠭ ᠲᠣᠭᠲᠠᠭᠠᠨ ᠬᠠᠪᠰᠤᠷᠤᠨ ᠲᠡᠳᠬᠦᠵᠦ᠂ ᠤᠬᠠᠭᠤᠯᠤᠨ | ᠳᠡᠯᠭᠡᠷᠡᠭᠦᠯᠬᠦ ᠪᠠᠨ ᠴᠢᠩᠭᠠᠳᠬᠠᠬᠤ ᠬᠡᠷᠡᠭᠲᠡᠢ᠃ | | | | |