ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠭᠡᠳᠦ ᠮᠡᠷᠭᠡᠵᠢᠯ ᠤᠨ ᠠᠵᠤ ᠦᠢᠯᠡᠰ ᠤᠨ ᠵᠤᠷᠭᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ︽︿ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ﹀ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ︿ᠨᠢᠭᠡ ᠰᠦᠯᠵᠢᠶ᠎ᠡ᠂ ᠨᠢᠭᠡ ᠡᠭᠦᠳᠡ᠂ ᠨᠢᠭᠡ ᠤᠳᠠᠭ᠎ᠠ﹀ ᠶᠢᠨ ᠥᠭᠡᠷᠡᠴᠢᠯᠡᠯᠲᠡ ᠶᠢ ᠠᠬᠢᠭᠤᠯᠬᠤ ᠶᠢᠨ ᠬᠡᠷᠡᠭᠵᠢᠭᠦᠯᠬᠦ ᠲᠥᠰᠥᠯ︾ ᠤᠨ ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ
ᠨᠡᠶᠢᠲᠡᠯᠡᠭᠰᠡᠨ ᠴᠠᠭ᠄
2018/7/2
     ᠣᠶᠢᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ︽︿ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ﹀ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ︿ᠨᠢᠭᠡ ᠰᠦᠯᠵᠢᠶ᠎ᠡ᠂ ᠨᠢᠭᠡ ᠡᠭᠦᠳᠡ᠂ ᠨᠢᠭᠡ ᠤᠳᠠᠭ᠎ᠠ﹀ ᠶᠢᠨ ᠥᠭᠡᠷᠡᠴᠢᠯᠡᠯᠲᠡ ᠶᠢ ᠠᠬᠢᠭᠤᠯᠬᠤ ᠶᠢᠨ ᠬᠡᠷᠡᠭᠵᠢᠭᠦᠯᠬᠦ ᠲᠥᠰᠥᠯ︾ ︵ᠳᠣᠷᠣᠭᠰᠢ ︽ᠬᠡᠷᠡᠭᠵᠢᠭᠦᠯᠬᠦ ᠲᠥᠰᠥᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠭᠡᠳᠦ ᠮᠡᠷᠭᠡᠵᠢᠯ ᠤᠨ ᠠᠵᠤ ᠦᠢᠯᠡᠰ ᠤᠨ ᠵᠤᠷᠭᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠪᠢᠴᠢᠭ ᠮᠠᠲ᠋ᠧᠷᠢᠶᠠᠯ ᠢ ᠨᠡᠶᠢᠲᠡᠯᠡᠭᠰᠡᠨ ᠬᠤᠯᠪᠣᠭᠳᠠᠯ ᠪᠦᠬᠦᠢ ᠠᠬᠤᠢ ᠪᠠᠶᠢᠳᠠᠯ᠂ ᠬᠠᠷᠠᠯᠲᠠ ᠡᠭᠦᠷᠭᠡ ᠪᠠ ᠳᠠᠷᠠᠭᠠᠴᠢ ᠶᠢᠨ ᠠᠯᠬᠤᠮ ᠤᠨ ᠠᠵᠢᠯ ᠤᠨ ᠲᠣᠬᠢᠷᠠᠭᠤᠯᠤᠯᠲᠠ ᠵᠡᠷᠭᠡ ᠶᠢᠨ ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠵᠠᠢ᠃      ᠠᠰᠠᠭᠤᠯᠲᠠ᠄ ᠨᠢᠳᠤᠨᠤᠨ ᠵᠢᠯ ᠠᠴᠠ ᠨᠠᠭᠠᠰᠢ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠲᠦᠷᠦᠭᠦᠯᠡᠨ ᠠᠬᠢᠭᠤᠯᠤᠭᠰᠠᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠢᠰᠲ᠋ᠧᠮ ᠢ ᠡᠮᠬᠢᠯᠡᠨ ᠨᠡᠶᠢᠯᠡᠭᠦᠯᠵᠦ ᠬᠠᠮᠲᠤ ᠪᠠᠷ ᠬᠦᠷᠲᠡᠬᠦ ᠠᠵᠢᠯ ᠨᠢ ᠨᠡᠶᠢᠭᠡᠮ ᠤᠨ ᠡᠯ᠎ᠡ ᠡᠲᠡᠭᠡᠳ ᠤᠨ ᠬᠢᠨ ᠤ ᠥᠷᠭᠡᠨ ᠳᠡᠯᠭᠡᠷ ᠠᠩᠬᠠᠷᠤᠯ ᠢ ᠲᠠᠲᠠᠪᠠ᠃ ᠡᠨᠡ ᠵᠢᠯ ᠤᠨ ᠬᠤᠶᠠᠷ ᠬᠤᠷᠠᠯ ᠤᠨ ᠰᠤᠷᠪᠤᠯᠵᠢᠯᠠᠭᠴᠢ ᠶᠢᠨ ᠳᠠᠶᠢᠯᠠᠯᠭ᠎ᠠ ᠶᠢᠨ ᠬᠤᠷᠠᠯ ᠳᠡᠭᠡᠷ᠎ᠡ ᠶᠡᠷᠦᠩᠬᠡᠢ ᠰᠠᠶᠢᠳ ᠯᠢ ᠺᠧ ᠴᠢᠶᠠᠩ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠵᠡᠷᠭᠡ ︽ᠵᠢᠷᠭᠤᠭᠠᠨ ᠨᠢᠭᠡ︾ ᠶᠢᠨ ᠱᠠᠭᠠᠷᠳᠠᠯᠭ᠎ᠠ ᠶᠢ ᠳᠤᠷᠠᠳᠤᠨ ᠭᠠᠷᠭᠠᠵᠠᠢ᠃ ᠲᠡᠭᠡᠪᠡᠯ ︽ᠬᠡᠷᠡᠭᠵᠢᠭᠦᠯᠬᠦ ᠲᠥᠰᠥᠯ ︾ ᠢ ᠨᠡᠶᠢᠲᠡᠯᠡᠭᠰᠡᠨ ᠠᠬᠤᠢ ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ ᠦᠦ︖      ᠬᠠᠷᠢᠭᠤᠯᠲᠠ᠄ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠳᠤ ᠢᠨᠲ᠋ᠧᠷ ᠰᠦᠯᠵᠢᠶ᠎ᠡ ᠶᠢᠨ ᠮᠡᠷᠭᠡᠵᠢᠯ ᠪᠠ ᠮᠡᠳᠡᠭᠡ ᠵᠠᠩᠭᠢᠵᠢᠯᠲᠡ ᠶᠢᠨ ᠠᠷᠭ᠎ᠠ ᠠᠪᠴᠢᠯ ᠢ ᠴᠢᠳᠠᠮᠠᠭᠠᠢ ᠬᠡᠷᠡᠭᠯᠡᠨ ᠠᠵᠢᠯ ᠢᠶᠠᠨ ᠥᠷᠨᠢᠭᠦᠯᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠡᠷᠳᠡᠮ ᠴᠢᠳᠠᠪᠤᠷᠢ ᠪᠠᠨ ᠴᠢᠩᠭᠠᠷᠠᠭᠤᠯᠬᠤ ᠬᠡᠷᠡᠭᠲᠡᠢ ᠭᠡᠵᠦ ᠳᠤᠷᠠᠳᠪᠠ᠃ ᠶᠡᠷᠦᠩᠬᠡᠢ ᠱᠦᠵᠢ ᠰᠢ ᠶᠢᠨ ᠫᠢᠩ ᠤᠯᠠᠨ ᠤᠳᠠᠭ᠎ᠠ ᠴᠢᠬᠤᠯᠠ ᠵᠢᠭᠠᠪᠤᠷᠢ ᠭᠠᠷᠭᠠᠨ᠂ ᠡᠷᠬᠡᠪᠰᠢ ᠮᠡᠳᠡᠭᠡ ᠵᠠᠩᠭᠢᠵᠢᠯᠲᠡ ᠶᠢᠨ ᠬᠥᠭᠵᠢᠯᠲᠡ ᠶᠢᠨ ᠲᠡᠦᠬᠡᠨ ᠠᠵᠠ ᠲᠣᠬᠢᠶᠠᠯ ᠢ ᠰᠡᠷᠭᠡᠭ ᠢᠶᠠᠷ ᠡᠵᠡᠮᠳᠡᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠳᠠᠬᠢ ᠮᠡᠳᠡᠭᠡ ᠵᠠᠩᠭᠢᠵᠢᠯᠲᠡ ᠶᠢᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠡᠯᠧᠺᠲᠷᠣᠨ ᠵᠠᠰᠠᠭ ᠤᠨ ᠶᠠᠪᠤᠳᠠᠯ ᠢ ᠲᠦᠷᠭᠡᠳᠬᠡᠨ ᠠᠬᠢᠭᠤᠯᠵᠤ᠂ ᠪᠦᠬᠦ ᠴᠤᠪᠤᠷᠠᠯ ᠢ ᠨᠢᠭᠡ ᠴᠣᠭᠴᠠᠵᠢᠭᠤᠯᠤᠭᠰᠠᠨ ᠰᠦᠯᠵᠢᠶᠡᠨ ᠳᠠᠬᠢ ᠦᠢᠯᠡᠴᠢᠯᠡᠭᠡ ᠶᠢᠨ ᠲᠠᠪᠴᠠᠩ ᠢ ᠪᠠᠶᠢᠭᠤᠯᠤᠨ᠂ ᠠᠵᠤ ᠠᠬᠤᠶᠢᠯᠠᠯ ᠪᠠ ᠣᠯᠠᠨ ᠲᠦᠮᠡᠨ ᠤ ᠲᠤᠰᠬᠠᠯᠲᠠ ᠪᠠᠷ ᠴᠢᠩᠭ᠎ᠠ ᠪᠠᠶᠢᠭ᠎ᠠ ᠠᠵᠢᠯ ᠬᠡᠷᠡᠭ ᠭᠦᠢᠴᠡᠳᠬᠡᠬᠦ ᠳᠤ ᠬᠦᠴᠢᠷᠲᠡᠢ᠂ ᠤᠳᠠᠭᠠᠨ ᠪᠥᠭᠡᠳ ᠶᠠᠷᠰᠢᠭᠲᠠᠢ ᠠᠰᠠᠭᠤᠳᠠᠯ ᠢ ᠨᠡᠩ ᠰᠠᠶᠢᠲᠤᠷ ᠰᠢᠢᠳᠪᠦᠷᠢᠯᠡᠬᠦ ᠬᠡᠷᠡᠭᠲᠡᠢ ᠭᠡᠵᠦ ᠱᠠᠭᠠᠷᠳᠠᠵᠠᠢ᠃ ᠶᠡᠷᠦᠩᠬᠡᠢ ᠰᠠᠶᠢᠳ ᠯᠢ ᠺᠧ ᠴᠢᠶᠠᠩ ᠵᠠᠰᠠᠭ ᠤᠨ ᠣᠷᠳᠣᠨ ᠤ ᠰᠢᠰᠲ᠋ᠧᠮ ᠤᠨ ᠬᠢᠨ ᠠᠬᠢᠭᠤᠯᠬᠤ ᠡᠷᠴᠢᠮ ᠢᠶᠠᠨ ᠴᠢᠩᠭᠠᠷᠠᠭᠤᠯᠤᠨ᠂ ᠨᠢᠭᠡ ᠴᠣᠭᠴᠠᠵᠢᠭᠤᠯᠤᠭᠰᠠᠨ ᠲᠠᠪᠴᠠᠩ ᠢ ᠲᠦᠷᠭᠡᠳᠬᠡᠨ ᠪᠠᠶᠢᠭᠤᠯᠵᠤ᠂ ᠮᠡᠳᠡᠭᠡ ᠵᠠᠩᠭᠢ ᠶᠢᠨ ᠲᠤᠰᠠᠭᠠᠷᠯᠠᠯ ᠢ ᠡᠪᠳᠡᠬᠦ ᠬᠡᠷᠡᠭᠲᠡᠢ ᠭᠡᠵᠦ ᠱᠠᠭᠠᠷᠳᠠᠨ᠂ ᠡᠨᠡ ᠵᠢᠯ ᠤᠨ ᠬᠤᠶᠠᠷ ᠬᠤᠷᠠᠯ ᠤᠨ ᠳᠠᠷᠠᠭᠠᠬᠢ ᠰᠤᠷᠪᠤᠯᠵᠢᠯᠠᠭᠴᠢ ᠶᠢᠨ ᠳᠠᠶᠢᠯᠠᠯᠭ᠎ᠠ ᠶᠢᠨ ᠬᠤᠷᠠᠯ ᠳᠡᠭᠡᠷ᠎ᠡ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾᠂ ᠠᠵᠤ ᠠᠬᠤᠶᠢᠯᠠᠯ ᠪᠠ ᠣᠯᠠᠨ ᠲᠦᠮᠡᠨ ᠠᠵᠢᠯ ᠬᠡᠷᠡᠭ ᠭᠦᠢᠴᠡᠳᠬᠡᠬᠦ ᠳᠤ ︽ᠵᠥᠪᠬᠡᠨ ᠨᠢᠭᠡ ᠯᠡ ᠡᠭᠦᠳᠡ ᠪᠠᠷ ᠣᠷᠣᠵᠤ ᠭᠦᠢᠴᠡᠳᠬᠡᠬᠦ︾᠂ ︽ᠶᠡᠬᠡᠳᠡᠬᠦ ᠳᠤ ᠪᠠᠨ ᠨᠢᠭᠡ ᠯᠡ ᠤᠳᠠᠭ᠎ᠠ ᠣᠴᠢᠵᠤ ᠭᠦᠢᠴᠡᠳᠬᠡᠬᠦ︾ ᠪᠣᠯᠭᠠᠬᠤ ᠵᠡᠷᠭᠡ ᠶᠢ ᠪᠠᠭᠲᠠᠭᠠᠭᠰᠠᠨ ︽ᠵᠢᠷᠭᠤᠭᠠᠨ ᠨᠢᠭᠡ︾ ᠶᠢᠨ ᠱᠠᠭᠠᠷᠳᠠᠯᠭ᠎ᠠ ᠶᠢ ᠲᠣᠳᠣᠷᠬᠠᠢ ᠳᠤᠷᠠᠳᠴᠠᠢ᠃      ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠠᠷᠠᠳ ᠲᠤ ᠳᠥᠭᠦᠮ ᠪᠣᠯᠭᠠᠬᠤ ᠶᠢ ᠠᠬᠢᠭᠤᠯᠬᠤ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠢᠰᠲ᠋ᠧᠮ ᠢ ᠡᠮᠬᠢᠯᠡᠨ ᠨᠡᠶᠢᠯᠡᠭᠦᠯᠵᠦ ᠬᠠᠮᠲᠤ ᠪᠠᠷ ᠬᠦᠷᠲᠡᠬᠦ᠂ ᠲᠣᠮᠣ ᠳ᠋ᠠᠶᠢᠲ᠋ᠠ ᠵᠡᠷᠭᠡ ᠠᠯᠢ ᠣᠯᠠᠨ ᠴᠢᠬᠤᠯᠠ ᠪᠠᠶᠢᠯᠳᠤᠬᠤ ᠪᠣᠳᠣᠯᠭ᠎ᠠ᠂ ᠲᠥᠯᠥᠪᠵᠢᠭᠦᠯᠭᠡ ᠪᠠ ᠠᠷᠭ᠎ᠠ ᠬᠡᠮᠵᠢᠶ᠎ᠡ ᠶᠢ ᠨᠡᠶᠢᠲᠡᠯᠡᠪᠡ᠃ ᠨᠢᠳᠤᠨᠤᠨ ᠵᠢᠯ ᠤᠨ 7 ᠳ᠋ᠤᠭᠠᠷ ᠰᠠᠷ᠎ᠠ ᠠᠴᠠ ᠨᠠᠭᠠᠰᠢ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠰᠢᠭᠤᠯᠤᠯᠲᠠ ᠶᠣᠰᠣᠭᠠᠷ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠬᠤᠯᠪᠣᠭᠳᠠᠯ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠲᠠᠢ ᠬᠠᠮᠲᠤᠷᠠᠨ᠂ ᠢᠮᠠᠭᠲᠠ ︽ᠡᠳᠦᠷ ᠢᠶᠠᠷ ᠠᠬᠢᠭᠤᠯᠤᠨ᠂ ᠭᠠᠷᠠᠭ ᠢᠶᠠᠷ ᠳ᠋ᠦᠩᠨᠡᠵᠦ᠂ ᠰᠠᠷ᠎ᠠ ᠪᠠᠷ ᠮᠡᠳᠡᠭᠦᠯᠦᠯᠲᠡ ᠬᠢᠬᠦ︾ ᠠᠵᠢᠯ ᠤᠨ ᠶᠠᠪᠤᠴᠠ ᠶᠢ ᠪᠠᠷᠢᠮᠲᠠᠯᠠᠵᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠢᠰᠲ᠋ᠧᠮ ᠢ ᠡᠮᠬᠢᠯᠡᠨ ᠨᠡᠶᠢᠯᠡᠭᠦᠯᠵᠦ ᠬᠠᠮᠲᠤ ᠪᠠᠷ ᠬᠦᠷᠲᠡᠬᠦ ᠠᠵᠢᠯ ᠢ ᠶᠡᠭᠡ ᠪᠠᠷ ᠠᠬᠢᠭᠤᠯᠤᠭᠰᠠᠨ ᠠᠴᠠ ᠨᠢᠭᠡ ᠪᠦᠯᠦᠭ ︽ᠬᠦᠴᠢᠷ ᠪᠡᠷᠬᠡᠲᠡᠢ︾ ᠠᠰᠠᠭᠤᠳᠠᠯ ᠢ ᠨᠢᠭᠡᠨᠲᠡ ᠰᠢᠢᠳᠪᠦᠷᠢᠯᠡᠵᠦ᠂ ᠤᠯᠤᠰ ᠤᠨ ᠳ᠋ᠠᠶᠢᠲ᠋ᠠ ᠶᠢ ᠬᠠᠮᠲᠤ ᠪᠠᠷ ᠬᠦᠷᠲᠡᠵᠦ ᠰᠣᠯᠢᠯᠴᠠᠬᠤ ᠲᠠᠪᠴᠠᠩ ᠤᠨ ᠰᠢᠰᠲ᠋ᠧᠮᠵᠢ ᠶᠢ ᠦᠨᠳᠦᠰᠦᠨ ᠳᠤ ᠪᠠᠨ ᠪᠠᠶᠢᠭᠤᠯᠵᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠯᠠᠭ᠎ᠠ ᠮᠥᠴᠢᠷ ᠤᠳ ᠤᠨ ᠪᠠᠶᠢᠭᠤᠯᠤᠭᠰᠠᠨ 42 ᠡᠭᠴᠡ ᠮᠡᠳᠡᠭᠡ ᠵᠠᠩᠭᠢ ᠶᠢᠨ ᠰᠢᠰᠲ᠋ᠧᠮ ᠪᠠ 694 ᠳ᠋ᠠᠶᠢᠲ᠋ᠠ ᠶᠢᠨ ᠵᠦᠢᠯ ᠢ ᠨᠡᠪᠲᠡᠷᠡᠭᠦᠯᠦᠨ᠂ 71 ᠰᠠᠯᠠᠭ᠎ᠠ ᠮᠥᠴᠢᠷ᠂ 32 ᠣᠷᠣᠨ ᠨᠤᠲᠤᠭ ᠤᠨ ︽ᠰᠦᠯᠵᠢᠶ᠎ᠡ ᠶᠢ ᠨᠡᠪᠲᠡᠷᠡᠭᠦᠯᠬᠦ︾᠂ 16 ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ︽ᠳ᠋ᠠᠶᠢᠲ᠋ᠠ ᠶᠢ ᠨᠡᠪᠲᠡᠷᠡᠭᠦᠯᠬᠦ︾᠂ ︽ᠲᠤᠬᠠᠶᠢᠯᠠᠭᠰᠠᠨ ᠠᠵᠢᠯ ᠢ ᠨᠡᠪᠲᠡᠷᠡᠭᠦᠯᠬᠦ︾ ᠶᠢ ᠠᠩᠬ᠎ᠠ ᠠᠯᠬᠤᠮ ᠪᠡᠶᠡᠯᠡᠭᠦᠯᠵᠡᠢ᠃      ᠵᠠᠷᠢᠮ ᠣᠷᠣᠨ ᠨᠤᠲᠤᠭ ᠪᠠ ᠰᠠᠯᠠᠭ᠎ᠠ ᠮᠥᠴᠢᠷ ᠤᠳ ᠢᠳᠡᠪᠬᠢᠲᠡᠢ ᠰᠦᠪᠡᠭᠴᠢᠯᠡᠨ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠭᠦᠨᠵᠡᠭᠡᠢ ᠠᠬᠢᠭᠤᠯᠵᠤ᠂ ᠮᠡᠳᠡᠭᠡ ᠵᠠᠩᠭᠢ ᠶᠢᠨ ᠬᠤᠷᠢᠭ᠎ᠠ ᠴᠠᠷᠠᠭ᠎ᠠ ᠶᠢ ᠨᠡᠪᠲᠡᠷᠡᠭᠦᠯᠵᠦ᠂ ᠵᠠᠰᠠᠭ ᠤᠨ ᠶᠠᠪᠤᠳᠠᠯ ᠤᠨ ᠴᠤᠪᠤᠷᠠᠯ ᠢ ᠰᠢᠯᠢᠳᠡᠭᠵᠢᠭᠦᠯᠦᠨ᠂ ᠨᠢᠭᠡ ᠪᠦᠯᠦᠭ ︽ᠬᠦᠴᠢᠷ ᠪᠡᠷᠬᠡᠲᠡᠢ︾ ᠠᠰᠠᠭᠤᠳᠠᠯ ᠢ ᠠᠩᠬ᠎ᠠ ᠠᠯᠬᠤᠮ ᠰᠢᠢᠳᠪᠦᠷᠢᠯᠡᠵᠦ᠂ ᠦᠢᠯᠡᠴᠢᠯᠡᠭᠡᠨ ᠳᠤ ᠰᠢᠨ᠎ᠡ ᠶᠢ ᠡᠭᠦᠳᠦᠭᠰᠡᠨ ᠨᠡᠶᠢᠲᠡᠯᠢᠭ ᠵᠢᠱᠢᠶ᠎ᠡ ᠲᠠᠰᠤᠷᠠᠯᠲᠠ ᠦᠭᠡᠢ ᠢᠯᠡᠷᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠳᠤ ᠰᠢᠨ᠎ᠡ ᠶᠢ ᠡᠭᠦᠳᠴᠦ ᠥᠭᠡᠷᠡᠴᠢᠯᠡᠯᠲᠡ ᠬᠢᠬᠦ ᠶᠢ ᠬᠥᠲᠥᠯᠥᠨ ᠳᠠᠭᠠᠭᠤᠯᠬᠤ ᠴᠢᠬᠤᠯᠠ ᠦᠢᠯᠡᠳᠦᠯᠭᠡ ᠪᠣᠯᠵᠠᠢ᠃ ᠵᠢᠶᠠᠩᠰᠤ᠂ ᠵᠧᠵᠢᠶᠠᠩ᠂ ᠭᠤᠸᠠᠩᠳᠦ᠋ᠩ᠂ ᠭᠦᠢᠵᠧᠦ᠂ ᠱᠠᠨᠳᠦ᠋ᠩ ᠵᠡᠷᠭᠡ ᠭᠠᠵᠠᠷ ᠣᠷᠣᠨ ᠤ ᠬᠢᠨ ᠮᠤᠵᠢ ᠬᠤᠲᠠ ᠰᠢᠶᠠᠨ ᠢ ᠬᠠᠮᠤᠷᠤᠭᠰᠠᠨ ᠡᠯ᠎ᠡ ᠱᠠᠲᠤᠨ ᠤ ᠨᠢᠭᠡᠳᠦᠯᠲᠡᠢ ᠰᠦᠯᠵᠢᠶᠡᠨ ᠳᠠᠬᠢ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠲᠠᠪᠴᠠᠩ ᠢ ᠪᠠᠶᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ︽ᠨᠢᠭᠡ ᠰᠦᠯᠵᠢᠶ᠎ᠡ ᠪᠠᠷ ᠭᠦᠢᠴᠡᠳᠬᠡᠬᠦ︾ ᠶᠢ ᠠᠩᠬ᠎ᠠ ᠠᠯᠬᠤᠮ ᠪᠡᠶᠡᠯᠡᠭᠦᠯᠪᠡ︔ ᠾᠧᠨᠠᠨ ᠮᠤᠵᠢ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠪᠠᠷ ᠳᠠᠮᠵᠢᠭᠤᠯᠤᠨ ︽35 ᠦᠨᠡᠮᠯᠡᠯ ᠢ ᠨᠡᠶᠢᠯᠡᠭᠦᠯᠦᠨ ᠨᠢᠭᠡ ᠪᠣᠯᠭᠠᠬᠤ︾ ᠳᠤ ᠬᠦᠴᠦ ᠨᠡᠮᠡᠷᠢᠯᠡᠵᠦ᠂ ᠭᠡᠷ ᠠᠴᠠ ᠪᠠᠨ ᠭᠠᠷᠬᠤ ᠦᠭᠡᠢ ᠪᠠᠷ ᠠᠵᠤ ᠠᠬᠤᠶᠢᠯᠠᠯ ᠤᠨ ᠳᠠᠩᠰᠠᠯᠠᠭᠤᠯᠤᠯᠲᠠ ᠶᠢ ᠭᠦᠢᠴᠡᠳᠬᠡᠬᠦ ᠪᠣᠯᠭᠠᠪᠠ︔ ᠱᠠᠨᠳᠦ᠋ᠩ ᠮᠤᠵᠢ ᠤᠯᠤᠰ ᠤᠨ ᠳ᠋ᠠᠶᠢᠲ᠋ᠠ ᠶᠢᠨ ᠬᠠᠮᠲᠤ ᠪᠠᠷ ᠬᠦᠷᠲᠡᠵᠦ ᠰᠣᠯᠢᠯᠴᠠᠬᠤ ᠲᠠᠪᠴᠠᠩ ᠶᠢᠨ ᠰᠢᠰᠲ᠋ᠧᠮᠵᠢ ᠲᠠᠢ ᠵᠣᠯᠭᠠᠯᠳᠤᠭᠤᠯᠤᠨ᠂ ᠳ᠋ᠠᠶᠢᠲ᠋ᠠ ᠶᠢ ᠬᠠᠮᠲᠤ ᠪᠠᠷ ᠬᠦᠷᠲᠡᠵᠦ ᠦᠢᠯᠡᠴᠢᠯᠡᠬᠦ 3270 ᠵᠠᠯᠭᠠᠰᠤ ᠶᠢ ᠨᠡᠶᠢᠲᠡᠯᠡᠵᠦ᠂ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠰᠦᠯᠵᠢᠶ᠎ᠡ ᠪᠠᠷ ᠭᠦᠢᠴᠡᠳᠬᠡᠬᠦ ᠶᠢ ᠪᠡᠶᠡᠯᠡᠭᠦᠯᠬᠦ ᠳᠤ ᠬᠦᠴᠦᠲᠡᠢ ᠲᠤᠯᠭᠠᠭᠤᠷᠢᠯᠠᠪᠠ︔ ᠭᠤᠸᠠᠩᠵᠧᠦ ᠬᠤᠲᠠ᠂ ᠹᠥᠸᠧ ᠱᠠᠨ ᠬᠤᠲᠠ᠂ ᠴᠢᠦᠶᠢᠵᠧᠦ ᠬᠤᠲᠠ ︽ᠨᠢᠭᠡ ᠴᠣᠩᠬᠤᠪᠴᠢ ᠮᠠᠶ᠋ᠢᠭ︾ ᠤᠨ ᠦᠢᠯᠡᠴᠢᠯᠡᠭᠡ ᠶᠢ ᠠᠬᠢᠭᠤᠯᠤᠨ᠂ ᠬᠤᠲᠠ᠂ ᠲᠣᠭᠤᠷᠢᠭ᠂ ᠵᠡᠭᠡᠯᠢ ᠭᠤᠳᠤᠮᠵᠢ ︵ᠪᠠᠯᠭᠠᠰᠤ︶ ᠭᠡᠬᠦ ᠭᠤᠷᠪᠠᠨ ᠱᠠᠲᠤᠨ ᠤ ︽ᠨᠢᠭᠡ ᠴᠣᠩᠬᠤᠪᠴᠢ ᠪᠠᠷ ᠬᠦᠯᠢᠶᠡᠨ ᠠᠪᠴᠤ ᠭᠦᠢᠴᠡᠳᠬᠡᠬᠦ᠂ ᠨᠢᠭᠡᠳᠬᠡᠨ ᠦᠢᠯᠡᠴᠢᠯᠡᠬᠦ︾ ᠶᠢ ᠦᠨᠳᠦᠰᠦᠨ ᠳᠤ ᠪᠠᠨ ᠪᠡᠶᠡᠯᠡᠭᠦᠯᠪᠡ︔ ᠵᠧᠵᠢᠶᠠᠩ᠂ ᠵᠢᠶᠠᠩᠰᠤ ︽ᠶᠡᠬᠡᠳᠡᠬᠦ ᠳᠤ ᠪᠠᠨ ᠨᠢᠭᠡ ᠯᠡ ᠤᠳᠠᠭ᠎ᠠ ᠣᠴᠢᠵᠤ ᠭᠦᠢᠴᠡᠳᠬᠡᠬᠦ︾᠂ ︽ᠨᠢᠭᠤᠷᠳᠠᠬᠤ ᠦᠭᠡᠢ ᠪᠠᠷ ᠬᠢᠨᠠᠨ ᠵᠥᠪᠰᠢᠶᠡᠷᠡᠬᠦ︾ ᠶᠢ ᠠᠬᠢᠭᠤᠯᠤᠨ᠂ ᠵᠠᠰᠠᠭ ᠤᠨ ᠶᠠᠪᠤᠳᠠᠯ ᠤᠨ ᠣᠯᠠᠨ ᠲᠣᠬᠢᠶᠠᠯᠳᠤᠬᠤ ᠦᠢᠯᠡᠴᠢᠯᠡᠭᠡ ᠶᠢᠨ ᠵᠦᠢᠯᠡᠰ ᠢ ᠨᠢᠭᠡ ᠯᠡ ᠤᠳᠠᠭ᠎ᠠ ᠳᠤ ᠭᠦᠢᠴᠡᠳᠬᠡᠵᠦ ᠳᠠᠭᠤᠰᠬᠠᠬᠤ ᠶᠢ ᠠᠩᠬ᠎ᠠ ᠠᠯᠬᠤᠮ ᠪᠡᠶᠡᠯᠡᠭᠦᠯᠪᠡ︔ ᠭᠤᠸᠠᠩᠵᠧᠦ ᠬᠤᠲᠠ᠂ ᠴᠢᠦᠶᠢᠵᠧᠦ ᠬᠤᠲᠠ᠂ ᠬᠠᠩᠵᠧᠦ ᠬᠤᠲᠠ᠂ ᠹᠦᠵᠧᠦ ᠬᠤᠲᠠ ᠵᠡᠷᠭᠡ ᠣᠯᠠᠨ ᠭᠠᠵᠠᠷ ᠤᠨ ᠬᠢᠨ ︽ᠪᠡᠶ᠎ᠡ ᠶᠢᠨ ᠦᠨᠡᠮᠯᠡᠯ ᠤᠨ ᠰᠦᠯᠵᠢᠶᠡᠨ ᠳᠠᠬᠢ ᠦᠨᠡᠮᠯᠡᠯ︾ ᠢ ᠲᠤᠷᠰᠢᠨ ᠬᠡᠷᠡᠭᠯᠡᠵᠦ᠂ ᠹᠦᠵᠢᠶᠠᠨ᠂ ᠵᠢᠶᠠᠩᠰᠤ᠂ ᠴᠦᠩᠴᠢᠩ᠂ ᠱᠧᠨᠵᠧᠨ ᠵᠡᠷᠭᠡ ᠭᠠᠵᠠᠷ ᠡᠯᠧᠺᠲᠷᠣᠨ ᠭᠡᠷᠡᠴᠢ ᠦᠨᠡᠮᠯᠡᠯ ᠢ ᠬᠠᠮᠲᠤ ᠪᠠᠷ ᠬᠦᠷᠲᠡᠬᠦ ᠶᠢ ᠥᠷᠨᠢᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠣᠯᠠᠨ ᠤᠳᠠᠭ᠎ᠠ ᠨᠠᠭᠠᠰᠢ ᠴᠠᠭᠠᠰᠢ ᠭᠦᠶᠦᠨ᠂ ᠴᠠᠭᠠᠰᠤᠨ ᠮᠠᠲ᠋ᠧᠷᠢᠶᠠᠯ ᠢ ᠳᠠᠬᠢᠨ ᠳᠠᠪᠲᠠᠨ ᠲᠤᠰᠢᠶᠠᠬᠤ ᠭᠡᠮ ᠰᠣᠭᠤᠭ ᠢ ᠠᠩᠬ᠎ᠠ ᠠᠯᠬᠤᠮ ᠰᠢᠢᠳᠪᠦᠷᠢᠯᠡᠪᠡ᠃ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠨᠢ ᠨᠢᠭᠡᠨᠲᠡ ᠮᠠᠨ ᠤ ᠤᠯᠤᠰ ᠤᠨ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠣᠭᠰᠠᠨ ᠢ ᠦᠢᠯᠡᠳᠦᠯᠭᠡ ᠭᠡᠷᠡᠴᠢᠯᠡᠪᠡ᠃      ᠠᠰᠠᠭᠤᠯᠲᠠ᠄ ᠲᠠ ︽ᠬᠡᠷᠡᠭᠵᠢᠭᠦᠯᠬᠦ ᠲᠥᠰᠥᠯ︾ ᠢ ᠨᠠᠶᠢᠷᠠᠭᠤᠯᠤᠨ ᠵᠣᠬᠢᠶᠠᠭᠰᠠᠨ ᠶᠠᠪᠤᠴᠠ ᠶᠢ ᠲᠣᠪᠴᠢ ᠪᠠᠷ ᠲᠠᠨᠢᠯᠴᠠᠭᠤᠯᠤᠭᠠᠳ ᠥᠭᠭᠦᠨ᠎ᠡ ᠦᠦ︖      ᠬᠠᠷᠢᠭᠤᠯᠲᠠ᠄ 3 ᠳ᠋ᠤᠭᠠᠷ ᠰᠠᠷ᠎ᠠ ᠶᠢᠨ 20 ᠤ ᠡᠳᠦᠷ ᠶᠡᠷᠦᠩᠬᠡᠢ ᠰᠠᠶᠢᠳ ᠯᠢ ᠺᠧ ᠴᠢᠶᠠᠩ ᠤᠨ ᠬᠤᠶᠠᠷ ᠬᠤᠷᠠᠯ ᠤᠨ ᠰᠤᠷᠪᠤᠯᠵᠢᠯᠠᠭᠴᠢ ᠶᠢᠨ ᠳᠠᠶᠢᠯᠠᠯᠭ᠎ᠠ ᠶᠢᠨ ᠬᠤᠷᠠᠯ ᠳᠡᠭᠡᠷ᠎ᠡ ᠳᠤᠷᠠᠳᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠵᠡᠷᠭᠡ ︽ᠵᠢᠷᠭᠤᠭᠠᠨ ᠨᠢᠭᠡ︾ ᠶᠢᠨ ᠱᠠᠭᠠᠷᠳᠠᠯᠭ᠎ᠠ ᠶᠢᠨ ᠲᠣᠭᠤᠷᠢᠨ ᠳᠤ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠬᠢᠨ ᠳᠣᠲᠣᠭᠠᠳᠤ ᠶᠢ ᠬᠠᠮᠠᠭᠠᠯᠠᠬᠤ ᠶᠠᠮᠤᠨ᠂ ᠲᠥᠪ ᠤᠨ ᠪᠠᠶᠢᠭᠤᠯᠤᠮᠵᠢ ᠣᠷᠣᠨ ᠲᠤᠭ᠎ᠠ ᠶᠢᠨ ᠵᠥᠪᠯᠡᠯ ᠤᠨ ᠠᠯᠪᠠᠨ ᠭᠡᠷ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠠᠢ ᠬᠠᠮᠲᠤᠷᠠᠨ ᠪᠠᠶᠢᠴᠠᠭᠠᠨ ᠰᠤᠳᠤᠯᠬᠤ ᠳᠤᠭᠤᠶᠢᠯᠠᠩ ᠢ ᠪᠠᠶᠢᠭᠤᠯᠵᠤ᠂ ᠭᠤᠸᠠᠩᠵᠧᠦ ᠬᠤᠲᠠ ᠶᠢᠨ ᠨᠠᠨᠱᠠ ᠲᠣᠭᠤᠷᠢᠭ᠂ ᠪᠡᠭᠡᠵᠢᠩ ᠬᠤᠲᠠ ᠶᠢᠨ ᠰᠢᠴᠧᠩ ᠲᠣᠭᠤᠷᠢᠭ ᠤᠨ ᠪᠠᠷᠠᠭᠤᠨ ᠴᠠᠩ ᠠᠨ ᠵᠡᠭᠡᠯᠢ ᠶᠢᠨ ᠵᠡᠭᠡᠯᠢ ᠭᠤᠳᠤᠮᠵᠢ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠲᠠᠩᠬᠢᠮ ᠵᠡᠷᠭᠡ ᠶᠢᠨ ᠪᠣᠳᠠᠲᠤ ᠭᠠᠵᠠᠷ ᠲᠤ ᠨᠢ ᠣᠴᠢᠵᠤ ᠰᠤᠷᠪᠤᠯᠵᠢᠯᠠᠭ᠎ᠠ ᠬᠢᠵᠦ᠂ ᠡᠯ᠎ᠡ ᠭᠠᠵᠠᠷ ᠤᠨ ᠬᠢᠨ ᠤ ᠮᠡᠳᠡᠭᠡ ᠵᠠᠩᠭᠢ ᠶᠢᠨ ᠲᠤᠰᠠᠭᠠᠷᠯᠠᠯ ᠢᠶᠠᠨ ᠡᠪᠳᠡᠭᠰᠡᠨ ᠲᠤᠷᠰᠢᠯᠭ᠎ᠠ ᠬᠢᠳᠡᠯ ᠢ ᠭᠦᠨᠵᠡᠭᠡᠢ ᠣᠶᠢᠯᠠᠭᠠᠭᠰᠠᠨ ᠤ ᠬᠠᠮᠲᠤ᠂ ᠪᠡᠭᠡᠵᠢᠩ ᠬᠤᠲᠠ ᠶᠢᠨ ᠰᠢᠴᠧᠩ ᠲᠣᠭᠤᠷᠢᠭ ᠤᠨ ᠳ᠋ᠧᠱᠧᠩ ᠵᠡᠭᠡᠯᠢ ᠭᠤᠳᠤᠮᠵᠢ᠂ ᠳ᠋ᠠ ᠵᠠ ᠯᠠᠨ ᠵᠡᠭᠡᠯᠢ ᠭᠤᠳᠤᠮᠵᠢ ᠵᠢᠴᠢ ᠭᠤᠸᠠᠩᠳᠦ᠋ᠩ ᠮᠤᠵᠢ᠂ ᠭᠤᠸᠠᠩᠵᠧᠦ ᠬᠤᠲᠠ᠂ ᠹᠥᠸᠧ ᠱᠠᠨ ᠬᠤᠲᠠ ᠵᠡᠷᠭᠡ ᠭᠠᠵᠠᠷ ᠤᠨ ᠣᠯᠠᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠲᠥᠪ ᠲᠤ ᠤᠷᠲᠤᠳᠬᠠᠭᠰᠠᠨ ᠪᠠᠶᠢᠴᠠᠭᠠᠨ ᠰᠤᠳᠤᠯᠤᠯᠲᠠ ᠬᠢᠵᠦ᠂ ᠡᠯ᠎ᠡ ᠣᠷᠣᠨ ᠨᠤᠲᠤᠭ ᠤᠨ ᠬᠢᠨ ᠤ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠠᠬᠢᠭᠤᠯᠤᠭᠰᠠᠨ ᠪᠠ ᠮᠡᠳᠡᠭᠡ ᠵᠠᠩᠭᠢ ᠶᠢᠨ ᠲᠤᠰᠠᠭᠠᠷᠯᠠᠯ ᠢ ᠡᠪᠳᠡᠭᠰᠡᠨ ᠲᠤᠷᠰᠢᠯᠭ᠎ᠠ ᠬᠢᠳᠡᠯ ᠵᠢᠴᠢ ᠪᠡᠶ᠎ᠡ ᠶᠢᠨ ᠦᠨᠡᠮᠯᠡᠯ ᠤᠨ ᠰᠦᠯᠵᠢᠶᠡᠨ ᠳᠠᠬᠢ ᠦᠨᠡᠮᠯᠡᠯ ᠵᠡᠷᠭᠡ ᠰᠢᠨ᠎ᠡ ᠶᠢ ᠡᠭᠦᠳᠬᠦ ᠵᠠᠭᠪᠤᠷ ᠢ ᠤᠯᠠᠮ ᠨᠢᠭᠡ ᠠᠯᠬᠤᠮ ᠰᠢᠰᠲ᠋ᠧᠮ ᠲᠠᠢ ᠪᠠᠷ ᠡᠮᠬᠢᠯᠡᠨ ᠳᠢᠭᠯᠡᠵᠡᠢ᠃      ᠡᠨᠡ ᠵᠢᠯ ᠤᠨ 4 ᠳ᠋ᠦ᠋ᠭᠡᠷ ᠰᠠᠷ᠎ᠠ ᠠᠴᠠ ᠨᠠᠭᠠᠰᠢ᠂ ᠬᠤᠯᠪᠣᠭᠳᠠᠯ ᠪᠦᠬᠦᠢ ᠪᠠᠶᠢᠷᠢᠰᠢᠭᠤᠯᠤᠯᠲᠠ ᠶᠢ ᠦᠨᠳᠦᠰᠦᠯᠡᠨ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠵᠧᠵᠢᠶᠠᠩ ᠮᠤᠵᠢ᠂ ᠭᠤᠸᠠᠩᠳᠦ᠋ᠩ ᠮᠤᠵᠢ᠂ ᠱᠠᠨᠳᠦ᠋ᠩ ᠮᠤᠵᠢ ᠵᠡᠷᠭᠡ ᠬᠤᠯᠪᠣᠭᠳᠠᠯ ᠪᠦᠬᠦᠢ ᠣᠷᠣᠨ ᠨᠤᠲᠤᠭ ᠲᠠᠢ ᠬᠠᠮᠲᠤᠷᠠᠨ ᠰᠤᠳᠤᠯᠤᠯᠲᠠ ᠬᠢᠬᠦ ᠠᠵᠢᠯ ᠢ ᠥᠷᠨᠢᠭᠦᠯᠵᠦ᠂ ᠤᠯᠤᠰ ᠤᠨ ᠮᠡᠳᠡᠭᠡ ᠵᠠᠩᠭᠢ ᠶᠢᠨ ᠲᠥᠪ᠂ ᠮᠡᠳᠡᠭᠡ ᠵᠠᠩᠭᠢ ᠴᠢᠮᠡᠭᠡ ᠬᠤᠯᠪᠣᠭᠠᠨ ᠤ ᠬᠦᠷᠢᠶᠡᠯᠡᠩ ᠵᠡᠷᠭᠡ ᠬᠠᠮᠢᠶ᠎ᠠ ᠪᠦᠬᠦᠢ ᠰᠤᠳᠤᠯᠭᠠᠨ ᠤ ᠪᠠᠶᠢᠭᠤᠯᠤᠮᠵᠢ ᠪᠠ ᠲᠤᠰᠬᠠᠢ ᠮᠡᠷᠭᠡᠵᠢᠯᠲᠡᠳ ᠢ ᠵᠣᠬᠢᠶᠠᠨ ᠪᠠᠶᠢᠭᠤᠯᠵᠤ ᠪᠢᠴᠢᠭ ᠮᠠᠲ᠋ᠧᠷᠢᠶᠠᠯ ᠢ ᠲᠤᠭᠤᠷᠪᠢᠬᠤ ᠳᠤᠭᠤᠶᠢᠯᠠᠩ ᠢ ᠪᠠᠶᠢᠭᠤᠯᠤᠨ᠂ 6 ᠤᠳᠠᠭᠠᠨ ᠤ ᠰᠠᠭᠤᠳᠠᠯ ᠤᠨ ᠬᠤᠷᠠᠯ ᠢ ᠲᠥᠷᠥᠯ ᠬᠤᠪᠢᠶᠠᠨ ᠬᠤᠷᠠᠯᠳᠤᠭᠤᠯᠵᠤ᠂ ᠭᠤᠸᠠᠩᠵᠧᠦ ᠬᠤᠲᠠ᠂ ᠴᠢᠦᠶᠢᠵᠧᠦ ᠬᠤᠲᠠ ᠶᠢᠨ ︽ᠨᠢᠭᠡ ᠴᠣᠩᠬᠤᠪᠴᠢ ᠮᠠᠶ᠋ᠢᠭ︾ ᠤᠨ ᠦᠢᠯᠡᠴᠢᠯᠡᠭᠡ ᠶᠢ ᠠᠬᠢᠭᠤᠯᠤᠨ᠂ ᠵᠧᠵᠢᠶᠠᠩ ᠮᠤᠵᠢ᠂ ᠵᠢᠶᠠᠩᠰᠤ ᠮᠤᠵᠢ ᠶᠢᠨ ︽ᠶᠡᠬᠡᠳᠡᠬᠦ ᠳᠤ ᠪᠠᠨ ᠨᠢᠭᠡ ᠯᠠ ᠤᠳᠠᠭ᠎ᠠ ᠣᠴᠢᠵᠤ ᠭᠦᠢᠴᠡᠳᠬᠡᠬᠦ︾᠂ ︽ᠨᠢᠭᠤᠷᠳᠠᠬᠤ ᠦᠭᠡᠢ ᠪᠠᠷ ᠬᠢᠨᠠᠨ ᠵᠥᠪᠰᠢᠶᠡᠷᠡᠬᠦ︾ ᠶᠢ ᠠᠬᠢᠭᠤᠯᠵᠤ᠂ ᠱᠠᠨᠳᠦ᠋ᠩ ᠮᠤᠵᠢ ᠵᠢᠴᠢ ᠽᠢ ᠪᠦᠸᠧ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠰᠦᠯᠵᠢᠶ᠎ᠡ ᠪᠠᠷ ᠭᠦᠢᠴᠡᠳᠬᠡᠬᠦ ᠶᠢ ᠠᠬᠢᠭᠤᠯᠬᠤ ᠵᠡᠷᠭᠡ ᠰᠢᠨ᠎ᠡ ᠶᠢ ᠡᠭᠦᠳᠴᠦ ᠦᠢᠯᠡᠳᠦᠯᠭᠡᠵᠢᠭᠦᠯᠦᠭᠰᠡᠨ ᠲᠤᠷᠰᠢᠯᠭ᠎ᠠ ᠲᠠᠢ ᠭᠦᠢᠴᠡᠳ ᠤᠶᠠᠯᠳᠤᠭᠤᠯᠵᠤ᠂ ︽ᠬᠡᠷᠡᠭᠵᠢᠭᠦᠯᠬᠦ ᠲᠥᠰᠥᠯ︾  ︵ᠬᠢᠨᠠᠭᠤᠯᠬᠤ ᠨᠣᠣᠷᠠᠭ︶  ᠢ ᠪᠦᠷᠢᠯᠳᠦᠭᠦᠯᠪᠡ᠃ ᠡᠭᠦᠨ ᠤ ᠬᠠᠮᠲᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ   ᠲᠠᠢ ᠣᠯᠠᠨ ᠤᠳᠠᠭ᠎ᠠ ᠣᠶᠢᠯᠠᠭᠠᠯᠴᠠᠬᠤ ᠪᠠᠷ ᠳᠠᠮᠵᠢᠵᠤ  ᠂ 59 ᠬᠠᠮᠢᠶ᠎ᠠ  ᠪᠦᠬᠦᠢ ᠰᠠᠯᠠᠭ᠎ᠠ ᠮᠥᠴᠢᠷ ᠪᠠ ᠨᠢᠭᠡᠴᠢ ᠠᠴᠠ ᠤᠯᠠᠮ ᠨᠢᠭᠡ ᠠᠯᠬᠤᠮ ᠰᠠᠨᠠᠯ ᠬᠤᠷᠢᠶᠠᠵᠠᠢ᠃      5 ᠳ᠋ᠤᠭᠠᠷ ᠰᠠᠷ᠎ᠠ ᠶᠢᠨ 16 ᠤ ᠡᠳᠦᠷ᠂ ᠶᠡᠷᠦᠩᠬᠡᠢ ᠰᠠᠶᠢᠳ ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠪᠰᠢᠭᠦᠯᠦᠨ ᠮᠡᠳᠡᠭᠦᠯᠦᠭᠰᠡᠨ ︽ᠬᠡᠷᠡᠭᠵᠢᠭᠦᠯᠬᠦ ᠲᠥᠰᠥᠯ︾ ︵ᠬᠢᠨᠠᠭᠤᠯᠬᠤ ᠨᠣᠣᠷᠠᠭ︶ ᠢ ᠵᠠᠷᠴᠢᠮ ᠤᠨ ᠲᠠᠯ᠎ᠠ ᠠᠴᠠ ᠬᠢᠨᠠᠨ ᠪᠠᠲᠤᠯᠠᠪᠠ᠃ ᠬᠤᠷᠠᠯ ᠤᠨ ᠳᠠᠷᠠᠭ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠪᠠᠶᠢᠩᠭᠤ ᠶᠢᠨ ᠬᠤᠷᠠᠯ ᠤᠨ ᠵᠣᠷᠢᠭ ᠰᠠᠨᠠᠭ᠎ᠠ ᠪᠠ ᠶᠡᠷᠦᠩᠬᠡᠢ ᠰᠠᠶᠢᠳ ᠯᠢ ᠺᠧ ᠴᠢᠶᠠᠩ ᠵᠡᠷᠭᠡ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠤᠳᠤᠷᠢᠳᠬᠤ ᠨᠥᠬᠦᠳ ᠤᠨ ᠵᠢᠭᠠᠪᠤᠷᠢ ᠶᠢᠨ ᠱᠠᠭᠠᠷᠳᠠᠯᠭ᠎ᠠ ᠶᠣᠰᠣᠭᠠᠷ᠂ ︽ᠬᠢᠨᠠᠨ ᠵᠥᠪᠰᠢᠶᠡᠷᠡᠬᠦ ᠦᠢᠯᠡᠴᠢᠯᠡᠭᠡ ᠶᠢᠨ ᠠᠷᠠᠳ ᠲᠤ ᠳᠥᠭᠦᠮ ᠦᠵᠡᠭᠦᠯᠬᠦ ᠶᠢ ᠭᠦᠨᠵᠡᠭᠡᠢ ᠠᠬᠢᠭᠤᠯᠬᠤ ᠲᠤᠬᠠᠢ ᠵᠢᠯᠣᠭᠤᠳᠬᠤ ᠰᠠᠨᠠᠯ︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠤᠯᠠᠮ ᠨᠢᠭᠡ ᠠᠯᠬᠤᠮ ᠵᠠᠰᠠᠨ ᠲᠡᠭᠦᠯᠳᠡᠷᠵᠢᠭᠦᠯᠵᠦ᠂ ︽ᠬᠡᠷᠡᠭᠵᠢᠭᠦᠯᠬᠦ ᠲᠥᠰᠥᠯ︾ ︵ᠮᠡᠳᠡᠭᠦᠯᠦᠨ ᠵᠥᠪᠰᠢᠶᠡᠷᠡᠭᠦᠯᠬᠦ ᠨᠣᠣᠷᠠᠭ︶ ᠢ ᠪᠦᠷᠢᠯᠳᠦᠭᠦᠯᠵᠡᠢ᠃      ᠠᠰᠠᠭᠤᠯᠲᠠ᠄ ︽ᠬᠡᠷᠡᠭᠵᠢᠭᠦᠯᠬᠦ ᠲᠥᠰᠥᠯ︾ ᠳᠤ ᠶᠠᠮᠠᠷ ᠶᠠᠮᠠᠷ ᠦᠨᠳᠦᠰᠦᠨ ᠵᠠᠷᠴᠢᠮ ᠢ ᠲᠣᠭᠲᠠᠭᠠᠭᠰᠠᠨ ᠪᠣᠢ︖ ᠶᠠᠮᠠᠷ ᠶᠠᠮᠠᠷ ᠠᠵᠢᠯ ᠤᠨ ᠬᠠᠷᠠᠯᠲᠠ ᠶᠢ ᠳᠤᠷᠠᠳᠤᠭᠰᠠᠨ ᠪᠣᠢ︖      ᠬᠠᠷᠢᠭᠤᠯᠲᠠ᠄ ︽ᠨᠢᠭᠡ ᠨᠣᠮᠧᠷ ᠨᠢᠭᠡ ᠴᠣᠩᠬᠤᠪᠴᠢ ᠨᠢᠭᠡ ᠰᠦᠯᠵᠢᠶ᠎ᠡ︾ ᠶᠢᠨ 2 ᠵᠢᠯ ᠤᠨ ᠲᠤᠷᠰᠢᠯᠲᠠ ᠶᠢᠨ ᠴᠢᠭ᠋ ᠤᠨ ᠲᠤᠷᠰᠢᠯᠭ᠎ᠠ ︵ᠲᠥᠷᠥ ᠠᠯᠪᠠᠨ ᠲᠠᠷᠬᠠᠭᠠᠭᠰᠠᠨ ﹇2016﹈ 23 ᠳ᠋ᠤᠭᠠᠷ ᠲᠣᠭᠠᠲᠤ︶ ᠶᠢ ᠳ᠋ᠦᠩᠨᠡᠭᠰᠡᠨ ᠰᠠᠭᠤᠷᠢᠨ ᠳᠡᠭᠡᠷ᠎ᠡ᠂ ᠥᠭᠡᠷᠡᠴᠢᠯᠡᠯᠲᠡ ᠬᠢᠬᠦ ᠰᠢᠪᠲᠤᠯᠤᠯᠲᠠ ᠶᠢᠨ ᠴᠡᠭ ᠢ ᠵᠠᠬ᠎ᠠ ᠳᠡᠯᠭᠡᠭᠦᠷ ᠪᠠ ᠣᠯᠠᠨ ᠲᠦᠮᠡᠨ ᠠᠴᠠ ᠬᠠᠮᠤᠭ ᠤᠨ ᠣᠶᠢᠷ᠎ᠠ ᠪᠠᠶᠢᠭ᠎ᠠ ᠣᠷᠣᠨ ᠨᠤᠲᠤᠭ ᠲᠡᠶᠢᠰᠢ ᠠᠬᠢᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠬᠡᠷᠡᠭ ᠭᠦᠢᠴᠡᠳᠬᠡᠬᠦ ︽ᠬᠦᠴᠢᠷᠳᠡᠯ︾᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ︽ᠲᠦᠭᠵᠢᠷᠡᠯ︾ ᠪᠠ ︽ᠡᠮᠵᠡᠭ︾ ᠢ ᠭᠤᠣᠯᠳᠠᠭᠤᠯᠤᠨ ᠠᠩᠬᠠᠷᠴᠤ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠣᠯᠠᠨᠲᠠ ᠲᠣᠬᠢᠶᠠᠯᠳᠤᠬᠤ ᠵᠦᠢᠯᠡᠰ ᠲᠤ ᠳ᠋ᠠᠶᠢᠲ᠋ᠠ ᠶᠢ ᠦᠨᠡᠨ ᠬᠦ ᠬᠤᠯᠪᠣᠯᠳᠤᠭᠤᠯᠤᠨ ᠨᠡᠪᠲᠡᠷᠡᠭᠦᠯᠵᠦ᠂ ᠲᠤᠬᠠᠶᠢᠯᠠᠭᠰᠠᠨ ᠠᠵᠢᠯ ᠢ ᠦᠨᠡᠨ ᠬᠦ ᠨᠡᠪᠲᠡᠷᠡᠭᠦᠯᠦᠨ᠂ ᠣᠯᠠᠨ ᠲᠦᠮᠡᠨ ᠪᠠ ᠠᠵᠤ ᠠᠬᠤᠶᠢᠯᠠᠯ ᠤᠨ ᠠᠵᠢᠯ ᠬᠡᠷᠡᠭ ᠭᠦᠢᠴᠡᠳᠬᠡᠬᠦ ᠶᠢ ︽ᠰᠦᠯᠵᠢᠶᠡᠨ ᠬᠤᠳᠠᠯᠳᠤᠭ᠎ᠠ︾ ᠲᠠᠢ ᠠᠳᠠᠯᠢ ᠳᠥᠭᠦᠮ ᠪᠣᠯᠭᠠᠬᠤ ᠶᠢ ᠪᠡᠶᠡᠯᠡᠭᠦᠯᠦᠨ᠎ᠡ᠃      ︽ᠬᠡᠷᠡᠭᠵᠢᠭᠦᠯᠬᠦ ᠲᠥᠰᠥᠯ︾ ᠳᠤ 4 ᠦᠨᠳᠦᠰᠦᠨ ᠵᠠᠷᠴᠢᠮ ᠢ ᠲᠣᠭᠲᠠᠭᠠᠪᠠ᠃ ᠨᠢᠭᠡ ᠳᠤ᠂ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠨ᠂ ᠠᠰᠠᠭᠤᠳᠠᠯ ᠢ ᠭᠤᠣᠯᠳᠠᠭᠤᠯᠤᠨ ᠠᠩᠬᠠᠷᠴᠤ᠂ ᠲᠥᠷᠥᠯ ᠬᠤᠪᠢᠶᠠᠨ ᠠᠷᠭ᠎ᠠ ᠪᠣᠳᠣᠯᠭ᠎ᠠ ᠶᠢ ᠬᠡᠷᠡᠭᠵᠢᠭᠦᠯᠬᠦ ᠶᠢ ᠪᠠᠷᠢᠮᠲᠠᠯᠠᠵᠤ᠂ ᠡᠯ᠎ᠡ ᠲᠥᠷᠥᠯ ᠤᠨ ᠠᠵᠢᠯ ᠬᠡᠷᠡᠭ ᠭᠦᠢᠴᠡᠳᠬᠡᠬᠦ ᠵᠦᠢᠯᠡᠰ ᠲᠤ ᠴᠢᠭᠯᠡᠯᠲᠦ ᠴᠢᠨᠠᠷ ᠲᠠᠢ ᠠᠬᠢᠭᠤᠯᠬᠤ ᠲᠥᠰᠥᠯ ᠢ ᠲᠤᠰ ᠲᠤᠰ ᠳᠤᠷᠠᠳᠴᠤ᠂ ᠠᠷᠠᠳ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠦᠭᠡᠢ ᠬᠠᠩᠭᠠᠨ᠎ᠠ᠃ ᠬᠤᠶᠠᠷ ᠲᠤ᠂ ᠭᠤᠣᠯᠳᠠᠯᠭ᠎ᠠ ᠪᠣᠯᠬᠤ ᠶᠢ ᠨᠢ ᠤᠷᠢᠳ ᠢᠶᠠᠷ ᠬᠡᠷᠡᠭᠵᠢᠭᠦᠯᠦᠨ᠂ ᠲᠤᠷᠰᠢᠯᠭ᠎ᠠ ᠪᠠᠨ ᠳ᠋ᠦᠩᠨᠡᠵᠦ᠂ ᠲᠦᠷᠭᠡᠳᠬᠡᠨ ᠳᠡᠯᠭᠡᠷᠡᠭᠦᠯᠬᠦ ᠶᠢ ᠪᠠᠷᠢᠮᠲᠠᠯᠠᠵᠤ᠂ ᠱᠠᠲᠤ ᠪᠣᠯᠣᠨ ᠠᠯᠬᠤᠮ ᠳᠠᠷᠠᠭ᠎ᠠ ᠬᠤᠪᠢᠶᠠᠨ ᠠᠬᠢᠭᠤᠯᠵᠤ᠂ ᠠᠮᠵᠢᠯᠲᠠ ᠲᠠᠢ ᠲᠤᠷᠰᠢᠯᠭ᠎ᠠ ᠪᠠ ᠰᠢᠨ᠎ᠡ ᠡᠭᠦᠳᠦᠯᠲᠡ  ᠲᠠᠢ ᠬᠢᠳᠡᠯ ᠢ ᠳ᠋ᠦᠩᠨᠡᠨ᠂ ᠦᠷ᠎ᠡ ᠪᠦᠲᠦᠭᠡᠯ ᠢ ᠳᠠᠭᠤᠷᠢᠶᠠᠨ ᠵᠢᠷᠤᠮᠯᠠᠬᠤ ᠪᠠ ᠤᠬᠠᠭᠤᠯᠤᠨ ᠳᠡᠯᠭᠡᠷᠡᠭᠦᠯᠬᠦ ᠶᠢ ᠴᠢᠩᠭᠠᠳᠬᠠᠨ᠎ᠠ᠃ ᠭᠤᠷᠪᠠ ᠳᠤ᠂ ᠡᠮᠬᠢᠯᠡᠨ ᠨᠡᠶᠢᠯᠡᠭᠦᠯᠵᠦ ᠬᠠᠮᠲᠤ ᠪᠠᠷ ᠬᠦᠷᠲᠡᠵᠦ᠂ ᠴᠤᠪᠤᠷᠠᠯ ᠢᠶᠠᠨ ᠰᠢᠯᠢᠳᠡᠭᠵᠢᠭᠦᠯᠵᠦ᠂ ᠦᠢᠯᠡᠴᠢᠯᠡᠭᠡ ᠳᠤ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠰᠦᠯᠵᠢᠶ᠎ᠡ ᠶᠢ ᠬᠤᠯᠪᠣᠭᠠᠯᠠᠨ ᠨᠡᠶᠢᠳᠡᠮ ᠭᠦᠢᠴᠡᠳᠬᠡᠬᠦ ᠪᠣᠯ ᠵᠠᠷᠴᠢᠮ᠂ ᠰᠦᠯᠵᠢᠶ᠎ᠡ ᠶᠢ ᠲᠤᠰᠠᠭᠠᠷ ᠠᠵᠢᠯᠯᠠᠭᠤᠯᠬᠤ ᠪᠣᠯ ᠣᠨᠴᠠᠭᠠᠢ ᠶᠠᠪᠤᠳᠠᠯ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠦᠯᠵᠢᠶ᠎ᠡ ᠪᠠᠷ ᠭᠦᠢᠴᠡᠳᠬᠡᠬᠦ ᠪᠣᠯ ᠵᠠᠷᠴᠢᠮ᠂ ᠰᠦᠯᠵᠢᠶᠡᠨ ᠳᠡᠭᠡᠷ᠎ᠡ ᠭᠠᠷᠭᠠᠬᠤ ᠦᠭᠡᠢ ᠪᠣᠯ ᠣᠨᠴᠠᠭᠠᠢ ᠶᠠᠪᠤᠳᠠᠯ ᠪᠣᠯᠬᠤ ᠶᠢ ᠪᠠᠷᠢᠮᠲᠠᠯᠠᠨ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠳᠡᠰ ᠱᠠᠲᠤ ᠠᠯᠤᠰᠯᠠᠭᠤᠯᠤᠨ᠂ ᠣᠷᠣᠨ ᠬᠡᠪᠴᠢᠶ᠎ᠡ ᠠᠯᠤᠰᠯᠠᠭᠤᠯᠤᠨ᠂ ᠰᠢᠰᠲ᠋ᠧᠮ ᠠᠯᠤᠰᠯᠠᠭᠤᠯᠤᠨ᠂ ᠰᠠᠯᠠᠭ᠎ᠠ ᠮᠥᠴᠢᠷ ᠠᠯᠤᠰᠯᠠᠭᠤᠯᠤᠨ᠂ ᠲᠤᠬᠠᠶᠢᠯᠠᠭᠰᠠᠨ ᠠᠵᠢᠯ ᠠᠯᠤᠰᠯᠠᠭᠤᠯᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠪᠠ ᠵᠣᠬᠢᠴᠠᠯᠳᠤᠨ ᠬᠠᠮᠲᠤ ᠪᠠᠷ ᠬᠦᠷᠲᠡᠬᠦ ᠶᠢ ᠴᠢᠩᠭᠠᠳᠬᠠᠵᠤ᠂ ᠶᠡᠷᠦᠩᠬᠡᠶᠢᠯᠡᠨ ᠦᠢᠯᠡᠴᠢᠯᠡᠬᠦ ᠴᠢᠳᠠᠪᠤᠷᠢ ᠶᠢ ᠴᠢᠩᠭᠠᠷᠠᠭᠤᠯᠤᠨ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠦᠢᠯᠡᠳᠦᠯ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠳᠥᠷᠪᠡ ᠳᠤ᠂ ᠨᠢᠭᠡᠳᠦᠯᠲᠡᠢ ᠲᠥᠯᠥᠪᠯᠡᠨ ᠠᠬᠢᠭᠤᠯᠵᠤ᠂ ᠬᠡᠰᠡᠭ ᠪᠦᠯᠦᠭ ᠢ ᠨᠢ ᠤᠶᠠᠯᠳᠤᠭᠤᠯᠤᠨ᠂ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠣᠭᠠᠯᠠᠨ ᠬᠥᠳᠡᠯᠦᠯᠴᠡᠬᠦ ᠶᠢ ᠪᠠᠷᠢᠮᠲᠠᠯᠠᠵᠤ᠂ ᠡᠯ᠎ᠡ ᠲᠠᠯ᠎ᠠ ᠶᠢᠨ ᠡᠬᠢ ᠪᠠᠶᠠᠯᠢᠭ ᠢ ᠪᠦᠲᠦᠮᠵᠢᠲᠡᠢ ᠪᠠᠷ ᠡᠮᠬᠢᠯᠡᠨ ᠨᠡᠶᠢᠯᠡᠭᠦᠯᠵᠦ᠂ ᠨᠢᠭᠡ ᠴᠣᠭᠴᠠᠵᠢᠭᠰᠠᠨ ᠬᠤᠯᠪᠣᠭᠠᠯᠠᠨ ᠠᠬᠢᠭᠤᠯᠬᠤ ᠲᠣᠭᠲᠠᠴᠠ ᠶᠢ ᠪᠠᠶᠢᠭᠤᠯᠵᠤ᠂ ᠵᠣᠬᠢᠴᠠᠯᠳᠤᠨ ᠦᠢᠯᠡᠴᠢᠯᠡᠬᠦ ᠴᠢᠳᠠᠪᠤᠷᠢ ᠪᠠ ᠶᠡᠷᠦᠩᠬᠡᠶᠢᠯᠡᠨ ᠬᠠᠮᠢᠶᠠᠷᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃      ︽ᠬᠡᠷᠡᠭᠵᠢᠭᠦᠯᠬᠦ ᠲᠥᠰᠥᠯ︾ ᠳᠤ ︽ᠬᠤᠶᠠᠷ ᠵᠢᠯ ᠳᠤ ᠬᠤᠶᠠᠷ ᠠᠯᠬᠤᠮ ᠢᠶᠠᠷ ᠵᠠᠮᠨᠠᠬᠤ︾ ᠰᠡᠳᠬᠢᠴᠡ ᠶᠢ ᠳᠤᠷᠠᠳᠴᠤ᠂ 2018 ᠣᠨ ᠤ ᠡᠴᠦᠰ ᠪᠣᠯᠲᠠᠯ᠎ᠠ᠂ ︽ᠨᠢᠭᠡ ᠰᠦᠯᠵᠢᠶ᠎ᠡ᠂ ᠨᠢᠭᠡ ᠡᠭᠦᠳᠡ᠂ ᠨᠢᠭᠡ ᠤᠳᠠᠭ᠎ᠠ︾ ᠶᠢᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠪᠠᠷ ᠠᠩᠬ᠎ᠠ ᠠᠯᠬᠤᠮ ᠤᠨ ᠦᠷ᠎ᠡ ᠪᠦᠲᠦᠮᠵᠢ ᠶᠢ ᠣᠯᠵᠤ᠂ ᠮᠤᠵᠢ ᠶᠢᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠵᠦᠢᠯᠡᠰ ᠤᠨ ᠰᠦᠯᠵᠢᠶ᠎ᠡ ᠪᠠᠷ ᠭᠦᠢᠴᠡᠳᠬᠡᠵᠦ ᠪᠣᠯᠬᠤ ᠨᠣᠷᠮ᠎ᠠ ᠶᠢ 80% ᠠᠴᠠ ᠳᠣᠣᠷ᠎ᠠ ᠪᠠᠶᠢᠯᠭᠠᠬᠤ ᠦᠭᠡᠢ᠂ ᠬᠤᠲᠠ ᠰᠢᠶᠠᠨ ᠤ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠵᠦᠢᠯᠡᠰ ᠢ ᠶᠡᠷᠦᠩᠬᠡᠶᠢᠯᠡᠭᠰᠡᠨ ᠴᠢᠨᠠᠷᠲᠠᠢ ᠪᠣᠳᠠᠲᠤ ᠴᠣᠭᠴᠠᠲᠤ ᠵᠠᠰᠠᠭ ᠤᠨ ᠶᠠᠪᠤᠳᠠᠯ ᠤᠨ ᠲᠠᠩᠬᠢᠮ ᠳᠤ ᠣᠷᠣᠭᠤᠯᠵᠤ ᠠᠵᠢᠯᠯᠠᠭᠤᠯᠬᠤ ᠨᠣᠷᠮ᠎ᠠ ᠶᠢ 70% ᠠᠴᠠ ᠳᠣᠣᠷ᠎ᠠ ᠪᠠᠶᠢᠯᠭᠠᠬᠤ ᠦᠭᠡᠢ᠂ ᠮᠤᠵᠢ ᠬᠤᠲᠠ ᠰᠢᠶᠠᠨ ᠡᠯ᠎ᠡ ᠱᠠᠲᠤᠨ ᠤ 30 ᠣᠯᠠᠨᠲᠠ ᠲᠣᠬᠢᠶᠠᠯᠳᠤᠬᠤ ᠵᠦᠢᠯᠡᠰ ᠤᠨ ︽ᠶᠡᠬᠡᠳᠡᠬᠦ ᠳᠤ ᠪᠠᠨ ᠨᠢᠭᠡ ᠯᠡ ᠤᠳᠠᠭ᠎ᠠ ᠣᠴᠢᠵᠤ ᠭᠦᠢᠴᠡᠳᠬᠡᠬᠦ︾ ᠶᠢ ᠪᠡᠶᠡᠯᠡᠭᠦᠯᠦᠨ᠎ᠡ᠃ 2019 ᠣᠨ ᠤ ᠡᠴᠦᠰ ᠪᠣᠯᠲᠠᠯ᠎ᠠ᠂ ᠭᠤᠣᠯᠳᠠᠯᠭ᠎ᠠ  ᠲᠠᠢ ᠬᠦᠷᠢᠶ᠎ᠡ ᠴᠠᠷᠠᠭ᠎ᠠ ᠪᠠ ᠥᠨᠳᠥᠷ ᠳᠠᠪᠲᠠᠮᠵᠢᠲᠤ ᠵᠦᠢᠯᠡᠰ ᠤᠨ ︽ᠨᠢᠭᠡ ᠰᠦᠯᠵᠢᠶ᠎ᠡ᠂ ᠨᠢᠭᠡ ᠡᠭᠦᠳᠡ᠂ ᠨᠢᠭᠡ ᠤᠳᠠᠭ᠎ᠠ︾ ᠶᠢᠨ ᠥᠭᠡᠷᠡᠴᠢᠯᠡᠯᠲᠡ ᠶᠢ ᠦᠨᠳᠦᠰᠦᠨ ᠳᠤ ᠪᠠᠨ ᠪᠡᠶᠡᠯᠡᠭᠦᠯᠵᠦ᠂ ᠮᠤᠵᠢ ᠶᠢᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠵᠦᠢᠯᠡᠰ ᠤᠨ ᠰᠦᠯᠵᠢᠶ᠎ᠡ ᠪᠠᠷ ᠭᠦᠢᠴᠡᠳᠬᠡᠵᠦ ᠪᠣᠯᠬᠤ ᠨᠣᠷᠮ᠎ᠡ ᠶᠢ 90% ᠠᠴᠠ ᠳᠣᠣᠷ᠎ᠠ ᠪᠠᠶᠢᠯᠭᠠᠬᠤ ᠦᠭᠡᠢ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠵᠦᠢᠯᠡᠰ ᠢ ᠶᠡᠷᠦᠩᠬᠡᠶᠢᠯᠡᠭᠰᠡᠨ ᠴᠢᠨᠠᠷᠲᠠᠢ ᠪᠣᠳᠠᠲᠤ ᠴᠣᠭᠴᠠᠲᠤ ᠵᠠᠰᠠᠭ ᠤᠨ ᠶᠠᠪᠤᠳᠠᠯ ᠤᠨ ᠲᠠᠩᠬᠢᠮ ᠳᠤ ᠣᠷᠣᠭᠤᠯᠵᠤ ᠠᠵᠢᠯᠯᠠᠭᠤᠯᠬᠤ ᠳᠤ ︽ᠣᠷᠣᠭᠤᠯᠪᠠᠰᠤ ᠵᠣᠬᠢᠬᠤ ᠶᠢ ᠨᠢ ᠪᠦᠬᠦᠨ ᠢ ᠣᠷᠣᠭᠤᠯᠬᠤ︾ ᠶᠢ ᠦᠨᠳᠦᠰᠦᠨ ᠳᠤ ᠪᠠᠨ ᠪᠡᠶᠡᠯᠡᠭᠦᠯᠵᠦ᠂ ᠮᠤᠵᠢ ᠬᠤᠲᠠ ᠰᠢᠶᠠᠨ ᠡᠯ᠎ᠡ ᠱᠠᠲᠤᠨ ᠤ 100 ᠣᠯᠠᠨᠲᠠ ᠲᠣᠬᠢᠶᠠᠯᠳᠤᠬᠤ ᠵᠦᠢᠯᠡᠰ ᠤᠨ ︽ᠶᠡᠬᠡᠳᠡᠬᠦ ᠳᠤ ᠪᠠᠨ ᠨᠢᠭᠡ ᠯᠡ ᠤᠳᠠᠭ᠎ᠠ ᠣᠴᠢᠵᠤ ᠭᠦᠢᠴᠡᠳᠬᠡᠬᠦ︾ ᠶᠢ ᠪᠡᠶᠡᠯᠡᠭᠦᠯᠦᠨ᠎ᠡ᠃      ᠠᠰᠠᠭᠤᠯᠲᠠ᠄ ︽ᠬᠡᠷᠡᠭᠵᠢᠭᠦᠯᠬᠦ ᠲᠥᠰᠥᠯ︾ ᠳᠤ ᠶᠠᠮᠠᠷ ᠶᠠᠮᠠᠷ ᠭᠤᠣᠯ ᠡᠭᠦᠷᠭᠡ ᠵᠢᠴᠢ ᠱᠠᠭᠠᠷᠳᠠᠯᠭ᠎ᠠ ᠶᠢ ᠳᠤᠷᠠᠳᠤᠭᠰᠠᠨ ᠪᠣᠢ︖ ᠳᠡᠭᠡᠷ᠎ᠡ ᠶᠠᠷᠢᠭᠰᠠᠨ ᠡᠭᠦᠷᠭᠡ ᠶᠢ ᠪᠣᠳᠠᠲᠠᠶᠢᠵᠢᠭᠤᠯᠬᠤ ᠶᠢᠨ ᠲᠥᠯᠥᠭᠡ᠂ ᠶᠠᠮᠠᠷ ᠶᠠᠮᠠᠷ ᠪᠠᠲᠤᠯᠠᠬᠤ ᠠᠷᠭ᠎ᠠ ᠬᠡᠮᠵᠢᠶ᠎ᠡ ᠶᠢ ᠲᠣᠳᠣᠷᠬᠠᠶᠢᠯᠠᠭᠰᠠᠨ ᠪᠣᠢ︖      ᠬᠠᠷᠢᠭᠤᠯᠲᠠ᠄ ︽ᠨᠢᠭᠡ ᠰᠦᠯᠵᠢᠶ᠎ᠡ ᠨᠢᠭᠡ ᠡᠭᠦᠳᠡ ᠨᠢᠭᠡ ᠤᠳᠠᠭ᠎ᠠ︾ ᠶᠢᠨ ᠥᠭᠡᠷᠡᠴᠢᠯᠡᠯᠲᠡ ᠶᠢ ᠪᠣᠳᠠᠲᠠᠶᠢᠵᠢᠭᠤᠯᠬᠤ ᠶᠢ ᠪᠠᠲᠤᠯᠠᠬᠤ ᠶᠢᠨ ᠲᠥᠯᠥᠭᠡ᠂ ︽ᠬᠡᠷᠡᠭᠵᠢᠭᠦᠯᠬᠦ ᠲᠥᠰᠥᠯ︾ ᠳᠤ 4 ᠲᠠᠯ᠎ᠠ ᠶᠢᠨ ᠭᠤᠣᠯ ᠡᠭᠦᠷᠭᠡ ᠶᠢ ᠳᠤᠷᠠᠳᠴᠠᠢ᠃      ᠨᠢᠭᠡ ᠳᠤ᠂ ᠡᠮᠬᠢᠯᠡᠨ ᠨᠡᠶᠢᠯᠡᠭᠦᠯᠬᠦ ᠪᠠᠷ ᠳᠥᠭᠦᠮ ᠦᠵᠡᠭᠦᠯᠬᠦ ᠶᠢ ᠠᠬᠢᠭᠤᠯᠤᠨ᠂ ᠰᠦᠯᠵᠢᠶᠡᠨ ᠳᠠᠬᠢ ︽ᠨᠢᠭᠡ ᠯᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢ ᠠᠬᠢᠭᠤᠯᠤᠨ᠎ᠠ᠃ ᠤᠯᠤᠰ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠲᠠᠪᠴᠠᠩ ᠢᠶᠠᠷ ᠵᠠᠩᠭᠢᠯᠠᠭ᠎ᠠ ᠪᠣᠯᠭᠠᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠰᠦᠯᠵᠢᠶᠡᠨ ᠳᠠᠬᠢ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠲᠠᠪᠴᠠᠩ ᠢᠶᠠᠷ ᠰᠠᠭᠤᠷᠢ ᠪᠣᠯᠭᠠᠭᠰᠠᠨ ᠪᠦᠬᠦ ᠤᠯᠤᠰ ᠤᠨ ᠨᠢᠭᠡ ᠴᠣᠭᠴᠠᠵᠢᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠲᠠᠪᠴᠠᠩ ᠢ ᠲᠦᠷᠭᠡᠳᠬᠡᠨ ᠪᠠᠶᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠨᠡᠩ ᠣᠯᠠᠨ ᠵᠦᠢᠯᠡᠰ ᠢ ᠰᠦᠯᠵᠢᠶ᠎ᠡ ᠪᠠᠷ ᠭᠦᠢᠴᠡᠳᠬᠡᠬᠦ ᠶᠢ ᠠᠬᠢᠭᠤᠯᠤᠨ᠂ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠵᠦᠢᠯᠡᠰ ᠢ ᠵᠠᠷᠴᠢᠮ ᠳᠡᠭᠡᠷ᠎ᠡ ᠪᠠᠨ ᠪᠦᠷ ᠰᠦᠯᠵᠢᠶᠡᠨ ᠳᠠᠬᠢ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠲᠠᠪᠴᠠᠩ ᠳᠤ ᠣᠷᠣᠭᠤᠯᠤᠨ ᠭᠦᠢᠴᠡᠳᠬᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠰᠢᠯᠵᠢᠭᠡ ᠬᠡᠷᠡᠭᠯᠡᠭᠡᠨ ᠢ ᠥᠷᠭᠡᠳᠬᠡᠵᠦ᠂ ᠵᠠᠰᠠᠭ ᠤᠨ ᠶᠠᠪᠤᠳᠠᠯ ᠤᠨ ᠳᠥᠭᠦᠮ ᠳᠥᠲᠡ ᠦᠢᠯᠡᠴᠢᠯᠡᠭᠡ ᠶᠢᠨ ᠰᠢᠰᠲ᠋ᠧᠮᠵᠢ ᠶᠢ ᠬᠦᠴᠦᠯᠡᠨ ᠪᠠᠶᠢᠭᠤᠯᠤᠨ᠎ᠠ᠃      ᠬᠤᠶᠠᠷ ᠲᠤ᠂ ᠨᠢᠭᠡᠳᠬᠡᠬᠦ ᠪᠠᠷ ᠦᠢᠯᠡᠳᠦᠯ ᠪᠦᠲᠦᠮᠵᠢ ᠪᠠᠨ ᠳᠡᠭᠡᠭᠰᠢᠯᠡᠭᠦᠯᠵᠦ᠂ ᠰᠦᠯᠵᠢᠶᠡᠨ ᠭᠠᠳᠠᠭᠤᠷ ︽ᠵᠥᠪᠬᠡᠨ ᠨᠢᠭᠡ ᠯᠡ ᠡᠭᠦᠳᠡ ᠪᠠᠷ ᠣᠷᠣᠵᠤ ᠭᠦᠢᠴᠡᠳᠬᠡᠬᠦ︾ ᠶᠢ ᠠᠬᠢᠭᠤᠯᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠲᠥᠪᠯᠡᠷᠡᠭᠦᠯᠦᠨ ᠭᠦᠢᠴᠡᠳᠬᠡᠬᠦ ᠶᠢ ᠶᠡᠭᠡ ᠪᠠᠷ ᠬᠡᠷᠡᠭᠵᠢᠭᠦᠯᠦᠨ᠂ ︽ᠣᠯᠠᠨ ᠡᠭᠦᠳᠡ︾ ᠲᠠᠢ ᠪᠠᠶᠢᠭᠰᠠᠨ ᠢ ︽ᠨᠢᠭᠡ ᠯᠡ ᠡᠭᠦᠳᠡ︾ ᠪᠣᠯᠭᠠᠨ ᠬᠤᠪᠢᠷᠠᠭᠤᠯᠬᠤ ᠶᠢ ᠪᠡᠶᠡᠯᠡᠭᠦᠯᠵᠦ᠂ ᠰᠦᠯᠵᠢᠶᠡᠨ ᠳᠠᠬᠢ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠲᠠᠪᠴᠠᠩ ᠳᠤ ᠲᠦᠰᠢᠭᠯᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠰᠦᠯᠵᠢᠶᠡᠨ ᠳᠠᠬᠢ ᠪᠠ ᠰᠦᠯᠵᠢᠶᠡᠨ ᠭᠠᠳᠠᠭᠤᠷᠬᠢ ᠦᠢᠯᠡᠴᠢᠯᠡᠭᠡ ᠶᠢ ᠨᠢᠭᠡᠳᠬᠡᠨ ᠠᠭᠤᠰᠤᠯᠴᠠᠬᠤ ᠶᠢ ᠠᠬᠢᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠬᠡᠷᠡᠭ ᠭᠦᠢᠴᠡᠳᠬᠡᠬᠦ ᠳᠤ ᠰᠦᠯᠵᠢᠶᠡᠨ ᠭᠠᠳᠠᠭᠤᠷ ︽ᠵᠥᠪᠬᠡᠨ ᠨᠢᠭᠡ ᠯᠡ ᠡᠭᠦᠳᠡ ᠪᠠᠷ ᠣᠷᠣᠵᠤ ᠭᠦᠢᠴᠡᠳᠬᠡᠬᠦ︾ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ᠃      ᠭᠤᠷᠪᠠ ᠳᠤ᠂ ᠰᠢᠨ᠎ᠡ ᠶᠢ ᠡᠭᠦᠳᠬᠦ ᠪᠠᠷ ᠴᠣᠮᠬᠠᠳᠬᠠᠬᠤ ᠶᠢ ᠠᠬᠢᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠤ ︽ᠶᠡᠬᠡᠳᠡᠬᠦ ᠳᠤ ᠪᠠᠨ ᠨᠢᠭᠡ ᠯᠡ ᠤᠳᠠᠭ᠎ᠠ ᠣᠴᠢᠵᠤ ᠭᠦᠢᠴᠡᠳᠬᠡᠬᠦ︾ ᠶᠢ ᠪᠡᠶᠡᠯᠡᠭᠦᠯᠦᠨ᠎ᠡ᠃ ᠡᠷᠬᠡᠪᠰᠢ ᠲᠤᠬᠠᠢ ᠶᠢᠨ ᠭᠠᠵᠠᠷ ᠲᠤ ᠨᠢ ᠣᠴᠢᠵᠤ ᠭᠦᠢᠴᠡᠳᠬᠡᠬᠦ ᠴᠢᠬᠤᠯᠠ ᠲᠠᠢ ᠵᠦᠢᠯᠡᠰ ᠤᠨ ︽ᠶᠡᠬᠡᠳᠡᠬᠦ ᠳᠤ ᠪᠠᠨ ᠨᠢᠭᠡ ᠯᠡ ᠤᠳᠠᠭ᠎ᠠ ᠣᠴᠢᠵᠤ ᠭᠦᠢᠴᠡᠳᠬᠡᠬᠦ︾ ᠶᠢᠨ ᠭᠠᠷᠴᠠᠭᠯᠠᠯ ᠢ ᠡᠮᠬᠢᠯᠡᠨ ᠳᠢᠭᠯᠡᠵᠦ᠂ ᠮᠠᠲ᠋ᠧᠷᠢᠶᠠᠯ ᠪᠠ ᠭᠦᠢᠴᠡᠳᠬᠡᠬᠦ ᠭᠤᠭᠴᠤᠭ᠎ᠠ ᠶᠢ ᠬᠠᠰᠤᠬᠤ ᠶᠢ ᠶᠡᠭᠡ ᠪᠠᠷ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠣᠷᠣᠴᠠ ᠶᠢ ᠦᠨᠳᠦᠰᠦᠨ ᠱᠠᠲᠤ ᠲᠡᠶᠢᠰᠢ ᠪᠦᠬᠦ ᠲᠠᠯ᠎ᠠ ᠪᠠᠷ ᠤᠷᠲᠤᠳᠬᠠᠬᠤ ᠶᠢ ᠠᠬᠢᠭᠤᠯᠤᠨ᠂ ᠦᠨᠳᠦᠰᠦᠨ ᠱᠠᠲᠤᠨ ᠤ ︽ᠨᠢᠭᠡ ᠥᠷᠲᠡᠭᠡ ᠮᠠᠶ᠋ᠢᠭ︾ ᠤᠨ ᠠᠷᠠᠳ ᠲᠤ ᠳᠥᠭᠦᠮ ᠦᠵᠡᠭᠦᠯᠬᠦ ᠶᠡᠷᠦᠩᠬᠡᠶᠢᠯᠡᠭᠰᠡᠨ ᠦᠢᠯᠡᠴᠢᠯᠡᠭᠡ ᠶᠢᠨ ᠲᠠᠪᠴᠠᠩ ᠢ ᠪᠠᠶᠢᠭᠤᠯᠤᠨ᠎ᠠ᠃      ᠳᠥᠷᠪᠡ ᠳᠤ᠂ ᠬᠠᠮᠲᠤ ᠪᠠᠷ ᠬᠦᠷᠲᠡᠬᠦ ᠪᠠᠷ ᠰᠠᠭᠤᠷᠢ ᠪᠣᠯᠭᠠᠨ᠂ ︽ᠳ᠋ᠠᠶᠢᠲ᠋ᠠ ᠶᠢ ᠢᠯᠡᠭᠦᠦ ᠬᠡᠷᠡᠭᠯᠡᠬᠦ︾ ᠪᠣᠯᠭᠠᠨ᠎ᠠ᠃ ᠪᠦᠬᠦ ᠤᠯᠤᠰ ᠢᠶᠠᠷ ᠢᠶᠠᠨ ᠨᠢᠭᠡᠳᠦᠯᠲᠡᠢ ᠪᠣᠯᠭᠠᠭᠰᠠᠨ᠂ ᠣᠯᠠᠨ ᠱᠠᠲᠤ ᠶᠢᠨ ᠬᠠᠷᠢᠯᠴᠠᠨ ᠬᠤᠯᠪᠣᠭᠠᠯᠠᠭᠰᠠᠨ ᠪᠦᠬᠦ ᠤᠯᠤᠰ ᠤᠨ ᠳ᠋ᠠᠶᠢᠲ᠋ᠠ ᠶᠢ ᠬᠠᠮᠲᠤ ᠪᠠᠷ ᠬᠦᠷᠲᠡᠵᠦ ᠰᠣᠯᠢᠯᠴᠠᠬᠤ ᠲᠠᠪᠴᠠᠩ ᠤᠨ ᠰᠢᠰᠲ᠋ᠧᠮᠴᠢ ᠶᠢ ᠪᠠᠶᠢᠭᠤᠯᠤᠨ᠂ ︽ᠨᠢᠭᠡ ᠳ᠋ᠠᠶᠢᠲ᠋ᠠ ᠳᠤ ᠨᠢᠭᠡ ᠢᠷᠡᠯᠲᠡ ᠲᠠᠢ᠂ ᠣᠯᠠᠨ ᠢᠷᠡᠯᠲᠡ ᠲᠠᠢ ᠪᠣᠯ ᠬᠠᠷᠭᠤᠭᠤᠯᠤᠨ ᠬᠢᠨᠠᠬᠤ᠂ ᠬᠥᠳᠡᠯᠦᠩᠭᠦᠢ ᠪᠠᠷ ᠰᠢᠨᠡᠳᠬᠡᠬᠦ︾ ᠵᠠᠷᠴᠢᠮ ᠢ ᠵᠢᠷᠤᠮᠯᠠᠨ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠢᠰᠲ᠋ᠧᠮ ᠢ ᠥᠭᠡᠷᠡᠴᠢᠯᠡᠨ ᠵᠠᠯᠭᠠᠭᠤᠯᠬᠤ ᠪᠠᠷ ᠳᠠᠮᠵᠢᠭᠤᠯᠤᠨ ᠳᠡᠰ ᠱᠠᠲᠤ ᠠᠯᠤᠰᠯᠠᠭᠰᠠᠨ᠂ ᠨᠤᠲᠤᠭ ᠪᠦᠰᠡ ᠠᠯᠤᠰᠯᠠᠭᠰᠠᠨ᠂ ᠰᠢᠰᠲ᠋ᠧᠮ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠲᠤᠬᠠᠶᠢᠯᠠᠭᠰᠠᠨ ᠠᠵᠢᠯ ᠠᠯᠤᠰᠯᠠᠭᠰᠠᠨ ᠳ᠋ᠠᠶᠢᠲ᠋ᠠ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠬᠦ ᠶᠢ ᠪᠡᠶᠡᠯᠡᠭᠦᠯᠵᠦ᠂ ᠠᠵᠢᠯ ᠬᠡᠷᠡᠭ ᠤᠨ ᠳᠤᠮᠳᠠᠬᠢ ᠪᠠ ᠠᠵᠢᠯ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢ ︽ᠨᠢᠭᠡ ᠰᠦᠯᠵᠢᠶ᠎ᠡ ᠪᠠᠷ ᠨᠡᠶᠢᠳᠡᠮ ᠬᠦᠷᠲᠡᠬᠦ︾ ᠶᠢ ᠠᠬᠢᠭᠤᠯᠤᠨ᠂ ᠳ᠋ᠠᠶᠢᠲ᠋ᠠ ᠶᠢ ᠬᠠᠮᠲᠤ ᠪᠠᠷ ᠬᠦᠷᠲᠡᠬᠦ ᠳᠤ ᠠᠮᠤᠷ ᠲᠦᠪᠰᠢᠨ ᠪᠠᠲᠤᠯᠠᠭ᠎ᠠ ᠶᠢ ᠴᠢᠩᠭᠠᠷᠠᠭᠤᠯᠤᠨ᠎ᠠ᠃      ︽ᠬᠡᠷᠡᠭᠵᠢᠭᠦᠯᠬᠦ ᠲᠥᠰᠥᠯ︾ ᠳᠤ 4 ᠵᠦᠢᠯ ᠤᠨ ᠪᠠᠲᠤᠯᠠᠬᠤ ᠠᠷᠭ᠎ᠠ ᠬᠡᠮᠵᠢᠶ᠎ᠡ ᠶᠢ ᠳᠤᠷᠠᠳᠴᠤ᠂ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢᠨ ᠪᠠᠷᠢᠮᠵᠢᠶ᠎ᠠ ᠵᠢᠷᠤᠮᠵᠢᠯ ᠢ ᠪᠠᠶᠢᠭᠤᠯᠤᠨ ᠪᠦᠷᠢᠨᠰᠢᠭᠦᠯᠬᠦ᠂ ᠬᠠᠮᠢᠶ᠎ᠠ ᠪᠦᠬᠦᠢ ᠬᠠᠤᠯᠢ ᠲᠣᠭᠲᠠᠭᠠᠯ ᠳᠦᠷᠢᠮ ᠢ ᠲᠦᠷᠭᠡᠳᠬᠡᠨ ᠲᠡᠭᠦᠯᠳᠡᠷᠵᠢᠭᠦᠯᠬᠦ᠂ ᠬᠢᠨᠠᠯᠲᠠ ᠲᠠᠯᠪᠢᠨ ᠢᠯᠡᠴᠢᠯᠡᠨ ᠮᠡᠳᠡᠭᠦᠯᠵᠦ ᠵᠠᠭᠠᠯᠳᠤᠬᠤ ᠲᠣᠭᠲᠠᠴᠠ ᠶᠢ ᠪᠠᠶᠢᠭᠤᠯᠬᠤ᠂ ︽ᠵᠠᠭᠤᠨ ᠵᠦᠢᠯ ᠤᠨ ᠠᠰᠠᠭᠤᠳᠠᠯ ᠢ ᠡᠶᠡᠳᠡᠭᠦᠯᠦᠨ ᠵᠣᠬᠢᠴᠠᠭᠤᠯᠬᠤ︾ ᠪᠠ ︽ᠵᠠᠭᠤᠨ ᠨᠡᠶᠢᠲᠡᠯᠢᠭ ᠵᠢᠱᠢᠶ᠎ᠡ ᠪᠣᠯᠬᠤ ᠬᠡᠷᠡᠭ ᠢ ᠳᠡᠯᠭᠡᠷᠡᠭᠦᠯᠬᠦ︾ ᠠᠵᠢᠯᠯᠠᠭ᠎ᠠ ᠶᠢ ᠬᠡᠷᠡᠭᠵᠢᠭᠦᠯᠬᠦ ᠵᠡᠷᠭᠡ ᠲᠠᠯ᠎ᠠ ᠪᠠᠷ ︽ᠨᠢᠭᠡ ᠰᠦᠯᠵᠢᠶ᠎ᠡ ᠨᠢᠭᠡ ᠡᠭᠦᠳᠡ ᠨᠢᠭᠡ ᠤᠳᠠᠭ᠎ᠠ︾ ᠶᠢᠨ ᠡᠭᠦᠷᠭᠡ ᠶᠢ ᠤᠷᠤᠭᠰᠢᠲᠠᠢ ᠠᠬᠢᠭᠤᠯᠬᠤ ᠶᠢ ᠪᠠᠲᠤᠯᠠᠨ᠎ᠠ᠃      ᠠᠰᠠᠭᠤᠯᠲᠠ᠄ ︽ᠬᠡᠷᠡᠭᠵᠢᠭᠦᠯᠬᠦ ᠲᠥᠰᠥᠯ︾ ᠢ ᠨᠠᠶᠢᠳᠠᠪᠤᠷᠢᠵᠢᠭᠤᠯᠬᠤ ᠶᠢ ᠠᠬᠢᠭᠤᠯᠬᠤ ᠲᠤᠬᠠᠢ ᠳᠠᠷᠠᠭᠠᠴᠢ ᠶᠢᠨ ᠠᠯᠬᠤᠮ ᠤᠨ ᠠᠵᠢᠯ ᠳᠤ ᠪᠠᠨ ᠶᠠᠮᠠᠷ ᠶᠠᠮᠠᠷ ᠠᠷᠭ᠎ᠠ ᠬᠡᠮᠵᠢᠶ᠎ᠡ ᠠᠪᠬᠤ ᠪᠣᠢ︖      ᠬᠠᠷᠢᠭᠤᠯᠲᠠ᠄ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠰᠢᠭᠤᠯᠤᠯᠲᠠ ᠶᠣᠰᠣᠭᠠᠷ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠪᠠᠶᠢᠩᠭᠤ ᠶᠢᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ᠂ ︽ᠬᠡᠷᠡᠭᠵᠢᠭᠦᠯᠬᠦ ᠲᠥᠰᠥᠯ︾ ᠤᠨ ᠡᠭᠦᠷᠭᠡ ᠶᠢᠨ ᠪᠠᠶᠢᠷᠢᠰᠢᠭᠤᠯᠤᠯᠲᠠ ᠶᠢ ᠨᠠᠶᠢᠳᠠᠪᠤᠷᠢᠵᠢᠭᠤᠯᠵᠤ᠂ ᠡᠯ᠎ᠡ ᠰᠠᠯᠠᠭ᠎ᠠ ᠮᠥᠴᠢᠷ᠂ ᠡᠯ᠎ᠡ ᠭᠠᠵᠠᠷ ᠣᠷᠣᠨ ᠲᠠᠢ ᠵᠣᠬᠢᠴᠠᠭᠤᠯᠤᠨ ᠠᠬᠢᠭᠤᠯᠵᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠢᠰᠲ᠋ᠧᠮ ᠢ ᠡᠮᠬᠢᠯᠡᠨ ᠨᠡᠶᠢᠯᠡᠭᠦᠯᠵᠦ ᠬᠠᠮᠲᠤ ᠪᠠᠷ ᠬᠦᠷᠲᠡᠬᠦ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠪᠠ ᠠᠵᠤ ᠠᠬᠤᠶᠢᠯᠠᠯ ᠣᠯᠠᠨ ᠲᠦᠮᠡᠨ ᠤ ᠠᠵᠢᠯ ᠬᠡᠷᠡᠭ ᠭᠦᠢᠴᠡᠳᠬᠡᠬᠦ ᠳᠤ ︽ᠵᠥᠪᠬᠡᠨ ᠨᠢᠭᠡ ᠯᠡ ᠡᠭᠦᠳᠡ ᠪᠠᠷ ᠣᠷᠣᠵᠤ ᠭᠦᠢᠴᠡᠳᠬᠡᠬᠦ︾᠂ ︽ᠶᠡᠬᠡᠳᠡᠬᠦ ᠳᠤ ᠪᠠᠨ ᠨᠢᠭᠡ ᠯᠡ ᠤᠳᠠᠭ᠎ᠠ ᠣᠴᠢᠵᠤ ᠭᠦᠢᠴᠡᠳᠬᠡᠬᠦ︾ ᠶᠢ ᠴᠢᠷᠮᠠᠶᠢᠨ ᠪᠡᠶᠡᠯᠡᠭᠦᠯᠬᠦ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠳᠤ ᠳᠣᠣᠷᠠᠬᠢ ᠬᠡᠳᠦᠨ ᠵᠦᠢᠯ ᠤᠨ ᠠᠵᠢᠯ ᠢ ᠭᠤᠣᠯᠳᠠᠯᠭ᠎ᠠ  ᠲᠠᠢ ᠪᠠᠷ ᠰᠠᠶᠢᠲᠤᠷ ᠬᠢᠬᠦ ᠬᠡᠷᠡᠭᠲᠡᠢ᠃      ᠨᠢᠭᠡ ᠳᠤ᠂ ᠨᠢᠭᠡᠳᠦᠭᠡᠷ ᠪᠦᠯᠦᠭ ᠳ᠋ᠠᠶᠢᠲ᠋ᠠ ᠶᠢ ᠬᠠᠮᠲᠤ ᠪᠠᠷ ᠬᠦᠷᠲᠡᠬᠦ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠤᠬᠠᠭᠤᠯᠤᠨ ᠲᠤᠭᠤᠰᠢᠯᠠᠭᠤᠯᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠲᠠᠩᠬᠢᠮ ᠨᠢ ᠤᠯᠤᠰ ᠤᠨ ᠳ᠋ᠠᠶᠢᠲ᠋ᠠ ᠶᠢᠨ ᠬᠠᠮᠲᠤ ᠪᠠᠷ ᠬᠦᠷᠲᠡᠵᠦ ᠰᠣᠯᠢᠯᠴᠠᠬᠤ ᠲᠠᠪᠴᠠᠩ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠲᠠᠪᠴᠠᠩ ᠤᠨ ᠰᠢᠰᠲ᠋ᠧᠮᠵᠢ ᠶᠢ ᠵᠠᠯᠭᠠᠨ ᠣᠷᠣᠭᠤᠯᠬᠤ ᠶᠢ ᠲᠦᠷᠭᠡᠳᠬᠡᠵᠦ᠂ ᠳ᠋ᠠᠶᠢᠲ᠋ᠠ ᠶᠢ ᠬᠠᠮᠲᠤ ᠪᠠᠷ ᠬᠦᠷᠲᠡᠬᠦ ᠲᠠᠯ᠎ᠠ ᠪᠠᠷ ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ ᠬᠤᠶᠠᠷ ᠲᠤ᠂ ᠳ᠋ᠠᠶᠢᠲ᠋ᠠ ᠶᠢ ᠬᠠᠮᠲᠤ ᠪᠠᠷ ᠬᠦᠷᠲᠡᠬᠦ ᠶᠢ ᠭᠤᠶᠤᠴᠢᠯᠠᠬᠤ᠂ ᠬᠢᠨᠠᠨ ᠵᠥᠪᠰᠢᠶᠡᠷᠡᠬᠦ᠂ ᠬᠡᠷᠡᠭᠯᠡᠬᠦ ᠴᠤᠪᠤᠷᠠᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠲᠠᠪᠴᠠᠩ ᠳᠤ ᠡᠷᠬᠡ ᠣᠯᠭᠤᠬᠤ ᠪᠠ ᠴᠠᠭ ᠲᠣᠭᠲᠠᠭᠠᠨ ᠬᠠᠷᠢᠭᠤ ᠲᠤᠰᠬᠠᠬᠤ ᠶᠢᠨ ᠬᠡᠪᠰᠢᠭᠦᠯᠦᠭᠰᠡᠨ ᠲᠣᠭᠲᠠᠴᠠ ᠶᠢ ᠪᠠᠶᠢᠭᠤᠯᠬᠤ ᠶᠢ ᠠᠬᠢᠭᠤᠯᠬᠤ ᠬᠡᠷᠡᠭᠲᠡᠢ᠃ ᠭᠤᠷᠪᠠ ᠳᠤ᠂ ᠰᠢᠨᠬᠤᠸᠠ ᠬᠤᠷᠢᠶ᠎ᠠ᠂ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠰᠦᠯᠵᠢᠶ᠎ᠡ ᠵᠡᠷᠭᠡ ᠨᠢᠭᠡᠴᠢ ᠲᠠᠢ ᠬᠤᠯᠪᠣᠭᠠᠯᠠᠨ᠂ ᠬᠤᠯᠪᠣᠭᠳᠠᠯ ᠪᠦᠬᠦᠢ ᠠᠵᠢᠯ ᠲᠥᠷᠥᠯ ᠤᠨ ᠬᠦᠷᠢᠶ᠎ᠡ ᠴᠠᠷᠠᠭᠠᠨ ᠳᠠᠬᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠵᠤ᠂ ᠣᠯᠠᠨ ᠲᠦᠮᠡᠨ ᠤ ᠲᠤᠰᠬᠠᠯᠲᠠ ᠪᠠᠷ ᠬᠤᠷᠴᠠ ᠴᠢᠩᠭ᠎ᠠ ᠲᠦᠭᠵᠢᠷᠡᠯ ᠲᠠᠢ ᠠᠰᠠᠭᠤᠳᠠᠯ ᠢ ᠦᠷᠭᠦᠯᠵᠢᠯᠡᠨ ᠡᠯᠰᠡᠨ ᠴᠤᠭᠯᠠᠭᠤᠯᠬᠤ ᠪᠠ ᠠᠬᠢᠭᠤᠯᠤᠨ ᠰᠢᠢᠳᠪᠦᠷᠢᠯᠡᠬᠦ ᠬᠡᠷᠡᠭᠲᠡᠢ᠃ ᠳᠥᠷᠪᠡ ᠳᠤ᠂ ᠣᠯᠠᠨ ᠲᠦᠮᠡᠨ ᠤ ᠬᠠᠮᠤᠭ ᠤᠨ ᠠᠩᠬᠠᠷᠤᠯ ᠲᠠᠯᠪᠢᠵᠤ ᠪᠠᠶᠢᠭ᠎ᠠ ᠠᠵᠢᠯ ᠣᠯᠭᠤᠯᠲᠠ᠂ ᠣᠷᠣᠯᠭ᠎ᠠ᠂ ᠨᠠᠰᠤᠵᠢᠯ᠂ ᠣᠷᠣᠨ ᠰᠠᠭᠤᠴᠠ᠂ ᠣᠷᠴᠢᠨ ᠲᠣᠭᠤᠷᠢᠨ ᠵᠡᠷᠭᠡ ᠠᠰᠠᠭᠤᠳᠠᠯ ᠤᠨ ᠲᠣᠭᠤᠷᠢᠨ ᠳᠤ᠂ ᠬᠤᠶᠠᠳᠤᠭᠠᠷ ᠪᠦᠯᠦᠭ᠂ ᠭᠤᠷᠪᠠᠳᠤᠭᠠᠷ ᠪᠦᠯᠦᠭ ᠳ᠋ᠠᠶᠢᠲ᠋ᠠ ᠶᠢ ᠬᠠᠮᠲᠤ ᠪᠠᠷ ᠬᠦᠷᠲᠡᠬᠦ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠨᠡᠶᠢᠲᠡᠯᠡᠬᠦ ᠠᠵᠢᠯ ᠢ ᠲᠦᠷᠭᠡᠳᠬᠡᠨ ᠠᠬᠢᠭᠤᠯᠵᠤ᠂ ᠣᠷᠣᠨ ᠨᠤᠲᠤᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠵᠦᠢᠯᠡᠰ ᠢ ᠭᠦᠢᠴᠡᠳᠬᠡᠬᠦ ᠶᠠᠪᠤᠴᠠ ᠳᠠᠬᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠯᠠᠭ᠎ᠠ ᠮᠥᠴᠢᠷ ᠤᠨ ᠳ᠋ᠠᠶᠢᠲ᠋ᠠ ᠶᠢ ᠬᠡᠷᠡᠭᠰᠡᠬᠦ ᠬᠡᠷᠡᠭᠴᠡᠭᠡ ᠱᠠᠭᠠᠷᠳᠠᠯᠭ᠎ᠠ ᠶᠢ ᠤᠯᠠᠮ ᠨᠢᠭᠡ ᠠᠯᠬᠤᠮ ᠬᠠᠩᠭᠠᠬᠤ ᠬᠡᠷᠡᠭᠲᠡᠢ᠃ ᠲᠠᠪᠤ ᠳᠤ᠂ ᠡᠯ᠎ᠡ ᠣᠷᠣᠨ ᠨᠤᠲᠤᠭ᠂ ᠡᠯ᠎ᠡ ᠰᠠᠯᠠᠭ᠎ᠠ ᠮᠥᠴᠢᠷ ᠤᠨ ᠬᠢᠨ ︽ᠵᠢᠷᠭᠤᠭᠠᠨ ᠨᠢᠭᠡ︾ ᠵᠡᠷᠭᠡ ᠲᠠᠯ᠎ᠠ ᠪᠠᠷ ᠬᠢ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠪᠠ ᠨᠡᠶᠢᠲᠡᠯᠢᠭ ᠲᠤᠷᠰᠢᠯᠭ᠎ᠠ ᠶᠢ ᠵᠠᠳᠠᠯᠤᠨ ᠳ᠋ᠦᠩᠨᠡᠵᠦ᠂ ᠮᠡᠷᠭᠡᠵᠢᠯ᠂ ᠳᠦᠷᠢᠮ᠂ ᠣᠨᠣᠯᠵᠢᠬᠤᠨ ᠵᠡᠷᠭᠡ ᠣᠯᠠᠨ ᠪᠠᠶᠢᠷᠢ ᠠᠴᠠ ᠴᠡᠭ ᠲᠣᠭᠲᠠᠭᠠᠨ ᠬᠠᠪᠰᠤᠷᠤᠨ ᠲᠡᠳᠬᠦᠵᠦ᠂ ᠤᠬᠠᠭᠤᠯᠤᠨ ᠳᠡᠯᠭᠡᠷᠡᠭᠦᠯᠬᠦ ᠪᠠᠨ ᠴᠢᠩᠭᠠᠳᠬᠠᠬᠤ ᠬᠡᠷᠡᠭᠲᠡᠢ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ