ᠣᠶᠢᠷ᠎ᠠ ᠳᠤ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ︽ᠤᠯᠤᠰ ᠤᠨ | ᠥᠮᠴᠢᠯᠡᠯᠲᠦ ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠦᠨ᠎ᠡ ᠬᠠᠩᠰᠢ ᠪᠦᠷᠢᠯᠳᠦᠬᠦ ᠲᠣᠭᠲᠠᠴᠠ ᠶᠢ | ᠲᠡᠭᠦᠯᠳᠡᠷᠵᠢᠭᠦᠯᠵᠦ ᠤᠯᠤᠰ ᠤᠨ ᠥᠮᠴᠢᠯᠡᠯᠲᠦ ᠭᠤᠣᠯᠳᠠᠯᠭ᠎ᠠ ᠲᠠᠢ ᠦᠵᠡᠮᠵᠢ ᠶᠢᠨ ᠣᠷᠣᠨ ᠤ ᠡᠭᠦᠳᠡᠨ ᠪᠢᠯᠧᠲ ᠤᠨ | ᠦᠨ᠎ᠡ ᠬᠠᠩᠰᠢ ᠶᠢ ᠪᠠᠭᠤᠷᠠᠭᠤᠯᠬᠤ ᠲᠤᠬᠠᠢ ᠵᠢᠯᠣᠭᠤᠳᠬᠤ ᠰᠠᠨᠠᠯ︾ ︵ᠳᠣᠷᠣᠭᠰᠢ ᠵᠢᠯᠣᠭᠤᠳᠬᠤ ᠰᠠᠨᠠᠯ ᠭᠡᠵᠦ | ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠨᠡᠶᠢᠭᠡᠮ ᠤᠨ ᠡᠯ᠎ᠡ ᠲᠠᠯ᠎ᠠ ᠶᠢᠨ ᠬᠢᠨ ᠤ ᠠᠩᠬᠠᠷᠤᠯ ᠲᠠᠯᠪᠢᠵᠤ | ᠪᠠᠶᠢᠭ᠎ᠠ ᠠᠰᠠᠭᠤᠳᠠᠯ ᠤᠨ ᠲᠤᠬᠠᠢ ᠰᠤᠷᠪᠤᠯᠵᠢᠯᠠᠭᠴᠢ ᠠᠴᠠ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ ᠤᠨ ᠦᠨ᠎ᠡ ᠬᠠᠩᠰᠢ ᠶᠢᠨ ᠵᠤᠷᠭᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠢ ᠰᠤᠷᠪᠤᠯᠵᠢᠯᠠᠵᠠᠢ᠃ | ᠠᠰᠠᠭᠤᠯᠲᠠ᠄ ᠵᠢᠯᠣᠭᠤᠳᠬᠤ ᠰᠠᠨᠠᠯ ᠢ ᠨᠡᠶᠢᠲᠡᠯᠡᠭᠰᠡᠨ ᠠᠬᠤᠢ ᠪᠠᠶᠢᠳᠠᠯ ᠪᠠ ᠪᠣᠳᠠᠲᠤ ᠠᠴᠢ ᠬᠤᠯᠪᠣᠭᠳᠠᠯ ᠢ | ᠲᠠᠨᠢᠯᠴᠠᠭᠤᠯᠤᠭᠠᠳ ᠥᠭᠭᠦᠨ᠎ᠡ ᠦᠦ︖ | ᠬᠠᠷᠢᠭᠤᠯᠲᠠ᠄ ᠣᠳᠣᠬᠠᠨ ᠳᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ | ᠨᠡᠮᠡᠭᠳᠡᠬᠦ ᠶᠢ ᠳᠠᠭᠠᠯᠳᠤᠨ᠂ ᠮᠠᠨ ᠤ ᠤᠯᠤᠰ ᠤᠨ ᠵᠢᠭᠤᠯᠴᠢᠯᠠᠯ ᠤᠨ ᠬᠡᠷᠡᠭᠴᠡᠭᠡ ᠱᠠᠭᠠᠷᠳᠠᠯᠭ᠎ᠠ ᠲᠦᠷᠭᠡᠨ ᠨᠡᠮᠡᠭᠳᠡᠵᠦ᠂ | ᠵᠢᠭᠤᠯᠴᠢᠯᠠᠯ ᠤᠨ ᠦᠢᠯᠡᠰ ᠤᠨ ᠬᠥᠭᠵᠢᠯᠲᠡ ᠳᠤ ᠬᠡᠷᠡᠭᠯᠡᠭᠡ ᠨᠢ ᠣᠯᠠᠨ ᠲᠦᠮᠡᠨᠴᠢᠯᠡᠬᠦ᠂ ᠬᠡᠷᠡᠭᠴᠡᠭᠡ ᠱᠠᠭᠠᠷᠳᠠᠯᠭ᠎ᠠ | ᠨᠢ ᠴᠢᠨᠠᠷ ᠴᠢᠨᠰᠠᠭᠠᠴᠢᠯᠠᠬᠤ᠂ ᠥᠷᠢᠰᠦᠯᠳᠦᠭᠡᠨ ᠨᠢ ᠳᠡᠯᠡᠬᠡᠶᠢᠴᠢᠯᠡᠬᠦ ᠬᠠᠨᠳᠤᠰᠢ ᠢᠯᠡᠷᠡᠵᠦ᠂ ᠨᠢᠭᠡᠨᠲᠡ ᠠᠵᠤ | ᠠᠬᠤᠢ ᠶᠢ ᠬᠥᠭᠵᠢᠭᠦᠯᠬᠦ᠂ ᠠᠵᠢᠯ ᠣᠯᠭᠤᠯᠲᠠ ᠶᠢ ᠨᠡᠮᠡᠭᠳᠡᠭᠦᠯᠬᠦ ᠪᠠ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ | ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠱᠠᠭᠠᠷᠳᠠᠯᠭ᠎ᠠ ᠶᠢ ᠬᠠᠩᠭᠠᠬᠤ ᠲᠤᠯᠭᠠᠭᠤᠷᠢᠯᠠᠯ ᠠᠵᠤ ᠦᠢᠯᠡᠰ ᠪᠣᠯᠵᠠᠢ᠃ | ᠦᠵᠡᠮᠵᠢ ᠶᠢᠨ ᠣᠷᠣᠨ ᠪᠣᠯ ᠵᠢᠭᠤᠯᠴᠢᠯᠠᠯ ᠤᠨ ᠦᠢᠯᠡᠰ ᠢ ᠬᠥᠭᠵᠢᠭᠦᠯᠬᠦ ᠴᠢᠬᠤᠯᠠ ᠡᠬᠢ ᠪᠠᠶᠠᠯᠢᠭ ᠪᠠ ᠲᠦᠰᠢᠭ | ᠪᠠᠶᠢᠵᠤ᠂ ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠦᠨ᠎ᠡ ᠬᠠᠩᠰᠢ ᠨᠢ ᠠᠷᠠᠳ ᠣᠯᠠᠨ ᠤ ᠲᠤᠰ ᠪᠡᠶ᠎ᠡ ᠶᠢᠨ | ᠠᠰᠢᠭ ᠲᠤᠰᠠ ᠲᠠᠢ ᠰᠢᠭᠤᠳ ᠬᠤᠯᠪᠣᠭᠳᠠᠵᠤ᠂ ᠨᠡᠶᠢᠭᠡᠮ ᠤᠨ ᠠᠩᠬᠠᠷᠤᠯ ᠤᠨ ᠬᠠᠯᠠᠮᠰᠢᠯ ᠴᠡᠭ ᠪᠣᠯᠵᠤ ᠪᠠᠶᠢᠨ᠎ᠠ᠃ | ᠣᠶᠢᠷ᠎ᠠ ᠶᠢᠨ ᠵᠢᠯ ᠤᠳ ᠲᠤ᠂ ᠡᠯ᠎ᠡ ᠱᠠᠲᠤᠨ ᠤ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠬᠢᠨ ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠦᠨ᠎ᠡ ᠬᠠᠩᠰᠢ ᠶᠢ ᠬᠢᠨᠠᠨ ᠬᠠᠮᠢᠶᠠᠷᠬᠤ ᠪᠠᠨ ᠴᠢᠩᠭᠠᠳᠬᠠᠵᠤ᠂ | ᠡᠭᠦᠳᠡᠨ ᠪᠢᠯᠧᠲ ᠤᠨ ᠦᠨ᠎ᠡ ᠬᠠᠩᠰᠢ ᠶᠢᠨ ᠬᠡᠳᠦ ᠲᠦᠷᠭᠡᠨ ᠥᠰᠦᠯᠲᠡ ᠶᠢ ᠬᠢᠵᠠᠭᠠᠷᠯᠠᠬᠤ ᠳᠤ ᠵᠣᠬᠢᠬᠤ | ᠦᠢᠯᠡᠳᠦᠯ ᠦᠵᠡᠭᠦᠯᠦᠭᠰᠡᠨ ᠪᠣᠯᠪᠠᠴᠤ ᠡᠭᠦᠳᠡᠨ ᠪᠢᠯᠧᠲ ᠤᠨ ᠦᠨ᠎ᠡ ᠬᠠᠩᠰᠢ ᠶᠢᠨ ᠬᠠᠮᠢᠶᠠᠷᠤᠯᠲᠠ ᠶᠢᠨ ᠰᠢᠨᠵᠢᠯᠡᠬᠦ | ᠤᠬᠠᠭᠠᠨᠴᠢ ᠴᠢᠨᠠᠷ᠂ ᠵᠢᠷᠤᠮᠵᠢᠯ ᠴᠢᠨᠠᠷ ᠢ ᠮᠥᠨ ᠬᠦ ᠳᠡᠭᠡᠭᠰᠢᠯᠡᠭᠦᠯᠬᠦ ᠴᠢᠬᠤᠯᠠᠲᠠᠢ᠃ ᠭᠦᠨ ᠳᠠᠪᠬᠤᠷᠭ᠎ᠠ ᠠᠴᠠ | ᠠᠪᠴᠤ ᠦᠵᠡᠪᠡᠯ᠂ ᠵᠠᠷᠢᠮ ᠣᠷᠣᠨ ᠨᠤᠲᠤᠭ ᠤᠨ ᠬᠢᠨ ᠮᠥᠨ ᠯᠡ ᠡᠭᠦᠳᠡᠨ ᠪᠢᠯᠧᠲ ᠤᠨ ᠠᠵᠤ ᠠᠬᠤᠢ ᠳᠤ ᠬᠡᠳᠦ | ᠲᠦᠰᠢᠭᠯᠡᠨ᠂ ᠤᠯᠤᠰ ᠤᠨ ᠥᠮᠴᠢᠯᠡᠯᠲᠦ ᠭᠤᠣᠯᠳᠠᠯᠭ᠎ᠠ ᠲᠠᠢ ᠬᠡᠰᠡᠭ ᠦᠵᠡᠮᠵᠢ ᠶᠢᠨ ᠣᠷᠣᠨ ᠤ ᠡᠭᠦᠳᠡᠨ | ᠪᠢᠯᠧᠲ ᠤᠨ ᠦᠨ᠎ᠡ ᠬᠠᠩᠰᠢ ᠶᠢᠨ ︽ᠢᠯᠡᠭᠦᠴᠡ ᠳᠠᠷᠤᠭᠠᠰᠤ︾ ᠨᠢ ᠬᠡᠳᠦ ᠬᠦᠨᠳᠦ ᠪᠠᠶᠢᠵᠤ᠂ ᠦᠨ᠎ᠡ ᠬᠠᠩᠰᠢ ᠶᠢᠨ | ᠬᠢᠷᠢ ᠲᠦᠪᠰᠢᠨ ᠢ ᠥᠰᠬᠡᠭᠰᠡᠨ ᠠᠴᠠ ᠵᠢᠭᠤᠯᠴᠢᠯᠠᠯ ᠤᠨ ᠠᠵᠤ ᠠᠬᠤᠢ ᠶᠢᠨ ᠬᠥᠭᠵᠢᠯᠲᠡ ᠶᠢ ᠬᠦᠯᠢᠶᠡᠰᠦᠯᠡᠬᠦ | ᠬᠦᠴᠦᠨ ᠵᠦᠢᠯ ᠪᠣᠯᠵᠠᠢ᠃ ᠨᠢᠳᠤᠨᠤᠨ ᠵᠢᠯ ᠤᠨ ᠡᠴᠦᠰ ᠲᠤ ᠬᠤᠷᠠᠯᠳᠤᠭᠤᠯᠤᠭᠰᠠᠨ ᠲᠥᠪ ᠤᠨ ᠠᠵᠤ ᠠᠬᠤᠢ ᠶᠢᠨ | ᠠᠵᠢᠯ ᠤᠨ ᠬᠤᠷᠠᠯ ᠪᠠ ᠡᠨᠡ ᠵᠢᠯ ᠤᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠤᠯᠤᠰ ᠤᠨ | ᠥᠮᠴᠢᠯᠡᠯᠲᠦ ᠭᠤᠣᠯᠳᠠᠯᠭ᠎ᠠ ᠲᠠᠢ ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠦᠨ᠎ᠡ ᠬᠠᠩᠰᠢ ᠶᠢ | ᠪᠠᠭᠤᠷᠠᠭᠤᠯᠬᠤ ᠲᠤᠬᠠᠢ ᠲᠣᠳᠣᠷᠬᠠᠢ ᠱᠠᠭᠠᠷᠳᠠᠯᠭ᠎ᠠ ᠲᠤᠷᠠᠳᠴᠢ᠃ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠬᠤ ᠶᠢᠨ | ᠲᠥᠯᠥᠭᠡ᠂ ᠡᠭᠦᠳᠡᠨ ᠪᠢᠯᠧᠲ ᠤᠨ ᠦᠨ᠎ᠡ ᠬᠠᠩᠰᠢ ᠶᠢᠨ ᠬᠠᠮᠢᠶᠠᠷᠤᠯᠲᠠ ᠳᠤ ᠣᠷᠣᠰᠢᠵᠤ ᠪᠠᠶᠢᠭ᠎ᠠ ᠲᠣᠪᠣᠶᠢᠮ᠎ᠠ | ᠠᠰᠠᠭᠤᠳᠠᠯ ᠳᠤ ᠴᠢᠭᠯᠡᠭᠦᠯᠦᠨ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠪᠠᠶᠢᠴᠠᠭᠠᠯᠲᠠ | ᠰᠤᠳᠤᠯᠤᠯᠲᠠ ᠶᠢ ᠭᠦᠨᠵᠡᠭᠡᠢ ᠥᠷᠨᠢᠭᠦᠯᠵᠦ᠂ ᠬᠠᠮᠢᠶ᠎ᠠ ᠪᠦᠬᠦᠢ ᠰᠠᠯᠠᠭ᠎ᠠ ᠮᠥᠴᠢᠷ᠂ ᠣᠷᠣᠨ ᠨᠤᠲᠤᠭ᠂ | ᠦᠵᠡᠮᠵᠢ ᠶᠢᠨ ᠣᠷᠣᠨ ᠪᠠ ᠵᠢᠭᠤᠯᠴᠢᠯᠠᠯ ᠤᠨ ᠬᠡᠷᠡᠭᠯᠡᠭᠴᠢᠳ ᠤᠨ ᠰᠠᠨᠠᠯ ᠢ ᠰᠣᠨᠣᠰᠤᠭᠰᠠᠨ ᠤ ᠬᠠᠮᠲᠤ᠂ ᠵᠥᠪᠯᠡᠯ ᠤᠨ | ᠫᠣᠷᠲ᠋ᠧᠯ ᠰᠦᠯᠵᠢᠶ᠎ᠡ ᠳᠤ ︽ᠤᠯᠤᠰ ᠤᠨ ᠥᠮᠴᠢᠯᠡᠯᠲᠦ ᠭᠤᠣᠯᠳᠠᠯᠭ᠎ᠠ ᠲᠠᠢ ᠦᠵᠡᠮᠵᠢ ᠶᠢᠨ ᠣᠷᠣᠨ ᠤ ᠡᠭᠦᠳᠡᠨ | ᠪᠢᠯᠧᠲ ᠤᠨ ᠦᠨ᠎ᠡ ᠬᠠᠩᠰᠢ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠳᠤ ᠪᠢ ᠵᠥᠪᠯᠡᠯᠭᠡ ᠠᠷᠭ᠎ᠠ | ᠪᠣᠳᠣᠯᠭ᠎ᠠ ᠳᠡᠪᠰᠢᠭᠦᠯᠦᠨᠡᠮ︾ ᠭᠡᠬᠦ ᠲᠤᠰᠬᠠᠢ ᠪᠤᠯᠤᠩ ᠲᠣᠬᠢᠷᠠᠭᠤᠯᠵᠤ᠂ ᠠᠷᠠᠳ ᠤᠨ ᠬᠡᠷᠡᠭᠴᠡᠭᠡ ᠱᠠᠭᠠᠷᠳᠠᠯᠭ᠎ᠠ ᠶᠢ | ᠣᠶᠢᠯᠠᠭᠠᠨ᠂ ᠠᠷᠠᠳ ᠤᠨ ᠠᠮᠢᠳᠤᠷᠠᠯ ᠢ ᠬᠠᠯᠠᠮᠵᠢᠯᠠᠵᠤ᠂ ᠡᠭᠦᠨ ᠤ ᠰᠠᠭᠤᠷᠢᠨ ᠳᠡᠭᠡᠷ᠎ᠡ ᠵᠢᠯᠣᠭᠤᠳᠬᠤ ᠰᠠᠨᠠᠯ ᠢ | ᠪᠦᠷᠢᠯᠳᠦᠭᠦᠯᠵᠡᠢ᠃ | ᠤᠯᠤᠰ ᠤᠨ ᠥᠮᠴᠢᠯᠡᠯᠲᠦ ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠦᠨ᠎ᠡ ᠬᠠᠩᠰᠢ ᠪᠦᠷᠢᠯᠳᠦᠬᠦ | ᠲᠣᠭᠲᠠᠴᠠ ᠶᠢ ᠲᠡᠭᠦᠯᠳᠡᠷᠵᠢᠭᠦᠯᠦᠨ᠂ ᠤᠯᠤᠰ ᠤᠨ ᠥᠮᠴᠢᠯᠡᠯᠲᠦ ᠭᠤᠣᠯᠳᠠᠯᠭ᠎ᠠ ᠲᠠᠢ ᠦᠵᠡᠮᠵᠢ ᠶᠢᠨ ᠣᠷᠣᠨ ᠤ | ᠡᠭᠦᠳᠡᠨ ᠪᠢᠯᠧᠲ ᠤᠨ ᠦᠨ᠎ᠡ ᠬᠠᠩᠰᠢ ᠶᠢ ᠪᠠᠭᠤᠷᠠᠭᠤᠯᠬᠤ ᠨᠢ ᠤᠯᠤᠰ ᠤᠨ ᠥᠮᠴᠢᠯᠡᠯᠲᠦ ᠦᠵᠡᠮᠵᠢ ᠶᠢᠨ ᠣᠷᠣᠨ ᠤ | ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠰᠢᠯᠤᠭᠤᠳᠬᠠᠵᠤ᠂ ᠨᠡᠶᠢᠭᠡᠮ ᠤᠨ ᠦᠷ᠎ᠡ ᠠᠰᠢᠭ ᠢ ᠭᠦᠢᠴᠡᠳ | ᠢᠯᠡᠷᠡᠭᠦᠯᠦᠭᠰᠡᠨ᠂ ᠨᠡᠶᠢᠭᠡᠮ ᠤᠨ ᠦᠷ᠎ᠡ ᠠᠰᠢᠭ ᠪᠠ ᠠᠵᠤ ᠠᠬᠤᠢ ᠶᠢᠨ ᠦᠷ᠎ᠡ ᠠᠰᠢᠭ ᠢ ᠬᠠᠷᠢᠯᠴᠠᠨ ᠨᠢᠭᠡᠳᠬᠡᠭᠰᠡᠨ | ᠤᠯᠤᠰ ᠤᠨ ᠥᠮᠴᠢᠯᠡᠯᠲᠦ ᠦᠵᠡᠮᠵᠢ ᠶᠢᠨ ᠣᠷᠣᠨ ᠢ ᠠᠵᠢᠯᠯᠠᠭᠤᠯᠤᠨ ᠡᠵᠡᠩᠨᠡᠬᠦ ᠬᠠᠮᠢᠶᠠᠷᠤᠯᠲᠠ ᠶᠢᠨ ᠪᠠᠶᠢᠭᠤᠯᠤᠯ | ᠲᠣᠭᠲᠠᠴᠠ ᠶᠢ ᠲᠦᠷᠭᠡᠳᠬᠡᠨ ᠪᠠᠶᠢᠭᠤᠯᠬᠤ ᠳᠤ ᠠᠰᠢᠭᠲᠠᠢ ᠪᠠᠶᠢᠳᠠᠭ᠃ ᠦᠵᠡᠮᠵᠢ ᠶᠢᠨ ᠨᠡᠷᠡᠲᠦ ᠣᠷᠣᠨ᠂ | ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ᠂ | ᠤᠯᠤᠰ ᠤᠨ ᠴᠡᠴᠡᠷᠯᠢᠭ ᠵᠡᠷᠭᠡ ᠪᠣᠯ ᠪᠦᠬᠦ ᠠᠷᠠᠳ ᠤᠨ ᠥᠮᠴᠢᠯᠡᠯᠲᠦ ᠣᠯᠠᠨ ᠨᠡᠶᠢᠲᠡ ᠶᠢᠨ ᠡᠬᠢ ᠪᠠᠶᠠᠯᠢᠭ ᠪᠠᠶᠢᠵᠤ᠂ | ᠠᠵᠤ ᠠᠬᠤᠢ ᠶᠢᠨ ᠬᠠᠷᠢᠶᠠᠲᠤ ᠴᠢᠨᠠᠷ ᠪᠠᠶᠢᠬᠤ ᠪᠠᠷ ᠪᠠᠷᠠᠬᠤ ᠦᠭᠡᠢ᠂ ᠨᠡᠯᠢᠶᠡᠳ ᠴᠢᠩᠭ᠎ᠠ ᠨᠡᠶᠢᠭᠡᠮ ᠤᠨ ᠬᠠᠷᠢᠶᠠᠲᠤ | ᠴᠢᠨᠠᠷ ᠪᠠ ᠠᠮᠢ ᠠᠬᠤᠢ ᠶᠢᠨ ᠬᠠᠷᠢᠶᠠᠲᠤ ᠴᠢᠨᠠᠷ ᠪᠠᠶᠢᠳᠠᠭ᠃ ᠡᠳᠡᠭᠡᠷ ᠣᠯᠠᠨ ᠨᠡᠶᠢᠲᠡ ᠶᠢᠨ ᠡᠬᠢ ᠪᠠᠶᠠᠯᠢᠭ ᠢ | ᠠᠰᠢᠭᠯᠠᠨ ᠪᠠᠶᠢᠭᠤᠯᠤᠭᠰᠠᠨ ᠦᠵᠡᠮᠵᠢ ᠶᠢᠨ ᠣᠷᠣᠨ ᠢ ᠪᠦᠬᠦ ᠠᠷᠠᠳ ᠲᠤ ᠦᠢᠯᠡᠴᠢᠯᠡᠭᠡ ᠬᠠᠩᠭᠠᠯᠭᠠᠵᠤ᠂ | ᠨᠡᠶᠢᠭᠡᠮ ᠤᠨ ᠦᠷ᠎ᠡ ᠠᠰᠢᠭ ᠢ ᠨᠢ ᠭᠦᠢᠴᠡᠳ ᠢᠯᠡᠷᠡᠭᠦᠯᠦᠨ᠂ ᠨᠡᠶᠢᠭᠡᠮ ᠤᠨ ᠦᠷ᠎ᠡ ᠠᠰᠢᠭ ᠪᠠ ᠠᠵᠤ ᠠᠬᠤᠢ ᠶᠢᠨ | ᠦᠷ᠎ᠡ ᠠᠰᠢᠭ ᠢ ᠬᠠᠷᠢᠯᠴᠠᠨ ᠨᠢᠭᠡᠳᠬᠡᠬᠦ ᠬᠡᠷᠡᠭᠲᠡᠢ᠃ ᠵᠠᠷᠢᠮ ᠦᠵᠡᠮᠵᠢ ᠶᠢᠨ ᠣᠷᠣᠨ ᠨᠢ ᠠᠵᠤ ᠠᠬᠤᠢ ᠶᠢᠨ ᠦᠷ᠎ᠡ | ᠠᠰᠢᠭ ᠢ ᠬᠡᠳᠦ ᠬᠥᠭᠡᠭᠡᠴᠡᠯᠳᠦᠵᠦ᠂ ᠨᠡᠭᠡᠭᠡᠨ ᠬᠥᠭᠵᠢᠭᠦᠯᠬᠦ ᠶᠢ ᠬᠦᠨᠳᠦᠳᠬᠡᠨ᠂ ᠬᠠᠮᠠᠭᠠᠯᠠᠯᠲᠠ ᠶᠢ ᠬᠥᠩᠭᠡᠪᠴᠢᠯᠡᠵᠦ᠂ | ᠨᠡᠶᠢᠭᠡᠮ ᠤᠨ ᠦᠷ᠎ᠡ ᠠᠰᠢᠭ ᠪᠠ ᠠᠮᠢ ᠠᠬᠤᠢ ᠶᠢᠨ ᠦᠷ᠎ᠡ ᠠᠰᠢᠭ ᠢ ᠣᠮᠲᠣᠭᠠᠶᠢᠯᠠᠵᠤ ᠪᠠᠶᠢᠭ᠎ᠠ ᠪᠠᠶᠢᠳᠠᠯ ᠢ | ᠬᠤᠪᠢᠷᠠᠭᠤᠯᠵᠤ᠂ ᠨᠡᠶᠢᠭᠡᠮ ᠤᠨ ᠬᠠᠷᠢᠶᠠᠲᠤ ᠴᠢᠨᠠᠷ᠂ ᠠᠮᠢ ᠠᠬᠤᠢ ᠶᠢᠨ ᠬᠠᠷᠢᠶᠠᠲᠤ ᠴᠢᠨᠠᠷ ᠢ ᠨᠡᠩ ᠴᠢᠬᠤᠯᠠᠴᠢᠯᠠᠬᠤ | ᠲᠡᠶᠢᠰᠢ ᠠᠯᠬᠤᠮ ᠠᠯᠬᠤᠮ ᠢᠶᠠᠷ ᠬᠤᠪᠢᠷᠠᠭᠤᠯᠤᠨ᠂ ᠣᠯᠠᠨ ᠨᠡᠶᠢᠲᠡ ᠶᠢᠨ ᠡᠬᠢ ᠪᠠᠶᠠᠯᠢᠭ ᠤᠨ ᠦᠵᠡᠮᠵᠢ ᠶᠢᠨ | ᠣᠷᠣᠨ ᠤ ᠮᠥᠨ ᠴᠢᠨᠠᠷ ᠲᠤ ᠪᠤᠴᠠᠭᠠᠬᠤ ᠬᠡᠷᠡᠭᠲᠡᠢ᠃ | ᠤᠯᠤᠰ ᠤᠨ ᠥᠮᠴᠢᠯᠡᠯᠲᠦ ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠦᠨ᠎ᠡ ᠬᠠᠩᠰᠢ ᠪᠦᠷᠢᠯᠳᠦᠬᠦ | ᠲᠣᠭᠲᠠᠴᠠ ᠶᠢ ᠲᠡᠭᠦᠯᠳᠡᠷᠵᠢᠭᠦᠯᠦᠨ᠂ ᠤᠯᠤᠰ ᠤᠨ ᠥᠮᠴᠢᠯᠡᠯᠲᠦ ᠭᠤᠣᠯᠳᠠᠯᠭ᠎ᠠ ᠲᠠᠢ ᠦᠵᠡᠮᠵᠢ ᠶᠢᠨ ᠣᠷᠣᠨ ᠤ | ᠡᠭᠦᠳᠡᠨ ᠪᠢᠯᠧᠲ ᠤᠨ ᠦᠨ᠎ᠡ ᠬᠠᠩᠰᠢ ᠶᠢ ᠪᠠᠭᠤᠷᠠᠭᠤᠯᠬᠤ ᠨᠢ ᠵᠢᠭᠤᠯᠴᠢᠯᠠᠯ ᠤᠨ ᠬᠡᠷᠡᠭᠯᠡᠭᠡ ᠶᠢᠨ ᠣᠷᠴᠢᠨ | ᠲᠣᠭᠤᠷᠢᠨ ᠢ ᠰᠢᠯᠢᠳᠡᠭᠵᠢᠭᠦᠯᠦᠨ᠂ ᠵᠢᠭᠤᠯᠴᠢᠯᠠᠯ ᠤᠨ ᠬᠡᠷᠡᠭᠯᠡᠭᠡ ᠶᠢᠨ ᠬᠡᠷᠡᠭᠴᠡᠭᠡ ᠱᠠᠭᠠᠷᠳᠠᠯᠭ᠎ᠠ ᠶᠢ ᠭᠦᠢᠴᠡᠳ | ᠢᠯᠡᠷᠡᠭᠦᠯᠵᠦ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠱᠠᠭᠠᠷᠳᠠᠯᠭ᠎ᠠ ᠶᠢ ᠨᠡᠩ ᠰᠠᠶᠢᠲᠤᠷ | ᠬᠠᠩᠭᠠᠬᠤ ᠳᠤ ᠠᠰᠢᠭᠲᠠᠢ ᠪᠠᠶᠢᠳᠠᠭ᠃ 2017 ᠣᠨ ᠳᠤ᠂ ᠮᠠᠨ ᠤ ᠤᠯᠤᠰ ᠤᠨ ᠬᠥᠮᠥᠨ ᠪᠦᠷᠢ ᠶᠢᠨ ᠳᠤᠮᠳᠠᠴᠢ | ᠵᠢᠭᠤᠯᠴᠢᠯᠠᠭᠰᠠᠨ ᠤᠳᠠᠭ᠎ᠠ ᠶᠢᠨ ᠲᠤᠭ᠎ᠠ ᠨᠢ 3.7 ᠤᠳᠠᠭ᠎ᠠ ᠪᠠᠶᠢᠵᠤ᠂ ᠳᠡᠯᠡᠬᠡᠢ ᠶᠢᠨ ᠬᠥᠭᠵᠢᠭᠰᠡᠨ ᠤᠯᠤᠰ ᠤᠨ | ᠬᠥᠮᠥᠨ ᠪᠦᠷᠢ ᠶᠢᠨ ᠳᠤᠮᠳᠠᠴᠢ ᠵᠢᠭᠤᠯᠴᠢᠯᠠᠯ ᠤᠨ 7 ᠤᠳᠠᠭ᠎ᠠ ᠲᠠᠢ ᠬᠠᠷᠢᠴᠠᠭᠤᠯᠪᠠᠯ᠂ ᠮᠥᠨ ᠮᠠᠰᠢ ᠶᠡᠭᠡ | ᠨᠡᠮᠡᠭᠳᠡᠯ ᠤᠨ ᠣᠷᠣᠨ ᠵᠠᠢ ᠪᠠᠶᠢᠳᠠᠭ᠃ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠢᠭᠡ ᠵᠦᠢᠯ ᠤᠨ | ᠪᠠᠶᠢᠴᠠᠭᠠᠯᠲᠠ ᠶᠢᠨ ᠢᠯᠡᠷᠡᠭᠦᠯᠦᠭᠰᠡᠨ ᠢᠶᠠᠷ᠂ ᠣᠳᠣᠬᠠᠨ ᠤ ᠤᠯᠤᠰ ᠤᠨ ᠳᠣᠲᠣᠭᠠᠳᠤ ᠶᠢᠨ ᠦᠵᠡᠮᠵᠢ ᠶᠢᠨ ᠣᠷᠣᠨ ᠤ | ᠡᠭᠦᠳᠡᠨ ᠪᠢᠯᠧᠲ ᠤᠨ ᠦᠨ᠎ᠡ ᠬᠠᠩᠰᠢ ᠶᠢ ︽ᠥᠨᠳᠥᠷ︾ ᠪᠤᠶᠤ ︽ᠬᠡᠳᠦ ᠥᠨᠳᠥᠷ︾ ᠭᠡᠵᠦ ᠦᠵᠡᠵᠦ ᠪᠠᠶᠢᠭ᠎ᠠ | ᠨᠢ 72.3% ᠶᠢ ᠡᠵᠡᠯᠡᠵᠦ ᠪᠠᠶᠢᠨ᠎ᠠ᠃ ᠣᠶᠢᠷ᠎ᠠ ᠶᠢᠨ ᠵᠢᠯ ᠤᠳ ᠲᠤ᠂ ᠵᠠᠷᠢᠮ ᠨᠡᠷᠡᠲᠦ ᠦᠵᠡᠮᠵᠢ ᠶᠢᠨ ᠣᠷᠣᠨ ᠤ | ᠵᠢᠭᠤᠯᠴᠢᠳ ᠤᠨ ᠲᠤᠭ᠎ᠠ ᠨᠢᠭᠡᠨᠲᠡ ᠡᠬᠢᠯᠡᠨ ᠪᠠᠭᠤᠷᠠᠵᠤ᠂ ᠤᠯᠠᠮ ᠠᠷᠪᠢᠨ ᠬᠥᠮᠥᠨ ᠡᠭᠦᠳᠡᠨ ᠪᠢᠯᠧᠲ ᠤᠨ | ᠬᠠᠩᠰᠢ ᠶᠢ ᠨᠢ ᠰᠣᠨᠣᠰᠤᠭᠰᠠᠭᠠᠷ ᠶᠠᠪᠤᠵᠤ ᠤᠳᠬᠤ ᠪᠣᠯᠪᠠ᠂ ᠡᠨᠡ ᠨᠢ ᠪᠢᠯᠧᠲ ᠤᠨ ᠥᠨᠳᠥᠷ ᠦᠨ᠎ᠡ ᠨᠢ ᠨᠢᠭᠡᠨᠲᠡ | ᠮᠠᠨ ᠤ ᠤᠯᠤᠰ ᠤᠨ ᠵᠢᠭᠤᠯᠴᠢᠯᠠᠯ ᠤᠨ ᠬᠡᠷᠡᠭᠯᠡᠭᠡ ᠶᠢᠨ ᠨᠡᠮᠡᠭᠳᠡᠯ ᠢ ᠬᠢᠵᠠᠭᠠᠷᠯᠠᠨ ᠨᠥᠯᠥᠭᠡᠯᠡᠵᠦ᠂ ᠲᠤᠯᠭᠠᠮ᠎ᠠ | ᠰᠢᠢᠳᠪᠦᠷᠢᠯᠡᠬᠦ ᠴᠢᠬᠤᠯᠠᠲᠠᠢ ᠠᠰᠠᠭᠤᠳᠠᠯ ᠪᠣᠯᠣᠭᠰᠠᠨ ᠢ ᠬᠠᠷᠠᠭᠤᠯᠵᠤ ᠪᠠᠶᠢᠨ᠎ᠠ᠃ | ᠤᠯᠤᠰ ᠤᠨ ᠥᠮᠴᠢᠯᠡᠯᠲᠦ ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠦᠨ᠎ᠡ ᠬᠠᠩᠰᠢ ᠪᠦᠷᠢᠯᠳᠦᠬᠦ | ᠲᠣᠭᠲᠠᠴᠠ ᠶᠢ ᠲᠡᠭᠦᠯᠳᠡᠷᠵᠢᠭᠦᠯᠦᠨ᠂ ᠤᠯᠤᠰ ᠤᠨ ᠥᠮᠴᠢᠯᠡᠯᠲᠦ ᠭᠤᠣᠯᠳᠠᠯᠭ᠎ᠠ ᠲᠠᠢ ᠦᠵᠡᠮᠵᠢ ᠶᠢᠨ ᠣᠷᠣᠨ ᠤ | ᠡᠭᠦᠳᠡᠨ ᠪᠢᠯᠧᠲ ᠤᠨ ᠦᠨ᠎ᠡ ᠬᠠᠩᠰᠢ ᠶᠢ ᠪᠠᠭᠤᠷᠠᠭᠤᠯᠬᠤ ᠨᠢ ᠵᠢᠭᠤᠯᠴᠢᠯᠠᠯ ᠤᠨ ᠦᠢᠯᠡᠰ ᠤᠨ ᠬᠠᠩᠭᠠᠯᠭ᠎ᠠ ᠶᠢᠨ | ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ | ᠵᠢᠭᠤᠯᠴᠢᠯᠠᠯ ᠤᠨ ᠦᠢᠯᠡᠰ ᠢ ᠡᠭᠦᠳᠡᠨ ᠪᠢᠯᠧᠲ ᠤᠨ ᠠᠵᠤ ᠠᠬᠤᠢ ᠠᠴᠠ ᠠᠵᠤ ᠦᠢᠯᠡᠰ ᠤᠨ ᠠᠵᠤ ᠠᠬᠤᠢ ᠲᠡᠶᠢᠰᠢ | ᠂ ᠬᠡᠰᠡᠭ ᠪᠦᠯᠦᠭ ᠬᠥᠮᠥᠰ ᠤᠨ ᠵᠢᠭᠤᠯᠴᠢᠯᠠᠯ ᠠᠴᠠ ᠲᠦᠮᠡᠨ ᠣᠯᠠᠨ ᠤ ᠵᠢᠭᠤᠯᠴᠢᠯᠠᠯ ᠲᠡᠶᠢᠰᠢ᠂ ᠦᠵᠡᠮᠵᠢ ᠶᠢᠨ | ᠴᠡᠭ ᠤᠨ ᠵᠢᠭᠤᠯᠴᠢᠯᠠᠯ ᠠᠴᠠ ᠣᠷᠣᠨ ᠬᠡᠪᠴᠢᠶᠡᠨ ᠤ ᠬᠠᠮ ᠵᠢᠭᠤᠯᠴᠢᠯᠠᠯ ᠲᠡᠶᠢᠰᠢ ᠬᠡᠯᠪᠡᠷᠢ ᠪᠠᠨ ᠬᠤᠪᠢᠷᠠᠭᠤᠯᠵᠤ | ᠳᠡᠰ ᠳᠡᠪᠰᠢᠬᠦ ᠶᠢ ᠲᠦᠷᠭᠡᠳᠬᠡᠨ ᠠᠬᠢᠭᠤᠯᠵᠤ᠂ ᠵᠢᠭᠤᠯᠴᠢᠯᠠᠯ ᠤᠨ ᠦᠢᠯᠡᠰ ᠤᠨ ᠬᠠᠩᠭᠠᠯᠭ᠎ᠠ ᠶᠢᠨ ᠪᠦᠲᠦᠴᠡ ᠶᠢ | ᠰᠢᠯᠢᠳᠡᠭᠵᠢᠭᠦᠯᠬᠦ ᠪᠠ ᠶᠡᠷᠦᠩᠬᠡᠢ ᠬᠡᠷᠡᠭᠴᠡᠭᠡ ᠱᠠᠭᠠᠷᠳᠠᠯᠭ᠎ᠠ ᠶᠢ ᠯᠠᠪᠳᠠᠭᠤᠨ ᠢᠶᠠᠷ ᠥᠷᠭᠡᠳᠬᠡᠬᠦ ᠰᠠᠶᠢᠨ ᠰᠠᠶᠢᠬᠠᠨ | ᠡᠷᠭᠢᠯᠲᠡ ᠶᠢ ᠪᠦᠷᠢᠯᠳᠦᠭᠦᠯᠬᠦ ᠳᠤ ᠠᠰᠢᠭᠲᠠᠢ ᠪᠠᠶᠢᠳᠠᠭ᠃ 14 ᠳ᠋ᠦᠩᠰᠢᠭᠤᠷ ᠬᠥᠮᠥᠨ ᠠᠮᠠ ᠲᠠᠢ ᠲᠣᠮᠣ | ᠤᠯᠤᠰ ᠤᠨ ᠵᠢᠭᠤᠯᠴᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠳᠤ ᠡᠷᠬᠡᠪᠰᠢ ᠶᠡᠭᠡ ᠬᠠᠷᠠᠭᠠᠰᠤ ᠲᠠᠢ | ᠪᠠᠶᠢᠵᠤ᠂ ᠨᠡᠩ ᠥᠷᠭᠡᠨ ᠠᠭᠤᠳᠠᠮ ᠬᠥᠭᠵᠢᠯᠲᠡ ᠶᠢᠨ ᠵᠠᠮ ᠢ ᠨᠡᠭᠡᠭᠡᠬᠦ ᠬᠡᠷᠡᠭᠲᠡᠢ᠂ ᠵᠥᠪᠬᠡᠨ ᠡᠭᠦᠳᠡᠨ ᠪᠢᠯᠧᠲ ᠤᠨ | ᠠᠵᠤ ᠠᠬᠤᠢ ᠳᠤ ᠬᠢᠵᠠᠭᠠᠷᠯᠠᠭᠳᠠᠵᠤ ᠪᠣᠯᠬᠤ ᠦᠭᠡᠢ᠃ ᠡᠨᠡ ᠲᠠᠯ᠎ᠠ ᠪᠠᠷ ᠴᠥᠭᠡᠨ ᠪᠤᠰᠤ ᠣᠷᠣᠨ ᠨᠤᠲᠤᠭ ᠤᠨ ᠬᠢᠨ | ᠨᠢᠭᠡᠨᠲᠡ ᠪᠦᠲᠦᠮᠵᠢᠲᠡᠢ ᠲᠤᠷᠰᠢᠯᠭ᠎ᠠ ᠲᠠᠢ ᠪᠣᠯᠵᠠᠢ᠃ ᠵᠢᠱᠢᠶᠡᠯᠡᠪᠡᠯ ᠵᠧᠵᠢᠶᠠᠩ ᠮᠤᠵᠢ ᠶᠢᠨ ᠴᠢᠦᠶᠢᠵᠧᠦ ᠬᠤᠲᠠ ᠨᠢ | ᠣᠷᠣᠨ ᠬᠡᠪᠴᠢᠶᠡᠨ ᠤ ᠬᠠᠮ ᠵᠢᠭᠤᠯᠴᠢᠯᠠᠯ ᠤᠨ ᠣᠨᠣᠯᠵᠢᠬᠤᠨ ᠢᠶᠠᠷ ᠵᠢᠯᠣᠭᠤᠳᠤᠮᠵᠢ ᠪᠣᠯᠭᠠᠨ᠂ ᠦᠵᠡᠮᠵᠢ ᠶᠢᠨ | ᠣᠷᠣᠨ ᠤ ᠡᠭᠦᠳᠡᠨ ᠪᠢᠯᠧᠲ ᠦᠭᠡᠢ ᠵᠢᠭᠤᠯᠴᠢᠯᠠᠯ ᠤᠨ ᠠᠵᠢᠯᠯᠠᠭ᠎ᠠ ᠶᠢ ᠲᠤᠷᠰᠢᠨ ᠥᠷᠨᠢᠭᠦᠯᠬᠦ ᠪᠠᠷ ᠳᠠᠮᠵᠢᠭᠤᠯᠵᠤ᠂ | ᠲᠤᠬᠠᠢ ᠶᠢᠨ ᠭᠠᠵᠠᠷ ᠤᠨ ᠵᠢᠭᠤᠯᠴᠢᠯᠠᠯ ᠤᠨ ᠦᠢᠯᠡᠰ ᠢ ᠡᠭᠦᠳᠡᠨ ᠪᠢᠯᠧᠲ ᠤᠨ ᠠᠵᠤ ᠠᠬᠤᠢ ᠳᠤ ᠲᠦᠰᠢᠭᠯᠡᠬᠦ | ᠪᠠᠶᠢᠳᠠᠯ ᠠᠴᠠ ᠢᠳᠡᠭ ᠢᠳᠡᠭ ᠢᠶᠠᠷ ᠮᠤᠯᠲᠤᠷᠠᠭᠤᠯᠵᠤ᠂ ᠣᠬᠢ ᠪᠦᠲᠦᠭᠡᠭᠳᠡᠬᠦᠨ ᠦᠢᠯᠡᠳᠬᠦ᠂ ᠰᠢᠯᠢᠳᠡᠭ | ᠦᠢᠯᠡᠴᠢᠯᠡᠭᠡ ᠬᠠᠩᠭᠠᠬᠤ᠂ ᠠᠵᠤ ᠦᠢᠯᠡᠰ ᠤᠨ ᠤᠷᠲᠤ ᠬᠡᠯᠬᠢᠶᠡᠰᠦ ᠶᠢ ᠪᠦᠷᠢᠯᠳᠦᠭᠦᠯᠬᠦ ᠴᠢᠭᠯᠡᠯ ᠲᠡᠶᠢᠰᠢ ᠪᠠᠨ | ᠬᠥᠭᠵᠢᠭᠦᠯᠪᠡ᠃ 2017 ᠣᠨ ᠳᠤ᠂ ᠪᠦᠬᠦ ᠬᠤᠲᠠ ᠶᠢᠨ ᠵᠢᠭᠤᠯᠴᠢᠯᠠᠯ ᠤᠨ ᠶᠡᠷᠦᠩᠬᠡᠢ ᠣᠷᠣᠯᠭ᠎ᠠ ᠨᠢ 449.4 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 25.6% ᠪᠠᠷ ᠨᠡᠮᠡᠭᠳᠡᠵᠡᠢ᠃ 13 | ᠦᠵᠡᠮᠵᠢ ᠶᠢᠨ ᠣᠷᠣᠨ ᠨᠢ ᠵᠢᠭᠤᠯᠴᠢᠯᠠᠯ ᠤᠨ ᠦᠢᠯᠡᠴᠢᠯᠡᠭᠡ ᠬᠢᠬᠦ᠂ ᠳᠤᠷᠠᠰᠬᠠᠯ ᠤᠨ ᠵᠦᠢᠯᠡᠰ ᠪᠣᠷᠣᠯᠠᠭᠤᠯᠬᠤ | ᠵᠡᠷᠭᠡ ᠪᠠᠷ 28.1 ᠳ᠋ᠦᠩᠰᠢᠭᠤᠷ ᠲᠥᠭᠦᠷᠢᠭ ᠤᠨ ᠣᠷᠣᠯᠭ᠎ᠠ ᠶᠢ ᠪᠡᠶᠡᠯᠡᠭᠦᠯᠪᠡ︔ ᠰᠦᠢᠳᠬᠡᠯ ᠦᠭᠡᠢ ᠡᠳᠦᠷ ᠤᠨ | ᠬᠤᠭᠤᠴᠠᠭᠠᠨ ᠳᠤ᠂ ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ ᠤᠨ ᠬᠢᠨᠢ ᠵᠢᠭᠤᠯᠴᠢᠳ ᠢ ᠬᠦᠯᠢᠶᠡᠨ ᠠᠪᠤᠭᠰᠠᠨ | ᠬᠡᠮᠵᠢᠶ᠎ᠡ ᠨᠢ ᠠᠳᠠᠯᠢ ᠬᠤᠭᠤᠴᠠᠭᠠᠨ ᠤ ᠬᠢ ᠠᠴᠠ 46.8% ᠪᠠᠷ ᠨᠡᠮᠡᠭᠳᠡᠨ᠂ ᠬᠦᠯᠢᠶᠡᠨ ᠠᠪᠴᠤ ᠵᠣᠴᠢᠯᠠᠭᠰᠠᠨ | ᠡᠳᠦᠷ ᠤᠨ ᠲᠤᠭ᠎ᠠ ᠨᠢ 42.5% ᠪᠠᠷ ᠨᠡᠮᠡᠭᠳᠡᠵᠦ᠂ ᠢᠳᠡᠭᠡᠨ ᠤ ᠠᠵᠢᠯ ᠲᠥᠷᠥᠯ᠂ ᠣᠳᠣᠨ ᠳᠡᠰ ᠠᠴᠠ | ᠳᠡᠭᠡᠭᠰᠢᠬᠢ ᠪᠠᠭᠤᠳᠠᠯ ᠤᠨ ᠵᠣᠴᠢᠳ ᠤᠨ ᠥᠷᠥᠭᠡ ᠶᠢᠨ ᠡᠵᠡᠩᠨᠡᠯᠲᠡ ᠶᠢᠨ ᠣᠷᠣᠯᠭ᠎ᠠ ᠨᠢ ᠲᠤᠰ ᠲᠤᠰ 48.1% | ᠪᠠ 48.9% ᠪᠠᠷ ᠨᠡᠮᠡᠭᠳᠡᠵᠦ᠂ ᠪᠦᠬᠦ ᠬᠤᠲᠠ ᠶᠢᠨ ᠠᠷᠠᠳ ᠤᠨ ᠣᠷᠣᠨ ᠰᠠᠭᠤᠴᠠ ᠶᠢᠨ ᠣᠷᠣ ᠶᠢᠨ ᠲᠤᠭ᠎ᠠ ᠨᠢ | 4.5 ᠲᠦᠮᠡ ᠶᠢ ᠰᠢᠪᠲᠤᠯᠤᠭᠰᠠᠨ ᠤ ᠬᠠᠮᠲᠤ᠂ ᠨᠢᠭᠡ ᠪᠦᠯᠦᠭ ᠬᠡᠪ ᠳᠠᠭᠤᠷᠢᠶᠠᠯ ᠤᠨ ᠴᠢᠨᠠᠷᠲᠠᠢ ᠣᠬᠢ ᠰᠢᠯᠢᠳᠡᠭ | ᠪᠦᠬᠦᠢ ᠠᠷᠠᠳ ᠤᠨ ᠣᠷᠣᠨ ᠰᠠᠭᠤᠴᠠ ᠢᠯᠡᠷᠡᠵᠦ᠂ ᠣᠷᠣᠨ ᠨᠤᠲᠤᠭ ᠤᠨ ᠥᠪᠡᠷᠮᠢᠴᠡ ᠣᠨᠴᠠᠯᠢᠭ ᠲᠠᠢ ᠲᠠᠸᠠᠷ ᠤᠨ | ᠪᠣᠷᠣᠯᠠᠭᠤᠯᠭ᠎ᠠ ᠨᠢ ᠴᠤ ᠢᠯᠡᠳᠲᠡ ᠨᠡᠮᠡᠭᠳᠡᠨ᠂ ᠦᠵᠡᠮᠵᠢ ᠶᠢᠨ ᠣᠷᠣᠨ ᠬᠢᠭᠡᠳ ᠵᠢᠭᠤᠯᠴᠢᠯᠠᠯ ᠤᠨ ᠬᠠᠮᠢᠶ᠎ᠠ ᠪᠦᠬᠦᠢ | ᠠᠵᠢᠯ ᠲᠥᠷᠥᠯ ᠵᠣᠬᠢᠴᠠᠯᠳᠤᠨ ᠬᠥᠭᠵᠢᠬᠦ ᠶᠢ ᠠᠩᠬ᠎ᠠ ᠠᠯᠬᠤᠮ ᠪᠡᠶᠡᠯᠡᠭᠦᠯᠵᠦ᠂ ᠲᠣᠮᠣ ᠵᠢᠭᠤᠯᠴᠢᠯᠠᠯ ᠤᠨ | ᠬᠥᠭᠵᠢᠯᠲᠡ ᠶᠢᠨ ᠰᠢᠨ᠎ᠡ ᠵᠠᠮ ᠢᠶᠠᠷ ᠠᠶᠠᠯᠠᠵᠠᠢ᠃ | ᠠᠰᠠᠭᠤᠯᠲᠠ᠄ ᠤᠯᠤᠰ ᠤᠨ ᠥᠮᠴᠢᠯᠡᠯᠲᠦ ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠦᠨ᠎ᠡ ᠬᠠᠩᠰᠢ | ᠪᠦᠷᠢᠯᠳᠦᠬᠦ ᠲᠣᠭᠲᠠᠴᠠ ᠶᠢ ᠲᠡᠭᠦᠯᠳᠡᠷᠵᠢᠭᠦᠯᠬᠦ ᠶᠡᠷᠦᠩᠬᠡᠢ ᠰᠡᠳᠬᠢᠴᠡ ᠪᠠ ᠬᠠᠷᠠᠯᠲᠠ ᠨᠢ ᠶᠠᠭᠤ ᠪᠣᠢ︖ | ᠬᠠᠷᠢᠭᠤᠯᠲᠠ᠄ ᠤᠯᠤᠰ ᠤᠨ ᠥᠮᠴᠢᠯᠡᠯᠲᠦ ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠦᠨ᠎ᠡ ᠬᠠᠩᠰᠢ | ᠪᠦᠷᠢᠯᠳᠦᠬᠦ ᠲᠣᠭᠲᠠᠴᠠ ᠶᠢ ᠲᠡᠭᠦᠯᠳᠡᠷᠵᠢᠭᠦᠯᠬᠦ ᠶᠡᠷᠦᠩᠬᠡᠢ ᠰᠡᠳᠬᠢᠴᠡ ᠪᠣᠯ᠄ ᠨᠢᠭᠡ ᠳᠤ᠂ ᠨᠡᠶᠢᠲᠡ ᠶᠢᠨ | ᠠᠰᠠᠷᠠᠮᠵᠢ ᠶᠢᠨ ᠤᠳᠤᠷᠢᠳᠤᠮᠵᠢ ᠶᠢ ᠪᠠᠷᠢᠮᠲᠠᠯᠠᠨ᠎ᠠ᠃ ᠦᠵᠡᠮᠵᠢ ᠶᠢᠨ ᠨᠡᠷᠡᠲᠦ ᠣᠷᠣᠨ᠂ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ᠂ ᠤᠯᠤᠰ ᠤᠨ | ᠴᠡᠴᠡᠷᠯᠢᠭ ᠵᠡᠷᠭᠡ ᠣᠯᠠᠨ ᠨᠡᠶᠢᠲᠡ ᠶᠢᠨ ᠡᠬᠢ ᠪᠠᠶᠠᠯᠢᠭ ᠨᠢ ᠪᠦᠬᠦ ᠠᠷᠠᠳ ᠲᠤ ᠥᠮᠴᠢᠯᠡᠭᠳᠡᠵᠦ᠂ ᠡᠳᠡᠭᠡᠷ ᠡᠬᠢ | ᠪᠠᠶᠠᠯᠢᠭ ᠢᠶᠠᠷ ᠲᠦᠰᠢᠭ ᠪᠣᠯᠭᠠᠵᠤ ᠪᠠᠶᠢᠭᠤᠯᠤᠭᠰᠠᠨ ᠤᠯᠤᠰ ᠤᠨ ᠥᠮᠴᠢᠯᠡᠯᠲᠦ ᠦᠵᠡᠮᠵᠢ ᠶᠢᠨ ᠣᠷᠣᠨ ᠨᠢ | ᠨᠡᠶᠢᠭᠡᠮ ᠤᠨ ᠦᠷ᠎ᠡ ᠠᠰᠢᠭ ᠢ ᠭᠦᠢᠴᠡᠳ ᠢᠯᠡᠷᠡᠭᠦᠯᠦᠨ᠂ ᠨᠡᠶᠢᠭᠡᠮ ᠤᠨ ᠦᠷ᠎ᠡ ᠠᠰᠢᠭ ᠬᠢᠭᠡᠳ ᠠᠵᠤ ᠠᠬᠤᠢ ᠶᠢᠨ | ᠦᠷ᠎ᠡ ᠠᠰᠢᠭ ᠢ ᠬᠠᠷᠢᠯᠴᠠᠨ ᠨᠢᠭᠡᠳᠬᠡᠬᠦ ᠶᠢ ᠪᠠᠷᠢᠮᠲᠠᠯᠠᠬᠤ ᠬᠡᠷᠡᠭᠲᠡᠢ᠃ ᠡᠭᠦᠳᠡᠨ ᠪᠢᠯᠧᠲ ᠤᠨ ᠦᠨ᠎ᠡ ᠬᠠᠩᠰᠢ ᠶᠢᠨ | ᠥᠭᠡᠷᠡᠴᠢᠯᠡᠯᠲᠡ ᠶᠢ ᠠᠬᠢᠭᠤᠯᠬᠤ ᠳᠤ ᠡᠷᠬᠡᠪᠰᠢ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ | ᠦᠵᠡᠯ ᠰᠠᠨᠠᠭ᠎ᠠ ᠶᠢ ᠭᠤᠶᠢᠪᠢᠰᠢ ᠦᠭᠡᠢ ᠲᠤᠤᠱᠯᠠᠭᠤᠯᠤᠨ᠂ ᠵᠢᠭᠤᠯᠴᠢᠯᠠᠯ ᠢ ᠠᠷᠠᠳ ᠲᠤ ᠦᠢᠯᠡᠴᠢᠯᠡᠭᠦᠯᠬᠦ᠂ | ᠵᠢᠭᠤᠯᠴᠢᠯᠠᠯ ᠢᠶᠠᠷ ᠠᠷᠠᠳ ᠲᠤ ᠠᠰᠢᠭ ᠬᠦᠷᠲᠡᠭᠡᠬᠦ ᠣᠨᠣᠯᠵᠢᠬᠤᠨ ᠢ ᠪᠠᠷᠢᠮᠲᠠᠯᠠᠵᠤ᠂ ᠣᠯᠠᠨ ᠨᠡᠶᠢᠲᠡ ᠶᠢᠨ ᠡᠬᠢ | ᠪᠠᠶᠠᠯᠢᠭ ᠢ ᠪᠦᠬᠦ ᠠᠷᠠᠳ ᠬᠠᠮᠲᠤ ᠪᠠᠷ ᠬᠦᠷᠲᠡᠬᠦ᠂ ᠦᠵᠡᠮᠵᠢ ᠶᠢᠨ ᠣᠷᠣᠨ ᠤ ᠦᠢᠯᠡᠴᠢᠯᠡᠭᠡᠨ ᠤ ᠰᠦᠢᠳᠬᠡᠯ ᠢ | ᠵᠢᠭᠤᠯᠴᠢᠳ ᠵᠦᠢ ᠵᠣᠬᠢᠰᠲᠠᠢ ᠡᠭᠦᠷᠭᠡᠯᠡᠬᠦ ᠶᠢ ᠠᠯᠬᠤᠮ ᠠᠯᠬᠤᠮ ᠢᠶᠠᠷ ᠪᠡᠶᠡᠯᠡᠭᠦᠯᠬᠦ ᠬᠠᠨᠳᠤᠯᠭ᠎ᠠ ᠪᠠᠷ᠂ ᠣᠯᠠᠨ | ᠨᠡᠶᠢᠲᠡ ᠶᠢᠨ ᠡᠬᠢ ᠪᠠᠶᠠᠯᠢᠭ ᠢᠶᠠᠷ ᠪᠠᠶᠢᠭᠤᠯᠤᠭᠰᠠᠨ ᠤᠯᠤᠰ ᠤᠨ ᠥᠮᠴᠢᠯᠡᠯᠲᠦ ᠦᠵᠡᠮᠵᠢ ᠶᠢᠨ ᠣᠷᠣᠨ ᠤ | ᠨᠡᠶᠢᠲᠡ ᠶᠢᠨ ᠠᠰᠠᠷᠠᠮᠵᠢ ᠶᠢᠨ ᠬᠠᠷᠢᠶᠠᠲᠤ ᠴᠢᠨᠠᠷ ᠢ ᠭᠦᠢᠴᠡᠳ ᠢᠯᠡᠷᠡᠭᠦᠯᠬᠦ ᠬᠡᠷᠡᠭᠲᠡᠢ᠃ ᠬᠤᠶᠠᠷ ᠲᠤ᠂ ᠰᠢᠨᠵᠢᠯᠡᠬᠦ | ᠤᠬᠠᠭᠠᠨᠴᠢ ᠪᠠᠷ ᠦᠨ᠎ᠡ ᠲᠣᠭᠲᠠᠭᠠᠬᠤ ᠶᠢ ᠪᠠᠷᠢᠮᠲᠠᠯᠠᠨ᠎ᠠ᠃ ᠤᠯᠤᠰ ᠤᠨ ᠥᠮᠴᠢᠯᠡᠯᠲᠦ ᠦᠵᠡᠮᠵᠢ ᠶᠢᠨ ᠣᠷᠣᠨ ᠤ | ᠡᠭᠦᠳᠡᠨ ᠪᠢᠯᠧᠲ ᠤᠨ ᠦᠨ᠎ᠡ ᠬᠠᠩᠰᠢ ᠶᠢ ᠲᠣᠭᠲᠠᠭᠠᠬᠤ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠨ᠂ | ᠥᠩᠭᠡᠷᠡᠭᠰᠡᠨ ᠤ ᠲᠡᠷᠡ ᠬᠦ ᠵᠠᠰᠠᠭ ᠵᠠᠬᠢᠷᠭᠠᠨ ᠤ ᠵᠠᠷᠯᠢᠭ ᠢᠶᠠᠷ ᠦᠨ᠎ᠡ ᠬᠠᠩᠰᠢ ᠶᠢ ᠥᠰᠬᠡᠬᠦ ᠶᠢ ᠬᠢᠵᠠᠭᠠᠷᠯᠠᠵᠤ | ᠪᠠᠶᠢᠭᠰᠠᠨ ᠠᠵᠢᠯ ᠤᠨ ᠠᠷᠭ᠎ᠠ ᠬᠡᠯᠪᠡᠷᠢ ᠪᠠᠨ ᠬᠤᠪᠢᠷᠠᠭᠤᠯᠵᠤ᠂ ᠵᠠᠰᠠᠭ ᠵᠠᠬᠢᠷᠭᠠᠨ ᠤ ᠵᠠᠷᠯᠢᠭ ᠤᠨ ᠮᠠᠶ᠋ᠢᠭ ᠤᠨ ︽ | ᠨᠢᠭᠡ ᠯᠡ ᠪᠠᠷᠢᠮᠵᠢᠶ᠎ᠠ ᠪᠠᠷ ᠱᠠᠭᠠᠷᠳᠠᠬᠤ︾ ᠠᠵᠢᠯ ᠢ ᠬᠢᠬᠦ ᠦᠭᠡᠢ᠂ ᠬᠠᠷᠢᠨ ᠭᠤᠣᠯᠳᠠᠭᠤ ᠦᠵᠡᠮᠵᠢ ᠶᠢᠨ ᠣᠷᠣᠨ ᠤ | ᠦᠢᠯᠡᠴᠢᠯᠡᠭᠡ ᠪᠠ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠵᠦᠢ ᠵᠣᠬᠢᠰᠲᠠᠢ ᠥᠪᠡᠷ ᠤᠨ ᠥᠷᠲᠡᠭ ᠢ | ᠨᠥᠬᠦᠪᠦᠷᠢᠯᠡᠬᠦ ᠶᠢᠨ ᠬᠠᠮᠲᠤ᠂ ᠦᠵᠡᠮᠵᠢ ᠶᠢᠨ ᠣᠷᠣᠨ ᠤ ᠥᠷᠲᠡᠭ ᠢ ᠲᠣᠬᠢᠷᠠᠮᠵᠢᠲᠠᠢ ᠢᠯᠡᠷᠡᠭᠦᠯᠦᠭᠰᠡᠨ ᠦᠨ᠎ᠡ | ᠬᠠᠩᠰᠢ ᠪᠦᠷᠢᠯᠳᠦᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠪᠠᠷ ᠳᠠᠮᠵᠢᠭᠤᠯᠵᠤ᠂ ᠵᠠᠰᠠᠭ ᠤᠨ ᠣᠷᠳᠣᠨ ᠪᠠ | ᠦᠵᠡᠮᠵᠢ ᠶᠢᠨ ᠣᠷᠣᠨ ᠤ ᠠᠵᠢᠯᠯᠠᠭ᠎ᠠ ᠶᠢ ᠵᠢᠷᠤᠮᠵᠢᠭᠤᠯᠵᠤ ᠪᠠᠶᠢᠭᠠᠳ ᠦᠨ᠎ᠡ ᠬᠠᠩᠰᠢ ᠶᠢ ᠬᠠᠮᠢᠶᠠᠷᠬᠤ ᠬᠡᠷᠡᠭᠲᠡᠢ᠃ | ᠭᠤᠷᠪᠠ ᠳᠤ᠂ ᠡᠮᠬᠢ ᠵᠢᠷᠤᠮ ᠲᠠᠢ ᠠᠬᠢᠭᠤᠯᠬᠤ ᠶᠢ ᠪᠠᠷᠢᠮᠲᠠᠯᠠᠨ᠎ᠠ᠃ ᠣᠳᠣᠬᠠᠨ ᠳᠤ᠂ ᠡᠯ᠎ᠡ ᠭᠠᠵᠠᠷ ᠣᠷᠣᠨ ᠤ ᠠᠵᠤ | ᠠᠬᠤᠢ ᠨᠡᠶᠢᠭᠡᠮ ᠤᠨ ᠬᠥᠭᠵᠢᠯᠲᠡ ᠶᠢᠨ ᠬᠢᠷᠢ ᠲᠦᠪᠰᠢᠨ᠂ ᠦᠵᠡᠮᠵᠢ ᠶᠢᠨ ᠣᠷᠣᠨ ᠤ ᠬᠡᠪᠴᠢᠶ᠎ᠡ ᠳᠡᠰ ᠲᠤ ᠪᠦᠷ | ᠵᠣᠬᠢᠬᠤ ᠵᠥᠷᠢᠶ᠎ᠡ ᠣᠷᠣᠰᠢᠵᠤ ᠪᠠᠶᠢᠳᠠᠭ ᠪᠣᠯᠬᠤᠷ᠂ ᠤᠯᠤᠰ ᠤᠨ ᠥᠮᠴᠢᠯᠡᠯᠲᠦ ᠦᠵᠡᠮᠵᠢ ᠶᠢᠨ ᠣᠷᠣᠨ ᠤ ᠡᠭᠦᠳᠡᠨ | ᠪᠢᠯᠧᠲ ᠤᠨ ᠦᠨ᠎ᠡ ᠬᠠᠩᠰᠢ ᠪᠦᠷᠢᠯᠳᠦᠬᠦ ᠲᠣᠭᠲᠠᠴᠠ ᠶᠢ ᠲᠡᠭᠦᠯᠳᠡᠷᠵᠢᠭᠦᠯᠬᠦ ᠳᠤ ᠦᠵᠡᠮᠵᠢ ᠶᠢᠨ ᠣᠷᠣᠨ ᠤ ᠠᠳᠠᠯᠢ | ᠪᠤᠰᠤ ᠡᠵᠡᠩᠨᠡᠯᠲᠡ ᠬᠠᠮᠢᠶᠠᠷᠤᠯᠲᠠ ᠶᠢᠨ ᠵᠠᠭᠪᠤᠷ ᠢ ᠢᠯᠭᠠᠨ ᠰᠠᠯᠭᠠᠵᠤ᠂ ᠭᠠᠵᠠᠷ ᠣᠷᠣᠨ ᠤ ᠪᠠᠶᠢᠳᠠᠯ ᠳᠤ ᠨᠢ | ᠲᠣᠬᠢᠷᠠᠭᠤᠯᠤᠨ᠂ ᠲᠥᠷᠥᠯ ᠬᠤᠪᠢᠶᠠᠨ ᠠᠷᠭ᠎ᠠ ᠪᠣᠳᠣᠯᠭ᠎ᠠ ᠶᠢ ᠬᠡᠷᠡᠭᠵᠢᠭᠦᠯᠵᠦ᠂ ᠲᠥᠷᠥᠯ ᠬᠤᠪᠢᠶᠠᠨ ᠠᠬᠢᠭᠤᠯᠵᠤ᠂ | ᠨᠥᠬᠦᠴᠡᠯ ᠡᠭᠦᠳᠴᠦ ᠪᠠᠶᠢᠭᠠᠳ ᠡᠭᠦᠳᠡᠨ ᠪᠢᠯᠧᠲ ᠤᠨ ᠦᠨ᠎ᠡ ᠬᠠᠩᠰᠢ ᠶᠢ ᠵᠦᠢ ᠵᠣᠬᠢᠰᠲᠠᠢ ᠣᠷᠣᠨ ᠵᠠᠢ ᠳᠤ | ᠪᠤᠴᠠᠭᠠᠬᠤ ᠶᠢ ᠠᠯᠬᠤᠮ ᠠᠯᠬᠤᠮ ᠢᠶᠠᠷ ᠠᠬᠢᠭᠤᠯᠬᠤ ᠬᠡᠷᠡᠭᠲᠡᠢ᠃ ᠳᠥᠷᠪᠡ ᠳᠤ᠂ ᠢᠯᠡ ᠲᠣᠳᠣ ᠪᠠᠶᠢᠯᠭᠠᠬᠤ ᠶᠢ | ᠪᠠᠷᠢᠮᠲᠠᠯᠠᠨ᠎ᠠ᠃ ᠤᠯᠤᠰ ᠤᠨ ᠥᠮᠴᠢᠯᠡᠯᠲᠦ ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠦᠨ᠎ᠡ ᠬᠠᠩᠰᠢ ᠶᠢ | ᠬᠠᠮᠢᠶᠠᠷᠬᠤ ᠳᠡᠰ ᠳᠠᠷᠠᠭᠠᠯᠠᠯ ᠢ ᠢᠯᠡ ᠪᠠᠶᠢᠯᠭᠠᠬᠤ᠂ ᠰᠢᠢᠳᠪᠦᠷᠢᠲᠦ ᠪᠣᠳᠣᠯᠭ᠎ᠠ ᠶᠢ ᠢᠯᠡ ᠪᠠᠶᠢᠯᠭᠠᠬᠤ᠂ ᠦᠷ᠎ᠡ | ᠳ᠋ᠦᠩ ᠢ ᠢᠯᠡ ᠪᠠᠶᠢᠯᠭᠠᠬᠤ᠂ ᠬᠡᠷᠡᠭᠵᠢᠭᠦᠯᠦᠯᠲᠡ ᠶᠢ ᠢᠯᠡ ᠪᠠᠶᠢᠯᠭᠠᠬᠤ ᠵᠢᠴᠢ ᠦᠵᠡᠮᠵᠢ ᠶᠢᠨ ᠣᠷᠣᠨ ᠤ ᠣᠷᠣᠯᠭ᠎ᠠ | ᠵᠠᠷᠤᠯᠭ᠎ᠠ ᠶᠢᠨ ᠪᠠᠶᠢᠳᠠᠯ ᠢ ᠢᠯᠡ ᠪᠠᠶᠢᠯᠭᠠᠬᠤ ᠶᠢ ᠲᠦᠷᠭᠡᠳᠬᠡᠨ ᠠᠬᠢᠭᠤᠯᠵᠤ᠂ ᠨᠡᠶᠢᠭᠡᠮ ᠤᠨ ᠬᠢᠨᠠᠯᠲᠠ ᠲᠠᠯᠪᠢᠬᠤ ᠶᠢ | ᠬᠦᠯᠢᠶᠡᠬᠦ ᠬᠡᠷᠡᠭᠲᠡᠢ᠃ | ᠵᠢᠯᠣᠭᠤᠳᠬᠤ ᠰᠠᠨᠠᠯ ᠳᠤ ᠬᠤᠶᠠᠷ ᠱᠠᠲᠤ ᠦᠶ᠎ᠡ ᠶᠢᠨ ᠬᠠᠷᠠᠯᠲᠠ ᠶᠢ ᠲᠣᠳᠣᠷᠬᠠᠶᠢᠯᠠᠪᠠ᠃ 2018 ᠣᠨ ᠳᠤ᠂ | ᠤᠯᠤᠰ ᠤᠨ ᠥᠮᠴᠢᠯᠡᠯᠲᠦ ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠦᠨ᠎ᠡ ᠬᠠᠩᠰᠢ ᠪᠦᠷᠢᠯᠳᠦᠬᠦ | ᠲᠣᠭᠲᠠᠴᠠ ᠶᠢ ᠲᠡᠭᠦᠯᠳᠡᠷᠵᠢᠭᠦᠯᠬᠦ ᠶᠢ ᠠᠬᠢᠭᠤᠯᠬᠤ ᠶᠢᠨ ᠬᠠᠮᠲᠤ᠂ ᠤᠯᠤᠰ ᠤᠨ ᠥᠮᠴᠢᠯᠡᠯᠲᠦ ᠭᠤᠣᠯᠳᠠᠯᠭ᠎ᠠ ᠲᠠᠢ | ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠦᠨ᠎ᠡ ᠬᠠᠩᠰᠢ ᠶᠢ ᠪᠠᠭᠤᠷᠠᠭᠤᠯᠬᠤ ᠲᠠᠯ᠎ᠠ ᠪᠠᠷ ᠢᠯᠡᠳᠲᠡ ᠦᠷ᠎ᠡ | ᠪᠦᠲᠦᠮᠵᠢ ᠣᠯᠣᠨ᠎ᠠ︔ 2020 ᠣᠨ ᠪᠣᠯᠬᠤ ᠳᠤ᠂ ᠦᠵᠡᠮᠵᠢ ᠶᠢᠨ ᠣᠷᠣᠨ ᠤ ᠬᠡᠪ ᠢᠶᠠᠷ ᠠᠵᠢᠯᠯᠠᠭᠤᠯᠤᠨ | ᠡᠵᠡᠩᠨᠡᠬᠦ ᠥᠪᠡᠷ ᠤᠨ ᠥᠷᠲᠡᠭ ᠢᠶᠠᠷ ᠰᠠᠭᠤᠷᠢ ᠪᠣᠯᠭᠠᠭᠰᠠᠨ᠂ ᠦᠵᠡᠮᠵᠢ ᠶᠢᠨ ᠣᠷᠣᠨ ᠤ ᠡᠭᠦᠳᠡᠨ ᠪᠢᠯᠧᠲ ᠤᠨ | ᠦᠨ᠎ᠡ ᠬᠠᠩᠰᠢ ᠪᠦᠷᠢᠯᠳᠦᠬᠦ ᠰᠢᠨᠵᠢᠯᠡᠬᠦ ᠤᠬᠠᠭᠠᠨᠴᠢ᠂ ᠵᠢᠷᠤᠮᠵᠢᠯ ᠲᠠᠢ᠂ ᠢᠯᠡ ᠲᠣᠳᠣ ᠲᠣᠭᠲᠠᠴᠠ ᠶᠢ | ᠦᠨᠳᠦᠰᠦᠨ ᠳᠤ ᠪᠠᠨ ᠪᠦᠷᠢᠨᠰᠢᠭᠦᠯᠦᠨ᠎ᠡ᠃ | ᠠᠰᠠᠭᠤᠯᠲᠠ᠄ ᠤᠯᠤᠰ ᠤᠨ ᠥᠮᠴᠢᠯᠡᠯᠲᠦ ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠦᠨ᠎ᠡ ᠬᠠᠩᠰᠢ | ᠪᠦᠷᠢᠯᠳᠦᠬᠦ ᠲᠣᠭᠲᠠᠴᠠ ᠶᠢ ᠲᠡᠭᠦᠯᠳᠡᠷᠵᠢᠭᠦᠯᠬᠦ ᠳᠤ ᠶᠠᠮᠠᠷ ᠶᠠᠮᠠᠷ ᠪᠣᠳᠠᠲᠠᠢ ᠠᠷᠭ᠎ᠠ ᠬᠡᠮᠵᠢᠶ᠎ᠡ ᠠᠪᠬᠤ ᠪᠣᠢ︖ | ᠬᠠᠷᠢᠭᠤᠯᠲᠠ᠄ ᠭᠤᠣᠯᠳᠠᠭᠤ 7 ᠲᠠᠯ᠎ᠠ ᠶᠢᠨ ᠠᠷᠭ᠎ᠠ ᠬᠡᠮᠵᠢᠶ᠎ᠡ ᠶᠢ ᠪᠠᠭᠲᠠᠭᠠᠵᠤ ᠪᠠᠶᠢᠨ᠎ᠠ᠄ | ᠨᠢᠭᠡ ᠳᠤ᠂ ᠡᠭᠦᠳᠡᠨ ᠪᠢᠯᠧᠲ ᠤᠨ ᠦᠨ᠎ᠡ ᠬᠠᠩᠰᠢ ᠶᠢ ᠲᠣᠭᠲᠠᠭᠠᠬᠤ ᠥᠪᠡᠷ ᠤᠨ ᠥᠷᠲᠡᠭ ᠤᠨ | ᠪᠦᠷᠢᠯᠳᠦᠯ ᠢ ᠵᠦᠢ ᠵᠣᠬᠢᠰᠲᠠᠢ ᠢᠯᠭᠠᠨ ᠲᠣᠭᠲᠠᠭᠠᠨ᠎ᠠ᠃ ᠡᠭᠦᠳᠡᠨ ᠪᠢᠯᠧᠲ ᠤᠨ ᠦᠨ᠎ᠡ ᠬᠠᠩᠰᠢ ᠶᠢ ᠲᠣᠭᠲᠠᠭᠠᠬᠤ | ᠥᠪᠡᠷ ᠤᠨ ᠥᠷᠲᠡᠭ ᠢ ᠦᠵᠡᠮᠵᠢ ᠶᠢᠨ ᠣᠷᠣᠨ ᠤ ᠵᠤᠭᠠᠴᠠᠨ ᠦᠵᠡᠬᠦ ᠣᠷᠣᠨ ᠪᠦᠰᠡ ᠶᠢᠨ ᠬᠡᠪᠴᠢᠶᠡᠨ ᠳᠣᠲᠣᠷᠠᠬᠢ | ᠵᠢᠭᠤᠯᠴᠢᠳ ᠲᠤ ᠰᠢᠭᠤᠳ ᠵᠤᠭᠠᠴᠠᠨ ᠦᠵᠡᠬᠦ ᠦᠨᠳᠦᠰᠦᠨ ᠦᠢᠯᠡᠴᠢᠯᠡᠭᠡ ᠬᠠᠩᠭᠠᠬᠤ ᠳᠤ ᠡᠭᠦᠰᠦᠭᠰᠡᠨ | ᠪᠡᠯᠡᠳᠬᠡᠮᠵᠢ ᠶᠢ ᠠᠵᠢᠯᠯᠠᠭᠤᠯᠤᠨ ᠬᠠᠮᠠᠭᠠᠯᠠᠬᠤ᠂ ᠠᠵᠢᠯᠲᠠᠨ ᠤ ᠴᠠᠯᠢᠩ ᠬᠥᠯᠥᠰᠦ᠂ ᠡᠳ᠋ ᠤᠨ ᠶᠠᠪᠤᠳᠠᠯ ᠤᠨ | ᠰᠦᠢᠳᠬᠡᠯ᠂ ᠲᠣᠭᠲᠠᠮᠠᠯ ᠡᠳ᠋ ᠬᠥᠷᠥᠩᠭᠡ ᠶᠢᠨ ᠡᠯᠡᠭᠳᠡᠯ ᠵᠡᠷᠭᠡ ᠲᠠᠯ᠎ᠠ ᠪᠠᠷ ᠬᠢ ᠥᠪᠡᠷ ᠤᠨ ᠥᠷᠲᠡᠭ ᠤᠨ ᠵᠠᠷᠤᠯᠭ᠎ᠠ | ᠵᠢᠴᠢ ᠪᠠᠶᠢᠭᠠᠯᠢ᠂ ᠰᠣᠶᠣᠯ ᠤᠨ ᠥᠪ ᠵᠡᠷᠭᠡ ᠡᠬᠢ ᠪᠠᠶᠠᠯᠢᠭ ᠤᠨ ᠬᠠᠮᠠᠭᠠᠯᠠᠯᠲᠠ ᠶᠢᠨ ᠵᠠᠷᠤᠯᠭ᠎ᠠ ᠪᠠᠷ ᠴᠢᠩᠭ᠎ᠠ | ᠬᠢᠵᠠᠭᠠᠷᠯᠠᠨ ᠲᠣᠭᠲᠠᠭᠠᠨ᠎ᠠ᠃ ᠡᠭᠦᠳᠡᠨ ᠪᠢᠯᠧᠲ ᠤᠨ ᠦᠨ᠎ᠡ ᠬᠠᠩᠰᠢ ᠶᠢᠨ ᠵᠦᠢ ᠵᠣᠬᠢᠰᠲᠠᠢ ᠪᠦᠷᠢᠯᠳᠦᠯ ᠢ | ᠲᠣᠳᠣᠷᠬᠠᠶᠢᠯᠠᠬᠤ ᠪᠠᠷ ᠳᠠᠮᠵᠢᠭᠤᠯᠤᠨ᠂ ᠡᠭᠦᠳᠡᠨ ᠪᠢᠯᠧᠲ ᠤᠨ ᠠᠴᠢᠶᠠᠯᠠᠵᠤ ᠪᠠᠶᠢᠭ᠎ᠠ ︽ᠢᠯᠡᠭᠦᠴᠡ ᠳᠠᠷᠤᠭᠠᠰᠤ︾ | ᠶᠢ ᠠᠯᠬᠤᠮ ᠠᠯᠬᠤᠮ ᠢᠶᠠᠷ ᠰᠠᠯᠭᠠᠵᠤ᠂ ᠤᠯᠤᠰ ᠤᠨ ᠥᠮᠴᠢᠯᠡᠯᠲᠦ ᠦᠵᠡᠮᠵᠢ ᠶᠢᠨ ᠣᠷᠣᠨ ᠤ ᠡᠭᠦᠳᠡᠨ | ᠪᠢᠯᠧᠲ ᠤᠨ ᠵᠦᠢ ᠵᠣᠬᠢᠰᠲᠠᠢ ᠦᠨ᠎ᠡ ᠬᠠᠩᠰᠢ ᠶᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠢ᠃ | ᠬᠤᠶᠠᠷ ᠲᠤ᠂ ᠦᠨ᠎ᠡ ᠬᠠᠩᠰᠢ ᠶᠢᠨ ᠬᠠᠮᠢᠶᠠᠷᠤᠯᠲᠠ ᠶᠢᠨ ᠠᠷᠭ᠎ᠠ ᠬᠡᠯᠪᠡᠷᠢ ᠳᠤ ᠰᠢᠨ᠎ᠡ ᠶᠢ ᠡᠭᠦᠳᠦᠨ᠎ᠡ᠃ | ᠡᠯ᠎ᠡ ᠭᠠᠵᠠᠷ ᠣᠷᠣᠨ ᠤ ᠬᠢᠨ ᠪᠣᠳᠠᠲᠤ ᠪᠠᠶᠢᠳᠠᠯ ᠢᠶᠠᠨ ᠦᠨᠳᠦᠰᠦᠯᠡᠵᠦ᠂ ᠠᠳᠠᠯᠢ ᠪᠤᠰᠤ ᠤᠯᠤᠰ ᠤᠨ ᠥᠮᠴᠢᠯᠡᠯᠲᠦ | ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠦᠨ᠎ᠡ ᠬᠠᠩᠰᠢ ᠳᠤ ᠲᠤᠰ ᠲᠤᠰ ᠵᠠᠰᠠᠭ ᠤᠨ ᠣᠷᠳᠣᠨ ᠠᠴᠠ | ᠦᠨ᠎ᠡ ᠬᠠᠩᠰᠢ ᠶᠢ ᠲᠣᠭᠲᠠᠭᠠᠬᠤ ᠪᠤᠶᠤ ᠵᠠᠰᠠᠭ ᠤᠨ ᠣᠷᠳᠣᠨ ᠤ ᠵᠢᠯᠣᠭᠤᠳᠬᠤ ᠦᠨ᠎ᠡ ᠬᠠᠩᠰᠢ ᠶᠢ | ᠬᠡᠷᠡᠭᠵᠢᠭᠦᠯᠦᠨ᠎ᠡ︔ ᠤᠯᠠᠷᠢᠯ ᠤᠨ ᠴᠢᠨᠠᠷ ᠢᠶᠠᠷ ᠬᠠᠷᠢᠴᠠᠩᠭᠤᠢ ᠴᠢᠩᠭ᠎ᠠ ᠦᠵᠡᠮᠵᠢ ᠶᠢᠨ ᠣᠷᠣᠨ ᠨᠢ ᠬᠠᠷᠠᠰᠣ ᠤᠯᠠᠷᠢᠯ | ᠪᠠ ᠡᠯᠪᠡᠭ ᠤᠯᠠᠷᠢᠯ ᠤᠨ ᠡᠭᠦᠳᠡᠨ ᠪᠢᠯᠧᠲ ᠤᠨ ᠦᠨ᠎ᠡ ᠬᠠᠩᠰᠢ ᠶᠢ ᠬᠡᠷᠡᠭᠵᠢᠭᠦᠯᠵᠦ᠂ ᠵᠢᠭᠤᠯᠴᠢᠳ ᠤᠨ | ᠭᠦᠢᠯᠭᠡᠭᠡ ᠶᠢ ᠬᠥᠲᠥᠯᠥᠨ ᠵᠢᠯᠣᠭᠤᠳᠴᠤ ᠲᠡᠩᠴᠡᠭᠦᠷᠢᠲᠡᠢ ᠲᠠᠷᠬᠠᠭᠠᠵᠤ ᠪᠣᠯᠣᠨ᠎ᠠ︔ ᠵᠠᠰᠠᠭ ᠤᠨ ᠣᠷᠳᠣᠨ ᠤ | ᠵᠢᠯᠣᠭᠤᠳᠬᠤ ᠦᠨ᠎ᠡ ᠬᠠᠩᠰᠢ ᠶᠢ ᠬᠡᠷᠡᠭᠵᠢᠭᠦᠯᠬᠦ ᠦᠵᠡᠮᠵᠢ ᠶᠢᠨ ᠣᠷᠣᠨ ᠨᠢ ᠦᠨ᠎ᠡ ᠬᠠᠩᠰᠢ ᠶᠢᠨ ᠳᠡᠭᠡᠳᠦ | ᠬᠢᠵᠠᠭᠠᠷ ᠤᠨ ᠬᠠᠮᠢᠶᠠᠷᠤᠯᠲᠠ ᠶᠢᠨ ᠠᠷᠭ᠎ᠠ ᠬᠡᠯᠪᠡᠷᠢ ᠶᠢ ᠬᠡᠷᠡᠭᠯᠡᠵᠦ ᠪᠣᠯᠣᠨ᠎ᠠ᠂ ᠵᠠᠰᠠᠭ ᠤᠨ ᠣᠷᠳᠣᠨ ᠠᠴᠠ | ᠲᠣᠭᠲᠠᠭᠠᠭᠰᠠᠨ ᠳᠡᠭᠡᠳᠦ ᠬᠢᠵᠠᠭᠠᠷ ᠤᠨ ᠦᠨ᠎ᠡ ᠬᠠᠩᠰᠢ ᠶᠢ ᠳᠠᠪᠠᠭᠤᠯᠬᠤ ᠦᠭᠡᠢ ᠬᠡᠪᠴᠢᠶᠡᠨ ᠳᠣᠲᠣᠷ᠎ᠠ᠂ | ᠦᠵᠡᠮᠵᠢ ᠶᠢᠨ ᠣᠷᠣᠨ ᠤ ᠡᠵᠡᠩᠨᠡᠨ ᠬᠠᠮᠢᠶᠠᠷᠤᠭᠴᠢ ᠨᠢ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ | ᠬᠡᠷᠡᠭᠴᠡᠭᠡ ᠶᠢᠨ ᠪᠠᠶᠢᠳᠠᠯ ᠢ ᠦᠨᠳᠦᠰᠦᠯᠡᠨ ᠪᠣᠳᠠᠲᠠᠢ ᠦᠨ᠎ᠡ ᠬᠠᠩᠰᠢ ᠶᠢᠨ ᠬᠢᠷᠢ ᠬᠡᠮᠵᠢᠶ᠎ᠡ ᠶᠢ ᠡᠵᠡᠨ ᠮᠡᠳᠡᠨ | ᠲᠣᠭᠲᠠᠭᠠᠬᠤ ᠶᠢ ᠵᠥᠪᠰᠢᠶᠡᠷᠡᠵᠦ᠂ ᠪᠣᠳᠠᠲᠠᠢ ᠪᠠᠷ ᠬᠡᠷᠡᠭᠵᠢᠭᠦᠯᠬᠦ ᠦᠶ᠎ᠡ ᠳᠤ ᠤᠷᠢᠳᠴᠢᠯᠠᠨ 3 ᠰᠠᠷ᠎ᠠ ᠶᠢᠨ ᠡᠮᠦᠨ᠎ᠡ | ᠨᠡᠶᠢᠭᠡᠮ ᠳᠤ ᠵᠠᠷᠯᠠᠨ ᠨᠡᠶᠢᠲᠡᠯᠡᠬᠦ ᠬᠡᠷᠡᠭᠲᠡᠢ᠃ | ᠭᠤᠷᠪᠠ ᠳᠤ᠂ ᠵᠠᠰᠠᠭ ᠤᠨ ᠣᠷᠳᠣᠨ ᠤ ᠦᠨ᠎ᠡ ᠬᠠᠩᠰᠢ ᠲᠣᠭᠲᠠᠭᠠᠬᠤ ᠳᠡᠰ ᠳᠠᠷᠠᠭᠠᠯᠠᠯ ᠢ ᠴᠢᠩᠭ᠎ᠠ | ᠭᠦᠢᠴᠡᠳᠬᠡᠨ᠎ᠡ᠃ ᠵᠠᠰᠠᠭ ᠤᠨ ᠣᠷᠳᠣᠨ ᠠᠴᠠ ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠦᠨ᠎ᠡ ᠬᠠᠩᠰᠢ | ᠲᠣᠭᠲᠠᠭᠠᠬᠤ ᠳᠤ ᠪᠠᠨ᠂ ᠦᠨ᠎ᠡ ᠬᠠᠩᠰᠢ ᠶᠢ ᠲᠣᠭᠲᠠᠭᠠᠬᠤ ᠥᠪᠡᠷ ᠤᠨ ᠥᠷᠲᠡᠭ ᠢ ᠬᠢᠨᠠᠨ ᠰᠢᠯᠭᠠᠬᠤ ᠪᠤᠶᠤ | ᠥᠪᠡᠷ ᠤᠨ ᠥᠷᠲᠡᠭ ᠲᠤ ᠪᠠᠶᠢᠴᠠᠭᠠᠯᠲᠠ ᠬᠢᠬᠦ᠂ ᠨᠡᠶᠢᠭᠡᠮ ᠤᠨ ᠰᠠᠨᠠᠯ ᠢ ᠰᠣᠨᠣᠰᠬᠤ᠂ ᠬᠠᠤᠯᠢ ᠶᠣᠰᠣᠴᠢ ᠴᠢᠨᠠᠷ ᠢ ᠨᠢ | ᠬᠢᠨᠠᠨ ᠪᠠᠶᠢᠴᠠᠭᠠᠬᠤ᠂ ᠨᠡᠶᠢᠲᠡ ᠪᠠᠷ ᠢᠶᠠᠨ ᠬᠢᠨᠠᠨ ᠵᠥᠪᠯᠡᠬᠦ᠂ ᠦᠨ᠎ᠡ ᠬᠠᠩᠰᠢ ᠶᠢᠨ ᠲᠣᠭᠲᠠᠭᠠᠯ ᠭᠠᠷᠭᠠᠬᠤ ᠶᠢᠨ | ᠬᠠᠮᠲᠤ ᠴᠠᠭ ᠲᠤᠬᠠᠢ ᠳᠤ ᠨᠢ ᠨᠡᠶᠢᠭᠡᠮ ᠳᠤ ᠵᠠᠷᠯᠠᠨ ᠲᠤᠩᠬᠠᠭᠯᠠᠬᠤ ᠵᠡᠷᠭᠡ ᠳᠡᠰ ᠳᠠᠷᠠᠭᠠᠯᠠᠯ ᠢ ᠬᠠᠤᠯᠢ ᠶᠣᠰᠣᠭᠠᠷ | ᠭᠦᠢᠴᠡᠳᠬᠡᠬᠦ ᠬᠡᠷᠡᠭᠲᠡᠢ᠃ ᠭᠠᠳᠠᠷ ᠣᠷᠣᠨ ᠤ ᠵᠢᠭᠤᠯᠴᠢᠳ ᠢᠶᠠᠷ ᠭᠤᠣᠯ ᠪᠣᠯᠭᠠᠭᠰᠠᠨ ᠦᠵᠡᠮᠵᠢ ᠶᠢᠨ ᠣᠷᠣᠨ ᠨᠢ᠂ | ᠰᠦᠯᠵᠢᠶᠡᠨ ᠳᠡᠭᠡᠷ᠎ᠡ ᠢᠯᠡ ᠪᠠᠷ ᠰᠠᠨᠠᠯ ᠬᠤᠷᠢᠶᠠᠬᠤ ᠪᠤᠶᠤ ᠦᠨ᠎ᠡ ᠬᠠᠩᠰᠢ ᠶᠢᠨ ᠭᠡᠷᠡᠴᠢᠯᠡᠯᠲᠡ ᠰᠣᠨᠣᠰᠬᠤ ᠠᠷᠭ᠎ᠠ | ᠬᠡᠯᠪᠡᠷᠢ ᠳᠤ ᠰᠢᠨ᠎ᠡ ᠶᠢ ᠡᠭᠦᠳᠬᠦ ᠪᠠᠷ ᠳᠠᠮᠵᠢᠭᠤᠯᠵᠤ᠂ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠬᠤ ᠬᠡᠷᠡᠭᠲᠡᠢ᠃ | ᠳᠥᠷᠪᠡ ᠳᠤ᠂ ᠲᠣᠭᠲᠠᠮᠠᠯ ᠬᠤᠭᠤᠴᠠᠭ᠎ᠠ ᠲᠠᠢ ᠪᠠᠷ ᠦᠨᠡᠯᠡᠨ ᠵᠢᠱᠢᠵᠦ ᠲᠣᠬᠢᠷᠠᠭᠤᠯᠤᠯᠲᠠ ᠬᠢᠬᠦ | ᠲᠣᠭᠲᠠᠴᠠ ᠶᠢ ᠪᠠᠶᠢᠭᠤᠯᠤᠨ᠎ᠠ᠃ ᠡᠭᠦᠳᠡᠨ ᠪᠢᠯᠧᠲ ᠤᠨ ᠦᠨ᠎ᠡ ᠬᠠᠩᠰᠢ ᠶᠢ ᠲᠣᠭᠲᠠᠭᠠᠭᠰᠠᠨ ᠤ ᠳᠠᠷᠠᠭ᠎ᠠ᠂ 3 ᠵᠢᠯ | ᠪᠦᠷᠢ ᠨᠢᠭᠡ ᠤᠳᠠᠭ᠎ᠠ ᠦᠨᠡᠯᠡᠯᠲᠡ ᠵᠢᠱᠢᠯᠲᠡ ᠬᠢᠵᠦ᠂ ᠦᠵᠡᠮᠵᠢ ᠶᠢᠨ ᠣᠷᠣᠨ ᠤ ᠵᠢᠭᠤᠯᠴᠢᠳ ᠤᠨ ᠲᠤᠭ᠎ᠠ | ᠬᠡᠮᠵᠢᠶᠡᠨ ᠤ ᠬᠤᠪᠢᠷᠠᠯᠲᠠ᠂ ᠠᠵᠢᠯᠯᠠᠭᠤᠯᠤᠨ ᠡᠵᠡᠩᠨᠡᠬᠦ ᠥᠪᠡᠷ ᠤᠨ ᠥᠷᠲᠡᠭ ᠤᠨ ᠬᠤᠪᠢᠷᠠᠯᠲᠠ᠂ ᠣᠷᠣᠯᠭ᠎ᠠ | ᠵᠠᠷᠤᠯᠭ᠎ᠠ ᠶᠢᠨ ᠦᠯᠡᠳᠡᠪᠦᠷᠢ ᠵᠡᠷᠭᠡ ᠪᠠᠶᠢᠳᠠᠯ ᠵᠢᠴᠢ ᠨᠡᠶᠢᠭᠡᠮ ᠤᠨ ᠡᠯ᠎ᠡ ᠲᠠᠯ᠎ᠠ ᠶᠢᠨ ᠬᠢᠨ ᠤ ᠰᠠᠨᠠᠯ ᠢ ᠦᠨᠳᠦᠰᠦᠯᠡᠵᠦ᠂ | ᠡᠭᠦᠳᠡᠨ ᠪᠢᠯᠧᠲ ᠤᠨ ᠦᠨ᠎ᠡ ᠬᠠᠩᠰᠢ ᠳᠤ ᠴᠠᠭ ᠲᠤᠬᠠᠢ ᠳᠤ ᠨᠢ ᠲᠣᠬᠢᠷᠠᠭᠤᠯᠤᠯᠲᠠ ᠬᠢᠬᠦ ᠬᠡᠷᠡᠭᠲᠡᠢ᠃ | ᠲᠠᠪᠤ ᠳᠤ᠂ ᠦᠵᠡᠮᠵᠢ ᠶᠢᠨ ᠣᠷᠣᠨ ᠤ ᠣᠷᠣᠯᠭ᠎ᠠ ᠵᠠᠷᠤᠯᠭ᠎ᠠ ᠳᠠᠬᠢ ᠬᠢᠨᠠᠯᠲᠠ ᠬᠠᠮᠢᠶᠠᠷᠤᠯᠲᠠ ᠶᠢ | ᠴᠢᠩᠭᠠᠳᠬᠠᠨ᠎ᠠ ᠃ ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠣᠷᠣᠯᠭ᠎ᠠ ᠵᠢᠴᠢ ᠪᠤᠰᠤᠳ ᠡᠯ᠎ᠡ ᠲᠥᠷᠥᠯ ᠤᠨ | ᠣᠷᠣᠯᠭ᠎ᠠ᠂ ᠵᠠᠷᠤᠯᠭ᠎ᠠ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ ᠂ ᠦᠵᠡᠮᠵᠢ ᠶᠢᠨ ᠣᠷᠣᠨ ᠤ ᠣᠷᠣᠯᠭ᠎ᠠ ᠶᠢ | ᠭᠤᠣᠯᠳᠠᠭᠤ ᠦᠵᠡᠮᠵᠢ ᠶᠢᠨ ᠣᠷᠣᠨ ᠢ ᠠᠵᠢᠯᠯᠠᠭᠤᠯᠤᠨ ᠡᠵᠡᠩᠨᠡᠬᠦ ᠳᠤ ᠱᠠᠭᠠᠷᠳᠠᠬᠤ ᠵᠦᠢ ᠵᠣᠬᠢᠰᠲᠠᠢ ᠵᠠᠷᠤᠯᠭ᠎ᠠ ᠳᠤ | ᠬᠡᠷᠡᠭᠯᠡᠬᠦ ᠶᠢ ᠪᠠᠲᠤᠯᠠᠬᠤ ᠬᠡᠷᠡᠭᠲᠡᠢ ᠃ ᠨᠥᠬᠦᠴᠡᠯ ᠲᠠᠢ ᠭᠠᠵᠠᠷ ᠣᠷᠣᠨ ᠢ ᠵᠣᠷᠢᠭᠵᠢᠭᠤᠯᠵᠤ ᠪᠠᠶᠢᠭᠠᠳ | ᠤᠯᠤᠰ ᠤᠨ ᠥᠮᠴᠢᠯᠡᠯᠲᠦ ᠦᠵᠡᠮᠵᠢ ᠶᠢᠨ ᠣᠷᠣᠨ ᠤ ᠠᠵᠢᠯᠯᠠᠭᠤᠯᠤᠨ ᠡᠵᠡᠩᠨᠡᠭᠰᠡᠨ ᠲᠥᠯᠥᠪ ᠪᠠᠶᠢᠳᠠᠯ᠂ | ᠣᠷᠣᠯᠭ᠎ᠠ ᠵᠠᠷᠤᠯᠭ᠎ᠠ ᠶᠢᠨ ᠮᠡᠳᠡᠭᠡ ᠵᠠᠩᠭᠢ ᠶᠢ ᠢᠯᠡ ᠪᠣᠯᠭᠠᠬᠤ ᠳᠦᠷᠢᠮ ᠢ ᠰᠦᠪᠡᠭᠴᠢᠯᠡᠨ ᠪᠠᠶᠢᠭᠤᠯᠤᠭᠤᠯᠵᠤ ᠂ | ᠦᠨ᠎ᠡ ᠬᠠᠩᠰᠢ ᠶᠢᠨ ᠬᠠᠮᠢᠶ᠎ᠠ ᠪᠦᠬᠦᠢ ᠮᠡᠳᠡᠭᠡ ᠵᠠᠩᠭᠢ ᠶᠢᠨ ᠢᠯᠡ ᠲᠣᠳᠣ ᠪᠠᠶᠢᠬᠤ ᠬᠡᠮᠵᠢᠶ᠎ᠡ ᠶᠢ ᠳᠡᠭᠡᠭᠰᠢᠯᠡᠭᠦᠯᠬᠦ | ᠬᠡᠷᠡᠭᠲᠡᠢ᠃ | ᠵᠢᠷᠭᠤᠭ᠎ᠠ ᠳᠤ᠂ ᠦᠵᠡᠮᠵᠢ ᠶᠢᠨ ᠣᠷᠣᠨ ᠤ ᠦᠨ᠎ᠡ ᠬᠠᠩᠰᠢ ᠶᠢᠨ ᠠᠵᠢᠯᠯᠠᠭ᠎ᠠ ᠶᠢ ᠵᠢᠷᠤᠮᠵᠢᠭᠤᠯᠤᠨ᠎ᠠ᠃ | ᠦᠵᠡᠮᠵᠢ ᠶᠢᠨ ᠣᠷᠣᠨ ᠨᠢ ᠢᠯᠡ ᠲᠣᠳᠣ ᠦᠨ᠎ᠡ ᠬᠠᠩᠰᠢ ᠬᠠᠳᠠᠬᠤ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠤᠨ᠂ | ᠰᠦᠯᠵᠢᠶ᠎ᠡ᠂ ᠰᠦᠢᠳᠬᠡᠯ ᠬᠤᠷᠢᠶᠠᠬᠤ ᠭᠠᠵᠠᠷ ᠲᠠᠯᠠᠪᠤᠷ ᠵᠡᠷᠭᠡ ᠶᠢᠨ ᠢᠶᠠᠨ ᠢᠯᠡ ᠲᠣᠳᠣ ᠪᠠᠶᠢᠷᠢᠨ ᠳᠤ ᠡᠭᠦᠳᠡᠨ | ᠪᠢᠯᠧᠲ ᠤᠨ ᠦᠨ᠎ᠡ ᠬᠠᠩᠰᠢ ᠵᠢᠴᠢ ᠵᠤᠭᠠᠴᠠᠨ ᠦᠵᠡᠬᠦ ᠳᠤ ᠦᠢᠯᠡᠴᠢᠯᠡᠬᠦ ᠠᠭᠤᠯᠭ᠎ᠠ ᠪᠠᠨ ᠵᠠᠷᠯᠠᠨ ᠨᠡᠶᠢᠲᠡᠯᠡᠵᠦ᠂ | ᠵᠢᠭᠤᠯᠴᠢᠳ ᠤᠨ ᠪᠠᠶᠢᠳᠠᠯ ᠢ ᠮᠡᠳᠡᠬᠦ ᠡᠷᠬᠡ ᠪᠠ ᠰᠣᠩᠭᠤᠯᠲᠠ ᠬᠢᠬᠦ ᠡᠷᠬᠡ ᠶᠢ ᠪᠠᠲᠤᠯᠠᠬᠤ ᠬᠡᠷᠡᠭᠲᠡᠢ᠃ ᠪᠣᠭᠤᠳᠠᠯᠯᠠᠨ | ᠪᠣᠷᠣᠯᠠᠭᠤᠯᠬᠤ᠂ ᠦᠨ᠎ᠡ ᠠᠴᠠ ᠭᠠᠳᠠᠭᠤᠷ ᠦᠨ᠎ᠡ ᠨᠡᠮᠡᠬᠦ ᠪᠤᠶᠤ ᠪᠤᠰᠤᠳ ᠶᠠᠮᠠᠷᠪᠠ ᠰᠦᠢᠳᠬᠡᠯ ᠢ ᠠᠯᠪᠠᠳᠠᠯᠭ᠎ᠠ ᠪᠠᠷ | ᠣᠷᠣᠯᠠᠨ ᠬᠤᠷᠢᠶᠠᠬᠤ ᠶᠢ ᠴᠠᠭᠠᠵᠠᠯᠠᠨ᠎ᠠ᠃ | ᠳᠣᠯᠤᠭ᠎ᠠ ᠳᠤ᠂ ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠦᠨ᠎ᠡ ᠬᠠᠩᠰᠢ ᠳᠠᠬᠢ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ᠎ᠠ᠃ ᠦᠵᠡᠮᠵᠢ ᠶᠢᠨ ᠣᠷᠣᠨ ᠤ ᠦᠨ᠎ᠡ ᠬᠠᠩᠰᠢ ᠶᠢᠨ ᠲᠤᠬᠠᠢ ᠬᠠᠤᠯᠢ ᠴᠠᠭᠠᠵᠠ | ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ | ᠦᠵᠡᠮᠵᠢ ᠶᠢᠨ ᠣᠷᠣᠨ ᠤ ᠦᠨ᠎ᠡ ᠬᠠᠩᠰᠢ ᠶᠢᠨ ᠲᠤᠬᠠᠢ ᠢᠲᠡᠭᠡᠮᠵᠢ ᠠᠯᠳᠠᠭᠰᠠᠨ ᠠᠵᠢᠯᠯᠠᠭ᠎ᠠ ᠶᠢ ᠵᠠᠯᠬᠠᠭᠠᠨ | ᠴᠡᠭᠡᠷᠯᠡᠭᠦᠯᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠦᠵᠡᠮᠵᠢ ᠶᠢᠨ ᠣᠷᠣᠨ ᠤ ᠦᠨ᠎ᠡ ᠬᠠᠩᠰᠢ ᠶᠢᠨ ᠡᠮᠬᠢ | ᠵᠢᠷᠤᠮ ᠢ ᠰᠠᠮᠠᠭᠤᠷᠠᠭᠤᠯᠤᠭᠰᠠᠨ ᠦᠢᠯᠡ ᠠᠵᠢᠯᠯᠠᠭ᠎ᠠ ᠶᠢ ᠦᠵᠡᠮᠵᠢ ᠶᠢᠨ ᠣᠷᠣᠨ ᠵᠢᠴᠢ ᠲᠡᠭᠦᠨ ᠤ ᠭᠤᠣᠯ | ᠬᠠᠷᠢᠭᠤᠴᠠᠯᠭᠠᠲᠠᠨ ᠤ ᠡᠷᠡᠭᠦᠯ ᠪᠤᠰᠤ ᠢᠲᠡᠭᠡᠮᠵᠢ ᠶᠢᠨ ᠲᠡᠮᠳᠡᠭᠯᠡᠯ ᠪᠣᠯᠭᠠᠵᠤ ᠪᠦᠬᠦ ᠤᠯᠤᠰ ᠤᠨ ᠢᠲᠡᠭᠡᠮᠵᠢ ᠶᠢᠨ | ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠲᠠᠪᠴᠠᠩ ᠳᠤ ᠣᠷᠣᠭᠤᠯᠵᠤ᠂ ᠢᠲᠡᠭᠡᠯ ᠠᠯᠳᠠᠭᠰᠠᠨ ᠠᠵᠢᠯᠯᠠᠭ᠎ᠠ ᠶᠢ | ᠬᠠᠮᠲᠤᠷᠠᠨ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠦᠨ᠎ᠡ᠃ | ᠠᠰᠠᠭᠤᠯᠲᠠ᠄ ᠡᠨᠡ ᠵᠢᠯ ᠤᠯᠤᠰ ᠤᠨ ᠥᠮᠴᠢᠯᠡᠯᠲᠦ ᠭᠤᠣᠯᠳᠠᠯᠭ᠎ᠠ ᠲᠠᠢ ᠦᠵᠡᠮᠵᠢ ᠶᠢᠨ ᠣᠷᠣᠨ ᠤ ᠡᠭᠦᠳᠡᠨ | ᠪᠢᠯᠧᠲ ᠤᠨ ᠦᠨ᠎ᠡ ᠬᠠᠩᠰᠢ ᠶᠢ ᠪᠠᠭᠤᠷᠠᠭᠤᠯᠬᠤ ᠶᠢ ᠠᠬᠢᠭᠤᠯᠬᠤ ᠲᠠᠯ᠎ᠠ ᠪᠠᠷ ᠬᠡᠷᠬᠢᠨ ᠢᠯᠡᠳᠲᠡ ᠦᠷ᠎ᠡ ᠪᠦᠲᠦᠮᠵᠢ | ᠣᠯᠬᠤ ᠪᠣᠢ︖ | ᠬᠠᠷᠢᠭᠤᠯᠲᠠ᠄ ᠣᠳᠣᠬᠠᠨ ᠳᠤ᠂ ᠤᠯᠤᠰ ᠤᠨ ᠥᠮᠴᠢᠯᠡᠯᠲᠦ ᠬᠡᠰᠡᠭ ᠭᠤᠣᠯᠳᠠᠯᠭ᠎ᠠ ᠲᠠᠢ ᠦᠵᠡᠮᠵᠢ ᠶᠢᠨ | ᠣᠷᠣᠨ ᠤ ᠡᠭᠦᠳᠡᠨ ᠪᠢᠯᠧᠲ ᠤᠨ ᠦᠨ᠎ᠡ ᠬᠠᠩᠰᠢ ᠬᠡᠳᠦ ᠥᠨᠳᠥᠷ ᠪᠠᠶᠢᠭ᠎ᠠ ᠶᠢᠨ ᠨᠢᠭᠡᠨ ᠴᠢᠬᠤᠯᠠ ᠰᠢᠯᠲᠠᠭᠠᠨ ᠪᠣᠯ | ᠥᠪᠡᠷ ᠤᠨ ᠥᠷᠲᠡᠭ ᠤᠨ ᠪᠦᠷᠢᠯᠳᠦᠯ ᠨᠢ ᠵᠦᠢ ᠵᠣᠬᠢᠰ ᠦᠭᠡᠢ᠂ ᠵᠢᠷᠤᠮᠵᠢᠯ ᠦᠭᠡᠢ ᠠᠴᠠ ᠪᠣᠯᠵᠤ᠂ ᠵᠠᠷᠢᠮ ︽ | ᠢᠯᠡᠭᠦᠴᠡ ᠳᠠᠷᠤᠭᠠᠰᠤ︾ ᠶᠢ ᠡᠭᠦᠷᠭᠡᠯᠡᠭᠰᠡᠨ ᠠᠴᠠ ᠪᠣᠯᠵᠠᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠨ᠂ ᠲᠣᠪᠣᠶᠢᠮ᠎ᠠ ᠠᠰᠠᠭᠤᠳᠠᠯ ᠢ ᠣᠨᠢᠯᠠᠵᠤ᠂ ᠦᠨ᠎ᠡ ᠬᠠᠩᠰᠢ ᠲᠣᠭᠲᠠᠭᠠᠬᠤ ᠥᠪᠡᠷ ᠤᠨ ᠥᠷᠲᠡᠭ ᠢ ᠬᠢᠨᠠᠨ | ᠰᠢᠯᠭᠠᠬᠤ ᠪᠤᠶᠤ ᠥᠪᠡᠷ ᠤᠨ ᠥᠷᠲᠡᠭ ᠲᠤ ᠪᠠᠶᠢᠴᠠᠭᠠᠯᠲᠠ ᠬᠢᠬᠦ᠂ ᠲᠣᠭᠲᠠᠭᠠᠯ ᠠᠴᠠ ᠵᠥᠷᠢᠴᠡᠭᠰᠡᠨ ᠵᠦᠢ ᠵᠣᠬᠢᠰ | ᠦᠭᠡᠢ ᠣᠷᠣᠯᠭ᠎ᠠ ᠵᠠᠷᠤᠯᠭ᠎ᠠ ᠶᠢᠨ ᠠᠵᠢᠯᠯᠠᠭ᠎ᠠ ᠶᠢ ᠵᠠᠯᠠᠷᠠᠭᠤᠯᠬᠤ ᠪᠠᠷ ᠭᠠᠷᠳᠠᠴᠠ ᠪᠣᠯᠭᠠᠵᠤ᠂ ᠬᠠᠷᠢᠴᠠᠩᠭᠤᠢ ᠨᠡᠷ᠎ᠡ | ᠠᠯᠳᠠᠷ ᠲᠠᠢ᠂ ᠨᠡᠶᠢᠭᠡᠮ ᠤᠨ ᠨᠥᠯᠥᠭᠡ ᠨᠡᠯᠢᠶᠡᠳ ᠶᠡᠬᠡᠲᠡᠢ ᠤᠯᠤᠰ ᠤᠨ ᠥᠮᠴᠢᠯᠡᠯᠲᠦ ᠦᠵᠡᠮᠵᠢ ᠶᠢᠨ ᠣᠷᠣᠨ ᠢᠶᠠᠷ | ᠭᠤᠣᠯᠳᠠᠯᠭ᠎ᠠ ᠪᠣᠯᠭᠠᠨ᠂ ᠤᠯᠤᠰ ᠤᠨ ᠥᠮᠴᠢᠯᠡᠯᠲᠦ ᠭᠤᠣᠯᠳᠠᠯᠭ᠎ᠠ ᠲᠠᠢ ᠦᠵᠡᠮᠵᠢ ᠶᠢᠨ ᠣᠷᠣᠨ ᠤ ᠡᠭᠦᠳᠡᠨ | ᠪᠢᠯᠧᠲ ᠤᠨ ᠦᠨ᠎ᠡ ᠬᠠᠩᠰᠢ ᠶᠢ ᠪᠠᠭᠤᠷᠠᠭᠤᠯᠬᠤ ᠲᠠᠯ᠎ᠠ ᠪᠠᠷ ᠪᠣᠳᠠᠲᠤ ᠦᠷ᠎ᠡ ᠪᠦᠲᠦᠮᠵᠢ ᠣᠯᠬᠤ ᠪᠠᠷ ᠴᠢᠷᠮᠠᠶᠢᠬᠤ | ᠬᠡᠷᠡᠭᠲᠡᠢ᠃ ᠨᠢᠭᠡ ᠳᠤ᠂ ᠭᠤᠣᠯᠳᠠᠭ᠎ᠠ ᠶᠢ ᠨᠢ ᠲᠣᠪᠣᠶᠢᠯᠭᠠᠬᠤ ᠬᠡᠷᠡᠭᠲᠡᠢ᠃ ᠤᠯᠤᠰ ᠤᠨ ᠳᠡᠰ ᠤᠨ ᠦᠵᠡᠮᠵᠢ ᠶᠢᠨ | ᠨᠡᠷᠡᠲᠦ ᠣᠷᠣᠨ᠂ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠪᠦᠬᠦ ᠤᠯᠤᠰ ᠤᠨ | ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠨᠢᠭᠡᠴᠢ᠂ ᠤᠯᠤᠰ ᠤᠨ ᠴᠡᠴᠡᠷᠯᠢᠭ ᠵᠡᠷᠭᠡ | ᠣᠯᠠᠨ ᠨᠡᠶᠢᠲᠡ ᠶᠢᠨ ᠡᠬᠢ ᠪᠠᠶᠠᠯᠢᠭ ᠢ ᠠᠰᠢᠭᠯᠠᠨ ᠪᠦᠲᠦᠭᠡᠨ ᠪᠠᠶᠢᠭᠤᠯᠤᠭᠰᠠᠨ᠂ ᠵᠢᠭᠤᠯᠴᠢᠯᠠᠯ ᠤᠨ ᠦᠵᠡᠮᠵᠢ ᠶᠢᠨ | ᠣᠷᠣᠨ ᠤ ᠴᠢᠨᠠᠷ ᠴᠢᠨᠰᠠᠭ᠎ᠠ ᠶᠢᠨ ᠵᠡᠷᠭᠡ ᠳᠡᠰ ᠢ 5A ᠳᠡᠰ ᠢᠶᠠᠷ ᠦᠨᠡᠯᠡᠨ ᠲᠣᠭᠲᠠᠭᠠᠭᠰᠠᠨ ᠮᠥᠷᠲᠡᠭᠡᠨ ᠣᠳᠣ ᠶᠢᠨ | ᠬᠡᠷᠡᠭᠵᠢᠭᠦᠯᠵᠦ ᠪᠠᠶᠢᠭ᠎ᠠ ᠦᠨ᠎ᠡ ᠬᠠᠩᠰᠢ ᠶᠢᠨ ᠬᠢᠷᠢ ᠲᠦᠪᠰᠢᠨ ᠨᠢ ᠨᠡᠯᠢᠶᠡᠳ ᠥᠨᠳᠥᠷ ᠤᠯᠤᠰ ᠤᠨ ᠥᠮᠴᠢᠯᠡᠯᠲᠦ | ᠦᠵᠡᠮᠵᠢ ᠶᠢᠨ ᠣᠷᠣᠨ ᠢᠶᠠᠷ ᠭᠤᠣᠯᠳᠠᠯᠭ᠎ᠠ ᠪᠣᠯᠭᠠᠵᠤ᠂ ᠡᠭᠦᠳᠡᠨ ᠪᠢᠯᠧᠲ ᠤᠨ ᠬᠡᠳᠦ ᠥᠨᠳᠥᠷ ᠦᠨ᠎ᠡ ᠬᠠᠩᠰᠢ ᠶᠢ | ᠪᠠᠭᠤᠷᠠᠭᠤᠯᠬᠤ ᠶᠢᠨ ᠬᠠᠮᠲᠤ᠂ 4A ᠳᠡᠰ ᠵᠢᠴᠢ ᠲᠡᠭᠦᠨ ᠠᠴᠠ ᠳᠣᠭᠤᠭᠰᠢᠬᠢ ᠤᠯᠤᠰ ᠤᠨ ᠥᠮᠴᠢᠯᠡᠯᠲᠦ | ᠦᠵᠡᠮᠵᠢ ᠶᠢᠨ ᠣᠷᠣᠨ ᠤ ᠦᠨ᠎ᠡ ᠬᠠᠩᠰᠢ ᠶᠢ ᠪᠠᠭᠤᠷᠠᠭᠤᠯᠬᠤ ᠶᠢ ᠢᠳᠡᠪᠬᠢᠲᠡᠢ ᠠᠬᠢᠭᠤᠯᠬᠤ ᠬᠡᠷᠡᠭᠲᠡᠢ᠃ | ᠬᠤᠶᠠᠷ ᠲᠤ᠂ ᠵᠠᠩᠭᠢᠯᠠᠭ᠎ᠠ ᠶᠢ ᠨᠢ ᠠᠳᠬᠤᠬᠤ ᠬᠡᠷᠡᠭᠲᠡᠢ᠃ ᠡᠭᠦᠳᠡᠨ ᠪᠢᠯᠧᠲ ᠤᠨ ᠦᠨ᠎ᠡ ᠬᠠᠩᠰᠢ ᠶᠢᠨ ︽ | ᠢᠯᠡᠭᠦᠴᠡ ᠳᠠᠷᠤᠭᠠᠰᠤ︾ ᠬᠦᠨᠳᠦ ᠪᠠᠶᠢᠭ᠎ᠠ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠬᠦ ᠶᠢᠨ ᠲᠣᠭᠤᠷᠢᠨ ᠳᠤ᠂ | ᠣᠷᠣᠨ ᠨᠤᠲᠤᠭ᠂ ᠦᠵᠡᠮᠵᠢ ᠶᠢᠨ ᠣᠷᠣᠨ ᠤ ᠲᠣᠭᠲᠠᠭᠠᠯ ᠠᠴᠠ ᠵᠥᠷᠢᠴᠡᠭᠰᠡᠨ ᠵᠦᠢ ᠵᠣᠬᠢᠰ ᠦᠭᠡᠢ ᠣᠷᠣᠯᠭ᠎ᠠ | ᠵᠠᠷᠤᠯᠭ᠎ᠠ ᠶᠢᠨ ᠠᠵᠢᠯᠯᠠᠭ᠎ᠠ ᠶᠢ ᠢᠯᠭᠠᠷᠠᠭᠤᠯᠤᠨ ᠴᠡᠪᠡᠷᠯᠡᠵᠦ ᠵᠢᠷᠤᠮᠵᠢᠭᠤᠯᠬᠤ ᠡᠷᠴᠢᠮ ᠢ ᠴᠢᠩᠭᠠᠷᠠᠭᠤᠯᠬᠤ ᠨᠢ | ᠡᠭᠦᠳᠡᠨ ᠪᠢᠯᠧᠲ ᠤᠨ ᠦᠨ᠎ᠡ ᠬᠠᠩᠰᠢ ᠶᠢ ᠵᠣᠬᠢᠬᠤ ᠬᠡᠮᠵᠢᠶ᠎ᠡ ᠪᠠᠷ ᠪᠠᠭᠤᠷᠠᠭᠤᠯᠵᠤ ᠴᠢᠳᠠᠬᠤ ᠪᠠᠷ ᠪᠠᠷᠠᠬᠤ ᠦᠭᠡᠢ᠂ | ᠦᠵᠡᠮᠵᠢ ᠶᠢᠨ ᠣᠷᠣᠨ ᠢ ᠬᠡᠪ ᠢᠶᠠᠷ ᠠᠵᠢᠯᠯᠠᠭᠤᠯᠤᠨ ᠡᠵᠡᠩᠨᠡᠬᠦ ᠶᠢ ᠪᠠᠲᠤᠯᠠᠵᠤ ᠴᠢᠳᠠᠨ᠎ᠠ᠃ | ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠡᠯ᠎ᠡ ᠭᠠᠵᠠᠷ ᠢ ᠰᠢᠮᠳᠠᠭᠤᠯᠤᠨ ᠪᠣᠳᠠᠲᠠᠢ | ᠬᠠᠷᠠᠯᠲᠠ᠂ ᠭᠤᠣᠯᠳᠠᠯᠭ᠎ᠠ ᠲᠠᠢ ᠡᠭᠦᠷᠭᠡ᠂ ᠴᠠᠭ ᠤᠨ ᠵᠠᠩᠭᠢᠶᠠᠰᠤ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ | ᠡᠨᠡ ᠵᠢᠯ ᠤᠨ ︽ᠠᠷᠪᠠᠨ ᠰᠠᠷ᠎ᠠ ᠶᠢᠨ ᠨᠢᠭᠡᠨ︾ ᠤ ᠰᠢᠵᠢᠷ ᠠᠯᠲᠠᠨ ᠭᠠᠷᠠᠭ ᠤᠨ ᠵᠢᠭᠤᠯᠴᠢᠯᠠᠯ ᠤᠨ ᠣᠷᠬᠢᠯ ᠦᠶ᠎ᠡ | ᠬᠦᠷᠴᠦ ᠢᠷᠡᠬᠦ ᠠᠴᠠ ᠡᠮᠦᠨ᠎ᠡ᠂ ᠤᠯᠤᠰ ᠤᠨ ᠥᠮᠴᠢᠯᠡᠯᠲᠦ ᠭᠤᠣᠯᠳᠠᠯᠭ᠎ᠠ ᠲᠠᠢ ᠨᠢᠭᠡ ᠪᠦᠯᠦᠭ ᠦᠵᠡᠮᠵᠢ ᠶᠢᠨ | ᠣᠷᠣᠨ ᠤ ᠡᠭᠦᠳᠡᠨ ᠪᠢᠯᠧᠲ ᠤᠨ ᠬᠡᠳᠦ ᠥᠨᠳᠥᠷ ᠦᠨ᠎ᠡ ᠬᠠᠩᠰᠢ ᠶᠢ ᠦᠨᠡᠨ ᠬᠦ ᠪᠠᠭᠤᠷᠠᠭᠤᠯᠬᠤ ᠬᠡᠷᠡᠭᠲᠡᠢ᠃ | ᠠᠰᠠᠭᠤᠯᠲᠠ᠄ ᠤᠯᠤᠰ ᠤᠨ ᠥᠮᠴᠢᠯᠡᠯᠲᠦ ᠭᠤᠣᠯᠳᠠᠯᠭ᠎ᠠ ᠲᠠᠢ ᠦᠵᠡᠮᠵᠢ ᠶᠢᠨ ᠣᠷᠣᠨ ᠤ ᠡᠭᠦᠳᠡᠨ | ᠪᠢᠯᠧᠲ ᠤᠨ ᠦᠨ᠎ᠡ ᠬᠠᠩᠰᠢ ᠶᠢ ᠪᠠᠭᠤᠷᠠᠭᠤᠯᠬᠤ ᠨᠢ ᠦᠵᠡᠮᠵᠢ ᠶᠢᠨ ᠣᠷᠣᠨ ᠢ ᠠᠵᠢᠯᠯᠠᠭᠤᠯᠤᠨ ᠡᠵᠡᠩᠨᠡᠬᠦ ᠳᠤ ᠶᠠᠮᠠᠷ | ᠨᠥᠯᠥᠭᠡ ᠦᠵᠡᠭᠦᠯᠬᠦ ᠪᠣᠢ︖ | ᠬᠠᠷᠢᠭᠤᠯᠲᠠ᠄ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠪᠠᠷ ᠳᠠᠮᠵᠢᠭᠤᠯᠤᠨ ᠤᠯᠤᠰ ᠤᠨ ᠥᠮᠴᠢᠯᠡᠯᠲᠦ | ᠭᠤᠣᠯᠳᠠᠯᠭ᠎ᠠ ᠲᠠᠢ ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠦᠨ᠎ᠡ ᠬᠠᠩᠰᠢ ᠶᠢ ᠪᠠᠭᠤᠷᠠᠭᠤᠯᠬᠤ ᠶᠢ | ᠠᠬᠢᠭᠤᠯᠬᠤ ᠪᠣᠯ ᠦᠵᠡᠮᠵᠢ ᠶᠢᠨ ᠣᠷᠣᠨ ᠢ ᠵᠦᠢ ᠵᠣᠬᠢᠰᠲᠠᠢ ᠠᠵᠢᠯᠯᠠᠭᠤᠯᠤᠨ ᠡᠵᠡᠩᠨᠡᠬᠦ ᠥᠪᠡᠷ ᠤᠨ ᠥᠷᠲᠡᠭ ᠢᠶᠠᠷ | ᠰᠠᠭᠤᠷᠢ ᠪᠣᠯᠭᠠᠨ᠂ ᠦᠵᠡᠮᠵᠢ ᠶᠢᠨ ᠣᠷᠣᠨ ᠤ ᠳᠠᠭᠠᠭᠠᠨ ᠠᠴᠢᠶᠠᠯᠠᠵᠤ ᠪᠦᠬᠦᠢ ᠵᠠᠰᠠᠭ ᠤᠨ ᠣᠷᠳᠣᠨ ᠤ ᠵᠦᠢ ᠵᠣᠬᠢᠰ | ᠦᠭᠡᠢ ᠰᠦᠢᠳᠬᠡᠯ ᠤᠨ ᠣᠷᠣᠯᠭ᠎ᠠ ᠵᠡᠷᠭᠡ ᠶᠢ ᠪᠠᠭᠲᠠᠭᠠᠭᠰᠠᠨ ︽ᠢᠯᠡᠭᠦᠴᠡ ᠳᠠᠷᠤᠭᠠᠰᠤ︾ ᠶᠢ ᠭᠤᠣᠯᠳᠠᠯᠭ᠎ᠠ ᠲᠠᠢ | ᠰᠠᠯᠭᠠᠵᠤ᠂ ᠦᠨ᠎ᠡ ᠬᠠᠩᠰᠢ ᠶᠢᠨ ᠠᠵᠢᠯᠯᠠᠭ᠎ᠠ ᠶᠢ ᠵᠢᠷᠤᠮᠵᠢᠭᠤᠯᠤᠨ᠂ ᠡᠭᠦᠳᠡᠨ ᠪᠢᠯᠧᠲ ᠤᠨ ᠦᠨ᠎ᠡ ᠬᠠᠩᠰᠢ ᠶᠢ | ᠵᠣᠬᠢᠬᠤ ᠬᠡᠮᠵᠢᠶ᠎ᠡ ᠪᠠᠷ ᠪᠠᠭᠤᠷᠠᠭᠤᠯᠬᠤ ᠶᠠᠪᠤᠳᠠᠯ ᠪᠣᠯᠣᠨ᠎ᠠ᠃ ᠡᠶᠢᠮᠦ ᠠᠴᠠ᠂ ᠡᠨᠡ ᠨᠢ ᠦᠵᠡᠮᠵᠢ ᠶᠢᠨ ᠣᠷᠣᠨ ᠤ | ᠬᠡᠪ ᠢᠶᠠᠷ ᠠᠵᠢᠯᠯᠠᠭᠤᠯᠤᠨ ᠡᠵᠡᠩᠨᠡᠬᠦ ᠶᠢ ᠨᠥᠯᠥᠭᠡᠯᠡᠬᠦ ᠦᠭᠡᠢ ᠶᠤᠮ᠃ ᠦᠵᠡᠮᠵᠢ ᠶᠢᠨ ᠣᠷᠣᠨ ᠤ ᠡᠭᠦᠳᠡᠨ | ᠪᠢᠯᠧᠲ ᠤᠨ ᠦᠨ᠎ᠡ ᠬᠠᠩᠰᠢ ᠶᠢᠨ ᠪᠠᠭᠤᠷᠠᠬᠤ ᠪᠠ ᠵᠢᠭᠤᠯᠴᠢᠳ ᠤᠨ ᠲᠤᠭ᠎ᠠ ᠬᠡᠮᠵᠢᠶᠡᠨ ᠤ ᠨᠡᠮᠡᠭᠳᠡᠬᠦ ᠶᠢ ᠳᠠᠭᠠᠯᠳᠤᠨ | ᠂ ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠶᠡᠷᠦᠩᠬᠡᠢ ᠣᠷᠣᠯᠭ᠎ᠠ ᠨᠢ ᠯᠠᠪᠲᠠᠢ ᠪᠠᠭᠠᠰᠤᠨ᠎ᠠ ᠭᠡᠰᠡᠨ ᠤᠴᠢᠷ | ᠪᠢᠰᠢ᠂ ᠬᠠᠷᠢᠨ ᠨᠡᠮᠡᠭᠳᠡᠬᠦ ᠪᠣᠯᠣᠯᠴᠠᠭ᠎ᠠ ᠲᠠᠢ ᠪᠠᠶᠢᠳᠠᠭ᠃ ᠡᠭᠦᠨ ᠤ ᠬᠠᠮᠲᠤ᠂ ᠦᠵᠡᠮᠵᠢ ᠶᠢᠨ ᠣᠷᠣᠨ ᠤ ᠡᠵᠡᠩᠨᠡᠨ | ᠬᠠᠮᠢᠶᠠᠷᠤᠭᠴᠢᠳ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠲᠠᠢ ᠢᠳᠡᠪᠬᠢᠲᠡᠢ | ᠵᠣᠬᠢᠴᠠᠯᠳᠤᠨ᠂ ᠬᠥᠭᠵᠢᠯᠲᠡ ᠶᠢᠨ ᠰᠡᠳᠬᠢᠴᠡ ᠪᠠ ᠵᠠᠭᠪᠤᠷ ᠢᠶᠠᠨ ᠬᠤᠪᠢᠷᠠᠭᠤᠯᠵᠤ᠂ ᠡᠵᠡᠩᠨᠡᠵᠦ ᠬᠠᠮᠢᠶᠠᠷᠬᠤ ᠦᠷ᠎ᠡ | ᠪᠦᠲᠦᠮᠵᠢ ᠪᠠᠨ ᠳᠡᠭᠡᠭᠰᠢᠯᠡᠭᠦᠯᠵᠦ᠂ ᠵᠢᠭᠤᠯᠴᠢᠯᠠᠯ ᠤᠨ ᠪᠦᠲᠦᠭᠡᠭᠳᠡᠬᠦᠨ ᠢᠶᠠᠨ ᠪᠠᠶᠠᠯᠢᠭᠵᠢᠭᠤᠯᠵᠤ᠂ | ᠦᠢᠯᠡᠴᠢᠯᠡᠭᠡ ᠶᠢᠨ ᠶᠠᠰᠤ ᠴᠢᠨᠠᠷ ᠢᠶᠠᠨ ᠳᠡᠭᠡᠭᠰᠢᠯᠡᠭᠦᠯᠬᠦ ᠪᠠ ᠨᠡᠩ ᠣᠯᠠᠨ ᠥᠷᠲᠡᠭ ᠨᠡᠮᠡᠭᠳᠡᠯ ᠤᠨ ᠦᠢᠯᠡᠴᠢᠯᠡᠭᠡ | ᠬᠠᠩᠭᠠᠬᠤ ᠪᠠᠷ ᠳᠠᠮᠵᠢᠭᠤᠯᠤᠨ ᠵᠢᠭᠤᠯᠴᠢᠳ ᠢ ᠲᠠᠲᠠᠵᠤ᠂ ᠡᠭᠦᠳᠡᠨ ᠪᠢᠯᠧᠲ ᠳᠤ ᠲᠦᠰᠢᠭᠯᠡᠬᠦ ᠶᠢ ᠠᠯᠬᠤᠮ | ᠠᠯᠬᠤᠮ ᠢᠶᠠᠷ ᠪᠠᠭᠤᠷᠠᠭᠤᠯᠤᠨ᠂ ᠦᠵᠡᠮᠵᠢ ᠶᠢᠨ ᠣᠷᠣᠨ ᠤ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠨᠡᠩ | ᠰᠠᠶᠢᠲᠤᠷ ᠪᠡᠶᠡᠯᠡᠭᠦᠯᠬᠦ ᠬᠡᠷᠡᠭᠲᠡᠢ᠃ | ᠠᠰᠠᠭᠤᠯᠲᠠ᠄ ᠤᠯᠤᠰ ᠤᠨ ᠥᠮᠴᠢᠯᠡᠯᠲᠦ ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠦᠨ᠎ᠡ ᠬᠠᠩᠰᠢ | ᠪᠦᠷᠢᠯᠳᠦᠬᠦ ᠲᠣᠭᠲᠠᠴᠠ ᠶᠢ ᠲᠡᠭᠦᠯᠳᠡᠷᠵᠢᠭᠦᠯᠵᠦ᠂ ᠤᠯᠤᠰ ᠤᠨ ᠥᠮᠴᠢᠯᠡᠯᠲᠦ ᠭᠤᠣᠯᠳᠠᠯᠭ᠎ᠠ ᠲᠠᠢ ᠦᠵᠡᠮᠵᠢ ᠶᠢᠨ | ᠣᠷᠣᠨ ᠤ ᠡᠭᠦᠳᠡᠨ ᠪᠢᠯᠧᠲ ᠤᠨ ᠦᠨ᠎ᠡ ᠬᠠᠩᠰᠢ ᠶᠢ ᠪᠠᠭᠤᠷᠠᠭᠤᠯᠬᠤ ᠠᠵᠢᠯ ᠤᠨ ᠨᠠᠶᠢᠳᠠᠪᠤᠷᠢᠵᠢᠭᠤᠯᠤᠯᠲᠠ ᠶᠢ | ᠬᠡᠷᠬᠢᠨ ᠪᠠᠲᠤᠯᠠᠬᠤ ᠪᠣᠢ︖ | ᠬᠠᠷᠢᠭᠤᠯᠲᠠ᠄ ᠣᠳᠣᠬᠠᠨ ᠳᠤ᠂ ᠮᠠᠨ ᠤ ᠤᠯᠤᠰ ᠤᠨ ᠦᠵᠡᠮᠵᠢ ᠶᠢᠨ ᠣᠷᠣᠨ ᠪᠣᠯ ᠠᠵᠢᠯ ᠲᠥᠷᠥᠯ ᠢᠶᠠᠷ | ᠵᠢᠯᠣᠭᠤᠳᠤᠭᠤᠯᠬᠤ᠂ ᠬᠠᠷᠢᠶᠠᠲᠤ ᠣᠷᠣᠨ ᠢᠶᠠᠷ ᠬᠠᠮᠢᠶᠠᠷᠤᠭᠤᠯᠬᠤ ᠶᠢ ᠬᠡᠷᠡᠭᠵᠢᠭᠦᠯᠦᠨ᠂ ᠣᠯᠠᠨ ᠨᠡᠶᠢᠲᠡ ᠶᠢᠨ ᠡᠬᠢ | ᠪᠠᠶᠠᠯᠢᠭ ᠢ ᠠᠰᠢᠭᠯᠠᠨ ᠪᠠᠶᠢᠭᠤᠯᠤᠭᠰᠠᠨ ᠤᠯᠤᠰ ᠤᠨ ᠥᠮᠴᠢᠯᠡᠯᠲᠦ ᠦᠵᠡᠮᠵᠢ ᠶᠢᠨ ᠣᠷᠣᠨ ᠤ ᠡᠭᠦᠳᠡᠨ ᠪᠢᠯᠧᠲ ᠤᠨ | ᠦᠨ᠎ᠡ ᠬᠠᠩᠰᠢ ᠲᠣᠭᠲᠠᠭᠠᠬᠤ ᠡᠷᠬᠡ ᠨᠢ ᠣᠷᠣᠨ ᠨᠤᠲᠤᠭ ᠲᠤ ᠪᠠᠶᠢᠳᠠᠭ᠃ ᠤᠯᠤᠰ ᠤᠨ ᠥᠮᠴᠢᠯᠡᠯᠲᠦ | ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠦᠨ᠎ᠡ ᠬᠠᠩᠰᠢ ᠪᠦᠷᠢᠯᠳᠦᠬᠦ ᠲᠣᠭᠲᠠᠴᠠ ᠶᠢ ᠲᠡᠭᠦᠯᠳᠡᠷᠵᠢᠭᠦᠯᠦᠨ᠂ | ᠤᠯᠤᠰ ᠤᠨ ᠥᠮᠴᠢᠯᠡᠯᠲᠦ ᠭᠤᠣᠯᠳᠠᠯᠭ᠎ᠠ ᠲᠠᠢ ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠦᠨ᠎ᠡ ᠬᠠᠩᠰᠢ ᠶᠢ | ᠪᠠᠭᠤᠷᠠᠭᠤᠯᠬᠤ ᠠᠵᠢᠯ ᠢ ᠭᠤᠣᠯᠳᠠᠭᠤ ᠡᠯ᠎ᠡ ᠭᠠᠵᠠᠷ ᠠᠴᠠ ᠬᠠᠷᠢᠭᠤᠴᠠᠨ ᠨᠠᠶᠢᠳᠠᠪᠤᠷᠢᠵᠢᠭᠤᠯᠵᠤ ᠪᠠᠶᠢᠨ᠎ᠠ᠃ | ᠠᠵᠢᠯ ᠤᠨ ᠪᠣᠳᠠᠲᠤ ᠦᠷ᠎ᠡ ᠪᠦᠲᠦᠮᠵᠢ ᠶᠢ ᠣᠯᠬᠤ ᠶᠢ ᠪᠠᠲᠤᠯᠠᠬᠤ ᠶᠢᠨ ᠲᠥᠯᠥᠭᠡ᠂ ᠤᠯᠤᠰ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠠᠴᠠ ᠡᠯ᠎ᠡ ᠭᠠᠵᠠᠷ ᠤᠨ ᠠᠵᠢᠯ ᠢ ᠰᠢᠮᠳᠠᠭᠤᠯᠤᠨ ᠵᠢᠯᠣᠭᠤᠳᠬᠤ ᠪᠠᠨ ᠴᠢᠩᠭᠠᠳᠬᠠᠵᠤ᠂ | ᠪᠣᠳᠠᠲᠠᠢ ᠬᠡᠯᠡᠪᠡᠯ ᠳᠥᠷᠪᠡᠨ ᠲᠠᠯ᠎ᠠ ᠶᠢᠨ ᠠᠷᠭ᠎ᠠ ᠬᠡᠮᠵᠢᠶ᠎ᠡ ᠠᠪᠴᠤ ᠪᠠᠶᠢᠨ᠎ᠠ᠃ ᠨᠢᠭᠡ ᠳᠤ᠂ ᠤᠯᠤᠰ ᠤᠨ | ᠥᠮᠴᠢᠯᠡᠯᠲᠦ ᠭᠤᠣᠯᠳᠠᠯᠭ᠎ᠠ ᠲᠠᠢ ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠦᠨ᠎ᠡ ᠬᠠᠩᠰᠢ ᠶᠢ | ᠪᠠᠭᠤᠷᠠᠭᠤᠯᠬᠤ ᠳᠤ ᠣᠷᠣᠨ ᠨᠤᠲᠤᠭ ᠤᠨ ᠵᠠᠰᠠᠭ ᠤᠨ ᠣᠷᠳᠣᠨ ᠤ ᠡᠭᠦᠷᠭᠡᠯᠡᠬᠦ ᠭᠤᠣᠯ ᠴᠣᠭᠴᠠ ᠶᠢᠨ | ᠬᠠᠷᠢᠭᠤᠴᠠᠯᠭ᠎ᠠ ᠶᠢ ᠲᠣᠳᠣᠷᠬᠠᠶᠢᠯᠠᠨ᠎ᠠ᠃ ᠮᠤᠵᠢ ᠶᠢᠨ ᠱᠠᠲᠤᠨ ᠤ ᠦᠨ᠎ᠡ ᠬᠠᠩᠰᠢ ᠶᠢ ᠭᠤᠣᠯᠴᠢᠯᠠᠨ ᠬᠠᠮᠢᠶᠠᠷᠬᠤ | ᠡᠯ᠎ᠡ ᠰᠠᠯᠠᠭ᠎ᠠ ᠮᠥᠴᠢᠷ ᠤᠨ ᠬᠢᠨ ᠢ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠦᠵᠡᠯ ᠰᠠᠨᠠᠭ᠎ᠠ ᠪᠠᠨ | ᠨᠢᠭᠡᠳᠬᠡᠵᠦ᠂ ᠲᠤᠬᠠᠢ ᠶᠢᠨ ᠭᠠᠵᠠᠷ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠢᠭᠡᠳᠦᠯᠲᠡᠢ ᠤᠳᠤᠷᠢᠳᠤᠯᠭ᠎ᠠ | ᠳᠣᠣᠷ᠎ᠠ᠂ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠷᠠᠭᠤᠯᠤᠨ᠂ ᠬᠠᠷᠢᠭᠤᠴᠠᠬᠤ ᠬᠥᠮᠥᠨ ᠢ ᠲᠣᠳᠣᠷᠬᠠᠶᠢᠯᠠᠵᠤ᠂ | ᠳᠡᠰ ᠳᠡᠰ ᠢᠶᠠᠷ ᠠᠳᠬᠤᠨ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠵᠠᠢ᠃ ᠬᠤᠶᠠᠷ ᠲᠤ᠂ ᠡᠯ᠎ᠡ ᠭᠠᠵᠠᠷ ᠤᠨ | ᠬᠢᠨ ᠢ ᠬᠠᠮᠵᠢᠯᠴᠠᠨ ᠠᠵᠢᠯᠯᠠᠬᠤ ᠲᠣᠭᠲᠠᠴᠠ ᠪᠠᠶᠢᠭᠤᠯᠤᠨ᠂ ᠦᠨ᠎ᠡ ᠬᠠᠩᠰᠢ ᠲᠣᠭᠲᠠᠭᠠᠬᠤ ᠥᠪᠡᠷ ᠤᠨ ᠥᠷᠲᠡᠭ ᠢ | ᠬᠢᠨᠠᠨ ᠰᠢᠯᠭᠠᠬᠤ ᠪᠤᠶᠤ ᠥᠪᠡᠷ ᠤᠨ ᠥᠷᠲᠡᠭ ᠲᠤ ᠪᠠᠶᠢᠴᠠᠭᠠᠯᠲᠠ ᠬᠢᠬᠦ ᠶᠢ ᠬᠢᠨᠠᠮᠠᠭᠠᠢ ᠥᠷᠨᠢᠭᠦᠯᠵᠦ᠂ ᠦᠨ᠎ᠡ | ᠬᠠᠩᠰᠢ ᠶᠢ ᠪᠠᠭᠤᠷᠠᠭᠤᠯᠬᠤ ᠲᠥᠰᠥᠯ ᠢᠶᠠᠨ ᠰᠢᠨᠵᠢᠯᠡᠬᠦ ᠤᠬᠠᠭᠠᠨᠴᠢ ᠪᠠᠷ ᠰᠢᠨᠵᠢᠨ ᠪᠣᠳᠣᠬᠤ ᠪᠠ ᠲᠣᠭᠲᠠᠭᠠᠵᠤ᠂ | ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠵᠢᠷᠤᠮ ᠢ ᠴᠡᠭᠴᠡᠯᠡᠨ ᠵᠠᠰᠠᠬᠤ ᠶᠢ ᠴᠢᠩᠭᠠᠳᠬᠠᠨ᠂ ᠦᠨ᠎ᠡ | ᠬᠠᠩᠰᠢ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠦᠷᠭᠦᠯᠵᠢᠯᠡᠨ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠥᠷᠥ ᠶᠢᠨ ᠪᠣᠳᠣᠯᠭ᠎ᠠ ᠪᠠᠷ ᠬᠤᠯᠪᠣᠭᠠᠯᠠᠨ ᠦᠢᠯᠡᠳᠦᠯᠴᠡᠬᠦ ᠶᠢ | ᠴᠢᠩᠭᠠᠳᠬᠠᠨ᠂ ᠲᠥᠷᠥ ᠶᠢᠨ ᠪᠣᠳᠣᠯᠭ᠎ᠠ ᠶᠢᠨ ᠬᠠᠮᠲᠤᠷᠠᠯ ᠢ ᠰᠢᠯᠢᠳᠡᠭᠵᠢᠭᠦᠯᠵᠦ᠂ ᠯᠠᠪᠳᠠᠭᠤᠨ ᠢᠶᠠᠷ ᠬᠡᠷᠡᠭᠵᠢᠭᠦᠯᠬᠦ ᠶᠢ | ᠪᠠᠲᠤᠯᠠᠬᠤ ᠬᠡᠷᠡᠭᠲᠡᠢ ᠭᠡᠵᠦ ᠱᠠᠭᠠᠷᠳᠠᠵᠠᠢ᠃ ᠭᠤᠷᠪᠠ ᠳᠤ᠂ ᠡᠯ᠎ᠡ ᠭᠠᠵᠠᠷ ᠤᠨ ᠬᠢᠨ ᠢ ᠬᠢᠨᠠᠨ ᠪᠠᠶᠢᠴᠠᠭᠠᠵᠤ ᠦᠷ᠎ᠡ | ᠪᠦᠲᠦᠮᠵᠢ ᠠᠰᠠᠭᠤᠨ ᠬᠡᠯᠡᠯᠴᠡᠬᠦ ᠪᠠᠨ ᠴᠢᠩᠭᠠᠳᠬᠠᠨ᠂ ᠠᠵᠢᠯ ᠤᠨ ᠠᠬᠢᠯᠲᠠ ᠶᠢᠨ ᠪᠠᠶᠢᠳᠠᠯ ᠢ ᠴᠠᠭ ᠲᠤᠬᠠᠢ ᠳᠤ ᠨᠢ | ᠦᠨᠡᠯᠡᠨ ᠵᠢᠱᠢᠵᠦ᠂ ᠬᠦᠷᠦᠯᠴᠡᠬᠦ ᠦᠭᠡᠢ ᠲᠠᠯ᠎ᠠ ᠪᠠᠨ ᠡᠷᠢᠨ᠂ ᠠᠵᠢᠯ ᠢᠶᠠᠨ ᠬᠠᠯᠠᠨ ᠰᠠᠶᠢᠵᠢᠷᠠᠭᠤᠯᠵᠤ᠂ ᠵᠢᠱᠢᠭᠰᠡᠨ | ᠬᠠᠷᠠᠯᠲᠠ ᠪᠠᠨ ᠲᠡᠷᠡ ᠶᠣᠰᠣᠭᠠᠷ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠤᠯᠤᠰ ᠤᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠡᠯ᠎ᠡ ᠭᠠᠵᠠᠷ ᠤᠨ ᠠᠵᠢᠯ ᠤᠨ ᠠᠬᠢᠯᠲᠠ ᠶᠢᠨ ᠪᠠᠶᠢᠳᠠᠯ ᠢ | ᠪᠦᠬᠦ ᠶᠠᠪᠤᠴᠠ ᠪᠠᠷ ᠮᠥᠷᠳᠡᠨ ᠪᠠᠶᠢᠴᠠᠭᠠᠵᠤ᠂ ᠵᠠᠷᠯᠢᠭ ᠪᠠᠶᠢᠭᠠᠳ ᠬᠡᠷᠡᠭᠵᠢᠭᠦᠯᠬᠦ ᠦᠭᠡᠢ᠂ ᠠᠬᠢᠯᠲᠠ ᠨᠢ ᠤᠳᠠᠭᠠᠨ | ᠪᠠᠶᠢᠬᠤ ᠭᠠᠵᠠᠷ ᠣᠷᠣᠨ ᠳᠤ ᠲᠤᠰᠬᠠᠶᠢᠯᠠᠨ ᠰᠢᠮᠳᠠᠭᠤᠯᠤᠨ ᠪᠠᠶᠢᠴᠠᠭᠠᠬᠤ ᠪᠠᠷ ᠵᠣᠬᠢᠶᠠᠨ ᠪᠠᠶᠢᠭᠤᠯᠤᠨ᠎ᠠ᠃ | ᠳᠥᠷᠪᠡ ᠳᠤ᠂ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠢ ᠲᠥᠷᠥ ᠶᠢᠨ | ᠪᠣᠳᠣᠯᠭ᠎ᠠ ᠳᠤ ᠤᠬᠠᠭᠤᠯᠭ᠎ᠠ ᠲᠠᠶᠢᠯᠤᠮᠵᠢ ᠬᠢᠬᠦ ᠶᠢ ᠰᠠᠨᠠᠭᠠᠴᠢᠯᠠᠭ᠎ᠠ ᠠᠴᠠ ᠪᠠᠨ ᠴᠢᠩᠭᠠᠳᠬᠠᠵᠤ᠂ ᠨᠡᠶᠢᠭᠡᠮ ᠤᠨ | ᠬᠠᠯᠠᠮᠵᠢᠯᠠᠨ ᠠᠩᠬᠠᠷᠴᠤ ᠪᠠᠶᠢᠭ᠎ᠠ ᠠᠰᠠᠭᠤᠳᠠᠯ ᠳᠤ ᠴᠠᠭ ᠲᠤᠬᠠᠢ ᠳᠤ ᠨᠢ ᠬᠠᠷᠢᠭᠤ ᠲᠤᠰᠬᠠᠬᠤ ᠬᠡᠷᠡᠭᠲᠡᠢ ᠭᠡᠵᠦ | ᠱᠠᠭᠠᠷᠳᠠᠵᠠᠢ᠃ | ᠵᠢᠯᠣᠭᠤᠳᠬᠤ ᠰᠠᠨᠠᠯ ᠳᠤ᠂ ᠡᠯ᠎ᠡ ᠭᠠᠵᠠᠷ ᠣᠷᠣᠨ ᠤ ᠬᠢᠨ ᠤᠯᠤᠰ ᠤᠨ ᠥᠮᠴᠢᠯᠡᠯᠲᠦ ᠭᠤᠣᠯᠳᠠᠯᠭ᠎ᠠ ᠲᠠᠢ | ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠬᠡᠳᠦ ᠥᠨᠳᠥᠷ ᠦᠨ᠎ᠡ ᠬᠠᠩᠰᠢ ᠶᠢ ᠪᠠᠭᠤᠷᠠᠭᠤᠯᠬᠤ ᠳᠤ ᠪᠠᠨ | ᠬᠦᠨᠳᠦ ᠠᠴᠠ ᠵᠠᠶᠢᠯᠠᠨ ᠬᠥᠩᠭᠡᠨ ᠢ ᠨᠢ ᠡᠷᠢᠵᠦ᠂ ᠬᠡᠯᠪᠡᠷᠢ ᠶᠢᠨ ᠲᠡᠳᠦᠢ ᠶᠠᠪᠤᠭᠳᠠᠭᠤᠯᠤᠨ᠂ ᠬᠠᠰᠢ ᠶᠠᠰᠢ ᠪᠠᠷ | ᠠᠷᠭᠠᠴᠠᠭᠠᠵᠤ ᠪᠣᠯᠬᠤ ᠦᠭᠡᠢ︔ ᠡᠭᠦᠳᠡᠨ ᠪᠢᠯᠧᠲ ᠤᠨ ᠦᠨ᠎ᠡ ᠬᠠᠩᠰᠢ ᠶᠢ ᠪᠠᠭᠤᠷᠠᠭᠤᠯᠬᠤ ᠶᠢᠨ ᠬᠠᠮᠲᠤ᠂ | ᠦᠵᠡᠮᠵᠢ ᠶᠢᠨ ᠣᠷᠣᠨ ᠤ ᠳᠣᠲᠣᠷᠠᠬᠢ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠵᠤᠭᠠᠴᠠᠨ ᠲᠣᠭᠤᠷᠢᠬᠤ ᠪᠤᠰᠤᠳ | ᠦᠢᠯᠡᠴᠢᠯᠡᠭᠡ ᠶᠢᠨ ᠦᠨ᠎ᠡ ᠬᠠᠩᠰᠢ ᠶᠢ ᠥᠰᠬᠡᠵᠦ᠂ ᠬᠡᠯᠪᠡᠷᠢ ᠥᠭᠡᠷᠡᠲᠦᠭᠦᠯᠦᠨ ᠵᠢᠭᠤᠯᠴᠢᠳ ᠤᠨ ᠳᠠᠷᠤᠭᠠᠰᠤ ᠶᠢ | ᠨᠡᠮᠡᠭᠳᠡᠭᠦᠯᠵᠦ ᠪᠣᠯᠬᠤ ᠦᠭᠡᠢ ᠭᠡᠵᠦ ᠣᠨᠴᠠᠭᠠᠶᠢᠯᠠᠨ ᠴᠢᠬᠤᠯᠠᠴᠢᠯᠠᠵᠠᠢ᠃ |