ᠥᠪᠥᠷ ᠮᠣᠩᠭᠤᠯ ᠪᠠᠴᠢᠮ ᠠᠶᠤᠯᠲᠠᠢ ᠬᠦᠨᠳᠦ ᠡᠪᠡᠳᠴᠢᠲᠡᠨ ᠢ ᠴᠠᠭ ᠲᠤᠬᠠᠶ ᠳᠤᠨᠢ ᠰᠢᠯᠵᠢᠭᠦᠯᠦᠨ ᠡᠮᠨᠡᠬᠦ ᠬᠠᠭᠠᠰ ᠴᠠᠭ ᠤᠨ ︽ᠠᠪᠤᠷᠠᠨ ᠡᠮᠨᠡᠬᠦ ᠲᠣᠭᠤᠷᠢᠭ︾᠎ ᠢ ᠪᠠᠶᠢᠭᠤᠯᠵᠠᠢ
ᠨᠡᠶᠢᠲᠡᠯᠡᠭᠰᠡᠨ ᠴᠠᠭ᠄
2018/7/23
     ᠬᠠᠭᠠᠰ ᠵᠢᠯ ᠤᠨ ᠴᠢᠷᠮᠠᠶᠢᠯᠭ᠎ᠠ ᠪᠠᠷ ᠳᠠᠮᠵᠢᠨ᠂ ᠣᠳᠣᠬᠠᠨ ᠪᠣᠯᠲᠠᠯ᠎ᠠ᠂ ᠮᠠᠨ ᠤ ᠣᠷᠣᠨ ᠤ ᠡᠯ᠎ᠡ ᠬᠤᠣᠷ ᠲᠠᠲᠠᠬᠤ ᠶᠢ ᠠᠯᠪᠠᠳᠠᠨ ᠴᠡᠭᠡᠷᠯᠡᠭᠦᠯᠬᠦ ᠭᠠᠵᠠᠷ ᠴᠥᠮ ᠠᠪᠤᠷᠠᠨ ᠵᠠᠰᠬᠠᠤ ᠳᠤᠭᠤᠶᠢᠯᠠᠩ ︵ᠬᠤᠷᠰᠢᠭᠰᠠᠨ ᠡᠮᠨᠡᠯᠭᠡ ᠶᠢᠨ ᠬᠤᠷᠢᠶ᠎ᠠ ᠶᠢᠨ ᠬᠤᠷᠢᠭᠤᠯ ᠤᠨ ᠭᠠᠵᠠᠷ ᠲᠤ ᠰᠠᠭᠤᠭ᠎ᠠ ᠡᠮᠴᠢ ᠪᠠᠷ ᠪᠦᠷᠢᠯᠳᠦᠪᠡ︶᠂ ᠵᠢᠵᠢᠭᠦᠷᠯᠡᠵᠦ ᠪᠠᠶᠢᠭ᠎ᠠ ᠠᠷᠠᠳ ᠤᠨ ᠴᠠᠭᠳᠠᠭ᠎ᠠ ᠶᠢᠨ ᠠᠪᠤᠷᠠᠨ ᠡᠮᠨᠡᠬᠦ ᠳᠤᠭᠤᠶᠢᠯᠠᠩ ᠪᠣᠯᠣᠨ ᠬᠤᠣᠷ ᠲᠠᠲᠠᠬᠤ ᠪᠠᠨ ᠵᠣᠭᠰᠣᠬᠤ ᠬᠥᠮᠦᠰ ᠤᠨ ᠥᠪᠡᠷ ᠢ ᠪᠠᠨ ᠠᠪᠤᠷᠠᠬᠤ ᠳᠤᠭᠤᠶᠢᠯᠠᠩ ᠢᠶᠠᠷ ᠪᠦᠷᠢᠯᠳᠦᠭᠰᠡᠨ ᠭᠡᠨᠡᠳᠲᠡ ᠶᠢᠨ ᠡᠪᠡᠳᠴᠢᠨ ᠢ ᠠᠪᠤᠷᠠᠨ ᠵᠠᠰᠠᠬᠤ ᠭᠤᠷᠪᠠᠨ ᠱᠠᠲᠤ ᠶᠢᠨ ᠲᠣᠣᠷ ᠰᠦᠯᠵᠢᠶ᠎ᠡ ᠶᠢ ᠪᠠᠶᠢᠭᠤᠯᠵᠤ᠂ ᠪᠠᠴᠢᠮ ᠠᠶᠤᠯᠲᠠᠢ ᠬᠦᠨᠳᠦ ᠡᠪᠡᠳᠴᠢᠲᠡᠨ ᠤ ᠬᠠᠭᠠᠰ ᠴᠠᠭ ᠤᠨ ︽ᠠᠪᠤᠷᠠᠨ ᠵᠠᠰᠠᠬᠤ ᠲᠣᠭᠤᠷᠢᠭ︾᠎ ᠢ ᠪᠣᠢ ᠪᠣᠯᠭᠠᠵᠤ᠂ ᠪᠠᠴᠢᠮ ᠠᠶᠤᠯᠲᠠᠢ ᠬᠦᠨᠳᠦ ᠨᠡᠷᠪᠡᠭᠳᠡᠭᠰᠡᠨ ᠬᠤᠣᠷ ᠲᠠᠲᠠᠬᠤ ᠶᠢ ᠠᠯᠪᠠᠳᠠᠨ ᠴᠡᠭᠡᠷᠯᠡᠭᠦᠯᠬᠦ ᠬᠥᠮᠦᠰ ᠢ 30 ᠮᠢᠨᠦ᠋ᠲ ᠳᠤ ᠬᠤᠷᠰᠢᠭᠰᠠᠨ ᠡᠮᠨᠡᠯᠭᠡ ᠶᠢᠨ ᠬᠤᠷᠢᠶᠠᠨ ᠳᠤ ᠰᠢᠯᠵᠢᠭᠦᠯᠦᠨ ᠪᠦᠲᠦᠮᠵᠢᠲᠡᠶ ᠪᠠᠷ ᠠᠪᠤᠷᠠᠨ ᠡᠮᠨᠡᠬᠦ ᠶᠢ ᠪᠡᠶᠡᠯᠡᠭᠦᠯᠦᠭᠰᠡᠨ ᠪᠠᠶᠢᠨ᠎ᠠ᠃      ᠣᠶᠢᠯᠠᠭᠠᠭᠰᠠᠨ ᠢᠶᠠᠷ᠂ ᠡᠨᠡ ᠵᠢᠯ ᠠᠴᠠ ᠨᠠᠰᠢ᠂ ᠥᠪᠡᠷᠲᠡᠭᠡᠨ ᠵᠠᠰᠠᠬᠤ ᠣᠷᠣᠨ ᠤ ᠬᠤᠣᠷ ᠲᠠᠲᠠᠬᠤ ᠶᠢ ᠴᠡᠭᠡᠷᠯᠡᠭᠦᠯᠬᠦ ᠬᠠᠮᠢᠶᠠᠷᠤᠯᠲᠠ ᠶᠢᠨ ᠲᠣᠪᠴᠢᠶ᠎ᠠ ᠨᠢ ︽ᠠᠪᠤᠷᠠᠨ ᠵᠠᠰᠠᠬᠤ ᠭᠤᠷᠪᠠᠨ ᠱᠠᠲᠤ ᠶᠢᠨ ᠲᠣᠣᠷ ᠰᠦᠯᠵᠢᠶ᠎ᠡ ᠶᠢ ᠪᠠᠶᠢᠭᠤᠯᠵᠤ᠂ ᠪᠠᠴᠢᠮ ᠠᠶᠤᠯᠲᠠᠢ ᠬᠦᠨᠳᠦ ᠡᠪᠡᠳᠴᠢᠲᠡᠨ ᠢ ᠠᠪᠤᠷᠠᠨ ᠡᠮᠨᠡᠬᠦ ᠲᠣᠭᠤᠷᠢᠭ ᠢ ᠪᠣᠢ ᠪᠣᠯᠭᠠᠬᠤ︾᠎ ᠶᠢ ᠣᠨ ᠤ ᠭᠤᠣᠯᠳᠠᠯᠭᠠᠲᠤ ᠠᠵᠢᠯ ᠳᠠᠭᠠᠨ ᠣᠷᠤᠭᠤᠯᠤᠨ᠂ ᠬᠤᠣᠷ ᠲᠠᠲᠠᠬᠤ ᠶᠢ ᠠᠯᠪᠠᠳᠠᠨ ᠴᠡᠭᠡᠷᠯᠡᠭᠦᠯᠬᠦ ᠬᠥᠮᠦᠰ ᠥᠪᠡᠷ ᠢ ᠪᠠᠨ ᠠᠪᠣᠷᠠᠬᠤ ᠪᠠ ᠬᠠᠷᠢᠯᠴᠠᠨ ᠠᠪᠣᠷᠠᠬᠤ᠂ ᠵᠢᠵᠢᠭᠦᠷᠯᠡᠵᠦ ᠪᠠᠶᠢᠭ᠎ᠠ ᠠᠷᠠᠳ ᠤᠨ ᠴᠠᠭᠳᠠᠭ᠎ᠠ ᠲᠦᠷᠭᠡᠨ ᠠᠪᠤᠷᠠᠬᠤ᠂ ᠡᠮᠨᠡᠯᠭᠡ ᠶᠢᠨ ᠠᠵᠢᠯᠲᠠᠨ ᠠᠪᠤᠷᠠᠨ ᠡᠮᠨᠡᠬᠦ ᠭᠤᠷᠪᠠᠨ ᠱᠠᠲᠤᠨ ᠤ ᠲᠣᠣᠷ ᠰᠦᠯᠵᠢᠶ᠎ᠡ ᠶᠢ ᠬᠦᠴᠦᠯᠡᠨ ᠪᠤᠢ ᠪᠣᠯᠭᠠᠵᠠᠢ᠃ ᠠᠷᠠᠳ ᠤᠨ ᠴᠠᠭᠳᠠᠭ᠎ᠠ ᠪᠣᠯᠤᠨ ᠬᠤᠣᠷ ᠲᠠᠲᠠᠬᠤ ᠶᠢ ᠠᠯᠪᠠᠳᠠᠨ ᠴᠡᠭᠡᠷᠯᠡᠭᠦᠯᠬᠦ ᠬᠥᠮᠦᠰ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠤᠷ᠎ᠠ ᠴᠢᠳᠠᠪᠤᠷᠢ ᠶᠢᠨ ᠲᠤᠰᠬᠠᠶ ᠮᠡᠷᠭᠡᠵᠢᠯ ᠤᠨ ᠪᠣᠯᠪᠠᠰᠤᠷᠠᠭᠤᠯᠤᠯ ᠪᠣᠯᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠮᠡᠳᠡᠯᠭᠡ ᠶᠢᠨ ᠲᠤᠬᠠᠶ ᠤᠬᠠᠭᠤᠯᠭ᠎ᠠ ᠥᠷᠨᠢᠭᠦᠯᠬᠦ ᠪᠠᠷ ᠳᠠᠮᠵᠢᠵᠤ᠂ ᠡᠯ᠎ᠡ ᠬᠤᠣᠷ ᠲᠠᠲᠠᠬᠤ ᠶᠢ ᠠᠯᠪᠠᠳᠠᠨ ᠴᠡᠭᠡᠷᠯᠡᠭᠦᠯᠬᠦ ᠭᠠᠵᠠᠷ ᠤᠳ ᠭᠡᠨᠡᠳᠲᠡ ᠶᠢᠨ ᠡᠪᠡᠳᠴᠢᠨ ᠢ ᠡᠬᠢᠨ ᠤ ᠬᠤᠭᠤᠴᠠᠭᠠᠨ ᠳᠤᠨᠢ ᠢᠯᠭᠠᠨ ᠲᠠᠨᠢᠬᠤ ᠪᠠ ᠰᠢᠶᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠠᠪᠤᠷᠠᠨ ᠡᠮᠨᠡᠭᠰᠡᠨ ᠡᠪᠡᠳᠴᠢᠨ ᠤ ᠵᠢᠱᠢᠶ᠎ᠡ᠂ ᠡᠮᠨᠡᠨ ᠡᠳᠡᠭᠡᠷᠡᠭᠦᠯᠦᠭᠰᠡᠨ ᠨᠤᠷᠮ᠎ᠠ ᠨᠢ ᠦᠷᠭᠦᠯᠵᠢᠯᠡᠨ ᠳᠡᠭᠡᠭᠰᠢᠯᠡᠬᠦ ᠬᠠᠨᠳᠤᠰᠢ ᠲᠠᠢ ᠪᠣᠯᠪᠠ᠃ ᠭᠤᠷᠪᠠᠨ ᠱᠠᠲᠤᠨ ᠪ᠊ ᠠᠪᠤᠷᠠᠨ ᠵᠠᠰᠠᠬᠤ ᠲᠣᠣᠷ ᠰᠦᠯᠵᠢᠶ᠎ᠡ ᠪᠠᠶᠢᠭᠤᠯᠤᠭᠳᠠᠭᠰᠠᠨ ᠨᠢ᠂ ︽ᠡᠬᠢ ᠪᠠᠶᠠᠯᠢᠭ ᠢ ᠬᠠᠮᠲᠤ ᠪᠠᠷ ᠬᠦᠷᠲᠡᠬᠦ᠂ ᠲᠦᠷᠭᠡᠨ ᠤᠳᠠᠭᠠᠨ ᠢ ᠰᠠᠯᠭᠠᠨ ᠵᠠᠰᠠᠬᠤ᠂ ᠳᠡᠭᠡᠳᠦ ᠳᠣᠣᠷᠠᠳᠤ ᠱᠠᠲᠤ ᠬᠠᠮᠲᠤᠷᠠᠨ ᠬᠥᠳᠡᠯᠦᠯᠴᠡᠬᠦ᠂ ᠮᠡᠳᠡᠭᠡ ᠵᠠᠩᠭᠢ ᠪᠠᠨ ᠬᠠᠷᠢᠯᠴᠠᠨ ᠨᠡᠪᠲᠡᠷᠡᠯᠴᠡᠬᠦ︾᠎ ᠶᠢ ᠪᠦᠲᠦᠮᠵᠢᠲᠡᠶ ᠪᠡᠶᠡᠯᠡᠭᠦᠯᠵᠦ᠂ ᠭᠡᠨᠡᠳᠲᠡ ᠶᠢᠨ ᠡᠪᠡᠳᠴᠢᠨ ᠢ ᠡᠬᠢᠨ ᠤ ᠬᠤᠭᠤᠴᠠᠭᠠᠨ ᠳᠤᠨᠢ ᠠᠪᠤᠷᠠᠨ ᠵᠠᠰᠠᠬᠤ ᠴᠠᠭ ᠢ ᠬᠠᠮᠤᠭ ᠤᠨ ᠶᠡᠭᠡ ᠬᠡᠮᠵᠢᠶ᠎ᠡ ᠪᠠᠷ ᠪᠣᠭᠤᠨᠢᠰᠬᠠᠨ᠂ ᠠᠪᠤᠷᠠᠨ ᠵᠠᠰᠠᠬᠤ ᠡᠳᠡᠭᠡᠷᠡᠯᠲᠡ ᠶᠢᠨ ᠨᠤᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠭᠰᠡᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号