ᠮᠠᠨ ᠤ ᠣᠷᠣᠨ ᠠᠭᠠᠳᠠᠷ ᠪᠣᠷᠣᠭᠠᠨ ᠤ ᠪᠠᠴᠢᠮ ᠪᠠᠶᠢᠳᠠᠯ ᠢ ᠠᠷᠭᠠᠴᠠᠬᠤ Ⅳ ᠳᠡᠰ ᠤᠨ ᠲᠣᠰᠬᠠᠯ ᠢ ᠡᠬᠢᠯᠡᠭᠦᠯᠪᠡ
ᠨᠡᠶᠢᠲᠡᠯᠡᠭᠰᠡᠨ ᠴᠠᠭ᠄
2018/7/24
     7 ᠳ᠋ᠤᠭᠠᠷ ᠰᠠᠷ᠎ᠠ ᠶᠢᠨ 23᠎ ᠤ ᠡᠳᠦᠷ᠂ ᠮᠠᠨ ᠤ ᠣᠷᠣᠨ ᠴᠢᠬᠤᠯᠠ ᠶᠡᠭᠡ ᠴᠠᠭ ᠠᠭᠤᠷ ᠤᠨ ᠭᠠᠮᠰᠢᠭ ︵ᠠᠭᠠᠳᠠᠷ ᠪᠣᠷᠤᠭ᠎ᠠ︶᠎ ᠤᠨ ᠪᠠᠴᠢᠮ ᠪᠠᠶᠢᠳᠠᠯ ᠢ ᠠᠷᠭᠠᠴᠠᠬᠤ  Ⅳ ᠳᠡᠰ ᠤᠨ ᠲᠣᠰᠬᠠᠯ ᠢ ᠡᠬᠢᠯᠡᠨ ᠬᠡᠷᠡᠭᠵᠢᠭᠦᠯᠪᠡ᠃ 7 ᠳ᠋ᠤᠭᠠᠷ ᠰᠠᠷ᠎ᠠ ᠶᠢᠨ 23᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠥᠷᠲᠡᠭᠡ ᠠᠴᠠ ᠠᠭᠠᠳᠠᠷ ᠪᠣᠷᠣᠭᠠᠨ ᠤ ᠰᠢᠷ᠎ᠠ ᠥᠩᠭᠡᠲᠦ ᠰᠡᠷᠡᠮᠵᠢᠯᠡᠭᠦᠯᠦᠯ ᠤᠨ ᠳᠣᠬᠢᠶ᠎ᠠ ᠨᠡᠶᠢᠲᠡᠯᠡᠵᠦ᠂ ᠢᠷᠡᠬᠦ 6 ᠴᠠᠭ ᠤᠨ ᠳᠣᠲᠣᠷ᠎ᠠ᠂ ᠠᠯᠠᠱᠠᠨ ᠠᠶᠢᠮᠠᠭ ᠤᠨ ᠵᠡᠭᠦᠨ ᠬᠡᠰᠡᠭ᠂ ᠪᠠᠶᠠᠨᠨᠠᠭᠤᠷ ᠬᠤᠲᠠ ᠶᠢᠨ ᠡᠮᠦᠨ᠎ᠡ ᠬᠡᠰᠡᠭ᠂ ᠦᠬᠠᠶ ᠬᠤᠳᠠ᠂ ᠣᠷᠳᠣᠰ ᠬᠤᠲᠠ ᠶᠢᠨ ᠬᠤᠶᠢᠲᠤ ᠬᠡᠰᠡᠭ᠂ ᠪᠤᠭᠤᠲᠤ ᠬᠤᠲᠠ ᠶᠢᠨ ᠪᠠᠷᠠᠭᠤᠨ ᠬᠡᠰᠡᠭ ᠤᠨ ᠭᠠᠵᠠᠷ ᠣᠷᠣᠨ ᠳᠤ ᠬᠤᠷ᠎ᠠ ᠲᠤᠨᠳᠠᠰᠤᠨ ᠤ ᠬᠡᠮᠵᠢᠶ᠎ᠡ ᠨᠢ ᠨᠢᠭᠡᠨᠲᠡ 50 ᠮᠢᠯᠢᠮᠧᠲᠷ ᠠᠴᠠ ᠳᠡᠭᠡᠭᠰᠢ ᠳᠤ ᠬᠦᠷᠬᠦ ᠮᠥᠷᠲᠡᠭᠡᠨ ᠪᠤᠷᠤᠭᠠᠨ ᠪᠠᠰᠠ ᠥᠷᠭᠦᠯᠵᠢᠯᠡᠵᠦ ᠮᠡᠳᠡᠨ᠎ᠡ᠃ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠥᠷᠲᠡᠭᠡᠨ ᠤ ᠨᠡᠶᠢᠲᠡᠯᠡᠭᠰᠡᠨ ᠢᠷᠡᠬᠦ ᠬᠤᠶᠠᠷ ᠡᠳᠦᠷ ᠲᠤ ᠢᠯᠡᠳᠲᠡ ᠪᠣᠷᠣᠭᠠᠨ ᠣᠷᠣᠬᠤ ᠤᠷᠢᠳᠴᠢᠯᠠᠭᠰᠠᠨ ᠮᠡᠳᠡᠭᠡᠯᠡᠯ ᠢ ᠦᠨᠳᠦᠰᠦᠯᠡᠪᠡᠯ᠂ ᠬᠥᠬᠡᠬᠤᠲᠠ ᠶᠢᠨ ᠳᠤᠮᠳᠠ ᠬᠡᠰᠡᠭ ᠪᠠ ᠬᠤᠶᠢᠲᠤ ᠬᠡᠰᠡᠭ᠂ ᠤᠯᠠᠭᠠᠨᠴᠠᠪ ᠬᠤᠲᠠ ᠵᠨ ᠬᠤᠶᠢᠲᠤ ᠬᠡᠰᠡᠭ᠂ ᠰᠢᠯᠢ ᠶᠢᠨ ᠭᠤᠣᠯ ᠠᠶᠢᠮᠠᠭ ᠤᠨ ᠬᠤᠶᠢᠲᠤ ᠬᠡᠰᠡᠭ ᠪᠠ ᠵᠡᠭᠦᠨ ᠡᠮᠦᠨᠡᠲᠦ ᠬᠡᠰᠡᠭ᠂ ᠤᠯᠠᠭᠠᠨᠬᠠᠳᠠ ᠬᠤᠲᠠ ᠶᠢᠨ ᠶᠡᠬᠡᠩᠬᠢ ᠬᠡᠰᠡᠭ᠂ ᠲᠦᠩᠯᠢᠶᠣᠤ ᠬᠤᠳᠠ᠂ ᠬᠢᠩᠭᠠᠨ ᠠᠶᠢᠮᠠᠭ᠂ ᠬᠥᠯᠥᠨ ᠪᠤᠶᠢᠢᠷ ᠬᠤᠳᠠ ᠶᠢᠨ ᠳᠤᠮᠳᠠᠳᠤ ᠡᠮᠦᠨᠡᠲᠦ ᠬᠡᠰᠡᠭ ᠲᠤ ᠬᠤᠷ᠎ᠠ ᠲᠤᠨᠳᠠᠰᠤᠨ ᠤ ᠬᠡᠮᠵᠢᠶ᠎ᠡ 25᠎ ᠠᠴᠠ 49.9 ᠮᠢᠯᠢᠮᠧᠲᠷ ᠲᠤ ᠬᠦᠷᠦᠨ᠎ᠡ︔ ᠤᠯᠠᠭᠠᠨᠬᠠᠳᠠ ᠬᠤᠲᠠ ᠶᠢᠨ ᠡᠮᠦᠨᠡᠲᠦ ᠬᠡᠰᠡᠭ᠂ ᠲᠦᠩᠯᠢᠶᠣᠤ ᠬᠤᠲᠠ ᠶᠢᠨ ᠪᠠᠷᠠᠭᠤᠨ ᠡᠮᠦᠨᠡᠲᠦ ᠬᠡᠰᠡᠭ᠂ ᠬᠢᠩᠭᠠᠨ ᠠᠶᠢᠮᠠᠭ ᠤᠨ ᠬᠤᠶᠢᠲᠦ ᠬᠡᠰᠡᠭ᠂ ᠬᠥᠯᠥᠨ ᠪᠤᠶᠢᠷ ᠬᠤᠲᠠ ᠶᠢᠨ ᠡᠮᠦᠨ᠎ᠡ ᠬᠡᠰᠡᠭ ᠲᠤ ᠬᠤᠷ᠎ᠠ ᠲᠤᠨᠳᠠᠰᠤᠨ ᠤ ᠬᠡᠮᠵᠢᠶ᠎ᠡ 50᠎ ᠠᠴᠠ 99.9 ᠮᠢᠯᠢᠮᠧᠲᠷ ᠲᠤ ᠬᠦᠷᠦᠨ᠎ᠡ︔ ᠤᠯᠠᠭᠠᠨᠬᠠᠳᠠ ᠬᠤᠲᠠ ᠶᠢᠨ ᠡᠮᠦᠨ᠎ᠡ ᠬᠡᠰᠡᠭ ᠤᠨ ᠡᠮᠦᠨᠡᠭᠦᠷ᠂ ᠬᠢᠩᠭᠠᠨ ᠠᠶᠢᠮᠠᠭ ᠤᠨ ᠪᠠᠷᠠᠭᠤᠨ ᠬᠤᠶᠢᠲᠤ ᠬᠡᠰᠡᠭ᠂ ᠬᠥᠯᠥᠨ ᠪᠣᠶᠢᠷ ᠬᠤᠲᠠ ᠶᠢᠨ ᠡᠮᠦᠨᠡᠲᠦ ᠬᠡᠰᠡᠭ ᠤᠨ ᠡᠮᠦᠨᠡᠭᠦᠷ ᠬᠡᠰᠡᠭ ᠲᠤ ᠬᠤᠷ᠎ᠠ ᠲᠤᠨᠳᠠᠰᠤᠨ ᠤ ᠬᠡᠮᠵᠢᠶ᠎ᠡ ᠨᠢ 100 ᠮᠢᠯᠢᠮᠧᠲᠷ ᠠᠴᠠ ᠳᠡᠭᠡᠭᠰᠢ ᠳᠤ ᠬᠦᠷᠴᠦ᠂ ᠵᠢᠷᠪᠢᠰᠬᠢᠨ ᠰᠢᠷᠦᠭᠦᠨ ᠪᠣᠷᠣᠭᠠᠨ᠂ ᠠᠶᠤᠩᠭ᠎ᠠ ᠴᠠᠬᠢᠯᠭᠠᠨ᠂ ᠳᠣᠭᠰᠢᠨ ᠰᠠᠯᠬᠢ ᠵᠡᠷᠭᠡ ᠰᠣᠯᠢᠭ ᠤᠷᠤᠰᠬᠠᠯᠲᠤ ᠠᠭᠤᠷ ᠠᠮᠢᠰᠬᠤᠯ ᠬᠠᠪᠰᠤᠷᠭᠠᠵᠤ᠂  ᠠᠭᠤᠯᠠᠨ ᠦᠶᠡᠷ᠂ ᠳᠤᠮᠳᠠ ᠵᠢᠵᠢᠭ ᠭᠤᠣᠯ ᠮᠥᠷᠡᠨ ᠤ ᠦᠶᠡᠷ ᠤᠰᠤ᠂ ᠭᠠᠵᠠᠷ ᠵᠦᠢ ᠶᠢᠨ ᠭᠠᠶ ᠭᠠᠮᠰᠢᠭ᠂ ᠬᠤᠲᠠ ᠶᠢᠨ ᠤᠰᠤᠲᠤᠯ ᠵᠡᠷᠭᠡ ᠬᠤᠶᠠᠳᠠᠭᠴᠢ ᠪᠤᠶᠤ ᠡᠭᠦᠰᠦᠮᠡᠯ ᠭᠠᠮᠰᠢᠭ ᠬᠢᠯᠪᠠᠷᠬᠠᠨ ᠡᠭᠦᠰᠴᠦ ᠮᠡᠳᠡᠨ᠎ᠡ᠃       ᠣᠳᠣᠬᠠᠨ ᠳᠤ᠂ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ ᠶᠢᠨ ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ ᠤᠳ ᠨᠢᠭᠡᠨᠲᠡ ᠠᠭᠠᠳᠠᠷ ᠪᠣᠷᠣᠭᠠᠨ ᠤ ᠪᠠᠴᠢᠮ ᠪᠠᠶᠢᠳᠠᠯ ᠢ ᠠᠷᠭᠠᠴᠠᠬᠤ  Ⅳ ᠳᠡᠰ ᠤᠨ ᠲᠣᠰᠬᠠᠯ ᠤᠨ ᠠᠵᠢᠯ ᠤᠨ ᠪᠠᠶᠢᠳᠠᠯ ᠳᠤ ᠣᠷᠣᠪᠠ᠂ ᠡᠯ᠎ᠡ ᠠᠶᠢᠮᠠᠭ ᠬᠤᠲᠠ ᠶᠢᠨ ᠴᠠᠭ ᠠᠭᠤᠷ ᠤᠨ ᠲᠣᠪᠴᠢᠶ᠎ᠠ ᠴᠤ ᠪᠣᠳᠠᠲᠤ ᠪᠠᠶᠢᠳᠠᠯ ᠢᠶᠠᠨ ᠦᠨᠳᠦᠰᠦᠯᠡᠨ ᠪᠠᠴᠢᠮ ᠪᠠᠶᠢᠳᠠᠯ ᠢ ᠠᠷᠭᠠᠴᠠᠬᠤ ᠵᠣᠬᠢᠴᠠᠩᠭᠤᠢ ᠳᠡᠰ ᠤᠨ ᠲᠤᠰᠬᠠᠯ ᠢ ᠮᠠᠭᠠᠳᠯᠠᠨ ᠬᠡᠷᠡᠭᠵᠢᠭᠦᠯᠦᠭᠰᠡᠨ ᠪᠤᠶᠤ  ᠲᠣᠬᠢᠷᠠᠭᠤᠯᠤᠭᠰᠠᠨ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号