ᠥᠪᠥᠷ ᠮᠣᠩᠭᠤᠯ ᠨᠡᠶᠢᠭᠡᠮ ᠤᠨ ᠳᠠᠭᠠᠳᠬᠠᠯ ᠤᠨ ᠵᠠᠷᠤᠳᠠᠯ ᠤᠨ ᠨᠣᠷᠮ᠎ᠠ ᠶᠢ ᠱᠠᠲᠤᠯᠢᠭ ᠴᠢᠨᠠᠷᠲᠠᠶ ᠪᠠᠷ ᠦᠷᠭᠦᠯᠵᠢᠯᠡᠨ ᠪᠠᠭᠤᠷᠠᠭᠤᠯᠪᠠ
ᠨᠡᠶᠢᠲᠡᠯᠡᠭᠰᠡᠨ ᠴᠠᠭ᠄
2018/7/25
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠣᠶᠢᠷ᠎ᠠ ᠳᠤ ︽ᠨᠡᠶᠢᠭᠡᠮ ᠤᠨ ᠳᠠᠭᠠᠳᠬᠠᠯ ᠤᠨ ᠵᠠᠷᠤᠳᠠᠯ ᠤᠨ ᠨᠣᠷᠮ᠎ᠠ ᠶᠢ ᠱᠠᠲᠤᠯᠢᠭ ᠴᠢᠨᠠᠷᠲᠠᠶ ᠪᠠᠷ ᠦᠷᠭᠦᠯᠵᠢᠯᠡᠨ ᠪᠠᠭᠤᠷᠠᠭᠤᠯᠬᠤ ᠲᠤᠬᠠᠶ ᠮᠡᠳᠡᠭᠳᠡᠯ︾ ︵ᠥᠪᠥᠷ ᠬᠦᠮᠦᠨ ᠨᠡᠶᠢᠭᠡᠮ ᠲᠠᠷᠬᠠᠭᠠᠭᠰᠠᠨ ﹇2018﹈ 26 ᠳ᠋ᠤᠭᠠᠷ ᠲᠣᠭᠠᠲᠤ︶᠎ ᠢ ᠳᠠᠷᠤᠮᠠᠯᠯᠠᠨ ᠲᠠᠷᠬᠠᠭᠠᠵᠤ᠂ ᠥᠪᠡᠷᠲᠡᠭᠡᠨ ᠵᠠᠰᠠᠬᠤ ᠣᠷᠣᠨ ᠨᠡᠶᠢᠭᠡᠮ ᠤᠨ ᠳᠠᠭᠠᠳᠬᠠᠯ ᠤᠨ ᠵᠠᠷᠤᠳᠠᠯ ᠤᠨ ᠨᠣᠷᠮ᠎ᠠ ᠶᠢ ᠱᠠᠲᠤᠯᠢᠭ ᠴᠢᠨᠠᠷᠲᠠᠶ ᠪᠠᠷ ᠦᠷᠭᠦᠯᠵᠢᠯᠡᠨ ᠪᠠᠭᠤᠷᠠᠭᠤᠯᠬᠤ ᠶᠢ ᠲᠣᠳᠣᠷᠬᠠᠶᠢᠯᠠᠪᠠ᠃      ᠪᠣᠳᠠᠲᠠᠶ ᠠᠷᠭ᠎ᠠ ᠬᠡᠮᠵᠢᠶ᠎ᠡ ᠭᠡᠪᠡᠯ᠄ ᠨᠢᠭᠡ᠂ 2018 ᠣᠨ ᠤ 5 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠨ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠨᠢᠭᠡᠴᠡ ᠠᠴᠠ ᠲᠤᠰᠢᠶᠠᠬᠤ ᠵᠠᠷᠤᠳᠠᠯ ᠤᠨ ᠬᠠᠷᠢᠴᠠᠯ ᠢ 20% ᠪᠠᠶᠢᠭᠰᠠᠨ ᠠᠴᠠ ᠨᠢ ᠱᠠᠲᠤᠯᠢᠭ ᠴᠢᠨᠠᠷᠲᠠᠶ ᠪᠠᠷ ᠪᠠᠭᠤᠷᠠᠭᠤᠯᠤᠭᠠᠳ 19% ᠪᠣᠯᠭᠠᠵᠤ᠂ 2019 ᠣᠨ ᠤ 4 ᠳ᠋ᠦ᠋ᠭᠡᠷ ᠰᠠᠷ᠎ᠠ ᠶᠢᠨ 30᠎ ᠤ ᠡᠳᠦᠷ ᠪᠣᠯᠲᠠᠯ᠎ᠠ ᠬᠡᠷᠡᠭᠵᠢᠭᠦᠯᠦᠨ᠎ᠡ᠃ ᠬᠤᠶᠠᠷ᠂ 2018 ᠣᠨ ᠤ 5 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠨ᠂ ︽ᠠᠵᠢᠯ ᠠᠯᠳᠠᠯᠲᠠ ᠶᠢᠨ ᠳᠠᠭᠠᠳᠬᠠᠯ ᠤᠨ ᠵᠠᠷᠤᠳᠠᠯ ᠤᠨ ᠨᠣᠷᠮ᠎ᠠ ᠶᠢ ᠱᠠᠲᠤᠯᠢᠭ ᠴᠢᠨᠠᠷᠲᠠᠶ ᠪᠠᠷ ᠪᠠᠭᠤᠷᠠᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠮᠡᠳᠡᠭᠳᠡᠯ︾ ︵ᠥᠪᠥᠷ ᠬᠥᠮᠦᠨ ᠨᠡᠶᠢᠭᠡᠮ ᠲᠠᠷᠬᠠᠭᠠᠭᠰᠠᠨ ﹇2017﹈ 25 ᠳ᠋ᠤᠭᠠᠷ ᠲᠣᠭᠠᠲᠤ︶᠎ ᠤᠨ ᠬᠡᠷᠡᠭᠵᠢᠭᠦᠯᠬᠦ ᠬᠤᠭᠤᠴᠠᠭ᠎ᠠ ᠶᠢ 2019 ᠣᠨ ᠤ 4 ᠳ᠋ᠦ᠋ᠭᠡᠷ ᠰᠠᠷ᠎ᠠ ᠶᠢᠨ 30᠎ ᠤ ᠡᠳᠦᠷ ᠪᠣᠯᠲᠠᠯ᠎ᠠ ᠤᠷᠲᠤᠳᠬᠠᠨ᠎ᠠ᠃ ᠭᠤᠷᠪᠠ᠂ 2018 ᠣᠨ ᠤ 5 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠨ᠂ ᠠᠵᠢᠯ ᠤᠨ ᠬᠠᠷᠠᠭ᠎ᠠ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠠᠭᠤᠷᠢ ᠮᠥᠩᠭᠦ ︵ᠨᠥᠭᠡᠴᠡ ᠮᠥᠩᠭᠦ ᠶᠢ ᠬᠠᠰᠤᠨ᠎ᠠ᠂ ᠳᠣᠷᠣᠭᠰᠢ ᠠᠳᠠᠯᠢ︶᠎ ᠶᠢᠨ ᠨᠡᠶᠢᠲᠡ ᠦᠯᠡᠳᠡᠪᠦᠷᠢ ᠶᠢᠨ ᠥᠭᠴᠥ ᠪᠣᠯᠬᠤ ᠰᠠᠷ᠎ᠠ ᠶᠢᠨ ᠲᠤᠭ᠎ᠠ ᠨᠢ 24 ᠰᠠᠷ᠎ᠠ ︵24 ᠰᠠᠷ᠎ᠠ ᠪᠠᠭᠲᠠᠨ᠎ᠠ︶᠎ ᠠᠴᠠ ᠳᠡᠭᠡᠭᠰᠢᠬᠢ ᠪᠠᠶᠢᠬᠤ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠳᠤ᠂ ᠤᠳᠤ ᠶᠢᠨ ᠬᠡᠷᠡᠭᠵᠢᠭᠦᠯᠵᠦ ᠪᠠᠶᠢᠭ᠎ᠠ ᠬᠤᠶᠠᠳᠤᠭᠠᠷ ᠲᠥᠷᠥᠯ ᠠᠴᠠ ᠨᠠᠢᠮᠠᠳᠤᠭᠠᠷ ᠲᠥᠷᠥᠯ ᠬᠦᠷᠲᠡᠯᠡᠬᠢ ᠵᠠᠷᠤᠳᠠᠯ ᠤᠨ ᠨᠤᠷᠮ᠎ᠠ ᠳᠤ ᠰᠠᠭᠤᠷᠢᠯᠠᠨ 50%᠎ ᠪᠠᠷ ᠪᠠᠭᠤᠷᠠᠭᠤᠯᠤᠨ᠎ᠠ︔ ᠨᠡᠶᠢᠲᠡ ᠦᠯᠡᠳᠡᠪᠦᠷᠢ ᠶᠢᠨ ᠥᠭᠴᠥ ᠪᠣᠯᠬᠤ ᠰᠠᠷ᠎ᠠ ᠶᠢᠨ ᠲᠤᠭ᠎ᠠ ᠨᠢ 18 ︵18 ᠰᠠᠷ᠎ᠠ ᠪᠠᠭᠲᠠᠨ᠎ᠠ︶᠎ ᠠᠴᠠ 23 ᠰᠠᠷ᠎ᠠ ᠶᠢᠨ ᠬᠤᠭᠤᠷᠤᠨᠳᠤ ᠪᠠᠶᠢᠬᠤ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠳᠤ᠂ ᠤᠳᠤ ᠶᠢᠨ ᠬᠡᠷᠡᠭᠵᠢᠭᠦᠯᠵᠦ ᠪᠠᠶᠢᠭ᠎ᠠ ᠬᠤᠶᠠᠳᠤᠭᠠᠷ ᠲᠥᠷᠥᠯ ᠠᠴᠠ ᠨᠠᠢᠮᠠᠳᠤᠭᠠᠷ ᠲᠥᠷᠥᠯ ᠬᠦᠷᠲᠡᠯᠡᠬᠢ ᠵᠠᠷᠤᠳᠠᠯ ᠤᠨ ᠨᠤᠷᠮ᠎ᠠ ᠳᠤ ᠰᠠᠭᠤᠷᠢᠯᠠᠨ 20%᠎ ᠪᠠᠷ ᠪᠠᠭᠤᠷᠠᠭᠤᠯᠤᠨ᠎ᠠ᠃  ᠪᠠᠭᠤᠷᠠᠭᠤᠯᠤᠭᠰᠠᠨ ᠵᠠᠷᠤᠳᠠᠯ ᠤᠨ ᠨᠣᠷᠮ᠎ᠠ ᠶᠢ 2019 ᠣᠨ ᠤ 4 ᠳ᠋ᠦ᠋ᠭᠡᠷ ᠰᠠᠷ᠎ᠠ ᠶᠢᠨ 30᠎ ᠤ ᠡᠳᠦᠷ ᠪᠣᠯᠲᠠᠯ᠎ᠠ ᠲᠦᠷ ᠬᠡᠷᠡᠭᠵᠢᠭᠦᠯᠦᠨ᠎ᠡ᠃ ᠨᠡᠶᠢᠲᠡ ᠦᠯᠡᠳᠡᠪᠦᠷᠢ ᠶᠢᠨ ᠥᠭᠴᠥ ᠪᠣᠯᠬᠤ ᠰᠠᠷ᠎ᠠ ᠶᠢᠨ ᠲᠤᠭ᠎ᠠ ᠨᠢ 18 ᠰᠠᠷ᠎ᠠ ᠠᠴᠠ ᠳᠣᠷᠤᠭᠰᠢᠬᠢ ᠪᠠᠶᠢᠬᠤ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠳᠤ᠂ ᠤᠯᠤᠰ ᠤᠨ ᠲᠣᠭᠲᠠᠭᠠᠯ ᠶᠣᠰᠣᠭᠠᠷ᠂ ᠠᠵᠢᠯ ᠤᠨ ᠬᠠᠷᠠᠭ᠎ᠠ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠵᠠᠷᠤᠳᠠᠯ ᠢ ᠱᠠᠲᠤᠯᠢᠭ ᠴᠢᠨᠠᠷᠲᠠᠶ ᠪᠠᠷ ᠪᠠᠭᠤᠷᠠᠭᠤᠯᠬᠤ ᠨᠤᠷᠮ᠎ᠠ ᠶᠢ ᠲᠦᠷ ᠬᠡᠷᠡᠭᠵᠢᠭᠦᠯᠬᠦ ᠦᠭᠡᠢ᠃ ᠡᠨᠡ ᠬᠦ ᠬᠤᠭᠤᠴᠠᠭᠠᠨ ᠳᠤ᠂ ᠤᠤᠯ ᠤᠨ ᠠᠵᠢᠯ ᠤᠨ ᠬᠠᠷᠠᠭ᠎ᠠ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠵᠠᠷᠤᠳᠠᠯ ᠤᠨ ᠨᠤᠷᠮ᠎ᠠ ᠶᠣᠰᠣᠭᠠᠷ ᠢᠯᠡᠭᠦᠴᠡ ᠲᠤᠰᠢᠶᠠᠭᠰᠠᠨ ᠳᠠᠭᠠᠳᠬᠠᠯ ᠤᠨ ᠵᠠᠷᠤᠳᠠᠯ ᠢᠶᠠᠨ ᠬᠤᠶᠢᠰᠢᠳᠠ ᠶᠢᠨ ᠪᠤᠰᠤᠳ ᠰᠠᠷ᠎ᠠ ᠶᠢᠨ ᠲᠤᠰᠢᠶᠠᠬᠤ ᠵᠠᠷᠤᠳᠠᠯ ᠳᠠᠭᠠᠨ ᠰᠠᠭᠤᠯᠭᠠᠵᠤ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号