ᠦᠪᠡᠷᠳᠡᠭᠡᠨ ᠵᠠᠰᠠᠬᠤ ᠤᠷᠤᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠬᠢᠩᠭᠠᠨ ᠠᠶᠢᠮᠠᠭ ᠤᠨ ᠶᠠᠳᠠᠭᠤ ᠬᠦᠴᠢᠷᠳᠡᠯᠳᠡᠢ ᠭᠠᠴᠠᠭ᠎ᠠ ︵ᠲᠤᠰᠬᠤᠨ︶᠎ ᠶᠢ ᠴᠢᠬ ᠲᠤᠬᠳᠠᠭᠠᠨ ᠬᠠᠪᠰᠤᠷᠤᠨ ᠲᠡᠳᠭᠦᠭᠦ ᠠᠵᠢᠯ ᠤᠨ ᠲᠤᠷᠰᠢᠯᠭ᠎ᠠ ᠰᠤᠯᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018/7/25
     7 ᠳ᠋ᠤᠭᠠᠷ ᠰᠠᠷ᠎ᠠ ᠶᠢᠨ 24᠎ ᠤ ᠡᠳᠦᠷ᠂ ᠦᠪᠡᠷᠳᠡᠭᠡᠨ ᠵᠠᠰᠠᠬᠤ ᠤᠷᠤᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠬᠢᠩᠭᠠᠨ ᠠᠶᠢᠮᠠᠭ ᠤᠨ ᠶᠠᠳᠠᠭᠤ ᠬᠦᠴᠢᠷᠳᠡᠯᠳᠡᠢ ᠭᠠᠴᠠᠭ᠎ᠠ ︵ᠲᠤᠰᠬᠤᠨ︶᠎ ᠶᠢ ᠴᠢᠬ ᠲᠤᠬᠳᠠᠭᠠᠨ ᠬᠠᠪᠰᠤᠷᠤᠨ ᠲᠡᠳᠭᠦᠭᠦ ᠠᠵᠢᠯ ᠤᠨ ᠲᠤᠷᠰᠢᠯᠭ᠎ᠠ ᠰᠤᠯᠢᠯᠴᠠᠬᠤ ᠬᠤᠷᠠᠯ ᠬᠦᠬᠡᠬᠤᠳᠠ ᠳᠤ ᠬᠤᠷᠠᠯᠳᠤᠪᠠ᠃ ᠬᠤᠷᠠᠯ ᠨᠢ ᠠᠵᠢᠯ ᠤᠨ ᠲᠤᠷᠰᠢᠯᠭ᠎ᠠ ᠪᠠᠨ ᠳ᠋ᠦᠩᠨᠡᠨ ᠰᠤᠯᠢᠯᠴᠠᠬᠤ ᠪᠠᠷ ᠲᠡᠮᠵᠢᠨ ᠰᠢᠨ᠎ᠠ ᠪᠠᠶᠢᠳᠠᠯ ᠲᠤᠤᠷᠠᠬᠢ ᠴᠢᠬ ᠲᠤᠬᠳᠠᠭᠠᠨ ᠬᠠᠪᠰᠤᠷᠤᠨ ᠲᠡᠳᠭᠦᠭᠦ ᠠᠵᠢᠯ ᠤᠨ ᠰᠡᠳᠬᠢᠴᠡ ᠪᠤᠯᠤᠨ ᠠᠷᠭ᠎ᠠ  ᠬᠢᠳᠡᠯ ᠢᠶᠠᠨ ᠴᠢᠨᠠᠬᠰᠢᠳᠠ ᠲᠤᠳᠤᠷᠬᠠᠶᠢᠯᠠᠵᠤ᠂ ᠦᠪᠡᠷᠳᠡᠭᠡᠨ ᠵᠠᠰᠠᠬᠤ ᠤᠷᠤᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠴᠢᠬ ᠲᠤᠬᠳᠠᠭᠠᠨ ᠬᠠᠪᠰᠤᠷᠤᠨ ᠲᠡᠳᠭᠦᠭᠦ ᠠᠵᠢᠯ ᠢ ᠯᠠᠪᠳᠠᠭᠤᠨ ᠪᠠᠳᠤᠳᠠᠢ ᠠᠬᠢᠭᠤᠯᠬᠤ ᠪᠠᠷ ᠵᠤᠷᠢᠯᠳᠠ ᠪᠤᠯᠭᠠᠵᠠᠢ᠃      ᠬᠤᠷᠠᠯ ᠠᠴᠠ ᠴᠢᠬᠤᠯᠠᠴᠢᠯᠠᠭᠰᠠᠨ ᠨᠢ᠂ ᠦᠪᠡᠷᠳᠡᠭᠡᠨ ᠵᠠᠰᠠᠬᠤ ᠤᠷᠤᠨ ᠤ ᠰᠢᠭᠤᠳ ᠬᠠᠷᠢᠶ᠎ᠠ ᠪᠠᠶᠢᠭᠤᠯᠭ᠎ᠠ ᠎ ᠨᠤᠭᠤᠳ ᠰᠢ ᠶᠢᠨ ᠫᠢᠩ ᠤᠨ ᠶᠠᠳᠠᠭᠤ ᠶᠢ ᠲᠡᠳᠭᠦᠨ ᠨᠡᠭᠡᠭᠡᠨ ᠬᠦᠭᠵᠢᠭᠦᠯᠭᠦ ᠠᠵᠢᠯ ᠤᠨ ᠦᠵᠡᠯ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ ᠨᠡᠶᠢᠳᠡᠪᠦᠷᠢᠵᠢᠭᠤᠯᠵᠤ᠂ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ︽ᠬᠤᠶᠠᠷ ᠲᠤ ᠰᠠᠨᠠᠭ᠎ᠠ ᠵᠤᠪᠠᠭ᠋ᠤ ᠦᠭᠡᠢ᠂ ᠭᠤᠷᠪᠠ ᠶᠢ ᠪᠠᠳᠤᠯᠠᠬᠤ︾ ᠱᠠᠭᠠᠷᠳᠠᠯᠭ᠎ᠠ ᠶᠤᠰᠤᠭᠠᠷ ᠲᠤᠶᠢᠯ ᠤᠨ ᠣᠨᠣᠪᠴᠢᠲᠠᠢ ᠪᠠᠷ ᠬᠦᠴᠦᠯᠡᠵᠤ᠂ ᠶᠠᠳᠠᠭᠤ ᠠᠴᠠ ᠠᠩᠬᠢᠵᠢᠷᠠᠭᠤᠯᠬᠤ  ᠰᠢᠪᠲᠤᠯᠤᠯᠲᠠ ᠶᠢᠨ ᠲᠠᠶᠢᠯᠠᠯᠳᠤᠭᠠᠨ ᠤ ᠢᠯᠠᠯᠳᠠ ᠶᠢ ᠤᠯᠬᠤ ᠳᠤ ᠬᠦᠴᠦ ᠨᠡᠮᠡᠷᠢᠯᠡᠭᠦ ᠬᠡᠷᠡᠭᠳᠡᠢ᠃ ᠦᠪᠡᠷᠳᠡᠭᠡᠨ ᠵᠠᠰᠠᠬᠤ ᠤᠷᠤᠨ ᠤ ᠨᠠᠮ ᠎ ᠤᠨ ᠬᠤᠷᠢᠶ᠎ᠠ᠂ ᠵᠠᠰᠠᠭ ᠤᠨ ᠤᠷᠳᠤᠨ ᠤ ᠶᠠᠳᠠᠭᠤ ᠶᠢ ᠳᠡᠳᠭᠦᠨ ᠨᠡᠭᠡᠭᠡᠨ ᠬᠦᠭᠵᠢᠭᠦᠯᠭᠦ ᠠᠵᠢᠯ ᠤᠨ ᠱᠠᠭᠠᠷᠳᠠᠯᠭ᠎ᠠ ᠶᠢ ᠬᠢᠨᠠᠮᠠᠭᠠᠢ ᠲᠤᠭᠤᠰᠢᠯᠠᠭᠤᠯᠵᠤ᠂ ᠴᠢᠬ ᠲᠤᠬᠳᠠᠭᠠᠨ ᠬᠠᠪᠰᠤᠷᠤᠨ ᠲᠡᠳᠭᠦᠭᠦ ᠠᠵᠢᠯ ᠤᠨ ᠡᠭᠦᠷᠭᠡ ᠶᠢ ᠰᠠᠶᠢᠳᠤᠷ ᠨᠡᠶᠢᠳᠡᠪᠦᠷᠢᠵᠢᠭᠤᠯᠵᠤ᠂ ᠠᠵᠤ ᠦᠢᠯᠡᠰ ᠢᠶᠠᠷ ᠶᠠᠳᠠᠭᠤ ᠶᠢ ᠲᠡᠳᠭᠦᠭᠦ ᠡᠨᠡ ᠭᠦ ᠭᠤᠤᠯᠳᠠᠯᠭ᠎ᠠ ᠶᠢ ᠰᠠᠶᠢᠳᠤᠷ ᠠᠳᠬᠤᠨ᠂ ᠤᠯᠠᠨ ᠲᠦᠮᠡᠨᠴᠢ ᠰᠠᠭᠤᠷᠢ ᠲᠠᠢ᠂ ᠲᠡᠤᠭᠡᠨ ᠤᠯᠠᠮᠵᠢᠯᠡᠯ ᠲᠠᠢ᠂ ᠤᠷᠤᠨ ᠨᠤᠳᠤᠭ ᠤᠨ ᠤᠨᠴᠠᠯᠢᠭ ᠲᠠᠢ ᠠᠵᠤ ᠦᠢᠯᠡᠰ ᠢ ᠤᠷᠢᠳ ᠢᠶᠠᠷ ᠬᠦᠭᠵᠢᠭᠦᠯᠵᠤ᠂ ᠲᠤᠬᠠᠢ ᠶᠢᠨ ᠭᠠᠵᠠᠷ ᠤᠨ ᠲᠠᠪᠠᠭᠤᠯᠢᠭ ᠢ ᠰᠠᠶᠢᠳᠤᠷ ᠪᠠᠳᠠᠷᠠᠭᠤᠯᠬᠤ ᠬᠡᠷᠡᠭᠳᠡᠢ᠃ ᠲᠤᠰᠬᠤᠨ ᠳᠤ ᠰᠠᠭᠤᠬᠤ ᠠᠵᠢᠯ ᠢ ᠰᠠᠶᠢᠳᠤᠷ ᠠᠳᠬᠤᠵᠤ᠂ ᠠᠵᠤ ᠦᠢᠯᠡᠰ ᠢ ᠬᠦᠭᠵᠢᠭᠦᠯᠦᠨ ᠬᠠᠮᠳᠤ ᠶᠢᠨ ᠠᠵᠤ ᠠᠬᠤᠢ ᠶᠢ ᠪᠤᠵᠠᠭᠠᠶᠢᠷᠠᠭᠤᠯᠬᠤ ᠪᠠᠷ ᠲᠡᠮᠵᠢᠨ ᠭᠠᠴᠠᠭ᠎ᠠ ᠲᠤᠰᠬᠤᠨ ᠤ ᠬᠦᠴᠢᠷᠳᠡᠯ ᠢ ᠦᠪᠡᠷᠰᠡᠳ  ᠎ ᠢᠶᠠᠨ ᠰᠢᠢᠳᠪᠦᠷᠢᠯᠡᠭᠦ ᠴᠢᠳᠠᠪᠤᠷᠢ ᠶᠢ ᠨᠢ ᠴᠢᠩᠭᠠᠷᠠᠭᠤᠯᠬᠤ ᠬᠡᠷᠡᠭᠳᠡᠢ᠃ ᠬᠠᠪᠰᠤᠷᠤᠨ ᠲᠡᠳᠭᠦᠭᠦ ᠦᠷ᠎ᠠ ᠪᠦᠳᠦᠭᠡᠯ ᠢ ᠪᠠᠬᠢᠵᠢᠭᠦᠯᠭᠦ ᠲᠠᠯ᠎ᠠ ᠳᠤ ᠬᠦᠴᠦ ᠤᠷᠤᠭᠤᠯᠵᠤ᠂ ᠬᠠᠪᠰᠤᠷᠤᠨ ᠲᠡᠳᠭᠦᠭᠦ ᠲᠦᠷᠦᠯ ᠵᠦᠢᠯ ᠬᠢᠭᠡᠳ ᠶᠠᠳᠠᠭᠤ ᠬᠦᠴᠢᠷᠳᠡᠯᠳᠡᠢ ᠤᠯᠠᠨ ᠲᠦᠮᠡᠨ ᠤ ᠠᠰᠢᠭ ᠲᠤᠰᠠ ᠶᠢᠨ ᠬᠤᠯᠪᠤᠭᠠᠨ ᠤ ᠲᠤᠬᠳᠠᠴᠠ ᠶᠢ ᠴᠢᠨᠠᠬᠰᠢᠳᠠ ᠲᠡᠭᠦᠯᠳᠡᠷᠵᠢᠭᠦᠯᠦᠨ᠂ ᠬᠠᠪᠰᠤᠷᠤᠨ ᠲᠡᠳᠭᠦᠭᠦ ᠨᠢᠭᠡᠴᠡ᠂ ᠶᠠᠳᠠᠭᠤ ᠬᠦᠴᠢᠷᠳᠡᠯᠳᠡᠢ ᠭᠠᠴᠠᠭ᠎ᠠ ᠲᠤᠰᠬᠤᠨ᠂ ᠰᠤᠮᠤ ᠰᠢᠶᠠᠩ ᠪᠠᠯᠭᠠᠰᠦ ᠶᠢᠨ ᠵᠠᠰᠠᠭ ᠤᠨ ᠤᠷᠳᠤᠨ ᠤ ᠭᠤᠷᠪᠠᠨ ᠲᠠᠯ᠎ᠠ ᠶᠢᠨ ᠵᠥᠪᠳᠡᠯᠴᠡᠭᠡᠷ ᠲᠤᠬᠳᠠᠵᠤ᠂ ᠶᠠᠳᠠᠭᠤ ᠶᠢ ᠳᠡᠳᠭᠦᠨ ᠨᠡᠭᠡᠭᠡᠨ ᠬᠦᠭᠵᠢᠭᠦᠯᠭᠦ ᠠᠵᠢᠯ ᠢ ᠰᠢᠨ᠎ᠠ ᠲᠦᠪᠰᠢᠨ ᠳᠤ ᠬᠦᠷᠭᠡᠵᠤ᠂ ᠶᠠᠳᠠᠭᠤ ᠠᠴᠠ ᠠᠩᠬᠢᠵᠢᠷᠠᠭᠤᠯᠬᠤ ᠡᠨᠡ ᠭᠦ ᠲᠡᠤᠭᠡᠳᠦ ᠴᠢᠨᠠᠷᠳᠠᠢ ᠰᠢᠢᠳᠪᠦᠷᠢᠳᠤ ᠲᠠᠶᠢᠯᠠᠯᠳᠤᠭᠠᠨ ᠢ ᠰᠠᠶᠢᠳᠤᠷ ᠬᠢᠭᠦ ᠳᠤ ᠬᠦᠴᠦᠨ ᠴᠢᠳᠠᠯ ᠢᠶᠠᠨ ᠨᠠᠮᠠᠷᠢᠯᠡᠬᠦ ᠬᠡᠷᠡᠭᠳᠡᠢ ᠭᠡᠵᠡᠢ᠃      ᠬᠤᠷᠠᠯ ᠲᠡᠭᠡᠷ᠎ᠠ᠂ ᠦᠪᠡᠷᠳᠡᠭᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ᠂ ᠦᠪᠡᠷᠳᠡᠭᠡᠨ ᠵᠠᠰᠬᠠᠤ ᠤᠷᠤᠨ ᠤ ᠨᠢᠭᠡᠳᠦᠮᠡᠯ ᠹᠷᠤᠨᠲ ᠤᠨ ᠬᠡᠯᠳᠡᠰ᠂ ᠦᠪᠡᠷᠳᠡᠭᠡᠨ ᠵᠠᠰᠬᠠᠤ ᠤᠷᠤᠨ ᠤ ᠡᠪᠯᠡᠯ ᠤᠨ ᠬᠤᠷᠢᠶ᠎ᠠ ᠵᠡᠷᠭᠡ 9 ᠨᠢᠭᠡᠴᠡ ᠠᠴᠠ ᠬᠠᠪᠰᠤᠷᠤᠨ ᠲᠡᠳᠭᠦᠭᠦ ᠠᠵᠢᠯ ᠤᠨ ᠠᠮᠵᠢᠯᠳᠡ ᠲᠠᠢ ᠲᠤᠷᠰᠢᠯᠭ᠎ᠠ ᠪᠤᠯᠤᠨ ᠪᠤᠳᠠᠳᠠᠢ ᠠᠷᠭ᠎ᠠ ᠬᠢᠳᠡᠯ ᠢᠶᠠᠨ ᠲᠠᠨᠢᠯᠴᠠᠭᠤᠯᠵᠠᠢ᠃       ᠬᠤᠷᠠᠯ ᠠᠴᠠ ᠡᠮᠦᠨ᠎ᠡ᠂ ᠣᠷᠣᠨ ᠤ  ᠰᠢᠭᠤᠳ ᠬᠠᠷᠢᠶ᠎ᠠ ᠪᠠᠶᠢᠭᠤᠯᠭ᠎ᠠ ᠶᠢᠨ ᠬᠢᠩᠭᠠᠨ ᠠᠶᠢᠮᠠᠭ ᠤᠨ ᠶᠠᠳᠠᠭᠤ ᠬᠦᠴᠢᠷᠳᠡᠯᠳᠡᠢ ᠭᠠᠴᠠᠭ᠎ᠠ ︵ᠲᠤᠰᠬᠤᠨ︶᠎ ᠶᠢ ᠴᠢᠬ ᠲᠤᠬᠳᠠᠭᠠᠨ ᠬᠠᠪᠰᠤᠷᠤᠨ ᠲᠡᠳᠭᠦᠭᠦ ᠲᠤᠰᠬᠤᠨ ᠳᠤ ᠰᠠᠭᠤᠭ᠎ᠠ ᠨᠠᠮ ᠤᠨ ᠭᠡᠰᠢᠭᠦᠨ ᠺᠠᠳ᠋ᠷᠴᠤᠳ ᠲᠤ ᠲᠠᠪᠤᠨ ᠡᠳᠦᠷ ᠤᠨ ᠪᠣᠯᠪᠠᠰᠤᠷᠠᠭᠤᠯᠤᠯ ᠬᠢᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号