︵2009 ᠣᠨ ᠤ 2 ᠳ᠋ᠤᠭᠠᠷ ᠰᠠᠷ᠎ᠠ ᠶᠢᠨ 10 ᠤ ᠡᠳᠦᠷ ᠦᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠵᠠᠷᠯᠢᠭ 165 ᠳ᠋ᠤᠭᠠᠷ ᠲᠣᠭᠠᠲᠤ ᠪᠠᠷ ᠨᠡᠶᠢᠲᠡᠯᠡᠪᠡ 2018 ᠣᠨ ᠤ 1 ᠳ᠋ᠤᠭᠡᠷ ᠰᠠᠷ᠎ᠠ ᠶᠢᠨ | 16 ᠤ ᠡᠳᠦᠷ ᠤᠨ ︽ᠵᠠᠰᠠᠭ ᠤᠨ ᠣᠷᠳᠣᠨ ᠤ ᠬᠡᠰᠡᠭ ᠳᠦᠷᠢᠮ ᠲᠣᠭᠲᠠᠭᠠᠯ ᠳᠤ ᠵᠠᠰᠠᠪᠤᠷᠢ ᠣᠷᠤᠭᠤᠯᠬᠤ ᠲᠣᠬᠠᠢ | ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ︾ ᠢ | ᠦᠨᠳᠦᠰᠦᠯᠡᠨ ᠵᠠᠰᠠᠪᠤᠷᠢ ᠣᠷᠤᠭᠤᠯᠪᠠ︶ | | ᠨᠢᠭᠡᠳᠦᠭᠡᠷ ᠪᠦᠯᠦᠭ ᠶᠡᠷᠦᠩᠬᠡᠢ ᠳᠦᠷᠢᠮ | | ᠨᠢᠭᠡᠳᠦᠭᠡᠷ ᠵᠦᠢᠯ ᠠᠮᠤ ᠪᠤᠳᠠᠭ᠎ᠠ ᠶᠢᠨ ᠭᠦᠢᠯᠭᠡᠭᠡᠨ ᠤ ᠡᠮᠬᠢ ᠲᠢᠭᠯᠢᠮ ᠢ ᠵᠢᠷᠤᠮᠵᠢᠭᠤᠯᠵᠤ᠂ ᠠᠮᠤ | ᠪᠤᠳᠠᠭ᠎ᠠ ᠦᠢᠯᠡᠳᠪᠦᠷᠢᠯᠡᠭᠴᠢ᠂ ᠡᠵᠡᠩᠨᠡᠭᠴᠢ ᠪᠠ ᠬᠡᠷᠡᠭᠯᠡᠭᠴᠢ ᠶᠢᠨ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠨ᠂ | ᠠᠮᠤ ᠪᠤᠳᠠᠭ᠎ᠠ ᠶᠢᠨ ᠠᠮᠦᠷ ᠲᠥᠪᠰᠢᠨ ᠢ ᠪᠠᠲᠤᠯᠠᠬᠤ ᠶᠢᠨ ᠲᠤᠰᠠᠳᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ | ᠠᠮᠤ ᠪᠤᠳᠠᠭ᠎ᠠ ᠶᠢᠨ ᠭᠦᠢᠯᠭᠡᠭᠡᠨ ᠤ ᠬᠠᠮᠢᠶᠠᠷᠤᠯᠲᠠ ᠶᠢᠨ ᠳᠦᠷᠢᠮ︾ ᠵᠢᠴᠢ ᠬᠤᠯᠪᠣᠭᠳᠠᠯ ᠪᠦᠬᠦᠢ ᠬᠠᠤᠯᠢ ᠴᠠᠭᠠᠵᠠ᠂ | ᠬᠠᠤᠯᠢ ᠲᠣᠭᠲᠠᠭᠠᠯ ᠢ ᠦᠨᠳᠦᠰᠦᠯᠡᠵᠦ᠂ ᠦᠪᠡᠷᠲᠡᠭᠡᠨ ᠵᠠᠰᠠᠬᠤ ᠣᠷᠣᠨ ᠤ ᠪᠣᠲᠠᠲᠠᠢ ᠲᠠᠢ ᠤᠶᠠᠯᠳᠤᠭᠤᠯᠤᠨ᠂ ᠲᠤᠰ | ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠦᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠤᠲᠤᠷ᠎ᠠ ᠠᠮᠤ | ᠪᠤᠳᠠᠭ᠎ᠠ ᠬᠤᠳᠠᠯᠳᠤᠨ ᠠᠪᠬᠤ᠂ ᠪᠤᠷᠤᠯᠠᠭᠤᠯᠬᠤ᠂ ᠬᠦᠮᠦᠷᠭᠡᠯᠡᠬᠦ᠂ ᠲᠡᠭᠡᠭᠡᠪᠦᠷᠢᠯᠡᠬᠦ᠂ ᠡᠳ᠋ᠰᠢᠭᠦᠯᠬᠦ᠂ ᠤᠯᠠᠷᠢᠭᠤᠯᠬᠤ᠂ | ᠭᠠᠳᠠᠭᠠᠲᠤ ᠠᠴᠠ ᠣᠷᠤᠭᠤᠯᠵᠤ ᠭᠠᠳᠠᠭᠠᠲᠤ ᠳᠤ ᠭᠠᠷᠭᠠᠬᠤ ᠵᠡᠷᠭᠡ ᠡᠵᠡᠩᠨᠡᠯᠲᠡ ᠶᠢᠨ ᠠᠵᠢᠯᠯᠠᠭ᠎ᠠ ︵ᠳᠣᠷᠣᠭᠰᠢ ᠠᠮᠤ | ᠪᠤᠳᠠᠭ᠎ᠠ ᠶᠢᠨ ᠡᠵᠡᠩᠨᠡᠯᠲᠡ ᠶᠢᠨ ᠠᠵᠢᠯᠯᠠᠭ᠎ᠠ ᠭᠡᠵᠦ ᠶᠡᠷᠦᠩᠬᠡᠶᠢᠯᠡᠨ ᠨᠡᠷᠡᠶᠢᠳᠦᠨ᠎ᠡ︶ ᠶᠢ ᠡᠷᠬᠢᠯᠡᠬᠦ ᠳᠤ ᠲᠤᠰ | ᠠᠷᠭ᠎ᠠ ᠶᠢ ᠵᠢᠷᠤᠮᠯᠡᠨ ᠰᠠᠬᠢᠬᠤ ᠬᠡᠷᠡᠭᠲᠡᠢ᠃ | ᠭᠤᠷᠪᠠᠳᠤᠭᠠᠷ ᠵᠦᠢᠯ ᠠᠮᠤ ᠪᠤᠳᠠᠭ᠎ᠠ ᠶᠢᠨ ᠡᠵᠡᠩᠨᠡᠯᠲᠡ ᠶᠢᠨ ᠠᠵᠢᠯᠯᠠᠭ᠎ᠠ ᠨᠢ ᠰᠠᠶᠢᠨ ᠳᠤᠷ᠎ᠠ ᠶᠢᠨ | ᠪᠠᠶᠢᠬᠤ᠂ ᠲᠥᠪ ᠭᠤᠣᠯᠴᠢ᠂ ᠦᠨᠡᠨᠴᠢ ᠢᠲᠡᠭᠡᠮᠵᠢᠲᠠᠢ ᠪᠠᠶᠢᠬᠤ ᠵᠠᠷᠴᠢᠮ ᠢ ᠵᠢᠷᠤᠮᠯᠠᠵᠤ᠂ ᠦᠢᠯᠡᠳᠪᠦᠷᠢᠯᠡᠭᠴᠢᠳ᠂ | ᠬᠡᠷᠡᠭᠯᠡᠭᠴᠢᠳ ᠤᠨ ᠬᠠᠤᠯᠢ ᠶᠤᠰᠤᠨ ᠤ ᠡᠷᠬᠡ ᠠᠰᠢᠭ᠂ ᠤᠯᠤᠰ ᠤᠨ ᠠᠰᠢᠭ ᠲᠤᠰᠠ ᠪᠠ ᠨᠡᠶᠢᠭᠡᠮ ᠤᠨ ᠣᠯᠠᠨ | ᠨᠡᠶᠢᠲᠡ ᠶᠢᠨ ᠠᠰᠢᠭ ᠲᠤᠰᠠ ᠶᠢ ᠬᠤᠬᠢᠷᠠᠭᠤᠯᠤᠨ ᠬᠦᠨᠦᠭᠡᠵᠦ ᠪᠣᠯᠬᠤ ᠦᠭᠡᠢ᠃ | ᠳᠥᠷᠪᠡᠳᠦᠭᠡᠷ ᠵᠦᠢᠯ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠨᠢ | ᠤᠯᠤᠰ ᠤᠨ ᠬᠤᠷᠸ᠎ᠠ ᠲᠣᠬᠢᠷᠠᠭᠤᠯᠭ᠎ᠠ ᠡᠵᠡᠮᠰᠢᠯ ᠤᠨ ᠳᠤᠤᠷ᠎ᠠ᠂ ᠠᠮᠤ ᠪᠤᠳᠠᠭ᠎ᠠ ᠶᠢᠨ ᠠᠵᠢᠯ ᠢ ᠦᠪᠡᠷᠲᠡᠭᠡᠨ ᠵᠠᠰᠠᠬᠤ | ᠣᠷᠣᠨ ᠤ ᠲᠡᠷᠢᠭᠦᠯᠡᠭᠴᠢ ᠠᠴᠠ ᠬᠠᠷᠢᠭᠤᠴᠠᠬᠤ ᠳᠦᠷᠢᠮ ᠤᠨ ᠱᠠᠭᠠᠷᠳᠠᠯᠭ᠎ᠠ ᠶᠤᠰᠤᠭᠠᠷ᠂ ᠲᠤᠰ ᠵᠠᠰᠠᠭ ᠵᠠᠬᠢᠷᠭᠠᠨ ᠤ | ᠣᠷᠣᠨ ᠤ ᠳᠤᠲᠤᠷᠠᠬᠢ ᠠᠮᠤ ᠪᠤᠳᠠᠭ᠎ᠠ ᠶᠢᠨ ᠶᠡᠷᠦᠩᠬᠡᠢ ᠬᠡᠮᠵᠢᠶ᠎ᠡ ᠶᠢ ᠲᠡᠩᠴᠡᠭᠦᠷᠢᠲᠡᠢ ᠪᠠᠶᠢᠯᠭᠠᠬᠤ ᠠᠵᠢᠯ ᠪᠠ ᠣᠷᠣᠨ | ᠨᠤᠲᠤᠭ ᠤᠨ ᠨᠦᠬᠡᠴᠡ ᠠᠮᠤ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠮᠤ ᠪᠤᠳᠠᠭ᠎ᠠ ᠶᠢᠨ | ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠤᠳ ᠲᠤᠰ ᠵᠠᠰᠠᠭ ᠵᠠᠬᠢᠷᠭᠠᠨ ᠤ ᠣᠷᠣᠨ ᠤ ᠳᠤᠲᠤᠷᠠᠬᠢ | ᠠᠮᠤ ᠪᠤᠳᠠᠭ᠎ᠠ ᠶᠢᠨ ᠭᠦᠢᠯᠭᠡᠭᠡᠨ ᠤ ᠵᠠᠰᠠᠭ ᠵᠠᠬᠢᠷᠭᠠᠨ ᠤ ᠬᠠᠮᠢᠶᠠᠷᠤᠯᠲᠠ ᠪᠣᠯᠣᠨ ᠠᠵᠢᠯ ᠲᠦᠷᠦᠯ ᠤᠨ ᠵᠢᠯᠤᠭᠤᠳᠤᠯᠭ᠎ᠠ | ᠶᠢ ᠬᠠᠷᠢᠭᠤᠴᠠᠨ᠎ᠠ᠃ | ᠡᠳ᠋ ᠤᠨ ᠵᠠᠰᠠᠭ᠂ ᠠᠵᠤ ᠦᠢᠯᠡᠳᠪᠦᠷᠢ ᠬᠤᠳᠠᠯᠳᠤᠭ᠎ᠠ᠂ ᠦᠨ᠎ᠡ ᠬᠠᠩᠰᠢ᠂ ᠶᠠᠰᠤ ᠴᠢᠨᠠᠷ ᠲᠤ ᠮᠡᠷᠭᠡᠵᠢᠯ ᠤᠨ | ᠬᠢᠨᠠᠯᠲᠠ ᠲᠠᠯᠪᠢᠬᠤ᠂ ᠡᠷᠡᠭᠦᠯ ᠬᠠᠮᠠᠭᠠᠯᠠᠯ ᠵᠡᠷᠭᠡ ᠰᠠᠯᠠᠭ᠎ᠠ ᠮᠦᠴᠢᠷ ᠤᠳ ᠲᠤᠰ ᠲᠤᠰ ᠤᠨ ᠡᠭᠦᠷᠭᠡ ᠬᠠᠷᠢᠭᠤᠴᠠᠯᠭ᠎ᠠ | ᠶᠢᠨ ᠬᠡᠪᠴᠢᠶᠡᠨ ᠳᠤᠲᠤᠷ᠎ᠠ ᠪᠠᠨ ᠠᠮᠤ ᠪᠤᠳᠠᠭ᠎ᠠ ᠶᠢᠨ ᠭᠦᠢᠯᠭᠡᠭᠡᠨ ᠯᠦᠭᠡ ᠬᠤᠯᠪᠣᠭᠳᠠᠬᠤ ᠠᠵᠢᠯ ᠤᠳ ᠢ | ᠬᠠᠷᠢᠭᠤᠴᠠᠨ᠎ᠠ᠃ | | ᠬᠤᠶᠠᠳᠤᠭᠠᠷ ᠪᠦᠯᠦᠭ ᠠᠮᠤ ᠪᠤᠳᠠᠭ᠎ᠠ ᠶᠢᠨ ᠡᠵᠡᠩᠨᠡᠯᠲᠡ | | ᠲᠠᠪᠤᠳᠤᠭᠠᠷ ᠵᠦᠢᠯ ᠠᠮᠤ ᠪᠤᠳᠠᠭ᠎ᠠ ᠶᠢᠨ ᠡᠵᠡᠩᠨᠡᠭᠴᠢ ᠭᠡᠳᠡᠭ ᠨᠢ ᠠᠮᠤ ᠪᠤᠳᠠᠭ᠎ᠠ ᠬᠤᠳᠠᠯᠳᠤᠨ ᠠᠪᠬᠤ᠂ | ᠪᠤᠷᠤᠯᠠᠭᠤᠯᠬᠤ᠂ ᠬᠦᠮᠦᠷᠭᠡᠯᠡᠬᠦ᠂ ᠲᠡᠭᠡᠭᠡᠪᠦᠷᠢᠯᠡᠬᠦ᠂ ᠡᠳ᠋ᠰᠢᠭᠦᠯᠬᠦ᠂ ᠤᠯᠠᠷᠢᠯᠠᠭᠤᠯᠬᠤ᠂ ᠭᠠᠳᠠᠭᠠᠲᠤ ᠠᠴᠠ ᠣᠷᠤᠭᠤᠯᠵᠤ | ᠭᠠᠳᠠᠭᠠᠲᠤ ᠳᠤ ᠭᠠᠷᠭᠠᠬᠤ ᠵᠡᠷᠭᠡ ᠡᠵᠡᠩᠨᠡᠯᠲᠡ ᠶᠢᠨ ᠠᠵᠢᠯᠯᠠᠭ᠎ᠠ ᠶᠢ ᠡᠷᠬᠢᠯᠡᠵᠦ ᠪᠠᠶᠢᠭ᠎ᠠ ᠬᠠᠤᠯᠢ ᠶᠢᠨ ᠡᠷᠬᠡᠲᠡᠨ᠂ | ᠪᠤᠰᠤᠳ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠠ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ | ᠡᠷᠦᠬᠡ ᠶᠢ ᠵᠢᠭᠠᠵᠤ ᠪᠣᠢ᠃ | ᠵᠢᠷᠭᠤᠳᠤᠭᠠᠷ ᠵᠦᠢᠯ ᠠᠮᠤ ᠪᠤᠳᠠᠭ᠎ᠠ ᠬᠤᠳᠠᠯᠳᠤᠨ ᠠᠪᠬᠤ ᠠᠵᠢᠯᠯᠠᠭ᠎ᠠ ᠶᠢ ᠡᠷᠬᠢᠯᠡᠵᠦ ᠪᠠᠶᠢᠭ᠎ᠠ | ᠡᠵᠡᠩᠨᠡᠭᠴᠢ᠂ ᠠᠮᠤ ᠪᠤᠳᠠᠭ᠎ᠠ ᠬᠤᠳᠠᠯᠳᠤᠨ ᠠᠪᠬᠤ ᠵᠥᠪᠰᠢᠶᠡᠷᠡᠯ ᠤᠨ ᠦᠨᠡᠮᠯᠡᠯ ᠶᠢᠢᠡᠨ ᠬᠠᠤᠯᠢ ᠶᠤᠰᠤᠭᠠᠷ | ᠣᠯᠤᠭᠰᠠᠨ ᠪᠠᠶᠢᠬᠤ ᠬᠡᠷᠡᠭᠲᠡᠢ᠃ | ᠳᠤᠯᠤᠳᠤᠭᠠᠷ ᠵᠦᠢᠯ ᠠᠮᠤ ᠪᠤᠳᠠᠭ᠎ᠠ ᠬᠤᠳᠠᠯᠳᠤᠨ ᠠᠪᠬᠤ ᠠᠵᠢᠯᠯᠠᠭ᠎ᠠ ᠶᠢ ᠡᠷᠬᠢᠯᠡᠵᠦ ᠪᠠᠶᠢᠭ᠎ᠠ | ᠡᠵᠡᠩᠨᠡᠭᠴᠢ ᠳᠣᠣᠷᠠᠬᠢ ᠨᠦᠬᠦᠴᠡᠯ ᠤᠳ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠢ᠄ | ︵ᠨᠢᠭᠡ︶ ᠬᠠᠤᠯᠢ ᠶᠢᠨ ᠡᠷᠬᠡᠲᠡᠨ ᠪᠠ ᠪᠤᠰᠤᠳ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ | ᠳᠠᠩᠰᠠᠯᠠᠭᠤᠯᠤᠭᠰᠠᠨ ᠪᠡᠯᠡ ᠮᠦᠩᠭᠦ ᠨᠢ ᠲᠠᠪᠢᠨ ᠲᠦᠮᠡᠨ ᠲᠦᠭᠦᠷᠢᠭ ᠠᠴᠠ ᠳᠡᠭᠡᠭᠰᠢ ᠪᠠᠶᠢᠵᠤ᠂ ᠬᠤᠪᠢ ᠶᠢᠨ ᠠᠵᠤ | ᠦᠢᠯᠡᠳᠪᠦᠷᠢ ᠬᠤᠳᠠᠯᠳᠤᠭ᠎ᠠ ᠶᠢᠨ ᠳᠠᠩᠰᠠᠯᠠᠭᠤᠯᠤᠭᠰᠠᠨ ᠪᠡᠯᠡ ᠮᠦᠩᠭᠦ ᠨᠢ ᠭᠤᠷᠪᠠᠨ ᠲᠦᠮᠡᠨ ᠲᠦᠭᠦᠷᠢᠭ ᠠᠴᠠ | ᠳᠡᠭᠡᠭᠰᠢ ᠪᠠᠶᠢᠬᠤ ᠬᠡᠷᠡᠭᠲᠡᠢ᠃ | ︵ᠬᠤᠶᠠᠷ︶ ᠬᠠᠤᠯᠢ ᠶᠢᠨ ᠡᠷᠬᠡᠲᠡᠨ ᠪᠠ ᠪᠤᠰᠤᠳ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠨᠢ ᠬᠤᠷᠢᠨ | ᠲᠦᠮᠡᠨ ᠺᠢᠯᠣᠭ᠍ᠷᠠᠮ ᠠᠴᠠ ᠳᠡᠭᠡᠭᠰᠢᠬᠢ ᠪᠠᠭᠲᠠᠭᠠᠮᠵᠢ ᠲᠠᠢ᠂ ᠤᠯᠤᠰ ᠤᠨ ᠠᠮᠤ ᠪᠤᠳᠠᠭ᠎ᠠ ᠬᠠᠳᠠᠭᠠᠯᠠᠬᠤ ᠪᠠᠷᠢᠮᠵᠢᠶ᠎ᠠ | ᠪᠣᠯᠣᠨ ᠮᠡᠷᠭᠡᠵᠢᠯ ᠤᠨ ᠵᠢᠷᠤᠮᠵᠢᠯ ᠱᠠᠭᠠᠷᠳᠠᠯᠭ᠎ᠠ ᠳᠤ ᠨᠡᠶᠢᠴᠡᠭᠰᠡᠨ ᠠᠰᠢᠭᠯᠠᠵᠤ ᠪᠣᠯᠬᠤᠶᠢᠴᠠ ᠰᠠᠩ ᠬᠦᠮᠦᠷᠭᠡ ᠲᠠᠢ | ᠪᠠᠶᠢᠬᠤ ᠪᠣᠶᠣ ᠳᠦᠷᠢᠶᠡᠰᠦᠯᠡᠵᠦ ᠵᠢᠭᠡᠯᠡᠭᠰᠡᠨ ᠪᠠᠶᠢᠬᠤ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ | ᠡᠷᠦᠬᠡ ᠨᠢ ᠬᠤᠶᠠᠷ ᠲᠦᠮᠡᠨ ᠺᠢᠯᠣᠭ᠍ᠷᠠᠮ ᠠᠴᠠ ᠳᠡᠭᠡᠭᠰᠢᠬᠢ ᠪᠠᠭᠲᠠᠭᠠᠮᠵᠢ ᠲᠠᠢ ᠠᠰᠢᠭᠯᠠᠵᠤ ᠪᠣᠯᠬᠤᠶᠢᠴᠠ ᠰᠠᠩ | ᠬᠦᠮᠦᠷᠭᠡ ᠲᠠᠢ ᠪᠠᠶᠢᠬᠤ ᠪᠣᠶᠣ ᠳᠦᠷᠢᠶᠡᠰᠦᠯᠡᠵᠦ ᠵᠢᠭᠡᠯᠡᠭᠰᠡᠨ ᠪᠠᠶᠢᠬᠤ ᠬᠡᠷᠡᠭᠲᠡᠢ᠃ | ︵ᠭᠤᠷᠪᠠ︶ ᠲᠠᠯᠪᠢᠭᠤᠷᠲᠤ ᠵᠢᠩᠯᠡᠭᠦᠷ᠂ ᠤᠰᠤᠨ ᠤ ᠬᠡᠮᠵᠢᠭᠦᠷ᠂ ᠲᠡᠩᠨᠡᠭᠦᠷ᠂ ᠡᠵᠡᠯᠡᠭᠦᠨ ᠤ ᠬᠦᠨᠳᠦ ᠶᠢᠨ | ᠪᠠᠭᠠᠵᠢ ᠵᠡᠷᠭᠡ ᠠᠮᠤ ᠪᠤᠳᠠᠭ᠎ᠠ ᠶᠢᠨ ᠶᠠᠰᠤ ᠴᠢᠨᠠᠷ ᠢ ᠪᠠᠶᠢᠴᠠᠭᠠᠵᠤ ᠰᠢᠨᠵᠢᠯᠡᠨ ᠰᠢᠯᠭᠠᠬᠤ ᠬᠡᠮᠵᠢᠭᠦᠷᠯᠢᠭ ᠪᠠ ᠬᠡᠮᠵᠢᠯᠲᠡ | ᠶᠢᠨ ᠪᠠᠭᠠᠵᠢ ᠬᠡᠷᠡᠭᠰᠡᠯ ᠪᠠᠶᠢᠬᠤ ᠬᠡᠷᠡᠭᠲᠡᠢ᠃ | ︵ᠳᠥᠷᠪᠡ︶ ᠲᠤᠰᠬᠠᠢ ᠲᠤᠰᠢᠶᠠᠯᠲᠤ ᠪᠣᠶᠣ ᠲᠤᠰᠢᠶᠠᠯ ᠬᠠᠪᠰᠤᠷᠭᠠᠭᠰᠠᠨ ᠵᠣᠬᠢᠬᠤ ᠬᠢᠷᠢ ᠭᠡᠮ ᠲᠠᠢ ᠠᠮᠤ | ᠪᠤᠳᠠᠭ᠎ᠠ ᠶᠢᠨ ᠶᠠᠰᠤ ᠴᠢᠨᠠᠷ ᠢ ᠪᠠᠶᠢᠴᠠᠭᠠᠨ ᠰᠢᠯᠭᠠᠭᠴᠢ᠂ ᠰᠠᠩ ᠬᠠᠮᠢᠶᠠᠷᠤᠭᠴᠢ ᠪᠠ ᠲᠤᠭ᠎ᠠ ᠪᠦᠷᠢᠳᠭᠡᠭᠴᠢ ᠪᠠᠶᠢᠬᠤ | ᠬᠡᠷᠡᠭᠲᠡᠢ᠃ | ︵ᠲᠠᠪᠤ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠨᠦᠬᠦᠴᠡᠯ᠃ | ᠨᠠᠢᠮᠠᠳᠤᠭᠠᠷ ᠵᠦᠢᠯ ᠠᠮᠤ ᠪᠤᠳᠠᠭ᠎ᠠ ᠬᠤᠳᠠᠯᠳᠤᠨ ᠠᠪᠬᠤ ᠬᠢᠷᠢ ᠬᠡᠮ ᠭᠤᠶᠤᠴᠢᠯᠠᠭᠰᠠᠨ ᠡᠵᠡᠩᠨᠡᠭᠴᠢ ᠨᠢ | ᠠᠵᠤ ᠦᠢᠯᠡᠳᠪᠦᠷᠢ ᠬᠤᠳᠠᠯᠳᠤᠭ᠎ᠠ ᠶᠢᠨ ᠳᠠᠩᠰᠠᠯᠠᠯ ᠢ ᠭᠦᠢᠴᠡᠳᠭᠡᠬᠦ ᠰᠠᠯᠠᠭ᠎ᠠ ᠮᠦᠴᠢᠷ ᠤᠨ ᠠᠳᠠᠯᠢ ᠱᠠᠲᠤᠨ ᠤ ᠠᠮᠤ | ᠪᠤᠳᠠᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠲᠤ ᠳᠣᠣᠷᠠᠬᠢ ᠮᠠᠲ᠋ᠧᠷᠢᠶᠠᠯ ᠤᠳ ᠢ | ᠲᠤᠰᠢᠶᠠᠬᠤ ᠬᠡᠷᠡᠭᠲᠡᠢ᠄ | ︵ᠨᠢᠭᠡ︶ ᠠᠮᠤ ᠪᠤᠳᠠᠭ᠎ᠠ ᠬᠤᠳᠠᠯᠳᠤᠨ ᠠᠪᠬᠤ ᠬᠢᠷᠢ ᠭᠡᠮ ᠤᠨ ᠭᠤᠶᠤᠴᠢᠯᠠᠯ ᠤᠨ ᠬᠦᠰᠦᠨᠦᠭᠲᠦ᠃ | ︵ᠬᠤᠶᠠᠷ︶ ᠬᠠᠤᠯᠢ ᠪᠠᠷ ᠲᠣᠭᠲᠠᠭᠠᠭᠰᠠᠨ ᠲᠦᠯᠦᠭᠡᠯᠡᠭᠴᠢ ᠪᠤᠶᠤ ᠬᠤᠪᠢ ᠶᠢᠨ ᠠᠵᠤ ᠦᠢᠯᠡᠳᠪᠦᠷᠢ | ᠬᠤᠳᠠᠯᠳᠤᠭᠠᠨ ᠤ ᠡᠷᠦᠬᠡ ᠶᠢᠨ ᠪᠡᠶ᠎ᠡ ᠶᠢᠨ ᠦᠨᠡᠮᠯᠡᠯ ᠤᠨ ᠬᠠᠭᠤᠯᠪᠤᠷᠢ᠃ | ︵ᠭᠤᠷᠪᠠ︶ ᠡᠵᠡᠩᠨᠡᠯᠲᠡ ᠶᠢᠨ ᠦᠨᠡᠮᠯᠡᠯ ᠪᠤᠶᠤ ︽ᠠᠵᠤ ᠠᠬᠤᠶᠢᠯᠠᠯ ᠤᠨ ᠨᠡᠷᠡᠶᠢᠳᠦᠯ ᠢ ᠤᠷᠢᠳᠴᠢᠯᠠᠨ | ᠬᠠᠷᠭᠤᠭᠤᠯᠤᠨ ᠵᠥᠪᠰᠢᠶᠡᠷᠡᠬᠦ ᠮᠡᠳᠡᠭᠳᠡᠯ ᠤᠨ ᠪᠢᠴᠢᠭ︾ ᠤᠨ ᠬᠠᠭᠤᠯᠪᠤᠷᠢ᠃ | ︵ᠳᠥᠷᠪᠡ︶ ᠬᠦᠷᠦᠩᠭᠡ ᠢᠲᠡᠭᠡᠮᠵᠢ ᠶᠢᠨ ᠭᠡᠷᠡᠴᠢ ᠪᠤᠶᠤ ᠬᠤᠪᠢ ᠶᠢᠨ ᠠᠵᠤ ᠦᠢᠯᠡᠳᠪᠦᠷᠢ | ᠬᠤᠳᠠᠯᠳᠤᠭᠠᠨ ᠤ ᠡᠷᠦᠬᠡ ᠶᠢᠨ ᠬᠠᠳᠠᠭᠠᠯᠠᠮᠵᠢ ᠶᠢᠨ ᠭᠡᠷᠡᠴᠢ᠃ | ︵ᠲᠠᠪᠤ︶ ᠬᠦᠮᠦᠷᠭᠡᠯᠡᠨ ᠬᠠᠳᠠᠭᠠᠯᠠᠬᠤ ᠪᠡᠯᠡᠳᠭᠡᠮᠵᠢ ᠶᠢᠨ ᠦᠮᠴᠢᠯᠡᠬᠦ ᠡᠷᠬᠡ ᠶᠢᠨ ᠭᠡᠷᠡᠴᠢ ᠪᠣᠶᠣ | ᠳᠦᠷᠢᠶᠡᠰᠦᠯᠡᠬᠦ ᠭᠡᠷ᠎ᠡ᠃ | ︵ᠵᠢᠷᠭᠤᠭ᠎ᠠ︶ ᠬᠠᠤᠯᠢ ᠪᠠᠷ ᠲᠣᠭᠲᠠᠭᠠᠭᠰᠠᠨ ᠰᠢᠯᠭᠠᠨ ᠪᠠᠶᠢᠴᠠᠭᠠᠵᠤ ᠬᠡᠮᠵᠢᠨ ᠲᠣᠭᠲᠠᠭᠠᠬᠤ | ᠪᠠᠶᠢᠭᠤᠯᠤᠮᠵᠢ ᠠᠴᠠ ᠭᠠᠷᠭᠠᠭᠰᠠᠨ ᠪᠠᠶᠢᠴᠠᠭᠠᠵᠤ ᠰᠢᠨᠵᠢᠯᠡᠨ ᠰᠢᠯᠭᠠᠬᠤ ᠬᠡᠮᠵᠢᠭᠦᠷᠯᠢᠭ ᠪᠠ ᠬᠡᠮᠵᠢᠯᠲᠡ ᠶᠢᠨ ᠪᠠᠭᠠᠵᠢ | ᠬᠡᠷᠡᠭᠰᠡᠯ ᠤᠨ ᠬᠢᠷᠢ ᠲᠡᠩᠴᠡᠭᠰᠡᠨ ᠭᠡᠷᠡᠴᠢ ᠮᠠᠲ᠋ᠧᠷᠢᠶᠠᠯ᠃ | ︵ᠳᠤᠯᠤᠭ᠎ᠠ︶ ᠠᠮᠤ ᠪᠤᠳᠠᠭ᠎ᠠ ᠶᠢᠨ ᠶᠠᠰᠤ ᠴᠢᠨᠠᠷ ᠢ ᠪᠠᠶᠢᠴᠠᠭᠠᠨ ᠰᠢᠯᠭᠠᠭᠴᠢ᠂ ᠰᠠᠩ ᠬᠠᠮᠢᠶᠠᠷᠤᠭᠴᠢ ᠪᠠ | ᠲᠤᠭ᠎ᠠ ᠪᠦᠷᠢᠳᠭᠡᠭᠴᠢ ᠶᠢᠨ ᠬᠢᠷᠢ ᠭᠡᠮ ᠤᠨ ᠭᠡᠷᠡᠴᠢ ᠮᠠᠲ᠋ᠧᠷᠢᠶᠠᠯ᠃ | ︵ᠨᠠᠢᠮᠠ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠮᠠᠲ᠋ᠧᠷᠢᠶᠠᠯ᠃ | ᠶᠢᠰᠦᠳᠦᠭᠡᠷ ᠵᠦᠢᠯ ᠠᠮᠤ ᠪᠤᠳᠠᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠨᠢ | ᠠᠮᠤ ᠪᠤᠳᠠᠭ᠎ᠠ ᠬᠤᠳᠠᠯᠳᠤᠨ ᠠᠪᠬᠤ ᠬᠢᠷᠢ ᠭᠡᠮ ᠤᠨ ᠭᠤᠶᠤᠴᠢᠯᠠᠯ ᠢ ᠬᠦᠯᠢᠶᠡᠨ ᠠᠪᠤᠭᠰᠠᠨ ᠡᠳᠦᠷ ᠠᠴᠠ ᠡᠬᠢᠯᠡᠵᠦ | ᠠᠷᠪᠠᠨ ᠲᠠᠪᠤᠨ ᠠᠵᠢᠯᠯᠠᠬᠤ ᠡᠳᠦᠷ ᠤᠨ ᠳᠤᠲᠤᠷ᠎ᠠ ᠵᠠᠰᠠᠭ ᠵᠠᠬᠢᠷᠭᠠᠨ ᠤ ᠵᠥᠪᠰᠢᠶᠡᠷᠡᠯ ᠤᠨ ᠲᠣᠭᠲᠠᠭᠠᠯ ᠭᠠᠷᠭᠠᠬᠤ | ᠬᠡᠷᠡᠭᠲᠡᠢ᠃ ᠨᠦᠬᠦᠴᠡᠯ ᠳᠤ ᠨᠡᠶᠢᠴᠡᠭᠰᠡᠨ ᠳᠤ ᠨᠢ ᠠᠮᠤ ᠪᠤᠳᠠᠭ᠎ᠠ ᠬᠤᠳᠠᠯᠳᠤᠨ ᠠᠪᠬᠤ ᠵᠥᠪᠰᠢᠶᠡᠷᠡᠯ ᠤᠨ ᠦᠨᠡᠮᠯᠡᠯ | ᠣᠯᠭᠤᠵᠣ᠂ ᠨᠡᠶᠢᠲᠡ ᠳᠤ ᠵᠠᠷᠯᠠᠨ᠎ᠠ︔ ᠨᠦᠬᠦᠴᠡᠯ ᠳᠤ ᠨᠡᠶᠢᠴᠡᠭᠰᠡᠨ ᠦᠭᠡᠢ ᠪᠠᠶᠢᠪᠠᠯ᠂ ᠰᠢᠯᠲᠠᠭᠠᠨ ᠢ ᠨᠢ | ᠪᠢᠴᠢᠭ ᠢᠶᠠᠷ ᠲᠠᠶᠢᠯᠪᠤᠷᠢᠯᠠᠬᠤ ᠬᠡᠷᠡᠭᠲᠡᠢ᠃ | ᠠᠮᠤ ᠪᠤᠳᠠᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠠᠮᠤ ᠪᠤᠳᠠᠭ᠎ᠠ | ᠬᠤᠳᠠᠯᠳᠤᠨ ᠠᠪᠬᠤ ᠬᠢᠷᠢ ᠭᠡᠮ ᠢ ᠬᠢᠨᠠᠨ ᠬᠠᠷᠭᠤᠭᠤᠯᠬᠤ ᠳᠠᠭᠠᠨ ᠭᠤᠶᠤᠴᠢᠯᠠᠭᠴᠢ ᠶᠢᠨ ᠡᠵᠡᠩᠨᠡᠯᠲᠡ ᠶᠢᠨ ᠲᠠᠯᠠᠪᠤᠷ᠂ | ᠬᠦᠮᠦᠷᠭᠡᠯᠡᠨ ᠬᠠᠳᠠᠭᠠᠯᠠᠬᠤ ᠪᠡᠯᠡᠳᠭᠡᠮᠵᠢ᠂ ᠪᠠᠶᠢᠴᠠᠭᠠᠵᠤ ᠰᠢᠨᠵᠢᠯᠡᠨ ᠰᠢᠯᠭᠠᠬᠤ ᠬᠡᠮᠵᠢᠭᠦᠷᠯᠢᠭ ᠪᠣᠯᠣᠨ ᠬᠡᠮᠵᠢᠯᠲᠡ ᠶᠢᠨ | ᠪᠠᠭᠠᠵᠢ ᠬᠡᠷᠡᠭᠰᠡᠯ ᠵᠡᠷᠭᠡ ᠲᠥᠭᠦᠭᠡᠷᠦᠮᠵᠢ ᠶᠢ ᠨᠢ ᠪᠤᠳᠠᠳᠤ ᠭᠠᠵᠠᠷ ᠲᠤᠨᠢ ᠬᠠᠷᠭᠤᠭᠤᠯᠤᠨ ᠪᠠᠶᠢᠴᠠᠭᠠᠬᠤ ᠬᠡᠷᠡᠭᠲᠡᠢ᠃ | ᠠᠷᠪᠠᠳᠤᠭᠠᠷ ᠵᠦᠢᠯ ᠠᠮᠤ ᠪᠤᠳᠠᠭ᠎ᠠ ᠬᠤᠳᠠᠯᠳᠤᠨ ᠠᠪᠬᠤ ᠵᠥᠪᠰᠢᠶᠡᠷᠡᠯ ᠤᠨ ᠦᠨᠡᠮᠯᠡᠯ ᠤᠨ ᠬᠦᠴᠦᠨ ᠲᠠᠢ | ᠬᠤᠭᠤᠴᠠᠭ᠎ᠠ ᠨᠢ ᠳᠦᠷᠪᠡᠨ ᠵᠢᠯ ᠪᠣᠯᠣᠨ᠎ᠠ᠃ ᠬᠦᠴᠦᠨ ᠲᠠᠢ ᠬᠤᠭᠤᠴᠠᠭᠠᠨ ᠳᠤ ᠵᠥᠪᠰᠢᠶᠡᠷᠡᠭᠳᠡᠭᠴᠢ ᠠᠴᠠ | ᠵᠥᠪᠰᠢᠶᠡᠷᠡᠯ ᠤᠨ ᠵᠦᠢᠯᠡᠰ ᠢ ᠬᠤᠪᠢᠷᠠᠭᠤᠯᠬᠤ ᠭᠡᠪᠡᠯ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠲᠣᠭᠲᠠᠭᠠᠯ | ᠭᠠᠷᠭᠠᠭᠰᠠᠨ ᠠᠮᠤ ᠪᠤᠳᠠᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠲᠤ ᠭᠤᠶᠤᠴᠢᠯᠠᠯ | ᠭᠠᠷᠭᠠᠵᠤ᠂ ᠬᠠᠤᠯᠢ ᠪᠠᠷ ᠲᠣᠭᠲᠠᠭᠰᠠᠨ ᠨᠦᠬᠦᠴᠡᠯ ᠳᠤ ᠨᠡᠶᠢᠴᠡᠭᠰᠡᠨ ᠳᠤ ᠨᠢ᠂ ᠠᠮᠤ ᠪᠤᠳᠠᠭ᠎ᠠ ᠶᠢᠨ ᠵᠠᠰᠠᠭ | ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠠᠴᠠ ᠬᠤᠪᠢᠷᠠᠭᠤᠯᠬᠤ ᠭᠠᠷᠳᠠᠮ ᠢ ᠬᠠᠤᠯᠢ ᠶᠤᠰᠤᠭᠠᠷ | ᠭᠦᠢᠴᠡᠳᠭᠡᠵᠦ ᠥᠭᠬᠦ ᠬᠡᠷᠡᠭᠲᠡᠢ᠃ | ᠠᠮᠤ ᠪᠤᠳᠠᠭ᠎ᠠ ᠬᠤᠳᠠᠯᠳᠤᠨ ᠠᠪᠬᠤ ᠵᠥᠪᠰᠢᠶᠡᠷᠡᠯ ᠤᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠨᠢ | ᠳᠠᠭᠤᠰᠤᠭᠰᠠᠨ ᠤ ᠳᠠᠷᠠᠭ᠎ᠠ ᠦᠷᠭᠦᠯᠵᠢᠯᠡᠨ ᠠᠮᠤ ᠪᠤᠳᠠᠭ᠎ᠠ ᠬᠤᠳᠠᠯᠳᠤᠨ ᠠᠪᠬᠤ ᠠᠵᠢᠯᠯᠠᠭ᠎ᠠ ᠶᠢ ᠡᠷᠬᠢᠯᠡᠬᠦ | ᠴᠢᠬᠤᠯᠠᠲᠠᠢ ᠪᠠᠶᠢᠪᠠᠯ᠂ ᠬᠦᠴᠦᠨ ᠲᠠᠢ ᠬᠤᠭᠤᠴᠠᠭ᠎ᠠ ᠨᠢ ᠳᠠᠭᠤᠰᠬᠤ ᠠᠴᠠ ᠭᠤᠴᠢᠨ ᠡᠳᠦᠷ ᠤᠨ ᠡᠮᠦᠨ᠎ᠡ ᠵᠠᠰᠠᠭ | ᠵᠠᠬᠢᠷᠭᠠᠨ ᠤ ᠵᠥᠪᠰᠢᠶᠡᠷᠡᠯ ᠤᠨ ᠲᠣᠭᠲᠠᠭᠠᠯ ᠭᠠᠷᠭᠠᠭᠰᠠᠨ ᠠᠮᠤ ᠪᠤᠳᠠᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ | ᠶᠢᠨ ᠰᠠᠯᠠᠭ᠎ᠠ ᠮᠦᠴᠢᠷ ᠲᠤ ᠭᠤᠶᠤᠴᠢᠯᠠᠯ ᠭᠠᠷᠭᠠᠬᠤ ᠬᠡᠷᠡᠭᠲᠡᠢ᠃ ᠠᠮᠤ ᠪᠤᠳᠠᠭ᠎ᠠ ᠶᠢᠨ ᠵᠠᠰᠠᠭ ᠵᠠᠬᠢᠷᠭᠠᠨ ᠤ | ᠬᠠᠮᠢᠶᠠᠷᠤᠯᠲᠠ ᠶᠢᠨ ᠰᠠᠯᠠᠭ᠎ᠠ ᠮᠦᠴᠢᠷ ᠨᠢ ᠭᠤᠶᠤᠴᠢᠯᠠᠯ ᠢ ᠦᠨᠳᠦᠰᠦᠯᠡᠵᠦ᠂ ᠠᠮᠤ ᠪᠤᠳᠠᠭ᠎ᠠ ᠬᠤᠳᠠᠯᠳᠤᠨ ᠠᠪᠬᠤ | ᠵᠥᠪᠰᠢᠶᠡᠷᠡᠯ ᠤᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠨᠢ ᠳᠠᠭᠤᠰᠬᠤ ᠠᠴᠠ ᠡᠮᠦᠨ᠎ᠡ ᠦᠷᠭᠦᠯᠵᠢᠯᠡᠭᠦᠯᠬᠦ ᠪᠠᠷ | ᠵᠥᠪᠰᠢᠶᠡᠷᠡᠬᠦ ᠡᠰᠡᠬᠦ ᠶᠢᠨ ᠲᠣᠭᠲᠠᠭᠠᠯ ᠭᠠᠷᠭᠠᠬᠤ ᠬᠡᠷᠡᠭᠲᠡᠢ᠂ ᠬᠤᠭᠤᠴᠠᠭ᠎ᠠ ᠨᠢ ᠬᠡᠲᠦᠷᠡᠭᠡᠳ ᠲᠣᠭᠲᠠᠭᠠᠯ | ᠭᠠᠷᠭᠠᠭᠰᠠᠨ ᠦᠭᠡᠢ ᠪᠠᠶᠢᠪᠠᠯ᠂ ᠦᠷᠭᠦᠯᠵᠢᠯᠡᠭᠦᠯᠬᠦ ᠶᠢ ᠵᠥᠪᠰᠢᠶᠡᠷᠡᠭᠰᠡᠨ ᠢᠶᠠᠷ ᠦᠵᠡᠨ᠎ᠡ᠃ | ᠠᠮᠤ ᠪᠤᠳᠠᠭ᠎ᠠ ᠶᠢᠨ ᠵᠥᠪᠰᠢᠶᠡᠷᠡᠯ ᠤᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠨᠢ ᠳᠠᠭᠤᠰᠤᠭᠰᠠᠨ ᠳᠤ | ᠭᠤᠶᠤᠴᠢᠯᠠᠯ ᠭᠠᠷᠭᠠᠭᠰᠠᠨ ᠦᠭᠡᠢ ᠪᠣᠯ ᠠᠮᠤ ᠪᠤᠳᠠᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ | ᠮᠦᠴᠢᠷ ᠠᠴᠠ ᠲᠡᠭᠦᠨ ᠤ ᠠᠮᠤ ᠪᠤᠳᠠᠭ᠎ᠠ ᠬᠤᠳᠠᠯᠳᠤᠨ ᠠᠪᠬᠤ ᠵᠥᠪᠰᠢᠶᠡᠷᠡᠯ ᠤᠨ ᠦᠨᠡᠮᠯᠡᠯ ᠢ ᠨᠢ ᠬᠦᠴᠦᠨ ᠦᠭᠡᠢ | ᠪᠣᠯᠭᠠᠬᠤ ᠬᠡᠷᠡᠭᠲᠡᠢ᠃ | ᠠᠷᠪᠠᠨ ᠨᠢᠭᠡᠳᠦᠭᠡᠷ ᠵᠦᠢᠯ ᠠᠮᠤ ᠪᠤᠳᠠᠭ᠎ᠠ ᠬᠤᠳᠠᠯᠳᠤᠨ ᠠᠪᠬᠤ ᠵᠥᠪᠰᠢᠶᠡᠷᠡᠯ ᠤᠨ ᠦᠨᠡᠮᠯᠡᠯ ᠢ | ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠮᠤ ᠪᠤᠳᠠᠭ᠎ᠠ ᠶᠢᠨ ᠵᠠᠰᠠᠭ ᠵᠠᠬᠢᠷᠭᠠᠨ ᠤ | ᠬᠠᠮᠢᠶᠠᠷᠤᠯᠲᠠ ᠶᠢᠨ ᠰᠠᠯᠠᠭ᠎ᠠ ᠮᠦᠴᠢᠷ ᠠᠴᠠ ᠤᠯᠤᠰ ᠤᠨ ᠲᠣᠭᠲᠠᠭᠠᠭᠰᠠᠨ ᠬᠡᠪ ᠬᠡᠯᠪᠡᠷᠢ ᠪᠠᠷ ᠨᠢᠭᠡᠲᠦᠯᠲᠡᠢ | ᠳᠠᠷᠤᠮᠠᠯᠯᠠᠨ ᠵᠣᠬᠢᠶᠠᠬᠤ ᠬᠡᠷᠡᠭᠲᠡᠢ᠃ | ᠶᠠᠮᠠᠷᠪᠠ ᠨᠢᠭᠡᠴᠡ ᠪᠠ ᠬᠤᠪᠢ ᠬᠦᠮᠦᠨ ᠠᠮᠤ ᠪᠤᠳᠠᠭ᠎ᠠ ᠬᠤᠳᠠᠯᠳᠤᠨ ᠠᠪᠬᠤ ᠵᠥᠪᠰᠢᠶᠡᠷᠡᠯ ᠤᠨ ᠦᠨᠡᠮᠯᠡᠯ ᠢ | ᠬᠠᠭᠤᠷᠮᠠᠭ ᠢᠶᠠᠷ ᠵᠣᠬᠢᠶᠠᠬᠤ᠂ ᠪᠠᠯᠠᠯᠤᠨ ᠬᠤᠪᠢᠷᠠᠭᠤᠯᠬᠤ᠂ ᠫᠠᠨᠽᠠᠯᠠᠬᠤ᠂ ᠰᠢᠯᠵᠢᠭᠦᠯᠦᠨ ᠥᠭᠬᠦ᠂ ᠳᠦᠷᠢᠶᠡᠰᠦᠯᠡᠭᠦᠯᠬᠦ | ᠪᠠ ᠵᠢᠭᠡᠯᠡᠭᠦᠯᠵᠦ ᠪᠣᠯᠬᠤ ᠦᠭᠡᠢ᠃ | ᠠᠷᠪᠠᠨ ᠬᠤᠶᠠᠳᠤᠭᠠᠷ ᠵᠦᠢᠯ ᠠᠮᠤ ᠪᠤᠳᠠᠭ᠎ᠠ ᠬᠤᠳᠠᠯᠳᠤᠨ ᠠᠪᠬᠤ ᠠᠵᠢᠯᠯᠠᠭ᠎ᠠ ᠡᠷᠬᠢᠯᠡᠵᠦ ᠪᠠᠶᠢᠭ᠎ᠠ | ᠡᠵᠡᠩᠨᠡᠭᠴᠢ ᠳᠣᠣᠷᠠᠬᠢ ᠲᠣᠭᠲᠠᠭᠠᠯ ᠤᠳ ᠢ ᠵᠢᠷᠤᠮᠯᠡᠨ ᠰᠠᠬᠢᠬᠤ ᠬᠡᠷᠡᠭᠲᠡᠢ᠄ | ︵ᠨᠢᠭᠡ︶ ᠠᠮᠤ ᠪᠤᠳᠠᠭ᠎ᠠ ᠬᠤᠳᠠᠯᠳᠤᠨ ᠠᠪᠬᠤ ᠲᠠᠯᠠᠪᠤᠷ ᠲᠤ ᠠᠮᠤ ᠪᠤᠳᠠᠭ᠎ᠠ ᠬᠤᠳᠠᠯᠳᠤᠨ ᠠᠪᠬᠤ | ᠵᠥᠪᠰᠢᠶᠡᠷᠡᠯ ᠤᠨ ᠦᠨᠡᠮᠯᠡᠯ ᠪᠠ ᠡᠵᠡᠩᠨᠡᠯᠲᠡ ᠶᠢᠨ ᠦᠨᠡᠮᠯᠡᠯ ᠢᠶᠠᠨ ᠲᠤᠳᠤᠷᠬᠠᠢ ᠦᠵᠡᠭᠦᠯᠬᠦ ᠬᠡᠷᠡᠭᠲᠡᠢ᠃ | ︵ᠬᠤᠶᠠᠷ︶ ᠠᠮᠤ ᠪᠤᠳᠠᠭ᠎ᠠ ᠬᠤᠳᠠᠯᠳᠤᠭᠴᠢ ᠳᠤ ᠮᠡᠳᠡᠭᠳᠡᠬᠦ ᠪᠤᠶᠤ ᠬᠤᠳᠠᠯᠳᠤᠨ ᠠᠪᠬᠤ ᠲᠠᠯᠠᠪᠤᠷ ᠲᠤ | ᠬᠤᠳᠠᠯᠳᠤᠨ ᠠᠪᠬᠤ ᠠᠮᠤ ᠪᠤᠳᠠᠭ᠎ᠠ ᠶᠢᠨ ᠲᠦᠷᠦᠯ ᠵᠦᠢᠯ᠂ ᠶᠠᠰᠤ ᠴᠢᠨᠠᠷ ᠤᠨ ᠪᠠᠷᠢᠮᠵᠢᠶ᠎ᠠ ᠪᠠ ᠬᠤᠳᠠᠯᠳᠤᠨ ᠠᠪᠬᠤ | ᠦᠨ᠎ᠡ ᠬᠠᠩᠰᠢ ᠶᠢ ᠨᠡᠶᠢᠲᠡ ᠳᠤ ᠵᠠᠷᠯᠠᠬᠤ ᠬᠡᠷᠡᠭᠲᠡᠢ᠃ | ︵ᠭᠤᠷᠪᠠ︶ ᠤᠯᠤᠰ ᠤᠨ ᠠᠮᠤ ᠪᠤᠳᠠᠭ᠎ᠠ ᠶᠢᠨ ᠶᠠᠰᠤ ᠴᠢᠨᠠᠷ ᠤᠨ ᠪᠠᠷᠢᠮᠵᠢᠶ᠎ᠠ ᠶᠢ ᠬᠡᠷᠡᠭᠵᠢᠭᠦᠯᠵᠦ᠂ | ᠴᠢᠨᠠᠷ ᠢᠶᠠᠷ ᠦᠨ᠎ᠡ ᠬᠠᠩᠰᠢ ᠶᠢ ᠶᠠᠷᠢᠯᠴᠠᠨ᠂ ᠲᠠᠷᠢᠶᠠᠴᠢᠳ ᠪᠠ ᠠᠮᠤ ᠪᠤᠳᠠᠭ᠎ᠠ ᠦᠢᠯᠡᠳᠪᠦᠷᠢᠯᠡᠭᠴᠢᠳ ᠤᠨ ᠠᠰᠢᠭ | ᠲᠤᠰᠠ ᠶᠢ ᠬᠤᠬᠢᠷᠠᠭᠤᠯᠤᠨ ᠬᠦᠨᠦᠭᠡᠵᠦ ᠪᠣᠯᠬᠤ ᠦᠭᠡᠢ᠃ | ︵ᠳᠥᠷᠪᠡ︶ ᠠᠮᠤ ᠪᠤᠳᠠᠭ᠎ᠠ ᠬᠤᠳᠠᠯᠳᠤᠭᠴᠢ ᠳᠤ ᠠᠮᠤ ᠪᠤᠳᠠᠭ᠎ᠠ ᠬᠤᠳᠠᠯᠳᠤᠨ ᠠᠪᠬᠤ ᠭᠡᠷᠡᠴᠢ | ᠪᠠᠷᠢᠮᠲᠠ ᠪᠠᠨ ᠭᠠᠷᠭᠠᠨ ᠦᠵᠡᠭᠦᠯᠬᠦ ᠳᠡᠭᠡᠨ ᠬᠤᠳᠠᠯᠳᠤᠨ ᠠᠪᠬᠤ ᠠᠮᠤ ᠪᠤᠳᠠᠭ᠎ᠠ ᠶᠢᠨ ᠲᠦᠷᠦᠯ ᠵᠦᠢᠯ᠂ ᠵᠡᠷᠭᠡ ᠳᠡᠰ᠂ | ᠦᠨ᠎ᠡ ᠬᠠᠩᠰᠢ᠂ ᠲᠤᠭ᠎ᠠ ᠬᠡᠮᠵᠢᠶ᠎ᠡ ᠪᠣᠯᠣᠨ ᠵᠤᠭᠤᠰᠤᠨ ᠤ ᠲᠤᠭ᠎ᠠ ᠶᠢ ᠲᠤᠳᠤᠷᠬᠠᠢ ᠲᠡᠮᠲᠡᠭᠯᠡᠬᠦ ᠬᠡᠷᠡᠭᠲᠡᠢ᠃ | ︵ᠲᠠᠪᠤ︶ ᠠᠮᠤ ᠪᠤᠳᠠᠭ᠎ᠠ ᠬᠤᠳᠠᠯᠳᠤᠭᠴᠢ ᠳᠤ ᠠᠮᠤ ᠪᠤᠳᠠᠭ᠎ᠠ ᠬᠤᠳᠠᠯᠳᠤᠭᠰᠠᠨ ᠵᠤᠭᠤᠰ ᠢ ᠴᠠᠭ | ᠲᠣᠬᠠᠢ ᠳᠤᠨᠢ ᠥᠭᠴᠦ᠂ ᠦᠷᠢᠲᠦᠵᠦ ᠪᠣᠯᠬᠤ ᠦᠭᠡᠢ᠃ | ︵ᠵᠢᠷᠭᠤᠭ᠎ᠠ︶ ᠶᠠᠮᠠᠷᠪᠠ ᠵᠣᠬᠢᠶᠠᠨ ᠪᠠᠶᠢᠭᠤᠯᠤᠯᠲᠠ ᠪᠣᠶᠣ ᠬᠤᠪᠢ ᠬᠦᠮᠦᠨ ᠤ ᠨᠠᠶᠢᠳᠠᠯᠭ᠎ᠠ ᠶᠢ ᠬᠦᠯᠢᠶᠡᠵᠦ | ᠠᠯᠢᠪᠠ ᠭᠠᠶᠢᠯᠢ᠂ ᠵᠠᠷᠤᠳᠠᠯ ᠪᠣᠯᠣᠨ ᠪᠤᠰᠤᠳ ᠵᠤᠭᠤᠰᠤᠨ ᠤ ᠵᠦᠢᠯ ᠢ ᠣᠷᠤᠯᠠᠨ ᠰᠠᠭᠤᠳᠬᠠᠬᠤ᠂ ᠣᠷᠤᠯᠠᠨ | ᠲᠤᠰᠢᠶᠠᠵᠤ ᠪᠣᠯᠬᠤ ᠦᠭᠡᠢ᠃ | ︵ᠳᠣᠯᠤᠭ᠎ᠠ︶ ᠬᠠᠤᠯᠢ ᠪᠠᠷ ᠲᠣᠭᠲᠠᠭᠠᠭᠰᠠᠨ ᠰᠢᠯᠭᠠᠨ ᠪᠠᠶᠢᠴᠠᠭᠠᠵᠤ ᠬᠡᠮᠵᠢᠨ ᠲᠣᠭᠲᠠᠭᠠᠬᠤ | ᠪᠠᠶᠢᠭᠤᠯᠤᠮᠵᠢ ᠠᠴᠠ ᠪᠠᠶᠢᠴᠠᠭᠠᠳ ᠬᠢᠷᠢ ᠲᠡᠩᠴᠡᠭᠰᠡᠨ ᠬᠡᠮᠵᠢᠯᠲᠡ ᠶᠢᠨ ᠪᠠᠭᠠᠵᠢ ᠬᠡᠷᠡᠭᠰᠡᠯ ᠢ ᠬᠡᠷᠡᠭᠯᠡᠬᠦ ᠬᠡᠷᠡᠭᠲᠡᠢ᠃ | ︵ᠨᠠᠢᠮᠠ︶ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠨᠠᠶᠢᠳᠠᠯᠭ᠎ᠠ ᠶᠢ ᠬᠦᠯᠢᠶᠡᠵᠦ ᠲᠥᠷᠥ ᠶᠢᠨ ᠪᠣᠳᠣᠯᠭ᠎ᠠ ᠶᠢᠨ ᠴᠢᠨᠠᠷᠲᠠᠢ ᠠᠮᠤ ᠪᠤᠳᠠᠭ᠎ᠠ ᠶᠢ ᠬᠤᠳᠠᠯᠳᠤᠨ ᠠᠪᠬᠤ | ᠬᠡᠷᠡᠭᠲᠡᠢ᠃ | ︵ᠶᠢᠰᠦ︶ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ ᠲᠣᠭᠲᠠᠭᠠᠭᠰᠠᠨ ᠪᠤᠰᠤᠳ | ᠡᠭᠦᠷᠭᠡ᠃ | ᠠᠷᠪᠠᠨ ᠭᠤᠷᠪᠠᠳᠤᠭᠠᠷ ᠵᠦᠢᠯ ᠠᠮᠤ ᠪᠤᠳᠠᠭ᠎ᠠ ᠬᠤᠳᠠᠯᠳᠤᠨ ᠠᠪᠬᠤ ᠠᠵᠢᠯᠯᠠᠭ᠎ᠠ ᠡᠷᠬᠢᠯᠡᠵᠦ ᠪᠠᠶᠢᠭ᠎ᠠ | ᠡᠵᠡᠩᠨᠡᠭᠴᠢ ᠬᠤᠰᠢᠭᠤ ᠰᠢᠶᠠᠨ ᠠᠯᠤᠰᠯᠠᠨ ᠠᠮᠤ ᠪᠤᠳᠠᠭ᠎ᠠ ᠬᠤᠳᠠᠯᠳᠤᠨ ᠠᠪᠬᠤ ᠳᠤ᠂ ᠠᠮᠤ ᠪᠤᠳᠠᠭ᠎ᠠ ᠬᠤᠳᠠᠯᠳᠤᠨ | ᠠᠪᠬᠤ ᠬᠦᠴᠦᠨ ᠲᠠᠢ ᠵᠥᠪᠰᠢᠶᠡᠷᠡᠯ ᠤᠨ ᠦᠨᠡᠮᠯᠡᠯ ᠤᠨ ᠬᠠᠭᠤᠯᠪᠤᠷᠢ ᠳᠡᠪᠲᠡᠷ ᠪᠠ ᠡᠵᠡᠩᠨᠡᠯᠲᠡ ᠶᠢᠨ ᠦᠨᠡᠮᠯᠡᠯ ᠤᠨ | ᠬᠠᠭᠤᠯᠪᠤᠷᠢ ᠳᠡᠪᠲᠡᠷ ᠲᠠᠢ ᠪᠠᠶᠢᠬᠤ ᠶᠢᠨ ᠬᠠᠮᠲᠤ᠂ ᠬᠤᠳᠠᠯᠳᠤᠵᠤ ᠠᠪᠤᠭᠰᠠᠨ ᠭᠠᠵᠠᠷ ᠤᠨ ᠬᠤᠰᠢᠭᠤ ᠰᠢᠶᠠᠨ ᠤ | ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠮᠤ ᠪᠤᠳᠠᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ | ᠰᠠᠯᠠᠭ᠎ᠠ ᠮᠦᠴᠢᠷ ᠲᠤ ᠠᠮᠤ ᠪᠤᠳᠠᠭ᠎ᠠ ᠬᠤᠳᠠᠯᠳᠤᠵᠤ ᠠᠪᠤᠭᠰᠠᠨ ᠲᠤᠭ᠎ᠠ ᠬᠡᠮᠵᠢᠶ᠎ᠡ ᠵᠡᠷᠭᠡ ᠬᠤᠯᠪᠣᠭᠳᠠᠯ ᠪᠦᠬᠦᠢ | ᠪᠠᠶᠢᠳᠠᠯ ᠶᠢᠢᠡᠨ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠬᠦ ᠬᠡᠷᠡᠭᠲᠡᠢ᠃ | ᠠᠷᠪᠠᠨ ᠳᠦᠷᠪᠡᠳᠦᠭᠡᠷ ᠵᠦᠢᠯ ᠠᠮᠤ ᠪᠤᠳᠠᠭ᠎ᠠ ᠪᠤᠷᠤᠯᠠᠭᠤᠯᠬᠤ ᠠᠵᠢᠯᠯᠠᠭ᠎ᠠ ᠡᠷᠬᠢᠯᠡᠵᠦ ᠪᠠᠶᠢᠭ᠎ᠠ | ᠡᠵᠡᠩᠨᠡᠭᠴᠢ ᠳᠣᠣᠷᠠᠬᠢ ᠲᠣᠭᠲᠠᠭᠠᠯ ᠤᠳ ᠢ ᠵᠢᠷᠤᠮᠯᠡᠨ ᠰᠠᠬᠢᠬᠤ ᠬᠡᠷᠡᠭᠲᠡᠢ᠄ | ︵ᠨᠢᠭᠡ︶ ᠠᠮᠤ ᠪᠤᠳᠠᠭ᠎ᠠ ᠶᠢᠨ ᠶᠠᠰᠤ ᠴᠢᠨᠠᠷ᠂ ᠡᠷᠡᠭᠦᠯ ᠬᠠᠮᠠᠭᠠᠯᠠᠯ ᠤᠨ ᠲᠣᠬᠠᠢ ᠤᠯᠤᠰ ᠤᠨ ᠪᠠᠷᠢᠮᠵᠢᠶ᠎ᠠ ᠶᠢ | ᠴᠢᠩᠭ᠎ᠠ ᠬᠡᠷᠡᠭᠵᠢᠭᠦᠯᠬᠦ ᠬᠡᠷᠡᠭᠲᠡᠢ᠃ | ︵ᠬᠤᠶᠠᠷ︶ ᠬᠡᠮᠵᠢᠶ᠎ᠡ ᠶᠢ ᠨᠢ ᠳᠤᠲᠠᠭᠤᠯᠬᠤ᠂ ᠬᠤᠯᠢᠴᠠ ᠬᠢᠵᠦ ᠬᠠᠭᠤᠷᠮᠠᠭᠯᠠᠬᠤ᠂ ᠮᠠᠭᠤ ᠪᠠᠷ ᠰᠠᠶᠢᠨ ᠢ | ᠣᠷᠤᠯᠠᠭᠤᠯᠵᠤ ᠪᠣᠯᠬᠤ ᠦᠭᠡᠢ᠃ | ︵ᠭᠤᠷᠪᠠ︶ ᠪᠤᠷᠤᠯᠠᠭᠤᠯᠵᠤ ᠪᠠᠶᠢᠭ᠎ᠠ ᠠᠮᠤ ᠪᠤᠳᠠᠭ᠎ᠠ ᠶᠢ ᠲᠡᠭᠦᠨ ᠢ ᠪᠣᠬᠢᠷᠳᠤᠭᠤᠯᠵᠤ ᠮᠡᠳᠡᠬᠦ ᠪᠤᠳᠠᠰ ᠯᠤᠭ᠎ᠠ | ᠢᠯᠭᠠᠵᠤ ᠲᠠᠯᠪᠢᠬᠤ ᠬᠡᠷᠡᠭᠲᠡᠢ᠃ | ︵ᠳᠥᠷᠪᠡ︶ ᠬᠤᠷᠠᠮᠳᠤᠭᠤᠯᠤᠨ ᠳᠠᠷᠤᠵᠤ ᠵᠠᠪᠰᠢᠨ ᠰᠠᠷᠢᠭᠠᠯᠠᠬᠤ᠂ ᠠᠵᠢᠯ ᠨᠢᠭᠡᠲᠡᠨ ᠢᠶᠠᠨ ᠳᠠᠷᠤᠯᠠᠵᠤ ᠵᠠᠬ᠎ᠠ | ᠳᠡᠯᠭᠡᠭᠦᠷ ᠢ ᠡᠵᠡᠷᠬᠡᠬᠦ᠂ ᠭᠠᠭᠴᠠ ᠪᠠᠷ ᠡᠵᠡᠮᠰᠢᠬᠦ ᠪᠤᠶᠤ ᠠᠮᠤ ᠪᠤᠳᠠᠭ᠎ᠠ ᠶᠢᠨ ᠦᠨ᠎ᠡ ᠬᠠᠩᠰᠢ ᠶᠢ ᠡᠷᠬᠡᠰᠢᠶᠡᠵᠦ | ᠪᠣᠯᠬᠤ ᠦᠭᠡᠢ᠃ | ︵ᠲᠠᠪᠤ︶ ᠪᠣᠷᠤᠯᠠᠭᠤᠯᠤᠬᠴᠢᠳ ᠠᠮᠤ ᠪᠤᠳᠠᠭ᠎ᠠ ᠶᠢᠨ ᠬᠤᠷᠣᠬᠠᠶᠢᠲᠤᠬᠤ ᠠᠴᠠ ᠰᠡᠷᠭᠡᠶᠢᠯᠡᠬᠦ᠂ | ᠬᠤᠯᠤᠭᠠᠨ᠎ᠠ ᠠᠴᠠ ᠬᠠᠮᠠᠭᠠᠯᠠᠬᠤ᠂ ᠬᠦᠬᠡᠴᠦᠷᠡᠬᠦ ᠠᠴᠠ ᠰᠡᠷᠭᠡᠶᠢᠯᠡᠬᠦ᠂ ᠪᠤᠬᠢᠷᠳᠤᠯ ᠠᠴᠠ ᠰᠡᠷᠭᠡᠶᠢᠯᠡᠬᠦ ᠵᠡᠷᠭᠡ ᠶᠡᠷᠦ ᠶᠢᠨ | ᠮᠡᠳᠡᠯᠭᠡ ᠶᠢ ᠰᠠᠶᠢᠨ ᠣᠶᠢᠯᠠᠭᠠᠵᠤ᠂ ᠠᠮᠤ ᠪᠤᠳᠠᠭ᠎ᠠ ᠶᠢᠨ ᠶᠠᠰᠤ ᠴᠢᠨᠠᠷ ᠢ ᠢᠯᠭᠠᠨ ᠲᠠᠨᠢᠵᠤ ᠴᠢᠳᠠᠬᠤ ᠴᠢᠳᠠᠪᠤᠷᠢ ᠶᠢ | ᠪᠦᠷᠢᠯᠳᠦᠭᠦᠯᠬᠦ ᠬᠡᠷᠡᠭᠲᠡᠢ᠃ | ︵ᠵᠢᠷᠭᠤᠭ᠎ᠠ︶ ᠴᠠᠶᠢᠯᠭᠠᠭᠰᠠᠨ ᠠᠮᠤ ᠪᠣᠷᠤᠯᠠᠭᠤᠯᠤᠭᠴᠢ ᠨᠢ ᠡᠷᠡᠭᠦᠯ ᠮᠡᠨᠳᠦ ᠶᠢᠨ ᠬᠢᠷᠢ ᠲᠡᠩᠴᠡᠭᠰᠡᠨ | ᠭᠡᠷᠡᠴᠢ ᠲᠠᠢ ᠪᠠᠶᠢᠬᠤ ᠬᠡᠷᠡᠭᠲᠡᠢ᠃ | ︵ᠳᠤᠯᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ ᠲᠣᠭᠲᠠᠭᠠᠭᠰᠠᠨ | ᠪᠤᠰᠤᠳ ᠡᠭᠦᠷᠭᠡ᠃ | ᠠᠷᠪᠠᠨ ᠲᠠᠪᠤᠳᠤᠭᠠᠷ ᠵᠦᠢᠯ ᠠᠮᠤ ᠪᠤᠳᠠᠭ᠎ᠠ ᠬᠠᠳᠠᠭᠠᠯᠠᠬᠤ ᠠᠵᠢᠯᠯᠠᠭ᠎ᠠ ᠶᠢ ᠡᠷᠬᠢᠯᠡᠵᠦ ᠪᠠᠶᠢᠭ᠎ᠠ | ᠡᠵᠡᠩᠨᠡᠭᠴᠢ ᠳᠣᠣᠷᠠᠬᠢ ᠲᠣᠭᠲᠠᠭᠠᠯ ᠤᠳ ᠢ ᠵᠢᠷᠤᠮᠯᠡᠨ ᠰᠠᠬᠢᠬᠤ ᠬᠡᠷᠡᠭᠲᠡᠢ᠄ | ︵ᠨᠢᠭᠡ︶ ᠬᠦᠮᠦᠷᠭᠡᠯᠡᠨ ᠬᠠᠳᠠᠭᠠᠯᠠᠬᠤ ᠪᠡᠯᠡᠳᠭᠡᠮᠵᠢ ᠨᠢ ᠤᠯᠤᠰ ᠤᠨ ᠠᠮᠤ ᠪᠤᠳᠠᠭ᠎ᠠ ᠬᠠᠳᠠᠭᠠᠯᠠᠬᠤ ᠶᠠᠰᠤ | ᠴᠢᠨᠠᠷ᠂ ᠡᠷᠡᠭᠦᠯ ᠬᠠᠮᠠᠭᠠᠯᠠᠯ ᠤᠨ ᠪᠠᠷᠢᠮᠵᠢᠶ᠎ᠠ ᠪᠠ ᠮᠡᠷᠭᠡᠵᠢᠯ ᠤᠨ ᠵᠢᠷᠤᠮᠵᠢᠯ ᠳᠤ ᠨᠡᠶᠢᠴᠡᠭᠰᠡᠨ ᠪᠠᠶᠢᠬᠤ ᠬᠡᠷᠡᠭᠲᠡᠢ᠃ | ︵ᠬᠤᠶᠠᠷ︶ ᠠᠮᠤ ᠪᠤᠳᠠᠭ᠎ᠠ ᠶᠢ ᠲᠡᠭᠦᠨ ᠢ ᠪᠣᠬᠢᠷᠳᠤᠭᠤᠯᠵᠤ ᠮᠡᠳᠡᠬᠦ ᠪᠤᠳᠠᠰ ᠯᠤᠭ᠎ᠠ ᠬᠠᠮᠲᠤ ᠬᠠᠳᠠᠭᠠᠯᠠᠵᠤ | ᠪᠣᠯᠬᠤ ᠦᠭᠡᠢ᠃ | ︵ᠭᠤᠷᠪᠠ︶ ᠬᠦᠬᠡᠴᠦᠷᠡᠭᠰᠡᠨ ᠪᠠ ᠡᠪᠡᠳᠴᠢᠨ ᠬᠤᠷᠤᠬᠠᠢ ᠶᠢᠨ ᠬᠦᠨᠦᠭᠡᠯ ᠨᠢ ᠤᠯᠤᠰ ᠤᠨ ᠪᠠᠷᠢᠮᠵᠢᠶ᠎ᠠ ᠠᠴᠠ | ᠬᠡᠲᠦᠷᠡᠭᠰᠡᠨ ᠠᠮᠤ ᠪᠤᠳᠠᠭ᠎ᠠ ᠶᠢ ᠠᠰ ᠲᠤᠨᠢ ᠬᠠᠳᠠᠭᠠᠯᠠᠬᠤ ᠶᠢᠨ ᠬᠠᠮᠲᠤ᠂ ᠤᠯᠤᠰ ᠤᠨ ᠲᠣᠭᠲᠠᠭᠠᠯ ᠶᠤᠰᠤᠭᠠᠷ | ᠪᠤᠷᠤᠯᠠᠭᠤᠯᠬᠤ ᠪᠣᠶᠣ ᠤᠰᠠᠳᠬᠠᠬᠤ ᠬᠡᠷᠡᠭᠲᠡᠢ᠃ | ︵ᠳᠥᠷᠪᠡ︶ ᠬᠦᠮᠦᠷᠭᠡᠯᠡᠨ ᠬᠠᠳᠠᠭᠠᠯᠠᠬᠤ ᠪᠡᠯᠡᠳᠭᠡᠮᠵᠢ ᠶᠢ ᠠᠷᠢᠭᠤᠳᠬᠠᠬᠤ᠂ ᠠᠮᠤ ᠪᠤᠳᠠᠭ᠎ᠠ ᠶᠢᠨ ᠬᠤᠷᠣᠬᠠᠢ | ᠶᠢᠨ ᠬᠦᠨᠦᠭᠡᠯ ᠪᠠ ᠬᠦᠬᠡᠴᠦ ᠶᠢ ᠰᠡᠷᠭᠡᠶᠢᠯᠡᠨ ᠵᠠᠰᠠᠬᠤ᠂ ᠬᠤᠯᠤᠭᠠᠨ᠎ᠠ ᠶᠢ ᠤᠰᠠᠳᠬᠠᠬᠤ ᠵᠡᠷᠭᠡ ᠳᠤ ᠤᠯᠤᠰ ᠤᠨ | ᠲᠣᠭᠲᠠᠭᠠᠭᠰᠠᠨ ᠲᠦᠷᠦᠯ ᠵᠦᠢᠯ ᠠᠴᠠ ᠪᠤᠰᠤᠳ ᠬᠢᠮᠢ ᠶᠢᠨ ᠡᠮ ᠨᠠᠶᠢᠷᠠᠯᠭ᠎ᠠ ᠶᠢ ᠬᠡᠷᠡᠭᠯᠡᠬᠦ ᠪᠣᠶᠣ ᠬᠢᠮᠢ ᠶᠢᠨ ᠡᠮ | ᠨᠠᠶᠢᠷᠠᠯᠭ᠎ᠠ ᠶᠢ ᠬᠡᠮᠵᠢᠶ᠎ᠠ ᠠᠴᠠ ᠨᠢ ᠬᠡᠲᠦᠷᠡᠭᠦᠯᠦᠨ ᠬᠡᠷᠡᠭᠯᠡᠵᠦ ᠪᠣᠯᠬᠤ ᠦᠭᠡᠢ᠃ ᠡᠮ ᠨᠠᠶᠢᠷᠠᠯᠭ᠎ᠠ ᠶᠢᠨ ᠦᠯᠡᠳᠡᠴᠡ ᠨᠢ | ᠤᠯᠤᠰ ᠤᠨ ᠪᠠᠷᠢᠮᠵᠢᠶ᠎ᠠ ᠠᠴᠠ ᠬᠡᠲᠦᠷᠡᠭᠰᠡᠨ ᠠᠮᠤ ᠪᠤᠳᠠᠭ᠎ᠠ ᠶᠢ ᠠᠰ ᠲᠤᠨᠢ ᠪᠢᠲᠡᠭᠦᠮᠵᠢᠯᠡᠨ ᠬᠠᠳᠠᠭᠠᠯᠠᠬᠤ ᠶᠢᠨ ᠬᠠᠮᠲᠤ᠂ | ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠤᠰᠤᠭᠠᠷ ᠰᠢᠢᠳᠪᠦᠷᠢᠯᠡᠬᠦ ᠬᠡᠷᠡᠭᠲᠡᠢ᠃ | ︵ᠲᠠᠪᠤ︶ ᠤᠯᠤᠰ ᠤᠨ ᠲᠣᠭᠲᠠᠭᠠᠯ ᠶᠤᠰᠤᠭᠠᠷ ᠠᠮᠤ ᠪᠤᠳᠠᠭ᠎ᠠ ᠬᠠᠳᠠᠭᠠᠯᠠᠬᠤ ᠬᠢᠮᠢ ᠶᠢᠨ ᠡᠮ ᠨᠠᠶᠢᠷᠠᠯᠭ᠎ᠠ ᠶᠢ | ᠠᠶᠤᠯ ᠦᠭᠡᠢ ᠪᠠᠷ ᠬᠠᠳᠠᠭᠠᠯᠠᠵᠤ ᠬᠠᠮᠢᠶᠠᠷᠬᠤ ᠪᠠ ᠠᠶᠣᠯ ᠦᠭᠡᠢ ᠬᠡᠷᠡᠭᠯᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ | ︵ᠵᠢᠷᠭᠤᠭ᠎ᠠ︶ ᠬᠡᠪ ᠤᠨ ᠬᠠᠳᠠᠭᠠᠯᠠᠬᠤ ᠬᠤᠭᠤᠴᠠᠭᠠᠨ ᠳᠤ ᠪᠠᠶᠢᠭ᠎ᠠ ᠠᠮᠤ ᠪᠤᠳᠠᠭ᠎ᠠ ᠶᠢ ᠬᠦᠮᠦᠷᠭᠡ ᠠᠴᠠ | ᠭᠠᠷᠭᠠᠬᠤ ᠳᠤ ᠡᠵᠡᠩᠨᠡᠭᠴᠢ ᠠᠴᠠ ᠦᠪᠡᠰᠦᠪᠡᠨ ᠪᠠᠶᠢᠴᠠᠭᠠᠨ ᠰᠢᠯᠭᠠᠬᠤ ᠶᠢᠨ ᠬᠠᠮᠲᠤ᠂ ᠶᠠᠰᠤ ᠴᠢᠨᠠᠷ ᠢ ᠪᠠᠶᠢᠴᠠᠭᠠᠨ | ᠰᠢᠯᠭᠠᠭᠰᠠᠨ ᠮᠡᠳᠡᠭᠦᠯᠦᠯᠲᠡ ᠶᠢ ᠭᠠᠷᠭᠠᠵᠤ ᠥᠭᠭᠦᠨ᠎ᠡ︔ ᠬᠡᠪ ᠤᠨ ᠬᠠᠳᠠᠭᠠᠯᠠᠬᠤ ᠬᠤᠭᠤᠴᠠᠭ᠎ᠠ ᠠᠴᠠ ᠬᠡᠲᠦᠷᠡᠭᠰᠡᠨ | ᠠᠮᠤ ᠪᠤᠳᠠᠭ᠎ᠠ ᠶᠢ ᠬᠦᠮᠦᠷᠭᠡ ᠠᠴᠠ ᠭᠠᠷᠭᠠᠬᠤ ᠳᠤ ᠠᠮᠤ ᠪᠤᠳᠠᠭ᠎ᠠ ᠶᠢᠨ ᠶᠠᠰᠤ ᠴᠢᠨᠠᠷ ᠢ ᠪᠠᠶᠢᠴᠠᠭᠠᠨ ᠰᠢᠯᠭᠠᠬᠤ ᠬᠢᠷᠢ | ᠭᠡᠮ ᠲᠠᠢ ᠪᠠᠶᠢᠭᠤᠯᠤᠮᠵᠢ ᠠᠴᠠ ᠶᠠᠰᠤ ᠴᠢᠨᠠᠷ ᠢ ᠰᠢᠯᠭᠠᠨ ᠲᠣᠭᠲᠠᠭᠠᠬᠤ ᠶᠢᠨ ᠬᠠᠮᠲᠤ᠂ ᠶᠠᠰᠤ ᠴᠢᠨᠠᠷ ᠢ ᠪᠠᠶᠢᠴᠠᠭᠠᠨ | ᠰᠢᠯᠭᠠᠭᠰᠠᠨ ᠮᠡᠳᠡᠭᠦᠯᠦᠯᠲᠡ ᠶᠢ ᠭᠠᠷᠭᠠᠵᠤ ᠥᠭᠬᠦ ᠬᠡᠷᠡᠭᠲᠡᠢ᠃ | ︵ᠳᠤᠯᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ ᠲᠣᠭᠲᠠᠭᠠᠭᠰᠠᠨ | ᠪᠤᠰᠤᠳ ᠡᠭᠦᠷᠭᠡ᠃ | ᠠᠷᠪᠠᠨ ᠵᠢᠷᠭᠤᠳᠤᠭᠠᠷ ᠵᠦᠢᠯ ᠠᠮᠤ ᠪᠤᠳᠠᠭ᠎ᠠ ᠪᠣᠷᠤᠯᠠᠭᠤᠯᠬᠤ᠂ ᠪᠣᠯᠪᠠᠰᠤᠷᠠᠭᠤᠯᠬᠤ ᠪᠠ ᠤᠯᠠᠷᠢᠭᠤᠯᠬᠤ | ᠠᠵᠢᠯ ᠢ ᠡᠷᠬᠢᠯᠡᠵᠦ ᠪᠠᠶᠢᠭ᠎ᠠ ᠡᠵᠡᠩᠨᠡᠭᠴᠢ ᠨᠢ ᠠᠮᠤ ᠪᠤᠳᠠᠭ᠎ᠠ ᠬᠤᠳᠠᠯᠳᠤᠨ ᠠᠪᠬᠤ᠂ ᠬᠠᠳᠠᠭᠠᠯᠠᠬᠤ ᠶᠢ ᠡᠷᠬᠢᠯᠡᠵᠦ | ᠪᠠᠶᠢᠭ᠎ᠠ ᠡᠵᠡᠩᠨᠡᠭᠴᠢ ᠠᠴᠠ ᠠᠮᠤ ᠪᠤᠳᠠᠭ᠎ᠠ ᠬᠤᠳᠠᠯᠳᠤᠨ ᠠᠪᠬᠤ ᠳᠠᠭᠠᠨ ᠠᠮᠤ ᠪᠤᠳᠠᠭ᠎ᠠ ᠶᠢᠨ ᠶᠠᠰᠤ ᠴᠢᠨᠠᠷ ᠢ | ᠪᠠᠶᠢᠴᠠᠭᠠᠨ ᠰᠢᠯᠭᠠᠭᠰᠠᠨ ᠮᠡᠳᠡᠭᠦᠯᠦᠯᠲᠡ ᠶᠢ ᠠᠪᠬᠤ ᠬᠡᠷᠡᠭᠲᠡᠢ᠃ | ᠠᠷᠪᠠᠨ ᠳᠤᠯᠤᠳᠤᠭᠠᠷ ᠵᠦᠢᠯ ᠠᠮᠤ ᠪᠤᠳᠠᠭ᠎ᠠ ᠲᠡᠭᠡᠭᠡᠪᠦᠷᠢᠯᠡᠬᠦ ᠳᠤ ᠤᠯᠤᠰ ᠤᠨ ᠠᠮᠤ ᠪᠤᠳᠠᠭ᠎ᠠ | ᠲᠡᠭᠡᠭᠡᠪᠦᠷᠢᠯᠡᠬᠦ ᠮᠡᠷᠭᠡᠵᠢᠯ ᠤᠨ ᠵᠢᠷᠤᠮᠵᠢᠯ ᠢ ᠴᠢᠩᠭ᠎ᠠ ᠬᠡᠷᠡᠭᠵᠢᠭᠦᠯᠵᠦ᠂ ᠪᠣᠬᠢᠷᠳᠤᠭᠰᠠᠨ ᠲᠡᠭᠡᠭᠡᠪᠦᠷᠢᠯᠡᠬᠦ ᠪᠠᠭᠠᠵᠢ ᠪᠤᠶᠤ | ᠪᠣᠭᠤᠳᠠᠯᠯᠠᠬᠤ ᠮᠠᠲ᠋ᠧᠷᠢᠶᠠᠯ ᠢᠶᠠᠷ ᠠᠮᠤ ᠪᠤᠳᠠᠭ᠎ᠠ ᠶᠢ ᠲᠡᠭᠡᠭᠡᠪᠦᠷᠢᠯᠡᠵᠦ ᠪᠣᠯᠬᠤ ᠦᠭᠡᠢ᠃ | ᠠᠷᠪᠠᠨ ᠨᠠᠢᠮᠠᠳᠤᠭᠠᠷ ᠵᠦᠢᠯ ᠠᠮᠤ ᠪᠤᠳᠠᠭ᠎ᠠ ᠪᠣᠯᠪᠠᠰᠤᠷᠠᠭᠤᠯᠬᠤ ᠠᠵᠢᠯᠯᠠᠭ᠎ᠠ ᠶᠢ ᠡᠷᠬᠢᠯᠡᠵᠦ ᠪᠠᠶᠢᠭ᠎ᠠ | ᠡᠵᠡᠩᠨᠡᠭᠴᠢ ᠳᠣᠣᠷᠠᠬᠢ ᠲᠣᠭᠲᠠᠭᠠᠯ ᠤᠳ ᠢ ᠵᠢᠷᠤᠮᠯᠠᠬᠤ ᠬᠡᠷᠡᠭᠲᠡᠢ᠄ | ︵ᠨᠢᠭᠡ︶ ᠠᠮᠤ ᠪᠤᠳᠠᠭ᠎ᠠ ᠪᠣᠯᠪᠠᠰᠤᠷᠠᠭᠤᠯᠬᠤ ᠶᠠᠰᠤ ᠴᠢᠨᠠᠷ ᠪᠣᠯᠣᠨ ᠡᠷᠡᠭᠦᠯ ᠬᠠᠮᠠᠭᠠᠯᠠᠯ ᠢ ᠪᠠᠲᠤᠯᠠᠬᠤ ᠳᠤ | ᠬᠡᠷᠡᠭᠰᠡᠬᠦ ᠨᠦᠬᠦᠴᠡᠯ ᠢ ᠪᠦᠷᠢᠯᠳᠦᠭᠦᠯᠬᠦ ᠶᠢᠨ ᠬᠠᠮᠲᠤ᠂ ᠵᠣᠬᠢᠬᠤ ᠬᠢᠷᠢ ᠭᠡᠮ ᠲᠠᠢ ᠪᠠᠶᠢᠬᠤ ᠬᠡᠷᠡᠭᠲᠡᠢ᠃ | ︵ᠬᠤᠶᠠᠷ︶ ᠠᠮᠤ ᠪᠤᠳᠠᠭ᠎ᠠ ᠪᠣᠯᠪᠠᠰᠤᠷᠠᠭᠤᠯᠬᠤ ᠠᠵᠢᠯᠲᠠᠨ ᠡᠷᠡᠭᠦᠯ ᠮᠡᠨᠳᠦ ᠶᠢᠨ ᠬᠢᠷᠢ ᠲᠡᠩᠴᠡᠭᠰᠡᠨ | ᠭᠡᠷᠡᠴᠢ ᠲᠠᠢ ᠪᠠᠶᠢᠬᠤ ᠬᠡᠷᠡᠭᠲᠡᠢ᠃ | ︵ᠭᠤᠷᠪᠠ︶ ᠬᠦᠬᠡᠴᠦᠷᠡᠵᠦ ᠴᠢᠨᠠᠷ ᠢᠶᠠᠨ ᠠᠯᠳᠠᠭᠰᠠᠨ ᠴᠠᠶᠢᠯᠭᠠᠭᠠ ᠦᠭᠡᠢ ᠠᠮᠤ᠂ ᠬᠤᠯᠢᠰᠢᠨ ᠢᠳᠡᠭᠡᠨ ᠢ | ᠬᠡᠷᠡᠭᠯᠡᠵᠦ ᠪᠣᠯᠪᠠᠰᠤᠷᠠᠭᠤᠯᠵᠤ ᠪᠣᠯᠬᠤ ᠦᠭᠡᠢ᠃ | ︵ᠳᠥᠷᠪᠡ︶ ᠨᠡᠮᠡᠯᠲᠡ ᠡᠳ᠋ ᠢ ᠲᠣᠭᠲᠠᠭᠠᠯ ᠠᠴᠠ ᠵᠦᠷᠢᠴᠡᠨ ᠬᠡᠷᠡᠭᠯᠡᠵᠦ ᠪᠣᠯᠬᠤ ᠦᠭᠡᠢ᠃ | ︵ᠲᠠᠪᠤ︶ ᠶᠠᠰᠤ ᠴᠢᠨᠠᠷ᠂ ᠡᠷᠡᠭᠦᠯ ᠬᠠᠮᠠᠭᠠᠯᠠᠯ ᠤᠨ ᠪᠠᠷᠢᠮᠵᠢᠶ᠎ᠠ ᠳᠤ ᠨᠡᠶᠢᠴᠡᠬᠦ ᠦᠭᠡᠢ ᠪᠤᠭᠤᠳᠠᠯᠯᠠᠬᠤ | ᠮᠠᠲ᠋ᠧᠷᠢᠶᠠᠯ ᠢ ᠬᠡᠷᠡᠭᠯᠡᠵᠦ ᠪᠣᠯᠬᠤ ᠦᠭᠡᠢ᠂ ᠪᠤᠭᠤᠳᠠᠯᠯᠠᠬᠤ ᠵᠦᠢᠯ ᠳᠡᠭᠡᠷᠡᠬᠢ ᠲᠡᠮᠲᠡᠭ ᠨᠢ ᠤᠯᠤᠰ ᠤᠨ | ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠢ᠃ | ︵ᠵᠢᠷᠭᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ ᠲᠣᠭᠲᠠᠭᠠᠭᠰᠠᠨ | ᠪᠤᠰᠤᠳ ᠡᠭᠦᠷᠭᠡ᠃ | ᠠᠷᠪᠠ ᠶᠢᠰᠦᠳᠦᠭᠡᠷ ᠵᠦᠢᠯ ᠠᠮᠤ ᠪᠤᠳᠠᠭ᠎ᠠ ᠡᠵᠡᠩᠨᠡᠬᠦ ᠠᠵᠢᠯᠯᠠᠭ᠎ᠠ ᠡᠷᠬᠢᠯᠡᠵᠦ ᠪᠠᠶᠢᠭ᠎ᠠ ᠡᠵᠡᠩᠨᠡᠭᠴᠢ ᠨᠢ | ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠮᠤ ᠪᠤᠳᠠᠭ᠎ᠠ ᠶᠢᠨ ᠵᠠᠰᠠᠭ ᠵᠠᠬᠢᠷᠭᠠᠨ ᠤ | ᠬᠠᠮᠢᠶᠠᠷᠤᠯᠲᠠ ᠶᠢᠨ ᠰᠠᠯᠠᠭ᠎ᠠ ᠮᠦᠴᠢᠷ ᠤᠨ ᠲᠣᠭᠲᠠᠭᠠᠭᠰᠠᠨ᠂ ᠲᠤᠭ᠎ᠠ ᠪᠦᠷᠢᠳᠭᠡᠯ ᠤᠨ ᠰᠠᠯᠠᠭ᠎ᠠ ᠮᠦᠴᠢᠷ ᠠᠴᠠ | ᠵᠥᠪᠰᠢᠶᠡᠷᠡᠭᠰᠡᠨ ᠠᠮᠤ ᠪᠤᠳᠠᠭ᠎ᠠ ᠶᠢᠨ ᠭᠦᠢᠯᠭᠡᠭᠡᠨ ᠤ ᠲᠤᠭ᠎ᠠ ᠪᠦᠷᠢᠳᠭᠡᠯ ᠤᠨ ᠳᠦᠷᠢᠮ ᠢ ᠬᠡᠷᠡᠭᠵᠢᠭᠦᠯᠵᠦ᠂ ᠠᠮᠤ | ᠪᠤᠳᠠᠭ᠎ᠠ ᠶᠢᠨ ᠡᠵᠡᠩᠨᠡᠯᠲᠡ ᠶᠢᠨ ᠡᠬᠡ ᠳᠠᠩᠰᠠ ᠶᠢ ᠪᠠᠶᠢᠭᠤᠯᠬᠤ ᠶᠢᠨ ᠬᠠᠮᠲᠤ᠂ ᠪᠠᠶᠢᠭ᠎ᠠ ᠭᠠᠵᠠᠷ ᠤᠨ ᠬᠤᠰᠢᠭᠤ | ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠮᠤ ᠪᠤᠳᠠᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ | ᠶᠢᠨ ᠰᠠᠯᠠᠭ᠎ᠠ ᠮᠦᠴᠢᠷ ᠲᠤ ᠠᠮᠤ ᠪᠤᠳᠠᠭ᠎ᠠ ᠬᠤᠳᠠᠯᠳᠤᠨ ᠠᠪᠬᠤ᠂ ᠪᠤᠷᠤᠯᠠᠭᠤᠯᠬᠤ᠂ ᠬᠠᠳᠠᠭᠠᠯᠠᠬᠤ᠂ | ᠪᠣᠯᠪᠠᠰᠤᠷᠠᠭᠤᠯᠬᠤ ᠪᠠ ᠤᠯᠠᠷᠢᠭᠤᠯᠤᠨ ᠬᠡᠷᠡᠭᠯᠡᠬᠦ ᠵᠡᠷᠭᠡ ᠦᠨᠳᠦᠰᠦᠨ ᠲᠤᠭ᠎ᠠ ᠪᠠᠷᠢᠮᠲᠠ ᠪᠠ ᠬᠤᠯᠪᠣᠭᠳᠠᠯ ᠪᠦᠬᠦᠢ | ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠦᠨ ᠬᠦᠷᠭᠡᠬᠦ ᠬᠡᠷᠡᠭᠲᠡᠢ᠃ ᠠᠮᠤ ᠪᠤᠳᠠᠭ᠎ᠠ ᠡᠵᠡᠩᠨᠡᠭᠴᠢ ᠨᠢ | ᠠᠮᠤ ᠪᠤᠳᠠᠭ᠎ᠠ ᠶᠢᠨ ᠡᠵᠡᠩᠨᠡᠯᠲᠡ ᠶᠢᠨ ᠡᠬᠡ ᠳᠠᠩᠰᠠ ᠶᠢ ᠦᠯᠡᠳᠡᠭᠡᠬᠦ ᠬᠤᠭᠤᠴᠠᠭ᠎ᠠ ᠶᠢ ᠭᠤᠷᠪᠠᠨ ᠵᠢᠯ ᠠᠴᠠ ᠳᠣᠣᠷ᠎ᠠ | ᠪᠠᠶᠢᠯᠭᠠᠵᠤ ᠪᠣᠯᠬᠤ ᠦᠭᠡᠢ᠃ | ᠠᠮᠤ ᠪᠤᠳᠠᠭ᠎ᠠ ᠡᠵᠡᠩᠨᠡᠭᠴᠢ ᠶᠢᠨ ᠮᠡᠳᠡᠭᠦᠯᠦᠨ ᠬᠦᠷᠭᠡᠭᠰᠡᠨ ᠦᠨᠳᠦᠰᠦᠨ ᠲᠤᠭ᠎ᠠ ᠪᠠᠷᠢᠮᠲᠠ ᠪᠠ ᠬᠤᠯᠪᠤᠭᠳᠠᠯ | ᠪᠦᠬᠦᠢ ᠪᠠᠶᠢᠳᠠᠯ ᠨᠢ ᠬᠤᠳᠠᠯᠳᠤᠭᠠᠨ ᠤ ᠨᠢᠭᠤᠴᠠ ᠳᠤ ᠬᠤᠯᠪᠣᠭᠳᠠᠭᠰᠠᠨ ᠪᠠᠶᠢᠪᠠᠯ᠂ ᠠᠮᠤ ᠪᠤᠳᠠᠭ᠎ᠠ ᠶᠢᠨ ᠵᠠᠰᠠᠭ | ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠨᠢ ᠨᠢᠭᠤᠴᠠ ᠶᠢ ᠬᠠᠮᠠᠭᠠᠯᠠᠬᠤ ᠡᠭᠦᠷᠭᠡ ᠲᠠᠢ᠃ | ᠬᠤᠷᠢᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠠᠮᠤ ᠪᠤᠳᠠᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠨᠢ ᠠᠮᠤ ᠪᠤᠳᠠᠭ᠎ᠠ ᠶᠢᠨ | ᠲᠤᠭ᠎ᠠ ᠪᠦᠷᠢᠳᠭᠡᠯ ᠤᠨ ᠳᠦᠷᠢᠮ ᠤᠨ ᠱᠠᠭᠠᠷᠳᠠᠯᠭ᠎ᠠ ᠶᠤᠰᠤᠭᠠᠷ ᠠᠮᠤ ᠪᠤᠳᠠᠭ᠎ᠠ ᠶᠢ ᠪᠦᠷᠢᠳᠭᠡᠨ ᠪᠠᠶᠢᠴᠠᠭᠠᠬᠤ ᠪᠠ | ᠬᠤᠷᠢᠶᠠᠩᠭᠤᠶᠢᠯᠠᠬᠤ ᠠᠵᠢᠯ ᠢ ᠬᠢᠵᠦ᠂ ᠪᠦᠷᠢᠳᠭᠡᠵᠦ ᠮᠡᠳᠡᠭᠦᠯᠬᠦ ᠬᠦᠰᠦᠨᠦᠭᠲᠦ ᠪᠣᠯᠭᠠᠬᠤ ᠶᠢᠨ ᠬᠠᠮᠲᠤ᠂ ᠪᠦᠷᠢᠳᠭᠡᠨ | ᠮᠡᠳᠡᠭᠦᠯᠬᠦ ᠬᠦᠰᠦᠨᠦᠭᠲᠦ ᠶᠢ ᠱᠠᠲᠤ ᠳᠠᠷᠠᠭᠠᠯᠠᠨ ᠳᠡᠭᠡᠭᠰᠢ ᠮᠡᠳᠡᠭᠦᠯᠬᠦ ᠬᠡᠷᠡᠭᠲᠡᠢ᠃ | | ᠭᠤᠷᠪᠠᠳᠤᠭᠠᠷ ᠪᠦᠯᠦᠭ ᠬᠤᠷᠸ᠎ᠠ ᠲᠣᠬᠢᠷᠠᠭᠤᠯᠭ᠎ᠠ ᠡᠵᠡᠮᠰᠢᠯ | | ᠬᠤᠷᠢᠨ ᠨᠢᠭᠡᠳᠦᠭᠡᠷ ᠵᠦᠢᠯ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠨᠢ | ᠨᠦᠬᠡᠴᠡ ᠠᠮᠤ ᠶᠢ ᠣᠷᠤᠭᠤᠯᠵᠤ ᠭᠠᠷᠭᠠᠬᠤ᠂ ᠨᠠᠶᠢᠳᠠᠵᠤ ᠬᠤᠳᠠᠯᠳᠤᠨ ᠠᠪᠤᠭᠤᠯᠬᠤ᠂ ᠠᠮᠤ ᠪᠤᠳᠠᠭ᠎ᠠ ᠶᠢ | ᠭᠠᠳᠠᠭᠠᠲᠤ ᠠᠴᠠ ᠣᠷᠤᠭᠤᠯᠬᠤ ᠪᠠ ᠭᠠᠳᠠᠭᠠᠲᠤ ᠳᠤ ᠭᠠᠷᠭᠠᠬᠤ ᠵᠡᠷᠭᠡ ᠣᠯᠠᠨ ᠵᠦᠢᠯ ᠤᠨ ᠠᠵᠤ ᠠᠬᠤᠢ ᠶᠢᠨ ᠠᠷᠭ᠎ᠠ | ᠪᠠᠷᠢᠯ ᠪᠣᠯᠣᠨ ᠦᠨ᠎ᠡ ᠬᠠᠩᠰᠢ ᠳᠤ ᠭᠠᠷ ᠳᠦᠷᠦᠵᠦ ᠲᠣᠬᠢᠷᠠᠭᠤᠯᠬᠤ ᠵᠡᠷᠭᠡ ᠴᠢᠬᠤᠯᠠᠲᠠᠢ ᠵᠠᠰᠠᠭ ᠵᠠᠬᠢᠷᠭᠠᠨ ᠤ ᠠᠷᠭ᠎ᠠ | ᠪᠠᠷᠢᠯ ᠢ ᠬᠡᠷᠡᠭᠯᠡᠵᠦ᠂ ᠠᠮᠤ ᠪᠤᠳᠠᠭ᠎ᠠ ᠶᠢᠨ ᠵᠠᠬ᠎ᠠ ᠳᠡᠯᠭᠡᠭᠦᠷ ᠤᠨ ᠲᠣᠬᠢᠷᠠᠭᠤᠯᠭ᠎ᠠ ᠡᠵᠡᠮᠰᠢᠯ ᠢ ᠴᠢᠩᠭᠠᠳᠬᠠᠵᠤ᠂ | ᠦᠪᠡᠷᠲᠡᠭᠡᠨ ᠵᠠᠰᠠᠬᠤ ᠣᠷᠣᠨ ᠤ ᠠᠮᠤ ᠪᠤᠳᠠᠭ᠎ᠠ ᠶᠢᠨ ᠬᠠᠩᠭᠠᠯᠭ᠎ᠠ ᠬᠡᠷᠡᠭᠴᠡᠭᠡ ᠶᠢᠨ ᠶᠡᠷᠦᠩᠬᠡᠢ ᠬᠡᠮᠵᠢᠶ᠎ᠡ ᠶᠢᠨ | ᠦᠨᠳᠦᠰᠦᠨ ᠳᠡᠭᠡᠨ ᠲᠡᠩᠴᠡᠭᠦᠷᠢ ᠲᠠᠢ ᠪᠠᠶᠢᠬᠤ ᠪᠠ ᠦᠨ᠎ᠡ ᠬᠠᠩᠰᠢ ᠶᠢᠨ ᠦᠨᠳᠦᠰᠦᠨ ᠳᠡᠭᠡᠨ ᠲᠣᠭᠲᠠᠪᠤᠷᠢ ᠲᠠᠢ | ᠪᠠᠶᠢᠬᠤ ᠶᠢ ᠪᠠᠲᠤᠯᠠᠬᠤ ᠬᠡᠷᠡᠭᠲᠡᠢ᠃ | ᠬᠤᠷᠢᠨ ᠬᠤᠶᠠᠳᠤᠭᠠᠷ ᠵᠦᠢᠯ ᠲᠥᠷᠥ ᠶᠢᠨ ᠪᠣᠳᠣᠯᠭ᠎ᠠ ᠶᠢᠨ ᠴᠢᠨᠠᠷᠲᠠᠢ ᠬᠡᠷᠡᠭᠯᠡᠬᠦ ᠠᠮᠤ ᠪᠤᠳᠠᠭ᠎ᠠ ᠶᠢᠨ | ᠬᠤᠳᠠᠯᠳᠤᠨ ᠠᠪᠬᠤ ᠪᠠ ᠪᠣᠷᠤᠯᠠᠭᠤᠯᠬᠤ ᠶᠢ ᠵᠠᠷᠴᠢᠮ ᠳᠡᠭᠡᠷ᠎ᠡ ᠪᠠᠨ ᠠᠮᠤ ᠪᠤᠳᠠᠭ᠎ᠠ ᠶᠢᠨ ᠪᠦᠭᠡᠮ ᠢᠶᠠᠷ ᠬᠤᠳᠠᠯᠳᠤᠬᠤ | ᠵᠠᠬ᠎ᠠ ᠳᠡᠯᠭᠡᠭᠦᠷ ᠢᠶᠠᠷ ᠳᠠᠮᠵᠢᠨ ᠢᠯᠡ ᠪᠠᠷ ᠶᠠᠪᠤᠭᠳᠠᠭᠤᠯᠬᠤ ᠬᠡᠷᠡᠭᠲᠡᠢ᠂ ᠮᠦᠨ ᠴᠦ ᠤᠯᠤᠰ ᠤᠨ ᠲᠣᠭᠲᠠᠭᠠᠭᠰᠠᠨ | ᠪᠤᠰᠤᠳ ᠠᠷᠭ᠎ᠠ ᠬᠡᠯᠪᠡᠷᠢ ᠪᠠᠷ ᠳᠠᠮᠵᠢᠨ ᠶᠠᠪᠤᠭᠳᠠᠭᠤᠯᠵᠤ ᠪᠣᠯᠣᠨ᠎ᠠ᠃ | ᠬᠤᠷᠢᠨ ᠭᠤᠷᠪᠠᠳᠤᠭᠠᠷ ᠵᠦᠢᠯ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠨᠢ | ᠠᠮᠤ ᠪᠤᠳᠠᠭ᠎ᠠ ᠶᠢᠨ ᠲᠥᠭᠰᠢᠭᠦᠷᠢ ᠶᠢᠨ ᠰᠠᠭᠤᠷᠢ ᠮᠦᠩᠭᠦ ᠶᠢᠨ ᠳᠦᠷᠢᠮ ᠢ ᠪᠠᠶᠢᠭᠤᠯᠬᠤ ᠬᠡᠷᠡᠭᠲᠡᠢ᠃ ᠠᠮᠤ ᠪᠤᠳᠠᠭ᠎ᠠ | ᠶᠢᠨ ᠲᠥᠭᠰᠢᠭᠦᠷᠢ ᠶᠢᠨ ᠰᠠᠭᠤᠷᠢ ᠮᠦᠩᠭᠦ ᠶᠢ ᠭᠤᠣᠯᠳᠠᠭᠤ ᠠᠮᠤ ᠪᠤᠳᠠᠭ᠎ᠠ ᠲᠠᠷᠢᠳᠠᠭ ᠲᠠᠷᠢᠶᠠᠴᠢᠳ ᠲᠤ ᠰᠢᠭᠤᠳ | ᠨᠦᠬᠦᠪᠦᠷᠢᠯᠡᠬᠦ᠂ ᠠᠮᠤ ᠪᠤᠳᠠᠭ᠎ᠠ ᠨᠦᠬᠡᠴᠡᠯᠡᠬᠦ ᠶᠢ ᠳᠡᠮᠵᠢᠬᠦ᠂ ᠠᠮᠤ ᠪᠤᠳᠠᠭ᠎ᠠ ᠶᠢᠨ ᠵᠠᠬ᠎ᠠ ᠳᠡᠯᠭᠡᠭᠦᠷ ᠢ ᠲᠣᠭᠲᠠᠭᠤᠨ | ᠪᠠᠶᠢᠯᠭᠠᠬᠤ ᠵᠡᠷᠭᠡ ᠳᠤ ᠬᠡᠷᠡᠭᠯᠡᠵᠦ᠂ ᠪᠣᠲᠠᠲᠠᠢ ᠬᠡᠷᠡᠭᠯᠡᠬᠦ ᠠᠷᠭ᠎ᠠ ᠶᠢ ᠤᠯᠤᠰ ᠪᠠ ᠦᠪᠡᠷᠲᠡᠭᠡᠨ ᠵᠠᠰᠠᠬᠤ ᠣᠷᠣᠨ ᠤ | ᠬᠤᠯᠪᠣᠭᠳᠠᠯ ᠪᠦᠬᠦᠢ ᠲᠣᠭᠲᠠᠭᠠᠯ ᠢᠶᠠᠷ ᠬᠡᠷᠡᠭᠵᠢᠭᠦᠯᠬᠦ ᠬᠡᠷᠡᠭᠲᠡᠢ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ | ᠰᠠᠯᠠᠭ᠎ᠠ ᠮᠦᠴᠢᠷ ᠨᠢ ᠠᠮᠤ ᠪᠤᠳᠠᠭ᠎ᠠ ᠶᠢᠨ ᠲᠥᠭᠰᠢᠭᠦᠷᠢ ᠶᠢᠨ ᠰᠠᠭᠤᠷᠢ ᠮᠦᠩᠭᠦ ᠶᠢ ᠬᠢᠨᠠᠨ ᠬᠠᠮᠢᠶᠠᠷᠬᠤ ᠶᠢ | ᠬᠠᠷᠢᠭᠤᠴᠠᠵᠤ᠂ ᠲᠤᠰᠬᠠᠢ ᠵᠦᠢᠯ ᠤᠨ ᠮᠦᠩᠭᠦ ᠶᠢ ᠲᠤᠰᠬᠠᠢ ᠵᠦᠢᠯ ᠳᠤᠨᠢ ᠬᠡᠷᠡᠭᠯᠡᠬᠦ ᠶᠢ ᠦᠨᠡᠨᠬᠦ ᠪᠠᠲᠤᠯᠠᠬᠤ | ᠬᠡᠷᠡᠭᠲᠡᠢ᠃ | ᠬᠤᠷᠢᠨ ᠳᠦᠷᠪᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠢ ᠠᠮᠤ ᠪᠤᠳᠠᠭ᠎ᠠ᠂ ᠡᠳ᠋ ᠤᠨ ᠵᠠᠰᠠᠭ᠂ ᠠᠵᠤ ᠦᠢᠯᠡᠳᠪᠦᠷᠢ ᠬᠤᠳᠠᠯᠳᠤᠭ᠎ᠠ᠂ ᠦᠨ᠎ᠡ ᠬᠠᠩᠰᠢ᠂ ᠡᠷᠡᠭᠦᠯ | ᠬᠠᠮᠠᠭᠠᠯᠠᠯ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ᠂ ᠠᠷᠠᠳ ᠤᠨ ᠶᠠᠪᠤᠳᠠᠯ ᠵᠡᠷᠭᠡ ᠰᠠᠯᠠᠭ᠎ᠠ | ᠮᠦᠴᠢᠷ ᠢ ᠵᠣᠬᠢᠶᠠᠨ ᠪᠠᠶᠢᠭᠤᠯᠵᠤ ᠲᠤᠰ ᠭᠠᠵᠠᠷ ᠣᠷᠣᠨ ᠤ ᠪᠤᠳᠠᠳᠤ ᠪᠠᠶᠢᠳᠠᠯ ᠢᠶᠠᠨ ᠦᠨᠳᠦᠰᠦᠯᠡᠨ᠂ ᠲᠤᠰ ᠵᠠᠰᠠᠭ | ᠵᠠᠬᠢᠷᠭᠠᠨ ᠤ ᠣᠷᠣᠨ ᠤ ᠠᠮᠤ ᠪᠤᠳᠠᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠲᠦᠰᠦᠪᠯᠡᠯ ᠢ ᠲᠣᠭᠲᠠᠭᠠᠬᠤ ᠬᠡᠷᠡᠭᠲᠡᠢ᠃ | ᠬᠤᠷᠢᠨ ᠲᠠᠪᠤᠳᠤᠭᠠᠷ ᠵᠦᠢᠯ ᠬᠦᠨᠳᠦ ᠬᠡᠴᠡᠭᠦᠦ ᠪᠠᠶᠢᠭᠠᠯᠢ ᠶᠢᠨ ᠭᠠᠢ ᠭᠠᠮᠰᠢᠭ᠂ ᠬᠢᠵᠢᠭ ᠤᠨ ᠪᠠᠶᠢᠳᠠᠯ | ᠪᠣᠶᠣ ᠪᠤᠰᠤᠳ ᠭᠡᠨᠡᠳᠲᠡ ᠶᠢᠨ ᠬᠡᠷᠡᠭ ᠡᠭᠦᠰᠦᠭᠰᠡᠨ ᠠᠴᠠ ᠪᠣᠯᠵᠤ ᠠᠮᠤ ᠪᠤᠳᠠᠭ᠎ᠠ ᠶᠢᠨ ᠵᠠᠬ᠎ᠠ ᠳᠡᠯᠭᠡᠭᠦᠷ ᠤᠨ | ᠬᠠᠩᠭᠠᠯᠭ᠎ᠠ ᠬᠡᠷᠡᠭᠴᠡᠭᠡ ᠶᠡᠷᠦ ᠪᠤᠰᠤ ᠪᠠᠷ ᠬᠡᠯᠪᠡᠯᠵᠡᠬᠦ ᠥᠶ᠎ᠡ ᠳᠤ᠂ ᠬᠤᠰᠢᠭᠤ ᠰᠢᠶᠠᠨ ᠤ ᠱᠠᠲᠤᠨ ᠠᠴᠠ | ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠠᠮᠤ ᠪᠤᠳᠠᠭ᠎ᠠ ᠶᠢᠨ ᠪᠠᠴᠢᠮ ᠪᠠᠶᠢᠳᠠᠯ ᠢ ᠠᠷᠭᠠᠴᠠᠬᠤ | ᠲᠦᠰᠦᠪᠯᠡᠯ ᠢ ᠡᠬᠢᠯᠡᠭᠦᠯᠬᠦ ᠬᠡᠷᠡᠭᠲᠡᠢ᠃ | ᠬᠤᠷᠢᠨ ᠵᠢᠷᠭᠤᠳᠤᠭᠠᠷ ᠵᠦᠢᠯ ᠠᠮᠤ ᠪᠤᠳᠠᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠲᠦᠰᠦᠪᠯᠡᠯ ᠢ | ᠡᠬᠢᠯᠡᠭᠦᠯᠦᠭᠰᠡᠨ ᠤ ᠳᠠᠷᠠᠭ᠎ᠠ᠂ ᠠᠮᠤ ᠪᠤᠳᠠᠭ᠎ᠠ ᠡᠵᠡᠩᠨᠡᠭᠴᠢ ᠪᠠᠴᠢᠮ ᠪᠠᠶᠢᠳᠠᠯ ᠢ ᠠᠷᠭᠠᠴᠠᠬᠤ ᠡᠭᠦᠷᠭᠡ ᠶᠢ ᠡᠭᠦᠷᠭᠡᠯᠡᠵᠦ᠂ | ᠨᠢᠭᠡᠲᠦᠯᠲᠡᠢ ᠲᠣᠬᠢᠷᠠᠭᠤᠯᠤᠯᠲᠠ ᠪᠠ ᠵᠣᠬᠢᠴᠠᠭᠤᠯᠤᠯᠲᠠ ᠶᠢ ᠳᠠᠭᠠᠵᠤ᠂ ᠪᠠᠴᠢᠮ ᠪᠠᠶᠢᠳᠠᠯ ᠢ ᠠᠷᠭᠠᠴᠠᠬᠤ ᠠᠵᠢᠯ ᠤᠨ | ᠬᠡᠷᠡᠭᠴᠡᠭᠡ ᠶᠢ ᠪᠠᠲᠤᠯᠠᠬᠤ ᠬᠡᠷᠡᠭᠲᠡᠢ᠃ | ᠬᠤᠷᠢᠨ ᠳᠤᠯᠤᠳᠤᠭᠠᠷ ᠵᠦᠢᠯ ᠤᠯᠤᠰ ᠠᠴᠠ ᠠᠯᠢ ᠨᠢᠭᠡᠨ ᠲᠦᠷᠦᠯ ᠵᠦᠢᠯ ᠤᠨ ᠠᠮᠤ ᠪᠤᠳᠠᠭ᠎ᠠ ᠶᠢ | ᠬᠠᠮᠤᠭ ᠤᠨ ᠳᠣᠣᠷ᠎ᠠ ᠦᠨ᠎ᠡ ᠬᠠᠩᠰᠢ ᠪᠠᠷ ᠬᠤᠳᠠᠯᠳᠤᠨ ᠠᠪᠬᠤ ᠪᠠᠷ ᠲᠣᠭᠲᠠᠭᠠᠭᠰᠠᠨ ᠪᠠᠶᠢᠪᠠᠯ᠂ ᠬᠤᠰᠢᠭᠤ | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠮᠤ ᠪᠤᠳᠠᠭ᠎ᠠ ᠶᠢᠨ ᠵᠠᠰᠠᠭ ᠵᠠᠬᠢᠷᠭᠠᠨ ᠤ | ᠬᠠᠮᠢᠶᠠᠷᠤᠯᠲᠠ ᠶᠢᠨ ᠰᠠᠯᠠᠭ᠎ᠠ ᠮᠦᠴᠢᠷ ᠨᠢ ᠠᠮᠤ ᠪᠤᠳᠠᠭ᠎ᠠ ᠬᠤᠳᠠᠯᠳᠤᠨ ᠠᠪᠬᠤ ᠬᠢᠷᠢ ᠭᠡᠮ ᠲᠠᠢ ᠡᠵᠡᠩᠨᠡᠭᠴᠢ ᠳᠤ | ᠨᠠᠶᠢᠳᠠᠵᠤ ᠵᠣᠬᠢᠶᠠᠨ ᠪᠠᠶᠢᠭᠤᠯᠤᠨ ᠬᠤᠳᠠᠯᠳᠤᠨ ᠠᠪᠴᠤ ᠪᠣᠯᠣᠨ᠎ᠠ᠃ | ᠬᠤᠳᠠᠯᠳᠤᠵᠤ ᠠᠪᠤᠭᠰᠠᠨ ᠬᠠᠮᠤᠭ ᠤᠨ ᠳᠣᠣᠷ᠎ᠠ ᠦᠨ᠎ᠡ ᠬᠠᠩᠰᠢ ᠪᠠᠷ ᠢᠶᠠᠨ ᠲᠠᠷᠢᠶᠠᠴᠢᠳ ᠲᠤ ᠬᠤᠳᠠᠯᠳᠤᠵᠤ | ᠥᠭᠬᠦ ᠤᠯᠤᠰ ᠤᠨ ᠶᠠᠰᠤ ᠴᠢᠨᠠᠷ ᠤᠨ ᠪᠠᠷᠢᠮᠵᠢᠶ᠎ᠠ ᠳᠤ ᠨᠡᠶᠢᠴᠡᠭᠰᠡᠨ ᠠᠮᠤ ᠪᠤᠳᠠᠭ᠎ᠠ ᠶᠢᠨ ᠨᠠᠶᠢᠳᠠᠯᠭ᠎ᠠ ᠶᠢ ᠬᠦᠯᠢᠶᠡᠭᠰᠡᠨ | ᠠᠮᠤ ᠪᠤᠳᠠᠭ᠎ᠠ ᠬᠤᠳᠠᠯᠳᠤᠨ ᠠᠪᠤᠭᠴᠢ ᠨᠢ ᠬᠤᠷᠢᠶᠠᠵᠤ ᠠᠪᠬᠤ ᠶᠢ ᠲᠡᠪᠴᠢᠵᠦ ᠪᠣᠯᠬᠤ ᠦᠭᠡᠢ᠃ | ᠨᠠᠶᠢᠳᠠᠯᠭ᠎ᠠ ᠶᠢ ᠬᠦᠯᠢᠶᠡᠭᠰᠡᠨ ᠠᠮᠤ ᠪᠤᠳᠠᠭ᠎ᠠ ᠬᠤᠳᠠᠯᠳᠤᠨ ᠠᠪᠤᠭᠴᠢ ᠨᠢ ᠬᠤᠳᠠᠯᠳᠤᠨ ᠠᠪᠬᠤ ᠡᠭᠦᠷᠭᠡ ᠪᠠᠨ | ᠭᠦᠢᠴᠡᠳᠭᠡᠬᠦ ᠶᠢᠨ ᠬᠠᠮᠲᠤ᠂ ᠵᠣᠬᠢᠬᠤ ᠡᠷᠬᠡ ᠠᠰᠢᠭ ᠢ ᠣᠯᠵᠤ ᠬᠦᠷᠲᠡᠨ᠎ᠡ᠃ | ᠬᠤᠷᠢᠨ ᠨᠠᠢᠮᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠠᠮᠤ ᠪᠤᠳᠠᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠨᠢ ᠲᠠᠷᠢᠶᠠᠯᠠᠩ ᠮᠠᠯ | ᠠᠵᠤ ᠠᠬᠤᠢ᠂ ᠲᠤᠭ᠎ᠠ ᠪᠦᠷᠢᠳᠭᠡᠯ᠂ ᠦᠨ᠎ᠡ ᠬᠠᠩᠰᠢ᠂ ᠡᠳ᠋ ᠤᠨ ᠵᠠᠰᠠᠭ᠂ ᠶᠠᠰᠤ ᠴᠢᠨᠠᠷ ᠲᠤ ᠮᠡᠷᠭᠡᠵᠢᠯ ᠤᠨ | ᠬᠢᠨᠠᠯᠲᠠ ᠲᠠᠯᠪᠢᠬᠤ ᠵᠡᠷᠭᠡ ᠰᠠᠯᠠᠭ᠎ᠠ ᠮᠦᠴᠢᠷ ᠲᠠᠢ ᠬᠠᠮᠲᠤᠷᠠᠨ ᠲᠤᠰ ᠵᠠᠰᠠᠭ ᠵᠠᠬᠢᠷᠭᠠᠨ ᠤ ᠣᠷᠣᠨ ᠤ ᠳᠤᠲᠤᠷᠠᠬᠢ | ᠠᠮᠤ ᠪᠤᠳᠠᠭ᠎ᠠ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠪᠠᠶᠢᠳᠠᠯ ᠢ ᠬᠢᠨᠠᠨ ᠰᠢᠨᠵᠢᠬᠦ ᠪᠠ | ᠰᠡᠷᠡᠮᠵᠢᠯᠡᠭᠦᠯᠬᠦ ᠵᠠᠳᠠᠯᠤᠯᠲᠠ ᠬᠢᠵᠦ᠂ ᠠᠮᠤ ᠪᠤᠳᠠᠭ᠎ᠠ ᠶᠢᠨ ᠬᠠᠩᠭᠠᠯᠭ᠎ᠠ ᠬᠡᠷᠡᠭᠴᠡᠭᠡ ᠶᠢᠨ ᠰᠤᠭᠤᠴᠢᠨ ᠪᠠᠶᠢᠴᠠᠭᠠᠬᠤ | ᠳᠦᠷᠢᠮ ᠢ ᠪᠠᠶᠢᠭᠤᠯᠵᠤ᠂ ᠠᠮᠤ ᠪᠤᠳᠠᠭ᠎ᠠ ᠶᠢᠨ ᠦᠢᠯᠡᠳᠪᠦᠷᠢᠯᠡᠯ᠂ ᠬᠡᠷᠡᠭᠯᠡᠭᠡ᠂ ᠦᠨ᠎ᠡ ᠬᠠᠩᠰᠢ᠂ ᠶᠠᠰᠤ ᠴᠢᠨᠠᠷ | ᠵᠡᠷᠭᠡ ᠮᠡᠳᠡᠭᠡ ᠵᠠᠩᠭᠢ ᠶᠢ ᠨᠡᠶᠢᠲᠡᠯᠡᠬᠦ ᠬᠡᠷᠡᠭᠲᠡᠢ᠃ | | ᠳᠥᠷᠪᠡᠳᠦᠭᠡᠷ ᠪᠦᠯᠦᠭ ᠬᠢᠨᠠᠯᠲᠠ ᠲᠠᠯᠪᠢᠵᠤ ᠪᠠᠶᠢᠴᠠᠭᠠᠬᠤ | | ᠬᠤᠷᠢ ᠶᠢᠰᠦᠳᠦᠭᠡᠷ ᠵᠦᠢᠯ ᠠᠮᠤ ᠪᠤᠳᠠᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ | ᠮᠦᠴᠢᠷ ᠨᠢ ᠳᠣᠣᠷᠠᠬᠢ ᠠᠮᠤ ᠪᠤᠳᠠᠭ᠎ᠠ ᠶᠢᠨ ᠡᠵᠡᠩᠨᠡᠯᠲᠡ ᠶᠢᠨ ᠠᠵᠢᠯᠯᠠᠭ᠎ᠠ ᠳᠤ ᠬᠠᠤᠯᠢ ᠶᠤᠰᠤᠭᠠᠷ ᠬᠢᠨᠠᠯᠲᠠ | ᠲᠠᠯᠪᠢᠵᠤ ᠪᠠᠶᠢᠴᠠᠭᠠᠯᠲᠠ ᠬᠢᠬᠦ ᠬᠡᠷᠡᠭᠲᠡᠢ᠄ | ︵ᠨᠢᠭᠡ︶ ᠠᠮᠤ ᠪᠤᠳᠠᠭ᠎ᠠ ᠬᠤᠳᠠᠯᠳᠤᠨ ᠠᠪᠬᠤ ᠬᠢᠷᠢ ᠭᠡᠮ ᠪᠠ ᠤᠯᠤᠰ ᠤᠨ ᠠᠮᠤ ᠪᠤᠳᠠᠭ᠎ᠠ ᠶᠢᠨ ᠬᠠᠤᠯᠢ | ᠴᠠᠭᠠᠵᠠ᠂ ᠬᠠᠤᠯᠢ ᠲᠣᠭᠲᠠᠭᠠᠯ ᠢ ᠬᠡᠷᠡᠭᠵᠢᠭᠦᠯᠦᠭᠰᠡᠨ ᠪᠠᠶᠢᠳᠠᠯ᠃ | ︵ᠬᠤᠶᠠᠷ︶ ᠠᠮᠤ ᠪᠤᠳᠠᠭ᠎ᠠ ᠬᠠᠳᠠᠭᠠᠯᠠᠬᠤ᠂ ᠲᠡᠭᠡᠭᠡᠪᠦᠷᠢᠯᠡᠬᠦ ᠮᠡᠷᠭᠡᠵᠢᠯ ᠤᠨ ᠪᠠᠷᠢᠮᠵᠢᠶ᠎ᠠ ᠪᠠ ᠵᠢᠷᠤᠮᠵᠢᠯ ᠢ | ᠬᠡᠷᠡᠭᠵᠢᠭᠦᠯᠦᠭᠰᠡᠨ ᠪᠠᠶᠢᠳᠠᠯ᠃ | ︵ᠭᠤᠷᠪᠠ︶ ᠠᠮᠤ ᠪᠤᠳᠠᠭ᠎ᠠ ᠶᠢ ᠪᠤᠷᠤᠯᠠᠭᠤᠯᠵᠤ ᠬᠦᠮᠦᠷᠭᠡ ᠠᠴᠠ ᠭᠠᠷᠭᠠᠬᠤ ᠳᠤ ᠶᠠᠰᠤ ᠴᠢᠨᠠᠷ ᠢ ᠪᠠᠶᠢᠴᠠᠭᠠᠨ | ᠰᠢᠯᠭᠠᠬᠤ ᠳᠦᠷᠢᠮ ᠢ ᠬᠡᠷᠡᠭᠵᠢᠭᠦᠯᠦᠭᠰᠡᠨ ᠪᠠᠶᠢᠳᠠᠯ᠃ | ︵ᠳᠥᠷᠪᠡ︶ ᠠᠮᠤ ᠪᠤᠳᠠᠭ᠎ᠠ ᠶᠢᠨ ᠭᠦᠢᠯᠭᠡᠭᠡᠨ ᠤ ᠲᠤᠭ᠎ᠠ ᠪᠦᠷᠢᠳᠭᠡᠯ ᠤᠨ ᠳᠦᠷᠢᠮ ᠢ ᠬᠡᠷᠡᠭᠵᠢᠭᠦᠯᠦᠭᠰᠡᠨ | ᠪᠠᠶᠢᠳᠠᠯ᠃ | ︵ᠲᠠᠪᠤ︶ ᠠᠮᠤ ᠪᠤᠳᠠᠭ᠎ᠠ ᠬᠤᠳᠠᠯᠳᠤᠨ ᠠᠪᠬᠤ᠂ ᠪᠣᠯᠪᠠᠰᠤᠷᠠᠭᠤᠯᠬᠤ᠂ ᠤᠯᠠᠷᠢᠭᠤᠯᠬᠤ ᠪᠠ ᠴᠠᠶᠢᠯᠭᠠᠭᠠᠰᠠᠨ | ᠠᠮᠤ ᠶᠢ ᠪᠦᠭᠡᠮ ᠢᠶᠠᠷ ᠬᠤᠳᠠᠯᠳᠤᠬᠤ᠂ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠤᠨ ᠬᠠᠮᠤᠭ ᠤᠨ ᠳᠣᠣᠷ᠎ᠠ | ᠨᠦᠬᠡᠴᠡ ᠶᠢᠨ ᠬᠡᠮᠵᠢᠶᠡᠨ ᠤ ᠲᠣᠭᠲᠠᠭᠠᠯ ᠢ ᠬᠡᠷᠡᠭᠵᠢᠭᠦᠯᠦᠭᠰᠡᠨ ᠪᠠᠶᠢᠳᠠᠯ᠃ | ︵ᠵᠢᠷᠭᠤᠭ᠎ᠠ︶ ᠲᠥᠷᠥ ᠶᠢᠨ ᠪᠣᠳᠣᠯᠭ᠎ᠠ ᠶᠢᠨ ᠴᠢᠨᠠᠷᠲᠠᠢ ᠬᠡᠷᠡᠭᠯᠡᠬᠦ ᠠᠮᠤ ᠪᠤᠳᠠᠭ᠎ᠠ ᠶᠢᠨ ᠬᠤᠳᠠᠯᠳᠤᠵᠤ | ᠪᠤᠷᠤᠯᠠᠭᠤᠯᠬᠤ ᠠᠵᠢᠯᠯᠠᠭ᠎ᠠ ᠶᠢᠨ ᠬᠡᠷᠡᠭᠵᠢᠭᠦᠯᠦᠭᠰᠡᠨ ᠪᠠᠶᠢᠳᠠᠯ᠃ | ︵ᠳᠤᠯᠤᠭ᠎ᠠ︶ ᠠᠮᠤ ᠪᠤᠳᠠᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠲᠦᠰᠦᠪᠯᠡᠯ ᠢ ᠬᠡᠷᠡᠭᠵᠢᠭᠦᠯᠦᠭᠰᠡᠨ | ᠪᠠᠶᠢᠳᠠᠯ᠃ | ︵ᠨᠠᠢᠮᠠ︶ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ ᠬᠢᠨᠠᠨ ᠪᠠᠶᠢᠴᠠᠭᠠᠬᠤ ᠪᠠᠷ | ᠲᠣᠭᠲᠠᠭᠠᠭᠰᠠᠨ ᠪᠤᠰᠤᠳ ᠵᠦᠢᠯᠡᠰ᠃ | ᠭᠤᠴᠢᠳᠤᠭᠠᠷ ᠵᠦᠢᠯ ᠠᠵᠤ ᠦᠢᠯᠡᠳᠪᠦᠷᠢ ᠬᠤᠳᠠᠯᠳᠤᠭ᠎ᠠ᠂ ᠦᠨ᠎ᠡ ᠬᠠᠩᠰᠢ᠂ ᠶᠠᠰᠤ ᠴᠢᠨᠠᠷ ᠲᠤ | ᠮᠡᠷᠭᠡᠵᠢᠯ ᠤᠨ ᠬᠢᠨᠠᠯᠲᠠ ᠲᠠᠯᠪᠢᠬᠤ ᠪᠠ ᠡᠷᠡᠭᠦᠯ ᠬᠠᠮᠠᠭᠠᠯᠠᠯ ᠤᠨ ᠰᠠᠯᠠᠭ᠎ᠠ ᠮᠦᠴᠢᠷ ᠤᠳ ᠡᠭᠦᠷᠭᠡ ᠬᠠᠷᠢᠭᠤᠴᠠᠯᠭ᠎ᠠ | ᠶᠢᠨ ᠠᠵᠢᠯ ᠤᠨ ᠬᠤᠪᠢᠶᠠᠷᠢᠯᠠᠯ ᠶᠤᠰᠤᠭᠠᠷ᠂ ᠠᠮᠤ ᠪᠤᠳᠠᠭ᠎ᠠ ᠶᠢᠨ ᠡᠵᠡᠩᠨᠡᠯᠲᠡ ᠶᠢᠨ ᠠᠵᠢᠯᠯᠠᠭ᠎ᠠ ᠶᠢ ᠬᠠᠤᠯᠢ | ᠶᠤᠰᠤᠭᠠᠷ ᠬᠢᠨᠠᠨ ᠪᠠᠶᠢᠴᠠᠭᠠᠬᠤ ᠬᠡᠷᠡᠭᠲᠡᠢ᠃ | ᠠᠮᠤ ᠪᠤᠳᠠᠭ᠎ᠠ ᠶᠢᠨ ᠭᠦᠢᠯᠭᠡᠭᠡᠨ ᠤ ᠬᠢᠨᠠᠯᠲᠠ ᠲᠠᠯᠪᠢᠵᠤ ᠪᠠᠶᠢᠴᠠᠭᠠᠬᠤ ᠬᠤᠯᠪᠤᠭᠳᠠᠯ ᠪᠦᠬᠦᠢ ᠰᠠᠯᠠᠭ᠎ᠠ | ᠮᠦᠴᠢᠷ ᠨᠢ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠠᠮᠤ | ᠪᠤᠳᠠᠭ᠎ᠠ ᠶᠢᠨ ᠭᠦᠢᠯᠭᠡᠭᠡᠨ ᠤ ᠬᠢᠨᠠᠯᠲᠠ ᠲᠠᠯᠪᠢᠵᠤ ᠪᠠᠶᠢᠴᠠᠭᠠᠬᠤ ᠶᠢᠨ ᠬᠤᠯᠪᠣᠭᠳᠠᠯ ᠪᠦᠬᠦᠢ ᠪᠠᠶᠢᠳᠠᠯ ᠢ ᠲᠣᠭᠲᠠᠮᠠᠯ | ᠬᠤᠭᠤᠴᠠᠭ᠎ᠠ ᠲᠠᠢ ᠪᠠᠷ ᠰᠣᠯᠢᠯᠴᠠᠵᠦ ᠨᠡᠪᠲᠡᠷᠡᠭᠦᠯᠦᠨ ᠮᠡᠳᠡᠭᠡᠯᠡᠬᠦ ᠬᠡᠷᠡᠭᠲᠡᠢ᠃ | ᠭᠤᠴᠢᠨ ᠨᠢᠭᠡᠳᠦᠭᠡᠷ ᠵᠦᠢᠯ ᠠᠮᠤ ᠪᠤᠳᠠᠭ᠎ᠠ ᠶᠢᠨ ᠭᠦᠢᠯᠭᠡᠭᠡᠨ ᠤ ᠬᠢᠨᠠᠯᠲᠠ ᠲᠠᠯᠪᠢᠵᠤ ᠪᠠᠶᠢᠴᠠᠭᠠᠬᠤ | ᠠᠵᠢᠯᠲᠠᠨ ᠬᠢᠨᠠᠯᠲᠠ ᠲᠠᠯᠪᠢᠵᠤ ᠪᠠᠶᠢᠴᠠᠭᠠᠬᠤ ᠳᠠᠭᠠᠨ᠂ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠣᠯᠭᠤᠭᠰᠠᠨ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠦᠨᠡᠮᠯᠡᠯ︾ ᠢᠶᠠᠨ ᠭᠠᠷᠭᠠᠬᠤ ᠬᠡᠷᠡᠭᠲᠡᠢ᠂ ᠬᠠᠤᠯᠢ ᠬᠡᠷᠡᠭᠵᠢᠭᠦᠯᠬᠦ ᠦᠨᠡᠮᠯᠡᠯ ᠢᠶᠠᠨ ᠭᠠᠷᠭᠠᠬᠤ ᠦᠭᠡᠢ | ᠪᠣᠯ᠂ ᠪᠠᠶᠢᠴᠠᠭᠠᠭᠳᠠᠭᠴᠢ ᠠᠴᠠ ᠪᠠᠶᠢᠴᠠᠭᠠᠯᠲᠠ ᠶᠢ ᠲᠡᠪᠴᠢᠬᠦ ᠡᠷᠬᠡ ᠲᠠᠢ᠃ | ᠠᠮᠤ ᠪᠤᠳᠠᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠵᠢᠴᠢ ᠬᠠᠮᠢᠶ᠎ᠠ ᠪᠦᠬᠦᠢ | ᠰᠠᠯᠠᠭ᠎ᠠ ᠮᠦᠴᠢᠷ ᠨᠢ ᠬᠢᠨᠠᠯᠲᠠ ᠲᠠᠯᠪᠢᠵᠤ ᠪᠠᠶᠢᠴᠠᠭᠠᠬᠤ ᠳᠤ᠂ ᠠᠮᠤ ᠪᠤᠳᠠᠭ᠎ᠠ ᠡᠵᠡᠩᠨᠡᠭᠴᠢ ᠶᠢᠨ ᠬᠡᠪ ᠤᠨ | ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢ ᠬᠠᠷᠰᠢᠯᠠᠵᠤ ᠪᠣᠯᠬᠤ ᠦᠭᠡᠢ᠃ | ᠠᠮᠤ ᠪᠤᠳᠠᠭ᠎ᠠ ᠶᠢᠨ ᠭᠦᠢᠯᠭᠡᠭᠡᠨ ᠤ ᠬᠢᠨᠠᠯᠲᠠ ᠲᠠᠯᠪᠢᠵᠤ ᠪᠠᠶᠢᠴᠠᠭᠠᠬᠤ ᠠᠵᠢᠯᠲᠠᠨ ᠡᠭᠦᠷᠭᠡ | ᠬᠠᠷᠢᠭᠤᠴᠠᠯᠭ᠎ᠠ ᠪᠠᠨ ᠬᠠᠤᠯᠢ ᠶᠤᠰᠤᠭᠠᠷ ᠭᠦᠢᠴᠡᠳᠭᠡᠬᠦ ᠳᠤ᠂ ᠪᠠᠶᠢᠴᠠᠭᠠᠭᠳᠠᠭᠴᠢ ᠡᠷᠬᠡᠪᠰᠢ ᠬᠠᠮᠵᠢᠯᠴᠠᠬᠤ ᠬᠡᠷᠡᠭᠲᠡᠢ᠃ | ᠶᠠᠮᠠᠷᠪᠠ ᠨᠢᠭᠡᠴᠡ ᠪᠣᠯᠣᠨ ᠬᠤᠪᠢ ᠬᠦᠮᠦᠨ ᠠᠮᠤ ᠪᠤᠳᠠᠭ᠎ᠠ ᠶᠢᠨ ᠭᠦᠢᠯᠭᠡᠭᠡᠨ ᠤ ᠬᠢᠨᠠᠯᠲᠠ ᠲᠠᠯᠪᠢᠵᠤ ᠪᠠᠶᠢᠴᠠᠭᠠᠬᠤ | ᠠᠵᠢᠯᠲᠠᠨ ᠤ ᠡᠭᠦᠷᠭᠡ ᠬᠠᠷᠢᠭᠤᠴᠠᠯᠭ᠎ᠠ ᠪᠠᠨ ᠬᠠᠤᠯᠢ ᠶᠤᠰᠤᠭᠠᠷ ᠭᠦᠢᠴᠡᠳᠭᠡᠬᠦ ᠶᠢ ᠲᠡᠪᠴᠢᠵᠦ᠂ ᠰᠠᠭᠠᠲᠠᠭᠠᠬᠤ ᠪᠠ | ᠭᠠᠷ ᠳᠦᠷᠦᠵᠦ ᠪᠣᠯᠬᠤ ᠦᠭᠡᠢ᠃ | | ᠲᠠᠪᠤᠳᠤᠭᠠᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ | | ᠭᠤᠴᠢᠨ ᠬᠤᠶᠠᠳᠤᠭᠠᠷ ᠵᠦᠢᠯ ᠲᠤᠰ ᠠᠷᠭ᠎ᠠ ᠶᠢᠨ ᠲᠣᠭᠲᠠᠭᠠᠯ ᠠᠴᠠ ᠵᠦᠷᠢᠴᠡᠭᠰᠡᠨ ᠦᠢᠯᠡ | ᠠᠵᠢᠯᠯᠠᠭ᠎ᠠ ᠶᠢ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠠᠮᠤ ᠪᠤᠳᠠᠭ᠎ᠠ ᠶᠢᠨ ᠭᠦᠢᠯᠭᠡᠭᠡᠨ ᠤ ᠬᠠᠮᠢᠶᠠᠷᠤᠯᠲᠠ | ᠶᠢᠨ ᠳᠦᠷᠢᠮ︾ ᠵᠢᠴᠢ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠰᠢᠳᠭᠡᠵᠦ ᠲᠣᠷᠭᠠᠬᠤ | ᠲᠣᠭᠲᠠᠭᠠᠯ ᠪᠠᠶᠢᠪᠠᠯ᠂ ᠲᠡᠷᠡ ᠲᠣᠭᠲᠠᠭᠠᠯ ᠢ ᠵᠢᠷᠤᠮᠯᠠᠬᠤ ᠬᠡᠷᠡᠭᠲᠡᠢ᠃ | ᠭᠤᠴᠢᠨ ᠭᠤᠷᠪᠠᠳᠤᠭᠠᠷ ᠵᠦᠢᠯ ᠲᠤᠰ ᠠᠷᠭ᠎ᠠ ᠶᠢᠨ ᠠᠷᠪᠠᠳᠤᠭᠠᠷ ᠵᠦᠢᠯ ᠤᠨ ᠨᠢᠭᠡᠳᠦᠭᠡᠷ ᠵᠣᠷᠪᠤᠰ ᠤᠨ | ᠲᠣᠭᠲᠠᠭᠠᠯ ᠠᠴᠠ ᠵᠦᠷᠢᠴᠡᠵᠦ᠂ ᠬᠦᠴᠦᠨ ᠲᠠᠢ ᠬᠤᠭᠤᠴᠠᠭᠠᠨ ᠲᠤᠳᠤᠷ᠎ᠠ ᠵᠥᠪᠰᠢᠶᠡᠷᠡᠯ ᠤᠨ ᠵᠦᠢᠯᠡᠰ ᠢ | ᠬᠤᠪᠢᠷᠠᠭᠤᠯᠤᠬᠰᠠᠨ ᠪᠣᠯᠪᠠᠴᠤ ᠬᠤᠪᠢᠷᠠᠭᠤᠯᠬᠤ ᠭᠠᠷᠳᠠᠮ ᠢ ᠭᠦᠢᠴᠡᠳᠭᠡᠭᠰᠡᠨ ᠦᠭᠡᠢ ᠪᠠᠶᠢᠪᠠᠯ᠂ ᠠᠮᠤ ᠪᠤᠳᠠᠭ᠎ᠠ ᠶᠢᠨ | ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠠᠴᠠ ᠵᠠᠷᠯᠢᠭᠳᠠᠵᠤ ᠪᠠᠶᠢᠭᠠᠳ ᠵᠠᠯᠠᠷᠠᠭᠤᠯᠬᠤ ᠬᠡᠷᠡᠭᠲᠡᠢ᠂ | ᠬᠤᠭᠤᠴᠠᠭ᠎ᠠ ᠬᠡᠲᠦᠷᠡᠭᠡᠳ ᠵᠠᠯᠠᠷᠠᠭᠤᠯᠬᠤ ᠦᠭᠡᠢ ᠪᠣᠯ᠂ ᠮᠢᠩᠭᠠᠨ ᠲᠦᠭᠦᠷᠢᠭ ᠠᠴᠠ ᠳᠡᠭᠡᠭᠰᠢ ᠨᠢᠭᠡ ᠲᠦᠮᠡᠨ | ᠲᠦᠭᠦᠷᠢᠭ ᠠᠴᠠ ᠳᠣᠷᠤᠭᠰᠢᠬᠢ ᠵᠣᠭᠤᠰ ᠢᠶᠠᠷ ᠲᠣᠷᠭᠠᠬᠤ ᠬᠡᠷᠡᠭᠲᠡᠢ᠃ | ᠭᠤᠴᠢᠨ ᠳᠦᠷᠪᠡᠳᠦᠭᠡᠷ ᠵᠦᠢᠯ ᠲᠤᠰ ᠠᠷᠭ᠎ᠠ ᠶᠢᠨ ᠲᠣᠭᠲᠠᠭᠠᠯ ᠠᠴᠠ ᠵᠦᠷᠢᠴᠡᠭᠰᠡᠨ᠂ ᠳᠣᠣᠷᠠᠬᠢ | ᠦᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ᠂ ᠠᠮᠤ ᠪᠤᠳᠠᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ | ᠰᠠᠯᠠᠭ᠎ᠠ ᠮᠦᠴᠢᠷ ᠠᠴᠠ ᠵᠠᠷᠯᠢᠭᠳᠠᠵᠤ ᠪᠠᠶᠢᠭᠠᠳ ᠵᠠᠯᠠᠷᠠᠭᠤᠯᠬᠤ ᠶᠢᠨ ᠬᠠᠮᠲᠤ᠂ ᠲᠠᠪᠤᠨ ᠮᠢᠩᠭᠠᠨ ᠲᠦᠭᠦᠷᠢᠭ ᠠᠴᠠ | ᠳᠡᠭᠡᠭᠰᠢ ᠬᠤᠶᠠᠷ ᠲᠦᠮᠡᠨ ᠲᠦᠭᠦᠷᠢᠭ ᠠᠴᠠ ᠳᠣᠷᠤᠭᠰᠢᠬᠢ ᠵᠣᠭᠤᠰ ᠢᠶᠠᠷ ᠲᠣᠷᠭᠠᠬᠤ ᠬᠡᠷᠡᠭᠲᠡᠢ︔ ᠶᠠᠯ᠎ᠠ ᠳᠤ | ᠬᠦᠷᠦᠭᠰᠡᠨ ᠪᠠᠶᠢᠪᠠᠯ᠂ ᠬᠠᠤᠯᠢ ᠶᠣᠰᠤᠭᠠᠷ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠭᠡᠮᠵᠢᠯᠡᠬᠦ ᠬᠡᠷᠡᠭᠲᠡᠢ᠄ | ︵ᠨᠢᠭᠡ︶ ᠠᠮᠤ ᠪᠤᠳᠠᠭ᠎ᠠ ᠬᠤᠳᠠᠯᠳᠤᠨ ᠠᠪᠬᠤ ᠵᠥᠪᠰᠢᠶᠡᠷᠡᠯ ᠤᠨ ᠦᠨᠡᠮᠯᠡᠯ ᠢ ᠬᠠᠭᠤᠷᠮᠠᠭᠯᠠᠨ ᠵᠣᠬᠢᠶᠠᠬᠤ᠂ | ᠪᠠᠯᠠᠯᠤᠨ ᠬᠤᠪᠢᠷᠠᠭᠤᠯᠬᠤ᠂ ᠫᠠᠨᠽᠠᠯᠠᠬᠤ᠂ ᠰᠢᠯᠵᠢᠭᠦᠯᠦᠨ ᠣᠯᠭᠤᠬᠤ᠂ ᠳᠦᠷᠢᠶᠡᠰᠦᠯᠡᠭᠦᠯᠬᠦ ᠪᠠ ᠵᠢᠭᠡᠯᠡᠭᠦᠯᠦᠭᠰᠡᠨ᠃ | ︵ᠬᠤᠶᠠᠷ︶ ᠠᠮᠤ ᠪᠤᠳᠠᠭ᠎ᠠ ᠶᠢ ᠪᠣᠬᠢᠷᠳᠤᠭᠤᠯᠵᠤ ᠮᠡᠳᠡᠬᠦ ᠪᠤᠳᠠᠰ ᠯᠤᠭ᠎ᠠ ᠬᠠᠮᠲᠤ ᠬᠠᠳᠠᠭᠠᠯᠠᠭᠰᠠᠨ᠃ | ︵ᠭᠤᠷᠪᠠ︶ ᠬᠦᠬᠡᠴᠦᠷᠡᠭᠰᠡᠨ ᠪᠠ ᠡᠪᠡᠳᠴᠢᠨ ᠬᠤᠷᠤᠬᠠᠢ ᠶᠢᠨ ᠬᠦᠨᠦᠭᠡᠯ ᠨᠢ ᠤᠯᠤᠰ ᠤᠨ ᠪᠠᠷᠢᠮᠵᠢᠶ᠎ᠠ ᠠᠴᠠ | ᠬᠡᠲᠦᠷᠡᠭᠰᠡᠨ ᠠᠮᠤ ᠪᠤᠳᠠᠭ᠎ᠠ ᠶᠢ ᠠᠰ ᠲᠤᠨᠢ ᠬᠠᠳᠠᠭᠠᠯᠠᠭᠰᠠᠨ ᠦᠭᠡᠢ᠃ | ︵ᠳᠥᠷᠪᠡ︶ ᠤᠯᠤᠰ ᠤᠨ ᠲᠣᠭᠲᠠᠭᠠᠭᠰᠠᠨ ᠲᠦᠷᠦᠯ ᠵᠦᠢᠯ ᠠᠴᠠ ᠪᠤᠰᠤᠳ ᠬᠢᠮᠢ ᠶᠢᠨ ᠡᠮ ᠨᠠᠶᠢᠷᠠᠯᠭ᠎ᠠ ᠶᠢ | ᠬᠡᠷᠡᠭᠯᠡᠭᠰᠡᠨ ᠪᠤᠶᠤ ᠬᠢᠮᠢ ᠶᠢᠨ ᠡᠮ ᠨᠠᠶᠢᠷᠠᠯᠭ᠎ᠠ ᠶᠢ ᠬᠡᠮᠵᠢᠶ᠎ᠡ ᠠᠴᠠ ᠨᠢ ᠬᠡᠲᠦᠷᠡᠭᠦᠯᠦᠨ ᠬᠡᠷᠡᠭᠯᠡᠵᠦ ᠰᠠᠩ ᠬᠦᠮᠦᠷᠭᠡ | ᠶᠢᠨ ᠪᠡᠯᠡᠳᠭᠡᠮᠵᠢ ᠶᠢ ᠠᠷᠢᠭᠤᠳᠬᠠᠬᠤ᠂ ᠠᠮᠤ ᠪᠤᠳᠠᠭ᠎ᠠ ᠶᠢᠨ ᠬᠤᠷᠤᠬᠠᠢ ᠶᠢᠨ ᠬᠦᠨᠦᠭᠡᠯ ᠪᠠ ᠬᠦᠬᠡᠴᠦ ᠶᠢ | ᠰᠡᠷᠭᠡᠶᠢᠯᠡᠬᠦ᠂ ᠬᠤᠯᠤᠭᠠᠨ᠎ᠠ ᠶᠢ ᠤᠰᠠᠳᠬᠠᠭᠰᠠᠨ ᠪᠤᠶᠤ ᠡᠮ ᠨᠠᠶᠢᠷᠠᠯᠭ᠎ᠠ ᠶᠢᠨ ᠦᠯᠡᠳᠡᠴᠡ ᠨᠢ ᠤᠯᠤᠰ ᠤᠨ | ᠪᠠᠷᠢᠮᠵᠢᠶ᠎ᠠ ᠠᠴᠠ ᠬᠡᠲᠦᠷᠡᠭᠰᠡᠨ ᠠᠮᠤ ᠪᠤᠳᠠᠭ᠎ᠠ ᠶᠢ ᠠᠰ ᠲᠤᠨᠢ ᠪᠢᠲᠡᠭᠦᠮᠵᠢᠯᠡᠵᠦ ᠬᠠᠳᠠᠭᠠᠯᠠᠭᠰᠠᠨ ᠦᠭᠡᠢ᠃ | ᠭᠤᠴᠢᠨ ᠲᠠᠪᠤᠳᠤᠭᠠᠷ ᠵᠦᠢᠯ ᠲᠤᠰ ᠠᠷᠭ᠎ᠠ ᠶᠢᠨ ᠠᠷᠪᠠᠨ ᠬᠤᠶᠠᠳᠤᠭᠠᠷ ᠵᠦᠢᠯ ᠤᠨ ᠨᠢᠭᠡᠳᠦᠭᠡᠷ | ᠵᠣᠷᠪᠤᠰ ᠤᠨ ᠨᠢᠭᠡᠳᠦᠭᠡᠷ ᠲᠦᠷᠦᠯ ᠤᠨ ᠲᠣᠭᠲᠠᠭᠠᠯ ᠠᠴᠠ ᠵᠦᠷᠢᠴᠡᠵᠦ᠂ ᠠᠮᠤ ᠪᠤᠳᠠᠭ᠎ᠠ ᠬᠤᠳᠠᠯᠳᠤᠨ ᠠᠪᠬᠤ | ᠲᠠᠯᠠᠪᠤᠷ ᠲᠤ ᠠᠮᠤ ᠪᠤᠳᠠᠭ᠎ᠠ ᠬᠤᠳᠠᠯᠳᠤᠨ ᠠᠪᠬᠤ ᠵᠥᠪᠰᠢᠶᠡᠷᠡᠯ ᠤᠨ ᠦᠨᠡᠮᠯᠡᠯ ᠪᠠ ᠡᠵᠡᠩᠨᠡᠯᠲᠡ ᠶᠢᠨ ᠦᠨᠡᠮᠯᠡᠯ ᠢᠶᠠᠨ | ᠢᠯᠡ ᠦᠵᠡᠭᠦᠯᠦᠭᠰᠡᠨ ᠦᠭᠡᠢ ᠪᠠᠶᠢᠪᠠᠯ᠂ ᠠᠮᠤ ᠪᠤᠳᠠᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ | ᠮᠦᠴᠢᠷ ᠠᠴᠠ ᠵᠠᠷᠯᠢᠭᠳᠠᠵᠤ ᠪᠠᠶᠢᠭᠠᠳ ᠵᠠᠯᠠᠷᠠᠭᠤᠯᠬᠤ ᠬᠡᠷᠡᠭᠲᠡᠢ᠃ | ᠭᠤᠴᠢᠨ ᠵᠢᠷᠭᠤᠳᠤᠭᠠᠷ ᠵᠦᠢᠯ ᠲᠤᠰ ᠠᠷᠭ᠎ᠠ ᠶᠢᠨ ᠲᠣᠭᠲᠠᠭᠠᠯ ᠠᠴᠠ ᠵᠦᠷᠢᠴᠡᠭᠰᠡᠨ᠂ ᠳᠣᠣᠷᠠᠬᠢ ᠦᠢᠯᠡ | ᠠᠵᠢᠯᠯᠠᠭ᠎ᠠ ᠶᠢᠨ ᠨᠢᠭᠡ ᠨᠢ ᠪᠠᠶᠢᠪᠠᠯ᠂ ᠠᠮᠤ ᠪᠤᠳᠠᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ | ᠮᠦᠴᠢᠷ ᠠᠴᠠ ᠵᠠᠷᠯᠢᠭᠳᠠᠵᠤ ᠪᠠᠶᠢᠭᠠᠳ ᠵᠠᠯᠠᠷᠠᠭᠤᠯᠬᠤ ᠬᠡᠷᠡᠭᠲᠡᠢ᠂ ᠬᠤᠭᠤᠴᠠᠭ᠎ᠠ ᠨᠢ ᠬᠡᠲᠦᠷᠡᠭᠡᠳ ᠵᠠᠯᠠᠷᠠᠭᠤᠯᠤᠭᠰᠠᠨ | ᠦᠭᠡᠢ ᠪᠣᠯ᠂ ᠲᠠᠪᠤᠨ ᠵᠠᠭᠤᠨ ᠲᠦᠭᠦᠷᠢᠭ ᠠᠴᠠ ᠳᠡᠭᠡᠭᠰᠢ ᠨᠢᠭᠡ ᠮᠢᠩᠭᠠᠨ ᠲᠦᠭᠦᠷᠢᠭ ᠠᠴᠠ ᠳᠣᠷᠤᠭᠰᠢᠬᠢ ᠵᠤᠭᠤᠰ | ᠢᠶᠠᠷ ᠲᠣᠷᠭᠠᠬᠤ ᠬᠡᠷᠡᠭᠲᠡᠢ᠄ | ︵ᠨᠢᠭᠡ︶ ᠠᠮᠤ ᠪᠤᠳᠠᠭ᠎ᠠ ᠬᠤᠳᠠᠯᠳᠤᠭᠴᠢ ᠳᠤ ᠠᠮᠤ ᠪᠤᠳᠠᠭ᠎ᠠ ᠬᠤᠳᠠᠯᠳᠤᠨ ᠠᠪᠬᠤ ᠭᠡᠷᠡᠴᠢ ᠪᠠᠷᠢᠮᠲᠠ ᠪᠠᠨ | ᠭᠠᠷᠭᠠᠨ ᠦᠵᠡᠭᠦᠯᠦᠭᠰᠡᠨ ᠦᠭᠡᠢ᠃ | ︵ᠬᠤᠶᠠᠷ︶ ᠬᠡᠪ ᠤᠨ ᠬᠠᠳᠠᠭᠠᠯᠠᠬᠤ ᠵᠢᠯ ᠬᠤᠭᠤᠴᠠᠭᠠᠨ ᠳᠤᠲᠤᠷ᠎ᠠ ᠬᠦᠮᠦᠷᠭᠡ ᠠᠴᠠ ᠭᠠᠷᠭᠠᠬᠤ ᠠᠮᠤ | ᠪᠤᠳᠠᠭ᠎ᠠ ᠶᠢ ᠡᠵᠡᠩᠨᠡᠭᠴᠢ ᠠᠴᠠ ᠶᠠᠰᠤ ᠴᠢᠨᠠᠷ ᠢ ᠨᠢ ᠪᠠᠶᠢᠴᠠᠭᠠᠨ ᠰᠢᠯᠭᠠᠭᠰᠠᠨ ᠦᠭᠡᠢ ᠪᠤᠶᠤ ᠶᠠᠰᠤ ᠴᠢᠨᠠᠷ ᠢ | ᠪᠠᠶᠢᠴᠠᠭᠠᠨ ᠰᠢᠯᠭᠠᠭᠰᠠᠨ ᠮᠡᠳᠡᠭᠦᠯᠦᠯᠲᠡ ᠶᠢ ᠭᠠᠷᠭᠠᠵᠤ ᠥᠭᠭᠦᠭᠰᠡᠨ ᠦᠭᠡᠢ᠃ | ︵ᠭᠤᠷᠪᠠ︶ ᠠᠮᠤ ᠪᠤᠳᠠᠭ᠎ᠠ ᠪᠤᠷᠤᠯᠠᠭᠤᠯᠬᠤ᠂ ᠪᠣᠯᠪᠠᠰᠤᠷᠠᠭᠤᠯᠬᠤ ᠪᠠ ᠤᠯᠠᠷᠢᠭᠤᠯᠬᠤ ᠠᠵᠢᠯ ᠢ ᠡᠷᠬᠢᠯᠡᠵᠦ | ᠪᠠᠶᠢᠭ᠎ᠠ ᠡᠵᠡᠩᠨᠡᠭᠴᠢ ᠨᠢ ᠠᠮᠤ ᠪᠤᠳᠠᠭ᠎ᠠ ᠬᠤᠳᠠᠯᠳᠤᠨ ᠠᠪᠬᠤ᠂ ᠬᠠᠳᠠᠭᠠᠯᠠᠬᠤ ᠠᠵᠢᠯ ᠢ ᠡᠷᠬᠢᠯᠡᠵᠦ ᠪᠠᠶᠢᠭ᠎ᠠ | ᠡᠵᠡᠩᠨᠡᠭᠴᠢ ᠠᠴᠠ ᠠᠮᠤ ᠪᠤᠳᠠᠭ᠎ᠠ ᠬᠤᠳᠠᠯᠳᠤᠨ ᠠᠪᠬᠤ ᠳᠠᠭᠠᠨ᠂ ᠠᠮᠤ ᠪᠤᠳᠠᠭ᠎ᠠ ᠶᠢᠨ ᠶᠠᠰᠤ ᠴᠢᠨᠠᠷ ᠢ ᠪᠠᠶᠢᠴᠠᠭᠠᠨ | ᠰᠢᠯᠭᠠᠭᠰᠠᠨ ᠮᠡᠳᠡᠭᠦᠯᠦᠯᠲᠡ ᠶᠢ ᠠᠪᠤᠭᠰᠠᠨ ᠦᠭᠡᠢ᠃ | ᠭᠤᠴᠢᠨ ᠳᠤᠯᠤᠳᠤᠭᠠᠷ ᠵᠦᠢᠯ ᠠᠮᠤ ᠪᠤᠳᠠᠭ᠎ᠠ᠂ ᠠᠵᠤ ᠦᠢᠯᠡᠳᠪᠦᠷᠢ ᠬᠤᠳᠠᠯᠳᠤᠭ᠎ᠠ᠂ ᠦᠨ᠎ᠡ ᠬᠠᠩᠰᠢ᠂ | ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠪᠠ ᠡᠷᠡᠭᠦᠯ ᠬᠠᠮᠠᠭᠠᠯᠠᠯ ᠵᠡᠷᠭᠡ ᠵᠠᠰᠠᠭ ᠵᠠᠬᠢᠷᠭᠠᠨ ᠤ | ᠬᠠᠮᠢᠶᠠᠷᠤᠯᠲᠠ ᠶᠢᠨ ᠰᠠᠯᠠᠭ᠎ᠠ ᠮᠦᠴᠢᠷ ᠵᠢᠴᠢ ᠲᠡᠭᠦᠨ ᠤ ᠠᠵᠢᠯᠲᠠᠳ ᠨᠢ ᠳᠣᠣᠷᠠᠬᠢ ᠦᠢᠯᠡ ᠠᠵᠢᠯᠯᠠᠭ᠎ᠠ ᠶᠢᠨ | ᠨᠢᠭᠡ ᠨᠢ ᠪᠠᠶᠢᠪᠠᠯ᠂ ᠰᠢᠭᠤᠳ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠪᠤᠶᠤ ᠰᠢᠭᠤᠳ ᠬᠠᠷᠢᠭᠤᠴᠠᠯᠭᠠᠲᠠᠨ ᠳᠤ | ᠬᠠᠤᠯᠢ ᠶᠣᠰᠤᠭᠠᠷ ᠵᠠᠰᠠᠭ ᠵᠠᠬᠢᠷᠭᠠᠨ ᠤ ᠰᠢᠳᠭᠡᠯ ᠥᠭᠭᠦᠨ᠎ᠡ︔ ᠶᠠᠯ᠎ᠠ ᠳᠤ ᠬᠦᠷᠦᠭᠰᠡᠨ ᠪᠠᠶᠢᠪᠠᠯ᠂ ᠬᠠᠤᠯᠢ ᠶᠤᠰᠤᠭᠠᠷ | ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠭᠡᠮᠵᠢᠯᠡᠬᠦ ᠬᠡᠷᠡᠭᠲᠡᠢ᠄ | ︵ᠨᠢᠭᠡ︶ ᠠᠮᠤ ᠪᠤᠳᠠᠭ᠎ᠠ ᠡᠵᠡᠩᠨᠡᠭᠴᠢ ᠶᠢᠨ ᠬᠡᠪ ᠤᠨ ᠡᠵᠡᠩᠨᠡᠯᠲᠡ ᠶᠢᠨ ᠠᠵᠢᠯᠯᠠᠭ᠎ᠠ ᠳᠤ ᠬᠠᠤᠯᠢ ᠪᠤᠰᠤ ᠪᠠᠷ | ᠭᠠᠷ ᠲᠦᠷᠦᠭᠰᠡᠨ᠃ | ︵ᠬᠤᠶᠠᠷ︶ ᠠᠮᠤ ᠪᠤᠳᠠᠭ᠎ᠠ ᠬᠤᠳᠠᠯᠳᠤᠨ ᠠᠪᠬᠤ ᠵᠥᠪᠰᠢᠶᠡᠷᠡᠯ ᠤᠨ ᠦᠨᠡᠮᠯᠡᠯ ᠢ ᠬᠠᠤᠯᠢ ᠪᠠᠷ | ᠲᠣᠭᠲᠠᠭᠠᠭᠰᠠᠨ ᠨᠦᠬᠦᠴᠡᠯ ᠪᠠ ᠳᠡᠰ ᠳᠠᠷᠠᠭᠠᠯᠠᠯ ᠢᠶᠠᠷ ᠣᠯᠭᠤᠭᠰᠠᠨ ᠦᠭᠡᠢ᠃ | ︵ᠭᠤᠷᠪᠠ︶ ᠠᠮᠤ ᠪᠤᠳᠠᠭ᠎ᠠ ᠶᠢᠨ ᠵᠥᠪᠰᠢᠶᠡᠷᠡᠯ ᠤᠨ ᠦᠨᠡᠮᠯᠡᠯ ᠢ ᠭᠤᠶᠤᠴᠢᠯᠠᠬᠤ ᠳᠤ ᠬᠤᠳᠠᠯ ᠬᠠᠭᠤᠷᠮᠠᠭ | ᠭᠡᠷᠡᠴᠢ ᠬᠠᠩᠭᠠᠭᠰᠠᠨ᠃ | ︵ᠳᠥᠷᠪᠡ︶ ᠬᠢᠨᠠᠨ ᠬᠠᠮᠢᠶᠠᠷᠬᠤ ᠠᠵᠢᠯ ᠤᠨ ᠳᠤᠮᠳᠠ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠭᠰᠡᠨ᠂ | ᠠᠯᠪᠠᠨ ᠲᠤᠰᠢᠶᠠᠯ ᠳᠤ ᠠᠯᠮᠠᠶᠢᠷᠠᠨ ᠣᠰᠤᠯᠳᠠᠭᠰᠠᠨ᠂ ᠭᠤᠶᠠᠴᠢᠯᠠᠨ ᠬᠠᠤᠯᠢ ᠶᠤᠰᠣ ᠶᠢ ᠵᠦᠷᠢᠴᠡᠭᠰᠡᠨ ᠪᠤᠰᠤᠳ | ᠦᠢᠯᠡ ᠠᠵᠢᠯᠯᠠᠭ᠎ᠠ᠃ | ᠭᠤᠴᠢᠨ ᠨᠠᠢᠮᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠵᠢᠴᠢ ᠠᠵᠢᠯ ᠤᠨ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠪᠤᠶᠤ ᠰᠢᠭᠤᠳ ᠬᠠᠷᠢᠭᠤᠴᠠᠯᠭᠠᠲᠠᠨ ᠨᠢ | ᠲᠤᠰ ᠠᠷᠭ᠎ᠠ ᠶᠢᠨ ᠲᠣᠭᠲᠠᠭᠠᠯ ᠠᠴᠠ ᠵᠦᠷᠢᠴᠡᠭᠰᠡᠨ᠂ ᠳᠣᠣᠷᠠᠬᠢ ᠦᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ᠂ | ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠳᠭᠡᠯ ᠥᠭᠭᠦᠨ᠎ᠡ︔ ᠶᠠᠯ᠎ᠠ ᠳᠤ ᠬᠦᠷᠦᠭᠰᠡᠨ ᠪᠠᠶᠢᠪᠠᠯ᠂ ᠬᠠᠤᠯᠢ ᠶᠤᠰᠤᠭᠠᠷ | ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠄ | ︵ᠨᠢᠭᠡ︶ ᠠᠮᠤ ᠪᠤᠳᠠᠭ᠎ᠠ ᠬᠤᠳᠠᠯᠳᠤᠨ ᠠᠪᠤᠭᠴᠢ ᠶᠢ ᠭᠠᠶᠢᠯᠢ᠂ ᠵᠠᠷᠤᠳᠠᠯ ᠪᠤᠶᠤ ᠪᠤᠰᠤᠳ ᠵᠤᠭᠤᠰᠤᠨ ᠤ | ᠵᠦᠢᠯ ᠢ ᠣᠷᠤᠯᠠᠨ ᠰᠠᠭᠤᠳᠬᠠᠬᠤ᠂ ᠣᠷᠤᠯᠠᠨ ᠲᠤᠰᠢᠶᠠᠯᠭᠠᠬᠤ ᠪᠠᠷ ᠠᠯᠪᠠᠳᠠᠭᠰᠠᠨ᠃ | ︵ᠬᠤᠶᠠᠷ︶ ᠵᠥᠪᠰᠢᠶᠡᠷᠡᠯ ᠦᠭᠡᠢ ᠪᠠᠷ ᠤᠯᠤᠰ ᠤᠨ ᠠᠮᠤ ᠪᠤᠳᠠᠭ᠎ᠠ ᠶᠢᠨ ᠠᠵᠤ ᠠᠬᠤᠶᠢᠯᠠᠯ ᠤᠨ ᠰᠠᠩ | ᠬᠦᠮᠦᠷᠭᠡ ᠶᠢᠨ ᠪᠡᠯᠡᠳᠭᠡᠮᠵᠢ ᠶᠢ ᠳᠤᠷ᠎ᠠ ᠪᠠᠷ ᠢᠶᠠᠨ ᠰᠢᠢᠳᠪᠦᠷᠢᠯᠡᠭᠰᠡᠨ᠃ | ︵ᠭᠤᠷᠪᠠ︶ ᠠᠮᠤ ᠪᠤᠳᠠᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠲᠣᠭᠲᠠᠭᠠᠯ ᠠᠴᠠ ᠵᠦᠷᠢᠴᠡᠵᠦ ᠡᠭᠦᠷᠭᠡ | ᠬᠠᠷᠢᠭᠤᠴᠠᠯᠭ᠎ᠠ ᠪᠠᠨ ᠦᠯᠦ ᠭᠦᠢᠴᠡᠳᠭᠡᠭᠰᠡᠨ᠃ | | ᠵᠢᠷᠭᠤᠳᠤᠭᠠᠷ ᠪᠦᠯᠦᠭ ᠳᠠᠭᠠᠯᠳᠤᠭᠤᠯᠤᠯ ᠳᠦᠷᠢᠮ | | ᠭᠤᠴᠢ ᠶᠢᠰᠦᠳᠦᠭᠡᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠠᠮᠤ ᠪᠤᠳᠠᠭ᠎ᠠ ᠶᠢ ᠤᠯᠠᠷᠢᠭᠤᠯᠬᠤ | ᠭᠡᠳᠡᠭ ᠨᠢ ᠠᠮᠤ ᠪᠤᠳᠠᠭ᠎ᠠ ᠪᠠᠷ ᠲᠥᠭᠦᠬᠡᠢ ᠡᠳ᠋ ᠪᠣᠯᠭᠠᠵᠤ᠂ ᠠᠵᠤ ᠦᠢᠯᠡᠳᠪᠦᠷᠢ ᠶᠢᠨ ᠦᠢᠯᠡᠳᠪᠦᠷᠢᠯᠡᠬᠦ ᠵᠢᠴᠢ ᠨᠡᠷᠡᠬᠦ᠂ | ᠲᠡᠵᠢᠭᠡᠯ ᠪᠣᠷᠳᠤᠭ᠎ᠠ᠂ ᠲᠡᠵᠢᠭᠡᠨ ᠦᠷᠡᠵᠢᠭᠦᠯᠬᠦ ᠵᠡᠷᠭᠡ ᠳᠤ ᠬᠡᠷᠡᠭᠯᠡᠬᠦ ᠡᠵᠡᠩᠨᠡᠯᠲᠡ ᠶᠢᠨ ᠠᠵᠢᠯᠯᠠᠭ᠎ᠠ ᠶᠢ ᠵᠢᠭᠠᠵᠤ | ᠪᠣᠢ᠃ | ᠳᠦᠴᠢᠳᠦᠭᠡᠷ ᠵᠦᠢᠯ ᠰᠢᠷ᠎ᠠ ᠪᠣᠷᠴᠠᠭ᠂ ᠲᠤᠰᠤᠯᠢᠭ ᠡᠳ᠋᠂ ᠢᠳᠡᠭᠡᠨ ᠤ ᠤᠷᠭᠤᠮᠠᠯ ᠤᠨ ᠲᠣᠰᠣ ᠶᠢ | ᠡᠳ᠋ᠰᠢᠭᠦᠯᠬᠦ᠂ ᠤᠯᠠᠷᠢᠭᠤᠯᠬᠤ᠂ ᠪᠣᠷᠤᠯᠠᠭᠤᠯᠬᠤ᠂ ᠬᠠᠳᠠᠭᠠᠯᠠᠬᠤ᠂ ᠲᠡᠭᠡᠭᠡᠪᠦᠷᠢᠯᠡᠬᠦ᠂ ᠭᠠᠳᠠᠭᠠᠲᠤ ᠳᠤ ᠭᠠᠷᠭᠠᠵᠤ | ᠭᠠᠳᠠᠭᠠᠲᠤ ᠠᠴᠠ ᠣᠷᠤᠭᠤᠯᠬᠤ ᠵᠡᠷᠭᠡ ᠡᠵᠡᠩᠨᠡᠯᠲᠡ ᠶᠢᠨ ᠠᠵᠢᠯᠯᠠᠭ᠎ᠠ ᠳᠤ ᠲᠤᠰ ᠠᠷᠭ᠎ᠠ ᠶᠢᠨ ᠵᠢᠷᠭᠤᠳᠤᠭᠠᠷ | ᠵᠦᠢᠯ ᠠᠴᠠ ᠠᠷᠪᠠᠨ ᠨᠢᠭᠡᠳᠦᠭᠡᠷ ᠵᠦᠢᠯ ᠬᠦᠷᠲᠡᠯᠡᠬᠢ ᠲᠣᠭᠲᠠᠭᠠᠯ ᠠᠴᠠ ᠪᠤᠰᠤᠳ ᠨᠢ ᠪᠦᠷ ᠬᠡᠷᠡᠭᠯᠡᠭᠳᠡᠨ᠎ᠡ᠃ | ᠳᠦᠴᠢᠨ ᠨᠢᠭᠡᠳᠦᠭᠡᠷ ᠵᠦᠢᠯ ᠲᠤᠰ ᠠᠷᠭ᠎ᠠ ᠶᠢ 2009 ᠣᠨ ᠤ 5 ᠳ᠋ᠤᠭᠠᠷ ᠰᠠᠷ᠎ᠠ ᠶᠢᠨ 1 ᠤ | ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ |