2018 ᠣᠨ ᠤ ᠳᠡᠭᠡᠷ᠎ᠡ ᠬᠠᠭᠠᠰ ᠵᠢᠯ ᠳᠤ ᠪᠥᠬᠦ ᠣᠷᠣᠨ ᠤ ᠵᠠᠰᠠᠮᠠᠯ ᠵᠠᠮ ᠤᠨ ᠠᠵᠢᠯ ᠲᠥᠷᠥᠯ ᠤᠨ ᠪᠥᠳᠥᠭᠡᠨ ᠪᠠᠶᠢᠭᠤᠯᠤᠯᠲᠠ ᠡᠵᠡᠩᠨᠡᠯᠲᠡ ᠶᠢᠨ ᠪᠠᠶᠢᠳᠠᠯ ᠶᠡᠷᠦᠩᠬᠡᠶ ᠳᠡᠭᠡᠨ ᠲᠣᠭᠲᠠᠭᠤᠨ ᠪᠠᠶᠢᠨ᠎ᠠ
ᠨᠡᠶᠢᠲᠡᠯᠡᠭᠰᠡᠨ ᠴᠠᠭ᠄
2018/7/26
     6 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠳ᠋ᠠᠨᠳᠦ᠋ᠩ ᠰᠢᠯᠢ ᠶᠢᠨ ᠭᠤᠤᠯ ᠤᠨ ᠳᠡᠭᠡᠳᠦ ᠬᠤᠷᠳᠤ ᠶᠢᠨ ᠵᠠᠮ ᠤᠨ ᠳ᠋ᠠᠪᠠᠨ ᠠᠴᠠ ᠪᠢᠷᠠᠭᠤ ᠬᠦᠷᠬᠦ᠂ ᠳ᠋ᠠᠯᠢᠶᠠᠨ ᠭᠤᠸᠠᠩᠵᠧᠦ ᠶᠢᠨ ᠳᠡᠭᠡᠳᠦ ᠬᠤᠷᠳᠤ ᠶᠢᠨ ᠬᠤᠯᠪᠤᠭ᠎ᠠ ᠱᠤᠭᠤᠮ ᠤᠨ ᠨᠠᠢᠮᠠᠨ ᠬᠤᠰᠢᠭᠤ ᠠᠴᠠ ᠪᠠᠶ ᠵᠢᠶᠠ ᠸᠠᠨ ᠽᠢ ᠬᠦᠷᠬᠦ᠂ S31 ᠳ᠋ᠠ ᠹᠠᠨ ᠫᠦ᠋ ᠠᠴᠠ ᠯᠦᠩ ᠺᠸᠤ ︵ᠥᠪᠥᠷ ᠮᠣᠩᠭᠤᠯ ᠪᠣᠯᠤᠨ ᠱᠠᠨ ᠰᠢ ᠶᠢᠨ ᠵᠠᠭᠠᠭ︶ ᠬᠦᠷᠬᠦ ᠵᠡᠷᠭᠡ ᠳᠡᠭᠡᠳᠦ ᠬᠤᠷᠳᠤ ᠶᠢᠨ ᠵᠠᠰᠠᠮᠠᠯ ᠵᠠᠮ ᠤᠨ ᠲᠦᠷᠦᠯ ᠵᠦᠢᠯ ᠵᠢᠴᠢ 242 ᠤᠯᠤᠰ ᠤᠨ ᠵᠠᠮ ᠤᠨ ᠭᠠᠭᠴᠠ ᠮᠣᠳᠣ ᠪᠣᠭᠤᠮᠲᠠ ᠠᠴᠠ ᠯᠢᠨᠾᠧ ᠬᠦᠷᠬᠦ᠂ 303 ᠤᠯᠤᠰ ᠤᠨ ᠵᠠᠮ ᠤᠨ ᠹᠧᠩ ᠬᠤᠸᠠᠩ ᠯᠢᠩ ᠠᠴᠠ ᠴᠢᠪᠠᠭ᠎ᠠ ᠬᠦᠷᠬᠦ᠂ 316 ᠮᠤᠵᠢ ᠶᠢᠨ ᠵᠡᠮ ᠤᠨ ᠵᠦᠩ ᠾᠧ ᠶᠢᠨ ᠪᠠᠷᠠᠭᠤᠨ ᠬᠡᠰᠡᠭ ᠠᠴᠠ ᠪᠠᠯᠭᠤᠨ᠎ᠠ ᠬᠦᠷᠬᠦ ᠵᠡᠷᠭᠡ ᠨᠢᠭᠡ ᠪᠦᠯᠦᠭ ᠤᠯᠤᠰ ᠪᠠ ᠮᠤᠵᠢ ᠶᠢᠨ ᠭᠤᠣᠯ ᠱᠤᠭᠤᠮ ᠤᠨ ᠵᠠᠰᠠᠮᠠᠯ ᠵᠠᠮ ᠤᠨ ᠲᠦᠷᠦᠯ ᠵᠦᠢᠯ ᠢ ᠨᠢᠭᠡᠨᠲᠡ ᠠᠵᠢᠯ ᠰᠡᠷᠭᠦᠭᠡᠨ ᠪᠦᠲᠦᠭᠡᠨ ᠪᠠᠶᠢᠭᠤᠯᠵᠤ᠂ ᠬᠠᠰᠤᠵᠤ ᠨᠡᠶᠢᠯᠡᠭᠦᠯᠦᠭᠰᠡᠨ ᠪᠠᠶᠢᠭᠤᠯᠤᠯᠲᠤ ᠲᠣᠰᠬᠤᠨ ᠳᠤ ᠬᠠᠲᠠᠭᠤᠷᠠᠭᠤᠯᠤᠭᠰᠠᠨ ᠵᠠᠮ ᠨᠡᠪᠲᠡᠷᠡᠭᠦᠯᠬᠦ᠂ ᠵᠠᠮ ᠤᠨ ᠲᠤᠤᠷ ᠢ ᠰᠠᠶᠢᠵᠢᠷᠠᠭᠤᠯᠬᠤ ᠵᠡᠷᠭᠡ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠶᠢ ᠶᠠᠭ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ ᠪᠠᠶᠢᠨ᠎ᠠ᠃ 1 — 6 ᠳ᠋ᠤᠭᠠᠷ ᠰᠠᠷ᠎ᠠ ᠳᠤ᠂ ᠪᠦᠬᠦ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ 77.2 ᠳ᠋ᠦᠩᠰᠢᠭᠤᠷ ᠲᠦᠬᠦᠷᠢᠭ ᠤᠨ  ᠪᠡᠯᠡ  ᠤᠷᠤᠭᠤᠯᠤᠯᠲᠠ ᠶᠢ  ᠪᠡᠶᠡᠯᠡᠭᠦᠯᠵᠦ  ᠂ 8468 ᠺᠢᠯᠣᠮᠧᠲᠷ ᠵᠠᠰᠠᠮᠠᠯ ᠵᠠᠮ ᠤᠨ ᠲᠦᠷᠦᠯ ᠵᠦᠢᠯ ᠢ ᠰᠡᠷᠭᠦᠭᠡᠨ ᠪᠦᠳᠦᠬᠡᠨ ᠪᠠᠶᠢᠭᠤᠯᠵᠤ ᠪᠠᠶᠢᠨ᠎ᠠ᠂ ᠡᠭᠦᠨ  ᠎ ᠳᠤ ᠳᠡᠭᠡᠳᠦ ᠬᠤᠷᠳᠤ ᠶᠢᠨ ᠵᠠᠰᠠᠮᠠᠯ ᠵᠠᠮ 545 ᠺᠢᠯᠣᠮᠧᠲᠷ᠂ ᠨᠢᠭᠡᠳᠦᠭᠡᠷ ᠳᠡᠰ ᠤᠨ ᠵᠠᠰᠠᠮᠠᠯ ᠵᠡᠮ 1609 ᠺᠢᠯᠣᠮᠧᠲᠷ ᠪᠠᠶᠢᠨ᠎ᠠ᠃ ᠪᠦᠬᠦ ᠣᠷᠣᠨ ᠤ ᠵᠠᠰᠠᠮᠠᠯ ᠵᠠᠮ ᠤᠨ ᠪᠠᠷᠠᠭ᠎ᠠ ᠶᠢᠨ ᠲᠡᠭᠡᠪᠦᠷᠢ 7.13 ᠳ᠋ᠦᠩᠰᠢᠭᠤᠷ ᠳᠤᠨ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 9.1%᠎ ᠪᠠᠷ ᠨᠡᠮᠡᠭᠳᠡᠵᠡᠢ︔ ᠵᠠᠰᠠᠮᠠᠯ ᠵᠠᠮ ᠤᠨ ᠠᠶᠠᠨᠴᠢᠨ ᠤ ᠵᠥᠭᠡᠭᠡᠪᠦᠷᠢ 3766 ᠲᠦᠮᠡᠨ ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 16.4%᠎ ᠪᠠᠷ ᠪᠠᠭᠤᠷᠠᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号