1-6 ᠳ᠋ᠤᠭᠠᠷ ᠰᠠᠷ᠎ᠠ ᠳᠤ᠂ ᠪᠦᠬᠦ ᠣᠷᠣᠨ ᠤ ᠬᠤᠲᠠ ᠪᠠᠯᠭᠠᠰᠤᠨ ᠳᠤ 14.07 ᠲᠦᠮᠡᠨ ᠬᠦᠮᠦᠨ | ᠰᠢᠨ᠎ᠡ ᠪᠠᠷ ᠠᠵᠢᠯ ᠣᠯᠵᠤ᠂ ᠠᠵᠢᠯ ᠠᠯᠳᠠᠭᠰᠠᠨ 3.19 ᠲᠦᠮᠡᠨ ᠬᠦᠮᠦᠨ ᠳᠠᠬᠢᠨ ᠠᠵᠢᠯ ᠣᠯᠵᠤ᠂ ᠠᠵᠢᠯ | ᠤᠯᠬᠤ ᠳᠤ ᠬᠦᠴᠢᠷᠲᠡᠶ 2.96 ᠲᠦᠮᠡᠨ ᠬᠦᠮᠦᠨ ᠠᠵᠢᠯ ᠣᠯᠵᠤ᠂ ᠲᠤᠰ ᠲᠤᠰ ᠣᠨ ᠤ ᠲᠥᠯᠥᠪᠯᠡᠭᠡ ᠶᠢᠨ | 56%᠂ 64 %᠂ 59% ᠶᠢ ᠪᠡᠶᠡᠯᠡᠭᠦᠯᠵᠡᠢ︔ ᠬᠤᠲᠠ ᠪᠠᠯᠭᠠᠰᠤᠨ ᠳᠤ ᠳᠠᠩᠰᠠᠯᠠᠭᠤᠯᠤᠭᠰᠠᠨ ᠠᠵᠢᠯ | ᠠᠯᠳᠠᠯᠲᠠ ᠶᠢᠨ ᠨᠤᠷᠮ᠎ᠠ 3.59% ᠪᠣᠯᠵᠤ᠂ 4% ᠶᠢᠨ ᠬᠢᠵᠠᠭᠠᠷᠯᠠᠬᠤ ᠬᠠᠷᠠᠯᠲᠠ ᠠᠴᠠ ᠳᠣᠣᠷ᠎ᠠ ᠪᠣᠯᠪᠠ᠃ | ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠲᠠᠷᠢᠶᠠᠯᠠᠬᠤ ᠮᠠᠯᠵᠢᠬᠤ ᠣᠷᠣᠨ ᠤ ᠰᠢᠯᠵᠢᠮᠡᠯ ᠬᠥᠳᠡᠯᠮᠦᠷᠢ | ᠬᠦᠴᠦ ᠵᠡᠷᠭᠡ ᠭᠤᠣᠯᠳᠠᠯᠭ᠎ᠠ ᠲᠠᠢ ᠬᠦᠮᠦᠰ ᠤᠨ ᠠᠵᠢᠯ ᠣᠯᠭᠤᠯᠳᠠ ᠶᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ | ᠭᠤᠷᠪᠠ ᠶᠢ ᠳᠡᠮᠵᠢᠵᠦ ᠨᠢᠭᠡ ᠶᠢ ᠲᠡᠳᠬᠦᠬᠦ︾᠂ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠳᠤ ᠰᠠᠶᠢᠨ | ᠳᠤᠷ᠎ᠠ ᠠᠴᠠ ᠪᠠᠨ ᠦᠢᠯᠡᠴᠢᠯᠡᠬᠦ ᠵᠡᠷᠭᠡ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠦᠨᠳᠦᠰᠦᠨ ᠱᠠᠲᠤᠨ ᠳᠤ | ᠦᠢᠯᠡᠴᠢᠯᠡᠬᠦ ᠡᠯᠰᠡᠯᠳᠡ ᠶᠢᠨ ᠠᠵᠢᠯ ᠢ ᠪᠡᠶᠡᠯᠡᠬᠦᠯᠦᠭᠰᠡᠨ ᠪᠠᠶᠢᠨ᠎ᠠ᠃ 7.75 ᠲᠦᠮᠡᠨ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠲᠤ ᠠᠵᠢᠯ ᠣᠯᠬᠤ ᠬᠠᠨᠳᠤᠰᠢ ᠲᠣᠭᠲᠠᠵᠤ ᠥᠭᠭᠦᠭᠰᠡᠨ ᠪᠤᠶᠤ ᠠᠵᠢᠯ ᠣᠯᠭᠤᠵᠤ᠂ ᠤᠨ ᠤ | ᠲᠥᠯᠥᠪᠯᠡᠭᠡ ᠶᠢᠨ 60 % ᠶᠢ ᠪᠡᠶᠡᠯᠡᠭᠦᠯᠵᠡᠢ᠂ 210.99 ᠲᠦᠮᠡᠨ ᠲᠠᠷᠢᠶᠠᠴᠢᠨ ᠮᠠᠯᠴᠢᠳ ᠢ ᠰᠢᠯᠵᠢᠭᠦᠯᠦᠨ | ᠠᠵᠢᠯ ᠣᠯᠭᠤᠵᠤ᠂ ᠣᠨ ᠤ ᠲᠥᠯᠥᠪᠯᠡᠭᠡ ᠶᠢᠨ 86% ᠶᠢ ᠪᠡᠶᠡᠯᠡᠭᠦᠯᠦᠭᠰᠡᠨ ᠪᠠᠶᠢᠨ᠎ᠠ᠃ ︽ᠠᠳᠠᠯ ᠦᠶᠯᠡᠰ ᠢᠶᠠᠷ | ᠥᠪᠥᠷ ᠮᠣᠩᠭᠤᠯ ᠢᠶᠠᠨ ᠴᠣᠭᠴᠠᠯᠠᠬᠤ ᠠᠵᠢᠯᠯᠠᠭ᠎ᠠ︾ ᠶᠢ ᠦᠷᠨᠢᠬᠦᠯᠬᠦ ᠪᠠᠷ ᠭᠠᠷᠳᠠᠴᠠ ᠪᠣᠯᠭᠠᠵᠤ᠂ ᠦᠢ | ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠨ᠂ ᠲᠦᠭ ᠲᠦᠮᠡᠨ ᠢᠶᠠᠷ ᠢᠶᠠᠨ ᠰᠢᠨ᠎ᠡ ᠶᠢ ᠡᠭᠦᠳᠬᠦ ᠶᠢ ᠭᠦᠨᠵᠡᠭᠡᠶ | ᠲᠦᠯᠬᠢᠨ ᠠᠬᠢᠭᠤᠯᠵᠤ᠂ ᠠᠳᠠᠯ ᠦᠶᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠳᠤ ᠡᠳ᠋ ᠤᠨ ᠵᠠᠰᠠᠭ ᠠᠴᠠ | ᠳᠠᠮ ᠬᠦᠦ ᠮᠦᠩᠭᠦ ᠲᠦᠯᠦᠬᠦ ᠲᠥᠷᠦ ᠶᠢᠨ ᠪᠤᠳᠤᠯᠭ᠎ᠠ ᠶᠢ ᠲᠣᠬᠢᠷᠠᠭᠤᠯᠵᠤ᠂ ᠠᠳᠠᠯ ᠦᠶᠯᠡᠰ ᠴᠣᠭᠴᠠᠯᠠᠬᠤ | ᠳᠠᠭᠠᠭᠠᠯᠲᠠ ᠶᠢᠨ ᠵᠢᠭᠡᠯᠡᠯᠭᠡ ᠶᠢ 4.6 ᠳ᠋ᠦᠩᠰᠢᠭᠤᠷ ᠲᠥᠭᠦᠷᠢᠭ ᠲᠠᠯᠪᠢᠵᠠᠢ᠃ ᠠᠵᠢᠯ ᠠᠯᠳᠠᠭᠰᠠᠳ ᠤᠨ ᠳᠠᠭᠠᠳᠬᠠᠯ | ᠢᠶᠠᠷ ᠠᠵᠤ ᠠᠬᠤᠶᠢᠯᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ︽ᠠᠶᠠᠯᠠᠯ ᠬᠠᠮᠠᠭᠠᠯᠠᠬᠤ ᠠᠵᠢᠯᠯᠠᠭ᠎ᠠ︾ | ᠶᠢ ᠦᠷᠨᠢᠭᠦᠯᠵᠦ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ 3592.34 ᠲᠦᠮᠡᠨ ᠲᠦᠬᠦᠷᠢᠭ ᠤᠨ | ᠨᠥᠬᠦᠪᠥᠷᠢ ᠪᠡᠯᠡ ᠮᠥᠩᠭᠦ ᠲᠠᠷᠬᠠᠭᠠᠵᠤ᠂ 36 ᠠᠵᠤ ᠠᠬᠤᠶᠢᠯᠠᠯ ᠢ ᠲᠤᠰᠠᠯᠠᠵᠤ᠂ 1.91 ᠲᠦᠮᠡᠨ ᠠᠵᠢᠯᠳᠠᠨ | ᠠᠵᠢᠯᠴᠢᠨ ᠳᠤ ᠠᠰᠢᠭ ᠬᠦᠷᠳᠡᠭᠡᠭᠰᠡᠨ ᠪᠠᠶᠢᠨ᠎ᠠ᠃ ᠤᠷ᠎ᠠ ᠴᠢᠳᠠᠪᠤᠷᠢ ᠪᠠᠨ ᠳᠡᠭᠡᠭᠰᠢᠯᠡᠭᠦᠯᠬᠦ ︽ᠳᠡᠭᠦᠯᠢᠯᠳᠡ︾ | ᠠᠵᠢᠯᠯᠠᠭ᠎ᠠ ᠦᠷᠨᠢᠭᠦᠯᠵᠤ᠂ ᠤᠷ᠎ᠠ ᠴᠢᠳᠠᠪᠤᠷᠢ ᠶᠢ ᠳᠡᠭᠡᠭᠰᠢᠯᠡᠭᠦᠯᠬᠦ 535.85 ᠲᠦᠮᠡᠨ ᠲᠥᠭᠦᠷᠢᠭ ᠤᠨ ᠨᠦᠬᠦᠪᠦᠷᠢ | ᠲᠠᠷᠬᠠᠭᠠᠵᠠᠢ᠃ ᠶᠠᠭ ᠠᠵᠢᠯ ᠣᠯᠭᠤᠯᠳᠠ ᠦᠬᠡᠢ 173 ᠡᠷᠦᠬᠡ ᠶᠢᠨ 181 ᠬᠥᠮᠦᠨ ᠳᠤ ᠠᠵᠢᠯ ᠣᠯᠭᠤᠭᠠᠳ᠂ | ᠶᠠᠭ ᠠᠵᠢᠯ ᠣᠯᠭᠤᠯᠳᠠ ᠦᠬᠡᠢ ᠡᠷᠦᠬᠡ ᠦᠬᠡᠢ ᠪᠠᠶᠢᠯᠭᠠᠬᠤ ᠶᠢ ᠢᠮᠠᠭᠳᠠ ᠪᠠᠲᠤᠯᠠᠭᠰᠠᠭᠠᠷ ᠢᠷᠡᠵᠡᠢ᠃ |