| | | ᠳᠡᠳ᠋ ᠲᠡᠷᠢᠭᠦᠯᠡᠭᠴᠢ ᠪᠤᠦ ᠭᠠᠩ | | | ᠲᠡᠷᠢᠭᠦᠯᠡᠭᠴᠢ ᠶᠢ ᠬᠠᠪᠰᠤᠷᠤᠨ ᠦᠨᠳᠦᠰᠦᠲᠡᠨ ᠤ ᠬᠡᠷᠡᠭ ᠶᠠᠪᠤᠳᠠᠯ᠂ ᠬᠤᠲᠠ ᠬᠦᠳᠡᠭᠡ ᠶᠢᠨ ᠪᠦ᠋ᠲᠦᠭᠡᠨ | ᠪᠠᠶᠢᠭᠤᠯᠤᠯᠲᠠ᠂ ᠣᠷᠴᠢᠨ ᠲᠤᠭᠤᠷᠢᠨ ᠤ ᠬᠠᠮᠠᠭᠠᠯᠠᠯᠲᠠ᠂ ᠠᠷᠠᠳ ᠤᠨ ᠠᠭᠠᠷ ᠤᠨ ᠰᠡᠷᠭᠡᠶᠢᠯᠡᠯᠲᠡ᠂ ᠰᠣᠶᠣᠯ ᠲᠡᠦᠬᠡ | ᠪᠣᠯᠤᠨ ᠣᠷᠣᠨ ᠨᠤᠲᠤᠭ ᠤᠨ ᠤᠶᠢᠯᠯᠠᠭ᠎ᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ | ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ︵ᠮᠣᠩᠭᠤᠯ ᠬᠡᠯᠡ ᠪᠢᠴᠢᠭ ᠤᠨ | ᠠᠵᠢᠯ ᠤᠨ ᠵᠥᠪᠯᠡᠯ︶᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠬᠢᠮ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ᠂ | ᠥᠪᠥᠷ ᠮᠣᠩᠭᠤᠯ ᠤᠨ ᠰᠣᠶᠣᠯ ᠲᠡᠦᠬᠡ ᠰᠤᠳᠤᠯᠬᠤ ᠭᠠᠵᠠᠷ ᠢ ᠬᠤᠪᠢᠳᠠᠨ ᠬᠠᠮᠢᠶᠠᠷᠤᠨ᠎ᠠ᠃ | ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ᠂ ᠳᠤᠮᠳᠠᠳᠤ | ᠤᠯᠤᠰ ᠤᠨ ᠪᠠᠩᠬᠢ ᠶᠢᠨ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠥᠪᠥᠷ ᠮᠣᠩᠭᠤᠯ ᠳᠠᠬᠢ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠤᠮᠳᠠᠳᠤ ᠤᠯᠤᠰ ᠤᠨ ᠦᠨᠡᠲᠦ ᠲᠡᠮᠳᠡᠭᠲᠦ ᠶᠢᠨ ᠬᠢᠨᠠᠯᠲᠠ | ᠬᠠᠮᠢᠶᠠᠷᠤᠯᠲᠠ ᠶᠢᠨ ᠵᠥᠪᠯᠡᠯ ᠤᠨ ᠥᠪᠥᠷ ᠮᠣᠩᠭᠤᠯ ᠳᠠᠬᠢ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠥᠪᠥᠷ | ᠮᠣᠩᠭᠤᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠳᠤ ᠰᠠᠭᠤᠭ᠎ᠠ ᠪᠤᠰᠤᠳ ᠡᠯ᠎ᠡ ᠪᠠᠩᠬᠢ᠂ | ᠳᠠᠭᠠᠳᠬᠠᠯ᠂ ᠦᠨᠡᠲᠦ ᠲᠡᠮᠳᠡᠭᠲᠦ ᠶᠢᠨ ᠪᠠᠶᠢᠭᠤᠯᠤᠮᠵᠢ ᠪᠠ ᠤᠯᠤᠰ ᠤᠨ ᠦᠮᠴᠢᠯᠡᠯᠲᠦ ᠡᠳ᠋ ᠬᠥᠷᠥᠩᠭᠡ ᠶᠢᠨ | ᠬᠠᠮᠢᠶᠠᠷᠤᠯᠲᠠ ᠶᠢᠨ ᠺᠣᠮᠫᠠᠨᠢ ᠶᠢᠨ ᠬᠦᠬᠡᠬᠤᠲᠠ ᠳᠤ ᠰᠠᠭᠤᠭ᠎ᠠ ᠬᠡᠷᠡᠭ ᠡᠷᠬᠢᠯᠡᠬᠦ ᠭᠠᠵᠠᠷ ᠯᠤᠭ᠎ᠠ ᠬᠠᠷᠢᠯᠴᠠᠨ᠎ᠠ᠃ | ᠲᠡᠷᠢᠭᠦᠯᠡᠭᠴᠢ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | | | ᠲᠤᠪᠴᠢ ᠲᠠᠨᠢᠯᠴᠠᠭᠤᠯᠭ᠎ᠠ᠄ | | ᠪᠤᠦ ᠭᠠᠩ᠂ ᠡᠷᠡᠭᠲᠡᠢ᠂ ᠮᠤᠩᠭᠤᠯ ᠦᠨᠳᠦᠰᠦᠲᠡᠨ᠂ 1969 ᠤᠨ ᠤ 5 ᠳ᠋ᠤᠭᠠᠷ ᠰᠠᠷ᠎ᠠ ᠳᠤ ᠲᠦᠷᠦᠵᠡᠢ᠂ | ᠯᠢᠶᠤᠤᠨᠢᠩ ᠮᠤᠵᠢ ᠶᠢᠨ ᠹᠦᠰᠢᠨ ᠤ ᠬᠦᠮᠦᠨ᠂ 1988 ᠤᠨ ᠤ 12 ᠳ᠋ᠤᠭᠠᠷ ᠰᠠᠷ᠎ᠠ ᠳᠤ ᠳᠤᠮᠳᠠᠳᠤ ᠤᠯᠤᠰ ᠤᠨ | ᠡᠪ ᠬᠠᠮᠲᠤ ᠨᠠᠮ ᠳᠤ ᠡᠯᠰᠡᠭᠳᠡᠪᠡ᠂ 1991 ᠤᠨ ᠤ 7 ᠳ᠋ᠤᠭᠠᠷ ᠰᠠᠷ᠎ᠠ ᠳᠤ ᠠᠵᠢᠯ ᠳᠤ ᠤᠷᠤᠪᠠ᠂ ᠦᠪᠦᠷ | ᠮᠤᠩᠭᠤᠯ ᠤᠨ ᠨᠠᠮ ᠤᠨ ᠰᠤᠷᠭᠠᠭᠤᠯᠢ ᠶᠢᠨ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠃ | ᠤᠳᠤ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ᠂ ᠵᠠᠰᠠᠬ ᠤᠨ ᠤᠷᠳᠤᠨ | ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠪᠤᠯᠤᠨ᠎ᠠ᠃ | 1987.09 — 1991.07 ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠠᠵᠤ ᠠᠬᠤᠢ ᠶᠢᠨ | ᠰᠠᠯᠪᠤᠷᠢ ᠳᠤ ᠤᠯᠤᠰ ᠠᠷᠠᠳ ᠤᠨ ᠠᠵᠤ ᠠᠬᠤᠢ ᠶᠢᠨ ᠬᠠᠮᠢᠶᠠᠷᠤᠯᠲᠠ ᠶᠢᠨ ᠲᠤᠰᠬᠠᠢ ᠮᠡᠷᠭᠡᠵᠢᠯ ᠢᠶᠠᠷ ᠰᠤᠷᠤᠯᠴᠠᠪᠠ | 1991.07 — 1994.04 ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠬ ᠤᠨ | ᠤᠷᠳᠤᠨ ᠤ ᠠᠯᠪᠠᠨ ᠲᠢᠩᠬᠢᠮ ᠤᠨ ᠮᠡᠳᠡᠭᠡ ᠵᠠᠩᠬᠢ ᠶᠢᠨ ᠭᠠᠵᠠᠷ ᠤᠨ ᠺᠠᠳ᠋ᠷ ᠢᠶᠠᠷ ᠠᠵᠢᠯᠯᠠᠵᠤ ᠪᠠᠶᠢᠪᠠ ︵ᠡᠨᠡ | ᠬᠤᠭᠤᠴᠠᠭᠠᠨ ᠳᠤ᠄1992.02 — 1992.12 ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ | ᠦᠦᠰᠢᠨ ᠬᠤᠰᠢᠭᠤᠨ ᠤ ᠲᠤᠯᠢ ᠰᠤᠮᠤ ᠳᠤ ᠨᠡᠶᠢᠭᠡᠮ ᠲᠤᠭᠤᠷᠢᠭ ᠤᠨ ᠬᠦᠮᠦᠵᠢᠯ ᠤᠨ ᠠᠵᠢᠯ ᠳᠤ ᠤᠷᠤᠯᠴᠠᠪᠠ︶ | 1994.04 — 1996.12 ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠬ ᠤᠨ | ᠤᠷᠳᠤᠨ ᠤ ᠠᠯᠪᠠᠨ ᠲᠢᠩᠬᠢᠮ ᠤᠨ ᠪᠠᠶᠢᠭᠤᠯᠭ᠎ᠠ ᠶᠢᠨ ᠨᠠᠮ ᠤᠨ ᠬᠤᠷᠢᠶ᠎ᠠ ᠶᠢᠨ ᠳᠡᠳ᠋ ᠡᠷᠬᠢᠯᠡᠬᠦ ᠭᠡᠰᠢᠭᠦᠴᠢ ᠶᠢᠨ | ᠲᠤᠰᠢᠶᠠᠯ ᠳᠤ ᠪᠠᠶᠢᠪᠠ | 1996.12 — 1998.05 ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠬ ᠤᠨ | ᠤᠷᠳᠤᠨ ᠤ ᠠᠯᠪᠠᠨ ᠲᠢᠩᠬᠢᠮ ᠤᠨ ᠡᠪᠯᠡᠯ ᠤᠨ ᠬᠤᠷᠢᠶ᠎ᠠ ᠶᠢᠨ ᠱᠦᠵᠢ᠂ ᠠᠵᠢᠯᠲᠠᠨ ᠤ ᠶᠠᠪᠤᠳᠠᠯ ᠤᠨ ᠭᠠᠵᠠᠷ ᠤᠨ | ᠡᠷᠬᠢᠯᠡᠬᠦ ᠭᠡᠰᠢᠭᠦᠴᠢ ᠶᠢᠨ ᠲᠤᠰᠢᠶᠠᠯ ᠳᠤ ᠪᠠᠶᠢᠪᠠ | 1998.05 — 2000.06 ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠬ ᠤᠨ | ᠤᠷᠳᠤᠨ ᠤ ᠠᠯᠪᠠᠨ ᠲᠢᠩᠬᠢᠮ ᠤᠨ ᠠᠵᠢᠯᠲᠠᠨ ᠤ ᠶᠠᠪᠤᠳᠠᠯ ᠤᠨ ᠭᠠᠵᠠᠷ ᠤᠨ ᠳᠡᠳ᠋ ᠳᠠᠷᠤᠭ᠎ᠠ ᠶᠢᠨ ᠲᠤᠰᠢᠶᠠᠯ ᠳᠤ | ᠪᠠᠶᠢᠪᠠ ︵ᠡᠨᠡ ᠬᠤᠭᠤᠴᠠᠭᠠᠨ ᠳᠤ᠄ 1999.07 — 1999.12 ᠦᠪᠦᠷ ᠮᠤᠩᠭᠤᠯ ᠤᠨ ᠦᠪᠡᠷᠲᠡᠭᠡᠨ | ᠵᠠᠰᠠᠬᠤ ᠤᠷᠤᠨ ᠤ ︽ᠭᠤᠷᠪᠠ ᠶᠢ ᠡᠷᠬᠢᠮᠯᠡᠬᠦ︾ ᠠᠯᠪᠠᠨ ᠭᠡᠷ ᠲᠤ ᠵᠢᠭᠡᠯᠡᠭᠳᠡᠨ ᠠᠵᠢᠯ ᠬᠠᠪᠰᠤᠷᠭᠠᠪᠠ︶ | 2000.06 — 2002.03 ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠬ ᠤᠨ | ᠤᠷᠳᠤᠨ ᠤ ᠠᠯᠪᠠᠨ ᠲᠢᠩᠬᠢᠮ ᠤᠨ ᠪᠠᠶᠢᠭᠤᠯᠭ᠎ᠠ ᠶᠢᠨ ᠬᠡᠷᠡᠭ ᠶᠠᠪᠤᠳᠠᠯ ᠤᠨ ᠦᠢᠯᠡᠴᠢᠯᠡᠭᠡᠨ ᠤ ᠲᠦᠪ ᠤᠨ | ᠡᠷᠬᠢᠯᠡᠭᠴᠢ ᠶᠢᠨ ᠲᠤᠰᠢᠶᠠᠯ ᠳᠤ ᠪᠠᠶᠢᠪᠠ ︵ᠡᠨᠡ ᠬᠤᠭᠤᠴᠠᠭᠠᠨ ᠳᠤ᠄ 2001.09 — 2002.01 ᠦᠪᠦᠷ | ᠮᠤᠩᠭᠤᠯ ᠤᠨ ᠨᠠᠮ ᠤᠨ ᠰᠤᠷᠭᠠᠭᠤᠯᠢ ᠶᠢᠨ ᠬᠤᠶᠠᠳᠤᠭᠠᠷ ᠬᠤᠭᠤᠴᠠᠭᠠᠨ ᠤ ᠢᠳᠡᠷ ᠵᠠᠯᠠᠭᠤ ᠺᠠᠳ᠋ᠷ ᠤᠨ ᠠᠩᠬᠢ ᠳᠤ | ᠰᠤᠷᠤᠯᠴᠠᠪᠠ︶ | 2002.03 — 2004.12 ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠬ ᠤᠨ | ᠤᠷᠳᠤᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠲᠤᠪᠴᠢᠶᠠᠨ ᠤ ᠳᠡᠳ᠋ | ᠳᠠᠷᠤᠭ᠎ᠠ ᠶᠢᠨ ᠲᠤᠰᠢᠶᠠᠯ ᠳᠤ ᠪᠠᠶᠢᠪᠠ | 2004.12 — 2006.09 ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠤᠯᠤᠰ ᠤᠨ | ᠦᠮᠴᠢᠯᠡᠯ ᠤᠨ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠦᠪᠯᠡᠯ ᠤᠨ ᠨᠠᠮ ᠤᠨ ᠬᠤᠷᠢᠶ᠎ᠠ ᠶᠢᠨ ᠭᠡᠰᠢᠭᠦᠨ᠂ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ ᠶᠢᠨ ᠲᠤᠰᠢᠶᠠᠯ ᠳᠤ ᠪᠠᠶᠢᠪᠠ ︵ᠡᠨᠡ ᠬᠤᠭᠤᠴᠠᠭᠠᠨ ᠳᠤ᠄ | 2005.11 — 2006.01 ᠠᠷᠪᠠ ᠶᠢᠰᠦᠳᠦᠭᠡᠷ ᠬᠤᠭᠤᠴᠠᠭᠠᠨ ᠤ ᠠᠶᠢᠮᠠᠭ ᠬᠤᠲᠠ ᠲᠢᠩᠬᠢᠮ ᠲᠤᠪᠴᠢᠶᠠᠨ | ᠤ ᠳᠡᠰ ᠤᠨ ᠺᠠᠳ᠋ᠷ ᠤᠨ ᠳᠠᠪᠳᠠᠨ ᠪᠤᠯᠪᠠᠰᠤᠷᠠᠭᠤᠯᠬᠤ ᠠᠩᠬᠢ ᠳᠤ ᠰᠤᠷᠤᠯᠴᠠᠪᠠ︶ ︵2003.08 — 2005. | 12 ᠦᠪᠦᠷ ᠮᠤᠩᠭᠤᠯ ᠤᠨ ᠨᠠᠮ ᠤᠨ ᠰᠤᠷᠭᠠᠭᠤᠯᠢ ᠶᠢᠨ ᠠᠰᠫᠢᠷᠠᠨᠲ ᠤᠨ ᠠᠩᠭᠢ ᠳᠤ ᠤᠯᠠᠨ ᠨᠡᠶᠢᠲᠡ ᠶᠢᠨ | ᠬᠠᠮᠢᠶᠠᠷᠤᠯᠲᠠ ᠶᠢᠨ ᠲᠤᠰᠬᠠᠢ ᠮᠡᠷᠭᠡᠵᠢᠯ ᠢᠶᠠᠷ ᠰᠤᠷᠤᠯᠴᠠᠪᠠ︶ | 2006.09 — 2008.01 ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ | ᠬᠦᠬᠡᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ | ᠱᠦᠵᠢ ᠶᠢᠨ ᠲᠤᠰᠢᠶᠠᠯ ᠳᠤ ᠪᠠᠶᠢᠪᠠ | 2008.01 — 2010.09 ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ | ᠬᠦᠬᠡᠬᠤᠲᠠ ᠶᠢᠨ ᠬᠤᠲᠠ ᠶᠢᠨ ᠳᠡᠳ᠋ ᠳᠠᠷᠤᠭ᠎ᠠ ᠶᠢᠨ ᠲᠤᠰᠢᠶᠠᠯ ᠳᠤ ᠪᠠᠶᠢᠪᠠ ︵2007.09 — 2009.07 | ᠴᠢᠩᠬᠤᠸᠠ ᠶᠡᠭᠡ ᠰᠤᠷᠭᠠᠭᠤᠯᠢ ᠶᠢᠨ ᠠᠵᠤ ᠠᠬᠤᠢ ᠶᠢᠨ ᠬᠠᠮᠢᠶᠠᠷᠤᠯᠲᠠ ᠶᠢᠨ ᠳᠡᠭᠡᠳᠦ ᠰᠤᠷᠭᠠᠭᠤᠯᠢ ᠳᠤ | ᠰᠤᠷᠤᠯᠴᠠᠵᠤ᠂ ᠠᠵᠦ ᠦᠢᠯᠡᠳᠪᠦᠷᠢ ᠬᠤᠳᠠᠯᠳᠤᠭᠠᠨ ᠤ ᠬᠠᠮᠢᠶᠠᠷᠤᠯᠲᠠ ᠶᠢᠨ ᠮᠠᠰᠲ᠋ᠧᠷ ᠴᠤᠯᠠ ᠬᠠᠮᠠᠭᠠᠯᠠᠪᠠ︶ | 2010.09 — 2013.06 ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠦᠬᠠᠢ | ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ ᠶᠢᠨ | ᠲᠤᠰᠢᠶᠠᠯ ᠳᠤ ᠪᠠᠶᠢᠪᠠ | 2013.06 — 2013.10 ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠦᠬᠠᠢ | ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠷᠤᠯᠠᠬᠴᠢ ᠬᠤᠲᠠ ᠶᠢᠨ ᠳᠠᠷᠤᠭ᠎ᠠ ᠶᠢᠨ ᠲᠤᠰᠢᠶᠠᠯ ᠳᠤ | ᠪᠠᠶᠢᠪᠠ | 2013.10 — 2013.12 ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠦᠬᠠᠢ | ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠶᠢᠨ ᠲᠤᠰᠢᠶᠠᠯ ᠳᠤ ᠪᠠᠶᠢᠪᠠ | 2013.12 — 2014.01 ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠪᠤᠭᠤᠲᠤ | ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠷᠤᠯᠠᠬᠴᠢ ᠬᠤᠲᠠ ᠶᠢᠨ ᠳᠠᠷᠤᠭ᠎ᠠ ᠶᠢᠨ ᠲᠤᠰᠢᠶᠠᠯ ᠳᠤ | ᠪᠠᠶᠢᠪᠠ | 2014.01 — 2015.09 ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠪᠤᠭᠤᠲᠤ | ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠶᠢᠨ ᠲᠤᠰᠢᠶᠠᠯ ᠳᠤ ᠪᠠᠶᠢᠪᠠ | 2015.09 — 2018.07 ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠯᠠᠱᠠ | ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠶᠢᠨ ᠲᠤᠰᠢᠶᠠᠯ ᠳᠤ ᠪᠠᠶᠢᠪᠠ | 2018.07 — ᠤᠳᠤ ᠪᠤᠯᠲᠠᠯ᠎ᠠ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠳᠡᠳ᠋ | ᠲᠡᠷᠢᠭᠦᠯᠡᠭᠴᠢ᠂ ᠵᠠᠰᠠᠬ ᠤᠨ ᠤᠷᠳᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ | ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠭᠡᠰᠢᠭᠦᠨ ᠪᠤᠯᠤᠨ᠎ᠠ |