ᠲᠦᠷᠦ ᠶᠢᠨ ᠶᠠᠪᠤᠳᠠᠯ ᠤᠨ ᠬᠤᠷᠢᠶ᠎ᠠ ᠠᠴᠠ ᠦᠪᠦᠷ ᠮᠤᠩᠭᠤᠯ ᠤᠨ ᠤᠨ ᠤ ᠭᠠᠯ ᠰᠡᠷᠭᠡᠶᠢᠯᠡᠵᠦ ᠭᠠᠯ ᠤᠨᠳᠠᠷᠠᠭᠠᠬᠤ ᠠᠵᠢᠯ ᠢ ᠬᠢᠨᠡᠨ ᠰᠢᠯᠭᠠᠭᠰᠠᠨ ᠪᠠᠶᠢᠳᠠᠯ ᠤᠨ ᠲᠤᠬᠠᠢ ᠬᠠᠷᠢᠭᠤ ᠲᠤᠰᠬᠠᠬᠤ ᠬᠤᠷᠠᠯ ᠬᠤᠷᠠᠯᠳᠤᠵᠠᠢ
ᠨᠡᠶᠢᠲᠡᠯᠡᠭᠰᠡᠨ ᠴᠠᠭ᠄
2018/7/30
     7 ᠳ᠋ᠤᠭᠠᠷ ᠰᠠᠷ᠎ᠠ ᠶᠢᠨ 26᠎ ᠤ ᠡᠳᠦᠷ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠦᠪᠦᠷ ᠮᠤᠩᠭᠤᠯ ᠤᠨ 2017 ᠤᠨ ᠤ ᠭᠠᠯ ᠰᠡᠷᠭᠡᠶᠢᠯᠡᠵᠦ ᠭᠠᠯ ᠤᠨᠳᠠᠷᠠᠭᠠᠬᠤ ᠠᠵᠢᠯ ᠢ ᠬᠢᠨᠡᠨ ᠰᠢᠯᠭᠠᠭᠰᠠᠨ ᠪᠠᠶᠢᠳᠠᠯ ᠤᠨ ᠲᠤᠬᠠᠢ ᠬᠠᠷᠢᠭᠤ ᠲᠤᠰᠬᠠᠬᠤ ᠬᠤᠷᠠᠯ ᠬᠦᠬᠡᠬᠤᠳᠠ ᠳᠤ ᠬᠤᠷᠠᠯᠳᠤᠵᠠᠢ᠃       ᠲᠦᠷᠦ ᠶᠢᠨ ᠶᠠᠪᠤᠳᠠᠯ ᠤᠨ ᠬᠤᠷᠢᠶ᠎ᠠ ᠶᠢᠨ ᠬᠤᠶᠠᠳᠤᠭᠠᠷ ᠬᠢᠨᠡᠨ ᠰᠢᠯᠭᠠᠬᠤ ᠳᠤᠭᠤᠶᠢᠯᠠᠩ ᠤᠨ ᠲᠠᠷᠤᠭ᠎ᠠ᠂ ᠰᠤᠷᠭᠠᠨ ᠬᠦᠮᠦᠵᠢᠯ ᠤᠨ ᠶᠠᠮᠤᠨ ᠤ ᠲᠡᠳ᠋ ᠰᠠᠶᠢᠳ ᠵᠦ ᡁᠢ ᠸᠧᠨ ᠬᠢᠨᠡᠨ ᠰᠢᠯᠭᠠᠬᠤ ᠳᠤᠭᠤᠶᠢᠯᠠᠩ ᠢ ᠲᠦᠯᠦᠬᠡᠯᠡᠵᠤ ᠬᠢᠨᠠᠨ ᠰᠢᠯᠭᠠᠭᠰᠠᠨ ᠰᠠᠨᠠᠯ ᠢᠶᠠᠨ ᠬᠠᠷᠢᠭᠤ ᠲᠤᠰᠬᠠᠵᠤ᠂ ᠦᠪᠡᠷᠳᠡᠬᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ᠂ ᠲᠤᠳᠤᠭᠠᠳᠤ ᠶᠢ ᠬᠠᠮᠠᠭᠠᠯᠠᠬᠤ ᠲᠢᠩᠬᠢᠮ ᠤᠨ ᠲᠠᠷᠤᠭ᠎ᠠ ᠶᠠᠩ ᠸᠧᠢ ᠳ᠋ᠦᠩ ᠦᠪᠡᠷᠳᠡᠬᠡᠨ ᠵᠠᠰᠠᠬᠤ ᠤᠷᠤᠨ ᠤ ᠵᠠᠰᠠᠬ ᠎ ᠤᠨ ᠤᠷᠳᠤᠨ ᠤ ᠡᠮᠦᠨ᠎ᠡ ᠠᠴᠠ ᠮᠠᠨ ᠤ ᠤᠷᠤᠨ ᠤ ᠭᠠᠯ ᠰᠡᠷᠭᠡᠶᠢᠯᠡᠵᠦ ᠭᠠᠯ ᠤᠨᠳᠠᠷᠠᠭᠠᠬᠤ ᠠᠵᠢᠯ ᠤᠨ ᠪᠠᠶᠢᠳᠠᠯ ᠢ ᠬᠠᠷᠢᠭᠤ ᠮᠡᠳᠡᠬᠦᠯᠵᠡᠢ᠃      ᠬᠢᠨᠠᠨ ᠰᠢᠯᠭᠠᠬᠤ ᠳᠤᠭᠤᠶᠢᠯᠠᠩ ᠠᠴᠠ᠂ ᠦᠩᠬᠡᠷᠡᠭᠰᠡᠨ ᠨᠢᠬᠡ ᠵᠢᠯ ᠤᠨ ᠲᠤᠷᠰᠢ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠵᠠᠰᠠᠬ ᠤᠨ ᠤᠷᠳᠤᠨ ᠤᠯᠠᠨ ᠨᠡᠶᠢᠲᠡ ᠶᠢᠨ ᠠᠮᠤᠷ ᠲᠦᠪᠰᠢᠨ᠂ ᠠᠶᠤᠯ ᠦᠭᠡᠢ ᠦᠢᠯᠡᠳᠪᠦᠷᠢᠯᠡᠯ ᠤᠨ ᠲᠤᠬᠠᠢ ᠶᠡᠷᠦᠩᠬᠡᠢ ᠱᠦᠵᠢ ᠰᠢ ᠶᠢᠨ ᠫᠢᠩ᠂ ᠶᠡᠷᠦᠩᠬᠡᠢ ᠰᠠᠶᠢᠳ ᠯᠢ ᠺᠧ ᠴᠢᠶᠠᠩ ᠵᠡᠷᠬᠡ ᠲᠦᠪ ᠤᠨ ᠤᠳᠤᠷᠢᠳᠤᠯᠭ᠎ᠠ ᠶᠢᠨ ᠴᠢᠬᠤᠯᠠ ᠵᠢᠭᠠᠪᠤᠷᠢ ᠴᠤᠬᠤᠯᠠᠪᠤᠷᠢ ᠶᠢ ᠨᠠᠷᠢᠨ ᠬᠢᠨᠠᠮᠠᠭᠠᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠭᠠᠯ ᠰᠡᠷᠭᠡᠶᠢᠯᠡᠵᠦ ᠭᠠᠯ ᠤᠨᠳᠠᠷᠠᠭᠠᠬᠤ ᠬᠠᠤᠯᠢ︾ ᠪᠤᠯᠤᠨ ᠲᠦᠷᠦ ᠶᠢᠨ ᠶᠠᠪᠤᠳᠠᠯ ᠤᠨ ᠬᠤᠷᠢᠶ᠎ᠠ ᠶᠢᠨ ︽ᠭᠠᠯ ᠤᠨᠳᠠᠷᠠᠭᠠᠬᠤ ᠠᠮᠤᠷ ᠲᠦᠪᠰᠢᠨ ᠤ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠬᠦᠯᠬᠦ ᠠᠷᠭ᠎ᠠ︾᠎ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠭᠰᠠᠨ ᠠᠵᠢᠯ ᠢ ᠲᠦᠷᠪᠡᠨ ᠲᠠᠯ᠎ᠠ ᠪᠠᠷ ᠦᠨᠡᠯᠡᠵᠡᠢ᠃ ᠨᠢᠬᠡ ᠳᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠠᠵᠢᠯ ᠢ ᠴᠢᠩᠭ᠎ᠠ ᠠᠳᠬᠤᠵᠤ᠂ ᠭᠠᠯ ᠰᠡᠷᠭᠡᠶᠢᠯᠡᠵᠦ ᠭᠠᠯ ᠤᠨᠳᠠᠷᠠᠭᠠᠬᠤ ᠠᠵᠢᠯ ᠤᠨ ᠯᠠᠪᠳᠠᠭᠤᠨ ᠪᠠᠳᠤᠳᠠᠢ ᠶᠠᠪᠤᠬᠳᠠᠬᠤ ᠶᠢ ᠠᠬᠢᠭᠤᠯᠵᠠᠢ᠃ ᠬᠤᠶᠠᠷ ᠲᠤ ᠴᠢᠬᠤᠯᠠ ᠲᠤᠮᠤ ᠠᠵᠢᠯᠯᠠᠭ᠎ᠠ ᠶᠢᠨ ᠠᠮᠤᠷ ᠢ ᠬᠠᠮᠠᠭᠠᠯᠠᠬᠤ ᠭᠤᠤᠯᠳᠠᠯᠭ᠎ᠠ ᠶᠢᠨ ᠲᠤᠭᠤᠷᠢᠨ ᠳᠤ᠂ ᠲᠠᠯᠳᠠ ᠬᠡᠮ ᠰᠤᠭᠤᠬ ᠢ ᠵᠢᠬᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠬᠦᠨᠵᠡᠬᠡᠢ ᠦᠷᠨᠢᠬᠦᠯᠵᠠᠢ᠃ ᠭᠤᠷᠪᠠ ᠳᠤ ᠤᠬᠠᠭᠤᠯᠭ᠎ᠠ ᠬᠦᠮᠦᠵᠢᠯ ᠤᠨ ᠠᠵᠢᠯᠯᠠᠭ᠎ᠠ ᠶᠢ ᠡᠷᠴᠢᠮ ᠲᠠᠢ ᠦᠷᠨᠢᠬᠦᠯᠵᠤ᠂ ᠪᠦᠬᠦ ᠠᠷᠠᠳ ᠤᠨ ᠭᠠᠯ ᠰᠡᠷᠭᠡᠶᠢᠯᠡᠵᠦ ᠭᠠᠯ ᠤᠨᠳᠠᠷᠠᠭᠠᠬᠤ ᠠᠮᠤᠷ ᠲᠦᠪᠰᠢᠨ ᠤ ᠬᠡᠪ ᠪᠤᠯᠪᠠᠰᠤᠷᠠᠯ ᠢ ᠲᠠᠰᠤᠷᠠᠯᠳᠠ ᠦᠬᠡᠢ ᠲᠡᠭᠡᠭᠰᠢᠯᠡᠬᠦᠯᠵᠡᠢ᠃ ᠲᠦᠷᠪᠡ ᠳᠤ ᠦᠨᠳᠦᠰᠦᠨ ᠱᠠᠳᠤᠨ ᠤ ᠪᠠᠭᠤᠷᠠᠢ ᠲᠠᠯ᠎ᠠ ᠶᠢ ᠴᠢᠩᠭ᠎ᠠ ᠠᠳᠬᠤᠵᠤ᠂ ᠲᠤᠨᠤᠬ ᠲᠦᠬᠦᠬᠡᠷᠦᠮᠵᠢ ᠶᠢᠨ ᠪᠦᠳᠦᠬᠡᠨ ᠪᠠᠶᠢᠭᠤᠯᠤᠯᠲᠠ ᠶᠢ ᠪᠦᠬᠦ ᠬᠦᠴᠤᠨ ᠢᠶᠠᠷ ᠢᠶᠠᠨ ᠠᠬᠢᠭᠤᠯᠵᠠᠢ ᠭᠡᠪᠡ᠃ ᠬᠢᠨᠠ ᠰᠢᠯᠭᠠᠬᠤ ᠳᠤᠭᠤᠶᠢᠯᠠᠩ ᠠᠴᠠ ᠪᠠᠰᠠ ᠭᠠᠯ ᠰᠡᠷᠭᠡᠶᠢᠯᠡᠵᠦ ᠭᠠᠯ ᠤᠨᠳᠠᠷᠠᠭᠠᠬᠤ ᠠᠵᠢᠯ ᠢ ᠴᠢᠨᠠᠬᠰᠢᠳᠠ ᠴᠢᠩᠭᠠᠳᠬᠠᠬᠤ ᠲᠤᠬᠠᠢ ᠲᠤᠳᠤᠷᠬᠠᠢ ᠱᠠᠭᠠᠷᠳᠠᠯᠭ᠎ᠠ ᠳᠤᠷᠠᠳᠴᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号