ᠦᠢᠷ᠎ᠠ ᠶᠢᠨ ᠡᠳᠦᠷ᠂ ᠴᠦᠩᠴᠢᠩ ᠶᠡᠭᠡ ᠰᠤᠷᠭᠠᠭᠤᠯᠢ ᠶᠢᠨ ᠰᠢᠷᠣᠶ ᠮᠣᠳᠣᠨ ᠤ ᠪᠠᠷᠢᠯᠭ᠎ᠠ ᠶᠢᠨ ᠳᠡᠭᠡᠳᠦ | ᠰᠤᠷᠭᠠᠭᠤᠯᠢ᠂ ᠨᠠᠨᠵᠢᠩ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠰᠢᠷᠣᠶ ᠮᠣᠳᠣᠨ ᠤ ᠪᠠᠷᠢᠯᠭ᠎ᠠ ᠶᠢᠨ | ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠦᠳᠦᠭᠡᠨ ᠪᠠᠶᠢᠭᠤᠯᠤᠯᠲᠠ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠨᠡᠭᠡᠭᠡᠯᠲᠡ ᠪᠠ ᠳᠡᠯᠭᠡᠷᠡᠭᠦᠯᠦᠯᠲᠡ ᠶᠢᠨ ᠲᠥᠪ ᠠᠴᠠ ᠭᠤᠣᠯᠯᠠᠨ ᠡᠷᠭᠢᠯᠡᠵᠦ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠦᠢᠯᠡᠰ ᠤᠨ ᠨᠡᠶᠢᠭᠡᠮᠯᠢᠭ᠂ ᠥᠪᠥᠷ | ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠵᠦᠩ ᠳ᠋ᠥᠸᠧ ᠶᠤᠸᠠᠨ ᠳ᠋ᠠ | ᠪᠠᠷᠢᠯᠭ᠎ᠠ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠠᠴᠠ ᠳᠠᠭᠠᠭᠠᠴᠢᠯᠠᠨ ᠡᠷᠭᠢᠯᠡᠭᠰᠡᠨ 2018 · | ᠳᠤᠮᠳᠠᠳᠤ ᠤᠯᠤᠰ · ᠥᠪᠥᠷ ᠮᠣᠩᠭᠤᠯ ᠤᠨ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠪᠦᠲᠦᠴᠡ ᠶᠢᠨ ᠰᠢᠨ᠎ᠡ | ᠮᠡᠷᠭᠡᠵᠢᠯ ᠤᠨ ᠳᠡᠭᠡᠳᠦ ᠲᠠᠰ ᠤᠨ ᠶᠠᠷᠢᠶᠠᠨ ᠤ ᠲᠠᠪᠴᠠᠩ ᠤᠨ ᠬᠤᠷᠠᠯ ᠬᠥᠬᠡᠬᠤᠲᠠ ᠳᠤ ᠬᠤᠷᠠᠯᠳᠤᠪᠠ᠃ | ᠣᠶᠢᠯᠠᠭᠠᠭᠰᠠᠨ ᠢᠶᠠᠷ᠂ ᠤᠭᠰᠠᠷᠠᠮᠠᠯ ᠮᠠᠶ᠋ᠢᠭ ᠤᠨ ᠪᠠᠷᠢᠯᠭ᠎ᠠ ᠶᠢ ᠬᠥᠭᠵᠢᠭᠦᠯᠬᠦ ᠪᠣᠯ ᠨᠠᠮ ᠤᠨ ᠲᠥᠪ ᠬᠤᠷᠢᠶ᠎ᠠ᠂ | ᠲᠦᠷᠦ ᠶᠢᠨ ᠶᠠᠪᠤᠳᠠᠯ ᠤᠨ ᠬᠤᠷᠢᠶᠠᠨ ᠤ ᠴᠢᠬᠤᠯᠠ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠮᠦᠨ᠂ | ᠣᠶᠢᠷ᠎ᠠ ᠶᠢᠨ ᠵᠢᠯ ᠠᠴᠠ ᠨᠠᠰᠢ᠂ ᠤᠯᠤᠰ ᠠᠴᠠ ᠠᠯᠢ ᠤᠯᠠᠨ ᠪᠢᠴᠢᠭ ᠮᠠᠲ᠋ᠧᠷᠢᠶᠠᠯ ᠨᠡᠶᠢᠲᠡᠯᠡᠨ ᠪᠦᠬᠦ ᠤᠯᠤᠰ ᠤᠨ | ᠤᠭᠰᠠᠷᠠᠮᠠᠯ ᠮᠠᠶ᠋ᠢᠭ ᠤᠨ ᠪᠠᠷᠢᠯᠭ᠎ᠠ ᠶᠢ ᠬᠥᠭᠵᠢᠭᠦᠯᠬᠦ ᠲᠤᠬᠠᠢ ᠪᠣᠳᠠᠲᠠᠶ ᠵᠢᠯᠣᠭᠤᠳᠬᠤ ᠰᠠᠨᠠᠯ ᠪᠣᠯᠤᠨ ᠱᠠᠭᠠᠷᠳᠠᠯᠭ᠎ᠠ | ᠳᠤᠷᠠᠳᠪᠠ᠃ ᠮᠠᠨ ᠤ ᠣᠷᠣᠨ ᠨᠢᠳᠤᠨᠤᠨ ᠵᠢᠯ ᠤᠨ 9 ᠳ᠋ᠦ᠋ᠭᠡᠷ ᠰᠠᠷ᠎ᠠ ᠳᠤ ︽ᠤᠭᠰᠠᠷᠠᠮᠠᠯ ᠮᠠᠶ᠋ᠢᠭ ᠤᠨ ᠪᠠᠷᠢᠯᠭ᠎ᠠ ᠶᠢ | ᠡᠷᠴᠢᠮᠲᠡᠢ ᠬᠥᠭᠵᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ᠢ ᠨᠡᠶᠢᠲᠡᠯᠡᠨ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ | ᠬᠦᠭᠵᠢᠯᠲᠡ ᠳᠤ ᠳᠡᠮᠵᠢᠯᠭᠡ ᠦᠵᠡᠭᠦᠯᠵᠦ᠂ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠭᠤᠣᠯᠳᠠᠯᠭ᠎ᠠ ᠲᠠᠢ | ᠳᠡᠯᠭᠡᠷᠡᠭᠦᠯᠦᠯᠲᠡ ᠪᠣᠯᠣᠨ ᠬᠡᠷᠡᠭᠯᠡᠭᠡᠨ ᠤ ᠬᠦᠷᠢᠶ᠎ᠡ ᠶᠢ ᠲᠣᠳᠣᠷᠬᠠᠶᠢᠯᠠᠪᠠ᠃ ᠡᠭᠦᠨ ᠤ ᠲᠡᠷᠠᠭ᠎ᠠ ᠪᠠᠷ᠂ ᠪᠦᠬᠦ | ᠣᠷᠣᠨ ᠤ ᠡᠯ᠎ᠡ ᠠᠶᠢᠮᠠᠭ ᠬᠤᠲᠠ ᠨᠤᠭᠤᠳ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠠᠵᠤ ᠦᠢᠯᠡᠰ ᠤᠨ | ᠬᠥᠭᠵᠢᠯᠲᠡ ᠶᠢ ᠢᠳᠡᠪᠬᠢᠲᠡᠶ ᠠᠬᠢᠭᠤᠯᠪᠠ᠃ ᠣᠳᠣᠬᠠᠨ ᠳᠤ᠂ ᠬᠥᠯᠥᠨ ᠪᠦᠢᠷ᠂ ᠮᠠᠨᠵᠤᠤᠷ᠂ ᠲᠦᠩᠯᠢᠶᠣᠤ᠂ ᠦᠬᠠᠶ᠂ | ᠪᠤᠭᠤᠲᠤ ᠵᠡᠷᠭᠡ ᠬᠤᠲᠠ ᠨᠤᠭᠤᠳ ᠨᠢᠭᠡᠨᠲᠡ ᠤᠭᠰᠠᠷᠠᠮᠠᠯ ᠮᠠᠶ᠋ᠢᠭ ᠤᠨ ᠪᠠᠷᠢᠯᠭ᠎ᠠ ᠶᠢ ᠲᠥᠯᠬᠢᠨ ᠠᠬᠢᠭᠤᠯᠬᠤ | ᠵᠢᠯᠣᠭᠤᠳᠬᠤ ᠰᠠᠨᠠᠯ ᠢᠶᠠᠨ ᠨᠡᠶᠢᠲᠡᠯᠡᠵᠦ᠂ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠠᠵᠤ ᠦᠢᠯᠡᠰ ᠢ ᠬᠥᠭᠵᠢᠭᠦᠯᠬᠦ | ᠱᠠᠲᠤ ᠦᠶ᠎ᠡ ᠶᠢᠨ ᠴᠢᠨᠠᠷᠲᠠᠶ ᠬᠠᠷᠠᠯᠲᠠ ᠶᠢ ᠲᠣᠳᠣᠷᠬᠠᠶᠢᠯᠠᠵᠠᠢ᠂ ᠪᠤᠰᠤᠳ ᠠᠶᠢᠮᠠᠭ ᠬᠤᠲᠠ ᠨᠤᠭᠤᠳ ᠬᠠᠮᠢᠶ᠎ᠠ | ᠪᠦᠬᠦᠢ ᠬᠡᠷᠡᠭᠵᠢᠭᠦᠯᠬᠦ ᠨᠠᠷᠢᠨ ᠳᠦᠷᠢᠮ ᠢᠶᠠᠨ ᠶᠠᠭ ᠲᠤᠭᠤᠷᠪᠢᠨ ᠪᠢᠴᠢᠬᠦ ᠪᠠ ᠲᠥᠯᠥᠪᠵᠢᠭᠦᠯᠬᠦ ᠱᠠᠲᠤᠨ ᠳᠠᠭᠠᠨ | ᠪᠠᠶᠢᠨ᠎ᠠ᠃ | ᠤᠯᠠᠮᠵᠢᠯᠠᠯᠲᠤ ᠪᠦᠳᠦᠭᠦᠯᠢᠭ ᠪᠠᠷᠢᠯᠭ᠎ᠠ ᠶᠢᠨ ᠠᠷᠭ᠎ᠠ ᠮᠠᠶ᠋ᠢᠭ ᠨᠢ᠂ ᠡᠬᠢ ᠪᠠᠶᠠᠯᠢᠭ ᠡᠨᠧᠷᠬᠢ ᠶᠢ ᠠᠰᠢᠭᠯᠠᠬᠤ | ᠦᠷ᠎ᠡ ᠪᠦᠲᠦᠮᠵᠢ ᠪᠠᠷ ᠳᠣᠣᠷ᠎ᠠ᠂ ᠪᠠᠷᠢᠯᠭ᠎ᠠ ᠶᠢᠨ ᠬᠤᠭ ᠨᠣᠪᠰᠢ ᠶᠢᠨ ᠭᠠᠳᠠᠭᠰᠢᠯᠠᠭᠤᠯᠤᠯᠲᠠ ᠶᠢᠨ ᠬᠡᠮᠵᠢᠶ᠎ᠡ ᠶᠡᠭᠡ᠂ | ᠬᠤᠭ ᠲᠣᠭᠤᠰᠣᠨ ᠤ ᠪᠠ ᠱᠤᠤᠭᠢᠶ᠎ᠠ ᠳᠠᠭᠤ ᠶᠢᠨ ᠣᠷᠴᠢᠨ ᠲᠣᠭᠤᠷᠢᠨ ᠤ ᠪᠣᠬᠢᠷᠲᠤᠯ ᠬᠦᠨᠳᠦ ᠨᠣᠴᠢᠲᠠᠶ ᠪᠠᠶᠢᠳᠠᠭ᠃ | ᠤᠭᠰᠠᠷᠠᠮᠠᠯ ᠮᠠᠶ᠋ᠢᠭ ᠤᠨ ᠪᠠᠷᠢᠯᠭ᠎ᠠ ᠶᠢ ᠤᠯᠠᠮᠵᠢᠯᠠᠯᠲᠤ ᠪᠠᠷᠢᠯᠭ᠎ᠠ ᠲᠠᠢ ᠬᠠᠷᠢᠴᠠᠭᠤᠯᠪᠠᠯ᠂ ᠪᠠᠶᠢᠭᠤᠯᠬᠤ ᠱᠠᠲᠤᠨ ᠳᠤ | ᠮᠣᠳᠣᠨ ᠬᠠᠪᠲᠠᠰᠤ᠂ ᠳᠤᠯᠠᠭᠠᠨ ᠢ ᠬᠠᠳᠠᠭᠠᠯᠠᠬᠤ ᠮᠠᠲ᠋ᠧᠷᠢᠶᠠᠯ᠂ ᠴᠣᠬᠤᠶᠢᠳᠠᠬᠤ ᠱᠦᠢᠨᠢ ᠡᠯᠡᠰᠦᠨ ᠡᠭᠡᠳᠡᠩ᠂ | ᠪᠠᠷᠢᠯᠭ᠎ᠠ ᠳᠤ ᠬᠡᠷᠡᠭᠯᠡᠬᠦ ᠤᠰᠤ᠂ ᠪᠠᠷᠢᠯᠭ᠎ᠠ ᠪᠠᠷᠢᠬᠤ ᠳᠤ ᠬᠡᠷᠡᠭᠯᠡᠬᠦ ᠴᠠᠬᠢᠯᠭᠠᠨ ᠤ ᠬᠤᠷᠣᠭᠳᠠᠯ ᠢ ᠶᠡᠭᠡ ᠪᠠᠷ | ᠪᠠᠭᠠᠰᠬᠠᠵᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠪᠣᠯᠣᠨ ᠣᠷᠴᠢᠨ ᠲᠣᠭᠤᠷᠢᠨ ᠳᠤ ᠦᠵᠡᠭᠦᠯᠬᠦ ᠬᠤᠭ | ᠲᠣᠭᠤᠰᠣᠨ ᠤ ᠪᠠ ᠳᠠᠭᠤ ᠱᠤᠤᠭᠢᠶᠠᠨ ᠤ ᠪᠣᠬᠢᠷᠲᠤᠯ ᠢ ᠪᠠᠭᠠᠰᠬᠠᠵᠤ᠂ ᠤᠰᠤ ᠪᠣᠯᠣᠨ ᠮᠣᠳᠣᠨ ᠬᠠᠪᠲᠠᠰᠤ ᠶᠢ | 80% ᠣᠷᠴᠢᠮ ᠠᠷᠪᠢᠯᠠᠨ᠂ ᠪᠠᠷᠢᠯᠭ᠎ᠠ ᠶᠢᠨ ᠬᠤᠭ ᠨᠣᠪᠰᠢ ᠶᠢ 80% ᠠᠴᠠ ᠳᠡᠭᠡᠭᠰᠢ ᠪᠠᠭᠠᠰᠬᠠᠵᠤ᠂ ᠳᠡᠭᠳᠡᠮᠡᠯ | ᠲᠣᠭᠤᠰᠣ ᠶᠢ 70% ᠠᠴᠠ ᠳᠡᠭᠡᠭᠰᠢ ᠪᠠᠭᠠᠰᠬᠠᠳᠠᠭ ᠪᠠᠶᠢᠨ᠎ᠠ᠃ |