ᠪᠦᠬᠦ ᠤᠷᠤᠨ ᠤ ᠭᠠᠵᠠᠷ ᠰᠢᠷᠤᠢ ᠠᠭᠤᠷᠬᠠᠢ ᠶᠢᠨ ᠭᠠᠷᠤᠯᠲᠠ ᠶᠢ ᠳᠠᠭᠠᠭᠤᠯᠢ ᠤᠳᠤᠨ ᠵᠢᠷᠤᠬ ᠢᠶᠠᠷ ᠬᠠᠤᠯᠢ ᠬᠡᠷᠡᠭᠵᠢᠭᠦᠯᠦᠨ ᠪᠠᠶᠢᠴᠠᠭᠠᠯᠲᠠ ᠬᠢᠵᠦ ᠰᠡᠷᠡᠮᠵᠢᠯᠡᠭᠦᠯᠬᠦ ᠪᠤᠯᠵᠤᠨ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018/7/31
     7 ᠳ᠋ᠤᠭᠠᠷ ᠰᠠᠷ᠎ᠠ ᠶᠢᠨ 30᠎ ᠤ ᠡᠳᠦᠷ᠂ ᠦᠪᠡᠷᠲᠡᠭᠡᠨ ᠵᠠᠰᠠᠬᠤ ᠤᠷᠤᠨ ᠤ ᠵᠠᠰᠠᠬ ᠤᠨ ᠤᠷᠳᠤᠨ ᠠᠴᠠ ᠪᠦᠬᠦ ᠤᠷᠤᠨ ᠤ 2017 ᠤᠨ ᠤ ᠭᠠᠵᠠᠷ ᠰᠢᠷᠤᠢ ᠠᠭᠤᠷᠬᠠᠢ ᠶᠢᠨ ᠭᠠᠷᠤᠯᠲᠠ ᠶᠢ ᠳᠠᠭᠠᠭᠤᠯᠢ ᠤᠳᠤᠨ ᠵᠢᠷᠤᠬ ᠢᠶᠠᠷ ᠬᠠᠤᠯᠢ ᠬᠡᠷᠡᠭᠵᠢᠭᠦᠯᠦᠨ ᠪᠠᠶᠢᠴᠠᠭᠠᠯᠲᠠ ᠬᠢᠵᠦ ᠰᠡᠷᠡᠮᠵᠢᠯᠡᠭᠦᠯᠬᠦ ᠪᠤᠯᠵᠤᠨ ᠶᠠᠷᠢᠯᠴᠠᠬᠤ ᠬᠤᠷᠠᠯ ᠬᠤᠷᠠᠯᠳᠤᠪᠠ᠃ ᠬᠤᠷᠠᠯ ᠳᠤ 2017 ᠤᠨ ᠤ ᠭᠠᠵᠠᠷ ᠰᠢᠷᠤᠢ ᠠᠭᠤᠷᠬᠠᠢ ᠶᠢᠨ ᠭᠠᠷᠤᠯᠲᠠ ᠶᠢᠨ ᠳᠠᠭᠠᠭᠤᠯᠢ ᠤᠳᠤᠨ ᠵᠢᠷᠤᠬ ᠢᠶᠠᠷ ᠬᠠᠤᠯᠢ ᠬᠡᠷᠡᠭᠵᠢᠭᠦᠯᠵᠦ ᠪᠠᠶᠢᠴᠠᠭᠠᠯᠲᠠ ᠬᠢᠭᠰᠡᠨ ᠪᠠᠶᠢᠳᠠᠯ ᠢ ᠨᠡᠶᠢᠲᠡᠯᠡᠪᠡ᠃ 3 ᠠᠶᠢᠮᠠᠭ ᠬᠤᠲᠠ᠂ 8 ᠬᠤᠰᠢᠭᠤ ᠰᠢᠶᠠᠨ ᠲᠤᠭᠤᠷᠢᠬ ᠲᠠᠢ ᠪᠤᠯᠵᠤᠨ ᠶᠠᠷᠢᠯᠴᠠᠪᠠ᠃      ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ ᠵᠠᠩ ᠱᠤᠤ ᠴᠦᠨ ᠬᠤᠷᠠᠯ ᠳᠤ ᠤᠷᠤᠯᠴᠠᠪᠠ᠃      ᠵᠠᠩ ᠱᠤᠤ ᠴᠦᠨ ᠴᠢᠬᠤᠯᠠᠴᠢᠯᠠᠭᠰᠠᠨ ᠨᠢ᠂ ᠡᠯ᠎ᠡ ᠱᠠᠲᠤᠨ ᠤ ᠵᠠᠰᠠᠬ ᠤᠨ ᠤᠷᠳᠤᠨ ᠭᠠᠵᠠᠷ ᠰᠢᠷᠤᠢ ᠠᠭᠤᠷᠬᠠᠢ ᠶᠢᠨ ᠭᠠᠷᠤᠯᠲᠠ ᠶᠢ ᠳᠠᠭᠠᠭᠤᠯᠢ ᠤᠳᠤᠨ ᠵᠢᠷᠤᠬ ᠢᠶᠠᠷ ᠬᠠᠤᠯᠢ ᠬᠡᠷᠡᠭᠵᠢᠭᠦᠯᠬᠦ ᠠᠵᠢᠯ ᠤᠨ ᠬᠠᠷᠢᠭᠤᠴᠠᠯᠭ᠎ᠠ ᠶᠢᠨ ᠭᠤᠤᠯ ᠴᠤᠬᠴᠠ ᠪᠤᠯᠤᠬᠰᠠᠨ ᠤ ᠬᠤᠪᠢ ᠳᠤ᠂ ᠤᠯᠤᠰ ᠲᠦᠷᠦ ᠶᠢᠨ ᠵᠤᠬᠰᠤᠴᠠ ᠪᠠᠨ ᠳᠡᠭᠡᠭᠰᠢᠯᠡᠭᠦᠯᠵᠦ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠤᠯᠤᠨ ᠠᠵᠢᠯᠯᠠᠭ᠎ᠠ ᠶᠢᠨ ᠤᠬᠠᠮᠰᠠᠷ ᠢᠶᠠᠷ᠂ ᠭᠠᠵᠠᠷ ᠰᠢᠷᠤᠢ ᠠᠭᠤᠷᠬᠠᠢ ᠶᠢᠨ ᠭᠠᠷᠤᠯᠲᠠ ᠶᠢᠨ ᠳᠠᠭᠠᠭᠤᠯᠢ ᠤᠳᠤᠨ ᠵᠢᠷᠤᠬ ᠢᠶᠠᠷ ᠬᠠᠤᠯᠢ ᠬᠡᠷᠡᠭᠵᠢᠭᠦᠯᠦᠨ ᠪᠠᠶᠢᠴᠠᠭᠠᠯᠲᠠ ᠬᠢᠬᠦ ᠪᠤᠯᠤᠨ ᠵᠤᠷᠰᠢᠯ ᠢᠶᠠᠷ ᠰᠢᠮᠳᠠᠭᠤᠯᠤᠨ ᠪᠠᠶᠢᠴᠠᠭᠠᠯᠲᠠ ᠬᠢᠵᠦ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠠᠳᠬᠤᠬᠤ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠪᠤᠲᠠᠲᠠᠶᠢᠵᠢᠭᠤᠯᠤᠨ ᠨᠠᠶᠢᠳᠠᠪᠤᠷᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂ ᠪᠠᠴᠢᠮ ᠲᠤᠯᠭᠠᠮ᠎ᠠ ᠰᠡᠳᠬᠢᠯᠭᠡ ᠶᠢ ᠦᠨᠡᠨ ᠬᠦ ᠴᠢᠩᠭᠠᠳᠬᠠᠬᠤ ᠬᠡᠷᠡᠭᠲᠡᠢ᠃ ᠡᠷᠴᠢᠮ ᠲᠠᠢ ᠵᠤᠬᠢᠶᠠᠨ ᠪᠠᠶᠢᠭᠤᠯᠬᠤ ᠠᠷᠭ᠎ᠠ ᠬᠡᠯᠪᠡᠷᠢ ᠪᠠᠷ ᠪᠦᠬᠦ ᠤᠷᠤᠨ ᠤ ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠡᠮᠬᠢ ᠲᠢᠭᠯᠢᠮ ᠢ ᠦᠷᠬᠦᠯᠵᠢᠯᠡᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ᠃ ᠰᠢᠮᠳᠠᠭᠤᠯᠤᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠤᠷᠤᠨ ᠨᠤᠲᠤᠬ ᠤᠨ ᠵᠠᠰᠠᠬ ᠤᠨ ᠤᠷᠳᠤᠨ ᠤ ᠲᠤᠭᠳᠠᠭᠰᠠᠨ ᠬᠤᠭᠤᠴᠠᠭᠠᠨ ᠳᠠᠬᠢ ᠴᠡᠭᠴᠡᠯᠡᠨ ᠰᠠᠶᠢᠵᠢᠷᠠᠭᠤᠯᠬᠤ ᠶᠢ ᠲᠤᠶᠢᠯᠪᠤᠷᠢᠲᠠᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠰᠠᠶᠢᠲᠤᠷ ᠴᠡᠭᠴᠡᠯᠡᠨ ᠰᠠᠶᠢᠵᠢᠷᠠᠭᠤᠯᠤᠭᠰᠠᠨ ᠦᠭᠡᠢ ᠪᠠᠶᠢᠭᠰᠠᠳ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ ᠭᠡᠵᠡᠢ᠃      ᠤᠯᠤᠰ ᠤᠨ ᠭᠠᠵᠠᠷ ᠰᠢᠷᠤᠢ ᠰᠢᠮᠳᠠᠭᠤᠯᠤᠨ ᠪᠠᠶᠢᠴᠠᠭᠠᠬᠤ ᠪᠡᠭᠡᠵᠢᠩ ᠤᠨ ᠲᠤᠪᠴᠢᠶᠡᠨ ᠤ ᠬᠠᠷᠢᠭᠤᠴᠠᠯᠭᠠᠲᠠᠨ ᠨᠦᠬᠦᠷ ᠤᠷᠢᠯᠭ᠎ᠠ ᠪᠠᠷ ᠬᠤᠷᠠᠯ ᠳᠤ ᠤᠷᠤᠯᠴᠠᠭᠰᠠᠨ ᠤ ᠬᠠᠮᠲᠤ ᠮᠠᠨ ᠤ ᠤᠷᠤᠨ ᠤ ᠭᠠᠵᠠᠷ ᠰᠢᠷᠤᠢ ᠠᠭᠤᠷᠬᠠᠢ ᠶᠢᠨ ᠭᠠᠷᠤᠯᠲᠠ ᠶᠢᠨ ᠳᠠᠭᠠᠭᠤᠯᠢ ᠤᠳᠤᠨ ᠵᠢᠷᠤᠬ ᠢᠶᠠᠷ ᠬᠠᠤᠯᠢ ᠬᠡᠷᠡᠭᠵᠢᠭᠦᠯᠦᠨ ᠪᠠᠶᠢᠴᠠᠭᠠᠯᠲᠠ ᠬᠢᠬᠦ ᠪᠤᠯᠤᠨ ᠴᠡᠭᠴᠡᠯᠡᠨ ᠰᠠᠶᠢᠵᠢᠷᠠᠭᠤᠯᠬᠤ ᠠᠵᠢᠯ ᠳᠤ ᠲᠤᠳᠤᠷᠬᠠᠢ ᠱᠠᠭᠠᠷᠳᠠᠯᠭ᠎ᠠ ᠳᠤᠷᠠᠳᠴᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号