| ᠬᠥᠳᠡᠭᠡ ᠲᠣᠰᠬᠤᠨ ᠤ ᠶᠠᠳᠠᠭᠤ ᠬᠦᠴᠢᠷᠳᠡᠯ ᠲᠠᠢ ᠬᠥᠮᠦᠨ ᠠᠮᠠ ᠶᠢᠨ ᠬᠦᠨᠳᠦ ᠡᠪᠡᠳᠴᠢᠨ ᠢ | ᠲᠥᠪᠯᠡᠷᠡᠭᠦᠯᠦᠨ ᠠᠪᠤᠷᠠᠨ ᠡᠮᠨᠡᠬᠦ ᠶᠢ ᠪᠡᠶᠡᠯᠡᠭᠦᠯᠬᠦ ᠪᠣᠯ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠠᠵᠢᠯ ᠤᠨ | ᠴᠢᠬᠤᠯᠠ ᠠᠷᠭ᠎ᠠ ᠪᠠᠷᠢᠯ ᠮᠦᠨ᠂ ᠡᠮ ᠡᠮᠨᠡᠯᠭᠡ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠠᠰᠢᠭ ᠢ ᠤᠯᠠᠨ | ᠲᠦᠮᠡᠨ ᠳᠤ ᠬᠦᠷᠲᠡᠭᠡᠬᠦ᠂ ᠠᠷᠠᠳ ᠤᠯᠠᠨ ᠤ ᠬᠦᠷᠲᠡᠭᠡᠮᠵᠢ ᠶᠢᠨ ᠮᠡᠳᠡᠷᠡᠮᠵᠢ ᠶᠢ ᠳᠡᠭᠡᠭᠰᠢᠯᠡᠭᠦᠯᠬᠦ ᠴᠢᠬᠤᠯᠠ ᠠᠷᠭ᠎ᠠ | ᠬᠡᠮᠵᠢᠶ᠎ᠡ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠠᠴᠠ ᠡᠯ᠎ᠡ ᠭᠠᠵᠠᠷ ᠲᠤ ︽ᠲᠦᠷᠪᠡ ᠶᠢ ᠲᠣᠭᠲᠠᠭᠠᠵᠤ | ᠬᠤᠶᠠᠷ ᠢ ᠴᠢᠩᠭᠠᠳᠬᠠᠬᠤ︾ ᠲᠦᠷᠦ ᠶᠢᠨ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠵᠠᠰᠠᠪᠠᠰᠤ ᠵᠣᠬᠢᠬᠤ ᠶᠢ | ᠨᠢ ᠴᠦᠮ ᠵᠠᠰᠠᠬᠤ ᠵᠠᠷᠴᠢᠮ ᠶᠣᠰᠣᠭᠠᠷ᠂ ᠨᠢᠭᠡᠨᠲᠡ ᠬᠢᠨᠠᠨ ᠬᠠᠷᠭᠤᠭᠤᠯᠵᠤ ᠵᠥᠪᠰᠢᠶᠡᠷᠡᠭᠰᠡᠨ ᠬᠤᠳᠣᠭᠤᠳᠣᠨ ᠥᠮᠡᠨ᠂ | ᠤᠯᠠᠭᠠᠨ ᠬᠤᠭᠤᠯᠠᠶ ᠶᠢᠨ ᠥᠮᠡᠨ ᠪᠠ ᠬᠡᠦᠭᠡᠳ ᠤᠨ ᠲᠥᠷᠥᠯᠬᠢ ᠵᠢᠷᠦᠬᠡᠨ ᠡᠪᠡᠳᠴᠢᠨ ᠵᠡᠷᠭᠡ 9 ᠵᠦᠶᠯ ᠤᠨ | ᠬᠦᠨᠳᠦ ᠡᠪᠡᠳᠴᠢᠲᠡᠨ ᠢ 2018 ᠣᠨ ᠳᠤ ᠪᠦᠬᠦᠨ ᠢ ᠠᠪᠤᠷᠠᠨ ᠡᠮᠨᠡᠬᠦ ᠶᠢ ᠱᠠᠭᠠᠷᠳᠠᠪᠠ᠃ ᠦᠢᠷ᠎ᠠ ᠳᠤ᠂ | ᠠᠭᠤᠰᠬᠢᠨ ᠤ ᠥᠮᠡᠨ᠂ ᠬᠦᠬᠦᠨ ᠪᠤᠯᠴᠢᠷᠬᠠᠶ ᠶᠢᠨ ᠥᠮᠡᠨ᠂ ᠰᠠᠪᠠᠨ ᠤ ᠬᠦᠵᠦᠭᠦᠨ ᠤ ᠥᠮᠡᠨ᠂ ᠬᠡᠦᠬᠡᠳ ᠤᠨ | ᠬᠠᠪᠤᠳᠠᠷ ᠪᠣᠯᠤᠨ ᠠᠭᠤᠰᠬᠢ ᠲᠣᠭᠤᠰᠣᠳᠠᠯ ᠵᠡᠷᠭᠡ 5 ᠬᠦᠨᠳᠦ ᠡᠪᠡᠳᠴᠢᠨ ᠢ ᠲᠥᠪᠯᠡᠷᠡᠭᠦᠯᠦᠨ ᠠᠪᠤᠷᠠᠨ ᠡᠮᠨᠡᠬᠦ ᠶᠢ | ᠰᠢᠨ᠎ᠡ ᠪᠠᠷ ᠨᠡᠮᠡᠵᠦ᠂ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠢ ᠬᠥᠮᠦᠨ ᠠᠮᠠ ᠳᠤ ᠨᠡᠶᠢᠳᠡᠮ | ᠪᠦᠷᠬᠦᠭᠦᠯᠬᠦ ᠪᠠᠷ ᠪᠣᠯᠪᠠ᠃ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠬᠦᠨᠳᠦ ᠡᠪᠡᠳᠴᠢᠨ ᠢ ᠠᠪᠤᠷᠠᠨ ᠵᠠᠰᠠᠬᠤ | ᠡᠪᠡᠳᠴᠢᠨ ᠤ ᠵᠦᠢᠯ 14 ᠵᠦᠢᠯ ᠳᠤ ᠬᠦᠷᠪᠡ᠃ | ︽2018 ᠣᠨ ᠤ ᠪᠦᠬᠦ ᠣᠷᠣᠨ ᠤ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠠᠵᠢᠯ ᠤᠨ ᠬᠦᠲᠦᠯᠪᠦᠷᠢ︾ | ᠶᠢᠨ ᠱᠠᠭᠠᠷᠳᠠᠯᠭ᠎ᠠ ᠶᠢ ᠦᠨᠳᠦᠰᠦᠯᠡᠪᠡᠯ᠂ ᠪᠦᠬᠦ ᠣᠷᠣᠨ ᠳᠤ ᠬᠦᠨᠳᠦ ᠡᠪᠡᠳᠴᠢᠨ ᠪᠠ ᠤᠵᠢᠭ ᠡᠪᠡᠳᠴᠢᠨ ᠢ | ᠲᠥᠷᠥᠯ ᠬᠤᠪᠢᠶᠠᠨ ᠠᠪᠤᠷᠠᠨ ᠡᠮᠨᠡᠬᠦ ᠶᠢ ᠬᠡᠷᠡᠭᠵᠢᠭᠦᠯᠦᠨ᠂ ᠶᠠᠳᠠᠭᠤ ᠬᠦᠴᠢᠷᠳᠡᠯ ᠲᠠᠢ ᠬᠥᠮᠦᠨ ᠡᠪᠡᠳᠴᠢᠨ ᠢᠶᠠᠨ | ᠰᠠᠶᠢᠨ ᠡᠮᠨᠡᠭᠦᠯᠵᠦ ᠴᠢᠳᠠᠬᠤ ᠪᠣᠯᠣᠨ᠎ᠠ᠃ ᠡᠭᠦᠨ ᠤ ᠵᠡᠷᠭᠡᠴᠡᠭᠡᠪᠡᠷ᠂ ᠮᠠᠯᠵᠢᠬᠤ ᠲᠠᠷᠢᠶᠠᠯᠠᠬᠤ ᠣᠷᠣᠨ ᠤ ᠶᠠᠳᠠᠭᠤ | ᠬᠦᠴᠢᠷᠳᠡᠯ ᠲᠠᠢ ᠬᠥᠮᠦᠨ ᠠᠮᠠ ᠶᠢᠨ ᠬᠤᠰᠢᠭᠤ ᠰᠢᠶᠠᠨ ᠤ ᠬᠡᠪᠴᠢᠶᠡᠨ ᠳᠡᠭᠡᠨ ᠡᠮᠨᠡᠯᠭᠡ ᠳᠤ ᠰᠠᠭᠤᠨ ᠡᠮᠴᠢᠯᠡᠭᠦᠯᠬᠦ | ᠳᠤᠨᠢ ︽ᠤᠷᠢᠳᠠᠪᠠᠷ ᠡᠮᠨᠡᠭᠦᠯᠵᠦ ᠰᠡᠭᠦᠯᠡᠷ ᠰᠦᠢᠳᠬᠡᠯ ᠲᠤᠰᠢᠶᠠᠬᠤ︾ ᠪᠠ ᠡᠯ᠎ᠡ ᠵᠦᠢᠯ ᠤᠨ ᠡᠮ ᠡᠮᠨᠡᠯᠭᠡ ᠶᠢᠨ | ᠪᠠᠲᠤᠯᠠᠭ᠎ᠠ ᠶᠢᠨ ᠲᠦᠷᠦ ᠶᠢᠨ ᠪᠤᠳᠤᠯᠭ᠎ᠠ ᠶᠢᠨ ︽ᠨᠢᠭᠡ ᠯᠡ ᠥᠷᠲᠡᠭᠡ︾ ᠪᠠᠷ ᠴᠠᠭ ᠲᠤᠬᠠᠶ ᠳᠤᠨᠢ ᠳ᠋ᠦᠩᠨᠡᠨ | ᠪᠤᠳᠣᠬᠤ ᠠᠵᠢᠯ ᠢ ᠪᠦᠬᠦ ᠲᠠᠯ᠎ᠠ ᠪᠠᠷ ᠠᠬᠢᠭᠤᠯᠤᠨ ᠨᠠᠶᠢᠳᠠᠪᠤᠷᠢᠵᠢᠭᠤᠯᠤᠨ᠎ᠠ᠃ ᠬᠠᠮᠢᠶ᠎ᠠ ᠪᠦᠬᠦᠢ ᠳᠠᠩᠰᠠ ᠲᠠᠶᠢᠯᠬᠤ | ᠮᠡᠳᠡᠭᠡ ᠵᠠᠩᠭᠢ ᠶᠢᠨ ᠰᠢᠰᠲ᠋ᠧᠮ ᠪᠣᠯᠣᠨ ᠮᠥᠩᠭᠦ ᠶᠢ ᠤᠷᠢᠳᠴᠢᠯᠠᠨ ᠰᠠᠯᠭᠠᠨ ᠥᠭᠬᠦ᠂ ᠲᠣᠭᠲᠠᠮᠠᠯ | ᠬᠤᠭᠤᠴᠠᠭ᠎ᠠ ᠲᠠᠢ ᠪᠠᠷ ᠬᠠᠮᠲᠤᠷᠠᠨ ᠬᠢᠨᠠᠬᠤ᠂ ᠨᠢᠭᠡᠳᠦᠯᠲᠡᠶ ᠳ᠋ᠦᠩᠨᠡᠨ ᠪᠤᠳᠦᠬᠤ ᠵᠡᠷᠭᠡ ᠠᠷᠭ᠎ᠠ ᠬᠡᠮᠵᠢᠶ᠎ᠡ ᠠᠪᠴᠤ᠂ | ᠶᠡᠷᠦᠩᠬᠡᠶᠢᠯᠡᠭᠰᠡᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢᠨ ︽ᠨᠢᠭᠡ ᠯᠡ ᠥᠷᠲᠡᠭᠡ︾ ᠪᠠᠷ ᠳ᠋ᠦᠩᠨᠡᠨ ᠪᠤᠳᠤᠬᠤ ᠶᠢ | ᠪᠡᠶᠡᠯᠡᠭᠦᠯᠦᠨ᠎ᠡ᠃ ᠤᠵᠢᠭ ᠴᠢᠨᠠᠷᠲᠠᠶ ᠡᠪᠡᠳᠴᠢᠨ ᠳᠤ ᠦᠢᠯᠡᠴᠢᠯᠡᠭᠡ ᠬᠠᠮᠢᠶᠠᠷᠤᠯᠲᠠ ᠶᠢᠨ ᠭᠡᠷ᠎ᠡ ᠲᠣᠭᠲᠠᠬᠤ ᠠᠵᠢᠯ ᠢ | ᠪᠦᠬᠦ ᠲᠠᠯ᠎ᠠ ᠪᠠᠷ ᠰᠠᠶᠢᠲᠤᠷ ᠬᠢᠵᠦ᠂ ᠭᠡᠷᠡᠲᠦ ᠦᠢᠯᠡᠴᠢᠯᠡᠭᠡᠨ ᠤ ᠠᠭᠤᠯᠤᠭᠳᠠᠬᠤᠨ ᠪᠠ ᠬᠠᠮᠢᠶᠠᠷᠤᠯᠲᠠ ᠶᠢᠨ ᠪᠣᠳᠠᠲᠤ | ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠶᠠᠳᠠᠭᠤ ᠬᠦᠴᠢᠷᠳᠡᠯ ᠲᠠᠢ ᠤᠵᠢᠭ ᠡᠪᠡᠳᠴᠢᠲᠡᠨ ᠨᠢ ᠬᠤᠶᠠᠳᠤᠭᠠᠷ | ᠳᠡᠰ ᠠᠴᠠ ᠳᠡᠭᠡᠭᠰᠢᠬᠢ ᠡᠮᠨᠡᠯᠭᠡ ᠶᠢᠨ ᠬᠤᠷᠢᠶ᠎ᠠ ᠪᠠᠷ ᠣᠨᠣᠰᠢᠯᠠᠭᠤᠯᠤᠭᠠᠳ᠂ ᠡᠭᠦᠳᠡᠨ ᠡᠮᠨᠡᠯᠭᠡ ᠳᠤ ᠡᠮᠨᠡᠭᠦᠯᠬᠦ | ᠴᠢᠬᠤᠯᠠᠲᠠᠶ ᠪᠣᠯ ᠡᠮ ᠬᠦᠷᠭᠡᠵᠦ ᠥᠭᠬᠦ ᠡᠮ ᠨᠠᠶᠢᠷᠠᠭᠤᠯᠵᠤ ᠥᠭᠬᠦ ᠪᠠᠲᠤᠯᠠᠭ᠎ᠠ ᠶᠢᠨ ᠲᠦᠷᠦ ᠶᠢᠨ ᠪᠤᠳᠤᠯᠭ᠎ᠠ ᠶᠢᠨ | ᠬᠠᠷᠠᠭᠠᠯᠵᠠᠯ ᠢ ᠬᠦᠷᠲᠡᠨ᠎ᠡ᠃ ᠶᠠᠳᠠᠭᠤ ᠬᠦᠴᠢᠷᠳᠡᠯ ᠲᠠᠢ ᠤᠵᠢᠭ ᠴᠢᠨᠠᠷᠲᠠᠢ ᠡᠪᠡᠳᠴᠢᠲᠡᠨ ᠳᠤ ︽ᠡᠮ ᠬᠦᠷᠭᠡᠵᠦ | ᠡᠮ ᠨᠠᠶᠢᠷᠠᠭᠤᠯᠵᠤ ᠥᠭᠬᠦ ᠡᠷᠡᠭᠦᠯ ᠮᠡᠨᠳᠦ ᠶᠢᠨ ᠬᠥᠮᠥᠵᠢᠯ ᠬᠢᠬᠦ︾ ᠠᠵᠢᠯ ᠢ ᠤᠯᠠᠮ ᠵᠢᠷᠤᠮᠵᠢᠭᠤᠯᠤᠨ | ᠨᠠᠶᠢᠳᠠᠪᠤᠷᠢᠵᠢᠭᠤᠯᠵᠤ᠂ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯ ᠲᠠᠢ ᠬᠥᠮᠦᠨ ᠠᠮᠠ ᠶᠢᠨ ᠬᠡᠷ ᠪᠦᠯᠢ ᠶᠢᠨ | ᠡᠮᠴᠢ ᠯᠦᠭᠡ ᠶᠢᠨ ᠭᠡᠷᠡᠲᠦ ᠦᠢᠯᠡᠴᠢᠯᠡᠭᠡᠨ ᠤ ᠲᠦᠷᠤ ᠶᠢᠨ ᠪᠤᠳᠤᠯᠭ᠎ᠠ ᠶᠢ ᠨᠡᠶᠢᠳᠡᠮ ᠬᠡᠷᠡᠭᠵᠢᠭᠦᠯᠵᠦ᠂ ᠭᠡᠷ᠎ᠡ | ᠲᠣᠭᠲᠠᠭᠰᠠᠨ ᠤ ᠳᠠᠷᠠᠭᠠᠬᠢ ᠦᠢᠯᠡᠴᠢᠯᠡᠭᠡᠨ ᠤ ᠭᠦᠢᠴᠡᠳᠬᠡᠬᠦ ᠨᠤᠷᠮ᠎ᠠ ᠶᠢ 100% ᠳᠤ ᠬᠦᠷᠦᠭᠦᠯᠦᠨ᠎ᠡ᠃ | ᠣᠶᠢᠯᠠᠭᠠᠭᠰᠠᠨ ᠢᠶᠠᠷ᠂ ᠬᠢᠨᠠᠨ ᠬᠠᠷᠭᠤᠭᠤᠯᠤᠨ ᠵᠥᠪᠰᠢᠶᠡᠷᠡᠭᠰᠡᠨ ᠬᠥᠳᠡᠭᠡ ᠲᠣᠰᠬᠤᠨ ᠤ ᠶᠠᠳᠠᠭᠤ ᠬᠦᠴᠢᠷᠳᠡᠯ | ᠲᠠᠢ ᠬᠥᠮᠦᠨ ᠠᠮᠠ ᠶᠢᠨ ᠲᠣᠲᠤᠷᠠᠬᠢ 2018 ᠣᠨ ᠳᠤ ᠠᠪᠤᠷᠠᠨ ᠡᠮᠨᠡᠬᠦ ᠶᠢ ᠪᠡᠶᠡᠯᠡᠭᠦᠯᠬᠦ 9 ᠵᠦᠢᠯ ᠤᠨ ᠡᠪᠡᠳᠴᠢᠨ | ᠡᠮᠭᠡᠭ ᠲᠤ᠄ ᠬᠡᠦᠬᠡᠳ ᠤᠨ ᠲᠥᠷᠥᠯᠬᠢ ᠵᠢᠷᠦᠬᠡᠨ ᠲᠣᠰᠬᠤᠭᠤᠷ ᠤᠨ ᠲᠠᠰᠤᠯᠤᠪᠴᠢ ᠲᠤᠲᠠᠭᠤᠳᠠᠯ᠂ ᠬᠡᠦᠬᠡᠳ ᠤᠨ | ᠲᠥᠷᠥᠯᠬᠢ ᠵᠢᠷᠦᠬᠡᠨ ᠬᠤᠪᠳᠤᠯ ᠤᠨ ᠲᠠᠰᠤᠯᠤᠪᠴᠢ ᠲᠤᠲᠠᠭᠤᠳᠠᠯ᠂ ᠬᠡᠦᠬᠡᠳ ᠤᠨ ᠲᠦᠷᠭᠡᠨ ᠴᠢᠨᠠᠷᠲᠤ ᠯᠢᠮᠪᠠ ᠡᠰᠲᠦ | ᠴᠢᠰᠤ ᠴᠠᠶᠢᠬᠤ ᠡᠪᠡᠳᠴᠢᠨ᠂ ᠬᠡᠦᠬᠡᠳ ᠤᠨ ᠲᠦᠷᠭᠡᠨ ᠴᠢᠨᠠᠷᠲᠤ ᠠᠩᠬᠠᠨ ᠤ ᠪᠠᠯᠴᠢᠷ ᠮᠥᠬᠦᠯᠢᠭ ᠡᠰᠲᠦ ᠴᠢᠰᠤ | ᠴᠠᠶᠢᠬᠤ ᠡᠪᠡᠳᠴᠢᠨ᠂ ᠤᠯᠠᠭᠠᠨ ᠬᠤᠭᠤᠯᠠᠶ ᠶᠢᠨ ᠥᠮᠡᠨ᠂ ᠬᠤᠳᠣᠭᠤᠳᠣᠨ ᠥᠮᠡᠨ᠂ ᠬᠤᠲᠣᠷᠢᠩᠬᠠᠶ ᠭᠡᠳᠡᠰᠦᠨ ᠤ | ᠥᠮᠡᠨ᠂ ᠬᠤᠰᠬᠢᠨᠠᠭ ᠤᠨ ᠥᠮᠡᠨ᠂ ᠰᠡᠭᠦᠯᠴᠢ ᠬᠤᠭᠤᠴᠠᠭᠠᠨ ᠤ ᠪᠥᠭᠡᠷᠡᠨ ᠡᠪᠡᠳᠴᠢᠨ ᠵᠡᠷᠭᠡ ᠪᠠᠭᠲᠠᠨ᠎ᠠ᠃ | |