ᠵᠠᠰᠠᠯᠲᠠ ᠶᠢᠨ ᠰᠡᠳᠬᠢᠴᠡ ᠲᠤᠳᠤᠷᠬᠠᠢ ᠪᠢᠰᠢ  ᠳᠠᠭ᠎ᠠ ᠶᠢᠨ ᠨᠠᠭᠤᠷ ᠤᠨ ᠠᠮᠢ ᠠᠬᠤᠢ ᠮᠠᠭᠤᠳᠠᠬᠤ ᠬᠠᠨᠳᠤᠰᠢ ᠬᠠᠷᠠᠬᠠᠨ ᠬᠤᠷᠢᠭᠯᠠᠭᠳᠠᠭᠠᠳᠤᠢ ᠪᠠᠶᠢᠨ᠎ᠠ
ᠨᠡᠶᠢᠲᠡᠯᠡᠭᠰᠡᠨ ᠴᠠᠭ᠄
2018/7/6
     ᠳᠠᠭ᠎ᠠ ᠶᠢᠨ ᠨᠠᠭᠤᠷ ᠤᠯᠠᠭᠠᠨᠴᠠᠪ ᠬᠤᠳᠠ ᠶᠢᠨ ᠯᠢᠶᠠᠩᠴᠧᠩ ᠰᠢᠶᠠᠨ ᠤ ᠬᠠᠷᠢᠶᠠᠨ ᠳᠤ ᠪᠠᠶᠢᠷᠢᠯᠠᠵᠤ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠭᠤᠷᠪᠠᠳᠤᠭᠠᠷ ᠳᠤᠮᠤ ᠨᠠᠭᠤᠷ ᠪᠦᠷᠢᠳᠤ ᠪᠤᠯᠬᠤ ᠪᠦᠭᠡᠳ ᠮᠠᠨ ᠤ ᠤᠯᠤᠰ ᠤᠨ ᠴᠢᠬᠤᠯᠠ ᠨᠠᠭᠤᠷ ᠪᠦᠷᠢᠳᠤ ᠨᠤᠭᠤ ᠭᠠᠵᠠᠷ ᠪᠤᠯᠤᠨ᠎ᠡ᠃ ᠤᠯᠠᠨ ᠳᠠᠯ᠎ᠠ ᠶᠢᠨ ᠰᠢᠯᠳᠠᠭᠠᠨ ᠠᠴᠠ᠂ ᠦᠢᠷ᠎ᠠ ᠶᠢᠨ ᠵᠢᠯ ᠠᠴᠠ ᠨᠠᠰᠢ ᠳᠠᠭ᠎ᠠ ᠶᠢᠨ ᠨᠠᠭᠤᠷ ᠤᠨ ᠤᠰᠤᠨ ᠤ ᠳᠦᠪᠰᠢᠨ ᠦᠷᠬᠦᠯᠵᠢᠯᠡᠨ ᠲᠠᠲᠠᠭᠤᠷᠠᠵᠤ᠂ ᠤᠰᠤᠨ ᠤ ᠭᠠᠳᠠᠷᠭᠤ ᠳᠠᠰᠤᠷᠠᠯᠳᠠ ᠦᠬᠡᠢ ᠠᠪᠴᠢᠵᠥ᠂ ᠪᠠᠶᠢᠳᠠᠯ ᠮᠠᠭᠤᠳᠠᠪᠠ᠃ 2018 ᠤᠨ ᠤ 6 ᠳ᠋ᠤᠭᠠᠷ ᠰᠠᠷ᠎ᠠ ᠶᠢᠨ 30᠎ ᠤ ᠡᠳᠤᠷ᠂ ᠳᠦᠪ ᠤᠨ ᠤᠷᠴᠢᠨ ᠳᠤᠭᠤᠷᠢᠨ ᠤ ᠬᠠᠮᠠᠭᠠᠯᠠᠯᠳᠠ ᠶᠢᠨ ᠬᠤᠶᠠᠳᠤᠭᠠᠷ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠳᠡᠳ᠋ ᠳᠡᠷᠤᠭ᠎ᠠ᠂ ᠠᠮᠢ ᠠᠬᠤᠢ ᠤᠷᠴᠢᠨ ᠳᠤᠭᠤᠷᠢᠨ ᠤ ᠶᠠᠮᠤᠨ ᠤ ᠳᠡᠳ᠋ ᠰᠠᠶᠢᠳ ᠵᠠᠢ ᠴᠢᠩ ᠳᠤᠭᠤᠶᠢᠯᠠᠩ ᠳᠠᠭᠠᠭᠤᠯᠤᠨ ᠳᠠᠭ᠎ᠠ ᠶᠢᠨ ᠨᠠᠭᠤᠷ ᠤᠨ ᠠᠮᠢ ᠠᠬᠤᠢ ᠤᠷᠴᠢᠨ ᠳᠤᠭᠤᠷᠢᠨ ᠤ ᠶᠡᠷᠦᠩᠬᠡᠶᠢᠯᠡᠨ ᠵᠠᠰᠠᠯᠳᠠ ᠶᠢᠨ ᠪᠠᠶᠢᠳᠠᠯ ᠤᠨ ᠳᠤᠬᠠᠢ ᠳᠤᠬᠠᠢ ᠶᠢᠨ ᠭᠠᠵᠠᠷ ᠲᠤ ᠰᠢᠮᠳᠠᠭᠤᠯᠤᠨ ᠪᠠᠶᠢᠴᠠᠭᠠᠯᠲᠠ ᠬᠢᠪᠡ᠃      ᠰᠢᠮᠳᠠᠭᠤᠯᠤᠨ ᠪᠠᠶᠢᠴᠠᠭᠠᠭᠰᠠᠨ ᠪᠠᠶᠢᠳᠠᠯ ᠠᠴᠠ ᠦᠵᠡᠪᠡᠯ᠂ 2016 ᠤᠨ ᠤ ᠨᠢᠬᠡᠳᠦᠬᠡᠷ ᠡᠬᠡᠯᠵᠢ ᠶᠢᠨ ᠳᠦᠪ ᠤᠨ ᠤᠷᠴᠢᠨ ᠳᠤᠭᠤᠷᠢᠨ ᠤ ᠬᠠᠮᠠᠭᠠᠯᠠᠯᠳᠠ ᠶᠢᠨ ᠰᠢᠮᠳᠠᠭᠤᠯᠤᠨ ᠪᠠᠶᠢᠴᠠᠭᠠᠯᠲᠠ ᠠᠴᠠ ᠨᠠᠰᠢ᠂ ᠳᠤᠬᠠᠢ ᠶᠢᠨ ᠭᠠᠵᠠᠷ ᠳᠠᠭ᠎ᠠ ᠶᠢᠨ ᠨᠠᠭᠤᠷ ᠤᠨ ᠠᠮᠢ ᠠᠬᠤᠢ ᠤᠷᠴᠢᠨ ᠳᠤᠭᠤᠷᠢᠨ ᠤ ᠬᠠᠮᠠᠭᠠᠯᠠᠯᠳᠠ ᠶᠢᠨ ᠳᠤᠭᠤᠷᠢᠨ ᠳᠤ ᠨᠡᠯᠢᠶᠡᠳ ᠠᠵᠢᠯ ᠬᠢᠵᠥ᠂ ᠤᠨᠴᠠᠭᠠᠶᠢᠯᠠᠨ ᠳᠠᠭ᠎ᠠ ᠶᠢᠨ ᠨᠠᠭᠤᠷ ᠤᠨ ᠡᠷᠬᠢᠨ ᠳᠤᠭᠤᠷᠢᠨ ᠳᠤ ᠪᠡᠯᠴᠢᠭᠡᠷᠯᠡᠭᠦᠯᠬᠦ ᠶᠢ ᠵᠤᠭᠰᠤᠭᠠᠵᠤ ᠪᠡᠯᠴᠢᠭᠡᠷ ᠢ ᠰᠡᠷᠭᠦᠭᠡᠭᠦ᠂ ᠯᠢᠶᠠᠩᠴᠧᠩ ᠰᠢᠶᠠᠨ ᠤ ᠳᠠᠷᠢᠮᠠᠯ ᠤᠨ ᠦᠢᠯᠡᠰ ᠤᠨ ︽ᠤᠰᠤ ᠪᠠᠷ ᠭᠠᠩ ᠬᠠᠭᠰᠠᠷᠠᠭᠠᠨ ᠢ ᠦᠬᠡᠷᠡᠴᠢᠯᠡᠬᠦ︾᠂ ᠳᠠᠭ᠎ᠠ ᠶᠢᠨ ᠨᠠᠭᠤᠷ ᠤᠨ ᠴᠠᠬᠢᠯᠭᠠᠨ ᠭᠠᠷᠭᠠᠬᠤ ᠦᠢᠯᠡᠳᠪᠦᠷᠢ ᠶᠢᠨ ︽ᠠᠭᠠᠷ ᠢᠶᠠᠷ ᠬᠦᠷᠬᠡᠬᠦ︾ ᠦᠬᠡᠷᠡᠴᠢᠯᠡᠯᠳᠡ ᠵᠡᠷᠬᠡ ᠢᠨᠵᠧᠨᠧᠷᠢᠩ ᠢᠳᠡᠪᠬᠢ ᠠᠬᠢᠴᠠ ᠲᠠᠢ ᠪᠤᠯᠪᠠ᠂ ᠬᠡᠳᠡᠯ᠎ᠡ ᠬᠡᠰᠡᠭ ᠠᠵᠢᠯ ᠳᠡᠬᠡᠷ᠎ᠡ ᠮᠦᠨ ᠬᠦ ᠦᠵᠡᠯ ᠰᠠᠨᠠᠭ᠎ᠠ ᠳᠠᠨᠢᠯᠳᠠ ᠬᠦᠢᠴᠡᠳ ᠦᠬᠡᠢ᠂ ᠵᠠᠰᠠᠯᠳᠠ ᠶᠢᠨ ᠰᠡᠳᠬᠢᠴᠡ ᠲᠤᠳᠤᠷᠬᠠᠢ ᠪᠢᠰᠢ᠂ ᠳᠦᠷᠦᠯ ᠵᠦᠢᠯ ᠢ ᠠᠬᠢᠭᠤᠯᠬᠤ ᠨᠢ ᠤᠳᠠᠭᠠᠨ ᠪᠠᠶᠢᠬᠤ ᠵᠡᠷᠬᠡ ᠳᠤᠪᠤᠶᠢᠮ᠎ᠠ ᠠᠰᠠᠭᠤᠳᠠᠯ ᠤᠷᠤᠰᠢᠵᠥ᠂ ᠳᠠᠭ᠎ᠠ ᠶᠢᠨ ᠨᠠᠭᠤᠷ ᠤᠨ ᠠᠮᠢ ᠠᠬᠤᠢ ᠤᠷᠴᠢᠨ ᠳᠤᠭᠤᠷᠢᠨ ᠮᠠᠭᠤᠳᠠᠬᠤ ᠬᠠᠨᠳᠤᠰᠢ ᠬᠠᠷᠠᠬᠠᠨ ᠪᠦᠳᠦᠮᠵᠢᠳᠡᠢ ᠬᠤᠷᠢᠬᠯᠠᠬᠳᠠᠵᠥ ᠳᠡᠶᠢᠯᠦᠭᠡ ᠦᠭᠡᠢ ᠪᠠᠶᠢᠭᠰᠠᠭᠠᠷ ᠪᠠᠶᠢᠨ᠎ᠠ᠃      ᠨᠢᠬᠡ᠂ ᠦᠨᠳᠦᠰᠦᠨ ᠪᠠᠶᠢᠳᠠᠯ      2016 ᠤᠨ ᠳᠤ ᠨᠢᠬᠡᠳᠦᠬᠡᠷ ᠡᠬᠡᠯᠵᠢ ᠶᠢᠨ ᠳᠦᠪ ᠤᠨ ᠤᠷᠴᠢᠨ ᠳᠤᠭᠤᠷᠢᠨ ᠤ ᠬᠠᠮᠠᠭᠠᠯᠠᠯᠳᠠ ᠶᠢᠨ ᠰᠢᠮᠳᠠᠭᠤᠯᠤᠨ ᠪᠠᠶᠢᠴᠠᠭᠠᠯᠲᠠ ᠠᠴᠠ ᠬᠠᠷᠢᠭᠤ ᠳᠤᠰᠬᠠᠬᠰᠠᠨ ᠰᠠᠨᠠᠯ ᠳᠤ᠄ ᠳᠠᠭ᠎ᠠ ᠶᠢᠨ ᠨᠠᠭᠤᠷ ᠤᠨ ᠰᠠᠪᠠ ᠭᠠᠵᠠᠷ ᠤᠨ ᠠᠮᠢ ᠠᠬᠤᠢ ᠶᠢᠨ ᠮᠠᠭᠤᠳᠠᠯ ᠬᠦᠨᠳᠤ ᠨᠤᠴᠢᠳᠠᠢ ᠪᠠᠶᠢᠵᠤ᠂ ᠦᠢᠷ᠎ᠡ ᠶᠢᠨ ᠵᠢᠯ ᠤᠨ ᠳᠤᠷᠰᠢ ᠠᠵᠥ ᠦᠢᠯᠡᠳᠪᠦᠷᠢ ᠳᠠᠷᠢᠶᠠᠯᠠᠩ ᠤᠨ ᠤᠰᠤᠨ ᠤ ᠬᠡᠷᠡᠭᠯᠡᠯᠳᠡ ᠶᠡᠭᠡ ᠬᠡᠮᠵᠢᠶ᠎ᠡ ᠪᠠᠷ ᠨᠡᠮᠡᠭᠳᠡᠭᠰᠡᠨ ᠵᠢᠴᠢ ᠳᠤᠨᠳᠠᠰᠤᠨ ᠤ ᠬᠡᠮᠵᠢᠶ᠎ᠡ ᠪᠠᠭᠠᠰᠤᠬᠰᠠᠨ᠂ ᠠᠭᠤᠷᠰᠢᠴᠠ ᠶᠢᠨ ᠬᠡᠮᠵᠢᠶ᠎ᠡ ᠶᠡᠬᠡᠳᠦᠭᠰᠡᠨ ᠵᠡᠷᠬᠡ ᠡᠯᠧᠮᠧᠨ᠋ᠲ ᠤᠨ ᠨᠦᠯᠦᠬᠡ ᠠᠴᠠ ᠪᠤᠯᠵᠥ᠂ ᠳᠠᠭ᠎ᠠ ᠶᠢᠨ ᠨᠠᠭᠤᠷ ᠤᠨ ᠤᠰᠤᠨ ᠤ ᠳᠦᠪᠰᠢᠨ ᠲᠦᠷᠭᠡᠨ ᠲᠠᠲᠠᠭᠤᠷᠠᠵᠤ᠂ ᠨᠠᠭᠤᠷ ᠤᠨ ᠳᠠᠯᠠᠪᠠᠢ ᠶᠡᠬᠡᠪᠡᠷ ᠠᠪᠴᠢᠵᠥ ᠂ ᠤᠰᠤᠨ ᠤ ᠴᠢᠨᠰᠠᠭ᠎ᠠ ᠵᠢᠯ ᠳᠠᠷᠠᠭᠠᠯᠠᠨ ᠮᠠᠭᠤᠵᠢᠷᠠᠪᠠ᠃ ᠬᠡᠷᠪᠡ ᠪᠦᠳᠦᠮᠵᠢᠳᠡᠢ ᠠᠷᠭ᠎ᠠ ᠬᠡᠮᠵᠢᠶ᠎ᠡ ᠠᠪᠬᠤ ᠦᠭᠡᠢ ᠪᠤᠯ᠂ ᠠᠷᠪᠠ ᠬᠤᠷᠢᠨ ᠵᠢᠯ ᠤᠨ ᠬᠤᠶᠢᠨ᠎ᠠ᠂ ᠤᠮᠠᠷᠠᠳᠤ ᠶᠢᠨ ᠴᠢᠬᠤᠯᠠ ᠠᠮᠢ ᠠᠬᠤᠢ ᠶᠢᠨ ᠴᠢᠳᠠᠮᠵᠢ ᠲᠠᠢ ᠦᠪᠡᠷᠳᠡᠬᠡᠨ ᠵᠠᠰᠠᠬᠤ ᠤᠷᠤᠨ ᠤ ᠭᠤᠷᠪᠠᠳᠤᠭᠠᠷ ᠳᠤᠮᠤ ᠨᠠᠭᠤᠷ ᠪᠦᠷᠢᠳᠤ ᠪᠦᠷᠢᠮᠤᠰᠤᠨ ᠠᠯᠠᠭ᠎ᠠ ᠪᠤᠯᠬᠤ ᠶᠤᠮ᠃ ᠨᠢᠬᠡᠳᠦᠬᠡᠷ ᠡᠬᠡᠯᠵᠢ ᠶᠢᠨ ᠲᠦᠪ ᠤᠨ ᠤᠷᠴᠢᠨ ᠳᠤᠭᠤᠷᠢᠨ ᠤ ᠬᠠᠮᠠᠭᠠᠯᠠᠯᠳᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠳᠤᠭᠤᠶᠢᠯᠠᠩ ᠤᠷᠤᠵᠥ ᠰᠠᠭᠤᠬᠤ ᠬᠦᠷᠳᠡᠯ᠎ᠡ᠂ ᠦᠪᠡᠷᠳᠡᠬᠡᠨ ᠵᠠᠰᠠᠬᠤ ᠤᠷᠤᠨ ᠠᠴᠠ ᠳᠠᠭ᠎ᠠ ᠶᠢᠨ ᠨᠠᠭᠤᠷ ᠤᠨ ᠶᠡᠷᠦᠩᠬᠡᠶᠢᠯᠡᠭᠰᠡᠨ ᠵᠠᠰᠠᠯᠳᠠ ᠶᠢᠨ ᠳᠦᠯᠦᠪᠵᠢᠬᠦᠯᠬᠡ ᠶᠢ ᠬᠠᠷᠠᠬᠠᠨ ᠴᠤᠬᠤᠯᠠᠪᠤᠷᠢᠯᠠᠬᠰᠠᠨ ᠪᠠ ᠬᠡᠷᠡᠭᠵᠢᠭᠦᠯᠦᠭᠰᠡᠨ ᠦᠭᠡᠢ ᠪᠠᠶᠢᠪᠠ ᠭᠡᠵᠡᠢ᠃      ᠨᠢᠭᠡᠳᠦᠭᠡᠷ ᠡᠭᠡᠯᠵᠢ ᠶᠢᠨ ᠲᠦᠪ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠠᠴᠠ ᠬᠠᠷᠢᠭᠤ ᠲᠤᠰᠬᠠᠭᠰᠠᠨ ᠰᠠᠨᠠᠯ ᠢ ᠦᠨᠳᠦᠰᠦᠯᠡᠵᠦ᠂ 2017 ᠤᠨ ᠤ 4 ᠳ᠋ᠦ᠋ᠭᠡᠷ ᠰᠠᠷ᠎ᠠ ᠳᠤ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ︽ᠤᠯᠠᠭᠠᠨᠴᠠᠪ ᠬᠤᠲᠠ ᠶᠢᠨ ᠳᠠᠭ᠎ᠠ ᠶᠢᠨ ᠨᠠᠭᠤᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠲᠦᠯᠦᠪᠵᠢᠭᠦᠯᠭᠡ︾ ︵ᠳᠤᠷᠤᠭᠰᠢ ︽ᠲᠦᠯᠦᠪᠵᠢᠯᠭᠦᠯᠭᠡ︾ ᠭᠡᠵᠦ ᠳᠦᠭᠦᠮᠴᠢᠯᠡᠨ᠎ᠡ︶᠎ ᠳᠤ ᠴᠤᠬᠤᠯᠠᠪᠤᠷᠢ ᠦᠭᠴᠦ᠂ ︽ᠲᠦᠯᠦᠪᠵᠢᠭᠦᠯᠭᠡ︾᠎ ᠶᠢᠨ ᠬᠡᠷᠡᠭᠵᠢᠭᠦᠯᠦᠯᠲᠡ ᠨᠢ ᠤᠰᠤᠨ ᠤ ᠤᠷᠴᠢᠨ ᠲᠤᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ ᠪᠠᠷ ᠭᠤᠤᠯᠳᠠᠯᠭ᠎ᠠ ᠪᠤᠯᠭᠠᠵᠤ᠂ ᠤᠷᠤᠨ ᠪᠦᠰᠡ ᠶᠢᠨ ᠤᠰᠤᠨ ᠤ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠬᠤ᠂ ᠠᠮᠢ ᠠᠬᠤᠢ ᠤᠷᠴᠢᠨ ᠲᠤᠭᠤᠷᠢᠨ ᠢ ᠰᠠᠶᠢᠵᠢᠷᠠᠭᠤᠯᠬᠤ ᠪᠠᠷ ᠬᠠᠷᠠᠯᠲᠠ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ ︽ᠲᠦᠯᠦᠪᠵᠢᠭᠦᠯᠭᠡ︾᠎ ᠶᠢᠨ ᠭᠤᠤᠯ ᠬᠠᠷᠠᠯᠲᠠ ᠪᠤᠯ᠄ 2020 ᠤᠨ ᠪᠤᠯᠬᠤ ᠳᠤ᠂ ᠳᠠᠭ᠎ᠠ ᠶᠢᠨ ᠨᠠᠭᠤᠷ ᠤᠨ ᠲᠠᠯᠠᠪᠠᠢ ᠶᠢ 50 ᠲᠡᠭᠰᠢ ᠳᠦᠷᠪᠡᠯᠵᠢᠨ ᠺᠢᠯᠤᠮᠧᠲᠷ ᠠᠴᠠ ᠲᠠᠲᠠᠷᠠᠭᠤᠯᠬᠤ ᠦᠭᠡᠢ ᠪᠠᠶᠢᠬᠤ ᠶᠢ ᠬᠦᠴᠦᠯᠡᠨ ᠪᠠᠷᠢᠮᠲᠠᠯᠠᠵᠤ᠂ ᠭᠤᠤᠯ ᠪᠤᠬᠢᠷᠳᠤᠯ ᠪᠤᠳᠠᠰ ᠤᠨ ᠨᠠᠭᠤᠷ ᠲᠤ ᠤᠷᠤᠬᠤ ᠪᠤᠬᠢᠷᠳᠤᠯ ᠤᠨ ᠳᠠᠭᠠᠭᠠᠴᠠ ᠶᠢ 50% ᠭᠠᠷᠤᠢ ᠪᠠᠷ ᠪᠠᠭᠤᠷᠠᠭᠤᠯᠤᠨ᠎ᠠ᠃ 2030 ᠤᠨ ᠪᠤᠯᠬᠤ ᠳᠤ᠂ ᠳᠠᠭ᠎ᠠ ᠶᠢᠨ ᠨᠠᠭᠤᠷ ᠤᠨ ᠲᠠᠯᠠᠪᠠᠢ ᠶᠢ 50 ᠲᠡᠭᠰᠢ ᠳᠦᠷᠪᠡᠯᠵᠢᠨ ᠺᠢᠯᠤᠮᠧᠲᠷ ᠤᠷᠴᠢᠮ ᠪᠠᠶᠢᠯᠭᠠᠬᠤ ᠶᠢ ᠪᠠᠷᠢᠮᠲᠠᠯᠠᠵᠤ᠂ ᠳᠠᠭ᠎ᠠ ᠶᠢᠨ ᠨᠠᠭᠤᠷ ᠤᠨ ᠤᠰᠤᠨ ᠤ ᠴᠢᠨᠠᠷ ᠤᠨ ᠬᠡᠰᠡᠭ ᠭᠤᠤᠯ ᠭᠦᠢᠴᠡᠳᠭᠡᠯ ᠲᠤᠭ᠎ᠠ ︵COD᠎ ᠠᠴᠠ ᠭᠠᠳᠠᠨ᠎ᠠ︶᠎ ᠶᠢ ᠭᠠᠵᠠᠷ ᠤᠨ ᠭᠠᠳᠠᠷᠭᠤ ᠶᠢᠨ ᠤᠰᠤ ᠶᠢᠨ IV ᠲᠦᠷᠦᠯ ᠤᠨ ᠪᠠᠷᠢᠮᠵᠢᠶ᠎ᠠ ᠳᠤ ᠬᠦᠷᠦᠭᠦᠯᠵᠦ᠂ ᠭᠠᠵᠠᠷ ᠤᠨ ᠭᠠᠳᠠᠷᠭᠤ ᠶᠢᠨ ᠤᠰᠤ ᠶᠢᠨ V ᠲᠦᠷᠦᠯ ᠤᠨ ᠪᠠᠷᠢᠮᠵᠢᠶ᠎ᠠ ᠠᠴᠠ ᠪᠠᠭᠤᠷᠠᠬᠤ ᠦᠭᠡᠢ ᠪᠠᠶᠢᠯᠭᠠᠬᠤ ᠶᠢ ᠶᠡᠷᠦᠩᠬᠡᠢ ᠳᠤᠨᠢ ᠬᠦᠴᠦᠯᠡᠨ᠎ᠡ ᠭᠡᠵᠡᠢ᠃      2017 ᠤᠨ ᠤ 7 ᠳ᠋ᠤᠭᠠᠷ ᠰᠠᠷ᠎ᠠ ᠳᠤ᠂ ᠤᠯᠠᠭᠠᠨᠴᠠᠪ ᠬᠤᠲᠠ ︽ᠤᠯᠠᠭᠠᠨᠴᠠᠪ ᠬᠤᠲᠠ ᠲᠦᠪ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠠᠴᠠ ᠬᠠᠷᠢᠭᠤ ᠳᠤᠰᠬᠠᠬᠰᠠᠨ ᠰᠠᠨᠠᠯ ᠢ ᠴᠢᠩᠭᠠᠳᠬᠠᠨ ᠨᠠᠶᠢᠳᠠᠪᠤᠷᠢᠵᠢᠭᠤᠯᠵᠤ ᠦᠬᠡᠷᠡᠴᠢᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠠᠵᠢᠯ ᠤᠨ ᠬᠡᠷᠡᠭᠵᠢᠭᠦᠯᠬᠦ ᠲᠦᠰᠦᠯ︾ ︵ᠳᠤᠷᠤᠭᠰᠢ ︽ᠦᠬᠡᠷᠡᠴᠢᠯᠡᠨ ᠰᠠᠶᠢᠵᠢᠷᠠᠭᠤᠯᠬᠤ ᠲᠦᠰᠦᠯ︾ ᠭᠡᠵᠦ ᠳᠦᠭᠦᠮᠴᠢᠯᠡᠨ᠎ᠡ︶᠎ ᠢ ᠲᠤᠭᠲᠠᠭᠠᠵᠠᠢ᠃ ︽ᠦᠬᠡᠷᠡᠴᠢᠯᠡᠨ ᠰᠠᠶᠢᠵᠢᠷᠠᠭᠤᠯᠬᠤ ᠲᠦᠰᠦᠯ︾᠎ ᠨᠢ ᠲᠦᠪ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠳᠤ ᠳᠤᠷᠠᠳᠤᠭᠰᠠᠨ ︽ᠳᠠᠭ᠎ᠠ ᠶᠢᠨ ᠨᠠᠭᠤᠷ ᠤᠨ ᠰᠠᠪᠠ ᠭᠠᠵᠠᠷ ᠤᠨ ᠠᠮᠢ ᠠᠬᠤᠢ ᠶᠢᠨ ᠴᠢᠳᠠᠮᠵᠢ ᠶᠢᠨ ᠮᠠᠭᠤᠳᠠᠯ ᠬᠦᠨᠳᠦ ᠨᠤᠴᠢᠲᠠᠢ ᠪᠠᠶᠢᠬᠤ ︾ ᠠᠰᠠᠭᠤᠳᠠᠯ ᠳᠤ ᠴᠢᠭᠯᠡᠭᠦᠯᠵᠦ᠂ 10 ᠵᠤᠷᠪᠤᠰ ᠦᠬᠡᠷᠡᠴᠢᠯᠡᠨ ᠰᠠᠶᠢᠵᠢᠷᠠᠭᠤᠯᠬᠤ ᠡᠭᠦᠷᠭᠡ ᠪᠤᠯᠤᠨ 19 ᠵᠦᠢᠯ ᠤᠨ ᠪᠤᠲᠠᠲᠠᠢ ᠠᠵᠢᠯ ᠤᠨ ᠠᠭᠤᠯᠭ᠎ᠠ ᠶᠢ ᠲᠤᠭᠲᠠᠭᠠᠭᠰᠠᠨ ᠤ ᠬᠠᠮᠲᠤ ᠪᠡᠶᠡᠯᠡᠭᠦᠯᠬᠦ ᠴᠠᠭ ᠤᠨ ᠬᠢᠵᠠᠭᠠᠷ᠂ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ᠂ ᠪᠤᠲᠠᠲᠠᠢ ᠠᠷᠭ᠎ᠠ ᠬᠡᠮᠵᠢᠶ᠎ᠡ ᠵᠡᠷᠭᠡ ᠶᠢ ᠨᠠᠷᠢᠯᠢᠭᠵᠢᠭᠤᠯᠵᠠᠢ᠃      ᠬᠤᠶᠠᠷ᠂ ᠤᠷᠤᠰᠢᠵᠤ ᠪᠠᠶᠢᠭ᠎ᠠ ᠠᠰᠠᠭᠤᠳᠠᠯ      ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠠᠴᠠ ᠮᠠᠲ᠋ᠧᠷᠢᠶᠠᠯ ᠤᠷᠪᠠᠭᠤᠯᠬᠤ᠂ ᠬᠠᠷᠢᠭᠤ ᠮᠡᠳᠡᠭᠦᠯᠦᠯᠲᠡ ᠶᠢ ᠰᠤᠨᠤᠰᠬᠤ᠂ ᠲᠤᠬᠠᠢ ᠶᠢᠨ ᠭᠠᠵᠠᠷ ᠲᠤᠨᠢ ᠪᠠᠶᠢᠴᠠᠭᠠᠬᠤ᠂ ᠶᠠᠷᠢᠯᠴᠠᠬᠤ ᠬᠤᠷᠠᠯ ᠬᠢᠵᠦ ᠠᠰᠠᠭᠤᠨ ᠯᠠᠪᠯᠠᠬᠤ ᠵᠡᠷᠭᠡ ᠪᠠᠷ ᠳᠠᠮᠵᠢᠭᠤᠯᠵᠤ᠂ ᠳᠠᠭ᠎ᠠ ᠶᠢᠨ ᠨᠠᠭᠤᠷ ᠤᠨ ᠠᠮᠢ ᠠᠬᠤᠢ ᠤᠷᠴᠢᠨ ᠲᠤᠭᠤᠷᠢᠨ ᠤ ᠵᠠᠰᠠᠯᠲᠠ ᠶᠢᠨ ᠠᠵᠢᠯ ᠳᠤ ᠮᠦᠨ ᠬᠦ ᠬᠡᠰᠡᠭ ᠳᠤᠪᠤᠶᠢᠮ᠎ᠠ ᠠᠰᠠᠭᠤᠳᠠᠯ ᠤᠷᠤᠰᠢᠵᠤ ᠪᠠᠶᠢᠬᠤ ᠶᠢ ᠢᠯᠡᠷᠡᠭᠦᠯᠪᠡ᠄      ᠨᠢᠭᠡ ᠳᠤ᠂ ᠤᠰᠤᠨ ᠤ ᠴᠢᠨᠠᠷ ᠤᠨ ᠮᠠᠭᠤᠲᠠᠬᠤ ᠬᠠᠨᠳᠤᠰᠢ ᠶᠢ ᠬᠠᠷᠠᠬᠠᠨ ᠬᠤᠷᠢᠭᠯᠠᠵᠤ ᠳᠡᠶᠢᠯᠦᠭᠡ ᠦᠬᠡᠢ᠂ ᠨᠠᠭᠤᠷ ᠤᠨ ᠲᠠᠯᠠᠪᠠᠢ ᠪᠠᠰᠠ ᠠᠪᠴᠢᠬᠰᠠᠭᠠᠷ ᠪᠠᠶᠢᠨ᠎ᠠ᠃ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠠᠵᠢᠯᠲᠠᠳ ᠲᠤᠬᠠᠢ ᠶᠢᠨ ᠭᠠᠵᠠᠷ ᠲᠤ ᠪᠠᠶᠢᠴᠠᠭᠠᠯᠲᠠ ᠭᠡᠵᠦ᠂ ᠳᠠᠭ᠎ᠠ ᠶᠢᠨ ᠨᠠᠭᠤᠷ ᠤᠨ ᠨᠠᠭᠤᠷ ᠳᠠᠭᠠᠤ ᠶᠢᠨ 1 ᠺᠢᠯᠤᠮᠧᠲᠷ ᠤᠷᠴᠢᠮ ᠲᠠᠯᠠᠪᠠᠢ ᠶᠢᠨ ᠡᠯᠡᠰᠦᠷᠬᠡᠭᠵᠢᠯ ᠬᠦᠨᠳᠦ ᠨᠤᠴᠢᠲᠠᠢ ᠪᠠᠶᠢᠵᠤ᠂ ᠨᠠᠭᠤᠷ ᠤᠨ ᠤᠰᠤ ᠬᠠᠷᠠᠯᠠᠵᠤ᠂ ᠤᠰᠤᠨ ᠤ ᠴᠢᠨᠠᠷ ᠪᠤᠯᠠᠩᠬᠢᠷᠳᠤᠭᠰᠠᠨ ᠢ ᠢᠯᠡᠷᠡᠭᠦᠯᠪᠡ᠃ ᠬᠢᠨᠠᠨ ᠬᠡᠮᠵᠢᠭᠰᠡᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 2017 ᠤᠨ ᠳᠤ᠂ ᠳᠠᠭ᠎ᠠ ᠶᠢᠨ ᠨᠠᠭᠤᠷ ᠤᠨ ᠤᠰᠤᠨ ᠤ ᠴᠢᠨᠠᠷ ᠤᠨ ᠶᠡᠷᠦᠩᠬᠡᠢ ᠦᠨᠡᠯᠡᠯᠲᠡ ᠮᠦᠨ ᠬᠦ ᠠᠨᠠᠢ V ᠲᠦᠷᠦᠯ ᠪᠠᠶᠢᠵᠤ᠂ ᠬᠡᠰᠡᠭ ᠪᠤᠬᠢᠷᠳᠤᠯ ᠪᠤᠳᠠᠰ ᠤᠨ ᠭᠦᠢᠴᠡᠳᠭᠡᠯ ᠳᠤᠭ᠎ᠠ ᠬᠡᠳᠦᠶᠢᠪᠡᠷ ᠪᠠᠭᠤᠷᠠᠭᠰᠠᠨ ᠪᠤᠯᠪᠠᠴᠤ᠂ ᠭᠤᠤᠯ ᠪᠠᠷᠢᠮᠵᠢᠶ᠎ᠠ ᠠᠴᠠ ᠬᠡᠲᠦᠷᠡᠭᠰᠡᠨ ᠡᠯᠧᠮᠧᠨ᠋ᠲ COD᠂ ᠹᠯᠤᠷᠲᠦ ᠨᠢᠭᠡᠳᠪᠦᠷᠢ ᠶᠢᠨ ᠦᠳᠬᠡᠴᠡ ᠨᠢ ᠲᠤᠰᠪᠤᠷᠢ 104 mg/L ᠪᠤᠯᠤᠨ 3.83mg/L ᠪᠠᠶᠢᠵᠤ᠂ ᠪᠦᠷ ᠭᠠᠵᠠᠷ ᠤᠨ ᠭᠠᠳᠠᠷᠭᠤ ᠶᠢᠨ ᠤᠰᠤᠨ ᠤ V ᠲᠦᠷᠦᠯ ᠎ ᠤᠨ ᠪᠠᠷᠢᠮᠵᠢᠶ᠎ᠠ ᠠᠴᠠ 1.6 ᠳᠠᠬᠢᠨ ᠳᠠᠪᠠᠭᠰᠠᠨ ᠪᠠᠶᠢᠨ᠎ᠠ᠃      ᠡᠭᠦᠨ ᠤ ᠬᠠᠮᠲᠤ᠂ ᠳᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 2015᠂ 2016᠂ 2017 ᠤᠨ ᠳᠤ᠂ ᠨᠠᠭᠤᠷ ᠤᠨ ᠲᠠᠯᠠᠪᠠᠢ ᠲᠤᠰᠪᠦᠷᠢ 60.96 ᠳᠡᠭᠰᠢ ᠳᠦᠷᠪᠡᠯᠵᠢᠨ ᠺᠢᠯᠤᠮᠧᠲᠷ᠂ 58.59 ᠳᠡᠭᠰᠢ ᠳᠦᠷᠪᠡᠯᠵᠢᠨ ᠺᠢᠯᠤᠮᠧᠲᠷ ᠪᠠ 55.1 ᠳᠡᠭᠰᠢ ᠳᠦᠷᠪᠡᠯᠵᠢᠨ ᠺᠢᠯᠤᠮᠧᠲᠷ ᠪᠠᠶᠢᠵᠠᠢ︔ ᠤᠰᠤᠨ ᠤ ᠬᠡᠮᠵᠢᠶ᠎ᠡ ᠲᠤᠰᠪᠦᠷᠢ 2.65 ᠳ᠋ᠦᠡᠭᠰᠢᠭᠤᠷ ᠺᠦᠪ ᠮᠧᠲᠷ᠂ 2.34 ᠳ᠋ᠦᠡᠭᠰᠢᠭᠤᠷ ᠺᠦᠪ ᠮᠧᠲᠷ ᠪᠠ 2.1 ᠳ᠋ᠦᠡᠭᠰᠢᠭᠤᠷ ᠺᠦᠪ ᠮᠧᠲᠷ ᠪᠠᠶᠢᠵᠤ᠂ 2015 ᠤᠨ ᠲᠠᠢ ᠬᠠᠷᠢᠴᠠᠭᠤᠯᠪᠠᠯ᠂ 2017 ᠤᠨ ᠳᠤ ᠳᠠᠭ᠎ᠠ ᠶᠢᠨ ᠨᠠᠭᠤᠷ ᠤᠨ ᠤᠰᠤᠨ ᠤ ᠬᠡᠮᠵᠢᠶ᠎ᠡ 5500 ᠲᠦᠮᠡᠨ ᠺᠦᠪ ᠮᠧᠲᠷ ᠢᠶᠠᠷ ᠲᠠᠲᠠᠭᠤᠷᠠᠵᠠᠢ᠂ ᠡᠨᠡᠬᠦ ᠬᠠᠨᠳᠤᠰᠢ ᠶᠢ ᠦᠨᠳᠦᠰᠦᠯᠡᠪᠡᠯ᠂ ᠬᠡᠳᠦᠨ ᠠᠷᠪᠠᠨ ᠵᠢᠯ ᠎ ᠤᠨ ᠳᠠᠷᠠᠭ᠎ᠠ ᠳᠠᠭ᠎ᠠ ᠶᠢᠨ ᠨᠠᠭᠤᠷ ᠪᠠᠷᠤᠭ ᠪᠦᠷᠢᠮᠦᠰᠦᠨ ᠠᠯᠠᠭ᠎ᠠ ᠪᠤᠯᠬᠤ ᠪᠤᠯᠤᠨ᠎ᠠ᠃      ᠬᠤᠶᠠᠷ ᠲᠤ᠂ ᠵᠠᠰᠠᠯᠲᠠ ᠶᠢᠨ ᠰᠡᠳᠭᠢᠴᠡ ᠲᠤᠳᠤᠷᠬᠠᠢ ᠪᠢᠰᠢ᠂ ᠲᠦᠯᠦᠪᠵᠢᠭᠦᠯᠭᠡ ᠶᠢ ᠨᠠᠶᠢᠷᠠᠭᠤᠯᠤᠨ ᠲᠤᠭᠲᠠᠭᠠᠬᠰᠠᠠ ᠨᠢ ᠪᠤᠷᠤ ᠪᠦᠲᠦᠭᠦᠯᠢᠭ ᠪᠦᠭᠡᠳ ᠰᠠᠨᠠᠭᠠᠠ ᠲᠠᠪᠠ ᠪᠠᠷ ᠢᠶᠠᠨ ᠲᠤᠭᠲᠠᠭᠠᠭᠰᠠᠠ ᠪᠠᠶᠢᠨ᠎ᠠ᠃ ᠦᠪᠡᠷᠲᠡᠭᠡᠡ ᠵᠠᠰᠬᠠᠤ ᠤᠷᠤᠨ ᠤ ᠵᠠᠰᠠᠭ ᠤᠨ ᠤᠷᠲᠤᠨ ᠤ ᠴᠤᠬᠤᠯᠠᠪᠤᠷᠢᠯᠠᠠ ᠵᠦᠪᠰᠢᠶᠡᠷᠡᠭᠰᠡᠡ ︽ᠲᠦᠯᠦᠪᠵᠢᠭᠦᠯᠭᠡ︾᠎ ᠳᠤ ᠵᠦᠪᠬᠡᠡ ᠤᠶᠢᠷ᠎ᠠ ᠶᠢᠨ ᠬᠤᠭᠤᠴᠠᠭ᠎ᠠ ︵2016 — 2020 ᠤᠨ︶᠂ ᠠᠯᠤᠰ ᠤᠨ ᠬᠤᠭᠤᠴᠠᠭ᠎ᠠ ︵2021 — 2030 ᠤᠨ︶᠂ ᠠᠯᠤᠰ ᠤᠨ ᠲᠦᠯᠦᠪ ︵2030 ᠤᠨ ᠠᠴᠠ ᠬᠤᠶᠢᠰᠢ︶᠎ ᠤᠨ ᠬᠠᠷᠠᠯᠲᠠ ᠶᠢ ᠲᠤᠭᠲᠠᠭᠠᠵᠠᠢ᠂ ᠭᠡᠬᠦ ᠳᠡᠭᠡᠨ ᠡᠯ᠎ᠠ ᠢᠨᠵᠧᠨᠧᠷᠢᠩ ᠤᠨ ᠲᠦᠷᠦᠯ ᠵᠦᠢᠯ ᠤᠨ ᠪᠤᠲᠠᠲᠠᠢ ᠴᠠᠭ ᠤᠨ ᠬᠢᠵᠠᠭᠠᠷ ᠪᠤᠯᠤᠨ ᠱᠠᠭᠠᠷᠲᠠᠯᠭ᠎ᠠ ᠶᠢ ᠲᠤᠳᠤᠷᠬᠠᠶᠢᠯᠠᠭᠰᠠᠨ ᠦᠭᠡᠢ︔ ᠲᠦᠯᠦᠪᠵᠢᠭᠦᠯᠭᠡ ᠶᠢᠨ ᠲᠦᠷᠦᠯ ᠵᠦᠢᠯ ᠢ ᠰᠠᠨᠠᠭᠠᠠ ᠲᠠᠪᠠ ᠪᠠᠷ ᠢᠶᠠᠨ ᠲᠤᠬᠢᠷᠠᠭᠤᠯᠵᠦ᠂ ᠲᠠᠭ᠎ᠠ ᠶᠢᠨ ᠨᠠᠭᠤᠷ ᠤᠨ ᠤᠰᠤ ᠲᠠᠲᠠᠭᠤᠷᠠᠵᠤ᠂ ᠠᠮᠢ ᠠᠬᠤᠢ ᠮᠠᠭᠤᠲᠠᠵᠦ ᠪᠠᠶᠢᠬᠤ ᠡᠨᠡ ᠬᠦ ᠭᠤᠤᠯ ᠠᠰᠠᠭᠤᠳᠠᠯ ᠢᠶᠠᠷ ᠭᠤᠤᠯᠲᠠᠭᠤᠯᠤᠭᠰᠠᠠ ᠦᠭᠡᠢ᠂ ᠬᠠᠷᠢᠨ ᠡᠯ᠎ᠠ ᠬᠤᠯᠪᠤᠭᠲᠠᠯ ᠪᠦᠬᠦᠢ ᠰᠠᠯᠠᠭ᠎ᠠ ᠮᠦᠴᠢᠷ ᠤᠨ ᠤᠲᠤ ᠪᠠᠶᠢᠭ᠎ᠠ ᠵᠠᠷᠢᠮ ᠲᠦᠷᠦᠯ ᠵᠦᠢᠯ ᠢ ᠨᠡᠶᠢᠯᠡᠭᠦᠯᠦᠨ ᠬᠤᠷᠢᠶᠠᠩᠭᠤᠶᠢᠯᠠᠵᠤ᠂ ᠴᠢᠭᠯᠡᠭᠦᠯᠦᠯᠲᠦ ᠴᠢᠨᠠᠷ ᠢᠶᠠᠷ ᠴᠢᠩᠭ᠎ᠠ ᠪᠢᠰᠢ᠃ ᠡᠲᠡᠭᠡᠷ ᠲᠦᠷᠦᠯ ᠵᠦᠢᠯ ᠢ ᠪᠤᠲᠠᠲᠠᠢ ᠭᠡᠷᠡᠭᠵᠢᠭᠦᠯᠦᠭᠰᠡᠡ ᠴᠤ ᠳᠠᠭ᠎ᠠ ᠶᠢᠨ ᠨᠠᠭᠤᠷ ᠲᠤ ᠲᠤᠯᠭᠠᠷᠠᠵᠦ ᠪᠠᠶᠢᠭ᠎ᠠ ᠪᠤᠲᠠᠲᠠᠢ ᠠᠰᠠᠭᠤᠲᠠᠯ ᠢ ᠲᠦᠢᠯᠪᠤᠷᠢᠲᠠᠢ ᠰᠢᠢᠳᠪᠦᠷᠢᠯᠡᠬᠦ ᠳᠤ ᠬᠦᠴᠢᠷ ᠪᠠᠶᠢᠪᠠ᠃      ᠱᠠᠯᠠᠪᠲᠠᠭᠤᠯᠤᠨ ᠪᠠᠶᠢᠴᠠᠭᠠᠬᠤ ᠳᠤᠭᠤᠶᠢᠯᠠᠩ ᠤᠨ ᠬᠢᠨ ᠪᠠᠰᠠ ᠤᠯᠠᠭᠠᠠᠴᠠᠪ ᠬᠤᠲᠠ ᠶᠢᠨ ︽ᠦᠭᠡᠷᠡᠴᠢᠯᠡᠡ ᠰᠠᠶᠢᠵᠢᠷᠠᠭᠤᠯᠬᠤ ᠲᠦᠰᠦᠯ︾᠎ ᠳᠤ ᠬᠡᠳᠦᠶᠢᠪᠡᠷ ᠬᠤᠯᠪᠤᠭᠲᠠᠯ ᠪᠦᠬᠦᠢ ᠵᠠᠰᠠᠯᠲᠠ ᠶᠢᠨ ᠢᠨᠵᠧᠨᠧᠷᠢᠩ ᠤᠨ ᠴᠠᠭ ᠤᠨ ᠬᠢᠵᠠᠭᠠᠷ ᠤᠨ ᠱᠠᠭᠠᠷᠲᠠᠯᠭ᠎ᠠ ᠶᠢ ᠲᠤᠳᠤᠷᠬᠠᠶᠢᠯᠠᠭᠰᠠᠨ ᠪᠤᠯᠪᠠᠴᠤ ᠦᠪᠡᠷᠲᠡᠭᠡᠡ ᠵᠠᠰᠬᠠᠤ ᠤᠷᠤᠨ ᠤ ︽ᠲᠦᠯᠦᠪᠵᠢᠭᠦᠯᠭᠡ︾᠎ ᠠᠴᠠ ᠬᠦᠨᠲᠦ ᠨᠤᠴᠢᠲᠠᠢ ᠰᠠᠯᠤᠩᠬᠢᠷᠠᠪᠠ᠃ ᠵᠢᠱᠢᠶᠡᠯᠡᠪᠡᠯ ︽ᠲᠦᠯᠦᠪᠵᠢᠭᠦᠯᠭᠡ︾᠎ ᠳᠤ᠂ ᠸᠧᠠ ᠴᠢᠤᠸᠠᠠ ᠵᠢᠵᠢᠭ ᠪᠠᠯᠭᠠᠰᠤᠨ ᠤ ᠪᠤᠵᠠᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠢᠨᠵᠧᠨᠧᠷᠢᠩ ᠳᠤ ᠪᠤᠵᠠᠷ ᠤᠰᠤ ᠰᠢᠢᠳᠪᠦᠷᠢᠯᠡᠬᠦ ᠦᠢᠯᠡᠳᠪᠦᠷᠢ ᠶᠢ ᠰᠢᠨ᠎ᠠ ᠪᠠᠷ ᠨᠢᠭᠡ ᠪᠠᠶᠢᠭᠤᠯᠵᠤ᠂ ᠡᠳᠦᠷ ᠲᠤ 1 ᠲᠦᠮᠡᠡ ᠲᠤᠨ ᠪᠤᠵᠠᠷ ᠤᠰᠤ ᠰᠢᠢᠳᠪᠦᠷᠢᠯᠡᠬᠦ ᠭᠡᠷᠡᠭᠲᠡᠢ ᠭᠡᠵᠦ ᠱᠠᠭᠠᠷᠲᠠᠪᠠ᠂ ᠭᠡᠲᠡᠯ᠎ᠠ ᠤᠯᠠᠭᠠᠠᠴᠠᠪ ᠬᠤᠲᠠ ᠶᠢᠨ ︽ᠦᠭᠡᠷᠡᠴᠢᠯᠡᠡ ᠰᠠᠶᠢᠵᠢᠷᠠᠭᠤᠯᠬᠤ ᠲᠦᠰᠦᠯ︾᠎ ᠳᠤ ᠬᠠᠷᠢᠨ ᠸᠧᠠ ᠴᠢᠤᠸᠠᠠ ᠵᠢᠵᠢᠭ ᠪᠠᠯᠭᠠᠰᠤᠨ ᠳᠤ ᠡᠲᠦᠷ ᠲᠤ 5000 ᠲᠤᠨ ᠪᠤᠵᠠᠷ ᠤᠰᠤ ᠰᠢᠢᠳᠪᠦᠷᠢᠯᠡᠬᠦ ᠦᠢᠯᠡᠳᠪᠦᠷᠢ ᠶᠢ ᠰᠢᠨ᠎ᠠ ᠪᠠᠷ ᠪᠠᠶᠢᠭᠤᠯᠤᠨ᠎ᠠ ᠭᠡᠵᠦ ᠲᠤᠷᠠᠳᠴᠠᠢ︔ ︽ᠲᠦᠯᠦᠪᠵᠢᠭᠦᠯᠭᠡ︾᠎ ᠳᠤ ᠲᠠᠭ᠎ᠠ ᠶᠢᠨ ᠨᠠᠭᠤᠷ ᠪᠠᠯᠭᠠᠰᠤ᠂ ᠸᠧᠠ ᠴᠢᠤᠸᠠᠠ ᠵᠢᠵᠢᠭ ᠪᠠᠯᠭᠠᠰᠤ ᠬᠤᠭ ᠨᠤᠪᠰᠢ ᠴᠡᠪᠡᠷᠯᠡᠬᠦ ᠲᠠᠯᠠᠪᠠᠢ ᠶᠢ 2 ᠪᠠᠶᠢᠭᠤᠯᠵᠤ᠂ ᠡᠲᠦᠷ ᠲᠤ 420 ᠲᠤᠨ ᠬᠤᠭ ᠨᠤᠪᠰᠢ ᠰᠢᠢᠳᠪᠦᠷᠢᠯᠡᠬᠦ ᠭᠡᠷᠡᠭᠲᠡᠢ ᠭᠡᠵᠦ ᠱᠠᠭᠠᠷᠲᠠᠪᠠ᠂ ᠭᠡᠲᠡᠯ᠎ᠠ ︽ᠦᠭᠡᠷᠡᠴᠢᠯᠡᠡ ᠰᠠᠶᠢᠵᠢᠷᠠᠭᠤᠯᠬᠤ ᠲᠦᠰᠦᠯ︾᠎ ᠳᠤ ᠬᠠᠷᠢᠨ ᠡᠲᠦᠷ ᠲᠤ 210 ᠲᠤᠨ ᠬᠤᠭ ᠨᠤᠪᠰᠢ ᠰᠢᠢᠳᠪᠦᠷᠢᠯᠡᠬᠦ ᠦᠢᠯᠡᠳᠪᠦᠷᠢ ᠶᠢ ᠰᠢᠨ᠎ᠠ ᠪᠠᠷ ᠪᠠᠶᠢᠭᠤᠯᠤᠨ᠎ᠠ ᠭᠡᠵᠦ ᠲᠤᠷᠠᠳᠴᠠᠢ᠂ ᠡᠶᠢᠮᠦᠷᠬᠦᠦ ᠪᠠᠶᠢᠳᠠᠯ ᠲᠤᠩ ᠤᠯᠠᠠ ᠪᠠᠶᠢᠨ᠎ᠠ᠃ ᠲᠦᠯᠦᠪᠵᠢᠭᠦᠯᠭᠡ ᠶᠢ ᠨᠠᠶᠢᠷᠠᠭᠤᠯᠤᠨ ᠲᠤᠭᠲᠠᠭᠠᠭᠰᠠᠠ ᠨᠢ ᠪᠦᠲᠦᠭᠦᠯᠢᠭ ᠪᠠᠶᠢᠭᠰᠠᠨ ᠠᠴᠠ ᠲᠦᠷᠦᠯ ᠵᠦᠢᠯ ᠳᠤ ᠲᠠᠰᠤᠷᠠᠯᠲᠠ ᠦᠭᠡᠢ ᠲᠤᠬᠢᠷᠠᠭᠤᠯᠤᠯᠲᠠ ᠬᠢᠵᠦ᠂ ᠲᠠᠭ᠎ᠠ ᠶᠢᠨ ᠨᠠᠭᠤᠷ ᠤᠨ ᠵᠠᠰᠠᠯᠲᠠ ᠲᠤᠲᠤᠷᠬᠠᠢ ᠰᠡᠳᠭᠢᠴᠡ ᠪᠠᠷ ᠲᠤᠲᠠᠭᠲᠠᠵᠦ ᠪᠠᠶᠢᠬᠤ ᠶᠢ ᠤᠯᠵᠦ ᠮᠡᠲᠡᠭᠰᠡᠡ ᠪᠠᠶᠢᠨ᠎ᠠ᠃      ᠭᠤᠷᠪᠠ ᠳᠤ᠂ ᠵᠠᠰᠠᠯᠲᠠ ᠶᠢᠨ ᠲᠦᠷᠦᠯ ᠵᠦᠢᠯ ᠤᠨ ᠠᠬᠢᠴᠠ ᠤᠳᠠᠭᠠᠨ ᠪᠠᠶᠢᠵᠤ᠂ ᠴᠠᠭ ᠤᠨ ᠬᠢᠵᠠᠭᠠᠷ ᠤᠨ ᠬᠦᠢᠴᠡᠳᠭᠡᠬᠦ ᠲᠤᠭ᠎ᠠ ᠨᠢ ᠬᠡᠯᠪᠡᠷᠢ ᠶᠢᠨ ᠲᠡᠲᠦᠢ ᠶᠠᠭᠤᠮ᠎ᠠ ᠪᠤᠯᠵᠠᠢ᠃ ᠱᠠᠯᠠᠪᠲᠠᠭᠤᠯᠤᠨ ᠪᠠᠶᠢᠴᠠᠭᠠᠬᠤ ᠳᠤᠭᠤᠶᠢᠯᠠᠩ ᠎ ᠤᠨ ᠬᠢᠨ᠂ ︽ᠦᠭᠡᠷᠡᠴᠢᠯᠡᠡ ᠰᠠᠶᠢᠵᠢᠷᠠᠭᠤᠯᠬᠤ ᠲᠦᠰᠦᠯ︾᠎ ᠳᠤ ᠲᠤᠭᠲᠠᠭᠠᠭᠰᠠᠠ ᠴᠠᠭ ᠤᠨ ᠬᠢᠵᠠᠭᠠᠷ ᠤᠨ ᠱᠠᠭᠠᠷᠲᠠᠯᠭ᠎ᠠ ᠶᠤᠰᠤᠭᠠᠷ᠂ ︽ᠲᠠᠭ᠎ᠠ ᠶᠢᠨ ᠨᠠᠭᠤᠷ ᠤᠨ ᠤᠰᠤᠨ ᠤ ᠴᠢᠨᠠᠷ ᠢ ᠰᠡᠷᠭᠦᠭᠡᠬᠦ ᠢᠨᠵᠧᠨᠧᠷᠢᠩ ᠢ ᠭᠡᠷᠡᠭᠵᠢᠭᠦᠯᠬᠦ︾ 4 ᠲᠦᠷᠦᠯ ᠵᠦᠢᠯ ᠤᠨ ᠲᠤᠲᠤᠷ᠎ᠠ᠂ ᠨᠢᠭᠡᠯᠭᠡᠡ ᠵᠦᠢᠯ ᠢ ᠬᠢᠵᠠᠭᠠᠷᠯᠠᠭᠰᠠᠠ ᠴᠠᠭ ᠤᠨ ᠲᠤᠲᠤᠷ᠎ᠠ ᠪᠡᠶᠡᠯᠡᠭᠦᠯᠵᠠᠢ᠃ ᠬᠡᠳᠡᠯ᠎ᠠ 2017 ᠤᠨ ᠤ 10 ᠳ᠋ᠤᠭᠠᠷ ᠰᠠᠷ᠎ᠠ ᠳᠤ ᠪᠡᠶᠡᠯᠡᠭᠦᠯᠬᠦ ᠬᠡᠷᠡᠭᠲᠡᠢ ᠭᠡᠵᠦ ᠱᠠᠭᠠᠷᠲᠠᠭᠰᠠᠠ ︽ᠯᠢᠶᠠᠩᠴᠧᠩ ᠰᠢᠶᠠᠠ ᠤ ᠪᠤᠵᠠᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠪᠠᠷᠢᠮᠵᠢᠶ᠎ᠠ ᠶᠢ ᠲᠡᠭᠡᠭᠰᠢᠯᠡᠭᠦᠯᠬᠦ ᠦᠭᠡᠷᠡᠴᠢᠯᠡᠡ ᠪᠠᠶᠢᠭᠤᠯᠬᠤ ᠢᠨᠵᠧᠨᠧᠷᠢᠩ ᠢ ᠤᠳᠤ ᠪᠤᠯᠲᠠᠯ᠎ᠠ ᠲᠠᠭᠤᠰᠬᠠᠵᠦ ᠳᠡᠶᠢᠯᠦᠭᠡᠳᠦᠢ ᠪᠠᠶᠢᠭᠰᠠᠭᠠᠷ᠃ ᠵᠠᠷᠢᠮ ᠭᠡᠰᠡᠭ ᠨᠢ ᠬᠦᠨᠲᠦ ᠨᠤᠴᠢᠲᠠᠢ ᠲᠠᠭᠠᠭᠠᠴᠠ ᠠᠴᠠ ᠭᠡᠲᠦᠷᠡᠡ ᠠᠵᠢᠯᠯᠠᠵᠦ᠂ ᠰᠢᠢᠳᠪᠦᠷᠢᠯᠡᠭᠰᠡᠡ ᠤ ᠲᠠᠷᠠᠭᠠᠬᠢ ᠤᠰᠤ ᠨᠢ ᠲᠤᠭᠲᠠᠭᠤᠨ ᠢᠶᠠᠷ ᠨᠢᠭᠡᠲᠦᠭᠡᠷ ᠲᠡᠰ ᠤᠨ A ᠪᠠᠷᠢᠮᠵᠢᠶ᠎ᠠ ᠳᠤ ᠬᠦᠷᠬᠦ ᠳᠤ ᠬᠦᠴᠢᠷ ᠪᠠᠶᠢᠨ᠎ᠠ︔ 2017 ᠤᠨ ᠤ 12 ᠳ᠋ᠤᠭᠠᠷ ᠰᠠᠷ᠎ᠠ ᠠᠴᠠ ᠡᠮᠦᠨ᠎ᠠ ᠪᠡᠶᠡᠯᠡᠭᠦᠯᠬᠦ ᠭᠡᠷᠡᠭᠲᠡᠢ ᠭᠡᠵᠦ ᠱᠠᠭᠠᠷᠲᠠᠭᠰᠠᠠ ︽ᠰᠢᠨ᠎ᠠ ᠪᠠᠷ ᠪᠠᠶᠢᠭᠤᠯᠬᠤ ᠸᠧᠨ ᠴᠢᠤᠸᠠᠠ ᠵᠢᠵᠢᠭ ᠪᠠᠯᠭᠠᠰᠤᠨ ᠤ ᠡᠲᠦᠷ ᠲᠤ 5000 ᠲᠤᠨ ᠪᠤᠵᠠᠷ ᠤᠰᠤ ᠰᠢᠢᠳᠪᠦᠷᠢᠯᠡᠬᠦ ᠦᠢᠯᠡᠳᠪᠦᠷᠢ︾᠎ ᠶᠢᠨ ᠲᠦᠷᠦᠯ ᠵᠦᠢᠯ ᠨᠢ ᠡᠨᠡ ᠤᠲᠠᠭ᠎ᠠ ᠶᠢᠨ ᠱᠠᠯᠠᠪᠲᠠᠭᠤᠯᠤᠨ ᠪᠠᠶᠢᠴᠠᠭᠠᠬᠤ ᠳᠤᠭᠤᠶᠢᠯᠠᠩ ᠤᠷᠤᠵᠦ ᠰᠠᠭᠤᠬᠤ ᠪᠤᠯᠲᠠᠯ᠎ᠠ ᠮᠦᠨ ᠴᠤ ᠠᠵᠢᠯ ᠢᠶᠠᠨ ᠡᠬᠢᠯᠡᠭᠦᠯᠦᠭᠡᠲᠦᠢ ᠪᠠᠶᠢᠭᠰᠠᠭᠠᠷ︔ 2017 ᠤᠨ ᠤ 8 ᠳ᠋ᠤᠭᠠᠷ ᠰᠠᠷ᠎ᠠ ᠠᠴᠠ ᠡᠮᠦᠨ᠎ᠠ ᠪᠡᠶᠡᠯᠡᠭᠦᠯᠬᠦ ᠬᠡᠷᠡᠭᠲᠡᠢ ᠭᠡᠵᠦ ᠱᠠᠭᠠᠷᠲᠠᠭᠰᠠᠠ ︽ᠰᠢᠨ᠎ᠠ ᠪᠠᠷ ᠪᠠᠶᠢᠭᠤᠯᠬᠤ ᠡᠲᠦᠷ ᠲᠤ 210 ᠲᠤᠨ ᠬᠤᠭ ᠨᠤᠪᠰᠢ ᠰᠢᠢᠳᠪᠦᠷᠢᠯᠡᠬᠦ ᠴᠢᠲᠠᠪᠤᠷᠢ ᠲᠠᠢ ᠦᠢᠯᠡᠳᠪᠦᠷᠢ︾᠎ ᠶᠢᠨ ᠲᠦᠷᠦᠯ ᠵᠦᠢᠯ ᠨᠢ 2018 ᠤᠨ ᠤ 6 ᠳ᠋ᠤᠭᠠᠷ ᠰᠠᠷ᠎ᠠ ᠳᠤ ᠰᠠᠶ᠋ᠢ ᠠᠵᠢᠯ ᠢᠶᠠᠨ ᠡᠬᠢᠯᠡᠭᠦᠯᠵᠠᠢ᠃      ᠲᠤᠭᠲᠠᠭᠰᠠᠠ ᠴᠠᠭ ᠤᠨ ᠲᠤᠲᠤᠷ᠎ᠠ ᠪᠡᠶᠡᠯᠡᠭᠦᠯᠵᠦ ᠳᠡᠶᠢᠯᠦᠭᠰᠡᠨ ᠦᠭᠡᠢ ᠲᠦᠷᠦᠯ ᠵᠦᠢᠯ ᠳᠤ ᠪᠠᠰᠠ᠄ 2017 ᠤᠨ ᠤ 12 ᠳ᠋ᠤᠭᠠᠷ ᠰᠠᠷ᠎ᠠ ᠳᠤ ᠪᠡᠶᠡᠯᠡᠭᠦᠯᠬᠦ ᠬᠡᠷᠡᠭᠲᠡᠢ ᠭᠡᠵᠦ ᠱᠠᠭᠠᠷᠲᠠᠭᠰᠠᠠ ᠲᠠᠭ᠎ᠠ ᠶᠢᠨ ᠨᠠᠭᠤᠷ ᠤᠨ ᠤᠷᠤᠰᠬᠠᠯ ᠤᠨ ᠤᠷᠤᠨ ᠳᠤ ᠤᠰᠤ ᠨᠦᠬᠦᠪᠦᠷᠢᠯᠡᠬᠦ ᠢᠨᠵᠧᠨᠧᠷᠢᠩ ᠤᠨ ᠶᠦᠩ ᠰᠢᠩ ᠤᠰᠤᠨ ᠴᠦᠭᠦᠷᠦᠮ ᠢ ᠪᠠᠬᠢᠯᠡᠵᠦ ᠦᠷᠭᠡᠳᠭᠡᠡ ᠪᠠᠶᠢᠭᠤᠯᠬᠤ ᠪᠠᠷᠢᠯᠭ᠎ᠠ ᠶᠢ ᠤᠳᠤ ᠪᠤᠯᠲᠠᠯ᠎ᠠ ᠮᠦᠨ ᠪᠦᠲᠦᠭᠡᠡ ᠪᠠᠶᠢᠭᠤᠯᠤᠭᠰᠠᠭᠠᠷ ᠪᠠᠶᠢᠨ᠎ᠠ︔ 2018 ᠤᠨ ᠤ 6 ᠳ᠋ᠤᠭᠠᠷ ᠰᠠᠷ᠎ᠠ ᠳᠤ ᠪᠡᠶᠡᠯᠡᠭᠦᠯᠬᠦ 8 ᠵᠤᠷᠪᠤᠰ ᠭᠤᠤᠯ ᠤᠨ ᠭᠤᠯᠲᠤᠷᠢᠯ ᠤᠨ ᠤᠷᠤᠰᠬᠠᠯ ᠢ ᠰᠢᠯᠤᠭᠤᠳᠬᠠᠠ ᠵᠠᠰᠠᠬᠤ ᠠᠵᠢᠯ ᠤᠨ 7᠎ ᠨᠢ ᠠᠵᠢᠯ ᠡᠬᠢᠯᠡᠭᠦᠯᠬᠦ ᠲᠦᠯᠦᠪᠯᠡᠭᠡ ᠦᠭᠡᠢ ᠪᠠᠶᠢᠭᠰᠠᠭᠠᠷ ᠵᠡᠷᠭᠡ ᠪᠤᠯᠤᠨ᠎ᠠ᠃      ᠭᠤᠷᠪᠠ᠂ ᠰᠢᠯᠳᠠᠭᠠᠨ ᠤ ᠵᠠᠳᠠᠯᠤᠯᠳᠠ      ᠰᠢᠮᠳᠠᠭᠤᠯᠤᠨ ᠪᠠᠶᠢᠴᠠᠭᠠᠯᠲᠠ ᠳᠤ᠂ ᠲᠠᠭ᠎ᠠ ᠶᠢᠨ ᠨᠠᠭᠤᠷ ᠤᠨ ᠠᠮᠢ ᠠᠬᠤᠢ ᠤᠷᠴᠢᠨ ᠲᠤᠭᠤᠷᠢᠨ ᠤ ᠶᠡᠷᠦᠩᠬᠡᠶᠢᠯᠡᠭᠰᠡᠨ ᠵᠠᠰᠠᠯᠳᠠ ᠵᠢᠱᠢᠭᠰᠡᠨ ᠠᠬᠢᠴᠠ ᠳᠤ ᠪᠠᠨ ᠭᠦᠷᠴᠤ ᠳᠡᠶᠢᠯᠦᠭᠰᠡᠨ ᠦᠭᠡᠢ ᠪᠠ ᠦᠷ᠎ᠠ ᠪᠦᠳᠤᠮᠵᠢ ᠰᠢᠯᠳᠠᠭᠠᠨ ᠨᠢ ᠤᠯᠠᠨ ᠲᠠᠯ᠎ᠠ ᠶᠢᠨ ᠪᠠᠶᠢᠨ᠎ᠠ᠂ ᠭᠡᠳᠠᠯ᠎ᠠ ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠭᠦᠢ ᠰᠠᠯᠠᠭ᠎ᠠ ᠮᠦᠴᠢᠷ ᠪᠤᠯᠤᠨ ᠲᠤᠬᠠᠢ ᠶᠢᠨ ᠭᠠᠵᠠᠷ ᠤᠨ ᠨᠠᠮ ᠤᠨ ᠬᠤᠷᠢᠶ᠎ᠠ ᠵᠠᠰᠠᠭ ᠤᠨ ᠤᠷᠳᠤᠨ ᠤ ᠳᠠᠭ᠎ᠠ ᠶᠢᠨ ᠨᠠᠭᠤᠷ ᠤᠨ ᠠᠮᠢ ᠠᠬᠤᠢ ᠤᠷᠴᠢᠨ ᠳᠤᠭᠤᠷᠢᠨ ᠤ ᠬᠠᠮᠠᠭᠠᠯᠠᠯᠳᠠ ᠶᠢᠨ ᠳᠤᠬᠠᠢ ᠤᠨᠴᠠᠭᠠᠢ ᠴᠢᠬᠤᠯᠠ ᠴᠢᠨᠠᠷ ᠤᠨ ᠲᠠᠨᠢᠯᠳᠠ ᠭᠦᠢᠴᠡᠳ ᠪᠤᠰᠤ᠂ ᠨᠢᠬᠡᠳᠦᠯᠳᠡᠢ ᠳᠦᠯᠦᠪᠵᠢᠬᠦᠯᠵᠥ ᠵᠤᠬᠢᠴᠠᠭᠤᠯᠤᠬᠰᠠᠨ ᠨᠢ ᠭᠦᠷᠤᠯᠴᠡᠭᠦ ᠦᠭᠡᠢ᠂ ᠠᠬᠢᠭᠤᠯᠵᠥ ᠨᠠᠶᠢᠳᠠᠪᠤᠷᠢᠵᠢᠭᠤᠯᠤᠭᠰᠠᠨ ᠨᠢ ᠭᠦᠷᠤᠯᠴᠡᠭᠦ ᠦᠭᠡᠢ ᠪᠠᠶᠢᠬᠤ ᠪᠤᠯ ᠭᠤᠤᠯ ᠰᠢᠯᠳᠠᠭᠠᠨ ᠪᠤᠯᠬᠤ ᠶᠢ ᠢᠯᠡᠷᠡᠭᠦᠯᠪᠠ᠄      ᠦᠪᠡᠷᠳᠡᠭᠡᠨ ᠵᠠᠰᠠᠬᠤ ᠤᠷᠤᠨ ᠤ ᠬᠦᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ ᠲᠤᠰ ᠲᠦᠷᠤᠯ ᠤᠨ ᠰᠢᠮᠳᠠᠭᠤᠯᠤᠨ ᠪᠠᠶᠢᠴᠠᠭᠠᠵᠤ ᠦᠭᠡᠷᠡᠴᠢᠯᠡᠨ ᠰᠠᠶᠢᠵᠢᠷᠠᠭᠤᠯᠬᠤ ᠡᠭᠦᠷᠭᠡ ᠶᠢᠨ ᠲᠠᠭᠠᠭᠤᠯᠤᠭᠴᠢ ᠰᠠᠯᠠᠭ᠎ᠠ ᠮᠦᠴᠢᠷ ᠪᠤᠯᠤᠭᠰᠠᠨ ᠤ ᠬᠤᠪᠢ ᠳᠤ᠂ ᠤᠯᠤᠰ ᠲᠦᠷᠤ ᠶᠢᠨ ᠵᠤᠭᠰᠤᠴᠠ ᠦᠨᠳᠤᠷ ᠪᠢᠰᠢ᠂ ᠲᠠᠭ᠎ᠠ ᠶᠢᠨ ᠨᠠᠭᠤᠷ ᠤᠨ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠤᠨᠴᠠᠭᠠᠢ ᠴᠢᠬᠤᠯᠠ ᠴᠢᠨᠠᠷ ᠲᠤ ᠬᠠᠨᠳᠤᠭᠤᠯᠵᠤ᠂ ︽ᠲᠦᠯᠤᠪᠵᠢᠭᠦᠯᠭᠡ︾᠎ ᠨᠢ ᠵᠦᠪᠭᠡᠨ ᠲᠠᠭ᠎ᠠ ᠶᠢᠨ ᠨᠠᠭᠤᠷ ᠤᠨ ᠭᠠᠳᠠᠷᠭᠤ ᠶᠢᠨ ᠲᠠᠯᠠᠪᠠᠢ ᠶᠢ 50 ᠲᠡᠭᠰᠢ ᠲᠦᠷᠪᠡᠯᠵᠢᠨ ᠺᠢᠯᠤᠮᠧᠲᠷ ᠤᠷᠴᠢᠮ ᠪᠠᠶᠢᠯᠭᠠᠬᠤ ᠶᠢ ᠪᠠᠷᠢᠮᠳᠠᠯᠠᠬᠤ ᠪᠠᠷ ᠦᠢᠷ᠎ᠠ ᠶᠢᠨ ᠬᠤᠭᠤᠴᠠᠭ᠎ᠠ ᠪᠤᠯᠤᠨ ᠠᠯᠤᠰ ᠤᠨ ᠬᠤᠭᠤᠴᠠᠭᠠᠨ ᠤ ᠵᠤᠷᠢᠯᠳᠠ ᠪᠠᠨ ᠪᠤᠯᠭᠠᠵᠠᠢ᠂ ᠱᠠᠭᠠᠷᠳᠠᠯᠭ᠎ᠠ ᠨᠢ ᠮᠡᠳᠡᠭᠳᠠᠮ᠎ᠠ ᠲᠤᠤᠷ᠎ᠠ︔ ᠠᠵᠢᠯ ᠨᠢ ᠴᠢᠩᠭ᠎ᠠ ᠪᠢᠰᠢ ᠪᠤᠳᠠᠳᠠᠢ ᠪᠢᠰᠢ᠂ ᠲᠠᠭ᠎ᠠ ᠶᠢᠨ ᠨᠠᠭᠤᠷ ᠤᠨ ᠠᠮᠢ ᠠᠬᠤᠢ ᠤᠷᠴᠢᠨ ᠲᠤᠭᠤᠷᠢᠨ ᠢ ᠰᠠᠶᠢᠵᠢᠷᠠᠭᠤᠯᠬᠤ ᠡᠨᠡᠭᠦ ᠭᠤᠤᠯ ᠬᠠᠷᠠᠯᠳᠠ ᠶᠢᠨ ᠲᠤᠭᠤᠷᠢᠨ ᠳᠤ ᠲᠦᠷᠤᠯ ᠵᠦᠢᠯ ᠢᠶᠠᠨ ᠲᠦᠯᠤᠪᠵᠢᠭᠦᠯᠦᠭᠰᠠᠨ ᠦᠭᠡᠢ᠂ ᠲᠦᠷᠤᠯ ᠵᠦᠢᠯ ᠤᠨ ᠴᠠᠬ ᠎ ᠤᠨ ᠬᠢᠵᠠᠭᠠᠷᠯᠠᠯ ᠢᠶᠠᠨ ᠲᠤᠳᠤᠷᠬᠠᠶᠢᠯᠠᠭᠰᠠᠨ ᠦᠭᠡᠢ ᠠᠴᠠ ᠪᠤᠯᠵᠤ᠂ ᠲᠦᠯᠤᠪᠵᠢᠭᠦᠯᠭᠡ ᠶᠢᠨ ᠠᠵᠢᠯᠯᠠᠭᠠᠨ ᠤ ᠴᠢᠨᠠᠷ ᠴᠢᠩᠭ᠎ᠠ ᠪᠢᠰᠢ ᠪᠤᠯᠵᠠᠢ︔ ᠵᠤᠬᠢᠴᠠᠭᠤᠯᠵᠤ ᠠᠬᠢᠭᠤᠯᠬᠤ ᠲᠠᠯ᠎ᠠ ᠪᠠᠷ ᠭᠦᠷᠤᠯᠴᠡᠭᠦ ᠦᠭᠡᠢ ᠪᠠᠶᠢᠵᠤ᠂ 2017 ᠤᠨ ᠤ 4 ᠳ᠋ᠦ᠋ᠭᠡᠷ ᠰᠠᠷ᠎ᠠ ᠳᠤ ︽ᠲᠦᠯᠤᠪᠵᠢᠭᠦᠯᠭᠡ︾᠎ ᠶᠢ ᠨᠡᠶᠢᠲᠡᠯᠡᠭᠰᠡᠨ ᠤ ᠲᠠᠷᠠᠭ᠎ᠠ᠂ ᠴᠠᠭ ᠲᠤᠬᠠᠢ ᠳᠤᠨᠢ ᠲᠦᠰᠤᠯ ᠲᠤᠭᠳᠠᠭᠠᠵᠤ ᠭᠡᠷᠡᠭᠵᠢᠭᠦᠯᠭᠦ ᠪᠠ ᠬᠠᠷᠢᠭᠤᠴᠠᠯᠭ᠎ᠠ ᠶᠢ ᠬᠤᠪᠢᠶᠠᠷᠢᠯᠠᠭᠰᠠᠨ ᠦᠭᠡᠢ᠂ 2018 ᠤᠨ ᠤ 4 ᠳ᠋ᠦ᠋ᠭᠡᠷ ᠰᠠᠷ᠎ᠠ ᠳᠤ ᠭᠦᠷᠤᠭᠡᠳ ᠰᠠᠶ᠋ᠢ ᠦᠪᠡᠷᠳᠠᠭᠡᠨ ᠵᠠᠰᠠᠬᠤ ᠤᠷᠤᠨ ᠤ ᠵᠠᠰᠠᠭ ᠤᠨ ᠤᠷᠳᠤᠨ ᠳᠤ ︽ᠲᠠᠭ᠎ᠠ ᠶᠢᠨ ᠨᠠᠭᠤᠷ ᠎ ᠤᠨ ᠰᠠᠪᠠ ᠭᠠᠵᠠᠷ ᠤᠨ ᠤᠰᠤᠨ ᠤ ᠠᠮᠢ ᠠᠬᠤᠢ ᠤᠷᠴᠢᠨ ᠲᠤᠭᠤᠷᠢᠨ ᠢ ᠬᠠᠮᠠᠭᠠᠯᠠᠵᠤ ᠪᠠᠶᠢᠭᠤᠯᠬᠤ ᠲᠦᠰᠤᠯ ︵2018 — 2020 ᠤᠨ︶︾ ︵ᠡᠭᠡ ᠪᠢᠴᠢᠭ ᠤᠨ ᠬᠢᠨᠠᠯᠳᠠ ᠶᠢ ᠭᠦᠷᠭᠡᠪᠡ︶᠎ ᠶᠢ ᠮᠡᠳᠡᠭᠦᠯᠤᠨ ᠭᠦᠷᠭᠡᠵᠤ᠂ ᠤᠳᠤ ᠪᠤᠯᠳᠠᠯ᠎ᠠ ᠴᠤᠬᠤᠯᠠᠪᠤᠷᠢᠯᠠᠭᠰᠠᠨ ᠦᠭᠡᠢ᠂ ᠬᠠᠮᠢᠶ᠎ᠠ ᠪᠦᠭᠦᠢ ᠬᠠᠷᠢᠭᠤᠴᠠᠯᠭ᠎ᠠ ᠶᠢᠨ ᠬᠤᠪᠢᠶᠠᠷᠢᠯᠠᠯ ᠤᠳᠤ ᠪᠤᠯᠳᠠᠯ᠎ᠠ ᠲᠤᠳᠤᠷᠬᠠᠢ ᠪᠢᠰᠢ ᠪᠠᠶᠢᠨ᠎ᠠ᠃      ᠤᠯᠠᠭᠠᠨᠴᠠᠪ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠬᠠᠷᠢᠭᠤᠴᠠᠯᠭ᠎ᠠ ᠶᠢ ᠪᠤᠳᠠᠳᠠᠢ ᠭᠡᠷᠡᠭᠵᠢᠭᠦᠯᠭᠦ ᠭᠤᠤᠯ ᠴᠤᠭᠴᠠ ᠪᠤᠯᠤᠭᠰᠠᠨ ᠤ ᠬᠤᠪᠢ ᠳᠤ᠂ ᠲᠠᠭ᠎ᠠ ᠶᠢᠨ ᠨᠠᠭᠤᠷ ᠤᠨ ᠠᠮᠢ ᠠᠬᠤᠢ ᠤᠷᠴᠢᠨ ᠲᠤᠭᠤᠷᠢᠨ ᠢ ᠬᠠᠮᠠᠭᠠᠯᠠᠬᠤ ᠤᠨᠴᠠᠭᠠᠢ ᠴᠢᠬᠤᠯᠠ ᠴᠢᠨᠠᠷ ᠤᠨ ᠲᠤᠬᠠᠢ ᠲᠠᠨᠢᠯᠳᠠ ᠭᠦᠢᠴᠡᠳ ᠪᠢᠰᠢ᠂ ᠨᠡᠩ ᠶᠡᠭᠡ ᠭᠦᠴᠤ ᠤᠷᠤᠭᠤᠯᠵᠤ ᠬᠠᠮᠢᠶ᠎ᠠ ᠪᠦᠭᠦᠢ ᠲᠦᠷᠤᠯ ᠵᠦᠢᠯ ᠢ ᠵᠤᠬᠢᠰᠳᠠᠢ ᠨᠠᠶᠢᠳᠠᠪᠤᠷᠢᠵᠢᠭᠤᠯᠤᠭᠰᠠᠨ ᠦᠭᠡᠢ︔ ᠲᠠᠭ᠎ᠠ ᠶᠢᠨ ᠨᠠᠭᠤᠷ ᠤᠨ ᠠᠮᠢ ᠠᠬᠤᠢ ᠤᠷᠴᠢᠨ ᠲᠤᠭᠤᠷᠢᠨ ᠢ ᠬᠠᠮᠠᠭᠠᠯᠠᠬᠤ ᠠᠵᠢᠯ ᠢ ᠵᠤᠬᠢᠶᠠᠨ ᠪᠠᠶᠢᠭᠤᠯᠵᠤ ᠭᠡᠷᠡᠭᠵᠢᠭᠦᠯᠭᠦ ᠲᠤᠮᠳᠠ᠂ ᠰᠡᠳᠬᠢᠴᠡ ᠲᠤᠳᠤᠷᠬᠠᠢ ᠪᠢᠰᠢ᠂ ᠬᠢᠵᠤ ᠳᠡᠶᠢᠯᠬᠦ ᠠᠵᠢᠯ ᠢᠶᠠᠨ ᠯᠠ ᠬᠢᠵᠤ᠂ ᠬᠢᠵᠤ ᠳᠡᠶᠢᠯᠬᠦ ᠦᠭᠡᠢ ᠠᠵᠢᠯ ᠢᠶᠠᠨ ᠤᠳᠠᠭᠠᠰᠢᠷᠠᠭᠤᠯᠵᠠᠢ︔ ᠲᠦᠷᠤᠯ ᠵᠦᠢᠯ ᠤᠨ ᠬᠤᠭᠤᠷᠤᠨᠳᠤᠬᠢ ᠨᠢᠬᠡᠳᠦᠯᠳᠡᠢ ᠳᠦᠯᠦᠪᠵᠢᠬᠦᠯᠤᠨ ᠵᠤᠬᠢᠴᠠᠭᠤᠯᠬᠤ ᠭᠦᠴᠤᠯᠡᠴᠡ ᠭᠦᠷᠤᠯᠴᠡᠭᠦ ᠦᠭᠡᠢ ᠠᠴᠠ ᠪᠤᠯᠵᠤ ᠵᠠᠰᠠᠯᠳᠠ ᠶᠢᠨ ᠦᠷ᠎ᠠ ᠪᠦᠳᠤᠮᠵᠢ ᠶᠢ ᠰᠢᠭᠤᠳ ᠨᠦᠯᠦᠭᠡᠯᠡᠵᠡᠢ᠃      ᠲᠡᠭᠡᠷᠡᠬᠢ ᠠᠰᠠᠭᠤᠳᠠᠯ ᠳᠤ ᠬᠠᠨᠳᠤᠭᠤᠯᠵᠤ ᠵᠠᠢ ᠴᠢᠩ᠂ ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠭᠦᠢ ᠰᠠᠯᠠᠭ᠎ᠠ ᠮᠦᠴᠢᠷ ᠪᠤᠯᠤᠨ ᠤᠯᠠᠭᠠᠨᠴᠠᠪ ᠬᠤᠳᠠ ᠳᠤ ᠶᠡᠷᠤᠩᠭᠡᠢ ᠱᠦᠵᠢ ᠰᠢ ᠶᠢᠨ ᠫᠢᠡᠭ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠤᠯᠤᠰ ᠲᠦᠷᠤ ᠶᠢᠨ ᠵᠤᠭᠰᠤᠴᠠ ᠪᠠᠨ ᠦᠨᠡᠨᠭᠦ ᠲᠡᠭᠡᠭᠰᠢᠯᠡᠭᠦᠯᠵᠤ᠂ ᠲᠠᠭ᠎ᠠ ᠶᠢᠨ ᠨᠠᠭᠤᠷ ᠤᠨ ᠠᠮᠢ ᠠᠬᠤᠢ ᠤᠷᠴᠢᠨ ᠲᠤᠭᠤᠷᠢᠨ ᠢ ᠦᠭᠡᠷᠡᠴᠢᠯᠡᠨ ᠰᠠᠶᠢᠵᠢᠷᠠᠭᠤᠯᠬᠤ ᠡᠨᠡᠭᠦ ᠭᠤᠤᠯ ᠬᠠᠷᠠᠯᠳᠠ ᠶᠢᠨ ᠲᠤᠭᠤᠷᠢᠨ ᠳᠤ᠂ ᠬᠠᠷᠢᠭᠤᠴᠠᠯᠭ᠎ᠠ ᠪᠠᠨ ᠪᠤᠲᠠᠲᠠᠶᠢᠵᠢᠭᠤᠯᠵᠤ᠂ ᠴᠢᠩᠭ᠎ᠠ ᠠᠳᠬᠤᠨ ᠨᠠᠶᠢᠳᠠᠪᠤᠷᠢᠵᠢᠭᠤᠯᠵᠤ᠂ ᠲᠠᠭ᠎ᠠ ᠶᠢᠨ ᠨᠠᠭᠤᠷ ᠤᠨ ᠠᠮᠢ ᠠᠬᠤᠢ ᠤᠷᠴᠢᠨ ᠲᠤᠭᠤᠷᠢᠨ ᠢ ᠴᠡᠭᠴᠡᠯᠡᠨ ᠵᠠᠰᠠᠬᠤ ᠠᠵᠢᠯ ᠳᠤ ᠪᠤᠳᠠᠳᠤ ᠦᠷ᠎ᠡ ᠪᠦᠳᠦᠮᠵᠢ ᠡᠬᠦᠳᠬᠦ ᠶᠢ ᠪᠠᠳᠤᠯᠠᠬᠤ ᠭᠡᠷᠡᠭᠳᠠᠢ ᠭᠡᠵᠤ ᠱᠠᠭᠠᠷᠳᠠᠪᠠ᠃      ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠠᠴᠠ᠂ ᠲᠠᠭ᠎ᠠ ᠶᠢᠨ ᠨᠠᠭᠤᠷ ᠤᠨ ᠠᠮᠢ ᠠᠬᠤᠢ ᠤᠷᠴᠢᠨ ᠲᠤᠭᠤᠷᠢᠨ ᠤ ᠵᠠᠰᠠᠯᠳᠠ ᠶᠢᠨ ᠲᠦᠯᠤᠪᠵᠢᠭᠦᠯᠵᠥ ᠬᠡᠷᠡᠭᠵᠢᠬᠦᠯᠬᠦ ᠪᠠᠶᠢᠳᠠᠯ ᠢ ᠤᠯᠠᠮ ᠴᠢᠨᠠᠭᠰᠢᠳᠠ ᠪᠠᠶᠢᠴᠠᠭᠠᠨ ᠲᠤᠳᠤᠯᠠᠬᠤ ᠮᠦᠷᠳᠡᠭᠡᠨ ᠱᠠᠭᠠᠷᠳᠠᠯᠭ᠎ᠠ ᠶᠤᠰᠤᠭᠠᠷ ᠳᠠᠷᠠᠭᠠᠴᠢ ᠶᠢᠨ ᠰᠢᠮᠳᠠᠭᠤᠯᠤᠨ ᠪᠠᠶᠢᠴᠠᠭᠠᠬᠤ ᠠᠵᠢᠯ ᠢᠶᠠᠨ ᠰᠠᠶᠢᠲᠤᠷ ᠬᠢᠨ᠎ᠡ ᠭᠡᠵᠤ ᠢᠯᠡᠳᠭᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号