2018 ᠣᠨ ᠤ 6 ᠳ᠋ᠤᠭᠠᠷ ᠰᠠᠷ᠎ᠠ ᠶᠢᠨ 12 ᠤᠨ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠵᠤ ᠠᠬᠤᠶᠢᠯᠠᠯ ᠡᠷᠬᠢᠯᠡᠨ ᠪᠠᠶᠢᠭᠤᠯᠬᠤ ᠴᠠᠭ ᠢ ᠤᠯᠠᠮ ᠨᠢᠭᠡ ᠠᠯᠬᠤᠮ ᠪᠤᠭᠤᠨᠢᠰᠬᠠᠬᠤ ᠶᠢᠨ | ᠬᠡᠷᠡᠭᠵᠢᠭᠦᠯᠬᠦ ᠲᠥᠰᠥᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2018﹈ 37 ᠳ᠋ᠤᠭᠠᠷ ᠲᠣᠭᠠᠲᠤ᠂ | ᠳᠣᠷᠣᠭᠰᠢ ︽ᠬᠡᠷᠡᠭᠵᠢᠭᠦᠯᠬᠦ ᠲᠥᠰᠥᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠣᠶᠢᠷ᠎ᠠ ᠳᠤ᠂ | ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ | ᠲᠣᠪᠴᠢᠶ᠎ᠠ ᠠᠴᠠ ︽ᠬᠡᠷᠡᠭᠵᠢᠭᠦᠯᠬᠦ ᠲᠥᠰᠥᠯ︾ ᠤᠨ ᠲᠤᠬᠠᠢ ᠲᠠᠶᠢᠯᠤᠮᠵᠢ ᠬᠢᠵᠡᠢ᠃ | ᠨᠢᠭᠡ ᠳᠤ᠂ ︽ᠬᠡᠷᠡᠭᠵᠢᠭᠦᠯᠬᠦ ᠲᠥᠰᠥᠯ︾ ᠢ ᠨᠡᠶᠢᠲᠡᠯᠡᠭᠰᠡᠨ ᠠᠬᠤᠢ ᠪᠠᠶᠢᠳᠠᠯ | 2018 ᠣᠨ ᠤ 4 ᠳ᠋ᠦ᠋ᠭᠡᠷ ᠰᠠᠷ᠎ᠠ ᠶᠢᠨ 27 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠠᠨ | ᠵᠧᠩ ᠳᠡᠳ᠋ ᠶᠡᠷᠦᠩᠬᠡᠢ ᠰᠠᠶᠢᠳ ᠬᠤᠷᠠᠯ ᠡᠷᠬᠢᠯᠡᠨ ᠬᠤᠷᠠᠯᠳᠤᠭᠤᠯᠵᠤ᠂ ᠪᠡᠭᠡᠵᠢᠩ᠂ ᠱᠠᠩᠬᠠᠢ᠂ ᠭᠤᠸᠠᠩᠵᠧᠦ᠂ | ᠱᠧᠨᠵᠧᠨ ᠵᠢᠴᠢ ᠪᠤᠰᠤᠳ ᠰᠢᠭᠤᠳ ᠬᠠᠷᠢᠶ᠎ᠠ ᠬᠤᠲᠠ᠂ ᠠᠰ ᠲᠠᠭᠠᠨ ᠲᠥᠯᠥᠪᠯᠡᠭᠡ ᠬᠢᠬᠦ ᠬᠤᠲᠠ᠂ ᠳᠡᠳ᠋ | ᠮᠤᠵᠢ ᠶᠢᠨ ᠱᠠᠲᠤᠨ ᠤ ᠬᠤᠲᠠ᠂ ᠮᠤᠵᠢ ᠶᠢᠨ ᠲᠥᠪ ᠤᠨ ᠬᠤᠲᠠ ᠨᠢ 2018 ᠣᠨ ᠤ ᠡᠴᠦᠰ ᠠᠴᠠ ᠡᠮᠦᠨ᠎ᠡ | ᠠᠵᠤ ᠠᠬᠤᠶᠢᠯᠠᠯ ᠡᠷᠬᠢᠯᠡᠨ ᠪᠠᠶᠢᠭᠤᠯᠬᠤ ᠴᠠᠭ ᠢ 8.5 ᠠᠵᠢᠯᠯᠠᠬᠤ ᠡᠳᠦᠷ ᠤᠨ ᠳᠣᠲᠣᠷ᠎ᠠ ᠪᠣᠯᠲᠠᠯ᠎ᠠ | ᠪᠤᠭᠤᠨᠢᠰᠬᠠᠬᠤ ᠶᠢ ᠪᠡᠶᠡᠯᠡᠭᠦᠯᠬᠦ ᠬᠡᠷᠡᠭᠲᠡᠢ᠃ 2019 ᠣᠨ ᠤ 6 ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ | ᠂ ᠪᠦᠬᠦ ᠤᠯᠤᠰ ᠤᠨ ᠬᠡᠪᠴᠢᠶᠡᠨ ᠳᠤ ᠠᠵᠤ ᠠᠬᠤᠶᠢᠯᠠᠯ ᠡᠷᠬᠢᠯᠡᠨ ᠪᠠᠶᠢᠭᠤᠯᠬᠤ ᠴᠠᠭ ᠢ 8.5 ᠡᠳᠦᠷ ᠪᠣᠯᠲᠠᠯ᠎ᠠ | ᠪᠤᠭᠤᠨᠢᠰᠬᠠᠬᠤ ᠬᠠᠷᠠᠯᠲᠠ ᠶᠢ ᠪᠡᠶᠡᠯᠡᠭᠦᠯᠬᠦ ᠬᠡᠷᠡᠭᠲᠡᠢ ᠭᠡᠵᠦ ᠲᠣᠳᠣᠷᠬᠠᠢ ᠵᠢᠭᠠᠵᠤ ᠭᠠᠷᠭᠠᠪᠠ᠃ | 5 ᠳ᠋ᠤᠭᠠᠷ ᠰᠠᠷ᠎ᠠ ᠶᠢᠨ 2 ᠤᠨ ᠡᠳᠦᠷ᠂ ᠯᠢ ᠺᠧ ᠴᠢᠶᠠᠩ ᠶᠡᠷᠦᠩᠬᠡᠢ ᠰᠠᠶᠢᠳ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠠᠵᠤ ᠠᠬᠤᠶᠢᠯᠠᠯ ᠢ ᠪᠠᠶᠢᠭᠤᠯᠬᠤ ᠠᠴᠠ | ᠶᠡᠷᠦᠳᠡ ᠶᠢᠨ ᠴᠢᠨᠠᠷᠲᠠᠢ ᠡᠵᠡᠩᠨᠡᠯᠲᠡ ᠶᠢᠨ ᠨᠥᠬᠦᠴᠡᠯ ᠢ ᠪᠦᠷᠢᠳᠦᠭᠦᠯᠬᠦ ᠬᠦᠷᠲᠡᠯᠡᠬᠢ ᠭᠦᠢᠴᠡᠳᠬᠡᠬᠦ ᠭᠤᠭᠴᠤᠭ᠎ᠠ ᠶᠢ | ᠤᠯᠠᠮ ᠨᠢᠭᠡ ᠠᠯᠬᠤᠮ ᠴᠣᠮᠬᠠᠳᠬᠠᠨ᠂ ᠠᠵᠤ ᠠᠬᠤᠶᠢᠯᠠᠯ ᠤᠨ ᠳᠠᠩᠰᠠᠯᠠᠬᠤ ᠪᠦᠬᠦ ᠶᠠᠪᠤᠴᠠ ᠶᠢ | ᠡᠯᠧᠺᠲᠷᠣᠨᠴᠢᠯᠡᠬᠦ ᠶᠢ ᠬᠡᠷᠡᠭᠵᠢᠭᠦᠯᠵᠦ᠂ ᠠᠯᠪᠠᠨ ᠲᠠᠮᠠᠭ᠎ᠠ ᠶᠢ ᠰᠡᠶᠢᠯᠦᠨ ᠵᠣᠬᠢᠶᠠᠵᠤ ᠪᠦᠷᠢᠳᠬᠡᠨ ᠳᠠᠩᠰᠠᠯᠠᠬᠤ ᠶᠢ ︽ | ᠣᠯᠠᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠬᠤ︾ ᠵᠦᠢᠯᠡᠰ ᠲᠤ ᠣᠷᠣᠭᠤᠯᠵᠤ᠂ ᠠᠵᠤ ᠠᠬᠤᠶᠢᠯᠠᠯ ᠤᠨ ᠪᠠᠷᠢᠮᠲᠠ | ᠭᠤᠶᠤᠴᠢᠯᠠᠨ ᠠᠪᠬᠤ ᠴᠠᠭ ᠢ ᠪᠤᠭᠤᠨᠢᠰᠬᠠᠨ᠂ ᠠᠵᠤ ᠠᠬᠤᠶᠢᠯᠠᠯ ᠪᠠᠶᠢᠭᠤᠯᠤᠨ ᠡᠷᠬᠢᠯᠡᠬᠦ ᠴᠠᠭ ᠢ ᠬᠠᠭᠠᠰ ᠠᠴᠠ | ᠳᠡᠭᠡᠭᠰᠢ ᠬᠠᠰᠤᠨ ᠪᠠᠭᠠᠰᠬᠠᠵᠤ᠂ 8.5 ᠡᠳᠦᠷ ᠤᠨ ᠳᠣᠲᠣᠷ᠎ᠠ ᠪᠣᠯᠲᠠᠯ᠎ᠠ ᠬᠠᠰᠤᠨ᠂ ᠡᠵᠡᠩᠨᠡᠨ | ᠬᠤᠳᠠᠯᠳᠤᠭᠠᠯᠠᠬᠤ ᠶᠢᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠬᠡᠷᠡᠭᠲᠡᠢ ᠭᠡᠵᠦ | ᠲᠣᠭᠲᠠᠭᠠᠵᠠᠢ᠃ | 5 ᠳ᠋ᠤᠭᠠᠷ ᠰᠠᠷ᠎ᠠ ᠶᠢᠨ 14 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠠᠴᠠ | ︽ᠠᠵᠤ ᠠᠬᠤᠶᠢᠯᠠᠯ ᠡᠷᠬᠢᠯᠡᠨ ᠪᠠᠶᠢᠭᠤᠯᠬᠤ ᠴᠠᠭ ᠢ ᠤᠯᠠᠮ ᠨᠢᠭᠡ ᠠᠯᠬᠤᠮ ᠪᠤᠭᠤᠨᠢᠰᠬᠠᠬᠤ ᠲᠤᠬᠠᠢ ᠰᠠᠨᠠᠯ︾ ︵ | ᠲᠥᠷᠥ ᠠᠯᠪᠠᠨ ᠲᠠᠷᠬᠠᠭᠠᠭᠰᠠᠨ ﹇2018﹈ 32 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ ᠠᠵᠤ | ᠠᠬᠤᠶᠢᠯᠠᠯ ᠡᠷᠬᠢᠯᠡᠨ ᠪᠠᠶᠢᠭᠤᠯᠬᠤ ᠴᠠᠭ ᠢ ᠪᠤᠭᠤᠨᠢᠰᠬᠠᠬᠤ ᠠᠵᠢᠯ ᠤᠨ ᠱᠠᠭᠠᠷᠳᠠᠯᠭ᠎ᠠ ᠪᠠ ᠬᠠᠷᠠᠯᠲᠠ ᠶᠢ ᠤᠯᠠᠮ ᠨᠢᠭᠡ | ᠠᠯᠬᠤᠮ ᠲᠣᠳᠣᠷᠬᠠᠶᠢᠯᠠᠪᠠ᠃ | ᠬᠤᠶᠠᠷ᠂ ︽ᠬᠡᠷᠡᠭᠵᠢᠭᠦᠯᠬᠦ ᠲᠥᠰᠥᠯ︾ ᠢ ᠨᠡᠶᠢᠲᠡᠯᠡᠭᠰᠡᠨ ᠬᠠᠷᠠᠯᠲᠠ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ | ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠣᠯᠭᠠᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠠᠲᠤ ᠴᠢᠩᠭ᠎ᠠ ᠪᠣᠢ ᠪᠣᠯᠭᠠᠬᠤ ᠪᠠ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠤᠯᠠᠮ ᠨᠢᠭᠡ ᠠᠯᠬᠤᠮ | ᠰᠢᠯᠢᠳᠡᠭᠵᠢᠭᠦᠯᠬᠦ ᠲᠤᠬᠠᠢ ᠨᠠᠮ ᠤᠨ ᠲᠥᠪ ᠬᠤᠷᠢᠶ᠎ᠠ ᠪᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ | ᠪᠣᠳᠣᠯᠭ᠎ᠠ ᠶᠢᠨ ᠪᠠᠶᠢᠷᠢᠰᠢᠭᠤᠯᠤᠯᠲᠠ ᠶᠣᠰᠣᠭᠠᠷ᠂ ︽ᠳᠤᠷᠤᠭᠰᠢ ᠪᠠᠭᠤᠯᠭᠠᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ | ᠳᠥᠭᠦᠮ ᠳᠦᠳᠡ᠂ ᠪᠤᠰᠢᠭᠤ ᠲᠥᠷᠭᠡᠨ᠂ ᠡᠮᠬᠢ ᠵᠢᠷᠤᠮ ᠲᠠᠢ ᠲᠣᠭᠲᠠᠴᠠ ᠶᠢ ᠪᠠᠶᠢᠭᠤᠯᠤᠨ᠂ ᠠᠵᠤ ᠠᠬᠤᠶᠢᠯᠠᠯ | ᠡᠷᠬᠢᠯᠡᠨ ᠪᠠᠶᠢᠭᠤᠯᠬᠤ ᠭᠤᠭᠴᠤᠭ᠎ᠠ ᠨᠢ ᠣᠯᠠᠨ᠂ ᠠᠯᠬᠤᠮ ᠳᠠᠷᠠᠭᠠᠯᠠᠯ ᠨᠢ ᠤᠷᠲᠤ᠂ ᠰᠠᠯᠠᠭ᠎ᠠ ᠮᠥᠴᠢᠷ ᠤᠳ ᠤᠨ | ᠬᠤᠭᠤᠷᠣᠨᠳᠤ ᠪᠠᠨ ᠮᠡᠳᠡᠭᠡ ᠵᠠᠩᠭᠢ ᠶᠢ ᠬᠠᠮᠲᠤ ᠳᠠᠭᠠᠨ ᠬᠦᠷᠲᠡᠬᠦ ᠵᠢᠴᠢ ᠬᠠᠷᠢᠯᠴᠠᠨ ᠨᠡᠪᠲᠡᠷᠡᠭᠦᠯᠵᠦ ᠬᠠᠷᠢᠯᠴᠠᠨ | ᠮᠡᠳᠡᠷᠡᠬᠦ ᠳᠤ ᠰᠠᠭᠠᠳ ᠲᠠᠢ ᠪᠠᠶᠢᠬᠤ ᠵᠡᠷᠭᠡ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠡᠵᠡᠩᠨᠡᠨ | ᠬᠤᠳᠠᠯᠳᠤᠭᠠᠯᠠᠬᠤ ᠣᠷᠴᠢᠨ ᠨᠦᠬᠦᠴᠡᠯ ᠢ ᠬᠦᠴᠦᠯᠡᠨ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ ᠠᠮᠢᠵᠢᠷᠠᠯ ᠤᠨ | ᠬᠦᠴᠦᠨ ᠪᠠ ᠨᠡᠶᠢᠭᠡᠮ ᠤᠨ ᠪᠦᠲᠦᠭᠡᠯᠴᠢ ᠬᠦᠴᠦᠨ ᠢ ᠬᠥᠭᠵᠢᠭᠡᠨ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠬᠡᠷᠡᠭᠲᠡᠢ᠃ | 2018 ᠣᠨ ᠤ 10 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠮᠠᠨ ᠤ ᠣᠷᠣᠨ ᠤ ᠠᠵᠤ ᠠᠬᠤᠶᠢᠯᠠᠯ | ᠡᠷᠬᠢᠯᠡᠨ ᠪᠠᠶᠢᠭᠤᠯᠬᠤ ᠳᠤ ᠠᠵᠤ ᠦᠢᠯᠡᠳᠪᠦᠷᠢ ᠬᠤᠳᠠᠯᠳᠤᠭᠠᠨ ᠤ ᠳᠠᠩᠰᠯᠠᠠᠨ ᠲᠡᠮᠲᠡᠭᠯᠡᠬᠦ᠂ ᠲᠠᠮᠠᠭ᠎ᠠ ᠰᠡᠶᠢᠯᠦᠨ | ᠵᠣᠬᠢᠶᠠᠬᠤ᠂ ᠪᠠᠷᠢᠮᠲᠠ ᠭᠤᠶᠤᠴᠢᠯᠠᠨ ᠠᠪᠬᠤ ᠭᠤᠷᠪᠠᠨ ᠭᠤᠭᠴᠤᠭ᠎ᠠ ᠶᠢᠨ ᠭᠦᠢᠴᠡᠳᠬᠡᠬᠦ ᠴᠠᠭ ᠢ 5 ᠠᠵᠢᠯᠯᠠᠬᠤ | ᠡᠳᠦᠷ ᠤᠨ ᠳᠣᠲᠣᠷ᠎ᠠ ᠪᠣᠯᠲᠠᠯ᠎ᠠ ᠬᠠᠰᠤᠨ ᠪᠤᠭᠤᠨᠢᠰᠬᠠᠨ᠎ᠠ᠃ ᠡᠭᠦᠨ ᠳᠤ᠂ ᠦᠢᠯᠡᠳᠪᠦᠷᠢ ᠬᠤᠳᠠᠯᠳᠤᠭᠠᠨ ᠤ | ᠳᠠᠩᠰᠠᠯᠠᠨ ᠲᠡᠮᠲᠡᠭᠯᠡᠬᠦ ᠵᠦᠢᠯᠡᠰ ᠤᠨ ᠭᠦᠢᠴᠡᠳᠬᠡᠬᠦ ᠴᠠᠭ ᠢ 3 ᠡᠳᠦᠷ ᠠᠴᠠ ᠬᠡᠲᠦᠷᠡᠭᠦᠯᠵᠦ ᠪᠣᠯᠬᠤ ᠦᠭᠡᠢ᠂ | ᠲᠠᠮᠠᠭ᠎ᠠ ᠰᠡᠶᠢᠯᠦᠨ ᠵᠣᠬᠢᠶᠠᠬᠤ ᠴᠠᠭ ᠢ 1 ᠡᠳᠦᠷ ᠠᠴᠠ ᠬᠡᠲᠦᠷᠡᠭᠦᠯᠵᠦ ᠪᠣᠯᠬᠤ ᠦᠭᠡᠢ᠂ ᠪᠠᠷᠢᠮᠲᠠ ᠭᠤᠶᠤᠴᠢᠯᠠᠨ | ᠠᠪᠬᠤ ᠴᠠᠭ ᠢ 1 ᠡᠳᠦᠷ ᠠᠴᠠ ᠬᠡᠲᠦᠷᠡᠭᠦᠯᠵᠦ ᠪᠣᠯᠬᠤ ᠦᠭᠡᠢ᠃ | ᠭᠤᠷᠪᠠ᠂ ︽ᠬᠡᠷᠡᠭᠵᠢᠭᠦᠯᠬᠦ ᠲᠥᠰᠥᠯ︾ ᠤᠨ ᠭᠤᠣᠯ ᠡᠭᠦᠷᠭᠡ | ᠨᠢᠭᠡ ᠳᠤ᠂ ᠠᠵᠤ ᠠᠬᠤᠶᠢᠯᠠᠯ ᠤᠨ ᠨᠡᠷᠡᠶᠢᠳᠦᠯ ᠤᠨ ᠳᠠᠩᠰᠠᠯᠠᠨ ᠲᠡᠮᠲᠡᠭᠯᠡᠬᠦ ᠳᠦᠷᠢᠮ ᠳᠤ ᠥᠭᠡᠷᠡᠴᠢᠯᠡᠯᠲᠡ | ᠬᠢᠨ᠎ᠡ᠃ ᠠᠵᠤ ᠠᠬᠤᠶᠢᠯᠠᠯ ᠤᠨ ᠨᠡᠷᠡᠶᠢᠳᠦᠯ ᠢ ᠤᠷᠢᠳ ᠢᠶᠠᠷ ᠬᠠᠷᠭᠤᠭᠤᠯᠤᠨ ᠵᠥᠪᠰᠢᠶᠡᠷᠡᠬᠦ ᠶᠢ ᠬᠦᠴᠦᠨ ᠦᠭᠡᠢ | ᠪᠣᠯᠭᠠᠵᠤ᠂ ᠠᠵᠤ ᠠᠬᠤᠶᠢᠯᠠᠯ ᠢ ᠳᠠᠩᠰᠠᠯᠠᠨ ᠲᠡᠮᠲᠡᠭᠯᠡᠬᠦ ᠭᠤᠭᠴᠤᠭ᠎ᠠ ᠶᠢ ᠬᠠᠰᠤᠨ ᠪᠠᠭᠠᠰᠬᠠᠵᠤ᠂ ᠨᠡᠷᠡᠶᠢᠳᠦᠯ ᠢᠶᠠᠨ | ᠪᠡᠶ᠎ᠡ ᠪᠠᠨ ᠳᠠᠭᠠᠭᠠᠵᠤ ᠭᠤᠶᠤᠴᠢᠯᠠᠨ ᠮᠡᠳᠡᠭᠦᠯᠬᠦ ᠳᠦᠷᠢᠮ ᠢ ᠬᠡᠷᠡᠭᠵᠢᠭᠦᠯᠵᠦ᠂ ᠡᠷᠬᠡ ᠶᠢ ᠬᠠᠮᠤᠭ ᠤᠨ ᠶᠡᠭᠡ | ᠬᠡᠮᠵᠢᠶ᠎ᠡ ᠪᠠᠷ ᠠᠵᠤ ᠠᠬᠤᠶᠢᠯᠠᠯ ᠳᠤ ᠲᠠᠯᠪᠢᠨ ᠥᠭᠴᠦ᠂ ᠠᠵᠤ ᠠᠬᠤᠶᠢᠯᠠᠯ ᠤᠨ ᠨᠡᠷᠡᠶᠢᠳᠦᠯ ᠢ ᠲᠤᠬᠠᠢ ᠶᠢᠨ | ᠲᠠᠯᠠᠪᠠᠢ ᠳᠤᠨᠢ ᠬᠠᠷᠭᠤᠭᠤᠯᠤᠨ ᠵᠥᠪᠰᠢᠶᠡᠷᠡᠬᠦ ᠶᠢ ᠪᠡᠶᠡᠯᠡᠭᠦᠯᠦᠨ᠎ᠡ᠃ | ᠬᠤᠶᠠᠷ ᠲᠤ᠂ ᠲᠡᠮᠲᠡᠭᠯᠡᠵᠦ ᠳᠠᠩᠰᠠᠯᠠᠬᠤ ᠶᠢ ᠳᠦᠭᠦᠮ ᠠᠪᠰᠠᠷᠬᠠᠨ ᠪᠣᠯᠭᠠᠬᠤ ᠶᠢ ᠦᠷᠭᠦᠯᠵᠢᠯᠡᠨ | ᠠᠬᠢᠭᠤᠯᠤᠨ᠎ᠠ᠃ ︽ᠣᠯᠠᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠬᠤ︾᠂ ︽ᠨᠢᠭᠡ ᠴᠣᠩᠬᠤᠪᠴᠢ ᠪᠠᠷ ᠬᠦᠯᠢᠶᠡᠨ | ᠠᠪᠴᠤ ᠭᠦᠢᠴᠡᠳᠬᠡᠬᠦ︾᠂ ︽ᠭᠡᠷᠡᠴᠢ ᠦᠨᠡᠮᠯᠡᠯ ᠢ ᠰᠠᠯᠭᠠᠬᠤ︾ ᠵᠡᠷᠭᠡ ᠪᠣᠳᠠᠲᠠᠢ ᠠᠷᠭ᠎ᠠ ᠬᠡᠮᠵᠢᠶ᠎ᠡ ᠲᠠᠢ | ᠤᠶᠠᠯᠳᠤᠭᠤᠯᠤᠨ᠂ ᠠᠵᠤ ᠠᠬᠤᠶᠢᠯᠠᠯ ᠤᠨ ᠳᠠᠩᠰᠠᠯᠠᠬᠤ ᠪᠦᠬᠦ ᠶᠠᠪᠤᠴᠠ ᠶᠢ ᠺᠣᠮᠫᠢᠦ᠋ᠲ᠋ᠧᠷᠴᠢᠯᠡᠨ ᠡᠯᠧᠺᠲᠷᠣᠨᠴᠢᠯᠡᠬᠦ | ᠵᠢᠴᠢ ᠵᠠᠭᠤᠴᠢ ᠦᠭᠡᠢ ᠡᠯᠧᠺᠲᠷᠣᠨ ᠡᠵᠡᠩᠨᠡᠯᠲᠡ ᠶᠢᠨ ᠦᠨᠡᠮᠯᠡᠯ ᠤᠨ ᠥᠭᠡᠷᠡᠴᠢᠯᠡᠯᠲᠡ ᠶᠢ ᠶᠡᠭᠡ ᠪᠠᠷ ᠠᠬᠢᠭᠤᠯᠵᠤ᠂ | ᠮᠡᠳᠡᠭᠡ ᠵᠠᠩᠭᠢᠵᠢᠯᠲᠠ ᠶᠢᠨ ᠠᠷᠭ᠎ᠠ ᠠᠪᠴᠢᠯ ᠢ ᠠᠰᠢᠭᠯᠠᠨ ᠠᠵᠤ ᠠᠬᠤᠶᠢᠯᠠᠯ ᠤᠨ ᠪᠦᠬᠦ ᠲᠥᠷᠥᠯ ᠬᠡᠯᠪᠡᠷᠢ ᠪᠠ | ᠳᠠᠩᠰᠠᠯᠠᠨ ᠲᠡᠮᠲᠡᠭᠯᠡᠬᠦ ᠲᠣᠬᠠᠶᠢᠯᠠᠭᠰᠠᠨ ᠠᠵᠢᠯ ᠪᠦᠬᠦᠨ ᠢ ᠰᠦᠯᠵᠢᠶ᠎ᠡ ᠪᠠᠷ ᠭᠦᠢᠴᠡᠳᠬᠡᠬᠦ ᠶᠢ ᠪᠡᠶᠡᠯᠡᠭᠦᠯᠵᠦ᠂ | ᠰᠠᠯᠠᠭ᠎ᠠ ᠮᠥᠴᠢᠷ ᠤᠳ ᠳᠠᠩᠰᠠᠯᠠᠭᠰᠠᠨ ᠮᠡᠳᠡᠭᠡ ᠵᠠᠩᠭᠢ ᠪᠠᠨ ᠬᠠᠷᠢᠯᠴᠠᠨ ᠬᠤᠯᠪᠣᠯᠳᠤᠭᠤᠯᠤᠨ ᠬᠠᠮᠲᠤ ᠳᠠᠭᠠᠨ | ᠬᠦᠷᠲᠡᠬᠦ ᠪᠠ ᠬᠠᠷᠢᠯᠴᠠᠨ ᠨᠡᠪᠲᠡᠷᠡᠭᠦᠯᠦᠨ ᠬᠠᠷᠢᠯᠴᠠᠨ ᠮᠡᠳᠡᠷᠡᠵᠦ᠂ ᠠᠵᠤ ᠠᠬᠤᠶᠢᠯᠠᠯ ᠳᠤ ᠠᠵᠢᠯ ᠢᠶᠠᠨ | ᠰᠦᠯᠵᠢᠶ᠎ᠡ ᠪᠠᠷ ᠭᠦᠢᠴᠡᠳᠬᠡᠬᠦ᠂ ᠪᠦᠬᠦ ᠶᠠᠪᠤᠴᠠ ᠳᠤ ᠨᠢᠭᠤᠷᠳᠠᠬᠤ ᠦᠭᠡᠢ᠂ ᠮᠠᠲ᠋ᠧᠷᠢᠶᠠᠯ ᠥᠯᠥ ᠲᠤᠰᠢᠶᠠᠬᠤ | ᠬᠠᠮᠤᠭ ᠤᠨ ᠶᠡᠭᠡ ᠳᠥᠭᠦᠮ ᠨᠥᠬᠦᠴᠡᠯ ᠬᠠᠩᠭᠠᠨ᠎ᠠ᠃ | ᠭᠤᠷᠪᠠ ᠳᠤ᠂ ᠭᠠᠶᠢᠯᠢ ᠶᠢᠨ ᠶᠠᠪᠤᠳᠠᠯ ᠳᠤ ᠬᠤᠯᠪᠣᠭᠳᠠᠭᠰᠠᠨ ᠵᠦᠢᠯᠡᠰ ᠤᠨ ᠭᠦᠢᠴᠡᠳᠬᠡᠬᠦ ᠴᠤᠪᠤᠷᠠᠯ ᠢ | ᠴᠣᠮᠬᠠᠳᠬᠠᠨ᠎ᠠ᠃ ᠠᠵᠤ ᠠᠬᠤᠶᠢᠯᠠᠯ ᠤᠨ ᠠᠩᠬᠠᠳᠤᠭᠠᠷ ᠤᠳᠠᠭᠠᠨ ᠤ ᠭᠠᠶᠢᠯᠢ ᠭᠦᠢᠴᠡᠳᠬᠡᠬᠦ ᠳᠤ ᠨᠥᠬᠦᠪᠦᠷᠢᠯᠡᠬᠦ | ᠮᠡᠳᠡᠭᠡ ᠵᠠᠩᠭᠢ ᠶᠢ ᠨᠦᠬᠦᠪᠦᠷᠢᠯᠡᠨ ᠲᠡᠮᠲᠡᠭᠯᠡᠬᠦ ᠶᠢ ᠬᠦᠴᠦᠨ ᠦᠭᠡᠢ ᠪᠣᠯᠭᠠᠵᠤ᠂ ᠠᠵᠤ ᠠᠬᠤᠶᠢᠯᠠᠯ ᠤᠨ ᠠᠩᠬᠠᠳᠤᠭᠠᠷ | ᠤᠳᠠᠭ᠎ᠠ ᠥᠷᠲᠡᠭ ᠨᠡᠮᠡᠭᠳᠡᠯ ᠤᠨ ᠭᠠᠶᠢᠯᠢ ᠶᠢᠨ ᠪᠠᠷᠢᠮᠲᠠ ᠭᠤᠶᠤᠴᠢᠯᠠᠨ ᠠᠪᠬᠤ ᠦᠶ᠎ᠡ ᠳᠤ ᠬᠠᠩᠭᠠᠭᠰᠠᠨ ᠮᠡᠳᠡᠭᠡ | ᠵᠠᠩᠭᠢ ᠪᠠᠷ ᠨᠢ ᠨᠤᠲᠠᠯᠠᠬᠤ ᠪᠣᠯᠭᠠᠨ ᠥᠭᠡᠷᠡᠴᠢᠯᠡᠵᠦ᠂ ᠤᠤᠯ ᠤᠨ ᠤᠯᠤᠰ ᠤᠨ ᠭᠠᠶᠢᠯᠢ᠂ ᠣᠷᠣᠨ ᠨᠤᠲᠤᠭ ᠤᠨ | ᠭᠠᠶᠢᠯᠢ ᠶᠢᠨ ᠠᠯᠢ ᠨᠢᠭᠡ ᠨᠢ ᠬᠦᠯᠢᠶᠡᠨ ᠠᠪᠴᠤ ᠭᠦᠢᠴᠡᠳᠬᠡᠬᠦ ᠪᠠ ᠰᠦᠯᠵᠢᠶ᠎ᠡ ᠨᠡᠪᠲᠡᠷᠡᠭᠦᠯᠦᠨ ᠨᠢᠭᠡᠳᠦᠯᠲᠡᠢ | ᠭᠦᠢᠴᠡᠳᠬᠡᠬᠦ ᠶᠢ ᠬᠡᠷᠡᠭᠵᠢᠭᠦᠯᠵᠦ᠂ ︽ᠬᠠᠭᠤᠳᠠᠰᠤ ᠥᠯᠥ ᠲᠠᠭᠯᠠᠬᠤ︾ ᠦᠢᠯᠡᠴᠢᠯᠡᠭᠡ ᠬᠠᠩᠭᠠᠨ᠎ᠠ᠃ ᠭᠠᠶᠢᠯᠢ ᠶᠢᠨ | ᠲᠦᠷᠦᠯ ᠢ ᠮᠠᠭᠠᠳᠯᠠᠨ ᠲᠣᠭᠲᠠᠭᠠᠬᠤ ᠳᠤ ᠭᠠᠶᠢᠯᠢ ᠲᠤᠰᠢᠶᠠᠭᠴᠢᠳ ᠬᠠᠮᠢᠶ᠎ᠠ ᠪᠦᠬᠦᠢ ᠮᠠᠲ᠋ᠧᠷᠢᠶᠠᠯ ᠬᠠᠩᠭᠠᠬᠤ | ᠴᠢᠬᠤᠯᠠ ᠦᠭᠡᠢ᠂ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠠᠴᠠ ᠡᠭᠦᠷᠭᠡ ᠲᠤᠰᠢᠶᠠᠯ ᠤᠨ ᠢᠶᠠᠨ ᠶᠣᠰᠣᠭᠠᠷ | ᠳᠠᠷᠤᠶᠢᠬᠠᠨ ᠭᠦᠢᠴᠡᠳᠬᠡᠨ᠎ᠡ︔ ᠠᠵᠤ ᠠᠬᠤᠶᠢᠯᠠᠯ ᠤᠳ 10 ᠲᠦᠮᠡᠨ ᠲᠥᠭᠦᠷᠢᠭ ︵ ᠪᠠᠭᠲᠠᠭᠠᠨ᠎ᠠ︶ ᠠᠴᠠ | ᠳᠣᠷᠣᠭᠰᠢᠬᠢ ᠥᠷᠲᠡᠭ ᠨᠡᠮᠡᠭᠳᠡᠯ ᠤᠨ ᠭᠠᠶᠢᠯᠢ ᠳᠤ ᠲᠤᠰᠬᠠᠢ ᠬᠡᠷᠡᠭᠯᠡᠬᠦ ᠪᠠᠷᠢᠮᠲᠠ ᠪᠠ ᠥᠷᠲᠡᠭ ᠨᠡᠮᠡᠭᠳᠡᠯ ᠤᠨ | ᠭᠠᠶᠢᠯᠢ ᠶᠢᠨ ᠡᠩ ᠤᠨ ᠪᠠᠷᠢᠮᠲᠠ᠂ ᠲᠣᠭᠲᠠᠭᠰᠠᠨ ᠲᠣᠭᠠᠨ ᠤ ᠪᠠᠷᠢᠮᠲᠠ ᠶᠢ ᠭᠤᠶᠤᠴᠢᠯᠠᠨ ᠠᠪᠴᠤ ᠬᠡᠷᠡᠭᠯᠡᠬᠦ ᠳᠤ᠂ | ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠠᠴᠠ ᠲᠤᠬᠠᠢ ᠶᠢᠨ ᠲᠠᠯᠠᠪᠠᠢ ᠳᠤ ᠬᠦᠯᠢᠶᠡᠨ ᠠᠪᠴᠤ ᠭᠦᠢᠴᠡᠳᠬᠡᠬᠦ ᠪᠠ | ᠳᠠᠷᠤᠶᠢᠬᠠᠨ ᠭᠦᠢᠴᠡᠳᠬᠡᠵᠦ ᠳᠠᠭᠤᠰᠬᠠᠨ᠎ᠠ︔ ︽ᠡᠯᠧᠺᠲᠷᠣᠨ ᠭᠠᠶᠢᠯᠢ ᠶᠢᠨ ᠶᠠᠪᠤᠳᠠᠯ ᠤᠨ ᠲᠣᠪᠴᠢᠶ᠎ᠠ︾ ᠶᠢᠨ | ᠰᠢᠰᠲ᠋ᠧᠮᠵᠢ ᠶᠢ ᠲᠡᠭᠦᠯᠳᠡᠷᠵᠢᠭᠦᠯᠦᠨ᠂ ᠰᠢᠨ᠎ᠡ ᠪᠠᠷ ᠪᠠᠶᠢᠭᠤᠯᠤᠨ ᠡᠷᠬᠢᠯᠡᠭᠰᠡᠨ ᠭᠠᠶᠢᠯᠢ ᠲᠤᠰᠢᠶᠠᠭᠴᠢᠳ ᠲᠤ ᠢᠵᠢ | ᠦᠢᠯᠡᠴᠢᠯᠡᠭᠡ ᠬᠠᠩᠭᠠᠵᠤ᠂ ᠭᠠᠶᠢᠯᠢ ᠳᠤ ᠬᠤᠯᠪᠣᠭᠳᠠᠭᠰᠠᠨ ᠣᠯᠠᠨ ᠵᠦᠢᠯᠡᠰ ᠢ ᠨᠢᠭᠡ ᠯᠡ ᠤᠳᠠᠭ᠎ᠠ ᠪᠠᠷ | ᠭᠦᠢᠴᠡᠳᠬᠡᠵᠦ ᠳᠠᠭᠤᠰᠬᠠᠨ᠎ᠠ᠃ | ᠳᠥᠷᠪᠡ ᠳᠤ᠂ ᠲᠠᠮᠠᠭ᠎ᠠ ᠰᠡᠶᠢᠯᠦᠨ ᠵᠣᠬᠢᠶᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠠᠵᠤ | ᠠᠬᠤᠶᠢᠯᠠᠯ ᠪᠠᠶᠢᠭᠤᠯᠤᠨ ᠡᠷᠬᠢᠯᠡᠬᠦ ᠠᠵᠢᠯ ᠢ ᠬᠦᠯᠢᠶᠡᠨ ᠠᠪᠴᠤ ᠭᠦᠢᠴᠡᠳᠬᠡᠬᠦ ᠲᠠᠯ᠎ᠠ ᠪᠠᠷ ᠬᠠᠷᠢᠴᠠᠩᠭᠤᠢ | ᠲᠥᠪᠯᠡᠷᠡᠭᠰᠡᠨ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠲᠠᠩᠬᠢᠮ᠂ ᠬᠤᠲᠠ ᠶᠢᠨ ᠠᠷᠠᠳ ᠤᠨ | ᠦᠢᠯᠡᠴᠢᠯᠡᠭᠡ ᠶᠢᠨ ᠲᠥᠪ᠂ ᠠᠵᠤ ᠦᠢᠯᠡᠳᠪᠦᠷᠢ ᠬᠤᠳᠠᠯᠳᠤᠭᠠᠨ ᠤ ᠳᠠᠩᠰᠠᠯᠠᠬᠤ ᠲᠠᠩᠬᠢᠮ᠂ ᠭᠠᠶᠢᠯᠢ ᠳᠤ | ᠬᠤᠯᠪᠣᠭᠳᠠᠭᠰᠠᠨ ᠦᠢᠯᠡᠴᠢᠯᠡᠭᠡ ᠶᠢᠨ ᠲᠠᠩᠬᠢᠮ ᠵᠡᠷᠭᠡ ᠳᠤ ᠠᠯᠪᠠᠨ ᠲᠠᠮᠠᠭ᠎ᠠ ᠰᠡᠶᠢᠯᠦᠨ ᠵᠣᠬᠢᠶᠠᠬᠤ ᠶᠢ ᠬᠦᠯᠢᠶᠡᠨ | ᠠᠪᠴᠤ ᠭᠦᠢᠴᠡᠳᠬᠡᠬᠦ ᠴᠣᠩᠬᠤᠪᠴᠢ ᠲᠣᠬᠢᠷᠠᠭᠤᠯᠵᠤ᠂ ᠬᠤᠭᠤᠷᠣᠨᠳᠤᠬᠢ ᠭᠤᠭᠴᠤᠭ᠎ᠠ ᠶᠢ ᠨᠢ ᠬᠠᠰᠤᠨ ᠪᠠᠭᠠᠰᠬᠠᠵᠤ᠂ | ᠰᠡᠶᠢᠯᠦᠨ ᠵᠣᠬᠢᠶᠠᠬᠤ ᠴᠠᠭ ᠢ ᠨᠢ ᠪᠤᠭᠤᠨᠢᠰᠬᠠᠨ᠂ ᠠᠯᠪᠠᠨ ᠲᠠᠮᠠᠭ᠎ᠠ ᠰᠡᠶᠢᠯᠦᠨ ᠵᠣᠬᠢᠶᠠᠬᠤ ᠳᠤ ᠳᠠᠷᠤᠶᠢᠬᠠᠨ ᠠᠦ᠋ᠲ | ᠪᠦᠷᠢᠳᠬᠡᠨ ᠳᠠᠩᠰᠠᠯᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ | ᠲᠠᠪᠤ ᠳᠤ᠂ ᠠᠵᠤ ᠠᠬᠤᠶᠢᠯᠠᠯ ᠡᠷᠬᠢᠯᠡᠨ ᠪᠠᠶᠢᠭᠤᠯᠬᠤ ᠮᠡᠳᠡᠭᠡ ᠵᠠᠩᠭᠢ ᠶᠢ ᠬᠠᠮᠲᠤ ᠳᠠᠭᠠᠨ ᠬᠦᠷᠲᠡᠵᠦ | ᠰᠣᠯᠢᠯᠴᠠᠬᠤ ᠶᠢ ᠪᠡᠶᠡᠯᠡᠭᠦᠯᠦᠨ᠎ᠡ᠃ ᠠᠵᠤ ᠦᠢᠯᠡᠳᠪᠦᠷᠢ ᠬᠤᠳᠠᠯᠳᠤᠭ᠎ᠠ᠂ ᠳᠣᠲᠣᠭᠠᠳᠤ ᠶᠢ ᠬᠠᠮᠠᠭᠠᠯᠠᠬᠤ᠂ | ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠳ ᠤᠨ ᠬᠤᠭᠤᠷᠣᠨᠳᠤ ᠪᠠᠨ ᠠᠵᠤ ᠠᠬᠤᠶᠢᠯᠠᠯ ᠤᠨ ᠦᠨᠳᠦᠰᠦᠨ | ᠮᠡᠳᠡᠭᠡ ᠵᠠᠩᠭᠢ ᠶᠢ ᠬᠠᠮᠲᠤ ᠳᠠᠭᠠᠨ ᠬᠦᠷᠲᠡᠵᠦ ᠰᠣᠯᠢᠯᠴᠠᠬᠤ ᠪᠠ ᠬᠠᠷᠢᠯᠴᠠᠨ ᠨᠡᠪᠲᠡᠷᠡᠭᠦᠯᠵᠦ ᠬᠠᠷᠢᠯᠴᠠᠨ ᠮᠡᠳᠡᠷᠡᠬᠦ ᠶᠢ | ᠪᠡᠶᠡᠯᠡᠭᠦᠯᠦᠨ᠂ ᠨᠢᠭᠡ ᠰᠠᠯᠠᠭ᠎ᠠ ᠮᠥᠴᠢᠷ ᠠᠴᠠ ᠳᠠᠩᠰᠠᠯᠠᠬᠤ ᠮᠡᠳᠡᠭᠡ ᠵᠠᠩᠭᠢ ᠶᠢ ᠴᠤᠭᠯᠠᠭᠤᠯᠪᠠᠯ᠂ ᠪᠤᠰᠤᠳ ᠰᠠᠯᠠᠭ᠎ᠠ | ᠮᠥᠴᠢᠷ ᠤᠳ ᠬᠠᠮᠲᠤ ᠳᠠᠭᠠᠨ ᠬᠦᠷᠲᠡᠵᠦ᠂ ᠠᠳᠠᠯᠢᠬᠠᠨ ᠮᠡᠳᠡᠭᠡ ᠵᠠᠩᠭᠢ ᠶᠢ ᠳᠠᠬᠢᠵᠤ ᠳᠠᠪᠬᠤᠷᠳᠠᠭᠤᠯᠤᠨ | ᠴᠤᠭᠯᠠᠭᠤᠯᠬᠤ ᠦᠭᠡᠢ ᠪᠠᠶᠢᠬᠤ ᠶᠢ ᠪᠡᠶᠡᠯᠡᠭᠦᠯᠵᠦ᠂ ᠠᠵᠤ ᠠᠬᠤᠶᠢᠯᠠᠯ ᠠᠴᠠ ᠳᠠᠬᠢᠨ ᠳᠠᠪᠲᠠᠨ ᠭᠤᠶᠤᠴᠢᠯᠠᠬᠤ᠂ | ᠳᠠᠪᠬᠤᠷᠳᠠᠭᠤᠯᠤᠨ ᠲᠤᠰᠢᠶᠠᠬᠤ᠂ ᠨᠠᠭᠠᠰᠢ ᠴᠠᠭᠠᠰᠢ ᠭᠦᠶᠦᠬᠦ ᠶᠠᠷᠰᠢᠭ ᠲᠦᠪᠡᠭ ᠠᠴᠠ ᠵᠠᠶᠢᠯᠠᠰᠬᠢᠨ᠎ᠠ᠃ |