| | | 7 ᠳ᠋ᠤᠭᠠᠷ ᠰᠠᠷ᠎ᠠ ᠶᠢᠨ 6 ᠤ ᠡᠳᠦᠷ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠪᠦᠬᠦ ᠤᠷᠤᠨ | ᠤ ᠲᠤᠳᠤᠭᠠᠳᠦ ᠶᠢ ᠬᠠᠮᠠᠭᠠᠯᠠᠬᠤ ᠪᠠᠶᠢᠭᠤᠯᠭ᠎ᠠ ᠶᠢᠨ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ | ᠲᠡᠮᠡᠴᠡᠯ ᠢ ᠠᠬᠢᠭᠤᠯᠬᠤ ᠰᠤᠨᠢᠨ ᠮᠡᠳᠡᠭᠡ ᠨᠡᠶᠢᠳᠡᠯᠡᠭᠦ ᠬᠤᠷᠠᠯ ᠬᠢᠪᠠ᠃ ᠦᠪᠡᠷᠳᠡᠭᠡᠨ ᠵᠠᠰᠠᠬᠤ ᠤᠷᠤᠨ ᠤ ᠲᠡᠳ᠋ | ᠲᠡᠷᠢᠭᠦᠯᠡᠭᠴᠢ᠂ ᠲᠤᠳᠤᠭᠠᠳᠦ ᠶᠢ ᠬᠠᠮᠠᠭᠠᠯᠠᠬᠤ ᠲᠢᠩᠬᠢᠮ ᠤᠨ ᠲᠠᠷᠤᠭ᠎ᠠ ᠶᠠᠩ ᠸᠧᠢ ᠳ᠋ᠦᠩ ᠬᠤᠷᠠᠯ ᠢ ᠡᠷᠬᠢᠯᠡᠭᠰᠡᠨ | ᠪᠦᠭᠡᠳ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠠᠬᠢᠴᠠ ᠪᠤᠯᠤᠨ | ᠲᠠᠷᠠᠭᠠᠴᠢ ᠶᠢᠨ ᠭᠤᠤᠯᠳᠠᠯᠭ᠎ᠠ ᠲᠠᠢ ᠠᠵᠢᠯ ᠢ ᠵᠠᠷᠯᠠᠨ ᠨᠡᠶᠢᠳᠡᠯᠡᠵᠡᠢ᠃ | ᠤᠶᠢᠯᠠᠭᠠᠬᠰᠠᠨ ᠢᠶᠠᠷ᠂ ᠡᠨᠡ ᠵᠢᠯ ᠠᠴᠠ ᠨᠠᠭᠠᠰᠢ ᠪᠦᠬᠦ ᠤᠷᠤᠨ ᠤ ᠲᠤᠳᠤᠭᠠᠳᠦ ᠶᠢ ᠬᠠᠮᠠᠭᠠᠯᠠᠬᠤ | ᠪᠠᠶᠢᠭᠤᠯᠭ᠎ᠠ ᠶᠢᠨ ᠬᠢᠨ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠪᠠ ᠦᠪᠡᠷᠳᠡᠭᠡᠨ ᠵᠠᠰᠠᠬᠤ | ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ | ᠨᠡᠶᠢᠳᠡᠪᠦᠷᠢᠵᠢᠭᠤᠯᠵᠤ᠂ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠠᠵᠢᠯ ᠤᠨ ᠠᠷᠭ᠎ᠠ | ᠠᠪᠴᠠᠯ ᠢᠶᠠᠨ ᠪᠤᠳᠠᠳᠠᠶᠢᠵᠢᠭᠤᠯᠵᠤ᠂ ᠴᠤᠬᠢᠯᠳᠠ ᠦᠭᠭᠦ ᠡᠷᠴᠢᠮ ᠢᠶᠠᠨ ᠴᠢᠩᠭᠠᠷᠠᠭᠤᠯᠵᠤ᠂ ᠶᠡᠷᠦᠩᠬᠡᠶᠢᠯᠡᠨ ᠵᠠᠰᠠᠬᠤ | ᠬᠦᠴᠤᠯᠠᠴᠠ ᠪᠠᠨ ᠴᠢᠩᠭᠠᠷᠠᠭᠤᠯᠵᠤ᠂ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠠᠮᠡᠴᠡᠯ ᠤᠨ ᠠᠩᠬ᠎ᠠ | ᠠᠯᠬᠤᠮ ᠤᠨ ᠦᠷ᠎ᠠ ᠪᠦᠳᠦᠮᠵᠢ ᠶᠢ ᠤᠯᠵᠠᠢ᠃ 6 ᠳ᠋ᠤᠭᠠᠷ ᠰᠠᠷ᠎ᠠ ᠶᠢᠨ ᠰᠡᠬᠦᠯᠴᠢ ᠪᠤᠯᠳᠠᠯ᠎ᠠ᠂ ᠪᠦᠬᠦ ᠤᠷᠤᠨ ᠢᠶᠠᠷ | ᠢᠶᠠᠨ ᠬᠠᠷ᠎ᠠ ᠪᠦᠯᠦᠭᠳᠡᠨ ᠳᠤ ᠬᠤᠯᠪᠤᠬᠳᠠᠬᠰᠠᠨ ᠶᠠᠯ᠎ᠠ ᠬᠢᠭᠰᠡᠨ 5ᠵᠤᠬᠢᠶᠠᠨ ᠪᠠᠶᠢᠭᠤᠯᠤᠯᠳᠠ ᠶᠢ ᠰᠦᠢᠷᠡᠬᠦᠯᠵᠤ᠂ | 130 ᠶᠠᠯ᠎ᠠ ᠶᠢᠨ ᠰᠡᠵᠢᠭᠳᠡᠨ ᠢ ᠪᠠᠷᠢᠪᠴᠢᠯᠠᠨ᠂ 377 ᠬᠠᠷᠬᠢᠰ ᠬᠦᠴᠦᠨ ᠳᠤ ᠬᠤᠯᠪᠤᠭᠳᠠᠭᠰᠠᠨ ᠡᠪᠰᠡᠯ ᠪᠦᠯᠦᠭ ᠢ | ᠰᠦᠢᠷᠡᠬᠦᠯᠵᠤ᠂ ᠡᠪᠰᠡᠯ ᠪᠦᠯᠦᠭ ᠤᠨ 2272 ᠬᠠᠮᠰᠠᠭᠠᠳᠠᠨ ᠢ ᠪᠠᠷᠢᠪᠴᠢᠯᠠᠨ᠂ ᠬᠠᠷ᠎ᠠ ᠪᠦᠯᠦᠭᠳᠡᠨ ᠬᠠᠷᠬᠢᠰ | ᠬᠦᠴᠦᠨ ᠳᠤ ᠬᠤᠯᠪᠤᠭᠳᠠᠭᠰᠠᠨ ᠶᠠᠯᠠᠳᠤ ᠠᠵᠢᠯᠯᠠᠭ᠎ᠠ ᠶᠢ ᠬᠦᠴᠦᠳᠡᠢ ᠠᠶᠤᠯᠭᠠᠨ ᠰᠦᠷᠳᠡᠭᠦᠯᠵᠤ᠂ ᠪᠦᠬᠦ ᠤᠷᠤᠨ ᠤ | ᠨᠡᠶᠢᠭᠡᠮ ᠤᠨ ᠶᠡᠭᠡ ᠲᠠᠯ᠎ᠠ ᠶᠢᠨ ᠦᠷᠭᠦᠯᠵᠢᠯᠡᠨ ᠲᠤᠬᠳᠠᠭᠤᠨ ᠪᠠᠶᠢᠬᠤ ᠶᠢ ᠬᠠᠮᠠᠭᠠᠯᠠᠪᠠ ᠬᠡᠵᠤ ᠵᠠᠷᠯᠠᠨ ᠨᠡᠶᠢᠳᠡᠯᠡᠭᠰᠡᠨ | ᠪᠠᠶᠢᠨ᠎ᠠ᠃ | ᠦᠪᠡᠷᠳᠡᠭᠡᠨ ᠵᠠᠰᠠᠬᠤ ᠤᠷᠤᠨ ᠤ ᠲᠤᠳᠤᠭᠠᠳᠤ ᠶᠢ ᠬᠠᠮᠠᠭᠠᠯᠠᠬᠤ ᠲᠢᠩᠬᠢᠮ ᠤᠨ ᠬᠠᠷᠢᠭᠤᠴᠠᠯᠭᠠᠳᠠᠨ | ᠨᠦᠬᠦᠳ ᠠᠴᠠ ᠵᠠᠭᠤᠴᠢᠯᠠᠭᠤᠷ ᠤᠨ ᠰᠤᠷᠪᠤᠯᠵᠢᠯᠠᠬᠴᠢᠳ ᠤᠨ ᠠᠰᠠᠭᠤᠯᠳᠠ ᠶᠢ ᠬᠠᠷᠢᠭᠤᠯᠵᠠᠢ᠃ ᠲᠠᠷᠠᠭᠠᠴᠢ ᠪᠠᠷ᠂ | ᠮᠠᠨ ᠤ ᠤᠷᠤᠨ ᠪᠦᠬᠦ ᠤᠷᠤᠨ ᠤ ᠡᠯ᠎ᠠ ᠠᠶᠢᠮᠠᠭ ᠬᠤᠳᠠ᠂ 103 ᠬᠤᠰᠢᠭᠤ ᠰᠢᠶᠠᠨ ︵ᠬᠤᠳᠠ᠂ ᠲᠤᠭᠤᠷᠢᠭ︶ ᠳᠤ | ᠲᠤᠰᠬᠠᠢ ᠲᠤᠭᠤᠷᠢᠨ ᠪᠠᠶᠢᠴᠠᠭᠠᠬᠤ 6 ᠲᠤᠭᠤᠶᠢᠯᠠᠩ ᠲᠤᠮᠢᠯᠠᠵᠤ᠂ ᠬᠠᠷ᠎ᠠ ᠪᠦᠯᠦᠭᠳᠡᠨ ᠬᠠᠷᠬᠢᠰ ᠬᠦᠴᠦᠨ ᠢ | ᠠᠷᠢᠯᠭᠠᠬᠤ ᠲᠤᠰᠬᠠᠢ ᠲᠡᠮᠡᠴᠡᠯ ᠢ ᠠᠬᠢᠭᠤᠯᠵᠤ ᠪᠠᠶᠢᠭ᠎ᠠ ᠪᠠᠶᠢᠳᠠᠯ ᠳᠤ ᠪᠦᠭᠦ ᠲᠠᠯ᠎ᠠ ᠪᠠᠷ ᠰᠢᠮᠳᠠᠭᠤᠯᠤᠨ ᠪᠠᠶᠢᠴᠠᠭᠠᠬᠤ | ᠪᠤᠯᠤᠨ᠎ᠠ᠃ |