ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠵᠠᠮ | ᠬᠠᠷᠢᠯᠴᠠᠭᠠᠨ ᠤ ᠬᠠᠮᠢᠶᠠᠷᠤᠯᠲᠠ ᠶᠢᠨ ᠲᠣᠪᠴᠢᠶ᠎ᠠ ᠣᠶᠢᠷ᠎ᠠ ᠳᠤ ᠥᠪᠥᠷ ᠮᠣᠩᠭᠤᠯ ᠤᠨ ᠬᠢᠯᠢ ᠳᠣᠲᠣᠷᠠᠬᠢ 17 | ᠳᠠᠭᠠᠳᠬᠠᠯ ᠤᠨ ᠺᠣᠮᠫᠠᠨᠢ ᠲᠠᠢ ︽ᠵᠠᠮ ᠬᠠᠷᠢᠯᠴᠠᠭᠠᠨ ᠤ ᠠᠳᠡᠯ ᠤᠨ ᠡᠮ ᠡᠮᠨᠡᠯᠭᠡ ᠶᠢᠨ ᠵᠠᠷᠤᠳᠠᠯ ᠢ ᠲᠦᠷᠭᠡᠨ | ᠲᠣᠭᠠᠴᠠᠭ᠎ᠠ ᠬᠢᠬᠦ ᠲᠦᠷᠦᠯ ᠵᠦᠢᠯ︾ ᠤᠨ ᠬᠠᠮᠲᠤᠷᠠᠨ ᠠᠵᠢᠯᠯᠠᠬᠤ ᠪᠣᠷᠣ ᠲᠥᠯᠥᠪ ᠤᠨ ᠵᠥᠪᠳᠡᠯᠴᠡᠭᠡᠷ ᠲᠤ ᠭᠠᠷ ᠤᠨ | ᠥᠰᠥᠭ ᠵᠢᠷᠤᠬᠤ ᠶᠣᠰᠣᠯᠠᠯ ᠬᠢᠪᠡ᠂ ᠡᠨᠡ ᠨᠢ ᠥᠪᠥᠷ ᠮᠣᠩᠭᠤᠯ ᠤᠨ ︽ᠵᠠᠮ ᠬᠠᠷᠢᠯᠴᠠᠭᠠᠨ ᠤ ᠠᠳᠡᠯ ᠤᠨ ᠡᠮ | ᠡᠮᠨᠡᠯᠭᠡ ᠶᠢᠨ ᠵᠠᠷᠤᠳᠠᠯ ᠢ ᠲᠦᠷᠭᠡᠨ ᠲᠣᠭᠠᠴᠠᠭ᠎ᠠ ᠬᠢᠬᠦ︾ ᠦᠢᠯᠡᠴᠢᠯᠡᠭᠡ ᠶᠢᠨ ᠳᠠᠪᠠᠯᠲᠠ ᠶᠢᠨ ᠴᠢᠨᠠᠷ ᠢ ᠬᠠᠷᠠᠭᠤᠯᠪᠠ᠃ | ᠨᠢᠳᠤᠨᠤᠨ ᠤ 9 ᠳ᠋ᠦ᠋ᠭᠡᠷ ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ | ᠲᠢᠩᠬᠢᠮ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠪᠴᠢᠶ᠎ᠠ ᠠᠴᠠ ᠤᠯᠠᠨ ᠲᠦᠮᠡᠨ ᠤ ᠳᠤᠮᠳᠠ ᠨᠡᠯᠢᠶᠡᠳ | ᠶᠡᠭᠡ ᠲᠤᠰᠬᠠᠯ ᠲᠠᠢ ᠬᠥᠮᠦᠨ ᠰᠢᠷᠬᠠᠲᠤᠭᠰᠠᠨ ᠠᠳᠡᠯ ᠭᠠᠷᠤᠭᠰᠠᠨ ᠤ ᠳᠠᠷᠠᠭ᠎ᠠ᠂ ᠡᠮᠴᠢᠯᠡᠭᠡᠨ ᠤ ᠵᠠᠷᠤᠳᠠᠯ ᠤᠨ | ᠲᠤᠭ᠎ᠠ ᠬᠡᠮᠵᠢᠶ᠎ᠡ ᠨᠢ ᠶᠡᠭᠡ᠂ ᠳᠠᠭᠠᠳᠬᠠᠯ ᠤᠨ ᠲᠥᠯᠥᠪᠦᠷᠢ ᠥᠭᠬᠦ ᠦᠶᠡᠯᠡᠬᠦ ᠬᠤᠭᠤᠴᠠᠭ᠎ᠠ ᠨᠢ ᠤᠷᠳᠤ ᠪᠠᠶᠢᠬᠤ | ᠵᠡᠷᠭᠡ ᠠᠰᠠᠭᠤᠳᠠᠯ ᠳᠤ ᠴᠢᠭᠯᠡᠭᠦᠯᠦᠨ ︽ᠬᠥᠮᠦᠨ ᠰᠢᠷᠬᠠᠲᠤᠭᠰᠠᠨ ᠡ᠊ᠨᠳᠡᠯ ᠢ ᠲᠥᠯᠥᠬᠦ ᠪᠡᠯᠡ ᠮᠥᠩᠭᠦᠨ ᠤ | ᠤᠷᠢᠳᠠᠴᠢ︾ ᠰᠡᠳᠬᠢᠴᠡ ᠶᠢ ᠳᠤᠷᠠᠳᠴᠤ᠂ ᠳᠤᠮᠳᠠᠳᠤ ᠤᠯᠤᠰ ᠤᠨ ᠠᠷᠠᠳ ᠤᠨ ᠳᠠᠭᠠᠳᠬᠠᠯ ᠤᠨ ᠺᠣᠮᠫᠠᠨᠢ ᠶᠢᠨ | ᠥᠪᠥᠷ ᠮᠣᠩᠭᠤᠯ ᠤᠨ ᠬᠤᠪᠢᠶᠠᠷᠢ ᠺᠣᠮᠫᠠᠨᠢ ᠲᠠᠢ ᠬᠤᠯᠪᠣᠭᠠᠯᠠᠵᠤ᠂ ᠳᠠᠭᠠᠳᠬᠠᠯ ᠤᠨ ᠲᠥᠯᠥᠪᠦᠷᠢ ᠶᠢᠨ ᠴᠤᠪᠤᠷᠠᠯ ᠢ | ᠥᠭᠡᠷᠡᠴᠢᠯᠡᠨ᠂ ᠪᠦᠭᠦ ᠣᠷᠣᠨ ᠳᠤ ︽ᠵᠠᠮ ᠬᠠᠷᠢᠯᠴᠠᠭᠠᠨ ᠤ ᠠᠳᠡᠯ ᠤᠨ ᠡᠮ ᠡᠮᠨᠡᠯᠭᠡ ᠶᠢᠨ ᠵᠠᠷᠤᠳᠠᠯ ᠢ ᠲᠦᠷᠭᠡᠨ | ᠲᠣᠭᠠᠴᠠᠵᠤ ᠥᠭᠬᠦ︾ ᠲᠤᠷᠰᠢᠯᠲᠠ ᠶᠢᠨ ᠴᠢᠭ᠋ ᠤᠨ ᠦᠢᠯᠡᠴᠢᠯᠡᠭᠡ ᠶᠢ ᠡᠩ ᠲᠡᠷᠢᠭᠦᠨ ᠳᠤ ᠭᠠᠷᠭᠠᠵᠤ᠂ | ᠳᠠᠭᠠᠳᠬᠠᠯ ᠤᠨ ᠲᠥᠯᠥᠪᠦᠷᠢ ᠶᠢᠨ ᠦᠶᠡᠯᠡᠯ ᠤᠨ ᠬᠤᠭᠤᠴᠠᠭ᠎ᠠ ᠶᠢ ᠪᠣᠭᠤᠨᠢᠰᠬᠠᠵᠤ᠂ ᠳᠠᠭᠠᠳᠬᠠᠯ ᠤᠨ | ᠲᠥᠯᠥᠪᠦᠷᠢ ᠶᠢ ᠨᠢ 3 ᠡᠳᠦᠷ ᠲᠤ ᠪᠣᠳᠠᠲᠠᠶᠢᠵᠢᠭᠤᠯᠵᠤ ᠥᠭᠬᠦ ᠶᠢ ᠦᠨᠡᠨᠬᠦ ᠪᠡᠶᠡᠯᠡᠭᠦᠯᠪᠡ᠃ ᠣᠶᠢᠯᠠᠭᠠᠭᠰᠠᠨ ᠢᠶᠠᠷ᠂ | ᠲᠤᠰ ᠤᠳᠠᠭᠠᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ | ᠲᠣᠪᠴᠢᠶ᠎ᠠ ᠶᠢᠨ ᠥᠪᠡᠷᠲᠡᠭᠡᠨ ᠵᠠᠰᠠᠬᠤ ᠣᠷᠣᠨ ᠤ ᠳᠣᠲᠣᠷᠠᠬᠢ 17 ᠳᠠᠭᠠᠳᠬᠠᠯ ᠤᠨ ᠺᠣᠮᠫᠠᠨᠢ ᠲᠠᠢ | ᠬᠠᠮᠲᠤᠷᠠᠯᠴᠠᠭᠠᠨ ᠤ ᠵᠥᠪᠳᠡᠯᠴᠡᠭᠡᠷ ᠲᠣᠭᠲᠠᠭᠠᠭᠰᠠᠨ ᠶᠠᠪᠤᠳᠠᠯ ᠨᠢ᠂ ᠥᠪᠥᠷ ᠮᠣᠩᠭᠤᠯ ᠤᠨ ᠨᠡᠯᠢᠶᠡᠳ ᠬᠡᠰᠡᠭ ᠵᠠᠮ | ᠬᠠᠷᠢᠯᠴᠠᠭᠠᠨ ᠤ ᠠᠳᠡᠯ ᠤᠨ ᠲᠤᠬᠠᠶ ᠶᠢᠨ ᠬᠥᠮᠦᠨ ᠳᠤ ᠠᠰᠢᠭ ᠬᠦᠷᠲᠡᠭᠡᠭᠰᠡᠨ ᠢᠶᠠᠷ ᠪᠠᠷᠠᠬᠤ ᠦᠭᠡᠢ ᠲᠡᠷᠡᠴᠢᠯᠡᠨ | ᠲᠣᠭᠠᠴᠠᠭ᠎ᠠ ᠬᠢᠬᠦ ᠲᠤᠭ᠎ᠠ ᠨᠤᠷᠮ᠎ᠠ ᠶᠢᠨ ᠲᠠᠯ᠎ᠠ ᠪᠠᠷ ᠤᠯᠠᠮ ᠨᠢᠭᠡ ᠠᠯᠬᠤᠮ ᠰᠢᠪᠲᠤᠯᠤᠯᠲᠠ ᠬᠢᠪᠡ᠃ |