| | | 31 ᠤ ᠡᠳᠦᠷ ᠤᠨ 8 ᠴᠠᠭ 48 ᠮᠢᠨᠦ᠋ᠲ ᠳᠤ᠂ ᠴᠢᠭᠤᠯᠤᠯᠲᠤ ᠬᠠᠭᠠᠯᠭ᠎ᠠ ᠬᠥᠬᠡᠬᠤᠲᠠ ᠥᠨᠳᠥᠷ | ᠬᠤᠷᠳᠤᠴᠠᠲᠤ ᠲᠡᠮᠦᠷ ᠵᠠᠮ ︵ᠴᠢᠭᠤᠯᠤᠯᠲᠤ ᠬᠠᠭᠠᠯᠭ᠎ᠠ — ᠬᠥᠬᠡᠬᠤᠲᠠ︶ ᠤᠨ ᠪᠦᠲᠦᠭᠡᠨ ᠪᠠᠶᠢᠭᠤᠯᠤᠯᠲᠠ ᠶᠢᠨ | ᠪᠠᠷᠢᠯᠭ᠎ᠠ ᠶᠢᠨ ᠭᠠᠵᠠᠷ ᠳᠡᠭᠡᠷ᠎ᠡ᠂ CPG — 500 ᠬᠡᠯᠪᠡᠷᠢ ᠶᠢᠨ ᠣᠷᠳᠣ ᠵᠠᠮ ᠳᠡᠪᠢᠰᠬᠦ ᠮᠠᠰᠢᠨ ᠤ ᠳᠦᠩᠭᠢᠨᠡᠬᠦ | ᠳᠠᠭᠤᠨ ᠢ ᠳᠠᠭᠠᠯᠳᠤᠨ᠂ ᠡᠴᠦᠰ ᠤᠨ ᠨᠢᠭᠡ ᠬᠤᠣᠰ 500 ᠮᠧᠲᠷ ᠤᠷᠲᠤ ᠪᠤᠯᠤᠳ ᠵᠠᠮ ᠤᠨ ᠳᠡᠷᠡ ᠶᠢ ᠭᠤᠶᠢᠪᠢᠯ | ᠳᠤᠨᠢ ᠠᠯᠭᠤᠷ ᠤᠷᠤᠭᠤᠯᠪᠠ᠂ ᠡᠨᠡ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ | ᠥᠨᠳᠥᠷ ᠬᠤᠷᠳᠤᠴᠠᠲᠤ ᠲᠡᠮᠦᠷ ᠵᠠᠮ — ᠴᠢᠭᠤᠯᠤᠯᠲᠤ ᠬᠠᠭᠠᠯᠭ᠎ᠠ ᠬᠥᠬᠡᠬᠤᠲᠠ ᠥᠨᠳᠥᠷ ᠬᠤᠷᠳᠤᠴᠠᠲᠤ ᠲᠡᠮᠦᠷ | ᠵᠠᠮ ᠳᠡᠪᠢᠰᠬᠦ ᠪᠠᠷᠢᠯᠭ᠎ᠠ ᠠᠮᠵᠢᠯᠲᠠᠲᠠᠶ ᠪᠠᠷ ᠪᠡᠶᠡᠯᠡᠭᠳᠡᠭᠰᠡᠨ ᠢ ᠬᠠᠷᠠᠭᠤᠯᠵᠤ ᠪᠠᠶᠢᠨ᠎ᠠ᠃ | ᠴᠢᠭᠤᠯᠤᠯᠲᠤ ᠬᠠᠭᠠᠯᠭ᠎ᠠ ᠬᠥᠬᠡᠬᠤᠲᠠ ᠥᠨᠳᠥᠷ ᠬᠤᠷᠳᠤᠴᠠᠲᠤ ᠲᠡᠮᠦᠷ ᠵᠠᠮ ᠤᠨ ᠪᠦᠬᠦ ᠣᠷᠳᠣ ᠨᠢ 286.8 | ᠺᠢᠯᠣᠮᠧᠲᠷ᠂ ᠥᠪᠥᠷ ᠥᠪᠥᠷ ᠮᠤᠩᠭᠤᠯ ᠤᠨ ᠬᠥᠬᠡᠬᠤᠲᠠ᠂ ᠤᠯᠠᠭᠠᠨᠴᠠᠪ ᠪᠣᠯᠤᠨ ᠾᠧᠪᠸᠢ ᠮᠤᠵᠢ ᠶᠢᠨ ᠴᠢᠭᠤᠯᠤᠯᠲᠤ | ᠬᠠᠭᠠᠯᠭ᠎ᠠ ᠳᠤ ᠬᠦᠷᠦᠨ᠎ᠡ᠂ ᠲᠥᠯᠥᠪᠯᠡᠭᠰᠡᠨ ᠴᠠᠭ ᠤᠨ ᠬᠤᠷᠳᠤᠴᠠ ᠨᠢ 250 ᠺᠢᠯᠣᠮᠧᠲᠷ ᠪᠤᠯᠤᠨ᠎ᠠ᠃ ᠡᠭᠦᠨ ᠳᠤ᠂ | ᠬᠥᠬᠡᠬᠤᠲᠠ ᠵᠡᠭᠦᠨ ᠥᠷᠲᠡᠭᠡ ᠠᠴᠠ ᠤᠯᠠᠭᠠᠨᠴᠠᠪ ᠬᠦᠷᠬᠦ ᠬᠡᠰᠡᠭ ᠨᠢ 2017 ᠤᠨ ᠤ 8 ᠳ᠋ᠤᠭᠠᠷ ᠰᠠᠷ᠎ᠠ ᠶᠢᠨ 3 ᠤ | ᠡᠳᠦᠷ ᠲᠡᠷᠭᠡ ᠨᠡᠪᠲᠡᠷᠡᠪᠡ᠃ | ᠤᠶᠢᠯᠠᠭᠠᠭᠰᠠᠨ ᠢᠶᠠᠷ᠂ ᠤᠯᠠᠭᠠᠨᠴᠠᠪ ᠠᠴᠠ ᠴᠢᠭᠤᠯᠤᠯᠲᠤ ᠬᠠᠭᠠᠯᠭ᠎ᠠ ᠬᠦᠷᠬᠦ ᠬᠡᠰᠡᠭ ᠤᠨ ᠵᠠᠮ ᠳᠡᠪᠢᠰᠬᠦ | ᠪᠠᠷᠢᠯᠭ᠎ᠠ ᠶᠢ ᠳᠠᠭᠤᠰᠬᠠᠭᠰᠠᠨ ᠤ ᠳᠠᠷᠠᠭ᠎ᠠ᠂ ᠳᠠᠷᠠᠭᠠᠴᠢ ᠶᠢᠨ ᠠᠯᠬᠤᠮ ᠳᠤ ᠪᠦᠲᠦᠭᠡᠨ ᠪᠠᠶᠢᠭᠤᠯᠤᠯᠲᠠ ᠶᠢᠨ ᠨᠢᠭᠡᠴᠡ | ᠨᠢ ᠰᠢᠨ᠎ᠡ ᠪᠠᠷ ᠪᠠᠶᠢᠭᠤᠯᠤᠭᠰᠠᠨ ᠱᠤᠭᠤᠮ ᠳᠤ ᠨᠠᠷᠢᠯᠢᠭ ᠲᠤᠬᠢᠷᠠᠭᠤᠯᠬᠤ ᠪᠠ ᠬᠤᠯᠪᠣᠨ ᠲᠤᠬᠢᠷᠠᠭᠤᠯᠵᠤ ᠲᠤᠷᠰᠢᠬᠤ | ᠠᠵᠢᠯ ᠦᠷᠨᠢᠭᠦᠯᠬᠦ ᠪᠤᠯᠤᠨ᠎ᠠ᠃ ᠬᠤᠵᠢᠮ᠂ ᠴᠢᠭᠤᠯᠤᠯᠲᠤ ᠬᠠᠭᠠᠯᠭ᠎ᠠ ᠬᠥᠬᠡᠬᠤᠲᠠ ᠥᠨᠳᠥᠷ ᠬᠤᠷᠳᠤᠴᠠᠲᠤ ᠲᠡᠮᠦᠷ | ᠵᠠᠮ ᠨᠢ ᠪᠠᠶᠢᠭᠤᠯᠵᠤ ᠪᠠᠶᠢᠭ᠎ᠠ ᠪᠡᠭᠡᠵᠢᠩ ᠴᠢᠭᠤᠯᠤᠯᠲᠤ ᠬᠠᠭᠠᠯᠭ᠎ᠠ ᠥᠨᠳᠥᠷ ᠬᠤᠷᠳᠤᠴᠠᠲᠤ ᠲᠡᠮᠦᠷ ᠵᠠᠮ ᠯᠦᠭᠡ | ᠵᠡᠷᠭᠡᠪᠡᠷ ᠲᠡᠷᠭᠡ ᠨᠡᠪᠲᠡᠷᠡᠵᠦ᠂ ᠲᠤᠬᠠᠶ ᠶᠢᠨ ᠦᠶ᠎ᠡ ᠳᠤ ᠬᠥᠬᠡᠬᠤᠲᠠ ᠠᠴᠠ ᠪᠡᠭᠡᠵᠢᠩ ᠬᠦᠷᠬᠦ ᠠᠶᠠᠯᠠᠯ ᠤᠨ ᠴᠠᠭ ᠢ | ᠣᠳᠣᠬᠠᠨ ᠤ ᠬᠠᠮᠤᠭ ᠤᠨ ᠲᠦᠷᠭᠡᠨ 9 ᠴᠠᠭ ᠤᠨ ᠬᠤᠷᠳᠤᠴᠠ ᠶᠢ 3 ᠴᠠᠭ ᠪᠤᠯᠭᠠᠨ ᠪᠣᠭᠤᠨᠢᠰᠬᠠᠬᠤ ᠪᠤᠯᠤᠨ᠎ᠠ᠃ |