2018 ᠣᠨ ᠤ 7 ᠳ᠋ᠤᠭᠠᠷ ᠰᠠᠷ᠎ᠠ ᠶᠢᠨ 9 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ | ᠲᠢᠩᠬᠢᠮ ᠠᠴᠠ ᠮᠡᠳᠡᠭᠳᠡᠯ ᠲᠠᠷᠬᠠᠭᠠᠵᠤ᠂ ᠬᠤᠳᠠᠯᠳᠤᠭᠠᠨ ᠤ ᠶᠠᠪᠤᠳᠠᠯ ᠤᠨ ᠶᠠᠮᠤᠨ ᠵᠡᠷᠭᠡ ᠰᠠᠯᠠᠭ᠎ᠠ ᠮᠥᠴᠢᠷ ᠤᠨ ︽ | ᠭᠠᠳᠠᠭᠠᠳᠤ ᠠᠴᠠ ᠣᠷᠣᠭᠤᠯᠬᠤ ᠶᠢ ᠥᠷᠭᠡᠳᠬᠡᠵᠦ ᠭᠠᠳᠠᠭᠠᠳᠤ ᠠᠷᠠᠯᠵᠢᠶ᠎ᠠ ᠶᠢᠨ ᠲᠡᠩᠴᠡᠭᠦᠷᠢᠲᠦ ᠬᠥᠭᠵᠢᠯᠲᠡ ᠶᠢ | ᠠᠬᠢᠭᠤᠯᠬᠤ ᠲᠤᠬᠠᠢ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠤᠯᠠᠮᠵᠢᠯᠠᠨ ᠲᠠᠷᠬᠠᠭᠠᠪᠠ᠃ | ᠣᠶᠢᠷ᠎ᠠ ᠳᠤ᠂ ᠬᠤᠳᠠᠯᠳᠤᠭᠠᠨ ᠤ ᠶᠠᠪᠤᠳᠠᠯ ᠤᠨ ᠶᠠᠮᠤᠨ ᠤ ᠭᠠᠳᠠᠭᠠᠳᠤ ᠠᠷᠠᠯᠵᠢᠶ᠎ᠠ ᠶᠢᠨ ᠵᠤᠷᠭᠠᠨ ᠤ | ᠬᠠᠷᠢᠭᠤᠴᠠᠯᠭᠠᠲᠠᠨ ︽ᠰᠠᠨᠠᠯ︾ ᠤᠨ ᠲᠤᠬᠠᠢ ᠲᠠᠶᠢᠯᠤᠮᠵᠢ ᠬᠢᠵᠡᠢ᠃ | ᠨᠢᠭᠡ᠂ ︽ᠰᠠᠨᠠᠯ︾ ᠢ ᠨᠡᠶᠢᠲᠡᠯᠡᠭᠰᠡᠨ ᠠᠬᠤᠢ ᠪᠠᠶᠢᠳᠠᠯ ᠨᠢ ᠶᠠᠭᠤ ᠪᠣᠢ︖ | ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢ᠂ ᠮᠠᠨ ᠤ ᠤᠯᠤᠰ ᠤᠨ ᠭᠠᠳᠠᠭᠠᠳᠤ ᠠᠷᠠᠯᠵᠢᠶ᠎ᠠ | ᠴᠢᠬᠤᠯᠠ ᠶᠡᠭᠡ ᠠᠮᠵᠢᠯᠲᠠ ᠣᠯᠵᠤ᠂ ᠨᠢᠭᠡᠨᠲᠡ 9 ᠵᠢᠯ ᠳᠠᠷᠠᠭᠠᠯᠠᠨ ᠪᠦᠬᠦ ᠳᠡᠯᠡᠬᠡᠢ ᠶᠢᠨ ᠪᠠᠷᠠᠭᠠᠨ ᠤ ᠠᠷᠠᠯᠵᠢᠶ᠎ᠠ ᠶᠢᠨ | ᠭᠠᠳᠠᠭᠠᠳᠤ ᠳᠤ ᠭᠠᠷᠭᠠᠬᠤ ᠨᠢᠭᠡᠳᠦᠭᠡᠷ ᠲᠣᠮᠣ ᠤᠯᠤᠰ ᠪᠠ ᠭᠠᠳᠠᠭᠠᠳᠤ ᠠᠴᠠ ᠣᠷᠣᠭᠤᠯᠬᠤ ᠬᠤᠶᠠᠳᠤᠭᠠᠷ ᠲᠣᠮᠣ | ᠤᠯᠤᠰ ᠤᠨ ᠪᠠᠶᠢᠷᠢ ᠰᠠᠭᠤᠷᠢ ᠪᠠᠨ ᠪᠠᠷᠢᠮᠲᠠᠯᠠᠭᠰᠠᠭᠠᠷ ᠢᠷᠡᠵᠡᠢ᠃ 2001 ᠣᠨ ᠠᠴᠠ 2017 ᠣᠨ ᠪᠣᠯᠲᠠᠯ᠎ᠠ᠂ | ᠳᠤᠮᠳᠠᠳᠤ ᠤᠯᠤᠰ ᠤᠨ ᠪᠠᠷᠠᠭᠠᠨ ᠤ ᠭᠠᠳᠠᠭᠠᠳᠤ ᠠᠴᠠ ᠣᠷᠣᠭᠤᠯᠤᠭᠰᠠᠨ ᠳᠤᠮᠳᠠᠴᠢ ᠵᠢᠯ ᠤᠨ ᠨᠡᠮᠡᠭᠳᠡᠯ ᠤᠨ | ᠬᠤᠷᠳᠤᠴᠠ ᠨᠢ 13.5% ᠳᠤ ᠬᠦᠷᠴᠦ᠂ ᠳᠡᠯᠡᠬᠡᠢ ᠶᠢᠨ ᠭᠠᠳᠠᠭᠠᠳᠤ ᠠᠴᠠ ᠣᠷᠣᠭᠤᠯᠬᠤ ᠨᠡᠮᠡᠭᠳᠡᠯ ᠤᠨ | ᠬᠤᠷᠳᠤᠴᠠ ᠶᠢᠨ ᠬᠤᠶᠠᠷ ᠳᠠᠬᠢᠨ ᠪᠠᠶᠢᠵᠤ᠂ ᠪᠦᠬᠦ ᠳᠡᠯᠡᠬᠡᠢ ᠶᠢᠨ ᠠᠵᠤ ᠠᠬᠤᠢ ᠶᠢᠨ ᠬᠥᠭᠵᠢᠯᠲᠡ ᠳᠤ ᠴᠢᠬᠤᠯᠠ | ᠬᠤᠪᠢ ᠨᠡᠮᠡᠷᠢ ᠦᠵᠡᠭᠦᠯᠪᠡ᠃ | ᠣᠳᠣᠬᠠᠨ ᠳᠤ᠂ ᠣᠯᠠᠨ ᠤᠯᠤᠰ ᠤᠨ ᠤᠯᠤᠰ ᠲᠥᠷᠥ ᠠᠵᠤ ᠠᠬᠤᠢ ᠶᠢᠨ ᠪᠠᠶᠢᠷᠢᠰᠢᠯ ᠳᠤ ᠭᠦᠨᠵᠡᠭᠡᠢ | ᠲᠣᠬᠢᠷᠠᠭᠤᠯᠤᠯᠲᠠ ᠬᠢᠵᠦ᠂ ᠮᠠᠨ ᠤ ᠤᠯᠤᠰ ᠤᠨ ᠭᠠᠳᠠᠭᠠᠳᠤ ᠠᠷᠠᠯᠵᠢᠶ᠎ᠠ ᠶᠢᠨ ᠪᠦᠲᠦᠴᠡ ᠳᠤ ᠭᠦᠨᠵᠡᠭᠡᠢ ᠬᠤᠪᠢᠷᠠᠯᠲᠠ | ᠭᠠᠷᠴᠠᠢ᠃ ᠭᠠᠳᠠᠭᠠᠳᠤ ᠠᠴᠠ ᠣᠷᠣᠭᠤᠯᠬᠤ ᠶᠢ ᠰᠠᠨᠠᠭᠠᠴᠢᠯᠠᠭ᠎ᠠ ᠠᠴᠠ ᠪᠠᠨ ᠥᠷᠭᠡᠳᠬᠡᠬᠦ ᠨᠢ ᠤᠯᠤᠰ ᠤᠨ | ᠳᠣᠲᠣᠭᠠᠳᠤ ᠶᠢᠨ ᠪᠠ ᠳᠡᠯᠡᠬᠡᠢ ᠶᠢᠨ ᠬᠤᠶᠠᠷ ᠶᠡᠭᠡ ᠪᠠᠶᠢᠳᠠᠯ ᠢ ᠨᠢᠭᠡᠳᠦᠯᠲᠡᠢ ᠲᠥᠯᠥᠪᠵᠢᠭᠦᠯᠦᠨ᠂ ᠭᠠᠳᠠᠭᠠᠳᠤ | ᠠᠷᠠᠯᠵᠢᠶ᠎ᠠ ᠶᠢᠨ ᠲᠡᠩᠴᠡᠭᠦᠷᠢᠲᠦ ᠬᠥᠭᠵᠢᠯᠲᠡ ᠶᠢ ᠠᠬᠢᠭᠤᠯᠬᠤ ᠳᠤ ᠠᠰᠢᠭᠲᠠᠢ ᠪᠠᠶᠢᠵᠤ᠂ ᠠᠵᠤ ᠦᠢᠯᠡᠰ ᠤᠨ | ᠪᠦᠲᠦᠴᠡ ᠶᠢ ᠰᠢᠯᠢᠳᠡᠭᠵᠢᠭᠦᠯᠬᠦ᠂ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ᠂ ᠠᠷᠠᠳ ᠲᠦᠮᠡᠨ ᠤ ᠰᠠᠶᠢᠨ | ᠰᠠᠶᠢᠬᠠᠨ ᠠᠮᠢᠳᠤᠷᠠᠯ ᠤᠨ ᠱᠠᠭᠠᠷᠳᠠᠯᠭ᠎ᠠ ᠶᠢ ᠬᠠᠩᠭᠠᠬᠤ ᠳᠤ ᠮᠠᠰᠢ ᠴᠢᠬᠤᠯᠠ ᠦᠢᠯᠡᠳᠦᠯ ᠲᠠᠢ ᠪᠠᠶᠢᠵᠤ᠂ ᠠᠵᠤ | ᠠᠬᠤᠢ ᠶᠢᠨ ᠴᠢᠨᠠᠷᠯᠢᠭ ᠬᠥᠭᠵᠢᠯᠲᠡ ᠶᠢ ᠠᠬᠢᠭᠤᠯᠬᠤ ᠳᠣᠲᠣᠭᠠᠳᠤ ᠶᠢᠨ ᠱᠠᠭᠠᠷᠳᠠᠯᠭ᠎ᠠ ᠪᠣᠯᠬᠤ ᠪᠥᠭᠡᠳ ᠬᠠᠷᠢᠯᠴᠠᠨ | ᠠᠰᠢᠭ ᠬᠦᠷᠲᠡᠵᠦ ᠬᠠᠮᠲᠤ ᠪᠠᠷ ᠢᠯᠠᠯᠲᠠ ᠣᠯᠬᠤ ᠨᠡᠭᠡᠭᠡᠯᠲᠡᠲᠦ ᠪᠠᠶᠢᠯᠳᠤᠬᠤ ᠪᠣᠳᠣᠯᠭ᠎ᠠ ᠶᠢ ᠪᠠᠷᠢᠮᠲᠠᠯᠠᠨ᠂ ᠪᠦᠬᠦ | ᠲᠠᠯ᠎ᠠ ᠪᠠᠷ ᠨᠡᠭᠡᠭᠡᠯᠲᠡ ᠬᠢᠭᠰᠡᠨ ᠰᠢᠨ᠎ᠡ ᠪᠠᠶᠢᠷᠢᠰᠢᠯ ᠤᠨ ᠪᠦᠷᠢᠯᠳᠦᠬᠦ ᠶᠢ ᠠᠬᠢᠭᠤᠯᠬᠤ ᠵᠠᠶᠢᠯᠠᠰᠢ ᠦᠭᠡᠢ ᠱᠠᠭᠠᠷᠳᠠᠯᠭ᠎ᠠ | ᠪᠣᠯᠣᠨ᠎ᠠ᠃ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠭᠠᠳᠠᠭᠠᠳᠤ ᠠᠴᠠ ᠣᠷᠣᠭᠤᠯᠬᠤ ᠶᠢ | ᠥᠷᠭᠡᠳᠬᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠪᠠᠶᠢᠨ᠎ᠠ᠃ ᠡᠨᠡ ᠵᠢᠯ ᠤᠨ 4 ᠳ᠋ᠦ᠋ᠭᠡᠷ | ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠪᠥᠸᠧ ᠣᠤ ᠶᠢᠨ ᠠᠽᠢᠶ᠎ᠠ ᠲᠢᠪ ᠤᠨ ᠶᠠᠷᠢᠯᠴᠠᠭᠠᠨ ᠤ ᠲᠠᠪᠴᠠᠩ ᠤᠨ | ᠣᠨ ᠤ ᠬᠤᠷᠠᠯ ᠤᠨ ᠡᠬᠢᠯᠡᠯᠲᠡ ᠶᠢᠨ ᠶᠣᠰᠣᠯᠠᠯ ᠳᠡᠭᠡᠷ᠎ᠡ᠂ ᠳᠤᠮᠳᠠᠳᠤ ᠤᠯᠤᠰ ᠭᠠᠳᠠᠭᠠᠳᠤ ᠠᠴᠠ ᠣᠷᠣᠭᠤᠯᠬᠤ ᠪᠠᠨ | ᠰᠠᠨᠠᠭᠠᠴᠢᠯᠠᠭ᠎ᠠ ᠠᠴᠠ ᠪᠠᠨ ᠥᠷᠭᠡᠳᠬᠡᠨ᠂ ᠪᠠᠶᠢᠩᠭᠤ ᠶᠢᠨ ᠲᠥᠷᠥᠯ ᠵᠦᠢᠯ ᠤᠨ ᠣᠷᠣᠯᠭ᠎ᠠ ᠵᠠᠷᠤᠯᠭ᠎ᠠ ᠶᠢᠨ | ᠲᠡᠩᠴᠡᠭᠦᠷᠢᠰᠢᠯ ᠢᠶᠠᠨ ᠠᠬᠢᠭᠤᠯᠵᠤ᠂ ᠠᠷᠠᠳ ᠲᠦᠮᠡᠨ ᠤ ᠬᠡᠷᠡᠭᠴᠡᠭᠡ ᠱᠠᠭᠠᠷᠳᠠᠯᠭ᠎ᠠ ᠬᠠᠷᠢᠴᠠᠩᠭᠤᠢ ᠲᠥᠪᠯᠡᠷᠡᠭᠰᠡᠨ | ᠣᠨᠴᠠᠯᠢᠭᠲᠤ ᠳᠠᠪᠠᠭᠤᠯᠢᠭ ᠪᠦᠲᠦᠭᠡᠭᠳᠡᠬᠦᠨ ᠢ ᠭᠠᠳᠠᠭᠠᠳᠤ ᠠᠴᠠ ᠣᠷᠣᠭᠤᠯᠬᠤ ᠪᠠᠨ ᠴᠢᠷᠮᠠᠶᠢᠨ ᠨᠡᠮᠡᠭᠳᠡᠭᠦᠯᠦᠨ᠎ᠡ ᠭᠡᠵᠦ | ᠭᠠᠳᠠᠭᠠᠳᠤ ᠳᠤ ᠲᠤᠩᠬᠠᠭᠯᠠᠪᠠ᠃ ᠶᠡᠷᠦᠩᠬᠡᠢ ᠰᠠᠶᠢᠳ ᠯᠢ ᠺᠧ ᠴᠢᠶᠠᠩ ᠡᠨᠡ ᠵᠢᠯ ᠤᠨ ︽ᠵᠠᠰᠠᠭ ᠤᠨ ᠣᠷᠳᠣᠨ ᠤ | ᠠᠵᠢᠯ ᠤᠨ ᠢᠯᠡᠳᠬᠡᠯ︾ ᠳᠤ ᠪᠠᠨ ᠭᠠᠳᠠᠭᠠᠳᠤ ᠠᠴᠠ ᠣᠷᠣᠭᠤᠯᠬᠤ ᠶᠢ ᠢᠳᠡᠪᠬᠢᠲᠡᠢ ᠥᠷᠭᠡᠳᠬᠡᠨ᠂ ᠮᠠᠰᠢᠨ ᠲᠡᠷᠭᠡ᠂ | ᠡᠳᠦᠷ ᠲᠤᠲᠤᠮ ᠤᠨ ᠬᠡᠷᠡᠭᠯᠡᠭᠡᠨ ᠤ ᠬᠡᠰᠡᠭ ᠵᠦᠢᠯᠡᠰ ᠵᠡᠷᠭᠡ ᠶᠢᠨ ᠭᠠᠳᠠᠭᠠᠳᠤ ᠠᠴᠠ ᠣᠷᠣᠭᠤᠯᠬᠤ ᠪᠣᠭᠤᠮᠲᠠ ᠶᠢᠨ | ᠭᠠᠶᠢᠯᠢ ᠶᠢ ᠳᠣᠷᠣᠭᠰᠢ ᠲᠣᠬᠢᠷᠠᠭᠤᠯᠵᠤ᠂ ᠠᠵᠤ ᠦᠢᠯᠡᠰ ᠤᠨ ᠳᠡᠰ ᠳᠡᠪᠰᠢᠬᠦ ᠪᠠ ᠠᠷᠠᠯᠵᠢᠶᠠᠨ ᠤ ᠲᠡᠩᠴᠡᠭᠦᠷᠢᠲᠦ | ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠳᠠᠯᠳᠤᠭᠠᠨ ᠤ ᠶᠠᠪᠤᠳᠠᠯ ᠤᠨ ᠶᠠᠮᠤᠨ ᠠᠴᠠ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ ᠵᠡᠷᠭᠡ 20 ᠰᠠᠯᠠᠭ᠎ᠠ ᠮᠥᠴᠢᠷ ᠲᠠᠢ | ᠬᠠᠮᠲᠤᠷᠠᠨ᠂ ᠦᠨᠳᠦᠰᠦᠨ ᠱᠠᠲᠤᠨ ᠳᠤ ᠭᠦᠨᠵᠡᠭᠡᠶᠢᠷᠡᠨ ᠲᠤᠬᠠᠢ ᠶᠢᠨ ᠭᠠᠵᠠᠷ ᠲᠤ ᠨᠢ ᠪᠠᠶᠢᠴᠠᠭᠠᠨ ᠰᠤᠳᠤᠯᠤᠯᠲᠠ | ᠬᠢᠵᠦ᠂ ᠪᠦᠬᠦ ᠤᠯᠤᠰ ᠤᠨ ᠬᠡᠪᠴᠢᠶᠡᠨ ᠳᠠᠬᠢ ᠠᠵᠤ ᠠᠬᠤᠶᠢᠯᠠᠯ ᠳᠤ ᠠᠰᠠᠭᠤᠯᠲᠠ ᠶᠢᠨ ᠬᠠᠭᠤᠳᠠᠰᠤ ᠶᠢᠨ | ᠪᠠᠶᠢᠴᠠᠭᠠᠯᠲᠠ ᠬᠢᠵᠦ᠂ ᠡᠭᠦᠨ ᠤ ᠰᠠᠭᠤᠷᠢᠨ ᠳᠡᠭᠡᠷ᠎ᠡ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ | ᠳᠤᠷᠠᠳᠴᠤ᠂ ︽ᠰᠠᠨᠠᠯ︾ ᠢ ᠲᠤᠭᠤᠷᠪᠢᠨ ᠪᠦᠷᠢᠯᠳᠦᠭᠦᠯᠵᠦ᠂ ᠲᠥᠷᠥ ᠶᠢᠨ ᠶᠠᠪᠤᠳᠠᠯ ᠤᠨ ᠬᠤᠷᠢᠶ᠎ᠠ ᠳᠤ ᠮᠡᠳᠡᠭᠦᠯᠦᠨ | ᠵᠥᠪᠰᠢᠶᠡᠷᠡᠭᠦᠯᠦᠭᠰᠡᠨ ᠤ ᠬᠠᠮᠲᠤ ᠤᠯᠠᠮᠵᠢᠯᠠᠨ ᠲᠠᠷᠬᠠᠭᠠᠪᠠ᠃ | ᠬᠤᠶᠠᠷ᠂ ︽ᠰᠠᠨᠠᠯ︾ ᠤᠨ ᠵᠢᠯᠣᠭᠤᠳᠬᠤ ᠦᠵᠡᠯ ᠰᠠᠨᠠᠭ᠎ᠠ ᠪᠠ ᠦᠨᠳᠦᠰᠦᠨ ᠵᠠᠷᠴᠢᠮ ᠨᠢ ᠶᠠᠭᠤ ᠪᠣᠢ︖ | ︽ᠰᠠᠨᠠᠯ︾ ᠤᠨ ᠵᠢᠯᠣᠭᠤᠳᠬᠤ ᠦᠵᠡᠯ ᠰᠠᠨᠠᠭ᠎ᠠ ᠪᠣᠯ᠄ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ︽ᠲᠠᠪᠤ ᠶᠢ | ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠯᠠᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠪᠠ ︽ | ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠵᠣᠬᠢᠴᠠᠭᠤᠯᠤᠨ ᠠᠬᠢᠭᠤᠯᠵᠤ᠂ | ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠨ᠂ ᠰᠢᠨ᠎ᠡ | ᠬᠥᠭᠵᠢᠯᠲᠡ ᠶᠢᠨ ᠣᠨᠣᠯᠵᠢᠬᠤᠨ ᠢ ᠯᠠᠪᠳᠠᠭᠤᠨ ᠪᠠᠲᠤᠲᠠᠢ ᠪᠣᠢ ᠪᠣᠯᠭᠠᠵᠤ᠂ ᠬᠠᠩᠭᠠᠯᠭ᠎ᠠ ᠶᠢᠨ ᠲᠠᠯ᠎ᠠ ᠶᠢᠨ | ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠣᠯ ᠱᠤᠭᠤᠮ ᠪᠣᠯᠭᠠᠵᠤ ᠶᠢ ᠪᠠᠷᠢᠮᠲᠠᠯᠠᠵᠤ᠂ ︽ᠨᠢᠭᠡ ᠪᠦᠰᠡ | ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠪᠠᠷ ᠨᠢᠭᠡᠳᠦᠯᠲᠡᠢ ᠵᠢᠯᠣᠭᠤᠳᠤᠭᠤᠯᠵᠤ᠂ ᠬᠥᠭᠵᠢᠯᠲᠡ ᠶᠢᠨ ᠶᠠᠰᠤ ᠴᠢᠨᠠᠷ | ᠪᠠ ᠦᠷ᠎ᠡ ᠠᠰᠢᠭ ᠢ ᠳᠡᠭᠡᠭᠰᠢᠯᠡᠭᠦᠯᠬᠦ ᠪᠠᠷ ᠲᠥᠪ ᠪᠣᠯᠭᠠᠵᠤ᠂ ᠤᠯᠤᠰ ᠤᠨ ᠳᠣᠲᠣᠭᠠᠳᠤ ᠶᠢᠨ ᠪᠠ ᠣᠯᠠᠨ | ᠤᠯᠤᠰ ᠤᠨ ᠬᠤᠶᠠᠷ ᠵᠠᠬ᠎ᠠ ᠳᠡᠯᠭᠡᠭᠦᠷ ᠬᠤᠶᠠᠷ ᠵᠦᠢᠯ ᠤᠨ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠦᠨ᠂ | ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠲᠦᠷᠭᠡᠳᠬᠡᠨ | ᠬᠡᠷᠡᠭᠵᠢᠭᠦᠯᠵᠦ᠂ ᠭᠠᠳᠠᠭᠠᠳᠤ ᠳᠤ ᠭᠠᠷᠭᠠᠬᠤ ᠶᠢ ᠲᠣᠭᠲᠠᠪᠤᠷᠢᠵᠢᠭᠤᠯᠬᠤ ᠶᠢᠨ ᠬᠠᠮᠲᠤ ᠭᠠᠳᠠᠭᠠᠳᠤ ᠠᠴᠠ | ᠣᠷᠣᠭᠤᠯᠬᠤ ᠶᠢ ᠰᠠᠨᠠᠭᠠᠴᠢᠯᠠᠭ᠎ᠠ ᠠᠴᠠ ᠪᠠᠨ ᠥᠷᠭᠡᠳᠬᠡᠵᠦ᠂ ᠤᠯᠤᠰ ᠤᠨ ᠳᠣᠲᠣᠭᠠᠳᠤ ᠶᠢᠨ ᠬᠠᠩᠭᠠᠯᠭ᠎ᠠ ᠶᠢᠨ | ᠰᠢᠰᠲ᠋ᠧᠮᠵᠢ ᠶᠢᠨ ᠶᠠᠰᠤ ᠴᠢᠨᠠᠷ ᠤᠨ ᠳᠡᠭᠡᠭᠰᠢᠯᠡᠯᠲᠡ ᠶᠢ ᠠᠬᠢᠭᠤᠯᠵᠤ᠂ ᠠᠷᠠᠳ ᠲᠦᠮᠡᠨ ᠤ ᠬᠡᠷᠡᠭᠯᠡᠭᠡ ᠶᠢᠨ ᠳᠡᠰ | ᠳᠡᠪᠰᠢᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠭᠠᠳᠠᠭᠠᠳᠤ ᠠᠴᠠ ᠰᠢᠯᠢᠳᠡᠭ ᠪᠠᠷᠠᠭ᠎ᠠ ᠲᠡᠷᠢᠭᠦᠨ ᠤ ᠮᠡᠷᠭᠡᠵᠢᠯ | ᠲᠣᠨᠣᠭᠯᠠᠯ ᠣᠷᠣᠭᠤᠯᠬᠤ ᠪᠠ ᠭᠠᠳᠠᠭᠠᠳᠤ ᠳᠤ ᠥᠨᠳᠥᠷ ᠳᠡᠰ ᠳᠠᠪᠬᠤᠷᠭ᠎ᠠ ᠶᠢᠨ ᠪᠥᠭᠡᠳ ᠥᠨᠳᠥᠷ ᠨᠡᠮᠡᠯᠲᠡ | ᠥᠷᠲᠡᠭᠲᠦ ᠪᠦᠲᠦᠭᠡᠭᠳᠡᠬᠦᠨ ᠭᠠᠷᠭᠠᠬᠤ ᠶᠢ ᠪᠡᠶᠡᠯᠡᠭᠦᠯᠦᠨ᠂ ᠭᠠᠳᠠᠭᠠᠳᠤ ᠠᠷᠠᠯᠵᠢᠶ᠎ᠠ ᠶᠢᠨ ᠲᠡᠩᠴᠡᠭᠦᠷᠢᠲᠦ | ᠬᠥᠭᠵᠢᠯᠲᠡ ᠶᠢ ᠠᠬᠢᠭᠤᠯᠤᠨ᠎ᠠ᠃ | ︽ᠰᠠᠨᠠᠯ︾ ᠤᠨ ᠦᠨᠳᠦᠰᠦᠨ ᠵᠠᠷᠴᠢᠮ ᠪᠣᠯ᠄ ᠨᠢᠭᠡ ᠳᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ | ᠭᠦᠨᠵᠡᠭᠡᠶᠢᠷᠡᠭᠦᠯᠦᠨ᠂ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠨ᠎ᠡ ᠶᠢ ᠡᠭᠦᠳᠦᠨ | ᠬᠥᠭᠵᠢᠭᠦᠯᠬᠦ ᠣᠷᠴᠢᠨ ᠨᠥᠬᠦᠴᠡᠯ ᠢ ᠪᠣᠢ ᠪᠣᠯᠭᠠᠵᠤ᠂ ᠳᠦᠷᠢᠮ᠂ ᠵᠠᠭᠪᠤᠷ᠂ ᠬᠡᠯᠪᠡᠷᠢ ᠪᠠᠶᠢᠳᠠᠯ᠂ ᠦᠢᠯᠡᠴᠢᠯᠡᠭᠡ ᠳᠤ | ᠰᠢᠨ᠎ᠡ ᠶᠢ ᠡᠭᠦᠳᠬᠦ ᠪᠠᠷ ᠠᠷᠠᠯᠵᠢᠶ᠎ᠠ ᠶᠢ ᠳᠥᠭᠦᠮ ᠪᠣᠯᠭᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠤᠶᠠᠷ ᠲᠤ᠂ | ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠨ᠂ | ᠣᠯᠠᠨ ᠤᠯᠤᠰ ᠤᠨ ᠵᠠᠬ᠎ᠠ ᠳᠡᠯᠭᠡᠭᠦᠷ ᠲᠤ ᠭᠠᠷᠭᠠᠬᠤ ᠬᠤᠪᠢᠳᠠᠮᠵᠢ ᠶᠢ ᠲᠣᠭᠲᠠᠪᠤᠷᠢᠵᠢᠭᠤᠯᠤᠭᠰᠠᠨ ᠰᠠᠭᠤᠷᠢᠨ ᠳᠡᠭᠡᠷ᠎ᠡ | ᠂ ᠬᠡᠷᠡᠭᠯᠡᠭᠡ ᠶᠢ ᠳᠡᠭᠡᠭᠰᠢᠯᠡᠭᠦᠯᠬᠦ᠂ ᠪᠦᠲᠦᠴᠡ ᠶᠢ ᠲᠣᠬᠢᠷᠠᠭᠤᠯᠬᠤ᠂ ᠠᠵᠤ ᠠᠬᠤᠢ ᠶᠢ ᠬᠥᠭᠵᠢᠭᠦᠯᠬᠦ᠂ ᠨᠡᠭᠡᠭᠡᠯᠲᠡ | ᠬᠢᠬᠦ ᠶᠢ ᠥᠷᠭᠡᠳᠬᠡᠬᠦ ᠳᠤᠮᠳᠠᠬᠢ ᠭᠠᠳᠠᠭᠠᠳᠤ ᠠᠴᠠ ᠣᠷᠣᠭᠤᠯᠬᠤ ᠶᠢᠨ ᠴᠢᠬᠤᠯᠠ ᠦᠢᠯᠡᠳᠦᠯ ᠢ ᠭᠦᠢᠴᠡᠳ | ᠪᠠᠳᠠᠷᠠᠭᠤᠯᠤᠨ᠎ᠠ᠃ ᠭᠤᠷᠪᠠ ᠳᠤ᠂ ᠨᠢᠭᠡᠳᠦᠯᠲᠡᠢ ᠲᠥᠯᠥᠪᠯᠡᠵᠦ ᠲᠥᠯᠥᠪᠵᠢᠭᠦᠯᠦᠨ ᠬᠥᠭᠵᠢᠭᠦᠯᠬᠦ ᠶᠢ ᠪᠠᠷᠢᠮᠲᠠᠯᠠᠨ᠂ | ᠳᠣᠲᠣᠭᠠᠳᠤ ᠭᠠᠳᠠᠭᠠᠳᠤ ᠶᠢᠨ ᠬᠡᠷᠡᠭᠴᠡᠭᠡ ᠶᠢ ᠵᠣᠬᠢᠴᠠᠭᠤᠯᠵᠤ᠂ ᠳᠣᠲᠣᠭᠠᠳᠤ ᠭᠠᠳᠠᠭᠠᠳᠤ ᠶᠢᠨ ᠠᠷᠠᠯᠵᠢᠶ᠎ᠠ ᠶᠢ | ᠤᠶᠠᠯᠳᠤᠭᠤᠯᠬᠤ ᠶᠢ ᠪᠠᠷᠢᠮᠲᠠᠯᠠᠨ᠂ ᠪᠠᠷᠠᠭᠠᠨ ᠤ ᠠᠷᠠᠯᠵᠢᠶ᠎ᠠ ᠬᠢᠭᠡᠳ ᠦᠢᠯᠡᠴᠢᠯᠡᠭᠡ ᠶᠢᠨ ᠠᠷᠠᠯᠵᠢᠶ᠎ᠠ᠂ ᠭᠠᠳᠠᠭᠠᠳᠤ | ᠪᠡᠯᠡ ᠶᠢ ᠠᠰᠢᠭᠯᠠᠬᠤ᠂ ᠭᠠᠳᠠᠭᠠᠳᠤ ᠳᠤ ᠪᠡᠯᠡ ᠣᠷᠣᠭᠤᠯᠬᠤ᠂ ᠭᠠᠳᠠᠭᠠᠳᠤ ᠳᠤ ᠲᠤᠰᠠᠯᠠᠨ ᠳᠡᠮᠵᠢᠬᠦ ᠶᠢ ᠬᠠᠷᠢᠯᠴᠠᠨ | ᠦᠢᠯᠡᠳᠦᠯᠴᠡᠭᠦᠯᠵᠦ ᠵᠣᠬᠢᠴᠠᠭᠤᠯᠤᠨ ᠬᠥᠭᠵᠢᠭᠦᠯᠬᠦ ᠶᠢ ᠠᠬᠢᠭᠤᠯᠤᠨ᠎ᠠ᠃ ᠳᠥᠷᠪᠡ ᠳᠤ᠂ ᠬᠠᠷᠢᠯᠴᠠᠨ ᠠᠰᠢᠭ | ᠬᠦᠷᠲᠡᠵᠦ ᠬᠠᠮᠲᠤ ᠪᠠᠷ ᠢᠯᠠᠯᠲᠠ ᠣᠯᠬᠤ ᠪᠠᠶᠢᠯᠳᠤᠬᠤ ᠪᠣᠳᠣᠯᠭ᠎ᠠ ᠶᠢ ᠪᠠᠷᠢᠮᠲᠠᠯᠠᠵᠤ᠂ ᠭᠠᠳᠠᠭᠠᠳᠤ ᠠᠴᠠ | ᠣᠷᠣᠭᠤᠯᠬᠤ ᠶᠢ ᠥᠷᠭᠡᠳᠬᠡᠬᠦ ᠶᠢ ︽ᠨᠢᠭᠡ ᠪᠦᠰᠡ ᠨᠢᠭᠡ ᠵᠠᠮ︾ ᠤᠨ ᠪᠠᠶᠢᠭᠤᠯᠤᠯᠲᠠ ᠶᠢ ᠠᠬᠢᠭᠤᠯᠬᠤ ᠪᠠ | ᠴᠢᠯᠦᠭᠡᠲᠦ ᠠᠷᠠᠯᠵᠢᠶᠠᠨ ᠤ ᠲᠣᠭᠤᠷᠢᠭ ᠤᠨ ᠪᠠᠶᠢᠯᠳᠤᠬᠤ ᠪᠣᠳᠣᠯᠭ᠎ᠠ ᠶᠢ ᠲᠦᠷᠭᠡᠳᠬᠡᠨ ᠬᠡᠷᠡᠭᠵᠢᠭᠦᠯᠬᠦ ᠯᠦᠭᠡ ᠨᠢᠭᠲᠠ | ᠤᠶᠠᠯᠳᠤᠭᠤᠯᠤᠨ᠂ ᠳᠡᠯᠡᠬᠡᠢ ᠶᠢᠨ ᠨᠡᠭᠡᠭᠡᠯᠲᠡᠳᠦ ᠬᠡᠯᠪᠡᠷᠢ ᠶᠢᠨ ᠠᠵᠤ ᠠᠬᠤᠢ ᠶᠢᠨ ᠬᠥᠭᠵᠢᠯᠲᠡ ᠶᠢ ᠬᠠᠮᠲᠤ ᠪᠠᠷ | ᠠᠬᠢᠭᠤᠯᠤᠨ᠎ᠠ᠃ | ᠭᠤᠷᠪᠠ᠂ ︽ᠰᠠᠨᠠᠯ︾ ᠤᠨ ᠭᠤᠣᠯ ᠪᠣᠯᠬᠤ ᠲᠥᠷᠥ ᠶᠢᠨ ᠪᠣᠳᠣᠯᠭ᠎ᠠ ᠨᠢ ᠶᠠᠭᠤ ᠶᠠᠭᠤ ᠪᠣᠢ︖ | ︽ᠰᠠᠨᠠᠯ︾ ᠨᠢ ᠭᠠᠳᠠᠭᠠᠳᠤ ᠠᠴᠠ ᠣᠷᠣᠭᠤᠯᠬᠤ ᠭᠤᠭᠴᠤᠭ᠎ᠠ ᠶᠢᠨ ᠲᠣᠪᠣᠶᠢᠮ᠎ᠠ ᠬᠦᠴᠢᠷ ᠪᠠ ᠠᠰᠠᠭᠤᠳᠠᠯ ᠢ | ᠭᠤᠣᠯᠳᠠᠭᠤᠯᠤᠨ ᠠᠩᠬᠠᠷᠴᠤ᠂ ᠭᠠᠳᠠᠭᠠᠳᠤ ᠠᠴᠠ ᠣᠷᠣᠭᠤᠯᠬᠤ ᠪᠦᠲᠦᠴᠡ ᠶᠢ ᠰᠢᠯᠢᠳᠡᠭᠵᠢᠭᠦᠯᠬᠦ᠂ ᠣᠯᠠᠨ | ᠤᠯᠤᠰ ᠤᠨ ᠵᠠᠬ᠎ᠠ ᠳᠡᠯᠭᠡᠭᠦᠷ ᠤᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠬᠦ᠂ ᠣᠯᠠᠨ ᠠᠷᠭ᠎ᠠ ᠵᠠᠮ ᠢᠶᠠᠷ ᠠᠬᠢᠭᠤᠯᠬᠤ | ᠦᠢᠯᠡᠳᠦᠯ ᠢ ᠢᠳᠡᠪᠬᠢᠲᠡᠢ ᠪᠠᠷ ᠪᠠᠳᠠᠷᠠᠭᠤᠯᠬᠤ᠂ ᠠᠷᠠᠯᠵᠢᠶ᠎ᠠ ᠶᠢ ᠴᠢᠯᠦᠭᠡᠲᠡᠢ ᠪᠣᠯᠭᠠᠬᠤ ᠪᠠ ᠳᠥᠭᠦᠮ ᠪᠣᠯᠭᠠᠬᠤ | ᠨᠥᠬᠦᠴᠡᠯ ᠢ ᠰᠠᠶᠢᠵᠢᠷᠠᠭᠤᠯᠬᠤ ᠳᠤ ᠰᠠᠭᠤᠷᠢᠯᠠᠵᠤ᠂ ᠳᠥᠷᠪᠡᠨ ᠲᠠᠯ᠎ᠠ ᠶᠢ ᠬᠠᠮᠤᠷᠤᠭᠰᠠᠨ 15 ᠵᠦᠢᠯ ᠤᠨ ᠪᠣᠳᠠᠲᠠᠢ | ᠲᠥᠷᠥ ᠶᠢᠨ ᠪᠣᠳᠣᠯᠭ᠎ᠠ ᠶᠢ ᠳᠤᠷᠠᠳᠤᠨ ᠭᠠᠷᠭᠠᠪᠠ᠃ ᠡᠭᠦᠨ ᠳᠤ ᠳᠣᠣᠷᠠᠬᠢ ᠳᠥᠷᠪᠡᠨ ᠲᠠᠯ᠎ᠠ ᠶᠢ ᠪᠠᠭᠲᠠᠭᠠᠨ᠎ᠠ᠄ | ︵ᠨᠢᠭᠡ︶ ᠭᠠᠳᠠᠭᠠᠳᠤ ᠣᠷᠣᠭᠤᠯᠤᠯᠲᠠ ᠶᠢᠨ ᠪᠦᠲᠦᠴᠡ ᠶᠢ ᠰᠢᠯᠢᠳᠡᠭᠵᠢᠭᠦᠯᠵᠦ ᠦᠢᠯᠡᠳᠪᠦᠷᠢᠯᠡᠯ | ᠬᠡᠷᠡᠭᠯᠡᠭᠡ ᠶᠢᠨ ᠳᠡᠰ ᠳᠡᠪᠰᠢᠬᠦ ᠶᠢ ᠰᠢᠯᠢᠳᠡᠭᠵᠢᠭᠦᠯᠦᠨ᠎ᠡ᠃ ᠡᠭᠦᠨ ᠳᠤ ᠠᠷᠠᠳ ᠤᠨ ᠠᠮᠢᠳᠤᠷᠠᠯ ᠳᠤ ᠬᠤᠯᠪᠣᠭᠳᠠᠭᠰᠠᠨ | ᠪᠦᠲᠦᠭᠡᠭᠳᠡᠬᠦᠨ ᠢ ᠭᠠᠳᠠᠭᠠᠳᠤ ᠠᠴᠠ ᠣᠷᠣᠭᠤᠯᠬᠤ ᠶᠢ ᠳᠡᠮᠵᠢᠬᠦ᠂ ᠦᠢᠯᠡᠴᠢᠯᠡᠭᠡ ᠶᠢᠨ ᠠᠷᠠᠯᠵᠢᠶ᠎ᠠ ᠶᠢ | ᠢᠳᠡᠪᠬᠢᠲᠡᠢ ᠪᠠᠷ ᠬᠥᠭᠵᠢᠭᠦᠯᠬᠦ᠂ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠳᠤ ᠲᠤᠰᠠᠲᠠᠢ ᠮᠡᠷᠭᠡᠵᠢᠯ ᠲᠣᠨᠣᠭᠯᠠᠯ ᠤᠨ | ᠭᠠᠳᠠᠭᠠᠳᠤ ᠣᠷᠣᠭᠤᠯᠤᠯᠲᠠ ᠶᠢ ᠨᠡᠮᠡᠭᠳᠡᠭᠦᠯᠬᠦ᠂ ᠲᠠᠷᠢᠶᠠᠯᠠᠩ ᠤᠨ ᠪᠦᠲᠦᠭᠡᠭᠳᠡᠬᠦᠨ᠂ ᠡᠬᠢ ᠪᠠᠶᠠᠯᠢᠭ ᠤᠨ ᠴᠢᠨᠠᠷᠲᠠᠢ | ᠪᠦᠲᠦᠭᠡᠭᠳᠡᠬᠦᠨ ᠤ ᠭᠠᠳᠠᠭᠠᠳᠤ ᠣᠷᠣᠭᠤᠯᠤᠯᠲᠠ ᠶᠢ ᠨᠡᠮᠡᠭᠳᠡᠭᠦᠯᠬᠦ ᠭᠡᠬᠦ ᠳᠥᠷᠪᠡᠨ ᠵᠦᠢᠯ ᠤᠨ ᠲᠥᠷᠥ ᠶᠢᠨ | ᠪᠣᠳᠣᠯᠭ᠎ᠠ ᠶᠢ ᠪᠠᠭᠲᠠᠭᠠᠨ᠎ᠠ᠃ ︽ᠰᠠᠨᠠᠯ︾ ᠳᠤ ᠬᠡᠷᠡᠭᠯᠡᠭᠡ ᠶᠢᠨ ᠳᠡᠰ ᠳᠡᠪᠰᠢᠬᠦ ᠪᠠ ᠬᠠᠩᠭᠠᠯᠭ᠎ᠠ ᠶᠢᠨ ᠶᠠᠰᠤ ᠴᠢᠨᠠᠷ ᠢ | ᠳᠡᠭᠡᠭᠰᠢᠯᠡᠭᠦᠯᠬᠦ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠯᠳᠤᠭᠤᠯᠤᠨ᠂ ᠠᠷᠠᠳ ᠲᠦᠮᠡᠨ ᠤ ᠠᠮᠢᠳᠤᠷᠠᠯ ᠲᠠᠢ ᠨᠢᠭᠲᠠ | ᠬᠤᠯᠪᠣᠭ᠎ᠠ ᠲᠠᠢ ᠡᠳᠦᠷ ᠲᠤᠲᠤᠮ ᠤᠨ ᠬᠡᠷᠡᠭᠯᠡᠭᠡ ᠶᠢᠨ ᠵᠦᠢᠯᠡᠰ᠂ ᠡᠮ ᠡᠮᠨᠡᠯᠭᠡ ᠪᠠ ᠡᠷᠡᠭᠦᠯᠵᠢᠯ᠂ ᠨᠠᠰᠤᠵᠢᠯ | ᠰᠤᠪᠢᠯᠠᠯᠲᠠ ᠵᠡᠷᠭᠡ ᠶᠢᠨ ᠲᠣᠨᠣᠭᠯᠠᠯ ᠢ ᠭᠠᠳᠠᠭᠠᠳᠤ ᠠᠴᠠ ᠣᠷᠣᠭᠤᠯᠬᠤ ᠶᠢ ᠳᠡᠮᠵᠢᠨ᠎ᠡ ᠭᠡᠵᠦ ᠴᠢᠬᠤᠯᠠᠴᠢᠯᠠᠵᠠᠢ᠃ | 2015 ᠣᠨ ᠠᠴᠠ ᠨᠠᠭᠠᠰᠢ᠂ ᠰᠠᠭᠤᠭᠠᠯᠢ ᠠᠷᠠᠳ ᠤᠨ ᠬᠡᠷᠡᠭᠯᠡᠭᠡ ᠶᠢᠨ ᠳᠡᠰ ᠳᠡᠪᠰᠢᠬᠦ ᠬᠡᠷᠡᠭᠴᠡᠭᠡ | ᠱᠠᠭᠠᠷᠳᠠᠯᠭ᠎ᠠ ᠶᠢ ᠬᠠᠩᠭᠠᠬᠤ ᠶᠢᠨ ᠲᠥᠯᠥᠭᠡ᠂ ᠲᠥᠷᠥ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠡᠳ᠂ | ᠮᠠᠨ ᠤ ᠤᠯᠤᠰ ᠡᠳᠦᠷ ᠲᠤᠲᠤᠮ ᠤᠨ ᠬᠡᠷᠡᠭᠯᠡᠭᠡ ᠶᠢᠨ ᠵᠦᠢᠯ ᠤᠨ ᠭᠠᠳᠠᠭᠠᠳᠤ ᠠᠴᠠ ᠣᠷᠣᠭᠤᠯᠬᠤ ᠪᠣᠭᠤᠮᠲᠠ ᠶᠢᠨ | ᠭᠠᠶᠢᠯᠢ ᠶᠢ ᠨᠢᠭᠡᠨᠲᠡ 4 ᠤᠳᠠᠭ᠎ᠠ ᠪᠠᠭᠤᠷᠠᠭᠤᠯᠪᠠ︔ 2018 ᠣᠨ ᠳᠤ ᠪᠠᠰᠠ ᠤᠷᠢᠳ ᠬᠤᠵᠢᠳ ᠮᠠᠰᠢᠨ ᠲᠡᠷᠭᠡ᠂ | ᠡᠮ ᠤᠨ ᠵᠦᠢᠯ ᠪᠠ ᠬᠡᠰᠡᠭ ᠡᠳᠦᠷ ᠲᠤᠲᠤᠮ ᠤᠨ ᠬᠡᠷᠡᠭᠯᠡᠭᠡ ᠶᠢᠨ ᠵᠦᠢᠯᠡᠰ ᠤᠨ ᠭᠠᠳᠠᠭᠠᠳᠤ ᠠᠴᠠ ᠣᠷᠣᠭᠤᠯᠬᠤ | ᠪᠣᠭᠤᠮᠲᠠ ᠶᠢᠨ ᠭᠠᠶᠢᠯᠢ ᠶᠢ ᠪᠠᠭᠤᠷᠠᠭᠤᠯᠵᠠᠢ᠃ ᠬᠡᠰᠡᠭ ᠲᠠᠸᠠᠷ ᠤᠨ ᠭᠠᠳᠠᠭᠠᠳᠤ ᠠᠴᠠ ᠣᠷᠣᠭᠤᠯᠬᠤ ᠭᠠᠶᠢᠯᠢ ᠶᠢᠨ | ᠨᠣᠷᠮ᠎ᠠ ᠶᠢ ᠪᠠᠭᠤᠷᠠᠭᠤᠯᠬᠤ ᠠᠷᠭ᠎ᠠ ᠬᠡᠮᠵᠢᠶ᠎ᠡ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠳᠤᠮᠳᠠᠬᠢ ᠭᠦᠢᠯᠭᠡᠭᠡ ᠶᠢᠨ | ᠭᠤᠭᠴᠤᠭ᠎ᠠ ᠶᠢ ᠬᠠᠰᠤᠨ ᠪᠠᠭᠠᠰᠬᠠᠵᠤ᠂ ᠵᠦᠢ ᠵᠣᠬᠢᠰ ᠦᠭᠡᠢ ᠪᠠᠷ ᠦᠨ᠎ᠡ ᠬᠠᠩᠰᠢ ᠶᠢ ᠥᠰᠬᠡᠬᠦ ᠠᠵᠢᠯᠯᠠᠭ᠎ᠠ ᠶᠢ | ᠴᠡᠪᠡᠷᠯᠡᠨ ᠠᠷᠢᠯᠭᠠᠵᠤ᠂ ᠠᠷᠠᠳ ᠲᠦᠮᠡᠨ ᠤ ᠠᠮᠢᠳᠤᠷᠠᠯ ᠤᠨ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠦᠨ᠎ᠡ᠃ | ︵ᠬᠤᠶᠠᠷ︶ ᠣᠯᠠᠨ ᠤᠯᠤᠰ ᠤᠨ ᠵᠠᠬ᠎ᠠ ᠳᠡᠯᠭᠡᠭᠦᠷ ᠤᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠦᠨ᠎ᠡ᠃ ᠡᠨᠡ | ᠨᠢ ︽ᠨᠢᠭᠡ ᠪᠦᠰᠡ ᠨᠢᠭᠡ ᠵᠠᠮ︾ ᠤᠨ ᠳᠡᠯᠡᠬᠡᠢ ᠶᠢᠨ ᠬᠠᠮᠲᠤᠷᠠᠯᠴᠠᠭ᠎ᠠ ᠶᠢ ᠴᠢᠩᠭᠠᠳᠬᠠᠬᠤ᠂ ᠴᠢᠯᠦᠭᠡᠲᠦ | ᠠᠷᠠᠯᠵᠢᠶᠠᠨ ᠤ ᠲᠣᠭᠤᠷᠢᠭ ᠤᠨ ᠪᠠᠶᠢᠯᠳᠤᠬᠤ ᠪᠣᠳᠣᠯᠭ᠎ᠠ ᠶᠢ ᠲᠦᠷᠭᠡᠳᠬᠡᠨ ᠬᠡᠷᠡᠭᠵᠢᠭᠦᠯᠬᠦ᠂ ᠬᠠᠮᠤᠭ ᠤᠨ | ᠬᠥᠭᠵᠢᠭᠡᠳᠦᠢ ᠤᠯᠤᠰ ᠠᠴᠠ ᠪᠠᠷᠠᠭ᠎ᠠ ᠵᠢᠴᠢ ᠦᠢᠯᠡᠴᠢᠯᠡᠭᠡ ᠣᠷᠣᠭᠤᠯᠵᠤ ᠠᠪᠴᠢᠷᠠᠬᠤ ᠳᠤ ᠬᠠᠷᠠᠭᠠᠯᠵᠠᠨ | ᠲᠣᠬᠢᠷᠠᠭᠤᠯᠬᠤ ᠶᠢ ᠨᠠᠶᠢᠳᠠᠪᠤᠷᠢᠵᠢᠭᠤᠯᠬᠤ ᠭᠡᠬᠦ ᠭᠤᠷᠪᠠᠨ ᠵᠦᠢᠯ ᠤᠨ ᠲᠥᠷᠥ ᠶᠢᠨ ᠪᠣᠳᠣᠯᠭ᠎ᠠ ᠶᠢ ᠪᠠᠭᠲᠠᠭᠠᠨ᠎ᠠ᠃ ︽ | ᠰᠠᠨᠠᠯ︾ ᠳᠤ ᠣᠯᠠᠨ ᠲᠠᠯ᠎ᠠ ᠪᠠ ᠬᠤᠣᠰ ᠲᠠᠯ᠎ᠠ ᠶᠢᠨ ᠠᠵᠤ ᠠᠬᠤᠢ ᠠᠷᠠᠯᠵᠢᠶ᠎ᠠ ᠶᠢᠨ ᠬᠠᠮᠲᠤᠷᠠᠯᠴᠠᠭᠠᠨ ᠤ | ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ︽ᠨᠢᠭᠡ ᠪᠦᠰᠡ ᠨᠢᠭᠡ ᠵᠠᠮ︾ ᠤᠨ ᠬᠠᠮᠢᠶ᠎ᠠ ᠪᠦᠬᠦᠢ | ᠤᠯᠤᠰ ᠢᠶᠠᠷ ᠭᠤᠣᠯᠳᠠᠯᠭ᠎ᠠ ᠲᠠᠢ ᠨᠡᠭᠡᠭᠡᠨ ᠥᠷᠭᠡᠳᠬᠡᠬᠦ ᠭᠠᠳᠠᠭᠠᠳᠤ ᠣᠷᠣᠭᠤᠯᠤᠯᠲᠠ ᠶᠢᠨ ᠢᠷᠡᠯᠲᠡ ᠶᠢᠨ ᠣᠷᠣᠨ | ᠪᠣᠯᠭᠠᠨ᠎ᠠ᠃ ᠬᠤᠯᠪᠣᠭᠳᠠᠯ ᠪᠦᠬᠦᠢ ᠤᠯᠤᠰ ᠪᠠ ᠭᠠᠵᠠᠷ ᠣᠷᠣᠨ ᠯᠤᠭ᠎ᠠ ᠴᠢᠯᠦᠭᠡᠲᠦ ᠠᠷᠠᠯᠵᠢᠶᠠᠨ ᠤ ᠲᠣᠭᠤᠷᠢᠭ ᠤᠨ | ᠬᠡᠯᠡᠯᠴᠡᠭᠡ ᠬᠢᠬᠦ ᠶᠢ ᠢᠳᠡᠪᠬᠢᠲᠡᠢ ᠠᠬᠢᠭᠤᠯᠵᠤ᠂ ᠡᠷᠬᠢᠨ ᠲᠣᠭᠤᠷᠢᠨ ᠳᠤ ᠪᠠᠨ ᠰᠠᠭᠤᠷᠢᠯᠠᠭᠰᠠᠨ᠂ ︽ᠨᠢᠭᠡ ᠪᠦᠰᠡ | ᠨᠢᠭᠡ ᠵᠠᠮ︾ ᠢ ᠨᠥᠯᠥᠭᠡᠯᠡᠭᠰᠡᠨ᠂ ᠪᠦᠬᠦ ᠪᠥᠮᠪᠥᠷᠴᠡᠭ ᠲᠤ ᠬᠠᠨᠳᠤᠭᠤᠯᠤᠭᠰᠠᠨ ᠥᠨᠳᠥᠷ ᠪᠠᠷᠢᠮᠵᠢᠶᠠᠲᠤ ᠴᠢᠯᠦᠭᠡᠲᠦ | ᠠᠷᠠᠯᠵᠢᠶᠠᠨ ᠤ ᠲᠣᠭᠤᠷᠢᠭ ᠤᠨ ᠲᠣᠣᠷ ᠰᠦᠯᠵᠢᠶ᠎ᠡ ᠶᠢ ᠲᠦᠷᠭᠡᠳᠬᠡᠨ ᠪᠠᠶᠢᠭᠤᠯᠤᠨ᠎ᠠ᠃ ᠮᠠᠨ ᠤ ᠤᠯᠤᠰ ᠲᠠᠢ | ᠭᠠᠳᠠᠭᠠᠳᠤ ᠬᠠᠷᠢᠴᠠᠭ᠎ᠠ ᠪᠠᠶᠢᠭᠤᠯᠤᠭᠰᠠᠨ ᠬᠠᠮᠤᠭ ᠤᠨ ᠬᠥᠭᠵᠢᠭᠡᠳᠦᠢ ᠤᠯᠤᠰ ᠲᠤ 97% ᠶᠢᠨ ᠭᠠᠶᠢᠯᠢ ᠶᠢᠨ ᠵᠦᠢᠯ | ᠲᠠᠢ ᠳᠤᠮᠳᠠᠳᠤ ᠳᠤ ᠣᠷᠣᠭᠤᠯᠬᠤ ᠪᠦᠲᠦᠭᠡᠭᠳᠡᠬᠦᠨ ᠠᠴᠠ ᠪᠣᠭᠤᠮᠲᠠ ᠶᠢᠨ ᠭᠠᠶᠢᠯᠢ ᠬᠤᠷᠢᠶᠠᠬᠤ ᠦᠭᠡᠢ ᠬᠠᠷᠠᠭᠠᠯᠵᠠᠯ | ᠣᠯᠭᠤᠬᠤ ᠬᠠᠮᠢᠶ᠎ᠠ ᠪᠦᠬᠦᠢ ᠠᠮᠠᠯᠠᠯᠲᠠ ᠶᠢ ᠦᠷᠭᠦᠯᠵᠢᠯᠡᠨ ᠨᠠᠶᠢᠳᠠᠪᠤᠷᠢᠵᠢᠭᠤᠯᠤᠨ᠎ᠠ ᠭᠡᠵᠦ ᠵᠢᠭᠠᠵᠤ ᠭᠠᠷᠭᠠᠪᠠ᠃ | 2018 ᠣᠨ ᠤ 1 — 5 ᠳ᠋ᠤᠭᠠᠷ ᠰᠠᠷ᠎ᠠ ᠳᠤ᠂ ᠮᠠᠨ ᠤ ᠤᠯᠤᠰ ︽ᠨᠢᠭᠡ ᠪᠦᠰᠡ ᠨᠢᠭᠡ ᠵᠠᠮ︾ ᠤᠨ ᠳᠠᠭᠠᠤ | ᠤᠯᠤᠰ ᠤᠳ ᠠᠴᠠ 1.1 ᠲᠦᠮᠡᠨ ᠳ᠋ᠦᠩᠰᠢᠭᠤᠷ ᠲᠥᠭᠦᠷᠢᠭ ᠤᠨ ᠠᠷᠠᠳ ᠤᠨ ᠵᠣᠭᠤᠰ ᠤᠨ ᠭᠠᠳᠠᠭᠠᠳᠤ | ᠣᠷᠣᠭᠤᠯᠤᠯᠲᠠ ᠬᠢᠵᠦ᠂ 15.1% ᠪᠠᠷ ᠨᠡᠮᠡᠭᠳᠡᠭᠦᠯᠵᠦ᠂ ᠡᠨᠡ ᠨᠢ ᠭᠠᠳᠠᠭᠠᠳᠤ ᠠᠴᠠ ᠣᠷᠣᠭᠤᠯᠬᠤ ᠪᠦᠬᠦᠯᠢ | ᠴᠣᠭᠴᠠ ᠶᠢᠨ ᠨᠡᠮᠡᠭᠳᠡᠯ ᠤᠨ ᠬᠤᠷᠳᠤᠴᠠ ᠠᠴᠠ 3.4 ᠵᠠᠭᠤᠨ ᠤ ᠴᠡᠭ ᠥᠨᠳᠥᠷ ᠪᠠᠶᠢᠨ᠎ᠠ᠃ ᠣᠳᠣᠬᠠᠨ ᠳᠤ᠂ | ᠮᠠᠨ ᠤ ᠤᠯᠤᠰ ᠨᠢᠭᠡᠨᠲᠡ 24 ᠤᠯᠤᠰ ᠪᠠ ᠭᠠᠵᠠᠷ ᠣᠷᠣᠨ ᠲᠠᠢ 16 ᠴᠢᠯᠦᠭᠡᠲᠦ ᠠᠷᠠᠯᠵᠢᠶᠠᠨ ᠤ ᠬᠡᠯᠡᠯᠴᠡᠭᠡᠷ | ᠲᠣᠭᠲᠠᠵᠤ᠂ ᠴᠢᠯᠦᠭᠡᠲᠦ ᠠᠷᠠᠯᠵᠢᠶᠠᠨ ᠤ ᠬᠠᠨᠢᠲᠠᠳ ᠨᠢ ᠠᠽᠢᠶ᠎ᠠ ᠲᠢᠪ᠂ ᠡᠸᠦ᠋ᠷᠦᠫᠡ ᠲᠢᠪ᠂ ᠠᠮᠧᠷᠢᠺᠠ ᠲᠢᠪ ᠪᠠ | ᠶᠡᠭᠡ ᠳᠠᠯᠠᠢ ᠶᠢᠨ ᠲᠢᠪ ᠢ ᠬᠠᠮᠤᠷᠪᠠ᠃ 2017 ᠣᠨ ᠤ ᠰᠡᠭᠦᠯᠴᠢ ᠪᠣᠯᠲᠠᠯ᠎ᠠ᠂ ᠮᠠᠨ ᠤ ᠤᠯᠤᠰ ᠨᠡᠶᠢᠲᠡ | ᠬᠠᠮᠤᠭ ᠤᠨ ᠬᠥᠭᠵᠢᠭᠡᠳᠦᠢ 37 ᠤᠯᠤᠰ ᠲᠤ 97% ᠶᠢᠨ ᠭᠠᠶᠢᠯᠢ ᠶᠢᠨ ᠵᠦᠢᠯ ᠲᠠᠢ ᠳᠤᠮᠳᠠᠳᠤ ᠳᠤ ᠣᠷᠣᠭᠤᠯᠬᠤ | ᠪᠦᠲᠦᠭᠡᠭᠳᠡᠬᠦᠨ ᠠᠴᠠ ᠪᠣᠭᠤᠮᠲᠠ ᠶᠢᠨ ᠭᠠᠶᠢᠯᠢ ᠬᠤᠷᠢᠶᠠᠬᠤ ᠦᠭᠡᠢ ᠬᠥᠩᠭᠡᠯᠡᠯᠲᠡ ᠲᠠᠢ ᠬᠠᠷᠠᠭᠠᠯᠵᠠᠯ ᠬᠠᠩᠭᠠᠵᠤ᠂ | 2015 ᠣᠨ ᠠᠴᠠ 2017 ᠣᠨ ᠪᠣᠯᠲᠠᠯ᠎ᠠ ᠮᠠᠨ ᠤ ᠤᠯᠤᠰ ᠤᠨ ᠬᠠᠮᠤᠭ ᠤᠨ ᠬᠥᠭᠵᠢᠭᠡᠳᠦᠢ ᠤᠯᠤᠰ ᠠᠴᠠ | ᠣᠷᠣᠭᠤᠯᠤᠭᠰᠠᠨ ᠬᠠᠷᠠᠭᠠᠯᠵᠠᠯ ᠲᠠᠢ ᠪᠠᠷᠠᠭᠠᠨ ᠤ ᠥᠷᠲᠡᠭ ᠨᠢ ᠨᠡᠶᠢᠲᠡ ᠪᠠᠷᠤᠭ 40 ᠳ᠋ᠦᠩᠰᠢᠭᠤᠷ ᠳ᠋ᠣᠯᠯᠠᠷ ᠲᠤ | ᠬᠦᠷᠴᠡᠢ᠃ | ︵ᠭᠤᠷᠪᠠ︶ ᠣᠯᠠᠨ ᠠᠷᠭ᠎ᠠ ᠵᠠᠮ ᠤᠨ ᠠᠬᠢᠭᠤᠯᠬᠤ ᠦᠢᠯᠡᠳᠦᠯ ᠢ ᠢᠳᠡᠪᠬᠢᠲᠡᠢ ᠪᠠᠳᠠᠷᠠᠭᠤᠯᠤᠨ᠎ᠠ᠃ ᠡᠨᠡ ᠨᠢ | ᠳᠤᠮᠳᠠᠳᠤ ᠤᠯᠤᠰ ᠲᠠᠬᠢ ᠣᠯᠠᠨ ᠤᠯᠤᠰ ᠤᠨ ᠭᠠᠳᠠᠭᠠᠳᠤ ᠣᠷᠣᠭᠤᠯᠤᠯᠲᠠ ᠶᠢᠨ ᠦᠵᠡᠭᠦᠯᠦᠭᠡ ᠶᠢᠨ ᠬᠤᠷᠠᠯ ᠢ | ᠰᠠᠶᠢᠲᠤᠷ ᠡᠷᠬᠢᠯᠡᠬᠦ᠂ ᠭᠠᠳᠠᠭᠠᠳᠤ ᠣᠷᠣᠭᠤᠯᠤᠯᠲᠠ ᠶᠢ ᠥᠷᠭᠡᠳᠬᠡᠬᠦ ᠳᠠᠬᠢ ᠭᠠᠳᠠᠭᠠᠳᠤ ᠪᠡᠯᠡ ᠶᠢᠨ ᠠᠬᠢᠭᠤᠯᠬᠤ | ᠦᠢᠯᠡᠳᠦᠯ ᠢ ᠦᠷᠭᠦᠯᠵᠢᠯᠡᠨ ᠪᠠᠳᠠᠷᠠᠭᠤᠯᠬᠤ᠂ ᠭᠠᠳᠠᠭᠠᠳᠤ ᠠᠷᠠᠯᠵᠢᠶ᠎ᠠ ᠬᠢᠭᠡᠳ ᠭᠠᠳᠠᠭᠠᠳᠤ ᠪᠡᠯᠡ ᠣᠷᠣᠭᠤᠯᠤᠯᠲᠠ ᠶᠢ | ᠪᠦᠲᠦᠮᠵᠢᠲᠡᠢ ᠪᠠᠷ ᠦᠢᠯᠡᠳᠦᠯᠴᠡᠭᠦᠯᠬᠦ ᠶᠢ ᠠᠬᠢᠭᠤᠯᠬᠤ᠂ ᠭᠠᠳᠠᠭᠠᠳᠤ ᠠᠴᠠ ᠣᠷᠣᠭᠤᠯᠬᠤ ᠠᠷᠠᠯᠵᠢᠶᠠᠨ ᠤ ᠠᠷᠭ᠎ᠠ | ᠬᠡᠯᠪᠡᠷᠢ ᠳᠤ ᠰᠢᠨ᠎ᠡ ᠶᠢ ᠡᠭᠦᠳᠬᠦ ᠭᠡᠬᠦ ᠳᠥᠷᠪᠡᠨ ᠵᠦᠢᠯ ᠤᠨ ᠲᠥᠷᠥ ᠶᠢᠨ ᠪᠣᠳᠣᠯᠭ᠎ᠠ ᠶᠢ ᠪᠠᠭᠲᠠᠭᠠᠨ᠎ᠠ᠃ | ᠠᠩᠬᠠᠳᠤᠭᠠᠷ ᠬᠤᠭᠤᠴᠠᠭᠠᠨ ᠤ ᠳᠤᠮᠳᠠᠳᠤ ᠤᠯᠤᠰ ᠲᠠᠬᠢ ᠣᠯᠠᠨ ᠤᠯᠤᠰ ᠤᠨ ᠭᠠᠳᠠᠭᠠᠳᠤ ᠣᠷᠣᠭᠤᠯᠤᠯᠲᠠ ᠶᠢᠨ | ᠦᠵᠡᠭᠦᠯᠭᠡ ᠶᠢᠨ ᠬᠤᠷᠠᠯ ᠢ 2018 ᠣᠨ ᠤ 11 ᠳ᠋ᠦ᠋ᠭᠡᠷ ᠰᠠᠷ᠎ᠠ ᠳᠤ ᠡᠷᠬᠢᠯᠡᠨ ᠶᠠᠪᠤᠭᠤᠯᠵᠤ᠂ ᠡᠯ᠎ᠡ ᠤᠯᠤᠰ ᠤᠨ | ᠬᠢᠨ ᠤ ᠣᠯᠠᠨ ᠤᠯᠤᠰ ᠤᠨ ᠠᠷᠠᠯᠵᠢᠶ᠎ᠠ ᠥᠷᠨᠢᠭᠦᠯᠬᠦ ᠨᠡᠭᠡᠭᠡᠯᠲᠡᠲᠦ ᠬᠡᠯᠪᠡᠷᠢ ᠶᠢᠨ ᠬᠠᠮᠲᠤᠷᠠᠯᠴᠠᠭᠠᠨ ᠤ ᠲᠠᠪᠴᠠᠩ | ᠪᠣᠯᠭᠠᠨ᠎ᠠ᠃ ︽ᠰᠠᠨᠠᠯ︾ ᠳᠤ ᠪᠠᠰᠠ ᠭᠠᠳᠠᠭᠠᠳᠤ ᠶᠢᠨ ᠬᠤᠳᠠᠯᠳᠤᠭᠠᠴᠢᠳ ᠤᠨ ᠪᠡᠯᠡ ᠣᠷᠣᠭᠤᠯᠤᠯᠲᠠ ᠶᠢᠨ ᠬᠠᠮᠢᠶ᠎ᠠ | ᠪᠦᠬᠦᠢ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠦᠨ᠂ ᠬᠢᠯᠢ ᠶᠢᠨ ᠳᠣᠲᠣᠷᠠᠬᠢ ᠪᠡᠯᠡ ᠣᠷᠣᠭᠤᠯᠬᠤ ᠣᠷᠴᠢᠨ | ᠨᠥᠬᠦᠴᠡᠯ ᠢ ᠰᠢᠯᠢᠳᠡᠭᠵᠢᠭᠦᠯᠬᠦ ᠬᠡᠷᠡᠭᠲᠡᠢ᠃ ᠥᠨᠳᠥᠷ ᠬᠢᠷᠢ ᠲᠦᠪᠰᠢᠨ ᠪᠦᠬᠦᠢ ᠪᠡᠯᠡ ᠣᠷᠣᠭᠤᠯᠬᠤ ᠬᠡᠯᠡᠯᠴᠡᠭᠡᠷ | ᠲᠣᠭᠲᠠᠬᠤ ᠶᠢ ᠲᠦᠷᠭᠡᠳᠬᠡᠨ ᠠᠬᠢᠭᠤᠯᠵᠤ᠂ ᠭᠠᠳᠠᠭᠠᠳᠤ ᠪᠡᠯᠡ ᠣᠷᠣᠭᠤᠯᠤᠯᠲᠠ ᠶᠢ ᠳᠥᠭᠦᠮ ᠪᠣᠯᠭᠠᠬᠤ ᠬᠢᠷᠢ | ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ | ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠤᠨ ᠪᠣᠯᠪᠠᠰᠤᠷᠠᠩᠭᠤᠢ ᠲᠤᠷᠰᠢᠯᠭ᠎ᠠ ᠬᠢᠳᠡᠯ ᠢ ᠵᠢᠷᠤᠮᠯᠠᠨ ᠳᠠᠭᠠᠵᠤ | ᠳᠡᠯᠭᠡᠷᠡᠭᠦᠯᠬᠦ ᠶᠢ ᠲᠦᠷᠭᠡᠳᠬᠡᠵᠦ᠂ ᠮᠠᠰᠢᠨ ᠲᠡᠷᠭᠡ ᠶᠢ ᠵᠡᠷᠭᠡ ᠪᠠᠷ ᠭᠠᠳᠠᠭᠠᠳᠤ ᠠᠴᠠ ᠣᠷᠣᠭᠤᠯᠬᠤ ᠲᠤᠷᠰᠢᠯᠲᠠ ᠶᠢᠨ | ᠴᠡᠭ ᠢ ᠲᠦᠷᠭᠡᠳᠬᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃ | ︵ᠳᠥᠷᠪᠡ︶ ᠠᠷᠠᠯᠵᠢᠶ᠎ᠠ ᠶᠢ ᠴᠢᠯᠦᠭᠡᠲᠡᠢ ᠪᠣᠯᠭᠠᠬᠤ ᠪᠠ ᠳᠥᠭᠦᠮ ᠪᠣᠯᠭᠠᠬᠤ ᠨᠥᠬᠦᠴᠡᠯ ᠢ ᠨᠢ | ᠰᠠᠶᠢᠵᠢᠷᠠᠭᠤᠯᠤᠨ᠎ᠠ᠃ ᠡᠨᠡ ᠨᠢ ᠭᠠᠳᠠᠭᠠᠳᠤ ᠣᠷᠣᠭᠤᠯᠤᠯᠲᠠ ᠶᠢ ᠠᠬᠢᠭᠤᠯᠬᠤ ᠲᠠᠪᠴᠠᠩ ᠢ ᠶᠡᠭᠡ ᠪᠠᠷ | ᠪᠣᠶᠢᠵᠢᠭᠤᠯᠬᠤ᠂ ᠭᠠᠳᠠᠭᠠᠳᠤ ᠣᠷᠣᠭᠤᠯᠤᠯᠲᠠ ᠶᠢᠨ ᠪᠣᠭᠤᠮᠲᠠ ᠪᠠᠷ ᠥᠩᠭᠡᠷᠡᠬᠦ ᠴᠤᠪᠤᠷᠠᠯ ᠢ ᠰᠢᠯᠢᠳᠡᠭᠵᠢᠭᠦᠯᠬᠦ᠂ | ᠭᠠᠳᠠᠭᠠᠳᠤ ᠠᠴᠠ ᠣᠷᠣᠭᠤᠯᠬᠤ ᠭᠤᠭᠴᠤᠭ᠎ᠠ ᠶᠢᠨ ᠳᠦᠷᠢᠮ ᠤᠨ ᠴᠢᠨᠠᠷᠲᠠᠢ ᠥᠪᠡᠷ ᠤᠨ ᠥᠷᠲᠡᠭ ᠢ ᠪᠠᠭᠤᠷᠠᠭᠤᠯᠬᠤ᠂ | ᠤᠯᠤᠰ ᠤᠨ ᠳᠣᠲᠣᠭᠠᠳᠤ ᠶᠢᠨ ᠡᠵᠡᠩᠨᠡᠵᠦ ᠬᠤᠳᠠᠯᠳᠤᠭᠠᠯᠠᠬᠤ ᠶᠢᠨ ᠣᠷᠴᠢᠨ ᠨᠥᠬᠦᠴᠡᠯ ᠢ ᠲᠦᠷᠭᠡᠳᠬᠡᠨ | ᠰᠠᠶᠢᠵᠢᠷᠠᠭᠤᠯᠬᠤ ᠭᠡᠬᠦ ᠳᠥᠷᠪᠡᠨ ᠵᠦᠢᠯ ᠤᠨ ᠲᠥᠷᠥ ᠶᠢᠨ ᠪᠣᠳᠣᠯᠭ᠎ᠠ ᠶᠢ ᠪᠠᠭᠲᠠᠭᠠᠨ᠎ᠠ᠃ ︽ᠰᠠᠨᠠᠯ︾ ᠳᠤ | ᠤᠯᠤᠰ ᠤᠨ ᠨᠢᠭᠡ ᠪᠦᠯᠦᠭ ᠵᠢᠱᠢᠶ᠎ᠡ ᠦᠵᠡᠭᠦᠯᠵᠦ ᠳᠠᠶᠢᠴᠢᠯᠠᠨ ᠳᠠᠭᠠᠭᠤᠯᠬᠤ ᠦᠢᠯᠡᠳᠦᠯ ᠢᠶᠠᠷ ᠲᠣᠪᠣᠶᠢᠮ᠎ᠠ | ᠭᠠᠳᠠᠭᠠᠳᠤ ᠠᠴᠠ ᠣᠷᠣᠭᠤᠯᠬᠤ ᠠᠷᠠᠯᠵᠢᠶ᠎ᠠ ᠶᠢᠨ ᠠᠬᠢᠭᠤᠯᠤᠨ ᠰᠢᠨ᠎ᠡ ᠶᠢ ᠡᠭᠦᠳᠴᠦ ᠵᠢᠱᠢᠶ᠎ᠡ ᠦᠵᠡᠭᠦᠯᠬᠦ | ᠲᠣᠭᠤᠷᠢᠭ ᠢ ᠪᠣᠶᠢᠵᠢᠭᠤᠯᠤᠨ ᠪᠦᠷᠢᠯᠳᠦᠭᠦᠯᠬᠦ ᠬᠡᠷᠡᠭᠲᠡᠢ᠃ ᠭᠠᠳᠠᠭᠠᠳᠤ ᠠᠴᠠ ᠣᠷᠣᠭᠤᠯᠬᠤ ᠠᠷᠠᠯᠵᠢᠶ᠎ᠠ ᠶᠢ ᠳᠥᠭᠦᠮ | ᠪᠣᠯᠭᠠᠬᠤ ᠬᠢᠷᠢ ᠲᠦᠪᠰᠢᠨ ᠢ ᠨᠢ ᠳᠡᠭᠡᠭᠰᠢᠯᠡᠭᠦᠯᠦᠨ᠂ ᠭᠠᠳᠠᠭᠠᠳᠤ ᠠᠴᠠ ᠣᠷᠣᠭᠤᠯᠬᠤ ᠭᠤᠭᠴᠤᠭ᠎ᠠ ᠶᠢᠨ | ᠳᠦᠷᠢᠮ ᠤᠨ ᠴᠢᠨᠠᠷᠲᠠᠢ ᠥᠪᠡᠷ ᠤᠨ ᠥᠷᠲᠡᠭ ᠢ ᠪᠠᠭᠤᠷᠠᠭᠤᠯᠵᠤ᠂ ᠭᠠᠳᠠᠭᠠᠳᠤ ᠠᠴᠠ ᠣᠷᠣᠭᠤᠯᠬᠤ | ᠭᠤᠭᠴᠤᠭ᠎ᠠ ᠳᠠᠬᠢ ᠵᠦᠢ ᠵᠣᠬᠢᠰ ᠦᠭᠡᠢ ᠪᠠᠷ ᠰᠦᠢᠳᠬᠡᠯ ᠬᠤᠷᠢᠶᠠᠬᠤ ᠶᠢ ᠦᠭᠡᠶᠢᠰᠬᠡᠬᠦ ᠬᠡᠷᠡᠭᠲᠡᠢ᠃ ᠭᠠᠳᠠᠭᠠᠳᠤ | ᠠᠷᠠᠯᠵᠢᠶᠠᠨ ᠤ ᠦᠨᠡᠨᠴᠢ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠪᠠ ᠮᠡᠳᠡᠯᠭᠡ ᠶᠢᠨ ᠥᠮᠴᠢᠯᠡᠬᠦ | ᠡᠷᠬᠡ ᠶᠢᠨ ᠬᠠᠮᠠᠭᠠᠯᠠᠯᠲᠠ ᠶᠢ ᠴᠢᠩᠭᠠᠳᠬᠠᠨ᠂ ᠭᠠᠳᠠᠭᠠᠳᠤ ᠠᠴᠠ ᠣᠷᠣᠭᠤᠯᠤᠭᠰᠠᠨ ᠦ ᠰᠡᠪ ᠲᠠᠢ ᠬᠡᠷᠡᠭᠯᠡᠭᠡ ᠶᠢᠨ | ᠵᠦᠢᠯᠡᠰ ᠢ ᠡᠭᠡᠭᠦᠯᠦᠨ ᠠᠪᠬᠤ ᠰᠢᠰᠲ᠋ᠧᠮᠴᠢ ᠪᠠᠷ ᠭᠤᠣᠯ ᠪᠣᠯᠭᠠᠭᠰᠠᠨ ᠭᠠᠳᠠᠭᠠᠳᠤ ᠠᠴᠠ ᠣᠷᠣᠭᠤᠯᠤᠭᠰᠠᠨ | ᠬᠡᠷᠡᠭᠯᠡᠭᠡ ᠶᠢᠨ ᠵᠦᠢᠯᠡᠰ ᠤᠨ ᠶᠠᠰᠤ ᠴᠢᠨᠠᠷ ᠢ ᠮᠥᠷᠳᠡᠨ ᠤᠬᠤᠴᠢᠯᠠᠬᠤ ᠰᠢᠰᠲ᠋ᠧᠮᠵᠢ ᠶᠢᠨ ᠪᠠᠶᠢᠭᠤᠯᠤᠯᠲᠠ ᠶᠢ | ᠠᠬᠢᠭᠤᠯᠵᠤ᠂ ᠬᠠᠭᠤᠷᠮᠠᠭ ᠮᠠᠭᠤ ᠲᠠᠸᠠᠷ ᠲᠤ ᠴᠢᠩᠭ᠎ᠠ ᠴᠣᠬᠢᠯᠲᠠ ᠥᠭᠭᠦᠨ᠂ ᠤᠯᠤᠰ ᠤᠨ ᠳᠣᠲᠣᠭᠠᠳᠤ ᠶᠢᠨ ᠵᠠᠬ᠎ᠠ | ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠬᠤ ᠪᠠ ᠲᠡᠭᠦᠯᠳᠡᠷᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ |