ᠬᠤᠳᠠᠯᠳᠤᠭᠠᠨ ᠤ ᠶᠠᠪᠤᠳᠠᠯ ᠤᠨ ᠶᠠᠮᠤᠨ ︽ᠭᠠᠳᠠᠭᠠᠳᠤ ᠠᠴᠠ ᠣᠷᠣᠭᠤᠯᠬᠤ ᠶᠢ ᠥᠷᠭᠡᠳᠬᠡᠵᠦ ᠭᠠᠳᠠᠭᠠᠳᠤ ᠠᠷᠠᠯᠵᠢᠶ᠎ᠠ ᠶᠢᠨ ᠲᠡᠩᠴᠡᠭᠦᠷᠢᠲᠦ ᠬᠥᠭᠵᠢᠯᠲᠡ ᠶᠢ ᠠᠬᠢᠭᠤᠯᠬᠤ ᠲᠤᠬᠠᠢ ᠰᠠᠨᠠᠯ︾ ᠳᠤ ᠲᠠᠶᠢᠯᠤᠮᠵᠢ ᠬᠢᠪᠡ
ᠨᠡᠶᠢᠲᠡᠯᠡᠭᠰᠡᠨ ᠴᠠᠭ᠄
2018/8/1
     2018 ᠣᠨ ᠤ 7 ᠳ᠋ᠤᠭᠠᠷ ᠰᠠᠷ᠎ᠠ ᠶᠢᠨ 9 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠠᠴᠠ ᠮᠡᠳᠡᠭᠳᠡᠯ ᠲᠠᠷᠬᠠᠭᠠᠵᠤ᠂ ᠬᠤᠳᠠᠯᠳᠤᠭᠠᠨ ᠤ ᠶᠠᠪᠤᠳᠠᠯ ᠤᠨ ᠶᠠᠮᠤᠨ ᠵᠡᠷᠭᠡ ᠰᠠᠯᠠᠭ᠎ᠠ ᠮᠥᠴᠢᠷ ᠤᠨ ︽ᠭᠠᠳᠠᠭᠠᠳᠤ ᠠᠴᠠ ᠣᠷᠣᠭᠤᠯᠬᠤ ᠶᠢ ᠥᠷᠭᠡᠳᠬᠡᠵᠦ ᠭᠠᠳᠠᠭᠠᠳᠤ ᠠᠷᠠᠯᠵᠢᠶ᠎ᠠ ᠶᠢᠨ ᠲᠡᠩᠴᠡᠭᠦᠷᠢᠲᠦ ᠬᠥᠭᠵᠢᠯᠲᠡ ᠶᠢ ᠠᠬᠢᠭᠤᠯᠬᠤ ᠲᠤᠬᠠᠢ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠤᠯᠠᠮᠵᠢᠯᠠᠨ ᠲᠠᠷᠬᠠᠭᠠᠪᠠ᠃ ᠣᠶᠢᠷ᠎ᠠ ᠳᠤ᠂ ᠬᠤᠳᠠᠯᠳᠤᠭᠠᠨ ᠤ ᠶᠠᠪᠤᠳᠠᠯ ᠤᠨ ᠶᠠᠮᠤᠨ ᠤ ᠭᠠᠳᠠᠭᠠᠳᠤ ᠠᠷᠠᠯᠵᠢᠶ᠎ᠠ ᠶᠢᠨ ᠵᠤᠷᠭᠠᠨ ᠤ ᠬᠠᠷᠢᠭᠤᠴᠠᠯᠭᠠᠲᠠᠨ ︽ᠰᠠᠨᠠᠯ︾ ᠤᠨ ᠲᠤᠬᠠᠢ ᠲᠠᠶᠢᠯᠤᠮᠵᠢ ᠬᠢᠵᠡᠢ᠃      ᠨᠢᠭᠡ᠂ ︽ᠰᠠᠨᠠᠯ︾ ᠢ ᠨᠡᠶᠢᠲᠡᠯᠡᠭᠰᠡᠨ ᠠᠬᠤᠢ ᠪᠠᠶᠢᠳᠠᠯ ᠨᠢ ᠶᠠᠭᠤ ᠪᠣᠢ︖      ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢ᠂ ᠮᠠᠨ ᠤ ᠤᠯᠤᠰ ᠤᠨ ᠭᠠᠳᠠᠭᠠᠳᠤ ᠠᠷᠠᠯᠵᠢᠶ᠎ᠠ ᠴᠢᠬᠤᠯᠠ ᠶᠡᠭᠡ ᠠᠮᠵᠢᠯᠲᠠ ᠣᠯᠵᠤ᠂ ᠨᠢᠭᠡᠨᠲᠡ 9 ᠵᠢᠯ ᠳᠠᠷᠠᠭᠠᠯᠠᠨ ᠪᠦᠬᠦ ᠳᠡᠯᠡᠬᠡᠢ ᠶᠢᠨ ᠪᠠᠷᠠᠭᠠᠨ ᠤ ᠠᠷᠠᠯᠵᠢᠶ᠎ᠠ ᠶᠢᠨ ᠭᠠᠳᠠᠭᠠᠳᠤ ᠳᠤ ᠭᠠᠷᠭᠠᠬᠤ ᠨᠢᠭᠡᠳᠦᠭᠡᠷ ᠲᠣᠮᠣ ᠤᠯᠤᠰ ᠪᠠ ᠭᠠᠳᠠᠭᠠᠳᠤ ᠠᠴᠠ ᠣᠷᠣᠭᠤᠯᠬᠤ ᠬᠤᠶᠠᠳᠤᠭᠠᠷ ᠲᠣᠮᠣ ᠤᠯᠤᠰ ᠤᠨ ᠪᠠᠶᠢᠷᠢ ᠰᠠᠭᠤᠷᠢ ᠪᠠᠨ ᠪᠠᠷᠢᠮᠲᠠᠯᠠᠭᠰᠠᠭᠠᠷ ᠢᠷᠡᠵᠡᠢ᠃ 2001 ᠣᠨ ᠠᠴᠠ 2017 ᠣᠨ ᠪᠣᠯᠲᠠᠯ᠎ᠠ᠂ ᠳᠤᠮᠳᠠᠳᠤ ᠤᠯᠤᠰ ᠤᠨ ᠪᠠᠷᠠᠭᠠᠨ ᠤ ᠭᠠᠳᠠᠭᠠᠳᠤ ᠠᠴᠠ ᠣᠷᠣᠭᠤᠯᠤᠭᠰᠠᠨ ᠳᠤᠮᠳᠠᠴᠢ ᠵᠢᠯ ᠤᠨ ᠨᠡᠮᠡᠭᠳᠡᠯ ᠤᠨ ᠬᠤᠷᠳᠤᠴᠠ ᠨᠢ 13.5% ᠳᠤ ᠬᠦᠷᠴᠦ᠂ ᠳᠡᠯᠡᠬᠡᠢ ᠶᠢᠨ ᠭᠠᠳᠠᠭᠠᠳᠤ ᠠᠴᠠ ᠣᠷᠣᠭᠤᠯᠬᠤ ᠨᠡᠮᠡᠭᠳᠡᠯ ᠤᠨ ᠬᠤᠷᠳᠤᠴᠠ ᠶᠢᠨ ᠬᠤᠶᠠᠷ ᠳᠠᠬᠢᠨ ᠪᠠᠶᠢᠵᠤ᠂ ᠪᠦᠬᠦ ᠳᠡᠯᠡᠬᠡᠢ ᠶᠢᠨ ᠠᠵᠤ ᠠᠬᠤᠢ ᠶᠢᠨ ᠬᠥᠭᠵᠢᠯᠲᠡ ᠳᠤ ᠴᠢᠬᠤᠯᠠ ᠬᠤᠪᠢ ᠨᠡᠮᠡᠷᠢ ᠦᠵᠡᠭᠦᠯᠪᠡ᠃      ᠣᠳᠣᠬᠠᠨ ᠳᠤ᠂ ᠣᠯᠠᠨ ᠤᠯᠤᠰ ᠤᠨ ᠤᠯᠤᠰ ᠲᠥᠷᠥ ᠠᠵᠤ ᠠᠬᠤᠢ ᠶᠢᠨ ᠪᠠᠶᠢᠷᠢᠰᠢᠯ ᠳᠤ ᠭᠦᠨᠵᠡᠭᠡᠢ ᠲᠣᠬᠢᠷᠠᠭᠤᠯᠤᠯᠲᠠ ᠬᠢᠵᠦ᠂ ᠮᠠᠨ ᠤ ᠤᠯᠤᠰ ᠤᠨ ᠭᠠᠳᠠᠭᠠᠳᠤ ᠠᠷᠠᠯᠵᠢᠶ᠎ᠠ ᠶᠢᠨ ᠪᠦᠲᠦᠴᠡ ᠳᠤ ᠭᠦᠨᠵᠡᠭᠡᠢ ᠬᠤᠪᠢᠷᠠᠯᠲᠠ ᠭᠠᠷᠴᠠᠢ᠃ ᠭᠠᠳᠠᠭᠠᠳᠤ ᠠᠴᠠ ᠣᠷᠣᠭᠤᠯᠬᠤ ᠶᠢ ᠰᠠᠨᠠᠭᠠᠴᠢᠯᠠᠭ᠎ᠠ ᠠᠴᠠ ᠪᠠᠨ ᠥᠷᠭᠡᠳᠬᠡᠬᠦ ᠨᠢ ᠤᠯᠤᠰ ᠤᠨ ᠳᠣᠲᠣᠭᠠᠳᠤ ᠶᠢᠨ ᠪᠠ ᠳᠡᠯᠡᠬᠡᠢ ᠶᠢᠨ ᠬᠤᠶᠠᠷ ᠶᠡᠭᠡ ᠪᠠᠶᠢᠳᠠᠯ ᠢ ᠨᠢᠭᠡᠳᠦᠯᠲᠡᠢ ᠲᠥᠯᠥᠪᠵᠢᠭᠦᠯᠦᠨ᠂ ᠭᠠᠳᠠᠭᠠᠳᠤ ᠠᠷᠠᠯᠵᠢᠶ᠎ᠠ ᠶᠢᠨ ᠲᠡᠩᠴᠡᠭᠦᠷᠢᠲᠦ ᠬᠥᠭᠵᠢᠯᠲᠡ ᠶᠢ ᠠᠬᠢᠭᠤᠯᠬᠤ ᠳᠤ ᠠᠰᠢᠭᠲᠠᠢ ᠪᠠᠶᠢᠵᠤ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ᠂ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠱᠠᠭᠠᠷᠳᠠᠯᠭ᠎ᠠ ᠶᠢ ᠬᠠᠩᠭᠠᠬᠤ ᠳᠤ ᠮᠠᠰᠢ ᠴᠢᠬᠤᠯᠠ ᠦᠢᠯᠡᠳᠦᠯ ᠲᠠᠢ ᠪᠠᠶᠢᠵᠤ᠂ ᠠᠵᠤ ᠠᠬᠤᠢ ᠶᠢᠨ ᠴᠢᠨᠠᠷᠯᠢᠭ ᠬᠥᠭᠵᠢᠯᠲᠡ ᠶᠢ ᠠᠬᠢᠭᠤᠯᠬᠤ ᠳᠣᠲᠣᠭᠠᠳᠤ ᠶᠢᠨ ᠱᠠᠭᠠᠷᠳᠠᠯᠭ᠎ᠠ ᠪᠣᠯᠬᠤ ᠪᠥᠭᠡᠳ ᠬᠠᠷᠢᠯᠴᠠᠨ ᠠᠰᠢᠭ ᠬᠦᠷᠲᠡᠵᠦ ᠬᠠᠮᠲᠤ ᠪᠠᠷ ᠢᠯᠠᠯᠲᠠ ᠣᠯᠬᠤ ᠨᠡᠭᠡᠭᠡᠯᠲᠡᠲᠦ ᠪᠠᠶᠢᠯᠳᠤᠬᠤ ᠪᠣᠳᠣᠯᠭ᠎ᠠ ᠶᠢ ᠪᠠᠷᠢᠮᠲᠠᠯᠠᠨ᠂ ᠪᠦᠬᠦ ᠲᠠᠯ᠎ᠠ ᠪᠠᠷ ᠨᠡᠭᠡᠭᠡᠯᠲᠡ ᠬᠢᠭᠰᠡᠨ ᠰᠢᠨ᠎ᠡ ᠪᠠᠶᠢᠷᠢᠰᠢᠯ ᠤᠨ ᠪᠦᠷᠢᠯᠳᠦᠬᠦ ᠶᠢ ᠠᠬᠢᠭᠤᠯᠬᠤ ᠵᠠᠶᠢᠯᠠᠰᠢ ᠦᠭᠡᠢ ᠱᠠᠭᠠᠷᠳᠠᠯᠭ᠎ᠠ ᠪᠣᠯᠣᠨ᠎ᠠ᠃      ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠭᠠᠳᠠᠭᠠᠳᠤ ᠠᠴᠠ ᠣᠷᠣᠭᠤᠯᠬᠤ ᠶᠢ ᠥᠷᠭᠡᠳᠬᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠪᠠᠶᠢᠨ᠎ᠠ᠃ ᠡᠨᠡ ᠵᠢᠯ ᠤᠨ 4 ᠳ᠋ᠦ᠋ᠭᠡᠷ ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠪᠥᠸᠧ ᠣᠤ ᠶᠢᠨ ᠠᠽᠢᠶ᠎ᠠ ᠲᠢᠪ ᠤᠨ ᠶᠠᠷᠢᠯᠴᠠᠭᠠᠨ ᠤ ᠲᠠᠪᠴᠠᠩ ᠤᠨ ᠣᠨ ᠤ ᠬᠤᠷᠠᠯ ᠤᠨ ᠡᠬᠢᠯᠡᠯᠲᠡ ᠶᠢᠨ ᠶᠣᠰᠣᠯᠠᠯ ᠳᠡᠭᠡᠷ᠎ᠡ᠂ ᠳᠤᠮᠳᠠᠳᠤ ᠤᠯᠤᠰ ᠭᠠᠳᠠᠭᠠᠳᠤ ᠠᠴᠠ ᠣᠷᠣᠭᠤᠯᠬᠤ ᠪᠠᠨ ᠰᠠᠨᠠᠭᠠᠴᠢᠯᠠᠭ᠎ᠠ ᠠᠴᠠ ᠪᠠᠨ ᠥᠷᠭᠡᠳᠬᠡᠨ᠂ ᠪᠠᠶᠢᠩᠭᠤ ᠶᠢᠨ ᠲᠥᠷᠥᠯ ᠵᠦᠢᠯ ᠤᠨ ᠣᠷᠣᠯᠭ᠎ᠠ ᠵᠠᠷᠤᠯᠭ᠎ᠠ ᠶᠢᠨ ᠲᠡᠩᠴᠡᠭᠦᠷᠢᠰᠢᠯ ᠢᠶᠠᠨ ᠠᠬᠢᠭᠤᠯᠵᠤ᠂ ᠠᠷᠠᠳ ᠲᠦᠮᠡᠨ ᠤ ᠬᠡᠷᠡᠭᠴᠡᠭᠡ ᠱᠠᠭᠠᠷᠳᠠᠯᠭ᠎ᠠ ᠬᠠᠷᠢᠴᠠᠩᠭᠤᠢ ᠲᠥᠪᠯᠡᠷᠡᠭᠰᠡᠨ ᠣᠨᠴᠠᠯᠢᠭᠲᠤ ᠳᠠᠪᠠᠭᠤᠯᠢᠭ ᠪᠦᠲᠦᠭᠡᠭᠳᠡᠬᠦᠨ ᠢ ᠭᠠᠳᠠᠭᠠᠳᠤ ᠠᠴᠠ ᠣᠷᠣᠭᠤᠯᠬᠤ ᠪᠠᠨ ᠴᠢᠷᠮᠠᠶᠢᠨ ᠨᠡᠮᠡᠭᠳᠡᠭᠦᠯᠦᠨ᠎ᠡ ᠭᠡᠵᠦ ᠭᠠᠳᠠᠭᠠᠳᠤ ᠳᠤ ᠲᠤᠩᠬᠠᠭᠯᠠᠪᠠ᠃ ᠶᠡᠷᠦᠩᠬᠡᠢ ᠰᠠᠶᠢᠳ ᠯᠢ ᠺᠧ ᠴᠢᠶᠠᠩ ᠡᠨᠡ ᠵᠢᠯ ᠤᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠪᠠᠨ ᠭᠠᠳᠠᠭᠠᠳᠤ ᠠᠴᠠ ᠣᠷᠣᠭᠤᠯᠬᠤ ᠶᠢ ᠢᠳᠡᠪᠬᠢᠲᠡᠢ ᠥᠷᠭᠡᠳᠬᠡᠨ᠂ ᠮᠠᠰᠢᠨ ᠲᠡᠷᠭᠡ᠂ ᠡᠳᠦᠷ ᠲᠤᠲᠤᠮ ᠤᠨ ᠬᠡᠷᠡᠭᠯᠡᠭᠡᠨ ᠤ ᠬᠡᠰᠡᠭ ᠵᠦᠢᠯᠡᠰ ᠵᠡᠷᠭᠡ ᠶᠢᠨ ᠭᠠᠳᠠᠭᠠᠳᠤ ᠠᠴᠠ ᠣᠷᠣᠭᠤᠯᠬᠤ ᠪᠣᠭᠤᠮᠲᠠ ᠶᠢᠨ ᠭᠠᠶᠢᠯᠢ ᠶᠢ ᠳᠣᠷᠣᠭᠰᠢ ᠲᠣᠬᠢᠷᠠᠭᠤᠯᠵᠤ᠂ ᠠᠵᠤ ᠦᠢᠯᠡᠰ ᠤᠨ ᠳᠡᠰ ᠳᠡᠪᠰᠢᠬᠦ ᠪᠠ ᠠᠷᠠᠯᠵᠢᠶᠠᠨ ᠤ ᠲᠡᠩᠴᠡᠭᠦᠷᠢᠲᠦ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠳᠠᠯᠳᠤᠭᠠᠨ ᠤ ᠶᠠᠪᠤᠳᠠᠯ ᠤᠨ ᠶᠠᠮᠤᠨ ᠠᠴᠠ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ ᠵᠡᠷᠭᠡ 20 ᠰᠠᠯᠠᠭ᠎ᠠ ᠮᠥᠴᠢᠷ ᠲᠠᠢ ᠬᠠᠮᠲᠤᠷᠠᠨ᠂ ᠦᠨᠳᠦᠰᠦᠨ ᠱᠠᠲᠤᠨ ᠳᠤ ᠭᠦᠨᠵᠡᠭᠡᠶᠢᠷᠡᠨ ᠲᠤᠬᠠᠢ ᠶᠢᠨ ᠭᠠᠵᠠᠷ ᠲᠤ ᠨᠢ ᠪᠠᠶᠢᠴᠠᠭᠠᠨ ᠰᠤᠳᠤᠯᠤᠯᠲᠠ ᠬᠢᠵᠦ᠂ ᠪᠦᠬᠦ ᠤᠯᠤᠰ ᠤᠨ ᠬᠡᠪᠴᠢᠶᠡᠨ ᠳᠠᠬᠢ ᠠᠵᠤ ᠠᠬᠤᠶᠢᠯᠠᠯ ᠳᠤ ᠠᠰᠠᠭᠤᠯᠲᠠ ᠶᠢᠨ ᠬᠠᠭᠤᠳᠠᠰᠤ ᠶᠢᠨ ᠪᠠᠶᠢᠴᠠᠭᠠᠯᠲᠠ ᠬᠢᠵᠦ᠂ ᠡᠭᠦᠨ ᠤ ᠰᠠᠭᠤᠷᠢᠨ ᠳᠡᠭᠡᠷ᠎ᠡ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ︽ᠰᠠᠨᠠᠯ︾ ᠢ ᠲᠤᠭᠤᠷᠪᠢᠨ ᠪᠦᠷᠢᠯᠳᠦᠭᠦᠯᠵᠦ᠂ ᠲᠥᠷᠥ ᠶᠢᠨ ᠶᠠᠪᠤᠳᠠᠯ ᠤᠨ ᠬᠤᠷᠢᠶ᠎ᠠ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠬᠠᠮᠲᠤ ᠤᠯᠠᠮᠵᠢᠯᠠᠨ ᠲᠠᠷᠬᠠᠭᠠᠪᠠ᠃      ᠬᠤᠶᠠᠷ᠂ ︽ᠰᠠᠨᠠᠯ︾ ᠤᠨ ᠵᠢᠯᠣᠭᠤᠳᠬᠤ ᠦᠵᠡᠯ ᠰᠠᠨᠠᠭ᠎ᠠ ᠪᠠ ᠦᠨᠳᠦᠰᠦᠨ ᠵᠠᠷᠴᠢᠮ ᠨᠢ ᠶᠠᠭᠤ ᠪᠣᠢ︖      ︽ᠰᠠᠨᠠᠯ︾ ᠤᠨ ᠵᠢᠯᠣᠭᠤᠳᠬᠤ ᠦᠵᠡᠯ ᠰᠠᠨᠠᠭ᠎ᠠ ᠪᠣᠯ᠄ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠯᠠᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠪᠠ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠨ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠯᠠᠪᠳᠠᠭᠤᠨ ᠪᠠᠲᠤᠲᠠᠢ ᠪᠣᠢ ᠪᠣᠯᠭᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠣᠯ ᠱᠤᠭᠤᠮ ᠪᠣᠯᠭᠠᠵᠤ ᠶᠢ ᠪᠠᠷᠢᠮᠲᠠᠯᠠᠵᠤ᠂ ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠪᠠᠷ ᠨᠢᠭᠡᠳᠦᠯᠲᠡᠢ ᠵᠢᠯᠣᠭᠤᠳᠤᠭᠤᠯᠵᠤ᠂ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠬᠦ ᠪᠠᠷ ᠲᠥᠪ ᠪᠣᠯᠭᠠᠵᠤ᠂ ᠤᠯᠤᠰ ᠤᠨ ᠳᠣᠲᠣᠭᠠᠳᠤ ᠶᠢᠨ ᠪᠠ ᠣᠯᠠᠨ ᠤᠯᠤᠰ ᠤᠨ ᠬᠤᠶᠠᠷ ᠵᠠᠬ᠎ᠠ ᠳᠡᠯᠭᠡᠭᠦᠷ ᠬᠤᠶᠠᠷ ᠵᠦᠢᠯ ᠤᠨ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠦᠨ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠲᠦᠷᠭᠡᠳᠬᠡᠨ ᠬᠡᠷᠡᠭᠵᠢᠭᠦᠯᠵᠦ᠂ ᠭᠠᠳᠠᠭᠠᠳᠤ ᠳᠤ ᠭᠠᠷᠭᠠᠬᠤ ᠶᠢ ᠲᠣᠭᠲᠠᠪᠤᠷᠢᠵᠢᠭᠤᠯᠬᠤ ᠶᠢᠨ ᠬᠠᠮᠲᠤ ᠭᠠᠳᠠᠭᠠᠳᠤ ᠠᠴᠠ ᠣᠷᠣᠭᠤᠯᠬᠤ ᠶᠢ ᠰᠠᠨᠠᠭᠠᠴᠢᠯᠠᠭ᠎ᠠ ᠠᠴᠠ ᠪᠠᠨ ᠥᠷᠭᠡᠳᠬᠡᠵᠦ᠂ ᠤᠯᠤᠰ ᠤᠨ ᠳᠣᠲᠣᠭᠠᠳᠤ ᠶᠢᠨ ᠬᠠᠩᠭᠠᠯᠭ᠎ᠠ ᠶᠢᠨ ᠰᠢᠰᠲ᠋ᠧᠮᠵᠢ ᠶᠢᠨ ᠶᠠᠰᠤ ᠴᠢᠨᠠᠷ ᠤᠨ ᠳᠡᠭᠡᠭᠰᠢᠯᠡᠯᠲᠡ ᠶᠢ ᠠᠬᠢᠭᠤᠯᠵᠤ᠂ ᠠᠷᠠᠳ ᠲᠦᠮᠡᠨ ᠤ ᠬᠡᠷᠡᠭᠯᠡᠭᠡ ᠶᠢᠨ ᠳᠡᠰ ᠳᠡᠪᠰᠢᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠭᠠᠳᠠᠭᠠᠳᠤ ᠠᠴᠠ ᠰᠢᠯᠢᠳᠡᠭ ᠪᠠᠷᠠᠭ᠎ᠠ ᠲᠡᠷᠢᠭᠦᠨ ᠤ ᠮᠡᠷᠭᠡᠵᠢᠯ ᠲᠣᠨᠣᠭᠯᠠᠯ ᠣᠷᠣᠭᠤᠯᠬᠤ ᠪᠠ ᠭᠠᠳᠠᠭᠠᠳᠤ ᠳᠤ ᠥᠨᠳᠥᠷ ᠳᠡᠰ ᠳᠠᠪᠬᠤᠷᠭ᠎ᠠ ᠶᠢᠨ ᠪᠥᠭᠡᠳ ᠥᠨᠳᠥᠷ ᠨᠡᠮᠡᠯᠲᠡ ᠥᠷᠲᠡᠭᠲᠦ ᠪᠦᠲᠦᠭᠡᠭᠳᠡᠬᠦᠨ ᠭᠠᠷᠭᠠᠬᠤ ᠶᠢ ᠪᠡᠶᠡᠯᠡᠭᠦᠯᠦᠨ᠂ ᠭᠠᠳᠠᠭᠠᠳᠤ ᠠᠷᠠᠯᠵᠢᠶ᠎ᠠ ᠶᠢᠨ ᠲᠡᠩᠴᠡᠭᠦᠷᠢᠲᠦ ᠬᠥᠭᠵᠢᠯᠲᠡ ᠶᠢ ᠠᠬᠢᠭᠤᠯᠤᠨ᠎ᠠ᠃      ︽ᠰᠠᠨᠠᠯ︾ ᠤᠨ ᠦᠨᠳᠦᠰᠦᠨ ᠵᠠᠷᠴᠢᠮ ᠪᠣᠯ᠄ ᠨᠢᠭᠡ ᠳᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠦᠨ᠂ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠨ᠎ᠡ ᠶᠢ ᠡᠭᠦᠳᠦᠨ ᠬᠥᠭᠵᠢᠭᠦᠯᠬᠦ ᠣᠷᠴᠢᠨ ᠨᠥᠬᠦᠴᠡᠯ ᠢ ᠪᠣᠢ ᠪᠣᠯᠭᠠᠵᠤ᠂ ᠳᠦᠷᠢᠮ᠂ ᠵᠠᠭᠪᠤᠷ᠂ ᠬᠡᠯᠪᠡᠷᠢ ᠪᠠᠶᠢᠳᠠᠯ᠂ ᠦᠢᠯᠡᠴᠢᠯᠡᠭᠡ ᠳᠤ ᠰᠢᠨ᠎ᠡ ᠶᠢ ᠡᠭᠦᠳᠬᠦ ᠪᠠᠷ ᠠᠷᠠᠯᠵᠢᠶ᠎ᠠ ᠶᠢ ᠳᠥᠭᠦᠮ ᠪᠣᠯᠭᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠤᠶᠠᠷ ᠲᠤ᠂ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠨ᠂ ᠣᠯᠠᠨ ᠤᠯᠤᠰ ᠤᠨ ᠵᠠᠬ᠎ᠠ ᠳᠡᠯᠭᠡᠭᠦᠷ ᠲᠤ ᠭᠠᠷᠭᠠᠬᠤ ᠬᠤᠪᠢᠳᠠᠮᠵᠢ ᠶᠢ ᠲᠣᠭᠲᠠᠪᠤᠷᠢᠵᠢᠭᠤᠯᠤᠭᠰᠠᠨ ᠰᠠᠭᠤᠷᠢᠨ ᠳᠡᠭᠡᠷ᠎ᠡ ᠂ ᠬᠡᠷᠡᠭᠯᠡᠭᠡ ᠶᠢ ᠳᠡᠭᠡᠭᠰᠢᠯᠡᠭᠦᠯᠬᠦ᠂ ᠪᠦᠲᠦᠴᠡ ᠶᠢ ᠲᠣᠬᠢᠷᠠᠭᠤᠯᠬᠤ᠂ ᠠᠵᠤ ᠠᠬᠤᠢ ᠶᠢ ᠬᠥᠭᠵᠢᠭᠦᠯᠬᠦ᠂ ᠨᠡᠭᠡᠭᠡᠯᠲᠡ ᠬᠢᠬᠦ ᠶᠢ ᠥᠷᠭᠡᠳᠬᠡᠬᠦ ᠳᠤᠮᠳᠠᠬᠢ ᠭᠠᠳᠠᠭᠠᠳᠤ ᠠᠴᠠ ᠣᠷᠣᠭᠤᠯᠬᠤ ᠶᠢᠨ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠭᠤᠷᠪᠠ ᠳᠤ᠂ ᠨᠢᠭᠡᠳᠦᠯᠲᠡᠢ ᠲᠥᠯᠥᠪᠯᠡᠵᠦ ᠲᠥᠯᠥᠪᠵᠢᠭᠦᠯᠦᠨ ᠬᠥᠭᠵᠢᠭᠦᠯᠬᠦ ᠶᠢ ᠪᠠᠷᠢᠮᠲᠠᠯᠠᠨ᠂ ᠳᠣᠲᠣᠭᠠᠳᠤ ᠭᠠᠳᠠᠭᠠᠳᠤ ᠶᠢᠨ ᠬᠡᠷᠡᠭᠴᠡᠭᠡ ᠶᠢ ᠵᠣᠬᠢᠴᠠᠭᠤᠯᠵᠤ᠂ ᠳᠣᠲᠣᠭᠠᠳᠤ ᠭᠠᠳᠠᠭᠠᠳᠤ ᠶᠢᠨ ᠠᠷᠠᠯᠵᠢᠶ᠎ᠠ ᠶᠢ ᠤᠶᠠᠯᠳᠤᠭᠤᠯᠬᠤ ᠶᠢ ᠪᠠᠷᠢᠮᠲᠠᠯᠠᠨ᠂ ᠪᠠᠷᠠᠭᠠᠨ ᠤ ᠠᠷᠠᠯᠵᠢᠶ᠎ᠠ ᠬᠢᠭᠡᠳ ᠦᠢᠯᠡᠴᠢᠯᠡᠭᠡ ᠶᠢᠨ ᠠᠷᠠᠯᠵᠢᠶ᠎ᠠ᠂ ᠭᠠᠳᠠᠭᠠᠳᠤ ᠪᠡᠯᠡ ᠶᠢ ᠠᠰᠢᠭᠯᠠᠬᠤ᠂ ᠭᠠᠳᠠᠭᠠᠳᠤ ᠳᠤ ᠪᠡᠯᠡ ᠣᠷᠣᠭᠤᠯᠬᠤ᠂ ᠭᠠᠳᠠᠭᠠᠳᠤ ᠳᠤ ᠲᠤᠰᠠᠯᠠᠨ ᠳᠡᠮᠵᠢᠬᠦ ᠶᠢ ᠬᠠᠷᠢᠯᠴᠠᠨ ᠦᠢᠯᠡᠳᠦᠯᠴᠡᠭᠦᠯᠵᠦ ᠵᠣᠬᠢᠴᠠᠭᠤᠯᠤᠨ ᠬᠥᠭᠵᠢᠭᠦᠯᠬᠦ ᠶᠢ ᠠᠬᠢᠭᠤᠯᠤᠨ᠎ᠠ᠃ ᠳᠥᠷᠪᠡ ᠳᠤ᠂ ᠬᠠᠷᠢᠯᠴᠠᠨ ᠠᠰᠢᠭ ᠬᠦᠷᠲᠡᠵᠦ ᠬᠠᠮᠲᠤ ᠪᠠᠷ ᠢᠯᠠᠯᠲᠠ ᠣᠯᠬᠤ ᠪᠠᠶᠢᠯᠳᠤᠬᠤ ᠪᠣᠳᠣᠯᠭ᠎ᠠ ᠶᠢ ᠪᠠᠷᠢᠮᠲᠠᠯᠠᠵᠤ᠂ ᠭᠠᠳᠠᠭᠠᠳᠤ ᠠᠴᠠ ᠣᠷᠣᠭᠤᠯᠬᠤ ᠶᠢ ᠥᠷᠭᠡᠳᠬᠡᠬᠦ ᠶᠢ ︽ᠨᠢᠭᠡ ᠪᠦᠰᠡ ᠨᠢᠭᠡ ᠵᠠᠮ︾ ᠤᠨ ᠪᠠᠶᠢᠭᠤᠯᠤᠯᠲᠠ ᠶᠢ ᠠᠬᠢᠭᠤᠯᠬᠤ ᠪᠠ ᠴᠢᠯᠦᠭᠡᠲᠦ ᠠᠷᠠᠯᠵᠢᠶᠠᠨ ᠤ ᠲᠣᠭᠤᠷᠢᠭ ᠤᠨ ᠪᠠᠶᠢᠯᠳᠤᠬᠤ ᠪᠣᠳᠣᠯᠭ᠎ᠠ ᠶᠢ ᠲᠦᠷᠭᠡᠳᠬᠡᠨ ᠬᠡᠷᠡᠭᠵᠢᠭᠦᠯᠬᠦ ᠯᠦᠭᠡ ᠨᠢᠭᠲᠠ ᠤᠶᠠᠯᠳᠤᠭᠤᠯᠤᠨ᠂ ᠳᠡᠯᠡᠬᠡᠢ ᠶᠢᠨ ᠨᠡᠭᠡᠭᠡᠯᠲᠡᠳᠦ ᠬᠡᠯᠪᠡᠷᠢ ᠶᠢᠨ ᠠᠵᠤ ᠠᠬᠤᠢ ᠶᠢᠨ ᠬᠥᠭᠵᠢᠯᠲᠡ ᠶᠢ ᠬᠠᠮᠲᠤ ᠪᠠᠷ ᠠᠬᠢᠭᠤᠯᠤᠨ᠎ᠠ᠃      ᠭᠤᠷᠪᠠ᠂ ︽ᠰᠠᠨᠠᠯ︾ ᠤᠨ ᠭᠤᠣᠯ ᠪᠣᠯᠬᠤ ᠲᠥᠷᠥ ᠶᠢᠨ ᠪᠣᠳᠣᠯᠭ᠎ᠠ ᠨᠢ ᠶᠠᠭᠤ ᠶᠠᠭᠤ ᠪᠣᠢ︖      ︽ᠰᠠᠨᠠᠯ︾ ᠨᠢ ᠭᠠᠳᠠᠭᠠᠳᠤ ᠠᠴᠠ ᠣᠷᠣᠭᠤᠯᠬᠤ ᠭᠤᠭᠴᠤᠭ᠎ᠠ ᠶᠢᠨ ᠲᠣᠪᠣᠶᠢᠮ᠎ᠠ ᠬᠦᠴᠢᠷ ᠪᠠ ᠠᠰᠠᠭᠤᠳᠠᠯ ᠢ ᠭᠤᠣᠯᠳᠠᠭᠤᠯᠤᠨ ᠠᠩᠬᠠᠷᠴᠤ᠂ ᠭᠠᠳᠠᠭᠠᠳᠤ ᠠᠴᠠ ᠣᠷᠣᠭᠤᠯᠬᠤ ᠪᠦᠲᠦᠴᠡ ᠶᠢ ᠰᠢᠯᠢᠳᠡᠭᠵᠢᠭᠦᠯᠬᠦ᠂ ᠣᠯᠠᠨ ᠤᠯᠤᠰ ᠤᠨ ᠵᠠᠬ᠎ᠠ ᠳᠡᠯᠭᠡᠭᠦᠷ ᠤᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠬᠦ᠂ ᠣᠯᠠᠨ ᠠᠷᠭ᠎ᠠ ᠵᠠᠮ ᠢᠶᠠᠷ ᠠᠬᠢᠭᠤᠯᠬᠤ ᠦᠢᠯᠡᠳᠦᠯ ᠢ ᠢᠳᠡᠪᠬᠢᠲᠡᠢ ᠪᠠᠷ ᠪᠠᠳᠠᠷᠠᠭᠤᠯᠬᠤ᠂ ᠠᠷᠠᠯᠵᠢᠶ᠎ᠠ ᠶᠢ ᠴᠢᠯᠦᠭᠡᠲᠡᠢ ᠪᠣᠯᠭᠠᠬᠤ ᠪᠠ ᠳᠥᠭᠦᠮ ᠪᠣᠯᠭᠠᠬᠤ ᠨᠥᠬᠦᠴᠡᠯ ᠢ ᠰᠠᠶᠢᠵᠢᠷᠠᠭᠤᠯᠬᠤ ᠳᠤ ᠰᠠᠭᠤᠷᠢᠯᠠᠵᠤ᠂ ᠳᠥᠷᠪᠡᠨ ᠲᠠᠯ᠎ᠠ ᠶᠢ ᠬᠠᠮᠤᠷᠤᠭᠰᠠᠨ 15 ᠵᠦᠢᠯ ᠤᠨ ᠪᠣᠳᠠᠲᠠᠢ ᠲᠥᠷᠥ ᠶᠢᠨ ᠪᠣᠳᠣᠯᠭ᠎ᠠ ᠶᠢ ᠳᠤᠷᠠᠳᠤᠨ ᠭᠠᠷᠭᠠᠪᠠ᠃ ᠡᠭᠦᠨ ᠳᠤ ᠳᠣᠣᠷᠠᠬᠢ ᠳᠥᠷᠪᠡᠨ ᠲᠠᠯ᠎ᠠ ᠶᠢ ᠪᠠᠭᠲᠠᠭᠠᠨ᠎ᠠ᠄      ︵ᠨᠢᠭᠡ︶ ᠭᠠᠳᠠᠭᠠᠳᠤ ᠣᠷᠣᠭᠤᠯᠤᠯᠲᠠ ᠶᠢᠨ ᠪᠦᠲᠦᠴᠡ ᠶᠢ ᠰᠢᠯᠢᠳᠡᠭᠵᠢᠭᠦᠯᠵᠦ ᠦᠢᠯᠡᠳᠪᠦᠷᠢᠯᠡᠯ ᠬᠡᠷᠡᠭᠯᠡᠭᠡ ᠶᠢᠨ ᠳᠡᠰ ᠳᠡᠪᠰᠢᠬᠦ ᠶᠢ ᠰᠢᠯᠢᠳᠡᠭᠵᠢᠭᠦᠯᠦᠨ᠎ᠡ᠃ ᠡᠭᠦᠨ ᠳᠤ ᠠᠷᠠᠳ ᠤᠨ ᠠᠮᠢᠳᠤᠷᠠᠯ ᠳᠤ ᠬᠤᠯᠪᠣᠭᠳᠠᠭᠰᠠᠨ ᠪᠦᠲᠦᠭᠡᠭᠳᠡᠬᠦᠨ ᠢ ᠭᠠᠳᠠᠭᠠᠳᠤ ᠠᠴᠠ ᠣᠷᠣᠭᠤᠯᠬᠤ ᠶᠢ ᠳᠡᠮᠵᠢᠬᠦ᠂ ᠦᠢᠯᠡᠴᠢᠯᠡᠭᠡ ᠶᠢᠨ ᠠᠷᠠᠯᠵᠢᠶ᠎ᠠ ᠶᠢ ᠢᠳᠡᠪᠬᠢᠲᠡᠢ ᠪᠠᠷ ᠬᠥᠭᠵᠢᠭᠦᠯᠬᠦ᠂ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠳᠤ ᠲᠤᠰᠠᠲᠠᠢ ᠮᠡᠷᠭᠡᠵᠢᠯ ᠲᠣᠨᠣᠭᠯᠠᠯ ᠤᠨ ᠭᠠᠳᠠᠭᠠᠳᠤ ᠣᠷᠣᠭᠤᠯᠤᠯᠲᠠ ᠶᠢ ᠨᠡᠮᠡᠭᠳᠡᠭᠦᠯᠬᠦ᠂ ᠲᠠᠷᠢᠶᠠᠯᠠᠩ ᠤᠨ ᠪᠦᠲᠦᠭᠡᠭᠳᠡᠬᠦᠨ᠂ ᠡᠬᠢ ᠪᠠᠶᠠᠯᠢᠭ ᠤᠨ ᠴᠢᠨᠠᠷᠲᠠᠢ ᠪᠦᠲᠦᠭᠡᠭᠳᠡᠬᠦᠨ ᠤ ᠭᠠᠳᠠᠭᠠᠳᠤ ᠣᠷᠣᠭᠤᠯᠤᠯᠲᠠ ᠶᠢ ᠨᠡᠮᠡᠭᠳᠡᠭᠦᠯᠬᠦ ᠭᠡᠬᠦ ᠳᠥᠷᠪᠡᠨ ᠵᠦᠢᠯ ᠤᠨ ᠲᠥᠷᠥ ᠶᠢᠨ ᠪᠣᠳᠣᠯᠭ᠎ᠠ ᠶᠢ ᠪᠠᠭᠲᠠᠭᠠᠨ᠎ᠠ᠃ ︽ᠰᠠᠨᠠᠯ︾ ᠳᠤ ᠬᠡᠷᠡᠭᠯᠡᠭᠡ ᠶᠢᠨ ᠳᠡᠰ ᠳᠡᠪᠰᠢᠬᠦ ᠪᠠ ᠬᠠᠩᠭᠠᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠯᠳᠤᠭᠤᠯᠤᠨ᠂ ᠠᠷᠠᠳ ᠲᠦᠮᠡᠨ ᠤ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠡᠳᠦᠷ ᠲᠤᠲᠤᠮ ᠤᠨ ᠬᠡᠷᠡᠭᠯᠡᠭᠡ ᠶᠢᠨ ᠵᠦᠢᠯᠡᠰ᠂ ᠡᠮ ᠡᠮᠨᠡᠯᠭᠡ ᠪᠠ ᠡᠷᠡᠭᠦᠯᠵᠢᠯ᠂ ᠨᠠᠰᠤᠵᠢᠯ ᠰᠤᠪᠢᠯᠠᠯᠲᠠ ᠵᠡᠷᠭᠡ ᠶᠢᠨ ᠲᠣᠨᠣᠭᠯᠠᠯ ᠢ ᠭᠠᠳᠠᠭᠠᠳᠤ ᠠᠴᠠ ᠣᠷᠣᠭᠤᠯᠬᠤ ᠶᠢ ᠳᠡᠮᠵᠢᠨ᠎ᠡ ᠭᠡᠵᠦ ᠴᠢᠬᠤᠯᠠᠴᠢᠯᠠᠵᠠᠢ᠃ 2015 ᠣᠨ ᠠᠴᠠ ᠨᠠᠭᠠᠰᠢ᠂ ᠰᠠᠭᠤᠭᠠᠯᠢ ᠠᠷᠠᠳ ᠤᠨ ᠬᠡᠷᠡᠭᠯᠡᠭᠡ ᠶᠢᠨ ᠳᠡᠰ ᠳᠡᠪᠰᠢᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢᠨ ᠲᠥᠯᠥᠭᠡ᠂ ᠲᠥᠷᠥ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠡᠳ᠂ ᠮᠠᠨ ᠤ ᠤᠯᠤᠰ ᠡᠳᠦᠷ ᠲᠤᠲᠤᠮ ᠤᠨ ᠬᠡᠷᠡᠭᠯᠡᠭᠡ ᠶᠢᠨ ᠵᠦᠢᠯ ᠤᠨ ᠭᠠᠳᠠᠭᠠᠳᠤ ᠠᠴᠠ ᠣᠷᠣᠭᠤᠯᠬᠤ ᠪᠣᠭᠤᠮᠲᠠ ᠶᠢᠨ ᠭᠠᠶᠢᠯᠢ ᠶᠢ ᠨᠢᠭᠡᠨᠲᠡ 4 ᠤᠳᠠᠭ᠎ᠠ ᠪᠠᠭᠤᠷᠠᠭᠤᠯᠪᠠ︔ 2018 ᠣᠨ ᠳᠤ ᠪᠠᠰᠠ ᠤᠷᠢᠳ ᠬᠤᠵᠢᠳ ᠮᠠᠰᠢᠨ ᠲᠡᠷᠭᠡ᠂ ᠡᠮ ᠤᠨ ᠵᠦᠢᠯ ᠪᠠ ᠬᠡᠰᠡᠭ ᠡᠳᠦᠷ ᠲᠤᠲᠤᠮ ᠤᠨ ᠬᠡᠷᠡᠭᠯᠡᠭᠡ ᠶᠢᠨ ᠵᠦᠢᠯᠡᠰ ᠤᠨ ᠭᠠᠳᠠᠭᠠᠳᠤ ᠠᠴᠠ ᠣᠷᠣᠭᠤᠯᠬᠤ ᠪᠣᠭᠤᠮᠲᠠ ᠶᠢᠨ ᠭᠠᠶᠢᠯᠢ ᠶᠢ ᠪᠠᠭᠤᠷᠠᠭᠤᠯᠵᠠᠢ᠃ ᠬᠡᠰᠡᠭ ᠲᠠᠸᠠᠷ ᠤᠨ ᠭᠠᠳᠠᠭᠠᠳᠤ ᠠᠴᠠ ᠣᠷᠣᠭᠤᠯᠬᠤ ᠭᠠᠶᠢᠯᠢ ᠶᠢᠨ ᠨᠣᠷᠮ᠎ᠠ ᠶᠢ ᠪᠠᠭᠤᠷᠠᠭᠤᠯᠬᠤ ᠠᠷᠭ᠎ᠠ ᠬᠡᠮᠵᠢᠶ᠎ᠡ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠳᠤᠮᠳᠠᠬᠢ ᠭᠦᠢᠯᠭᠡᠭᠡ ᠶᠢᠨ ᠭᠤᠭᠴᠤᠭ᠎ᠠ ᠶᠢ ᠬᠠᠰᠤᠨ ᠪᠠᠭᠠᠰᠬᠠᠵᠤ᠂ ᠵᠦᠢ ᠵᠣᠬᠢᠰ ᠦᠭᠡᠢ ᠪᠠᠷ ᠦᠨ᠎ᠡ ᠬᠠᠩᠰᠢ ᠶᠢ ᠥᠰᠬᠡᠬᠦ ᠠᠵᠢᠯᠯᠠᠭ᠎ᠠ ᠶᠢ ᠴᠡᠪᠡᠷᠯᠡᠨ ᠠᠷᠢᠯᠭᠠᠵᠤ᠂ ᠠᠷᠠᠳ ᠲᠦᠮᠡᠨ ᠤ ᠠᠮᠢᠳᠤᠷᠠᠯ ᠤᠨ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠦᠨ᠎ᠡ᠃      ︵ᠬᠤᠶᠠᠷ︶ ᠣᠯᠠᠨ ᠤᠯᠤᠰ ᠤᠨ ᠵᠠᠬ᠎ᠠ ᠳᠡᠯᠭᠡᠭᠦᠷ ᠤᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠦᠨ᠎ᠡ᠃ ᠡᠨᠡ  ᠨᠢ ︽ᠨᠢᠭᠡ ᠪᠦᠰᠡ ᠨᠢᠭᠡ ᠵᠠᠮ︾ ᠤᠨ ᠳᠡᠯᠡᠬᠡᠢ ᠶᠢᠨ ᠬᠠᠮᠲᠤᠷᠠᠯᠴᠠᠭ᠎ᠠ ᠶᠢ ᠴᠢᠩᠭᠠᠳᠬᠠᠬᠤ᠂ ᠴᠢᠯᠦᠭᠡᠲᠦ ᠠᠷᠠᠯᠵᠢᠶᠠᠨ ᠤ ᠲᠣᠭᠤᠷᠢᠭ ᠤᠨ ᠪᠠᠶᠢᠯᠳᠤᠬᠤ ᠪᠣᠳᠣᠯᠭ᠎ᠠ ᠶᠢ ᠲᠦᠷᠭᠡᠳᠬᠡᠨ ᠬᠡᠷᠡᠭᠵᠢᠭᠦᠯᠬᠦ᠂ ᠬᠠᠮᠤᠭ ᠤᠨ ᠬᠥᠭᠵᠢᠭᠡᠳᠦᠢ ᠤᠯᠤᠰ ᠠᠴᠠ ᠪᠠᠷᠠᠭ᠎ᠠ ᠵᠢᠴᠢ ᠦᠢᠯᠡᠴᠢᠯᠡᠭᠡ ᠣᠷᠣᠭᠤᠯᠵᠤ ᠠᠪᠴᠢᠷᠠᠬᠤ ᠳᠤ ᠬᠠᠷᠠᠭᠠᠯᠵᠠᠨ ᠲᠣᠬᠢᠷᠠᠭᠤᠯᠬᠤ ᠶᠢ ᠨᠠᠶᠢᠳᠠᠪᠤᠷᠢᠵᠢᠭᠤᠯᠬᠤ ᠭᠡᠬᠦ ᠭᠤᠷᠪᠠᠨ ᠵᠦᠢᠯ ᠤᠨ ᠲᠥᠷᠥ ᠶᠢᠨ ᠪᠣᠳᠣᠯᠭ᠎ᠠ ᠶᠢ ᠪᠠᠭᠲᠠᠭᠠᠨ᠎ᠠ᠃ ︽ᠰᠠᠨᠠᠯ︾ ᠳᠤ ᠣᠯᠠᠨ ᠲᠠᠯ᠎ᠠ ᠪᠠ ᠬᠤᠣᠰ ᠲᠠᠯ᠎ᠠ ᠶᠢᠨ ᠠᠵᠤ ᠠᠬᠤᠢ ᠠᠷᠠᠯᠵᠢᠶ᠎ᠠ ᠶᠢᠨ ᠬᠠᠮᠲᠤᠷᠠᠯᠴᠠᠭᠠᠨ ᠤ ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ︽ᠨᠢᠭᠡ ᠪᠦᠰᠡ ᠨᠢᠭᠡ ᠵᠠᠮ︾ ᠤᠨ ᠬᠠᠮᠢᠶ᠎ᠠ ᠪᠦᠬᠦᠢ ᠤᠯᠤᠰ ᠢᠶᠠᠷ ᠭᠤᠣᠯᠳᠠᠯᠭ᠎ᠠ ᠲᠠᠢ ᠨᠡᠭᠡᠭᠡᠨ ᠥᠷᠭᠡᠳᠬᠡᠬᠦ ᠭᠠᠳᠠᠭᠠᠳᠤ ᠣᠷᠣᠭᠤᠯᠤᠯᠲᠠ ᠶᠢᠨ ᠢᠷᠡᠯᠲᠡ ᠶᠢᠨ ᠣᠷᠣᠨ ᠪᠣᠯᠭᠠᠨ᠎ᠠ᠃ ᠬᠤᠯᠪᠣᠭᠳᠠᠯ ᠪᠦᠬᠦᠢ ᠤᠯᠤᠰ ᠪᠠ ᠭᠠᠵᠠᠷ ᠣᠷᠣᠨ ᠯᠤᠭ᠎ᠠ ᠴᠢᠯᠦᠭᠡᠲᠦ ᠠᠷᠠᠯᠵᠢᠶᠠᠨ ᠤ ᠲᠣᠭᠤᠷᠢᠭ ᠤᠨ ᠬᠡᠯᠡᠯᠴᠡᠭᠡ ᠬᠢᠬᠦ ᠶᠢ ᠢᠳᠡᠪᠬᠢᠲᠡᠢ ᠠᠬᠢᠭᠤᠯᠵᠤ᠂ ᠡᠷᠬᠢᠨ ᠲᠣᠭᠤᠷᠢᠨ ᠳᠤ ᠪᠠᠨ ᠰᠠᠭᠤᠷᠢᠯᠠᠭᠰᠠᠨ᠂ ︽ᠨᠢᠭᠡ ᠪᠦᠰᠡ ᠨᠢᠭᠡ ᠵᠠᠮ︾ ᠢ ᠨᠥᠯᠥᠭᠡᠯᠡᠭᠰᠡᠨ᠂ ᠪᠦᠬᠦ ᠪᠥᠮᠪᠥᠷᠴᠡᠭ ᠲᠤ ᠬᠠᠨᠳᠤᠭᠤᠯᠤᠭᠰᠠᠨ ᠥᠨᠳᠥᠷ ᠪᠠᠷᠢᠮᠵᠢᠶᠠᠲᠤ ᠴᠢᠯᠦᠭᠡᠲᠦ ᠠᠷᠠᠯᠵᠢᠶᠠᠨ ᠤ ᠲᠣᠭᠤᠷᠢᠭ ᠤᠨ ᠲᠣᠣᠷ ᠰᠦᠯᠵᠢᠶ᠎ᠡ ᠶᠢ ᠲᠦᠷᠭᠡᠳᠬᠡᠨ ᠪᠠᠶᠢᠭᠤᠯᠤᠨ᠎ᠠ᠃ ᠮᠠᠨ ᠤ ᠤᠯᠤᠰ ᠲᠠᠢ ᠭᠠᠳᠠᠭᠠᠳᠤ ᠬᠠᠷᠢᠴᠠᠭ᠎ᠠ ᠪᠠᠶᠢᠭᠤᠯᠤᠭᠰᠠᠨ ᠬᠠᠮᠤᠭ ᠤᠨ ᠬᠥᠭᠵᠢᠭᠡᠳᠦᠢ ᠤᠯᠤᠰ ᠲᠤ 97% ᠶᠢᠨ ᠭᠠᠶᠢᠯᠢ ᠶᠢᠨ ᠵᠦᠢᠯ  ᠲᠠᠢ ᠳᠤᠮᠳᠠᠳᠤ ᠳᠤ ᠣᠷᠣᠭᠤᠯᠬᠤ ᠪᠦᠲᠦᠭᠡᠭᠳᠡᠬᠦᠨ ᠠᠴᠠ ᠪᠣᠭᠤᠮᠲᠠ ᠶᠢᠨ ᠭᠠᠶᠢᠯᠢ ᠬᠤᠷᠢᠶᠠᠬᠤ ᠦᠭᠡᠢ ᠬᠠᠷᠠᠭᠠᠯᠵᠠᠯ ᠣᠯᠭᠤᠬᠤ ᠬᠠᠮᠢᠶ᠎ᠠ ᠪᠦᠬᠦᠢ ᠠᠮᠠᠯᠠᠯᠲᠠ ᠶᠢ ᠦᠷᠭᠦᠯᠵᠢᠯᠡᠨ ᠨᠠᠶᠢᠳᠠᠪᠤᠷᠢᠵᠢᠭᠤᠯᠤᠨ᠎ᠠ ᠭᠡᠵᠦ ᠵᠢᠭᠠᠵᠤ ᠭᠠᠷᠭᠠᠪᠠ᠃ 2018 ᠣᠨ ᠤ 1 — 5 ᠳ᠋ᠤᠭᠠᠷ ᠰᠠᠷ᠎ᠠ ᠳᠤ᠂ ᠮᠠᠨ ᠤ ᠤᠯᠤᠰ ︽ᠨᠢᠭᠡ ᠪᠦᠰᠡ ᠨᠢᠭᠡ ᠵᠠᠮ︾ ᠤᠨ ᠳᠠᠭᠠᠤ ᠤᠯᠤᠰ ᠤᠳ ᠠᠴᠠ 1.1 ᠲᠦᠮᠡᠨ ᠳ᠋ᠦᠩᠰᠢᠭᠤᠷ ᠲᠥᠭᠦᠷᠢᠭ ᠤᠨ ᠠᠷᠠᠳ ᠤᠨ ᠵᠣᠭᠤᠰ ᠤᠨ ᠭᠠᠳᠠᠭᠠᠳᠤ ᠣᠷᠣᠭᠤᠯᠤᠯᠲᠠ ᠬᠢᠵᠦ᠂ 15.1% ᠪᠠᠷ ᠨᠡᠮᠡᠭᠳᠡᠭᠦᠯᠵᠦ᠂ ᠡᠨᠡ ᠨᠢ ᠭᠠᠳᠠᠭᠠᠳᠤ ᠠᠴᠠ ᠣᠷᠣᠭᠤᠯᠬᠤ ᠪᠦᠬᠦᠯᠢ ᠴᠣᠭᠴᠠ ᠶᠢᠨ ᠨᠡᠮᠡᠭᠳᠡᠯ ᠤᠨ ᠬᠤᠷᠳᠤᠴᠠ ᠠᠴᠠ 3.4 ᠵᠠᠭᠤᠨ ᠤ ᠴᠡᠭ ᠥᠨᠳᠥᠷ ᠪᠠᠶᠢᠨ᠎ᠠ᠃ ᠣᠳᠣᠬᠠᠨ ᠳᠤ᠂ ᠮᠠᠨ ᠤ ᠤᠯᠤᠰ ᠨᠢᠭᠡᠨᠲᠡ 24 ᠤᠯᠤᠰ ᠪᠠ ᠭᠠᠵᠠᠷ ᠣᠷᠣᠨ ᠲᠠᠢ 16 ᠴᠢᠯᠦᠭᠡᠲᠦ ᠠᠷᠠᠯᠵᠢᠶᠠᠨ ᠤ ᠬᠡᠯᠡᠯᠴᠡᠭᠡᠷ ᠲᠣᠭᠲᠠᠵᠤ᠂ ᠴᠢᠯᠦᠭᠡᠲᠦ ᠠᠷᠠᠯᠵᠢᠶᠠᠨ ᠤ ᠬᠠᠨᠢᠲᠠᠳ ᠨᠢ ᠠᠽᠢᠶ᠎ᠠ ᠲᠢᠪ᠂ ᠡᠸᠦ᠋ᠷᠦᠫᠡ ᠲᠢᠪ᠂ ᠠᠮᠧᠷᠢᠺᠠ ᠲᠢᠪ ᠪᠠ ᠶᠡᠭᠡ ᠳᠠᠯᠠᠢ ᠶᠢᠨ ᠲᠢᠪ ᠢ ᠬᠠᠮᠤᠷᠪᠠ᠃ 2017 ᠣᠨ ᠤ ᠰᠡᠭᠦᠯᠴᠢ ᠪᠣᠯᠲᠠᠯ᠎ᠠ᠂ ᠮᠠᠨ ᠤ ᠤᠯᠤᠰ ᠨᠡᠶᠢᠲᠡ ᠬᠠᠮᠤᠭ ᠤᠨ ᠬᠥᠭᠵᠢᠭᠡᠳᠦᠢ 37 ᠤᠯᠤᠰ ᠲᠤ 97% ᠶᠢᠨ ᠭᠠᠶᠢᠯᠢ ᠶᠢᠨ ᠵᠦᠢᠯ ᠲᠠᠢ ᠳᠤᠮᠳᠠᠳᠤ ᠳᠤ ᠣᠷᠣᠭᠤᠯᠬᠤ ᠪᠦᠲᠦᠭᠡᠭᠳᠡᠬᠦᠨ ᠠᠴᠠ ᠪᠣᠭᠤᠮᠲᠠ ᠶᠢᠨ ᠭᠠᠶᠢᠯᠢ ᠬᠤᠷᠢᠶᠠᠬᠤ ᠦᠭᠡᠢ ᠬᠥᠩᠭᠡᠯᠡᠯᠲᠡ ᠲᠠᠢ ᠬᠠᠷᠠᠭᠠᠯᠵᠠᠯ ᠬᠠᠩᠭᠠᠵᠤ᠂ 2015 ᠣᠨ ᠠᠴᠠ 2017 ᠣᠨ ᠪᠣᠯᠲᠠᠯ᠎ᠠ ᠮᠠᠨ ᠤ ᠤᠯᠤᠰ ᠤᠨ ᠬᠠᠮᠤᠭ ᠤᠨ ᠬᠥᠭᠵᠢᠭᠡᠳᠦᠢ ᠤᠯᠤᠰ ᠠᠴᠠ ᠣᠷᠣᠭᠤᠯᠤᠭᠰᠠᠨ ᠬᠠᠷᠠᠭᠠᠯᠵᠠᠯ ᠲᠠᠢ ᠪᠠᠷᠠᠭᠠᠨ ᠤ ᠥᠷᠲᠡᠭ ᠨᠢ ᠨᠡᠶᠢᠲᠡ ᠪᠠᠷᠤᠭ 40 ᠳ᠋ᠦᠩᠰᠢᠭᠤᠷ ᠳ᠋ᠣᠯᠯᠠᠷ ᠲᠤ ᠬᠦᠷᠴᠡᠢ᠃      ︵ᠭᠤᠷᠪᠠ︶ ᠣᠯᠠᠨ ᠠᠷᠭ᠎ᠠ ᠵᠠᠮ ᠤᠨ ᠠᠬᠢᠭᠤᠯᠬᠤ ᠦᠢᠯᠡᠳᠦᠯ ᠢ ᠢᠳᠡᠪᠬᠢᠲᠡᠢ ᠪᠠᠳᠠᠷᠠᠭᠤᠯᠤᠨ᠎ᠠ᠃ ᠡᠨᠡ ᠨᠢ ᠳᠤᠮᠳᠠᠳᠤ ᠤᠯᠤᠰ ᠲᠠᠬᠢ ᠣᠯᠠᠨ ᠤᠯᠤᠰ ᠤᠨ ᠭᠠᠳᠠᠭᠠᠳᠤ ᠣᠷᠣᠭᠤᠯᠤᠯᠲᠠ ᠶᠢᠨ ᠦᠵᠡᠭᠦᠯᠦᠭᠡ ᠶᠢᠨ ᠬᠤᠷᠠᠯ ᠢ ᠰᠠᠶᠢᠲᠤᠷ ᠡᠷᠬᠢᠯᠡᠬᠦ᠂ ᠭᠠᠳᠠᠭᠠᠳᠤ ᠣᠷᠣᠭᠤᠯᠤᠯᠲᠠ ᠶᠢ ᠥᠷᠭᠡᠳᠬᠡᠬᠦ ᠳᠠᠬᠢ ᠭᠠᠳᠠᠭᠠᠳᠤ ᠪᠡᠯᠡ ᠶᠢᠨ ᠠᠬᠢᠭᠤᠯᠬᠤ ᠦᠢᠯᠡᠳᠦᠯ ᠢ ᠦᠷᠭᠦᠯᠵᠢᠯᠡᠨ ᠪᠠᠳᠠᠷᠠᠭᠤᠯᠬᠤ᠂ ᠭᠠᠳᠠᠭᠠᠳᠤ ᠠᠷᠠᠯᠵᠢᠶ᠎ᠠ ᠬᠢᠭᠡᠳ ᠭᠠᠳᠠᠭᠠᠳᠤ ᠪᠡᠯᠡ ᠣᠷᠣᠭᠤᠯᠤᠯᠲᠠ ᠶᠢ ᠪᠦᠲᠦᠮᠵᠢᠲᠡᠢ ᠪᠠᠷ ᠦᠢᠯᠡᠳᠦᠯᠴᠡᠭᠦᠯᠬᠦ ᠶᠢ ᠠᠬᠢᠭᠤᠯᠬᠤ᠂ ᠭᠠᠳᠠᠭᠠᠳᠤ ᠠᠴᠠ ᠣᠷᠣᠭᠤᠯᠬᠤ ᠠᠷᠠᠯᠵᠢᠶᠠᠨ ᠤ ᠠᠷᠭ᠎ᠠ ᠬᠡᠯᠪᠡᠷᠢ ᠳᠤ ᠰᠢᠨ᠎ᠡ ᠶᠢ ᠡᠭᠦᠳᠬᠦ ᠭᠡᠬᠦ ᠳᠥᠷᠪᠡᠨ ᠵᠦᠢᠯ ᠤᠨ ᠲᠥᠷᠥ ᠶᠢᠨ ᠪᠣᠳᠣᠯᠭ᠎ᠠ ᠶᠢ ᠪᠠᠭᠲᠠᠭᠠᠨ᠎ᠠ᠃ ᠠᠩᠬᠠᠳᠤᠭᠠᠷ ᠬᠤᠭᠤᠴᠠᠭᠠᠨ ᠤ ᠳᠤᠮᠳᠠᠳᠤ ᠤᠯᠤᠰ ᠲᠠᠬᠢ ᠣᠯᠠᠨ ᠤᠯᠤᠰ ᠤᠨ ᠭᠠᠳᠠᠭᠠᠳᠤ ᠣᠷᠣᠭᠤᠯᠤᠯᠲᠠ ᠶᠢᠨ ᠦᠵᠡᠭᠦᠯᠭᠡ ᠶᠢᠨ ᠬᠤᠷᠠᠯ ᠢ 2018 ᠣᠨ ᠤ 11 ᠳ᠋ᠦ᠋ᠭᠡᠷ ᠰᠠᠷ᠎ᠠ ᠳᠤ ᠡᠷᠬᠢᠯᠡᠨ ᠶᠠᠪᠤᠭᠤᠯᠵᠤ᠂ ᠡᠯ᠎ᠡ ᠤᠯᠤᠰ ᠤᠨ  ᠬᠢᠨ ᠤ ᠣᠯᠠᠨ ᠤᠯᠤᠰ ᠤᠨ ᠠᠷᠠᠯᠵᠢᠶ᠎ᠠ ᠥᠷᠨᠢᠭᠦᠯᠬᠦ ᠨᠡᠭᠡᠭᠡᠯᠲᠡᠲᠦ ᠬᠡᠯᠪᠡᠷᠢ ᠶᠢᠨ ᠬᠠᠮᠲᠤᠷᠠᠯᠴᠠᠭᠠᠨ ᠤ ᠲᠠᠪᠴᠠᠩ ᠪᠣᠯᠭᠠᠨ᠎ᠠ᠃ ︽ᠰᠠᠨᠠᠯ︾ ᠳᠤ ᠪᠠᠰᠠ ᠭᠠᠳᠠᠭᠠᠳᠤ ᠶᠢᠨ ᠬᠤᠳᠠᠯᠳᠤᠭᠠᠴᠢᠳ ᠤᠨ ᠪᠡᠯᠡ ᠣᠷᠣᠭᠤᠯᠤᠯᠲᠠ ᠶᠢᠨ ᠬᠠᠮᠢᠶ᠎ᠠ ᠪᠦᠬᠦᠢ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠦᠨ᠂ ᠬᠢᠯᠢ ᠶᠢᠨ ᠳᠣᠲᠣᠷᠠᠬᠢ ᠪᠡᠯᠡ ᠣᠷᠣᠭᠤᠯᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠬᠡᠷᠡᠭᠲᠡᠢ᠃ ᠥᠨᠳᠥᠷ ᠬᠢᠷᠢ ᠲᠦᠪᠰᠢᠨ ᠪᠦᠬᠦᠢ ᠪᠡᠯᠡ ᠣᠷᠣᠭᠤᠯᠬᠤ ᠬᠡᠯᠡᠯᠴᠡᠭᠡᠷ ᠲᠣᠭᠲᠠᠬᠤ ᠶᠢ ᠲᠦᠷᠭᠡᠳᠬᠡᠨ ᠠᠬᠢᠭᠤᠯᠵᠤ᠂ ᠭᠠᠳᠠᠭᠠᠳᠤ ᠪᠡᠯᠡ ᠣᠷᠣᠭᠤᠯᠤᠯᠲᠠ ᠶᠢ ᠳᠥᠭᠦᠮ ᠪᠣᠯᠭᠠᠬᠤ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠤᠨ ᠪᠣᠯᠪᠠᠰᠤᠷᠠᠩᠭᠤᠢ ᠲᠤᠷᠰᠢᠯᠭ᠎ᠠ ᠬᠢᠳᠡᠯ ᠢ ᠵᠢᠷᠤᠮᠯᠠᠨ ᠳᠠᠭᠠᠵᠤ ᠳᠡᠯᠭᠡᠷᠡᠭᠦᠯᠬᠦ ᠶᠢ ᠲᠦᠷᠭᠡᠳᠬᠡᠵᠦ᠂ ᠮᠠᠰᠢᠨ ᠲᠡᠷᠭᠡ ᠶᠢ ᠵᠡᠷᠭᠡ ᠪᠠᠷ ᠭᠠᠳᠠᠭᠠᠳᠤ ᠠᠴᠠ ᠣᠷᠣᠭᠤᠯᠬᠤ ᠲᠤᠷᠰᠢᠯᠲᠠ ᠶᠢᠨ ᠴᠡᠭ ᠢ ᠲᠦᠷᠭᠡᠳᠬᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃      ︵ᠳᠥᠷᠪᠡ︶ ᠠᠷᠠᠯᠵᠢᠶ᠎ᠠ ᠶᠢ ᠴᠢᠯᠦᠭᠡᠲᠡᠢ ᠪᠣᠯᠭᠠᠬᠤ ᠪᠠ ᠳᠥᠭᠦᠮ ᠪᠣᠯᠭᠠᠬᠤ ᠨᠥᠬᠦᠴᠡᠯ ᠢ ᠨᠢ ᠰᠠᠶᠢᠵᠢᠷᠠᠭᠤᠯᠤᠨ᠎ᠠ᠃  ᠡᠨᠡ   ᠨᠢ ᠭᠠᠳᠠᠭᠠᠳᠤ ᠣᠷᠣᠭᠤᠯᠤᠯᠲᠠ  ᠶᠢ ᠠᠬᠢᠭᠤᠯᠬᠤ ᠲᠠᠪᠴᠠᠩ  ᠢ ᠶᠡᠭᠡ  ᠪᠠᠷ ᠪᠣᠶᠢᠵᠢᠭᠤᠯᠬᠤ᠂ ᠭᠠᠳᠠᠭᠠᠳᠤ ᠣᠷᠣᠭᠤᠯᠤᠯᠲᠠ ᠶᠢᠨ ᠪᠣᠭᠤᠮᠲᠠ ᠪᠠᠷ ᠥᠩᠭᠡᠷᠡᠬᠦ ᠴᠤᠪᠤᠷᠠᠯ ᠢ ᠰᠢᠯᠢᠳᠡᠭᠵᠢᠭᠦᠯᠬᠦ᠂ ᠭᠠᠳᠠᠭᠠᠳᠤ ᠠᠴᠠ ᠣᠷᠣᠭᠤᠯᠬᠤ ᠭᠤᠭᠴᠤᠭ᠎ᠠ ᠶᠢᠨ ᠳᠦᠷᠢᠮ ᠤᠨ ᠴᠢᠨᠠᠷᠲᠠᠢ ᠥᠪᠡᠷ ᠤᠨ ᠥᠷᠲᠡᠭ ᠢ ᠪᠠᠭᠤᠷᠠᠭᠤᠯᠬᠤ᠂ ᠤᠯᠤᠰ ᠤᠨ ᠳᠣᠲᠣᠭᠠᠳᠤ ᠶᠢᠨ ᠡᠵᠡᠩᠨᠡᠵᠦ ᠬᠤᠳᠠᠯᠳᠤᠭᠠᠯᠠᠬᠤ ᠶᠢᠨ ᠣᠷᠴᠢᠨ ᠨᠥᠬᠦᠴᠡᠯ ᠢ ᠲᠦᠷᠭᠡᠳᠬᠡᠨ ᠰᠠᠶᠢᠵᠢᠷᠠᠭᠤᠯᠬᠤ ᠭᠡᠬᠦ ᠳᠥᠷᠪᠡᠨ ᠵᠦᠢᠯ ᠤᠨ ᠲᠥᠷᠥ ᠶᠢᠨ ᠪᠣᠳᠣᠯᠭ᠎ᠠ ᠶᠢ ᠪᠠᠭᠲᠠᠭᠠᠨ᠎ᠠ᠃ ︽ᠰᠠᠨᠠᠯ︾ ᠳᠤ ᠤᠯᠤᠰ ᠤᠨ ᠨᠢᠭᠡ ᠪᠦᠯᠦᠭ ᠵᠢᠱᠢᠶ᠎ᠡ ᠦᠵᠡᠭᠦᠯᠵᠦ ᠳᠠᠶᠢᠴᠢᠯᠠᠨ ᠳᠠᠭᠠᠭᠤᠯᠬᠤ ᠦᠢᠯᠡᠳᠦᠯ ᠢᠶᠠᠷ ᠲᠣᠪᠣᠶᠢᠮ᠎ᠠ ᠭᠠᠳᠠᠭᠠᠳᠤ ᠠᠴᠠ ᠣᠷᠣᠭᠤᠯᠬᠤ ᠠᠷᠠᠯᠵᠢᠶ᠎ᠠ ᠶᠢᠨ ᠠᠬᠢᠭᠤᠯᠤᠨ ᠰᠢᠨ᠎ᠡ ᠶᠢ ᠡᠭᠦᠳᠴᠦ ᠵᠢᠱᠢᠶ᠎ᠡ ᠦᠵᠡᠭᠦᠯᠬᠦ ᠲᠣᠭᠤᠷᠢᠭ ᠢ ᠪᠣᠶᠢᠵᠢᠭᠤᠯᠤᠨ ᠪᠦᠷᠢᠯᠳᠦᠭᠦᠯᠬᠦ ᠬᠡᠷᠡᠭᠲᠡᠢ᠃ ᠭᠠᠳᠠᠭᠠᠳᠤ ᠠᠴᠠ ᠣᠷᠣᠭᠤᠯᠬᠤ ᠠᠷᠠᠯᠵᠢᠶ᠎ᠠ ᠶᠢ ᠳᠥᠭᠦᠮ ᠪᠣᠯᠭᠠᠬᠤ ᠬᠢᠷᠢ ᠲᠦᠪᠰᠢᠨ ᠢ ᠨᠢ ᠳᠡᠭᠡᠭᠰᠢᠯᠡᠭᠦᠯᠦᠨ᠂ ᠭᠠᠳᠠᠭᠠᠳᠤ ᠠᠴᠠ ᠣᠷᠣᠭᠤᠯᠬᠤ ᠭᠤᠭᠴᠤᠭ᠎ᠠ ᠶᠢᠨ ᠳᠦᠷᠢᠮ ᠤᠨ ᠴᠢᠨᠠᠷᠲᠠᠢ ᠥᠪᠡᠷ ᠤᠨ ᠥᠷᠲᠡᠭ ᠢ ᠪᠠᠭᠤᠷᠠᠭᠤᠯᠵᠤ᠂ ᠭᠠᠳᠠᠭᠠᠳᠤ ᠠᠴᠠ ᠣᠷᠣᠭᠤᠯᠬᠤ ᠭᠤᠭᠴᠤᠭ᠎ᠠ ᠳᠠᠬᠢ ᠵᠦᠢ ᠵᠣᠬᠢᠰ ᠦᠭᠡᠢ ᠪᠠᠷ ᠰᠦᠢᠳᠬᠡᠯ ᠬᠤᠷᠢᠶᠠᠬᠤ ᠶᠢ ᠦᠭᠡᠶᠢᠰᠬᠡᠬᠦ ᠬᠡᠷᠡᠭᠲᠡᠢ᠃ ᠭᠠᠳᠠᠭᠠᠳᠤ ᠠᠷᠠᠯᠵᠢᠶᠠᠨ ᠤ ᠦᠨᠡᠨᠴᠢ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠪᠠ ᠮᠡᠳᠡᠯᠭᠡ ᠶᠢᠨ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠨ᠂ ᠭᠠᠳᠠᠭᠠᠳᠤ ᠠᠴᠠ ᠣᠷᠣᠭᠤᠯᠤᠭᠰᠠᠨ ᠦ ᠰᠡᠪ ᠲᠠᠢ ᠬᠡᠷᠡᠭᠯᠡᠭᠡ ᠶᠢᠨ ᠵᠦᠢᠯᠡᠰ ᠢ ᠡᠭᠡᠭᠦᠯᠦᠨ ᠠᠪᠬᠤ ᠰᠢᠰᠲ᠋ᠧᠮᠴᠢ ᠪᠠᠷ ᠭᠤᠣᠯ ᠪᠣᠯᠭᠠᠭᠰᠠᠨ ᠭᠠᠳᠠᠭᠠᠳᠤ ᠠᠴᠠ ᠣᠷᠣᠭᠤᠯᠤᠭᠰᠠᠨ ᠬᠡᠷᠡᠭᠯᠡᠭᠡ ᠶᠢᠨ ᠵᠦᠢᠯᠡᠰ ᠤᠨ ᠶᠠᠰᠤ ᠴᠢᠨᠠᠷ ᠢ ᠮᠥᠷᠳᠡᠨ ᠤᠬᠤᠴᠢᠯᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠵᠤ᠂ ᠬᠠᠭᠤᠷᠮᠠᠭ ᠮᠠᠭᠤ ᠲᠠᠸᠠᠷ ᠲᠤ ᠴᠢᠩᠭ᠎ᠠ ᠴᠣᠬᠢᠯᠲᠠ ᠥᠭᠭᠦᠨ᠂ ᠤᠯᠤᠰ ᠤᠨ ᠳᠣᠲᠣᠭᠠᠳᠤ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠬᠤ ᠪᠠ ᠲᠡᠭᠦᠯᠳᠡᠷᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ