ᠬᠠᠤᠯᠢ ᠴᠠᠭᠠᠵᠠ ᠶᠢᠨ ᠶᠠᠮᠤᠨ ᠪᠠ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠬᠠᠷᠢᠭᠤᠴᠠᠯᠭᠠᠲᠠᠳ ︽ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠲᠦᠷ ᠬᠡᠷᠡᠭᠵᠢᠭᠦᠯᠬᠦ ᠳᠦᠷᠢᠮ︾ ᠤᠨ ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ
ᠨᠡᠶᠢᠲᠡᠯᠡᠭᠰᠡᠨ ᠴᠠᠭ᠄
2018/8/1
     2018 ᠣᠨ ᠤ 6 ᠳ᠋ᠤᠭᠠᠷ ᠰᠠᠷ᠎ᠠ ᠶᠢᠨ 29 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠠᠷᠯᠢᠭ ᠳᠡᠭᠡᠷ᠎ᠡ ᠭᠠᠷ ᠤᠨ ᠦᠰᠦᠭ ᠵᠢᠷᠤᠵᠤ᠂ ︽ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠲᠦᠷ ᠬᠡᠷᠡᠭᠵᠢᠭᠦᠯᠬᠦ ᠳᠦᠷᠢᠮ︾ ︵ᠳᠣᠷᠣᠭᠰᠢ ︽ᠳᠦᠷᠢᠮ︾ ᠭᠡᠵᠦ ᠲᠣᠪᠴᠢᠯᠠᠨ᠎ᠠ︶ ᠢ ᠨᠡᠶᠢᠲᠡᠯᠡᠵᠦ᠂ ︽ᠳᠦᠷᠢᠮ︾ ᠢ 2018 ᠣᠨ ᠤ 10 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠬᠦ ᠪᠠᠷ ᠪᠠᠶᠢᠨ᠎ᠠ᠃ ᠡᠮᠦᠨᠡᠬᠡᠨ᠂ ᠬᠠᠤᠯᠢ ᠴᠠᠭᠠᠵᠠ ᠶᠢᠨ ᠶᠠᠮᠤᠨ ᠪᠠ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠬᠠᠷᠢᠭᠤᠴᠠᠯᠭᠠᠲᠠᠳ ︽ᠳᠦᠷᠢᠮ︾ ᠤᠨ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠵᠠᠢ᠃      ᠨᠢᠭᠡ᠂ ︽ᠳᠦᠷᠢᠮ︾ ᠢ ᠨᠡᠶᠢᠲᠡᠯᠡᠭᠰᠡᠨ ᠠᠬᠤᠢ ᠪᠠᠶᠢᠳᠠᠯ ᠪᠠ ᠲᠤᠭᠤᠷᠪᠢᠭᠰᠠᠨ ᠶᠠᠪᠤᠴᠠ ᠶᠢ ᠲᠠᠨᠢᠯᠴᠠᠭᠤᠯᠤᠭᠠᠳ ᠥᠭᠭᠦᠨ᠎ᠡ ᠦᠦ︖      ᠬᠠᠷᠢᠭᠤᠯᠲᠠ᠄ ᠬᠥᠮᠥᠨ ᠤ ᠬᠦᠴᠦᠨ ᠤ ᠡᠬᠢ ᠪᠠᠶᠠᠯᠢᠭ ᠪᠣᠯ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠨᠢᠭᠡᠳᠦᠭᠡᠷ ᠡᠬᠢ ᠪᠠᠶᠠᠯᠢᠭ ᠪᠠᠶᠢᠵᠤ᠂ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠪᠣᠯ ᠦᠢᠯᠡᠳᠪᠦᠷᠢᠯᠡᠯ ᠤᠨ ᠬᠦᠴᠦᠨ ᠵᠦᠢᠯ ᠤᠨ ᠵᠠᠬ᠎ᠠ ᠳᠡᠯᠭᠡᠭᠦᠷ ᠤᠨ ᠴᠢᠬᠤᠯᠠ ᠪᠦᠷᠢᠯᠳᠦᠬᠦᠨ ᠬᠡᠰᠡᠭ ᠪᠣᠯᠣᠨ᠎ᠠ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠪᠠᠶᠢᠨ᠎ᠠ᠃ ᠶᠡᠷᠦᠩᠬᠡᠢ ᠱᠦᠵᠢ ᠰᠢ ᠶᠢᠨ ᠫᠢᠩ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠳᠤ ᠠᠵᠢᠯ ᠣᠯᠭᠤᠯᠲᠠ ᠪᠣᠯ ᠬᠠᠮᠤᠭ ᠤᠨ ᠴᠢᠬᠤᠯᠠ ᠠᠷᠠᠳ ᠤᠨ ᠠᠮᠢᠳᠤᠷᠠᠯ ᠪᠠᠶᠢᠵᠤ᠂ ᠠᠵᠢᠯ ᠣᠯᠭᠤᠯᠲᠠ ᠶᠢ ᠤᠷᠢᠳ ᠢᠶᠠᠷ ᠪᠣᠳᠣᠯᠬᠢᠯᠠᠬᠤ ᠪᠠᠶᠢᠯᠳᠤᠬᠤ ᠪᠣᠳᠣᠯᠭ᠎ᠠ ᠪᠠ ᠢᠳᠡᠪᠬᠢᠲᠡᠢ ᠪᠠᠷ ᠠᠵᠢᠯ ᠣᠯᠭᠤᠬᠤ ᠲᠥᠷᠥ ᠶᠢᠨ ᠪᠣᠳᠣᠯᠭ᠎ᠠ ᠶᠢ ᠪᠠᠷᠢᠮᠲᠠᠯᠠᠨ᠂ ᠨᠡᠩ ᠴᠢᠨᠠᠷᠯᠢᠭ ᠪᠠ ᠨᠡᠩ ᠭᠦᠢᠴᠡᠳ ᠠᠵᠢᠯ ᠣᠯᠭᠤᠯᠲᠠ ᠶᠢ ᠪᠡᠶᠡᠯᠡᠭᠦᠯᠬᠦ ᠬᠡᠷᠡᠭᠲᠡᠢ︔ ᠪᠦᠬᠦ ᠲᠠᠯᠠᠲᠤ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡ ᠬᠠᠩᠭᠠᠵᠤ᠂ ᠬᠥᠳᠡᠯᠮᠦᠷᠢ ᠬᠦᠴᠦᠨ ᠪᠠ ᠴᠢᠳᠠᠪᠤᠷᠢᠲᠠᠨ ᠤ ᠨᠡᠶᠢᠭᠡᠮᠴᠢ ᠴᠢᠨᠠᠷᠲᠠᠢ ᠰᠢᠯᠵᠢᠯᠲᠡ ᠶᠢ ᠬᠠᠷᠰᠢᠯᠠᠵᠤ ᠪᠠᠶᠢᠭ᠎ᠠ ᠳᠦᠷᠢᠮ ᠲᠣᠭᠲᠠᠴᠠ ᠶᠢᠨ ᠭᠡᠮ ᠰᠣᠭᠤᠭ ᠢ ᠠᠷᠢᠯᠭᠠᠬᠤ ᠬᠡᠷᠡᠭᠲᠡᠢ︔ ᠴᠢᠳᠠᠪᠤᠷᠢᠲᠠᠨ ᠤ ᠬᠦᠴᠦᠷᠬᠡᠭ ᠤᠯᠤᠰ ᠢ ᠲᠦᠷᠭᠡᠳᠬᠡᠨ ᠪᠠᠶᠢᠭᠤᠯᠵᠤ᠂ ᠡᠯ᠎ᠡ ᠲᠥᠷᠥᠯ ᠤᠨ ᠴᠢᠳᠠᠪᠤᠷᠢᠲᠠᠨ ᠤ ᠪᠦᠲᠦᠭᠡᠯᠴᠢ ᠠᠮᠢᠵᠢᠷᠠᠯ ᠤᠨ ᠬᠦᠴᠦᠨ ᠢ ᠥᠷᠢᠰᠦᠯᠳᠦᠭᠦᠯᠦᠨ ᠬᠥᠭᠵᠢᠭᠡᠵᠦ᠂ ᠰᠡᠴᠡᠨ ᠮᠡᠷᠭᠡᠨ ᠠᠪᠢᠶᠠᠰ ᠪᠢᠯᠢᠭ ᠢ  ᠨᠢ ᠭᠦᠢᠴᠡᠳ ᠪᠠᠳᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠶᠡᠷᠦᠩᠬᠡᠢ ᠰᠠᠶᠢᠳ ᠯᠢ ᠺᠧ ᠴᠢᠶᠠᠩ᠂ ᠮᠠᠨ ᠤ ᠤᠯᠤᠰ ᠲᠤ ᠳᠡᠯᠡᠬᠡᠢ ᠳᠡᠭᠡᠷ᠎ᠡ ᠬᠡᠪᠴᠢᠶ᠎ᠡ ᠪᠠᠷ ᠬᠠᠮᠤᠭ ᠤᠨ ᠶᠡᠭᠡ ᠬᠥᠮᠥᠨ ᠤ ᠬᠦᠴᠦᠨ ᠪᠠ ᠴᠢᠳᠠᠪᠤᠷᠢᠲᠠᠨ ᠤ ᠡᠬᠢ ᠪᠠᠶᠠᠯᠢᠭ ᠪᠠᠶᠢᠵᠤ᠂ ᠡᠨᠡ ᠪᠣᠯ ᠰᠢᠨ᠎ᠡ ᠶᠢ ᠡᠭᠦᠳᠦᠨ ᠬᠥᠭᠵᠢᠬᠦ ᠶᠢᠨ ᠬᠠᠮᠤᠭ ᠤᠨ ᠶᠡᠭᠡ ︽ᠪᠠᠶᠠᠯᠢᠭ ᠠᠭᠤᠷᠬᠠᠢ︾ ᠪᠣᠯᠣᠨ᠎ᠠ᠂ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠂ ᠬᠥᠮᠥᠨ ᠤ ᠬᠦᠴᠦᠨ ᠤ ᠡᠬᠢ ᠪᠠᠶᠠᠯᠢᠭ ᠤᠨ ᠴᠢᠯᠦᠭᠡᠲᠡᠢ ᠮᠥᠷᠲᠡᠭᠡᠨ ᠡᠮᠬᠢ ᠵᠢᠷᠤᠮ ᠲᠠᠢ ᠰᠢᠯᠵᠢᠯᠲᠡ ᠶᠢ ᠠᠬᠢᠭᠤᠯᠵᠤ᠂ ᠵᠠᠬ᠎ᠠ ᠳᠡᠯᠭᠡᠭᠦᠷ ᠤᠨ ᠬᠦᠴᠦᠨ ᠢ ᠬᠡᠷᠡᠭᠯᠡᠨ ᠨᠡᠩ ᠣᠯᠠᠨ ᠠᠵᠢᠯ ᠣᠯᠭᠤᠬᠤ ᠲᠣᠬᠢᠶᠠᠯ ᠢ ᠡᠭᠦᠳᠦᠨ ᠪᠦᠲᠦᠭᠡᠵᠦ᠂ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃      ᠥᠭᠡᠷᠡᠴᠢᠯᠡᠯᠲᠡ ᠨᠡᠭᠡᠭᠡᠯᠲᠡ ᠬᠢᠭᠰᠡᠨ 40 ᠵᠢᠯ ᠤᠨ ᠲᠤᠷᠰᠢ᠂ ᠮᠠᠨ ᠤ ᠤᠯᠤᠰ ᠤᠨ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠥᠷᠨᠢᠨ ᠬᠥᠭᠵᠢᠵᠦ᠂ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡ ᠶᠢᠨ ᠬᠦᠷᠢᠶ᠎ᠡ ᠴᠠᠷᠠᠭ᠎ᠠ ᠲᠠᠰᠤᠷᠠᠯᠲᠠ ᠦᠭᠡᠢ ᠥᠷᠭᠡᠳᠴᠦ᠂ ᠠᠳᠠᠯ ᠦᠢᠯᠡᠰ ᠴᠣᠭᠴᠠᠯᠠᠨ ᠠᠵᠢᠯ ᠣᠯᠭᠤᠬᠤ ᠪᠠ ᠬᠦᠴᠦᠨ ᠤ ᠬᠦᠴᠦᠨ ᠤ ᠡᠬᠢ ᠪᠠᠶᠠᠯᠢᠭ ᠢ ᠭᠦᠢᠯᠭᠡᠭᠡᠬᠦ ᠳᠤ ᠴᠢᠬᠤᠯᠠ ᠦᠢᠯᠡᠳᠦᠯ ᠦᠵᠡᠭᠦᠯᠪᠡ᠃ ᠤᠤᠯ ᠤᠨ ᠠᠵᠢᠯᠲᠠᠨ ᠤ ᠶᠠᠪᠤᠳᠠᠯ ᠤᠨ ᠶᠠᠮᠤᠨ᠂ ᠬᠥᠳᠡᠯᠮᠦᠷᠢ ᠪᠠᠲᠤᠯᠠᠭ᠎ᠠ ᠶᠢᠨ ᠶᠠᠮᠤᠨ ᠠᠴᠠ ᠲᠤᠰ ᠲᠤᠰ ᠬᠠᠮᠢᠶᠠᠷᠴᠤ ᠪᠠᠶᠢᠭᠰᠠᠨ ᠴᠢᠳᠠᠪᠤᠷᠢᠲᠠᠨ ᠤ ᠵᠠᠬ᠎ᠠ ᠳᠡᠯᠭᠡᠭᠦᠷ᠂ ᠬᠥᠳᠡᠯᠮᠦᠷᠢ ᠬᠦᠴᠦᠨ ᠤ ᠵᠠᠬ᠎ᠠ ᠳᠡᠯᠭᠡᠭᠦᠷ ᠢ ᠨᠢᠭᠡᠨᠲᠡ ᠨᠢᠭᠡᠳᠦᠯᠲᠡᠢ ᠪᠠᠷ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠪᠣᠯᠭᠠᠨ ᠡᠮᠬᠢᠯᠡᠨ ᠨᠡᠶᠢᠯᠡᠭᠦᠯᠵᠦ᠂ ᠬᠥᠮᠥᠨ ᠤ ᠬᠦᠴᠦᠨ ᠤ ᠡᠬᠢ ᠪᠠᠶᠠᠯᠢᠭ ᠤᠨ ᠣᠯᠠᠨ ᠨᠡᠶᠢᠲᠡ ᠶᠢᠨ ᠦᠢᠯᠡᠴᠢᠯᠡᠭᠡ ᠶᠢᠨ ᠪᠠᠶᠢᠭᠤᠯᠤᠮᠵᠢ ᠪᠠ ᠬᠥᠮᠥᠨ ᠤ ᠬᠦᠴᠦᠨ ᠤ ᠡᠬᠢ ᠪᠠᠶᠠᠯᠢᠭ ᠤᠨ ᠡᠵᠡᠩᠨᠡᠯᠲᠡ ᠶᠢᠨ ᠴᠢᠨᠠᠷᠲᠠᠢ ᠦᠢᠯᠡᠴᠢᠯᠡᠭᠡ ᠶᠢᠨ ᠪᠠᠶᠢᠭᠤᠯᠤᠮᠵᠢ ᠨᠢ ᠬᠠᠮᠲᠤ ᠪᠠᠷ ᠬᠦᠴᠦᠯᠡᠨ᠂ ᠠᠵᠢᠯ ᠣᠯᠭᠤᠯᠲᠠ ᠶᠢ ᠠᠬᠢᠭᠤᠯᠬᠤ ᠴᠢᠬᠤᠯᠠ ᠠᠷᠭ᠎ᠠ ᠵᠠᠮ ᠪᠣᠯᠵᠠᠢ᠃ ᠣᠳᠣᠬᠠᠨ ᠳᠤ᠂ ᠪᠦᠬᠦ ᠤᠯᠤᠰ ᠲᠤ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡ ᠶᠢᠨ ᠪᠠᠶᠢᠭᠤᠯᠤᠮᠵᠢ ᠨᠡᠶᠢᠲᠡ 3.02 ᠲᠦᠮᠡ ᠪᠠᠶᠢᠵᠤ᠂ ᠠᠵᠢᠯ ᠡᠷᠬᠢᠯᠡᠭᠰᠡᠳ 58.37 ᠲᠦᠮᠡᠨ ᠬᠥᠮᠥᠨ ᠪᠠᠶᠢᠨ᠎ᠠ᠃ 2017 ᠣᠨ ᠤ ᠪᠦᠬᠦ ᠵᠢᠯ ᠤᠨ ᠡᠵᠡᠩᠨᠡᠯᠲᠡ ᠶᠢᠨ ᠶᠡᠷᠦᠩᠬᠡᠢ ᠣᠷᠣᠯᠭ᠎ᠠ ᠨᠢ 1.44 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ 2.03 ᠳ᠋ᠦᠩᠰᠢᠭᠤᠷ ᠬᠥᠮᠥᠨ ᠤᠳᠠᠭ᠎ᠠ ᠶᠢᠨ ᠠᠵᠢᠯ ᠣᠯᠭᠤᠯᠲᠠ ᠪᠠ ᠭᠦᠢᠯᠭᠡᠭᠡ ᠶᠢ ᠬᠠᠪᠰᠤᠷᠤᠨ ᠪᠡᠶᠡᠯᠡᠭᠦᠯᠪᠡ᠃ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠲᠦᠷᠭᠡᠨ ᠬᠥᠭᠵᠢᠭᠰᠡᠨ ᠤ ᠬᠠᠮᠲᠤ ᠵᠠᠷᠢᠮ ᠪᠠᠴᠢᠮ ᠰᠢᠢᠳᠪᠦᠷᠢᠯᠡᠬᠦ ᠴᠢᠬᠤᠯᠠᠲᠠᠢ ᠠᠰᠠᠭᠤᠳᠠᠯ ᠢ ᠢᠯᠡᠷᠡᠭᠦᠯᠪᠡ᠄ ᠨᠢᠭᠡ ᠳᠤ᠂ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠢ ᠲᠤᠰ ᠲᠤᠰ ᠤᠤᠯ ᠤᠨ ᠠᠵᠢᠯᠲᠠᠨ ᠤ ᠶᠠᠪᠤᠳᠠᠯ ᠤᠨ ᠶᠠᠮᠤᠨ ᠪᠠ ᠬᠥᠳᠡᠯᠮᠦᠷᠢ ᠪᠠᠲᠤᠯᠠᠭ᠎ᠠ ᠶᠢᠨ ᠶᠠᠮᠤᠨ ᠤ ᠳᠦᠷᠢᠮ ᠲᠣᠭᠲᠠᠭᠠᠯ ᠢᠶᠠᠷ ᠦᠨᠳᠦᠰᠦᠯᠡᠯ ᠪᠣᠯᠭᠠᠨ ᠬᠠᠮᠢᠶᠠᠷᠴᠤ ᠪᠠᠶᠢᠭᠰᠠᠨ ᠨᠢ ᠨᠢᠭᠡᠳᠦᠯᠲᠡᠢ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠪᠠᠶᠢᠭᠤᠯᠤᠯᠲᠠ ᠳᠤ ᠠᠰᠢᠭ ᠦᠭᠡᠢ︔ ᠬᠤᠶᠠᠷ ᠲᠤ᠂ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠢ ᠪᠣᠶᠢᠵᠢᠭᠤᠯᠬᠤ ᠲᠠᠯ᠎ᠠ ᠳᠠᠬᠢ ᠵᠠᠰᠠᠭ ᠤᠨ ᠣᠷᠳᠣᠨ ᠤ ᠬᠠᠷᠢᠭᠤᠴᠠᠯᠭ᠎ᠠ ᠨᠢ ᠲᠣᠳᠣᠷᠬᠠᠢ ᠪᠤᠰᠤ᠂ ᠪᠦᠲᠦᠮᠵᠢᠲᠡᠢ ᠠᠷᠭ᠎ᠠ ᠬᠡᠮᠵᠢᠶ᠎ᠡ ᠨᠢ ᠴᠥᠭᠡᠨ ᠪᠠᠶᠢᠵᠤ᠂ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠬᠥᠭᠵᠢᠯᠲᠡ ᠶᠢᠨ ᠬᠢᠷᠢ ᠲᠦᠪᠰᠢᠨ ᠨᠢ ᠨᠡᠯᠢᠶᠡᠳ ᠳᠣᠣᠷ᠎ᠠ ᠪᠠᠶᠢᠨ᠎ᠠ︔ ᠭᠤᠷᠪᠠ ᠳᠤ᠂ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡ ᠥᠷᠨᠢᠭᠦᠯᠬᠦ ᠵᠥᠪᠰᠢᠶᠡᠷᠡᠯ ᠨᠢ ᠬᠡᠳᠦ ᠣᠯᠠᠨ᠂ ᠵᠠᠬ᠎ᠠ ᠳᠡᠯᠭᠡᠭᠦᠷ ᠲᠤ ᠣᠷᠣᠬᠤ ᠬᠤᠷᠢᠭ᠎ᠠ ᠰᠠᠭᠠᠳ ᠨᠢ ᠨᠡᠯᠢᠶᠡᠳ ᠥᠨᠳᠥᠷ ᠪᠠᠶᠢᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠢᠯᠡᠷᠡᠭᠦᠯᠬᠦ ᠳᠤ ᠠᠰᠢᠭ ᠦᠭᠡᠢ︔ ᠳᠥᠷᠪᠡ ᠳᠤ᠂ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠠᠵᠢᠯ ᠬᠡᠷᠡᠭ ᠳᠤᠮᠳᠠᠬᠢ ᠪᠠ ᠠᠵᠢᠯ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠨᠢ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠱᠠᠭᠠᠷᠳᠠᠯᠭ᠎ᠠ ᠶᠢ ᠳᠠᠭᠠᠵᠤ ᠠᠮᠵᠢᠬᠤ ᠦᠭᠡᠢ ᠪᠠᠶᠢᠵᠤ᠂ ︽ᠬᠠᠤᠯᠢ ᠪᠤᠰᠤ ᠵᠠᠭᠤᠴᠢᠯᠠᠭᠤᠷ︾᠂ ᠬᠤᠳᠠᠯ ᠬᠠᠭᠤᠷᠮᠠᠭ ᠢᠶᠠᠷ ᠡᠯᠰᠡᠨ ᠤᠷᠢᠬᠤ ᠵᠠᠷ ᠵᠡᠷᠭᠡ ᠨᠢᠭᠡᠴᠢ ᠪᠠ ᠬᠤᠪᠢ ᠬᠥᠮᠥᠨ ᠤ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠤᠭᠰᠠᠨ ᠦᠵᠡᠭᠳᠡᠯ ᠣᠷᠣᠰᠢᠵᠤ ᠪᠠᠶᠢᠬᠤ ᠪᠣᠯᠬᠤᠷ᠂ ︽ᠳᠦᠷᠢᠮ︾ ᠢ ᠲᠣᠭᠲᠠᠭᠠᠬᠤ ᠪᠠᠷ ᠳᠠᠮᠵᠢᠨ ᠬᠠᠮᠢᠶᠠᠷᠤᠯᠲᠠ ᠶᠢ ᠵᠢᠷᠤᠮᠵᠢᠭᠤᠯᠬᠤ ᠶᠢ ᠪᠠᠴᠢᠮ ᠱᠠᠭᠠᠷᠳᠠᠵᠤ ᠪᠠᠶᠢᠨ᠎ᠠ᠃      ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢᠨ ᠲᠤᠬᠠᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠢᠯ ᠣᠯᠭᠤᠵᠤ ᠠᠳᠠᠯ ᠦᠢᠯᠡᠰ ᠪᠣᠰᠬᠠᠬᠤ ᠪᠠ ᠴᠢᠨᠠᠷᠵᠢᠭᠤᠨ ᠬᠥᠭᠵᠢᠬᠦ ᠳᠤ ᠨᠡᠩ ᠰᠠᠶᠢᠨ ᠦᠢᠯᠡᠴᠢᠯᠡᠵᠦ᠂ ᠠᠵᠢᠯ ᠣᠯᠭᠤᠯᠲᠠ ᠶᠢ ᠤᠷᠢᠳ ᠢᠶᠠᠷ ᠪᠣᠳᠣᠯᠬᠢᠯᠠᠬᠤ ᠪᠠᠶᠢᠯᠳᠤᠬᠤ ᠪᠣᠳᠣᠯᠭ᠎ᠠ ᠪᠠ ᠴᠢᠳᠠᠪᠤᠷᠢᠲᠠᠨ ᠤ ᠬᠦᠴᠦᠷᠬᠡᠭ ᠤᠯᠤᠰ ᠤᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢᠨ ᠲᠥᠯᠥᠭᠡ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ ᠬᠢᠨᠠᠮᠠᠭᠠᠢ ᠪᠠᠶᠢᠴᠠᠭᠠᠨ ᠰᠤᠳᠤᠯᠵᠤ᠂ ᠦᠢᠯᠡᠳᠦᠯᠭᠡ ᠶᠢᠨ ᠲᠤᠷᠰᠢᠯᠭ᠎ᠠ ᠪᠠᠨ ᠳ᠋ᠦᠩᠨᠡᠭᠰᠡᠨ ᠰᠠᠭᠤᠷᠢᠨ ᠳᠡᠭᠡᠷ᠎ᠡ᠂ ︽ᠳᠦᠷᠢᠮ︾ ᠤᠨ ᠡᠬᠡ ᠲᠥᠰᠥᠯ ᠤᠨ ᠬᠢᠨᠠᠭᠤᠯᠬᠤ ᠨᠣᠣᠷᠠᠭ ᠢ ᠲᠤᠭᠤᠷᠪᠢᠵᠤ᠂ ᠨᠡᠶᠢᠭᠡᠮ ᠠᠴᠠ ᠢᠯᠡ ᠪᠠᠷ ᠰᠠᠨᠠᠯ ᠬᠤᠷᠢᠶᠠᠵᠤ᠂ 2016 ᠣᠨ ᠤ 9 ᠳ᠋ᠦ᠋ᠭᠡᠷ ᠰᠠᠷ᠎ᠠ ᠳᠤ ᠲᠥᠷᠥ ᠶᠢᠨ ᠶᠠᠪᠤᠳᠠᠯ ᠤᠨ ᠬᠤᠷᠢᠶ᠎ᠠ ᠪᠠᠷ ᠬᠢᠨᠠᠨ ᠵᠥᠪᠯᠡᠭᠦᠯᠬᠦ ᠪᠠᠷ ᠮᠡᠳᠡᠭᠦᠯᠦᠨ ᠳᠡᠪᠰᠢᠭᠦᠯᠪᠡ᠃ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠤᠤᠯ ᠤᠨ ᠬᠠᠤᠯᠢ ᠳᠦᠷᠢᠮ ᠤᠨ ᠠᠯᠪᠠᠨ ᠭᠡᠷ ᠤᠨ ᠬᠢᠨ ᠬᠢᠨᠠᠭᠤᠯᠬᠤ ᠨᠣᠣᠷᠠᠭ ᠢ ᠲᠣᠰᠣᠭᠰᠠᠨ ᠤ ᠳᠠᠷᠠᠭ᠎ᠠ᠂ ᠲᠥᠪ ᠤᠨ ᠬᠤᠯᠪᠣᠭᠳᠠᠯ ᠪᠦᠬᠦᠢ ᠨᠢᠭᠡᠴᠢ᠂ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠪᠠ ᠬᠡᠰᠡᠭ ᠠᠵᠢᠯ ᠲᠥᠷᠥᠯ ᠤᠨ ᠨᠡᠶᠢᠭᠡᠮᠯᠢᠭ ᠤᠨ ᠰᠠᠨᠠᠯ ᠢ ᠤᠷᠢᠳ ᠬᠤᠵᠢᠳ ᠬᠤᠶᠠᠷ ᠤᠳᠠᠭ᠎ᠠ ᠬᠤᠷᠢᠶᠠᠨ᠂ ᠣᠷᠣᠨ ᠨᠤᠲᠤᠭ ᠲᠤ ᠣᠴᠢᠵᠤ ᠪᠠᠶᠢᠴᠠᠭᠠᠨ ᠰᠤᠳᠤᠯᠤᠯᠲᠠ ᠬᠢᠵᠦ᠂ ᠠᠵᠤ ᠠᠬᠤᠶᠢᠯᠠᠯ ᠤᠨ ᠰᠠᠭᠤᠳᠠᠯ ᠤᠨ ᠬᠤᠷᠠᠯ ᠪᠠ ᠲᠤᠰᠬᠠᠢ ᠮᠡᠷᠭᠡᠵᠢᠯᠲᠡᠳ ᠤᠨ ᠨᠤᠲᠠᠯᠠᠯᠲᠠ ᠶᠢᠨ ᠬᠤᠷᠠᠯ ᠢ ᠬᠤᠷᠠᠯᠳᠤᠭᠤᠯᠵᠤ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ ᠲᠠᠢ ᠬᠠᠮᠲᠤᠷᠠᠨ ᠬᠢᠨᠠᠭᠤᠯᠬᠤ ᠨᠣᠣᠷᠠᠭ ᠢ ᠳᠠᠬᠢᠨ ᠳᠠᠪᠲᠠᠨ ᠰᠤᠳᠤᠯᠵᠤ ᠵᠠᠰᠠᠪᠤᠷᠢ ᠣᠷᠣᠭᠤᠯᠤᠨ᠂ ︽ᠳᠦᠷᠢᠮ︾ ᠤᠨ ᠡᠬᠡ ᠲᠥᠰᠥᠯ ᠢ ᠪᠦᠷᠢᠯᠳᠦᠭᠦᠯᠵᠡᠢ᠃ 2018 ᠣᠨ ᠤ ᠪᠦᠬᠦ ᠤᠯᠤᠰ ᠤᠨ ︽ᠬᠤᠶᠠᠷ ᠬᠤᠷᠠᠯ︾ ᠤᠨ ᠳᠠᠷᠠᠭ᠎ᠠ᠂ ᠬᠠᠤᠯᠢ ᠴᠠᠭᠠᠵᠠ ᠶᠢᠨ ᠶᠠᠮᠤᠨ ᠠᠴᠠ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ ᠲᠠᠢ ᠬᠠᠮᠲᠤᠷᠠᠵᠤ᠂ ︽ᠳᠦᠷᠢᠮ︾ ᠤᠨ ᠡᠬᠡ ᠲᠥᠰᠥᠯ ᠳᠤ ᠤᠯᠠᠮ ᠨᠢᠭᠡ ᠠᠯᠬᠤᠮ ᠵᠠᠰᠠᠪᠤᠷᠢ ᠣᠷᠣᠭᠤᠯᠵᠤ ᠲᠡᠭᠦᠯᠳᠡᠷᠵᠢᠭᠦᠯᠪᠡ᠃ 2018 ᠣᠨ ᠤ 5 ᠳ᠋ᠤᠭᠠᠷ ᠰᠠᠷ᠎ᠠ ᠶᠢᠨ 2 ᠤᠨ ᠡᠳᠦᠷ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠪᠠᠶᠢᠩᠭᠤ ᠶᠢᠨ ᠬᠤᠷᠠᠯ ᠠᠴᠠ ︽ᠳᠦᠷᠢᠮ︾ ᠤᠨ ᠡᠬᠡ ᠲᠥᠰᠥᠯ ᠢ ᠬᠢᠨᠠᠨ ᠪᠠᠲᠤᠯᠠᠵᠤ᠂ 2018 ᠣᠨ ᠤ 6 ᠳ᠋ᠤᠭᠠᠷ ᠰᠠᠷ᠎ᠠ ᠶᠢᠨ 29 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶ᠎ᠠ ︽ᠳᠦᠷᠢᠮ︾ ᠢ ᠨᠡᠶᠢᠲᠡᠯᠡᠵᠡᠢ᠃      ᠬᠤᠶᠠᠷ᠂ ︽ᠳᠦᠷᠢᠮ︾ ᠢ ᠲᠣᠭᠲᠠᠭᠠᠭᠰᠠᠨ ᠶᠡᠷᠦᠩᠬᠡᠢ ᠰᠡᠳᠬᠢᠮᠵᠢ ᠨᠢ ᠶᠠᠭᠤ ᠪᠣᠢ︖      ᠬᠠᠷᠢᠭᠤᠯᠲᠠ᠄ ︽ᠳᠦᠷᠢᠮ︾ ᠢ ᠲᠣᠭᠲᠠᠭᠠᠭᠰᠠᠨ ᠰᠡᠳᠬᠢᠮᠵᠢ ᠶᠢᠨ ᠲᠠᠯ᠎ᠠ ᠪᠠᠷ ᠭᠤᠣᠯᠳᠠᠭᠤ ᠳᠣᠣᠷᠠᠬᠢ ᠳᠥᠷᠪᠡᠨ ᠲᠠᠯ᠎ᠠ ᠶᠢ ᠡᠵᠡᠮᠳᠡᠪᠡ᠃ ᠨᠢᠭᠡ ᠳᠤ᠂ ᠬᠥᠮᠥᠨ ᠤ ᠬᠦᠴᠦᠨ ᠤ ᠡᠬᠢ ᠪᠠᠶᠠᠯᠢᠭ ᠤᠨ ᠲᠣᠬᠢᠷᠠᠭᠤᠯᠤᠯᠲᠠ ᠳᠤᠮᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠭᠴᠢ ᠴᠢᠨᠠᠷᠲᠠᠢ ᠦᠢᠯᠡᠳᠦᠯ ᠢ ᠭᠦᠢᠴᠡᠳ ᠪᠠᠳᠠᠷᠠᠭᠤᠯᠤᠨ᠂ ᠨᠢᠭᠡᠳᠦᠯᠲᠡᠢ ᠪᠠᠷ ᠨᠡᠭᠡᠭᠡᠯᠲᠡ ᠬᠢᠭᠰᠡᠨ᠂ ᠥᠷᠢᠰᠦᠯᠳᠦᠭᠡᠨ ᠨᠢ ᠡᠮᠬᠢ ᠵᠢᠷᠤᠮ ᠲᠠᠢ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠢ ᠪᠠᠶᠢᠭᠤᠯᠬᠤ ᠱᠠᠭᠠᠷᠳᠠᠯᠭ᠎ᠠ ᠶᠣᠰᠣᠭᠠᠷ᠂ ᠴᠢᠳᠠᠪᠤᠷᠢᠲᠠᠨ ᠤ ᠵᠠᠬ᠎ᠠ  ᠳᠡᠯᠭᠡᠭᠦᠷ ᠬᠢᠭᠡᠳ ᠬᠥᠳᠡᠯᠮᠦᠷᠢ  ᠬᠦᠴᠦᠨ ᠤ ᠵᠠᠬ᠎ᠠ ᠳᠡᠯᠭᠡᠭᠦᠷ  ᠢ ᠡᠮᠬᠢᠯᠡᠨ ᠨᠡᠶᠢᠯᠡᠭᠦᠯᠬᠦ  ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠲᠤᠳᠬᠠᠵᠤ᠂ ᠬᠥᠮᠥᠨ ᠤ ᠬᠦᠴᠦᠨ ᠤ ᠡᠬᠢ ᠪᠠᠶᠠᠯᠢᠭ ᠤᠨ ᠣᠯᠠᠨ ᠨᠡᠶᠢᠲᠡ ᠶᠢᠨ ᠦᠢᠯᠡᠴᠢᠯᠡᠭᠡ ᠶᠢᠨ ᠪᠠᠶᠢᠭᠤᠯᠤᠮᠵᠢ ᠪᠠ ᠬᠥᠮᠥᠨ ᠤ ᠬᠦᠴᠦᠨ ᠤ ᠡᠬᠢ ᠪᠠᠶᠠᠯᠢᠭ ᠤᠨ ᠡᠵᠡᠩᠨᠡᠯᠲᠡ ᠶᠢᠨ ᠴᠢᠨᠠᠷᠲᠠᠢ ᠦᠢᠯᠡᠴᠢᠯᠡᠭᠡ ᠶᠢᠨ ᠪᠠᠶᠢᠭᠤᠯᠤᠮᠵᠢ ᠳᠤ ᠨᠢᠭᠡᠳᠦᠯᠲᠡᠢ ᠵᠢᠷᠤᠮᠵᠢᠯ ᠬᠢᠵᠡᠢ︔ ᠬᠤᠶᠠᠷ ᠲᠤ᠂ ᠵᠠᠰᠠᠭ ᠤᠨ ᠣᠷᠳᠣᠨ ᠤ ᠦᠢᠯᠡᠳᠦᠯ ᠢ ᠨᠡᠩ ᠰᠠᠶᠢᠨ ᠪᠠᠳᠠᠷᠠᠭᠤᠯᠤᠨ᠂ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠢ ᠪᠣᠶᠢᠵᠢᠭᠤᠯᠬᠤ ᠲᠠᠯ᠎ᠠ ᠳᠠᠬᠢ ᠵᠠᠰᠠᠭ ᠤᠨ ᠣᠷᠳᠣᠨ ᠤ ᠡᠭᠦᠷᠭᠡ ᠬᠠᠷᠢᠭᠤᠴᠠᠯᠭ᠎ᠠ ᠶᠢ ᠴᠢᠩᠭᠠᠷᠠᠭᠤᠯᠵᠤ᠂ ᠵᠠᠬ᠎ᠠ ᠳᠡᠯᠭᠡᠭᠦᠷ ᠤᠨ ᠠᠵᠢᠯᠯᠠᠭ᠎ᠠ ᠶᠢᠨ ᠵᠢᠷᠤᠮᠵᠢᠯ ᠢ ᠲᠣᠳᠣᠷᠬᠠᠶᠢᠯᠠᠵᠤ᠂ ᠮᠡᠳᠡᠭᠡ ᠵᠠᠩᠭᠢ ᠵᠠᠷᠯᠠᠨ ᠨᠡᠶᠢᠲᠡᠯᠡᠬᠦ᠂ ᠲᠠᠰᠢᠷᠠᠮ ᠢᠶᠠᠷ ᠰᠤᠭᠤᠴᠢᠨ ᠪᠠᠶᠢᠴᠠᠭᠠᠬᠤ᠂ ᠤᠯᠤᠰ ᠤᠨ ᠪᠠᠷᠢᠮᠵᠢᠶ᠎ᠠ᠂ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠵᠡᠷᠭᠡ ᠬᠢᠨᠠᠨ ᠬᠠᠮᠢᠶᠠᠷᠬᠤ ᠠᠷᠭ᠎ᠠ ᠠᠪᠴᠢᠯ ᠢ ᠶᠡᠷᠦᠩᠬᠡᠶᠢᠯᠡᠨ ᠬᠡᠷᠡᠭᠯᠡᠵᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠬᠢᠭᠡᠳ ᠡᠮᠬᠢ ᠵᠢᠷᠤᠮ ᠢ ᠪᠠᠲᠤᠯᠠᠪᠠ︔ ᠭᠤᠷᠪᠠ ᠳᠤ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠠᠵᠢᠯ ᠣᠯᠭᠤᠯᠲᠠ ᠶᠢ ᠠᠬᠢᠭᠤᠯᠬᠤ ᠬᠠᠤᠯᠢ ᠶᠢᠨ ᠲᠣᠭᠲᠠᠭᠠᠯ ᠶᠣᠰᠣᠭᠠᠷ᠂ ᠠᠵᠢᠯ ᠮᠡᠷᠭᠡᠵᠢᠯ ᠤᠨ ᠵᠠᠭᠤᠴᠢᠯᠠᠭᠤᠷ ᠤᠨ ᠠᠵᠢᠯᠯᠠᠭ᠎ᠠ ᠶᠢ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠪᠣᠯᠭᠠᠨ ᠲᠣᠳᠣᠷᠬᠠᠢ ᠵᠠᠭᠠᠭᠯᠠᠨ ᠲᠣᠭᠲᠠᠭᠠᠵᠤ᠂ ᠬᠥᠮᠥᠨ ᠤ ᠬᠦᠴᠦᠨ ᠤ ᠡᠬᠢ ᠪᠠᠶᠠᠯᠢᠭ ᠤᠨ ᠪᠤᠰᠤᠳ ᠦᠢᠯᠡᠴᠢᠯᠡᠭᠡ ᠶᠢᠨ ᠲᠥᠷᠥᠯ ᠵᠦᠢᠯ ᠳᠤ ᠪᠦᠷᠢᠳᠬᠡᠨ ᠳᠠᠩᠰᠠᠯᠠᠬᠤ ᠬᠠᠮᠢᠶᠠᠷᠤᠯᠲᠠ ᠶᠢ ᠬᠡᠷᠡᠭᠵᠢᠭᠦᠯᠪᠡ︔ ᠳᠥᠷᠪᠡ ᠳᠤ᠂ ᠠᠵᠢᠯ ᠣᠯᠭᠤᠯᠲᠠ ᠶᠢ ᠠᠬᠢᠭᠤᠯᠬᠤ ᠬᠠᠤᠯᠢ ᠵᠢᠴᠢ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠲᠣᠭᠲᠠᠭᠠᠯ ᠢ ᠨᠠᠷᠢᠯᠢᠭᠵᠢᠭᠤᠯᠤᠨ᠂ ᠳᠦᠷᠢᠮ ᠤᠨ ᠬᠡᠷᠡᠭᠵᠢᠭᠦᠯᠦᠬᠦᠶᠢᠴᠡ ᠴᠢᠨᠠᠷ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠳᠡᠭᠡᠷ᠎ᠡ ᠶᠠᠷᠢᠭᠰᠠᠨ ᠬᠠᠤᠯᠢ ᠳᠤ ᠨᠢᠭᠡᠨᠲᠡ ᠲᠣᠭᠲᠠᠭᠠᠭᠰᠠᠨ ᠠᠭᠤᠯᠭ᠎ᠠ ᠶᠢ ︽ᠳᠦᠷᠢᠮ︾ ᠳᠤ ᠳᠠᠬᠢᠨ ᠲᠣᠭᠲᠠᠭᠠᠬᠤ ᠦᠭᠡᠢ᠃      ᠭᠤᠷᠪᠠ᠂ ︽ᠳᠦᠷᠢᠮ︾ ᠨᠢ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠢ ᠪᠣᠶᠢᠵᠢᠭᠤᠯᠬᠤ ᠲᠠᠯ᠎ᠠ ᠳᠠᠬᠢ ᠵᠠᠰᠠᠭ ᠤᠨ ᠣᠷᠳᠣᠨ ᠤ ᠡᠭᠦᠷᠭᠡ ᠬᠠᠷᠢᠭᠤᠴᠠᠯᠭ᠎ᠠ ᠶᠢ ᠴᠢᠩᠭᠠᠷᠠᠭᠤᠯᠬᠤ ᠲᠤᠬᠠᠢ ᠶᠠᠮᠠᠷ ᠶᠠᠮᠠᠷ ᠲᠣᠭᠲᠠᠭᠠᠯ ᠭᠠᠷᠭᠠᠭᠰᠠᠨ ᠪᠣᠢ︖      ᠬᠠᠷᠢᠭᠤᠯᠲᠠ᠄ ᠵᠠᠰᠠᠭ ᠤᠨ ᠣᠷᠳᠣᠨ ᠤ ᠦᠢᠯᠡᠳᠦᠯ ᠢ ᠨᠡᠩ ᠰᠠᠶᠢᠨ ᠪᠠᠳᠠᠷᠠᠭᠤᠯᠵᠤ᠂ ᠬᠥᠮᠥᠨ ᠤ ᠬᠦᠴᠦᠨ ᠤ ᠡᠬᠢ ᠪᠠᠶᠠᠯᠢᠭ ᠤᠨ ᠵᠦᠢ ᠵᠣᠬᠢᠰᠲᠠᠢ ᠰᠢᠯᠵᠢᠯᠲᠡ ᠶᠢ ᠠᠬᠢᠭᠤᠯᠬᠤ ᠶᠢᠨ ᠲᠥᠯᠥᠭᠡ᠂ ︽ᠳᠦᠷᠢᠮ︾ ᠳᠤ ᠳᠣᠣᠷᠠᠬᠢ ᠮᠡᠲᠦ ᠲᠣᠭᠲᠠᠭᠠᠪᠠ᠃ ᠨᠢᠭᠡ ᠳᠤ᠂ ᠤᠯᠤᠰ ᠠᠴᠠ ᠵᠠᠰᠠᠭ ᠤᠨ ᠣᠷᠳᠣᠨ ᠬᠤᠷᠸ᠎ᠠ ᠲᠣᠬᠢᠷᠠᠭᠤᠯᠤᠯᠲᠠ ᠬᠢᠬᠦ᠂ ᠵᠠᠬ᠎ᠠ ᠳᠡᠯᠭᠡᠭᠦᠷ ᠡᠷᠬᠡ ᠲᠡᠭᠰᠢ ᠪᠠᠷ ᠥᠷᠢᠰᠦᠯᠳᠦᠬᠦ᠂ ᠨᠢᠭᠡᠴᠢ ᠠᠴᠠ ᠡᠵᠡᠨ ᠮᠡᠳᠡᠵᠦ ᠬᠥᠮᠥᠨ ᠬᠡᠷᠡᠭᠯᠡᠬᠦ᠂ ᠬᠤᠪᠢ ᠬᠥᠮᠥᠨ ᠪᠡᠶ᠎ᠡ ᠪᠠᠨ ᠳᠠᠭᠠᠭᠠᠵᠤ ᠠᠵᠢᠯ ᠰᠣᠩᠭᠤᠬᠤ᠂ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡ ᠶᠢᠨ ᠪᠠᠶᠢᠭᠤᠯᠤᠮᠵᠢ ᠠᠴᠠ ᠦᠨᠡᠨᠴᠢ ᠢᠲᠡᠭᠡᠮᠵᠢᠲᠡᠢ ᠦᠢᠯᠡᠴᠢᠯᠡᠬᠦ ᠬᠥᠮᠥᠨ ᠤ ᠬᠦᠴᠦᠨ ᠤ ᠡᠬᠢ ᠪᠠᠶᠠᠯᠢᠭ ᠤᠨ ᠰᠢᠯᠵᠢᠯᠲᠡ ᠶᠢ ᠲᠥᠬᠦᠷᠵᠢᠭᠦᠯᠬᠦ ᠲᠣᠭᠲᠠᠴᠠ ᠶᠢ ᠪᠠᠶᠢᠭᠤᠯᠪᠠ︔ ᠬᠤᠶᠠᠷ ᠲᠤ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠤᠨ᠂ ᠣᠷᠣᠨ ᠪᠦᠰᠡ᠂ ᠠᠵᠤ ᠦᠢᠯᠡᠰ᠂ ᠭᠠᠵᠠᠷ ᠰᠢᠷᠣᠢ ᠵᠡᠷᠭᠡ ᠶᠢᠨ ᠲᠥᠷᠥ ᠶᠢᠨ ᠪᠣᠳᠣᠯᠭ᠎ᠠ ᠶᠢ ᠬᠡᠷᠡᠭᠯᠡᠵᠦ᠂ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ ᠠᠬᠢᠭᠤᠯᠵᠤ᠂ ᠲᠤᠰᠬᠠᠢ ᠮᠡᠷᠭᠡᠵᠢᠯ ᠤᠨ ᠴᠢᠨᠠᠷ ᠲᠠᠢ᠂ ᠠᠵᠢᠯ ᠲᠥᠷᠥᠯ ᠤᠨ ᠴᠢᠨᠠᠷ ᠲᠠᠢ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠢ ᠬᠥᠭᠵᠢᠭᠦᠯᠦᠨ᠂ ᠥᠨᠳᠥᠷ ᠵᠡᠷᠭᠡ ᠳᠡᠰ ᠲᠠᠢ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡ ᠵᠡᠷᠭᠡ ᠬᠡᠯᠪᠡᠷᠢ ᠪᠠᠶᠢᠳᠠᠯ ᠤᠨ ᠬᠥᠭᠵᠢᠯᠲᠡ ᠶᠢ ᠤᠷᠮᠠᠰᠢᠭᠤᠯᠤᠨ ᠵᠢᠷᠤᠮᠵᠢᠭᠤᠯᠵᠤ᠂ ᠬᠤᠲᠠ ᠬᠥᠳᠡᠭᠡ ᠪᠠ ᠡᠯ᠎ᠡ ᠠᠵᠢᠯ ᠲᠥᠷᠥᠯ ᠢ ᠬᠠᠮᠤᠷᠤᠭᠰᠠᠨ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠮᠡᠳᠡᠭᠡ ᠵᠠᠩᠭᠢ ᠶᠢᠨ ᠰᠢᠰᠲ᠋ᠧᠮᠵᠢ ᠶᠢ ᠪᠠᠶᠢᠭᠤᠯᠵᠤ᠂ ᠠᠵᠢᠯ ᠡᠷᠡᠮᠡᠯᠵᠡᠬᠦ ᠪᠠ ᠤᠷᠢᠵᠤ ᠬᠡᠷᠡᠭᠯᠡᠬᠦ ᠳᠤ ᠦᠢᠯᠡᠴᠢᠯᠡᠭᠡ ᠬᠠᠩᠭᠠᠪᠠ︔ ᠭᠤᠷᠪᠠ ᠳᠤ᠂ ᠪᠠᠶᠢᠭᠤᠯᠭ᠎ᠠ᠂ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠤᠭᠤᠷᠣᠨᠳᠤᠬᠢ ᠵᠢᠴᠢ ᠠᠳᠠᠯᠢ ᠪᠤᠰᠤ ᠭᠠᠵᠠᠷ ᠣᠷᠣᠨ ᠤ ᠬᠤᠭᠤᠷᠣᠨᠳᠤᠬᠢ ᠬᠥᠮᠥᠨ ᠤ ᠬᠦᠴᠦᠨ ᠤ ᠡᠬᠢ ᠪᠠᠶᠠᠯᠢᠭ ᠤᠨ ᠵᠦᠢ ᠵᠣᠬᠢᠰᠲᠠᠢ ᠰᠢᠯᠵᠢᠯᠲᠡ ᠶᠢ ᠬᠥᠲᠥᠯᠥᠨ ᠵᠢᠯᠣᠭᠤᠳᠬᠤ ᠪᠠ ᠠᠬᠢᠭᠤᠯᠵᠤ᠂ ᠶᠠᠮᠠᠷᠪᠠ ᠣᠷᠣᠨ ᠨᠤᠲᠤᠭ ᠪᠠ ᠪᠠᠶᠢᠭᠤᠯᠭ᠎ᠠ ᠶᠢᠨ ᠬᠢᠨ ᠤᠯᠤᠰ ᠤᠨ ᠲᠣᠭᠲᠠᠭᠠᠯ ᠠᠴᠠ ᠵᠥᠷᠢᠴᠡᠨ ᠰᠢᠯᠵᠢᠯᠲᠡ ᠶᠢ ᠬᠢᠵᠠᠭᠠᠷᠯᠠᠬᠤ ᠨᠥᠬᠦᠴᠡᠯ ᠲᠣᠬᠢᠷᠠᠭᠤᠯᠵᠤ ᠪᠣᠯᠬᠤ ᠦᠭᠡᠢ︔ ᠳᠥᠷᠪᠡ ᠳᠤ᠂ ᠬᠥᠮᠥᠨ ᠤ ᠬᠦᠴᠦᠨ ᠤ ᠡᠬᠢ ᠪᠠᠶᠠᠯᠢᠭ ᠤᠨ ᠡᠷᠬᠡ ᠲᠡᠭᠰᠢ ᠬᠠᠷᠢᠯᠴᠠᠨ ᠠᠰᠢᠭᠲᠠᠢ ᠳᠡᠯᠡᠬᠡᠢ ᠶᠢᠨ ᠬᠠᠮᠲᠤᠷᠠᠯᠴᠠᠭ᠎ᠠ ᠬᠢᠭᠡᠳ ᠰᠣᠯᠢᠯᠴᠠᠭ᠎ᠠ ᠶᠢ ᠥᠷᠨᠢᠭᠦᠯᠬᠦ ᠶᠢ ᠵᠣᠷᠢᠭᠵᠢᠭᠤᠯᠵᠤ᠂ ᠳᠡᠯᠡᠬᠡᠢ ᠶᠢᠨ ᠪᠠ ᠤᠯᠤᠰ ᠤᠨ ᠳᠣᠲᠣᠭᠠᠳᠤ ᠶᠢᠨ ᠬᠥᠮᠥᠨ ᠤ ᠬᠦᠴᠦᠨ ᠤ ᠡᠬᠢ ᠪᠠᠶᠠᠯᠢᠭ ᠢ ᠨᠡᠭᠡᠭᠡᠨ ᠬᠥᠭᠵᠢᠭᠦᠯᠵᠦ ᠠᠰᠢᠭᠯᠠᠵᠠᠢ᠃      ᠳᠥᠷᠪᠡ᠂ ︽ᠳᠦᠷᠢᠮ︾ ᠨᠢ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠭᠰᠠᠨ ᠲᠠᠯ᠎ᠠ ᠪᠠᠷ ᠶᠠᠮᠠᠷ ᠶᠠᠮᠠᠷ ᠭᠢᠯᠠᠰ ᠴᠡᠭ ᠪᠠᠶᠢᠬᠤ ᠪᠣᠢ︖      ᠬᠠᠷᠢᠭᠤᠯᠲᠠ᠄ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡ ᠶᠢᠨ ᠬᠦᠷᠢᠶ᠎ᠡ ᠴᠠᠷᠠᠭ᠎ᠠ ᠳᠠᠬᠢ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠪᠠᠭᠤᠯᠭᠠᠬᠤ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠶᠢ ᠭᠦᠨᠵᠡᠭᠡᠢ ᠠᠬᠢᠭᠤᠯᠬᠤ ᠶᠢᠨ ᠲᠥᠯᠥᠭᠡ᠂ ︽ᠳᠦᠷᠢᠮ︾ ᠳᠤ ᠳᠣᠣᠷᠠᠬᠢ ᠮᠡᠲᠦ ᠲᠣᠭᠲᠠᠭᠠᠪᠠ᠃ ᠨᠢᠭᠡ ᠳᠤ᠂ ᠬᠥᠮᠥᠨ ᠤ ᠬᠦᠴᠦᠨ ᠤ ᠡᠬᠢ ᠪᠠᠶᠠᠯᠢᠭ ᠤᠨ ᠣᠯᠠᠨ ᠨᠡᠶᠢᠲᠡ ᠶᠢᠨ ᠦᠢᠯᠡᠴᠢᠯᠡᠭᠡ ᠶᠢᠨ ᠪᠠᠶᠢᠭᠤᠯᠤᠮᠵᠢ ᠨᠢ ᠮᠡᠳᠡᠭᠡ ᠵᠠᠩᠭᠢ ᠨᠡᠶᠢᠲᠡᠯᠡᠬᠦ᠂ ᠠᠵᠢᠯ ᠮᠡᠷᠭᠡᠵᠢᠯ ᠢ ᠲᠠᠨᠢᠯᠴᠠᠭᠤᠯᠬᠤ᠂ ᠠᠵᠢᠯ ᠮᠡᠷᠭᠡᠵᠢᠯ ᠤᠨ ᠵᠢᠯᠣᠭᠤᠳᠤᠯᠭ᠎ᠠ ᠬᠢᠬᠦ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠠᠰᠠᠭᠤᠨ ᠯᠠᠪᠯᠠᠯᠲᠠ ᠬᠢᠬᠦ ᠵᠡᠷᠭᠡ ᠦᠢᠯᠡᠴᠢᠯᠡᠭᠡ ᠶᠢ ᠦᠨ᠎ᠡ ᠲᠥᠯᠥᠪᠦᠷᠢ ᠦᠭᠡᠢ ᠪᠠᠷ ᠬᠠᠩᠭᠠᠬᠤ ᠬᠡᠷᠡᠭᠲᠡᠢ︔ ᠬᠤᠶᠠᠷ ᠲᠤ᠂ ᠬᠥᠮᠥᠨ ᠤ ᠬᠦᠴᠦᠨ ᠤ ᠡᠬᠢ ᠪᠠᠶᠠᠯᠢᠭ ᠤᠨ ᠡᠵᠡᠩᠨᠡᠯᠲᠡ ᠶᠢᠨ ᠴᠢᠨᠠᠷᠲᠠᠢ ᠦᠢᠯᠡᠴᠢᠯᠡᠭᠡ ᠶᠢᠨ ᠪᠠᠶᠢᠭᠤᠯᠤᠮᠵᠢ ᠳᠤ ᠲᠡᠭᠦᠨ ᠤ ᠡᠷᠬᠢᠯᠡᠵᠦ ᠪᠠᠶᠢᠭ᠎ᠠ ᠲᠤᠬᠠᠶᠢᠯᠠᠭᠰᠠᠨ ᠠᠵᠢᠯ ᠢ ᠨᠢ ᠦᠨᠳᠦᠰᠦᠯᠡᠵᠦ ᠠᠳᠠᠯᠢ ᠪᠤᠰᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠲᠣᠭᠲᠠᠭᠠᠪᠠ  ᠄ ᠲᠤᠬᠠᠶᠢᠯᠠᠪᠠᠯ ᠠᠵᠢᠯ  ᠮᠡᠷᠭᠡᠵᠢᠯ ᠤᠨ ᠵᠠᠭᠤᠴᠢᠯᠠᠭᠤᠷ  ᠤᠨ ᠠᠵᠢᠯᠯᠠᠭ᠎ᠠ ᠡᠷᠬᠢᠯᠡᠵᠦ ᠪᠠᠶᠢᠪᠠᠯ᠂ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡ ᠬᠢᠬᠦ ᠵᠥᠪᠰᠢᠶᠡᠷᠡᠯ ᠤᠨ ᠦᠨᠡᠮᠯᠡᠯ ᠠᠪᠬᠤ ᠬᠡᠷᠡᠭᠲᠡᠢ  ︔ ᠮᠡᠳᠡᠭᠡ ᠵᠠᠩᠭᠢ ᠴᠤᠭᠯᠠᠭᠤᠯᠬᠤ  ᠪᠠ ᠨᠡᠶᠢᠲᠡᠯᠡᠬᠦ  ᠂ ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ  ᠳᠤ ᠵᠢᠯᠣᠭᠤᠳᠤᠯᠭ᠎ᠠ ᠬᠢᠬᠦ᠂ ᠬᠥᠮᠥᠨ ᠤ ᠬᠦᠴᠦᠨ ᠤ ᠡᠬᠢ ᠪᠠᠶᠠᠯᠢᠭ ᠤᠨ ᠬᠠᠮᠢᠶᠠᠷᠤᠯᠲᠠ ᠪᠠ ᠠᠰᠠᠭᠤᠯᠲᠠ ᠯᠠᠪᠯᠠᠯᠲᠠ ᠬᠢᠬᠦ᠂ ᠬᠥᠮᠥᠨ ᠤ ᠬᠦᠴᠦᠨ ᠤ ᠡᠬᠢ ᠪᠠᠶᠠᠯᠢᠭ ᠢ ᠰᠢᠨᠵᠢᠨ ᠦᠨᠡᠯᠡᠬᠦ᠂ ᠬᠥᠮᠥᠨ ᠤ ᠬᠦᠴᠦᠨ ᠤ ᠡᠬᠢ ᠪᠠᠶᠠᠯᠢᠭ ᠤᠨ ᠪᠣᠯᠪᠠᠰᠤᠷᠠᠭᠤᠯᠤᠯ ᠬᠢᠬᠦ᠂ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠬᠤ ᠶᠢ ᠳᠠᠭᠠᠭᠠᠨ ᠵᠠᠯᠭᠠᠭᠤᠯᠬᠤ ᠵᠡᠷᠭᠡ ᠦᠢᠯᠡᠴᠢᠯᠡᠭᠡ ᠬᠢᠵᠦ ᠪᠠᠶᠢᠪᠠᠯ᠂ ᠵᠥᠪᠬᠡᠨ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠪᠦᠷᠢᠳᠬᠡᠨ ᠳᠠᠩᠰᠠᠯᠠᠭᠤᠯᠪᠠᠯ ᠪᠣᠯᠴᠢᠬᠠᠨ᠎ᠠ︔ ᠭᠤᠷᠪᠠ ᠳᠤ᠂ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡ ᠶᠢᠨ ᠡᠵᠡᠩᠨᠡᠯᠲᠡ ᠶᠢᠨ ᠴᠢᠨᠠᠷᠲᠠᠢ ᠪᠠᠶᠢᠭᠤᠯᠤᠮᠵᠢ ᠨᠢ ᠰᠠᠯᠪᠤᠷᠢ ᠬᠤᠪᠢᠶᠠᠷᠢ ᠪᠠᠶᠢᠭᠤᠯᠤᠮᠵᠢ ᠲᠣᠬᠢᠷᠠᠭᠤᠯᠵᠤ᠂ ᠨᠡᠷᠡᠶᠢᠳᠦᠯ᠂ ᠣᠷᠣᠨ ᠰᠠᠭᠤᠴᠠ᠂ ᠬᠠᠤᠯᠢ ᠪᠠᠷ ᠲᠣᠭᠲᠠᠭᠠᠭᠰᠠᠨ ᠲᠥᠯᠥᠭᠡᠨ ᠤ ᠬᠥᠮᠥᠨ ᠢᠶᠠᠨ ᠬᠤᠪᠢᠷᠠᠭᠤᠯᠬᠤ ᠪᠤᠶᠤ ᠡᠵᠡᠩᠨᠡᠯᠲᠡ ᠶᠢᠨ ᠠᠵᠢᠯᠯᠠᠭ᠎ᠠ ᠪᠠᠨ ᠵᠣᠭᠰᠣᠭᠠᠬᠤ ᠳᠤ ᠬᠦᠷᠪᠡᠯ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠪᠢᠴᠢᠭ ᠢᠶᠠᠷ ᠮᠡᠳᠡᠭᠦᠯᠬᠦ ᠬᠡᠷᠡᠭᠲᠡᠢ︔ ᠳᠥᠷᠪᠡ ᠳᠤ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠢᠨ ᠬᠥᠮᠥᠨ ᠤ ᠬᠦᠴᠦᠨ ᠤ ᠡᠬᠢ ᠪᠠᠶᠠᠯᠢᠭ ᠤᠨ ᠡᠵᠡᠩᠨᠡᠯᠲᠡ ᠶᠢᠨ ᠴᠢᠨᠠᠷᠲᠠᠢ ᠦᠢᠯᠡᠴᠢᠯᠡᠭᠡ ᠶᠢᠨ ᠪᠠᠶᠢᠭᠤᠯᠤᠮᠵᠢ ᠶᠢᠨ ᠠᠵᠢᠯ ᠮᠡᠷᠭᠡᠵᠢᠯ ᠤᠨ ᠵᠠᠭᠤᠴᠢᠯᠠᠭᠤᠷ ᠤᠨ ᠠᠵᠢᠯᠯᠠᠭ᠎ᠠ ᠡᠷᠬᠢᠯᠡᠬᠦ ᠭᠤᠶᠤᠴᠢᠯᠠᠯ ᠢ ᠲᠣᠰᠣᠭᠰᠠᠨ ᠡᠳᠦᠷ ᠠᠴᠠ ᠡᠬᠢᠯᠡᠨ 20 ᠡᠳᠦᠷ ᠤᠨ ᠳᠣᠲᠣᠷ᠎ᠠ ᠬᠠᠤᠯᠢ ᠶᠣᠰᠣᠭᠠᠷ ᠵᠠᠰᠠᠭ ᠵᠠᠬᠢᠷᠭᠠᠨ ᠤ ᠵᠥᠪᠰᠢᠶᠡᠷᠡᠯ ᠤᠨ ᠲᠣᠭᠲᠠᠭᠠᠯ ᠭᠠᠷᠭᠠᠬᠤ ᠶᠢᠨ ᠬᠠᠮᠲᠤ ᠵᠠᠰᠠᠭ ᠵᠠᠬᠢᠷᠭᠠᠨ ᠤ ᠵᠥᠪᠰᠢᠶᠡᠷᠡᠯ ᠣᠯᠣᠭᠰᠠᠨ ᠪᠤᠶᠤ ᠪᠦᠷᠢᠳᠬᠡᠨ ᠳᠠᠩᠰᠠᠯᠠᠭᠤᠯᠤᠭᠰᠠᠨ ᠬᠥᠮᠥᠨ ᠤ ᠬᠦᠴᠦᠨ ᠤ ᠡᠬᠢ ᠪᠠᠶᠠᠯᠢᠭ ᠤᠨ ᠡᠵᠡᠩᠨᠡᠯᠲᠡ ᠶᠢᠨ ᠴᠢᠨᠠᠷᠲᠠᠢ ᠦᠢᠯᠡᠴᠢᠯᠡᠭᠡ ᠶᠢᠨ ᠪᠠᠶᠢᠭᠤᠯᠤᠮᠵᠢ ᠶᠢᠨ ᠨᠡᠷᠡᠰ ᠵᠢᠴᠢ ᠬᠤᠪᠢᠷᠠᠭᠤᠯᠤᠭᠰᠠᠨ᠂ ᠤᠷᠲᠤᠳᠬᠠᠭᠰᠠᠨ ᠵᠡᠷᠭᠡ ᠪᠠᠶᠢᠳᠠᠯ ᠢ ᠴᠠᠭ ᠲᠤᠬᠠᠢ ᠳᠤ ᠨᠢ ᠨᠡᠶᠢᠭᠡᠮ ᠳᠤ ᠵᠠᠷᠯᠠᠨ ᠨᠡᠶᠢᠲᠡᠯᠡᠬᠦ ᠬᠡᠷᠡᠭᠲᠡᠢ᠃      ᠲᠠᠪᠤ᠂  ︽ᠳᠦᠷᠢᠮ︾ ᠨᠢ ᠬᠥᠮᠥᠨ ᠤ ᠬᠦᠴᠦᠨ ᠤ ᠡᠬᠢ ᠪᠠᠶᠠᠯᠢᠭ ᠤᠨ  ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠡᠷᠬᠡ ᠡᠭᠦᠷᠭᠡ ᠪᠠ ᠠᠵᠢᠯᠯᠠᠭ᠎ᠠ  ᠶᠢᠨ ᠱᠠᠭᠠᠷᠳᠠᠯᠭ᠎ᠠ ᠳᠤ  ᠶᠠᠮᠠᠷ  ᠶᠠᠮᠠᠷ ᠲᠣᠭᠲᠠᠭᠠᠯ ᠭᠠᠷᠭᠠᠭᠰᠠᠨ ᠪᠣᠢ︖      ᠬᠠᠷᠢᠭᠤᠯᠲᠠ᠄ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠦᠨᠡᠨᠴᠢ ᠢᠲᠡᠭᠡᠮᠵᠢᠲᠡᠢ ᠪᠥᠭᠡᠳ ᠬᠠᠤᠯᠢ ᠴᠠᠭᠠᠵᠠ ᠶᠢ ᠵᠢᠷᠤᠮᠯᠠᠨ ᠰᠠᠬᠢᠬᠤ ᠶᠢ ᠠᠬᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠥᠯᠥᠭᠡ᠂ ︽ᠳᠦᠷᠢᠮ︾ ᠳᠤ ᠳᠣᠣᠷᠠᠬᠢ ᠮᠡᠲᠦ ᠲᠣᠭᠲᠠᠭᠠᠪᠠ᠃ ᠨᠢᠭᠡ ᠳᠤ᠂ ᠬᠤᠪᠢ ᠬᠥᠮᠥᠨ ᠦᠨᠡᠨᠴᠢ ᠪᠠᠷ ᠠᠵᠢᠯ ᠡᠷᠡᠮᠡᠯᠵᠡᠨ᠂ ᠬᠥᠮᠥᠨ ᠬᠡᠷᠡᠭᠯᠡᠬᠦ ᠨᠢᠭᠡᠴᠢ ᠠᠴᠠ ᠤᠷᠢᠨ ᠬᠡᠷᠡᠭᠯᠡᠬᠦ ᠮᠡᠳᠡᠭᠡ ᠵᠠᠩᠭᠢ ᠪᠠᠨ ᠬᠠᠤᠯᠢ ᠶᠣᠰᠣᠭᠠᠷ ᠦᠨᠡᠨ ᠪᠣᠳᠠᠲᠠᠢ ᠪᠠᠷ ᠨᠡᠶᠢᠲᠡᠯᠡᠬᠦ ᠪᠤᠶᠤ ᠬᠠᠩᠭᠠᠵᠤ᠂ ᠬᠥᠳᠡᠯᠮᠦᠷᠢᠯᠡᠭᠴᠢ ᠲᠠᠢ ᠬᠠᠤᠯᠢ ᠶᠣᠰᠣᠭᠠᠷ ᠬᠥᠳᠡᠯᠮᠦᠷᠢ ᠶᠢᠨ ᠭᠡᠷ᠎ᠡ ᠲᠣᠭᠲᠠᠭᠠᠬᠤ ᠶᠢᠨ ᠬᠠᠮᠲᠤ ᠨᠡᠶᠢᠭᠡᠮ ᠤᠨ ᠳᠠᠭᠠᠳᠬᠠᠯ ᠵᠡᠷᠭᠡ ᠬᠠᠮᠢᠶ᠎ᠠ ᠪᠦᠬᠦᠢ ᠭᠠᠷᠳᠠᠮ ᠢ ᠲᠣᠭᠲᠠᠭᠠᠯ ᠶᠣᠰᠣᠭᠠᠷ ᠭᠦᠢᠴᠡᠳᠬᠡᠵᠦ᠂ ᠬᠥᠮᠥᠨ ᠤ ᠬᠦᠴᠦᠨ ᠤ ᠡᠬᠢ ᠪᠠᠶᠠᠯᠢᠭ ᠢ ᠬᠠᠤᠯᠢ ᠶᠣᠰᠣᠭᠠᠷ ᠰᠢᠯᠵᠢᠭᠦᠯᠬᠦ ᠬᠡᠷᠡᠭᠲᠡᠢ︔ ᠬᠤᠶᠠᠷ ᠲᠤ᠂ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡ ᠶᠢᠨ ᠪᠠᠶᠢᠭᠤᠯᠤᠮᠵᠢ ᠠᠴᠠ ᠨᠠᠶᠢᠳᠠᠯᠭ᠎ᠠ ᠶᠢ ᠬᠦᠯᠢᠶᠡᠨ ᠠᠪᠴᠤ ᠠᠵᠢᠯᠲᠠᠨ ᠡᠯᠰᠡᠨ ᠤᠷᠢᠬᠤ ᠪᠤᠶᠤ ᠬᠥᠮᠥᠨ ᠤ ᠬᠦᠴᠦᠨ ᠤ ᠡᠬᠢ ᠪᠠᠶᠠᠯᠢᠭ ᠤᠨ ᠪᠤᠰᠤᠳ ᠦᠢᠯᠡᠴᠢᠯᠡᠭᠡ ᠥᠷᠨᠢᠭᠦᠯᠬᠦ ᠳᠤ᠂ ᠬᠠᠭᠤᠷᠤᠨ ᠮᠡᠬᠡᠯᠡᠬᠦ᠂ ᠬᠦᠴᠦᠷᠬᠡᠭᠯᠡᠬᠦ᠂ ᠰᠦᠷᠳᠡᠭᠦᠯᠦᠨ ᠰᠢᠬᠠᠮᠳᠠᠭᠤᠯᠬᠤ ᠪᠤᠶᠤ ᠪᠤᠰᠤᠳ ᠵᠦᠢ ᠪᠤᠰᠤ ᠠᠷᠭ᠎ᠠ ᠠᠪᠴᠢᠯ ᠢ ᠬᠡᠷᠡᠭᠯᠡᠵᠦ ᠪᠣᠯᠬᠤ ᠦᠭᠡᠢ᠂ ᠨᠢᠭᠡᠴᠢ ᠪᠤᠶᠤ ᠬᠤᠪᠢ ᠬᠥᠮᠥᠨ ᠳᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠡᠷᠬᠢᠯᠡᠭᠦᠯᠬᠦ ᠪᠠᠷ ᠲᠠᠨᠢᠯᠴᠠᠭᠤᠯᠵᠤ ᠪᠣᠯᠬᠤ ᠦᠭᠡᠢ︔ ᠭᠤᠷᠪᠠ ᠳᠤ᠂ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡ ᠶᠢᠨ ᠪᠠᠶᠢᠭᠤᠯᠤᠮᠵᠢ ᠨᠢ ᠲᠤᠬᠠᠢ ᠶᠢᠨ ᠲᠠᠯᠠᠪᠤᠷ ᠤᠨ ᠤᠷᠢᠨ ᠬᠡᠷᠡᠭᠯᠡᠬᠦ ᠬᠤᠷᠠᠯ ᠢ ᠡᠷᠬᠢᠯᠡᠬᠦ᠂ ᠬᠥᠮᠥᠨ ᠤ ᠬᠦᠴᠦᠨ ᠤ ᠡᠬᠢ ᠪᠠᠶᠠᠯᠢᠭ ᠤᠨ ᠬᠠᠩᠭᠠᠯᠭ᠎ᠠ ᠬᠡᠷᠡᠭᠴᠡᠭᠡ ᠶᠢᠨ ᠮᠡᠳᠡᠭᠡ ᠵᠠᠩᠭᠢ ᠶᠢ ᠴᠤᠭᠯᠠᠭᠤᠯᠬᠤ ᠪᠠ ᠨᠡᠶᠢᠲᠡᠯᠡᠬᠦ᠂ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡ ᠬᠠᠩᠭᠠᠬᠤ ᠶᠢ ᠭᠠᠳᠠᠭᠰᠢ ᠳᠠᠭᠠᠭᠠᠴᠢᠯᠠᠭᠤᠯᠬᠤ᠂ ᠢᠨᠲ᠋ᠧᠷ ᠰᠦᠯᠵᠢᠶ᠎ᠡ ᠪᠠᠷ ᠳᠠᠮᠵᠢᠨ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡ ᠬᠠᠩᠭᠠᠬᠤ ᠳᠤ ᠲᠣᠬᠢᠷᠠᠯᠴᠠᠭᠰᠠᠨ ᠠᠵᠢᠯᠯᠠᠭ᠎ᠠ ᠶᠢᠨ ᠵᠢᠷᠤᠮᠵᠢᠯ ᠢ ᠵᠢᠷᠤᠮᠯᠠᠨ ᠰᠠᠬᠢᠬᠤ ᠬᠡᠷᠡᠭᠲᠡᠢ︔ ᠳᠥᠷᠪᠡ ᠳᠤ᠂ ᠬᠥᠮᠥᠨ ᠤ ᠬᠦᠴᠦᠨ ᠤ ᠡᠬᠢ ᠪᠠᠶᠠᠯᠢᠭ ᠤᠨ ᠡᠵᠡᠩᠨᠡᠯᠲᠡ ᠶᠢᠨ ᠴᠢᠨᠠᠷᠲᠠᠢ ᠦᠢᠯᠡᠴᠢᠯᠡᠭᠡ ᠶᠢᠨ ᠪᠠᠶᠢᠭᠤᠯᠤᠮᠵᠢ ᠨᠢ ᠦᠢᠯᠡᠴᠢᠯᠡᠭᠡ ᠶᠢᠨ ᠲᠠᠯᠠᠪᠤᠷ ᠭᠠᠵᠠᠷ ᠲᠤ ᠪᠠᠨ ᠡᠵᠡᠩᠨᠡᠯᠲᠡ ᠶᠢᠨ ᠦᠨᠡᠮᠯᠡᠯ᠂ ᠰᠦᠢᠳᠬᠡᠯ ᠬᠤᠷᠢᠶᠠᠬᠤ ᠪᠠᠷᠢᠮᠵᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡ ᠶᠢᠨ ᠵᠥᠪᠰᠢᠶᠡᠷᠡᠯ ᠤᠨ ᠭᠡᠷᠡᠴᠢ ᠵᠡᠷᠭᠡ ᠵᠦᠢᠯᠡᠰ ᠢᠶᠠᠨ ᠢᠯᠡ ᠪᠠᠶᠢᠯᠭᠠᠬᠤ ᠬᠡᠷᠡᠭᠲᠡᠢ︔ ᠲᠠᠪᠤ ᠳᠤ᠂ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡ ᠶᠢᠨ ᠪᠠᠶᠢᠭᠤᠯᠤᠮᠵᠢ ᠳᠤ ᠬᠠᠤᠯᠢ ᠠᠴᠠ ᠵᠥᠷᠢᠴᠡᠵᠦ ᠲᠤᠬᠠᠶᠢᠯᠠᠭᠰᠠᠨ ᠠᠵᠢᠯ ᠥᠷᠨᠢᠭᠦᠯᠦᠭᠰᠡᠨ ᠵᠡᠷᠭᠡ ᠠᠵᠢᠯᠯᠠᠭ᠎ᠠ ᠪᠠᠶᠢᠪᠠᠯ᠂ ᠬᠠᠤᠯᠢ ᠶᠣᠰᠣᠭᠠᠷ ᠬᠠᠤᠯᠢ ᠴᠠᠭᠠᠵᠠ ᠶᠢᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃      ᠵᠢᠷᠭᠤᠭ᠎ᠠ᠂ ︽ᠳᠦᠷᠢᠮ︾ ᠳᠤ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠲᠤᠬᠠᠢ ᠶᠠᠮᠠᠷ ᠶᠠᠮᠠᠷ ᠪᠣᠳᠠᠲᠠᠢ ᠠᠷᠭ᠎ᠠ ᠬᠡᠮᠵᠢᠶ᠎ᠡ ᠪᠠᠶᠢᠬᠤ ᠪᠣᠢ︖      ᠬᠠᠷᠢᠭᠤᠯᠲᠠ᠄ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠵᠤ᠂ ᠠᠵᠢᠯ ᠬᠡᠷᠡᠭ ᠤᠨ ᠳᠤᠮᠳᠠᠬᠢ ᠪᠠ ᠠᠵᠢᠯ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠬᠤ ᠶᠢᠨ ᠲᠥᠯᠥᠭᠡ᠂ ︽ᠳᠦᠷᠢᠮ︾ ᠳᠤ ᠳᠣᠣᠷᠠᠬᠢ ᠮᠡᠲᠦ ᠲᠣᠭᠲᠠᠭᠠᠪᠠ᠃ ᠨᠢᠭᠡ ᠳᠤ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠬᠢᠨᠠᠯᠲᠠ ᠪᠠᠶᠢᠴᠠᠭᠠᠯᠲᠠ ᠶᠢ ᠬᠦᠯᠢᠶᠡᠭᠰᠡᠨ ᠨᠢᠭᠡᠴᠢ ᠳᠤ ᠣᠷᠣᠬᠤ ᠵᠡᠷᠭᠡ ᠬᠢᠨᠠᠯᠲᠠ ᠲᠠᠯᠪᠢᠵᠤ ᠪᠠᠶᠢᠴᠠᠭᠠᠬᠤ ᠠᠷᠭ᠎ᠠ ᠬᠡᠮᠵᠢᠶ᠎ᠡ ᠶᠢ ᠠᠪᠴᠤ ᠪᠣᠯᠣᠨ᠎ᠠ︔ ᠬᠤᠶᠠᠷ ᠲᠤ᠂ ᠬᠢᠨᠠᠨ ᠪᠠᠶᠢᠴᠠᠭᠠᠬᠤ ᠳᠤ ︽ᠬᠤᠶᠠᠷ ᠢ ᠰᠤᠭᠤᠴᠢᠨ ᠪᠠᠶᠢᠴᠠᠭᠠᠬᠤ᠂ ᠨᠢᠭᠡ ᠶᠢ ᠢᠯᠡ ᠪᠠᠶᠢᠯᠭᠠᠬᠤ︾ ᠠᠷᠭ᠎ᠠ ᠬᠡᠯᠪᠡᠷᠢ ᠶᠢ ᠬᠡᠷᠡᠭᠵᠢᠭᠦᠯᠦᠨ᠂ ᠵᠠᠰᠠᠭ ᠵᠠᠬᠢᠷᠭᠠᠨ ᠤ ᠰᠢᠳᠬᠡᠯ ᠪᠠ ᠬᠢᠨᠠᠯᠲᠠ ᠪᠠᠶᠢᠴᠠᠭᠠᠯᠲᠠ ᠶᠢᠨ ᠦᠷ᠎ᠡ ᠳ᠋ᠦᠩ ᠢ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠵᠠᠷᠯᠠᠨ ᠨᠡᠶᠢᠲᠡᠯᠡᠬᠦ ᠰᠢᠰᠲ᠋ᠧᠮ ᠪᠤᠶᠤ ᠪᠤᠰᠤᠳ ᠰᠢᠰᠲ᠋ᠧᠮ ᠢᠶᠠᠷ ᠳᠠᠮᠵᠢᠭᠤᠯᠤᠨ ᠨᠡᠶᠢᠭᠡᠮ ᠳᠤ ᠵᠠᠷᠯᠠᠨ ᠨᠡᠶᠢᠲᠡᠯᠡᠨ᠎ᠡ︔ ᠭᠤᠷᠪᠠ ᠳᠤ᠂ ᠬᠥᠮᠥᠨ ᠤ ᠬᠦᠴᠦᠨ ᠤ ᠡᠬᠢ ᠪᠠᠶᠠᠯᠢᠭ ᠤᠨ ᠡᠵᠡᠩᠨᠡᠯᠲᠡ ᠶᠢᠨ ᠴᠢᠨᠠᠷᠲᠠᠢ ᠦᠢᠯᠡᠴᠢᠯᠡᠭᠡ ᠶᠢᠨ ᠪᠠᠶᠢᠭᠤᠯᠤᠮᠵᠢ ᠨᠢ ᠡᠵᠡᠩᠨᠡᠯᠲᠡ ᠶᠢᠨ ᠪᠠᠶᠢᠳᠠᠯ ᠤᠨ ᠣᠨ ᠤ ᠮᠡᠳᠡᠭᠦᠯᠦᠯᠲᠡ ᠪᠠᠨ ᠬᠠᠤᠯᠢ ᠶᠣᠰᠣᠭᠠᠷ ᠲᠤᠰᠢᠶᠠᠬᠤ ᠬᠡᠷᠡᠭᠲᠡᠢ︔ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠪᠠᠷ ᠳᠠᠮᠵᠢᠭᠤᠯᠤᠨ ᠬᠦᠷᠲᠡᠵᠦ ᠪᠣᠯᠬᠤ ᠮᠡᠳᠡᠭᠡ ᠵᠠᠩᠭᠢ ᠶᠢ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠲᠡᠭᠦᠨ ᠢ ᠳᠠᠬᠢᠨ ᠳᠠᠪᠲᠠᠨ ᠬᠠᠩᠭᠠᠯᠭᠠᠬᠤ ᠪᠠᠷ ᠱᠠᠭᠠᠷᠳᠠᠵᠤ ᠪᠣᠯᠬᠤ ᠦᠭᠡᠢ︔ ᠳᠥᠷᠪᠡ ᠳᠤ᠂ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠨ᠂ ᠢᠲᠡᠭᠡᠯ ᠢ ᠪᠠᠷᠢᠮᠲᠠᠯᠠᠭᠰᠠᠳ ᠢ ᠨᠢ ᠵᠣᠷᠢᠭᠵᠢᠭᠤᠯᠤᠨ ᠤᠷᠮᠠᠰᠢᠭᠤᠯᠬᠤ ᠪᠠ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠪᠠᠶᠢᠭᠤᠯᠵᠤ᠂ ᠢᠲᠡᠭᠡᠮᠵᠢ ᠳᠤ ᠲᠥᠷᠥᠯ ᠬᠤᠪᠢᠶᠠᠨ ᠬᠢᠨᠠᠯᠲᠠ ᠬᠠᠮᠢᠶᠠᠷᠤᠯᠲᠠ ᠶᠠᠪᠤᠭᠤᠯᠬᠤ ᠶᠢ ᠬᠡᠷᠡᠭᠵᠢᠭᠦᠯᠦᠨ᠎ᠡ︔ ᠲᠠᠪᠤ ᠳᠤ᠂ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡ ᠶᠢᠨ ᠪᠠᠶᠢᠭᠤᠯᠤᠮᠵᠢ ᠨᠢ ᠲᠣᠭᠲᠠᠭᠠᠯ ᠶᠣᠰᠣᠭᠠᠷ ᠨᠠᠮ ᠤᠨ ᠵᠣᠬᠢᠶᠠᠨ ᠪᠠᠶᠢᠭᠤᠯᠤᠯᠲᠠ ᠪᠠᠶᠢᠭᠤᠯᠤᠨ ᠠᠵᠢᠯᠯᠠᠭ᠎ᠠ ᠥᠷᠨᠢᠭᠦᠯᠵᠦ᠂ ᠨᠡᠭᠦᠳᠡᠯ ᠨᠠᠮ ᠤᠨ ᠭᠡᠰᠢᠭᠦᠨ ᠳᠠᠬᠢ ᠬᠥᠮᠥᠵᠢᠯ ᠬᠢᠨᠠᠯᠲᠠ ᠲᠠᠯᠪᠢᠯᠲᠠ ᠪᠠ ᠬᠠᠮᠢᠶᠠᠷᠤᠯᠲᠠ ᠦᠢᠯᠡᠴᠢᠯᠡᠭᠡ ᠶᠢ ᠴᠢᠩᠭᠠᠳᠬᠠᠬᠤ ᠬᠡᠷᠡᠭᠲᠡᠢ︔ ᠵᠢᠷᠭᠤᠭ᠎ᠠ ᠳᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠳᠬᠡᠵᠦ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠢᠨ ᠬᠠᠮᠵᠢᠯᠴᠠᠬᠤ ᠬᠡᠷᠡᠭᠲᠡᠢ︔ ᠳᠣᠯᠤᠭ᠎ᠠ ᠳᠤ᠂ ᠤᠯᠤᠰ ᠠᠴᠠ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡ ᠶᠢᠨ ᠪᠠᠷᠢᠮᠵᠢᠶᠠᠵᠢᠭᠤᠯᠤᠭᠰᠠᠨ ᠪᠠᠶᠢᠭᠤᠯᠤᠯᠲᠠ ᠶᠢ ᠴᠢᠩᠭᠠᠳᠬᠠᠵᠤ᠂ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡ ᠶᠢᠨ ᠠᠵᠢᠯ ᠲᠥᠷᠥᠯ ᠤᠨ ᠨᠡᠶᠢᠭᠡᠮᠯᠢᠭ ᠤᠨ ᠥᠪᠡᠷ ᠢ ᠪᠠᠨ ᠱᠠᠭᠠᠷᠳᠠᠬᠤ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ