8 ᠳ᠋ᠤᠭᠠᠷ ᠰᠠᠷ᠎ᠠ ᠶᠢᠨ 9 ᠤ ᠡᠳᠦᠷ ᠤᠨ ᠦᠳᠡ ᠶᠢᠨ ᠡᠮᠦᠨ᠎ᠠ᠂ ᠦᠪᠡᠷᠳᠡᠭᠡᠨ ᠵᠠᠰᠬᠠᠤ ᠤᠷᠤᠨ ᠤ ᠨᠠᠮ | ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠢᠵᠦ᠂ 7 ᠳ᠋ᠤᠭᠠᠷ ᠰᠠᠷ᠎ᠠ ᠶᠢᠨ 31 ᠤ ᠡᠳᠦᠷ ᠪᠣᠯᠣᠭᠰᠠᠨ | ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶ᠎ᠠ ᠶᠢᠨ ᠬᠤᠷᠠᠯ ᠤᠨ ᠵᠤᠷᠢᠭ ᠰᠠᠨᠠᠭ᠎ᠠ ᠪᠠ ᠶᠡᠷᠦᠩᠬᠡᠢ ᠱᠦᠵᠢ | ᠰᠢ ᠶᠢᠨ ᠫᠢᠩ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠲᠤᠯᠤᠳᠤᠭᠠᠷ ᠤᠳᠠᠭ᠎ᠠ ᠶᠢᠨ | ᠬᠠᠮᠳᠤ ᠶᠢᠨ ᠰᠤᠷᠤᠯᠴᠠᠯᠭ᠎ᠠ ᠳᠡᠭᠡᠷ᠎ᠡ ᠬᠡᠯᠡᠭᠰᠡᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠤᠯᠠᠮᠵᠢᠯᠠᠨ | ᠲᠤᠭᠤᠰᠢᠯᠠᠭᠤᠯᠵᠤ᠂ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠦᠪᠯᠡᠵᠤ᠂ ᠬᠠᠮᠢᠶ᠎ᠠ ᠪᠦᠬᠦᠢ ᠠᠵᠢᠯ ᠢ | ᠰᠤᠳᠤᠯᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ | ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠬᠤᠷᠠᠯ ᠢ ᠡᠷᠬᠢᠯᠡᠵᠡᠢ᠃ | ᠬᠤᠷᠠᠯ ᠠᠴᠠ ᠵᠢᠭᠠᠭᠰᠠᠨ ᠨᠢ᠂ 7 ᠳ᠋ᠤᠭᠠᠷ ᠰᠠᠷ᠎ᠠ ᠶᠢᠨ 31 ᠤ ᠡᠳᠦᠷ ᠪᠣᠯᠣᠭᠰᠠᠨ ᠲᠦᠪ ᠬᠤᠷᠢᠶᠠᠨ ᠤ | ᠤᠯᠤᠰ ᠲᠦᠷᠦ ᠶᠢᠨ ᠲᠤᠪᠴᠢᠶ᠎ᠠ ᠶᠢᠨ ᠬᠤᠷᠠᠯ ᠨᠢ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ᠂ ᠠᠵᠤ ᠠᠬᠤᠢ | ᠨᠡᠶᠢᠭᠡᠮ ᠤᠨ ᠬᠦᠭᠵᠢᠯᠳᠡ ᠶᠢᠨ ᠬᠠᠷᠠᠯᠳᠠ ᠡᠭᠦᠷᠭᠡ ᠶᠢ ᠪᠡᠶᠡᠯᠡᠭᠦᠯᠭᠦ ᠶᠢ ᠪᠠᠳᠤᠯᠠᠬᠤ ᠳᠤ ᠤᠷᠤᠬᠰᠢᠯᠠᠯᠳᠠ ᠶᠢᠨ ᠴᠢᠭᠯᠡᠯ | ᠢ ᠵᠢᠭᠠᠨ ᠦᠭᠴᠤ᠂ ᠴᠢᠬᠤᠯᠠ ᠵᠢᠷᠤᠮᠯᠠᠯ ᠬᠠᠩᠭᠠᠵᠠᠢ᠃ ᠡᠯ᠎ᠠ ᠱᠠᠳᠤ ᠡᠯ᠎ᠠ ᠰᠠᠯᠠᠭ᠎ᠠ ᠮᠦᠴᠢᠷ ᠤᠳ ︽ᠲᠦᠷᠪᠡᠨ | ᠤᠬᠠᠮᠰᠠᠷ︾ ᠢᠶᠠᠨ ᠦᠨᠡᠨ ᠬᠦ ᠴᠢᠩᠭᠠᠳᠬᠠᠨ᠂ ︽ᠲᠦᠷᠪᠡᠨ ᠢᠳᠡᠭᠡᠯ︾ ᠢᠶᠠᠨ ᠪᠠᠳᠤᠳᠬᠠᠵᠤ᠂ | ᠤᠬᠠᠮᠰᠠᠷ ᠠᠴᠠ ᠪᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠦᠪ ᠬᠤᠷᠢᠶ᠎ᠠ ᠶᠢᠨ ᠤᠳᠤᠬᠠᠨ ᠤ | ᠠᠵᠤ ᠠᠬᠤᠢ ᠶᠢᠨ ᠪᠠᠶᠢᠳᠠᠯ ᠤᠨ ᠲᠤᠬᠠᠢ ᠮᠠᠭᠠᠳᠯᠠᠯᠳᠠ ᠪᠤᠯᠤᠠ ᠠᠵᠢᠯ ᠤᠨ ᠪᠠᠶᠢᠷᠢᠯᠠᠭᠤᠯᠤᠯᠳᠠ ᠲᠠᠢ ᠨᠢᠭᠡᠳᠦᠯᠳᠡᠢ | ᠪᠠᠶᠢᠯᠭᠠᠬᠤ ᠬᠡᠷᠡᠭᠳᠡᠢ᠃ ᠲᠤᠬᠳᠠᠭᠤᠨ ᠤ ᠲᠤᠮᠳᠠ ᠤᠷᠤᠬᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ | ᠪᠠᠷᠢᠮᠳᠠᠯᠠᠵᠤ᠂ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶ᠎ᠠ ᠶᠢᠨ ᠬᠤᠷᠠᠯ ᠠᠴᠠ ᠪᠠᠶᠢᠷᠢᠯᠠᠭᠤᠯᠤᠭᠰᠠᠨ 6 | ᠲᠠᠯ᠎ᠠ ᠶᠢᠨ ᠭᠤᠤᠯᠳᠠᠯᠭ᠎ᠠ ᠲᠠᠢ ᠡᠭᠦᠷᠭᠡ ᠶᠢ ᠬᠦᠨᠵᠡᠭᠡᠢ ᠨᠡᠶᠢᠳᠡᠪᠦᠷᠢᠵᠢᠭᠤᠯᠵᠤ᠂ ᠦᠪᠡᠷᠳᠡᠭᠡᠨ ᠵᠠᠰᠠᠬᠤ ᠤᠷᠤᠨ ᠤ | ᠰᠢᠨ᠎ᠠ ᠬᠠᠭᠤᠴᠢᠨ ᠬᠦᠳᠡᠯᠭᠡᠭᠦ ᠡᠨᠧᠷᠬᠢ ᠶᠢᠨ ᠰᠤᠯᠢᠬᠳᠠᠯ ᠢ ᠲᠦᠷᠭᠡᠳᠭᠡᠵᠤ ᠠᠵᠤ ᠠᠬᠤᠢ ᠶᠢᠨ ᠴᠢᠨᠠᠷ ᠰᠠᠶᠢᠳᠠᠢ | ᠬᠦᠭᠵᠢᠯᠳᠡ ᠶᠢ ᠠᠬᠢᠭᠤᠯᠬᠤ ᠲᠤᠬᠠᠢ ᠶᠢᠨ ᠭᠠᠵᠠᠷ ᠤᠨ ᠬᠤᠷᠠᠯ ᠪᠠ ᠲᠡᠭᠡᠷ᠎ᠠ ᠬᠠᠭᠠᠰ ᠵᠢᠯ ᠤᠨ ᠭᠤᠤᠯᠳᠠᠯᠭ᠎ᠠ ᠲᠠᠢ | ᠠᠵᠢᠯ ᠤᠨ ᠬᠠᠷᠢᠭᠤ ᠮᠡᠳᠡᠭᠦᠯᠦᠯᠳᠡ ᠶᠢᠨ ᠬᠤᠷᠠᠯ ᠤᠨ ᠪᠠᠶᠢᠷᠢᠯᠠᠭᠤᠯᠤᠯᠳᠠ ᠱᠠᠭᠠᠷᠳᠠᠯᠭ᠎ᠠ ᠶᠢ ᠪᠦᠬᠦ ᠲᠠᠯ᠎ᠠ ᠪᠠᠷ | ᠨᠡᠶᠢᠳᠡᠪᠦᠷᠢᠵᠢᠭᠤᠯᠦᠨ᠂ ᠡᠷᠴᠢᠮ ᠢᠶᠠᠨ ᠴᠢᠩᠭᠠᠷᠠᠭᠤᠯᠵᠤ ᠲᠤᠳᠠᠭᠤᠳᠠᠯ ᠢᠶᠠᠨ ᠨᠦᠬᠦᠪᠦᠷᠢᠯᠡᠵᠦ᠂ ᠲᠡᠰ ᠳᠡᠪᠰᠢᠭᠦᠯᠬᠦ | ᠶᠢ ᠠᠬᠢᠭᠤᠯᠵᠤ᠂ ᠡᠷᠡᠰ ᠭᠤᠶᠢᠪᠢᠰᠢ ᠦᠭᠡᠢ ᠪᠠᠷ ᠦᠭᠡᠷᠡᠴᠢᠯᠡᠯᠳᠡ ᠶᠢ ᠠᠳᠬᠤᠨ᠂ ᠨᠡᠭᠡᠭᠡᠯᠳᠡ ᠶᠢ ᠠᠬᠢᠭᠤᠯᠵᠤ᠂ | ᠰᠡᠳᠬᠢᠯ ᠲᠠᠯᠪᠢᠨ ᠬᠦᠴᠦ ᠤᠷᠤᠭᠤᠯᠦᠨ ᠠᠷᠠᠳ ᠤᠨ ᠠᠮᠢᠳᠤᠷᠠᠯ ᠳᠤ ᠠᠰᠢᠭ ᠬᠦᠷᠳᠡᠭᠡᠵᠦ᠂ ᠲᠤᠬᠳᠠᠭᠤᠨ ᠢ | ᠪᠠᠳᠤᠯᠠᠵᠤ᠂ ᠠᠵᠢᠯ ᠤᠯᠭᠤᠯᠳᠠ ᠶᠢ ᠲᠤᠬᠳᠠᠪᠤᠷᠢᠵᠢᠭᠤᠯᠬᠤ᠂ ᠮᠦᠩᠭᠦᠨ ᠬᠦᠢᠯᠭᠡᠭᠡ ᠶᠢ ᠲᠤᠬᠳᠠᠪᠤᠷᠢᠵᠢᠭᠤᠯᠬᠤ᠂ | ᠭᠠᠳᠠᠭᠠᠳᠤ ᠠᠷᠠᠯᠵᠢᠶ᠎ᠠ ᠶᠢ ᠲᠤᠬᠳᠠᠪᠤᠷᠢᠵᠢᠭᠤᠯᠬᠤ᠂ ᠭᠠᠳᠠᠭᠠᠳᠤ ᠪᠡᠯᠡ ᠶᠢ ᠲᠤᠬᠳᠠᠪᠤᠷᠢᠵᠢᠭᠤᠯᠬᠤ᠂ ᠪᠡᠯᠡ | ᠤᠷᠤᠭᠤᠯᠤᠯᠳᠠ ᠶᠢ ᠲᠤᠬᠳᠠᠪᠤᠷᠢᠵᠢᠭᠤᠯᠬᠤ᠂ ᠵᠢᠱᠢᠯᠳᠡ ᠶᠢ ᠲᠤᠬᠳᠠᠪᠤᠷᠢᠵᠢᠭᠤᠯᠬᠤ ᠠᠵᠢᠯ ᠢ ᠯᠠᠪᠳᠠᠭᠤᠨ ᠪᠠᠳᠤᠳᠠᠢ | ᠰᠠᠶᠢᠳᠤᠷ ᠬᠢᠵᠤ᠂ ᠠᠵᠤ ᠠᠬᠤᠢ ᠶᠢᠨ ᠲᠤᠬᠳᠠᠭᠤᠨ ᠪᠦᠭᠡᠳ ᠡᠷᠡᠭᠦᠯ ᠢᠶᠠᠷ ᠬᠦᠭᠵᠢᠭᠦ ᠶᠢ ᠠᠬᠢᠭᠤᠯᠵᠤ᠂ ᠨᠡᠶᠢᠭᠡᠮ | ᠤᠨ ᠡᠶ᠎ᠡ ᠵᠤᠬᠢᠴᠠᠩᠭᠤᠢ ᠲᠤᠬᠳᠠᠭᠤᠨ ᠢ ᠠᠬᠢᠭᠤᠯᠬᠤ ᠬᠡᠷᠡᠭᠳᠡᠢ ᠭᠡᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠰᠠᠬᠢᠯᠭ᠎ᠠ ᠪᠠᠳᠤ ᠶᠢᠨ ᠪᠠᠶᠢᠭᠤᠯᠤᠯᠳᠠ ᠶᠢ ᠴᠢᠩᠭ᠎ᠠ | ᠠᠳᠬᠤᠵᠤ᠂ ᠢᠯᠠᠩᠭᠤᠶ᠎ᠠ ᠤᠯᠤᠰ ᠲᠦᠷᠦ ᠶᠢᠨ ᠰᠠᠬᠢᠯᠭ᠎ᠠ ᠪᠠᠳᠤ ᠪᠤᠯᠤᠨ ᠤᠯᠤᠰ ᠲᠦᠷᠦ ᠶᠢᠨ ᠶᠤᠰᠤ ᠲᠦᠷᠢᠮ ᠢ | ᠴᠢᠩᠳᠠᠯᠠᠨ᠂ ᠲᠡᠮᠦᠷ ᠮᠡᠳᠦ ᠰᠠᠬᠢᠯᠭ᠎ᠠ ᠪᠠᠳᠤ ᠶᠢ ᠦᠨᠡᠨ ᠬᠦ ᠨᠠᠮ ᠤᠨ ᠬᠡᠰᠢᠭᠦᠨ ᠺᠠᠳ᠋ᠷᠴᠤᠳ ᠤᠨ ᠡᠳᠦᠷ ᠲᠤᠳᠤᠮ | ᠤᠨ ᠲᠠᠳᠬᠠᠯ ᠪᠠ ᠤᠬᠠᠮᠰᠠᠷ ᠠᠴᠠ ᠪᠠᠨ ᠰᠠᠬᠢᠬᠤ ᠵᠢᠷᠤᠮᠯᠠᠯ ᠪᠤᠯᠭᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ | ᠠᠵᠢᠯ ᠤᠨ ᠬᠦᠨᠵᠡᠭᠡᠶᠢᠷᠡᠨ ᠬᠦᠭᠵᠢᠭᠦ ᠶᠢ ᠠᠬᠢᠭᠤᠯᠬᠤ ᠬᠡᠷᠡᠭᠳᠡᠢ ᠬᠡᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠲᠦᠪ ᠬᠤᠷᠢᠶᠠᠨ ᠤ | ᠤᠯᠤᠰ ᠲᠦᠷᠦ ᠶᠢᠨ ᠲᠤᠪᠴᠢᠶᠠᠨ ᠤ ᠲᠤᠯᠤᠳᠤᠭᠠᠷ ᠤᠳᠠᠭ᠎ᠠ ᠶᠢᠨ ᠬᠠᠮᠳᠤ ᠶᠢᠨ ᠰᠤᠷᠤᠯᠴᠠᠯᠭ᠎ᠠ ᠳᠡᠭᠡᠷ᠎ᠡ ᠬᠡᠯᠡᠭᠰᠡᠨ | ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠦᠪ ᠬᠤᠷᠢᠶ᠎ᠠ | ᠪᠠ ᠲᠦᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠪᠠᠶᠢᠷᠢᠯᠠᠭᠤᠯᠤᠯᠳᠠ ᠱᠠᠭᠠᠷᠳᠠᠯᠭ᠎ᠠ ᠶᠢ ᠪᠦᠬᠦ ᠲᠠᠯ᠎ᠠ ᠪᠠᠷ | ᠨᠡᠶᠢᠳᠡᠪᠦᠷᠢᠵᠢᠭᠤᠯᠦᠨ᠂ ᠪᠠᠶᠢᠯᠳᠤᠬᠤ ᠪᠤᠳᠤᠯᠭ᠎ᠠ ᠶᠢᠨ ᠲᠤᠬᠳᠠᠯ ᠬᠦᠴᠦ ᠶᠢ ᠪᠠᠳᠤᠯᠠᠵᠦ᠂ ᠵᠦᠷᠢᠴᠡᠯ ᠠᠰᠠᠭᠤᠳᠠᠯ ᠳᠤ | ᠰᠢᠭᠤᠳ ᠬᠠᠨᠳᠤᠵᠦ᠂ ᠴᠡᠷᠢᠭ ᠠᠩᠬᠢ ᠤᠷᠤᠨ ᠨᠤᠳᠤᠭ ᠬᠤᠶᠠᠷ ᠲᠠᠯ᠎ᠠ ᠶᠢᠨ ᠬᠢᠨ ᠬᠠᠮᠵᠢᠯᠴᠠᠨ ᠵᠤᠬᠢᠴᠠᠯᠳᠤᠵᠤ | ᠬᠠᠮᠳᠤ ᠪᠠᠷ ᠴᠢᠷᠮᠠᠶᠢᠵᠤ᠂ ᠦᠪᠡᠷᠳᠡᠭᠡᠨ ᠵᠠᠰᠠᠬᠤ ᠤᠷᠤᠨ ᠤ ᠬᠡᠪᠴᠢᠶᠡᠨ ᠳᠠᠬᠢ ᠴᠡᠷᠢᠭ ᠠᠩᠬᠢ ᠶᠢᠨ ᠲᠦᠯᠦᠪᠦᠷᠢ ᠲᠠᠢ | ᠦᠢᠯᠡᠴᠢᠯᠡᠭᠡ ᠶᠢ ᠪᠦᠬᠦ ᠲᠠᠯ᠎ᠠ ᠪᠠᠷ ᠵᠤᠬᠰᠤᠭᠠᠬᠤ ᠠᠵᠢᠯ ᠢ ᠴᠦᠭᠦᠷᠡᠰᠢ ᠦᠭᠡᠢ ᠠᠬᠢᠭᠤᠯᠵᠤ᠂ ᠲᠤᠬᠳᠠᠬᠰᠠᠨ | ᠬᠤᠭᠤᠴᠠᠭᠠᠨ ᠳᠠᠭᠠᠨ ᠡᠭᠦᠷᠭᠡ ᠪᠠᠨ ᠪᠡᠶᠡᠯᠡᠭᠦᠯᠭᠦ ᠶᠢ ᠪᠠᠳᠤᠯᠠᠬᠤ ᠬᠡᠷᠡᠭᠳᠡᠢ ᠬᠡᠵᠠᠢ᠃ | ᠬᠤᠷᠠᠯ ᠠᠴᠠ ᠬᠦᠪᠴᠢ ᠶᠢᠨ ᠡᠯᠡᠰᠤ ᠶᠢ ᠵᠠᠰᠠᠬᠰᠠᠨ ᠲᠤᠷᠰᠢᠯᠭ᠎ᠠ ᠶᠢ ᠤᠬᠠᠭᠤᠯᠬᠤ᠂ ᠬᠦᠪᠴᠢ ᠶᠢᠨ ᠵᠤᠷᠢᠭ | ᠰᠠᠨᠠᠭ᠎ᠠ ᠶᠢ ᠪᠠᠳᠠᠷᠠᠭᠤᠯᠬᠤ ᠲᠤᠬᠠᠢ ᠱᠠᠭᠠᠷᠳᠠᠯᠭ᠎ᠠ ᠲᠤᠷᠠᠳᠴᠤ᠂ ᠤᠯᠠᠮ ᠴᠢᠨᠠᠬᠰᠢᠳᠠ ᠰᠠᠶᠢᠳᠤᠷ ᠳ᠋ᠦᠩᠨᠡᠵᠤ᠂ | ᠬᠦᠪᠴᠢ ᠶᠢᠨ ᠡᠯᠡᠰᠦ ᠶᠢ ᠵᠠᠰᠠᠬᠰᠠᠨ ᠠᠮᠵᠢᠯᠳᠡ ᠲᠠᠢ ᠬᠡᠪ ᠵᠠᠬᠪᠤᠷ ᠪᠤᠯᠤᠨ ᠲᠤᠷᠰᠢᠯᠭ᠎ᠠ ᠬᠢᠳᠡᠯ ᠢ ᠰᠠᠶᠢᠳᠤᠷ | ᠲᠡᠯᠭᠡᠷᠡᠭᠦᠯᠵᠤ᠂ ᠤᠷᠤᠨ ᠲᠠᠶᠠᠭᠠᠷ ᠢ ᠲᠠᠶᠢᠴᠢᠯᠡᠨ ᠵᠢᠯᠤᠭᠤᠳᠴᠤ ᠪᠠᠶᠢᠭᠠᠳ ᠠᠮᠢ ᠠᠬᠤᠢ ᠤᠷᠴᠢᠨ ᠲᠤᠭᠤᠷᠢᠨ ᠤ | ᠬᠠᠮᠠᠭᠠᠯᠠᠯᠳᠠ ᠭᠡᠬᠦ ᠡᠨᠡ ᠭᠦ ᠤᠳᠤ ᠦᠶ᠎ᠠ ᠳᠤ ᠭᠠᠪᠢᠶ᠎ᠠ ᠪᠠᠶᠢᠭᠤᠯᠤᠨ ᠮᠢᠩᠭᠠᠨ ᠣᠨ ᠳᠤ ᠠᠰᠢᠭ ᠬᠦᠷᠳᠡᠭᠦ ᠠᠭᠤᠤ | ᠦᠢᠯᠡᠰ ᠲᠤ ᠢᠳᠡᠪᠬᠢᠳᠡᠢ ᠤᠷᠤᠯᠴᠠᠭᠤᠯᠵᠤ᠂ ᠦᠷᠭᠦᠯᠵᠢᠯᠡᠨ ᠬᠦᠴᠦ ᠤᠷᠤᠭᠤᠯᠵᠤ ᠤᠷᠳᠤ ᠬᠤᠭᠤᠴᠠᠭ᠎ᠠ ᠪᠠᠷ | ᠬᠦᠴᠦᠯᠡᠨ᠂ ᠡᠭᠡ ᠤᠯᠤᠰ ᠤᠨ ᠤᠮᠠᠷᠠᠳᠦ ᠬᠢᠯᠢ ᠳᠤ ᠲᠦᠮᠡᠨ ᠭᠠᠵᠠᠷ ᠤᠨ ᠨᠤᠮᠢᠨ ᠨᠤᠭᠤᠭᠠᠨ ᠤᠷᠳᠤ ᠬᠡᠷᠡᠮ ᠢ | ᠴᠤᠬᠴᠠᠯᠠᠬᠤ ᠬᠡᠷᠡᠭᠳᠡᠢ ᠬᠡᠪᠠ᠃ | ᠬᠤᠷᠠᠯ ᠠᠴᠠ ︽ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠬᠢᠵᠢᠯᠳᠡ ᠶᠢᠨ ᠠᠵᠢᠯ ᠢ | ᠴᠢᠩᠭᠠᠳᠬᠠᠬᠤ ᠲᠤᠬᠠᠢ ᠬᠡᠷᠡᠭᠵᠢᠭᠦᠯᠭᠦ ᠰᠠᠨᠠᠯ︾ ︽ᠰᠢᠨ᠎ᠠ ᠴᠠᠭ ᠦᠶ᠎ᠠ ᠶᠢᠨ ᠱᠠᠭᠠᠷᠳᠠᠯᠭ᠎ᠠ ᠲᠠᠢ ᠵᠤᠬᠢᠴᠠᠵᠤ | ᠰᠢᠯᠢᠳᠡᠭ ᠵᠠᠯᠠᠭᠤ ᠺᠠᠳ᠋ᠷ ᠢ ᠶᠡᠭᠡ ᠪᠠᠷ ᠢᠯᠡᠷᠡᠭᠦᠯᠦᠨ ᠬᠦᠮᠦᠵᠢᠭᠦᠯᠵᠤ ᠰᠤᠩᠭᠤᠨ ᠲᠡᠪᠰᠢᠭᠦᠯᠭᠦ ᠲᠤᠬᠠᠢ ᠬᠡᠷᠡᠭᠵᠢᠭᠦᠯᠭᠦ | ᠰᠠᠨᠠᠯ︾ ︽ᠺᠠᠳ᠋ᠷ ᠢ ᠴᠢᠨᠠᠬᠰᠢᠳᠠ ᠬᠠᠯᠠᠮᠵᠢᠯᠠᠨ ᠬᠠᠶᠢᠷᠠᠯᠠᠬᠤ ᠠᠷᠭ᠎ᠠ ︵ᠲᠤᠷᠰᠢᠨ ᠬᠡᠷᠡᠭᠵᠢᠭᠦᠯᠭᠦ︶︾ ︽︿ | ᠲᠤᠮᠳᠠᠳᠤ ᠤᠯᠤᠰ ᠤᠨ ᠡᠪ ᠬᠠᠮᠳᠤ ᠨᠠᠮ ᠤᠨ ᠨᠠᠮ ᠤᠨ ᠲᠤᠳᠤᠭᠠᠳᠦ ᠶᠢᠨ ᠭᠠᠪᠢᠶ᠎ᠠ ᠵᠢᠳᠭᠦᠯ ᠢᠷᠠᠭᠤ ᠠᠯᠳᠠᠷ ᠢ | ᠬᠦᠬᠢᠭᠦᠯᠦᠨ ᠰᠠᠶᠢᠰᠢᠶᠠᠬᠤ ᠲᠦᠷᠢᠮ﹀ ᠢ ᠲᠤᠭᠤᠰᠢᠯᠠᠭᠤᠯᠬᠤ ᠲᠤᠬᠠᠢ ᠦᠪᠦᠷ ᠮᠤᠩᠭᠤᠯ ᠤᠨ ᠦᠪᠡᠷᠳᠡᠭᠡᠨ ᠵᠠᠰᠠᠬᠤ | ᠤᠷᠤᠨ ᠤ ᠨᠠᠮ ᠤᠨ ᠬᠤᠷᠢᠶ᠎ᠠ ᠶᠢᠨ ᠬᠡᠷᠡᠭᠵᠢᠭᠦᠯᠭᠦ ᠠᠷᠭ᠎ᠠ︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠦᠪᠯᠡᠪᠡ᠃ | ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃ |